ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠳᠦ ᠦᠪᠡᠳᠡᠭ᠌ᠰᠢ ᠶᠡᠬᠡ᠎ᠪᠡᠷ ᠶᠠᠪᠤᠭ᠍ᠳᠠᠪᠠ
ᠨᠡᠶ᠋ᠢᠲᠡᠯᠡᠭᠰᠡᠨ ᠴᠠᠭ᠄ 2025-09-05

    ᠲᠢᠶᠠᠨ á  á ¨ ᠮᠸᠨ ᠠᠭᠤᠳᠠᠮ ᠲᠠᠯᠠᠪᠠᠶ᠎ᠳᠤ ᠴᠡᠷᠢᠭ ᠠᠩᠬᠢ ᠵᠢ ᠱᠢᠯᠭᠠᠨ ᠦᠵᠡᠬᠦ᠌ ᠦᠪᠡᠳᠡᠭ᠌ᠰᠢ ᠶᠡᠬᠡ ᠶᠣᠰᠣᠯᠠᠯ ᠶᠠᠪᠤᠭᠤᠯᠵᠠᠢ á °á ¢ ᠵᠢᠨ ᠫᠢᠩ ᠴᠢᠬᠤᠯᠠ ᠶᠠᠷᠢᠶ᠎ᠠ ᠲᠠᠯᠪᠢᠭ᠍ᠰᠠᠨ ᠪᠥᠭᠡᠳ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ á  á ©á ­á ¢ ᠵᠢ ᠱᠢᠯᠭᠠᠨ ᠦᠵᠡᠪᠡ

    á °á ¢ ᠵᠢᠨ ᠫᠢᠩ᠂ ᠳᠤᠮᠳᠠᠳᠤ ᠤᠯᠤᠰ᠎ᠤᠨ á  á ·á  á ³ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠦᠪᠡᠳᠡᠭ᠌ᠰᠢ ᠶᠡᠬᠡ᠎ᠪᠡᠷ ᠳᠤᠷᠠᠰᠭᠠᠵᠤ ᠪᠠᠢᠭ᠎ᠠ᠎ᠶ᠋ᠢᠨ ᠵᠣᠷᠢᠯᠭ᠎ᠠ ᠪᠤᠯ ᠲᠡᠦᠬᠡ ᠵᠢ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠡᠷᠬᠢᠮᠯᠡᠨ ᠨᠠᠨᠳᠢᠩᠨᠠᠵᠤ᠂ ᠡᠰᠡᠨᠢᠬᠦ ᠢᠷᠡᠭᠡᠳᠦᠢ ᠪᠠᠨ ᠡᠭᠦᠳᠦᠨ ᠨᠡᠭᠡᠭᠡᠬᠦ᠌᠎ᠶ᠋ᠢᠨ ᠲᠥᠯᠥᠭᠡ ᠶᠤᠮ᠃ ᠳᠤᠮᠳᠠᠳᠤ᠎ᠶ᠋ᠢᠨ ᠦᠨᠳᠦᠰᠦᠲᠡᠨ ᠪᠣᠯ ᠬᠦᠴᠦᠷᠬᠡᠭ᠌ᠯᠡᠯ᠎ᠡᠴᠡ ᠠᠶᠤᠬᠤ ᠦᠭᠡᠢ᠂ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠠᠭᠤᠤ ᠶᠡᠬᠡ ᠦᠨᠳᠦᠰᠦᠲᠡᠨ ᠮᠥᠨ᠃ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠣᠯ ᠨᠠᠮ ᠪᠠ á  á ·á  á ³ ᠲᠦᠮᠡᠨ᠎ᠦ ᠬᠡᠵᠢᠶᠡᠳᠡ ᠪᠦᠷᠢᠮᠦᠰᠦᠨ ᠢᠲᠡᠭᠡᠵᠦ᠍ ᠪᠣᠯᠬᠤ ᠪᠠᠭᠠᠲᠤᠷᠯᠢᠭ ᠴᠡᠷᠢᠭ á  á ©á ­á ¢ ᠮᠥᠨ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ᠎ᠢᠶᠠᠷ á ¡á ·á ¡á ° ᠭᠤᠢᠪᠢᠰᠢ ᠦᠭᠡᠢ ᠵᠠᠮᠨᠠᠵᠤ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ á ¡á ·á ´á ¢ ᠵᠣᠷᠢᠭ᠎ᠢᠶᠠᠨ ᠬᠥᠪᠴᠢᠯᠡᠨ ᠡᠷᠡᠯᠬᠡᠭ᠌ᠯᠡᠨ ᠤᠷᠤᠭ᠍ᠰᠢᠯᠠᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠰᠦᠷ ᠬᠦᠴᠦᠨ ᠬᠤᠷᠢᠭ᠍ᠯᠠᠭ᠍ᠳᠠᠰᠢ ᠦᠭᠡᠢ! ᠬᠥᠮᠦᠨ ᠲᠥᠷᠥᠯᠬᠢᠲᠡᠨ᠎ᠦ ᠡᠩᠬᠡ ᠲᠠᠢᠪᠤᠩ ᠪᠠ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ ᠯᠠᠪᠲᠠᠢ ᠢᠯᠠᠯᠲᠠ ᠣᠯᠤᠨ᠎ᠠ! ᠭᠡᠵᠦ ᠴᠢᠬᠤᠯᠠᠴᠢᠯᠠᠪᠠ

    ᠯᠢ ᠴᠢᠶᠠᠩ ᠬᠤᠷᠠᠯ ᠢ᠋ ᠡᠷᠭᠢᠯᠡᠵᠦ᠍ ᠵᠣᠣ ᠯᠸ ᠵᠢᠶ ᠸᠠᠩ ᠬᠤ᠌ ᠨᠢᠩ ᠼᠠᠢ á ´á ¢  á ³á ‹á ¢á © ᠱᠢᠤᠸᠠᠢ ᠱᠢᠶᠠᠩ ᠯᠢ á °á ¢ ᠬᠠᠨ ᠵᠧᠩ ᠬᠤᠷᠠᠯ᠎ᠳᠤ ᠣᠷᠣᠯᠴᠠᠪᠠ ᠭᠠᠳᠠᠭᠠᠳᠤ ᠤᠯᠤᠰ᠎ᠤᠨ 61 ᠤᠳᠤᠷᠢᠳᠭᠤ ᠬᠥᠮᠦᠨ ᠵᠢᠴᠢ ᠬᠣᠯᠪᠣᠭ᠍ᠳᠠᠯ ᠪᠦᠬᠦᠢ ᠤᠯᠤᠰ᠎ᠤᠨ ᠳᠡᠭᠡᠳᠦ ᠲᠡᠰ᠎ᠤᠨ ᠲᠥᠯᠥᠭᠡᠯᠡᠭ᠌ᠴᠢ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ᠂ ᠤᠤᠯ᠎ᠤᠨ ᠤᠯᠤᠰ ᠲᠦᠷᠦ᠍᠎ᠶ᠋ᠢᠨ ᠴᠢᠬᠤᠯᠠ ᠬᠥᠮᠦᠰ ᠤᠷᠢᠯᠭ᠎ᠠ᠎ᠪᠠᠷ ᠶᠡᠬᠡ ᠬᠤᠷᠠᠯ᠎ᠳᠤ ᠣᠷᠣᠯᠴᠠᠵᠠᠢ

    9 ᠰᠠᠷ᠎ᠠ᠎ᠶ᠋ᠢᠨ 3 ᠎ᠤ᠋ ᠡᠳᠦᠷ᠂ ᠳᠤᠮᠳᠠᠳᠤ ᠤᠯᠤᠰ᠎ᠤᠨ á  á ·á  á ³ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠦᠨ ᠲᠢᠶᠠᠨ á  á ¨ ᠮᠸᠨ ᠠᠭᠤᠳᠠᠮ ᠲᠠᠯᠠᠪᠠᠶ᠎ᠳᠤ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠲᠡᠷᠢᠭᠦᠯᠡᠭ᠌ᠴᠢ á °á ¢ ᠵᠢᠨ ᠫᠢᠩ ᠴᠢᠬᠤᠯᠠ ᠶᠠᠷᠢᠶ᠎ᠠ ᠲᠠᠯᠪᠢᠪᠠ᠃

ᠱᠢᠨᠬᠤᠸᠠ ᠬᠤᠷᠢᠶ᠎ᠠ᠎ᠵᠢᠨ ᠰᠤᠷᠪᠤᠯᠵᠢᠯᠠᠭ᠍ᠴᠢ ᠰᠢᠶᠸ ᠬᠤᠸᠠᠨ ᠤ᠋ᠤᠢ ᠰᠡᠭᠦᠳᠡᠷᠯᠡᠪᠡ

 

    ᠠᠭᠤᠤ ᠶᠡᠬᠡ ᠲᠡᠦᠬᠡ᠎ᠶ᠋ᠢᠨ ᠢᠯᠠᠯᠲᠠ᠎ᠶ᠋ᠢ ᠪᠠᠲᠤ ᠴᠡᠭᠡᠵᠢᠯᠡᠵᠦ᠍᠂ ᠱᠢᠳᠤᠷᠭᠤ ᠶᠣᠰᠣ ᠡᠩᠬᠡ ᠲᠠᠢᠪᠤᠩ ᠤ᠋ᠨ ᠬᠦᠴᠦᠨ᠎ᠢ ᠨᠢᠭ᠍ᠲᠠᠷᠠᠭᠤᠯᠤᠨ᠎ᠠ᠃ 9 ᠰᠠᠷ᠎ᠠ᠎ᠶ᠋ᠢᠨ 3 ᠤ᠋ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ á  á ·á  á ³ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠦᠨ ᠲᠢᠶᠠᠨ á  á ¨ ᠮᠸᠨ ᠠᠭᠤᠳᠠᠮ ᠲᠠᠯᠠᠪᠠᠶ᠎ᠳᠤ ᠦᠪᠡᠳᠡᠭ᠌ᠰᠢ ᠶᠡᠬᠡ᠎ᠪᠡᠷ ᠶᠠᠪᠤᠭ᠍ᠳᠠᠵᠤ᠂  á ´á ¡á ·á ¢á ­ ᠠᠩᠬᠢ ᠵᠢ ᠱᠢᠯᠭᠠᠨ ᠦᠵᠡᠬᠦ᠌ ᠦᠪᠡᠳᠡᠭ᠌ᠰᠢ ᠶᠡᠬᠡ ᠶᠣᠰᠣᠯᠠᠯ᠎ᠢᠶᠠᠷ ᠳᠡᠯᠡᠬᠡᠶ᠎ᠶ᠋ᠢᠨ á  á ·á  á ³ ᠲᠦᠮᠡᠨ᠎ᠲᠡᠶ ᠬᠠᠮᠲᠤ᠎ᠪᠠᠷ ᠡᠨᠡ ᠬᠦ᠌ ᠠᠭᠤᠤ ᠶᠡᠬᠡ ᠡᠳᠦᠷ᠎ᠢ ᠳᠤᠷᠠᠰᠭᠠᠵᠤ᠂ ᠨᠡᠩ á ­á ¡á ­á ¡á ¨ ᠰᠠᠷᠠᠭᠤᠯ ᠢᠷᠡᠭᠡᠳᠦᠶ᠎ᠶ᠋ᠢ ᠬᠠᠮᠲᠤ᠎ᠪᠠᠷ ᠡᠭᠦᠳᠦᠨ ᠨᠡᠬᠡᠬᠡᠪᠡ᠃ ᠳᠤᠮᠳᠠᠳᠤ ᠤᠯᠤᠰ ᠤ᠋ᠨ á ¡á ª ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ á °á ¢ ᠵᠢᠨ ᠫᠢᠩ ᠴᠢᠬᠤᠯᠠ ᠶᠠᠷᠢᠶ᠎ᠠ ᠲᠠᠯᠪᠢᠭ᠍ᠰᠠᠨ ᠪᠥᠭᠡᠳ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠬᠢ᠎ᠶ᠋ᠢ ᠱᠢᠯᠭᠠᠨ ᠦᠵᠡᠪᠡ᠃

    9 ᠰᠠᠷ᠎ᠠ᠎ᠶ᠋ᠢᠨ 3 ᠎ᠤ᠋ ᠡᠳᠦᠷ᠂ ᠳᠤᠮᠳᠠᠳᠤ ᠤᠯᠤᠰ᠎ᠤᠨ á  á ·á  á ³ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠦᠨ ᠲᠢᠶᠠᠨ á  á ¨ ᠮᠸᠨ ᠠᠭᠤᠳᠠᠮ ᠲᠠᠯᠠᠪᠠᠶ᠎ᠳᠤ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃ ᠵᠢᠷᠤᠭ ᠪᠣᠯ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠶ ᠱᠦᠵᠢ᠂ ᠡᠣᠯᠣᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠲᠡᠷᠢᠭᠦᠯᠡᠭ᠌ᠴᠢ á °á ¢ ᠵᠢᠨ ᠫᠢᠩ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠭᠢ᠎ᠶ᠋ᠢ ᠱᠢᠯᠭᠠᠨ ᠦᠵᠡᠵᠦ᠍ ᠪᠠᠢᠭ᠎ᠠ ᠨᠢ᠃ 

ᠱᠢᠨᠬᠤᠸᠠ ᠬᠤᠷᠢᠶ᠎ᠠ᠎ᠵᠢᠨ ᠰᠤᠷᠪᠤᠯᠵᠢᠯᠠᠭ᠍ᠴᠢ  á ¯á ¢ á ­á  á ©  á °á ¡á ­á ¦á ³á ¡á ·á ¯á ¡á ªá ¡

    ᠳᠤᠮᠳᠠᠳᠤ ᠤᠯᠤᠰ ᠤ᠋ᠨ á ¡á ª ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ ᠯᠢ ᠴᠢᠶᠠᠩ ᠶᠡᠬᠡ ᠬᠤᠷᠠᠯ᠎ᠢ ᠡᠷᠬᠢᠯᠡᠪᠡ᠃ ᠳᠤᠮᠳᠠᠳᠤ ᠤᠯᠤᠰ ᠤ᠋ᠨ á ¡á ª ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ ᠵᠤᠤ ᠯᠸ ᠵᠶ᠋ᠢ᠂ ᠸᠠᠩ ᠬᠤ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠤᠯᠤᠰ᠎ᠤᠨ ᠳᠡᠳ᠋ ᠲᠡᠷᠢᠭᠦᠯᠡᠭ᠌ᠴᠢ ᠬᠠᠨ ᠵᠧᠩ ᠶᠡᠬᠡ ᠬᠤᠷᠠᠯ᠎ᠳᠤ ᠣᠷᠣᠯᠴᠠᠵᠡᠢ᠃ ᠭᠠᠳᠠᠭᠠᠳᠤ ᠤᠯᠤᠰ᠎ᠤᠨ 61 ᠤᠯᠤᠰ᠎ᠤᠨ ᠲᠡᠷᠢᠭᠦᠨ᠂ ᠵᠠᠰᠠᠭ᠎ᠤᠨ ᠣᠷᠳᠣᠨ᠎ᠤ ᠲᠦᠷᠦᠭᠦᠴᠦᠳ ᠵᠢᠴᠢ ᠬᠣᠯᠪᠣᠭ᠍ᠳᠠᠯ ᠪᠦᠬᠦᠢ ᠤᠯᠤᠰ᠎ᠤᠨ ᠳᠡᠭᠡᠳᠦ ᠲᠡᠰ᠎ᠤᠨ ᠲᠥᠯᠥᠭᠡᠯᠡᠭ᠌ᠴᠢ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ᠂ ᠤᠤᠯ᠎ᠤᠨ ᠤᠯᠤᠰ ᠲᠦᠷᠦ᠍᠎ᠶ᠋ᠢᠨ ᠴᠢᠬᠤᠯᠠ ᠬᠥᠮᠦᠰ ᠶᠡᠬᠡ ᠬᠤᠷᠠᠯ᠎ᠳᠤ ᠣᠷᠣᠯᠴᠠᠪᠠ᠃

    9 ᠰᠠᠷ᠎ᠠ᠎ᠶᠢᠨ 3 ᠤ᠋ ᠡᠳᠦᠷ᠂ ᠳᠤᠮᠳᠠᠳᠤ ᠤᠯᠤᠰ᠎ᠤᠨ á  á ·á  á ³ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠤᠨ ᠲᠢᠶᠠᠨ á  á ¨ ᠮᠸᠨ ᠠᠭᠤᠳᠠᠮ ᠲᠠᠯᠠᠪᠠᠶ᠎ᠳᠤ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃ ᠵᠢᠷᠤᠭ ᠪᠤᠯ ᠳᠤᠮᠳᠠᠳᠤ ᠤᠯᠤᠰ ᠤ᠋ᠨ á ¡á ª ᠬᠠᠮᠳᠤ ᠨᠠᠮ ᠤ᠋ᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ á °á ¢ ᠵᠢᠨ ᠫᠢᠩ ᠨᠠᠷ ᠲᠢᠶᠠᠨ á  á ¨ ᠮᠸᠨ á  á °á  á · ᠳᠡᠭᠡᠷ᠎ᠡ ᠪᠠᠢᠭ᠎ᠠ ᠨᠢ᠃

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠸᠠᠩ ᠶᠸ ᠰᠡᠭᠦᠳᠡᠷᠯᠡᠪᠡ

    ᠨᠡᠢᠰᠯᠡᠯ ᠪᠡᠭᠡᠵᠢᠩ᠎ᠳᠦ᠂ ᠦᠩᠭᠡᠳᠦ á ´á ¡á ´á ¡á ­ ᠦᠵᠡᠮᠵᠢ ᠪᠦᠷᠢᠳᠦᠬᠦᠯᠦᠨ᠂ ᠲᠤᠭ ᠳᠠᠯᠪᠠᠭ᠎ᠠ ᠨᠠᠮᠢᠷᠠᠨ᠎ᠠ᠃ ᠲᠢᠶᠠᠨ á  á ¨ ᠮᠸᠨ á  á °á  á · ᠲᠥᠪ ᠶᠡᠬᠡᠮᠰᠦᠭ ᠰᠦᠨᠳᠡᠷᠯᠡᠵᠤ᠂ ᠲᠢᠶᠠᠨ á  á ¨ ᠮᠸᠨ ᠠᠭᠤᠳᠠᠮ ᠲᠠᠯᠠᠪᠠᠢ᠎ᠶ᠋ᠢᠨ ᠠᠭᠤᠷ ᠠᠮᠢᠰᠭᠤᠯ ᠲᠦᠪ ᠬᠢᠴᠢᠶᠡᠩᠬᠦᠢ ᠪᠠᠢᠯ᠎ᠠ᠃ ᠠᠷᠠᠳ᠎ᠤᠨ ᠪᠠᠭᠠᠲᠤᠷᠴᠤᠳ᠎ᠤᠨ ᠳᠤᠷᠠᠰᠭᠠᠯ᠎ᠤᠨ ᠬᠥᠱᠢᠢ᠎ᠡ᠎ᠶ᠋ᠢᠨ ᠡᠮᠦᠨ᠎ᠡ᠂ 《ᠪᠤᠯᠤᠳ ᠤᠷᠳᠤ á ´á  á ­á  á ¨ ᠬᠡᠷᠡᠮ》 ᠤ᠋ᠨ ᠭᠣᠣᠯ ᠰᠡᠳᠦᠪᠲᠦ ᠦᠵᠡᠮᠵᠢ ᠰᠡᠬᠦᠢᠵᠤ᠂ 14 ᠲᠤᠬᠢᠶᠠᠨ ᠲᠠᠪᠴᠠᠡᠭ ᠎ᠳᠤ 《1945》᠂ 《2025》 ᠭᠡᠬᠦ᠌ ᠦᠰᠦᠭ ᠢᠯᠡᠷᠡᠵᠤ᠂ 14 《ᠡᠩᠬᠡ ᠲᠠᠢᠪᠤᠩ᠎ᠤᠨ ᠳᠠᠭ᠍ᠳᠠᠭ᠎ᠠ》ᠵᠢᠭᠦᠷ᠎ᠢᠶᠡᠨ ᠳᠡᠯᠭᠡᠨ ᠨᠢᠰᠤᠨ᠎ᠠ᠃ á  á ­á  á · ᠳᠡᠭᠡᠷ᠎ᠡ᠎ᠡᠴᠡ ᠬᠠᠷᠠᠬᠤᠶ᠎ᠠ᠂ ᠲᠠᠯᠠᠪᠠᠢ᠎ᠳᠠᠬᠢ ᠬᠢᠳᠠᠳ ᠦᠰᠦᠭ 《众》 ᠬᠡᠯᠪᠡᠷᠢ ᠵᠢᠨ ᠶᠣᠰᠣᠯᠠᠯ᠎ᠤᠨ ᠲᠠᠢ᠌ᠰᠠ ᠰᠦᠷᠯᠢᠭ ᠰᠠᠢᠬᠠᠨ ᠳᠤᠳᠤᠷᠠᠵᠤ᠂ ᠡᠨᠡ ᠨᠢ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ᠎ᠤᠨ á  á ·á  á ³ ᠲᠦᠮᠡᠨ ᠰᠡᠳᠭᠢᠯ ᠨᠢᠭᠡᠳᠦᠨ᠂ ᠲᠦᠮᠡᠨ ᠤᠯᠠᠨ ᠵᠢᠡᠷ ᠵᠢᠡᠨ ᠲᠡᠮᠦᠷ á ­á ¡á ·á ¡á ® ᠪᠤᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠲᠡᠢᠰᠢ ᠡᠷᠡᠮᠡᠬᠡᠢᠯᠡᠨ ᠤᠷᠤᠭ᠍ᠰᠢᠯᠠᠵᠤ ᠪᠠᠢᠬᠤ᠎ᠶ᠋ᠢ ᠪᠡᠯᠭᠡᠳᠡᠪᠠ᠃

    ᠦᠳᠡ᠎ᠶ᠋ᠢᠨ ᠡᠮᠦᠨᠡᠬᠢ 8 á ´á  á ­ 35 ᠮᠢᠨᠦ᠋ᠲ᠎ᠲᠦ᠂ á °á ¢ ᠵᠢᠨ ᠫᠢᠩ ᠶᠡᠬᠡ ᠬᠤᠷᠠᠯ᠎ᠳᠤ ᠣᠷᠣᠯᠴᠠᠬᠤ ᠭᠠᠳᠠᠭᠠᠳᠤ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ᠎ᠨᠠᠷ᠎ᠲᠠᠶ ᠬᠠᠮᠲᠤ ᠱᠠᠳᠤ ᠪᠡᠷ ᠠᠯᠬᠤᠯᠠᠨ᠂ ᠲᠢᠶᠠᠨ á  á ¨ ᠮᠸᠨ ᠠᠰᠠᠷ᠎ᠲᠤ ᠭᠠᠷᠪᠠ᠃ á °á ¢ ᠵᠢᠨ ᠫᠢᠩ ᠶᠠᠫᠣᠨ᠎ᠢ ᠡᠰᠡᠷᠭᠦᠴᠡᠬᠦ᠌ ᠳᠠᠢ᠌ᠨ᠎ᠦ ᠠᠬᠠᠮᠠᠳ ᠪᠠᠢᠯᠳᠤᠭ᠍ᠴᠢ ᠠᠬᠠᠮᠠᠳ ᠨᠥᠬᠥᠳ᠎ᠦᠨ ᠲᠥᠯᠥᠭᠡᠯᠡᠭ᠌ᠴᠢᠳ᠎ᠲᠡᠶ ᠳᠣᠲᠣᠨᠣ᠎ᠪᠠᠷ á ­á  á · ᠠᠳᠭᠤᠵᠤ᠂ ᠳᠡᠳᠡᠨ᠎ᠳᠦ ᠡᠷᠬᠢᠮ ᠳᠡᠭᠡᠳᠦ ᠬᠦᠨᠳᠦᠳᠭᠡᠯ ᠳᠡᠪᠱᠢᠭᠦᠯᠪᠡ᠃

    《ᠰᠤᠩᠭᠠᠷᠢ ᠮᠥᠷᠡᠨ ᠳᠡᠭᠡᠷ᠎ᠡ》 á ‚ 《ᠲᠠᠢ ᠬᠠᠩ ᠱᠠᠨ ᠠᠭᠤᠯᠠᠨ᠎ᠳᠤ》᠂ 《ᠬᠠᠳᠤᠨ ᠭᠣᠣᠯ᠎ᠢ ᠬᠠᠮᠠᠭᠠᠯᠠᠶ᠎ᠠ》᠂ 《ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠬᠤ ᠦᠭᠡᠢ》 ᠵᠡᠷᠭᠡ ᠶᠠᠫᠣᠨ᠎ᠢ ᠡᠰᠡᠷᠭᠦᠴᠡᠬᠦ᠌ ᠲᠠᠢ᠌ᠨ᠎ᠦ ᠳᠤᠮᠳᠠ ᠮᠡᠨᠳᠦᠯᠡᠭ᠌ᠰᠡᠨ ᠰᠣᠩᠭᠣᠳᠠᠭ ᠳᠠᠭᠤᠤ᠎ᠨᠤᠭᠤᠳ ᠬᠠᠩᠭᠢᠨᠠᠵᠤ᠂ ᠤᠯᠠᠨ᠎ᠳᠤ ᠳᠤᠮᠳᠠᠳᠤ᠎ᠶ᠋ᠢᠨ ᠦᠨᠳᠦᠰᠦᠲᠡᠨ᠎ᠦ ᠲᠡᠷᠡ ᠬᠦ᠌  á ªá ¡á ·á ¬á ¡ ᠬᠠᠲᠠᠭᠤᠵᠢᠯᠲᠠᠢ᠂ ᠰᠦᠷ ᠵᠢᠪᠬᠤᠯᠠᠩᠲᠤ ᠣᠨ á °á  á ·á Žá  á Žá ¶á ‹á ¢ ᠲᠠᠬᠢᠨ ᠪᠤᠳᠤᠭ᠍ᠳᠠᠭᠤᠯᠤᠨ᠎ᠠ᠃

    8 á ´á  á ­ 55 ᠮᠢᠨᠦ᠋ᠲ᠎ᠲᠦ᠂ á °á ¢ ᠵᠢᠨ ᠫᠢᠩ ᠵᠡᠷᠭᠡ ᠳᠤᠮᠳᠠᠳᠤ ᠭᠠᠳᠠᠭᠠᠳᠤ᠎ᠶ᠋ᠢᠨ ᠤᠳᠤᠷᠢᠳᠭᠤ ᠬᠥᠮᠦᠰ ᠲᠢᠶᠠᠨ á  á ¨ ᠮᠸᠨ ᠠᠰᠠᠷ᠎ᠤᠨ ᠲᠡᠷᠢᠭᠦᠯᠡᠭ᠌ᠴᠢᠳ᠎ᠦᠨ ᠲᠠᠢᠰᠠᠨ᠎ᠳᠤ ᠬᠦᠷᠬᠦ᠌᠎ᠳᠦ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠱᠢᠵᠠᠭᠠᠪᠠ᠃

    á ¡á ¯á §á ºá ²á ·á £á ¨ ᠳᠡᠯᠭᠡᠴᠡ ᠳᠡᠭᠡᠷ᠎ᠡ á ´á  á ­ ᠤ᠋ᠨ ᠳᠡᠭᠦᠵᠢᠩ ᠰᠠᠵᠢᠯᠠᠬᠤ ᠵᠢᠷᠤᠭ ᠢᠯᠡᠷᠡᠪᠡ᠃ ᠴᠠᠭ᠎ᠤᠨ ᠳᠡᠭᠦᠵᠢᠩ ᠰᠠᠵᠢᠯᠠᠬᠤ ᠵᠢ ᠳᠠᠭᠠᠯᠳᠤᠨ᠂ 1945á ‚ 1955á ‚ 1965 ᠁ 2025 ᠵᠡᠷᠭᠡ ᠣᠨ᠎ᠤ ᠲᠣᠭ᠎ᠠ ᠳᠠᠷᠠᠭᠠᠯᠠᠨ ᠢᠯᠡᠷᠡᠯ᠎ᠡ᠃ 9 ᠴᠠᠭ᠎ᠲᠤ᠂ á ´á  á ­ ᠮᠡᠳᠡᠭᠡᠯᠡᠬᠦ᠌ ᠬᠤᠩᠬᠤ ᠳᠤᠤᠭᠠᠷᠴᠤ᠌᠂ ᠳᠤᠷᠠᠰᠭᠠᠬᠤ ᠶᠡᠬᠡ ᠬᠤᠷᠠᠯ ᠡᠬᠢᠯᠡᠪᠡ᠃

ᠪᠦᠭᠦᠳᠡᠭᠡᠷ᠎ᠢᠶᠡᠨ ᠲᠥᠪ ᠵᠣᠭ᠍ᠰᠣᠵᠤ᠂ ᠶᠣᠰᠣᠯᠠᠯ᠎ᠤᠨ ᠫᠤᠤ 80 ᠳᠤᠤᠭᠠᠷᠴᠤ᠌ ᠣᠭ᠍ᠲᠠᠷᠭᠤᠢ᠎ᠳ᠋ᠦ ᠳᠠᠭᠤᠷᠢᠰᠦᠨ᠂ ᠤᠯᠤᠰ᠎ᠤᠨ ᠲᠤᠭ᠎ᠢ ᠬᠠᠮᠠᠭᠠᠯᠠᠬᠤ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ ᠲᠠᠪᠤᠨ ᠣᠳᠣᠲᠤ ᠤᠯᠠᠭᠠᠨ ᠲᠤᠭ᠎ᠢ ᠬᠠᠮᠠᠭᠠᠯᠠᠨ᠂ ᠢᠳᠡᠷᠡᠭᠦᠨ ᠠᠯᠬᠤᠭ᠎ᠠ᠎ᠪᠠᠷ ᠠᠷᠠᠳ᠎ᠤᠨ ᠪᠠᠭᠠᠲᠤᠷᠴᠤᠳ᠎ᠤᠨ ᠳᠤᠷᠠᠰᠭᠠᠯ᠎ᠤᠨ ᠬᠥᠱᠢᠢ᠎ᠡ᠎ᠡᠴᠡ ᠲᠠᠯᠠᠪᠠᠢ᠎ᠶ᠋ᠢᠨ ᠬᠣᠢᠲᠤ ᠲᠠᠯ᠎ᠠ᠎ᠶ᠋ᠢᠨ ᠲᠤᠭ ᠮᠠᠨᠳᠤᠭᠤᠯᠬᠤ ᠲᠤᠭᠤᠷᠢᠭ ᠲᠤ᠌ ᠬᠦᠷᠪᠡ᠃ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠬᠠᠮᠲᠤᠷᠠᠭ᠍ᠰᠠᠨ ᠴᠡᠷᠢᠭ᠎ᠦᠨ ᠬᠥᠭ᠌ᠵᠢᠮ᠎ᠦᠨ ᠠᠩᠬᠢ ᠰᠦᠷ ᠵᠢᠪᠬᠤᠯᠠᠩᠲᠤ 《ᠵᠢᠷᠤᠮ᠎ᠤᠨ ᠴᠡᠷᠢᠭ᠎ᠦᠨ ᠤᠷᠤᠭ᠍ᠰᠢᠯᠠᠯᠲᠠ᠎ᠶ᠋ᠢᠨ ᠳᠠᠭᠤᠤ》 ᠵᠢ ᠬᠥᠭ᠌ᠵᠢᠮᠳᠡᠵᠦ᠍᠂ ᠲᠠᠯᠠᠪᠠᠢ ᠳᠠᠶᠠᠭᠠᠷ᠎ᠢᠶᠠᠨ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠳᠡ ᠳᠠᠭᠤᠤ᠎ᠶ᠋ᠢ ᠬᠠᠩᠭᠢᠨᠠᠲᠠᠯ᠎ᠠ ᠳᠠᠭᠤᠯᠠᠵᠤ᠂ ᠬᠤᠷᠴᠠ ᠰᠣᠷᠭᠣᠭ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠲᠢᠶᠠᠨ ᠠᠨ ᠮᠸᠨ ᠠᠭᠤᠳᠠᠮ ᠲᠠᠯᠠᠪᠠᠢ᠎ᠶ᠋ᠢᠨ ᠣᠭ᠍ᠲᠠᠷᠭᠤᠢ᠎ᠳᠤ ᠨᠠᠮᠢᠷᠠᠪᠠ᠃

    á ¬á  á ¯á  á ­á ¤á ¨ ᠠᠯᠠᠭ᠎ᠠ ᠲᠠᠱᠢᠯᠳᠠ᠎ᠶ᠋ᠢᠨ ᠳᠤᠮᠳᠠ᠂ á °á ¢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠨᠡ ᠡᠳᠦᠷ ᠪᠢᠳᠡ ᠦᠪᠡᠳᠡᠭ᠌ᠰᠢ ᠶᠡᠬᠡ ᠴᠤᠭ᠍ᠯᠠᠭᠠᠨ ᠪᠤᠯᠵᠥ᠍᠂ ᠳᠤᠮᠳᠠᠳᠤ ᠤᠯᠤᠰ᠎ᠤᠨ á  á ·á  á ³ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠵᠤ ᠪᠠᠢᠨ᠎ᠠ᠂ ᠵᠣᠷᠢᠯᠭ᠎ᠠ ᠨᠢ ᠲᠡᠦᠬᠡ ᠵᠢ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠡᠷᠬᠢᠮᠯᠡᠨ ᠨᠠᠨᠳᠢᠩᠨᠠᠵᠤ᠂ ᠡᠰᠡᠨᠢᠬᠦ ᠢᠷᠡᠭᠡᠳᠦᠢ ᠪᠠᠨ ᠡᠭᠦᠳᠦᠨ ᠨᠡᠭᠡᠭᠡᠬᠦ᠌᠎ᠶ᠋ᠢᠨ ᠲᠥᠯᠥᠭᠡ ᠶᠤᠮ ᠭᠡᠵᠤ ᠢᠯᠡᠳᠭᠡᠪᠡ᠃

    á °á ¢ ᠵᠢᠨ ᠫᠢᠩ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠲᠥᠪ ᠬᠣᠷᠢᠶ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠡᠮᠦᠨ᠎ᠡ᠎ᠡᠴᠡ᠂ ᠶᠠᠫᠣᠨ᠎ᠢ ᠡᠰᠡᠷᠭᠦᠴᠡᠬᠦ᠌ ᠳᠠᠢ᠌ᠨ᠎ᠳᠦ ᠣᠷᠣᠯᠴᠠᠵᠤ ᠥᠩᠭᠡᠷᠡᠭ᠌ᠰᠡᠨ ᠪᠦᠬᠦ᠌ ᠤᠯᠤᠰ᠎ᠤᠨ ᠠᠬᠠᠮᠠᠳ ᠪᠠᠢᠯᠳᠤᠭ᠍ᠴᠢ᠂ ᠠᠬᠠᠮᠠᠳ ᠨᠥᠬᠥᠳ᠂ ᠤᠯᠤᠰ ᠵᠢᠡᠨ ᠬᠠᠢᠷᠠᠯᠠᠭᠴᠢ ᠬᠥᠮᠦᠰ ᠪᠠ ᠶᠠᠫᠣᠨ᠎ᠢ ᠡᠰᠡᠷᠭᠦᠴᠡᠭ᠌ᠰᠡᠨ ᠵᠠᠩᠵᠤᠨ᠎ᠨᠠᠷ᠂ ᠳᠤᠮᠳᠠᠳᠤ ᠤᠯᠤᠰ᠎ᠤᠨ á  á ·á  á ³ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠦ ᠢᠯᠠᠯᠲᠠ ᠤᠯᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠦᠭ᠌ᠰᠡᠨ ᠤᠯᠤᠰ᠎ᠤᠨ ᠳᠣᠲᠣᠭᠠᠳᠤ ᠭᠠᠳᠠᠭᠠᠳᠤ ᠵᠢᠨ ᠳᠤᠮᠳᠠᠳᠤ᠎ᠶ᠋ᠢᠨ ᠬᠥᠪᠡᠭᠦᠳ ᠥᠬᠢᠳ᠎ᠲᠦ ᠡᠷᠬᠢᠮ ᠳᠡᠭᠡᠳᠦ ᠬᠦᠨᠳᠦᠳᠭᠡᠯ ᠳᠡᠪᠱᠢᠭᠦᠯᠵᠦ᠍᠂ ᠳᠤᠮᠳᠠᠳᠤ ᠤᠯᠤᠰ᠎ᠤᠨ á  á ·á  á ³ ᠲᠦᠮᠡᠨ᠎ᠦ ᠲᠦᠷᠢᠮᠡᠬᠡᠢᠯᠡᠯ᠎ᠢ ᠡᠰᠡᠷᠭᠦᠴᠡᠬᠦ ᠳ᠋ᠤ ᠬᠠᠪᠰᠤᠷᠴᠦ ᠲᠤᠰᠠᠯᠠᠭᠰᠠᠨ ᠭᠠᠳᠠᠭᠠᠳᠤ ᠤᠯᠤᠰ ᠤ᠋ᠨ ᠵᠠᠰᠠᠭ᠎ᠤᠨ ᠣᠷᠳᠣᠨ ᠪᠠ ᠤᠯᠠᠨ ᠤᠯᠤᠰ᠎ᠤᠨ ᠨᠥᠬᠥᠷᠰᠡᠭ ᠬᠥᠮᠦᠰ᠎ᠲᠦ ᠴᠢᠩ ᠰᠡᠳᠭᠢᠯ᠎ᠦᠨ ᠲᠠᠯᠠᠷᠬᠠᠯ ᠳᠡᠪᠱᠢᠭᠦᠯᠵᠦ᠍᠂ ᠡᠨᠡ ᠡᠳᠦᠷ᠎ᠦᠨ ᠶᠡᠬᠡ ᠬᠤᠷᠠᠯ᠎ᠳᠤ ᠣᠷᠣᠯᠴᠠᠭ᠍ᠰᠠᠨ ᠡᠯ᠎ᠡ ᠤᠯᠤᠰ᠎ᠤᠨ ᠵᠣᠴᠢᠳ᠎ᠢ ᠬᠠᠯᠠᠭᠤᠨ᠎ᠢᠶᠠᠷ ᠤᠭ᠍ᠲᠤᠵᠤ ᠪᠠᠢᠬᠤ᠎ᠪᠠᠨ ᠢᠯᠡᠳᠭᠡᠪᠡ᠃

    á °á ¢ ᠵᠢᠨ ᠫᠢᠩ᠂ ᠳᠤᠮᠳᠠᠳᠤ ᠤᠯᠤᠰ᠎ᠤᠨ á  á ·á  á ³ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠪᠣᠯ ᠲᠤᠢᠯ᠎ᠤᠨ ᠬᠠᠲᠠᠭᠤᠵᠢᠯᠲᠠᠢ ᠠᠭᠤᠤ ᠶᠡᠬᠡ ᠲᠠᠢ᠌ᠨ ᠮᠥᠨ᠃ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠰᠠᠨᠠᠭᠠᠴᠢᠯᠠᠨ ᠪᠠᠢᠭᠤᠯᠤᠭ᠍ᠰᠠᠨ ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠦ ᠨᠢᠭᠡᠳᠦᠮᠡᠯ ᠹᠷᠣᠨᠲ ᠤ᠋ᠨ ᠲᠤᠭ᠎ᠤᠨ ᠳᠣᠣᠷ᠎ᠠ᠂ ᠳᠤᠮᠳᠠᠳᠤ ᠤᠯᠤᠰ᠎ᠤᠨ á  á ·á  á ³ ᠲᠦᠮᠡᠨ ᠬᠠᠳᠠᠨ ᠪᠠᠲᠤ ᠵᠣᠷᠢᠭ᠎ᠢᠶᠠᠷ ᠬᠦᠴᠦᠷᠬᠡᠭ ᠳᠠᠢᠰᠤᠨ᠎ᠲᠠᠶ ᠪᠠᠢᠯᠳᠤᠵᠤ᠂ ᠬᠠᠯᠠᠭᠤᠨ ᠠᠮᠢ ᠪᠦᠯᠢᠶᠡᠨ ᠴᠢᠰᠤ᠎ᠪᠠᠷ᠎ᠢᠶᠠᠨ ᠤᠷᠲᠤ á ´á  á ­á  á ¨ ᠬᠡᠷᠡᠮ᠎ᠢ ᠴᠣᠭ᠍ᠴᠠᠯᠠᠵᠤ᠂ ᠣᠷᠴᠢᠨ ᠦᠶ᠎ᠡ᠎ᠡᠴᠡ ᠨᠠᠭᠠᠱᠢᠬᠢ ᠭᠠᠳᠠᠭᠠᠳᠤ᠎ᠶ᠋ᠢᠨ ᠳᠠᠢᠰᠤᠨ᠎ᠤ ᠲᠦᠷᠢᠮᠡᠬᠡᠢᠯᠡᠯ᠎ᠢ ᠡᠰᠡᠷᠭᠦᠴᠡᠬᠦ᠌ ᠠᠩᠬᠠᠳᠠᠬᠴᠢ ᠪᠦᠷᠢᠨ ᠢᠯᠠᠯᠲᠠ᠎ᠶ᠋ᠢ ᠤᠯᠪᠠ᠃ ᠳᠤᠮᠳᠠᠳᠤ ᠤᠯᠤᠰ᠎ᠤᠨ á  á ·á  á ³ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ ᠪᠣᠯ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ᠎ᠦ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ ᠤᠯᠤᠰ᠎ᠤᠨ á  á ·á  á ³ ᠲᠦᠮᠡᠨ ᠯᠤᠲᠤ ᠶᠡᠬᠡ ᠦᠨᠳᠦᠰᠦᠲᠡᠨ᠎ᠦ ᠦᠷᠡᠭ᠌ᠳᠡᠯ᠎ᠢᠶᠡᠷ ᠬᠥᠮᠦᠨ ᠲᠥᠷᠥᠯᠬᠢᠲᠡᠨ᠎ᠦ ᠪᠣᠯᠪᠠᠰᠤᠨ᠎ᠢ ᠠᠪᠤᠷᠠᠬᠤ᠂ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠦᠭ᠌ᠰᠡᠨ ᠶᠤᠮ᠃ ᠬᠥᠮᠦᠨ ᠲᠥᠷᠥᠯᠬᠢᠲᠡᠨ᠎ᠦ ᠬᠤᠪᠢ ᠵᠠᠶᠠᠭ᠎ᠠ ᠵᠢᠷᠭᠠᠯ ᠵᠣᠪᠠᠯᠠᠩ ᠵᠢᠡᠨ ᠬᠠᠮᠳᠤᠳᠬᠠᠬᠤ ᠶᠤᠰᠤᠳᠠᠢ᠂ ᠡᠯ᠎ᠡ ᠤᠯᠤᠰ᠂ ᠡᠯ᠎ᠡ ᠦᠨᠳᠦᠰᠦᠲᠡᠨ ᠭᠠᠭ᠍ᠴᠠ ᠬᠦ᠌ ᠡᠷᠬᠡ ᠲᠡᠭ᠌ᠰᠢ᠎ᠪᠡᠷ ᠬᠠᠨᠳᠤᠯᠴᠠᠵᠤ᠂ á ¡á ¶á Žá ¡ ᠨᠠᠢᠷᠲᠠᠢ᠎ᠪᠠᠷ ᠬᠠᠮᠲᠤ ᠣᠷᠣᠱᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠪᠠᠯ á °á  á ¶á ¢ ᠬᠠᠮᠲᠤ᠎ᠶ᠋ᠢᠨ ᠠᠮᠤᠷ ᠲᠦᠪᠱᠢᠨ᠎ᠢ ᠬᠠᠮᠠᠭᠠᠯᠠᠵᠤ᠂ ᠲᠠᠢ᠌ᠨ᠎ᠦ ᠦᠨᠳᠦᠰᠦ ᠰᠤᠷᠪᠤᠯᠵᠢ᠎ᠶ᠋ᠢ ᠠᠷᠢᠯᠭᠠᠵᠤ᠂ ᠲᠡᠦᠬᠡ᠎ᠶ᠋ᠢᠨ ᠭᠤᠨᠢᠭ᠍ᠲᠤ ᠵᠦᠴᠦᠭᠡ᠎ᠶ᠋ᠢ ᠲᠠᠬᠢᠨ ᠲᠣᠭ᠍ᠯᠠᠭᠤᠯᠬᠤ ᠦᠭᠡᠢ ᠪᠠᠢᠵᠤ ᠴᠢᠳᠠᠨ᠎ᠠ ᠭᠡᠳᠡᠭ᠎ᠢ ᠲᠡᠦᠬᠡ ᠪᠢᠳᠡᠨ᠎ᠳᠤ ᠰᠡᠷᠡᠮᠵᠢᠯᠡᠭᠦᠯᠵᠤ ᠪᠤᠢ  á ­á ¡á µá ¤ ᠵᠢᠭᠠᠵᠤ ᠭᠠᠷᠭᠠᠵᠠᠢ᠃

    á °á ¢ ᠵᠢᠨ ᠫᠢᠩ᠂ ᠳᠤᠮᠳᠠᠳᠤ᠎ᠶ᠋ᠢᠨ ᠦᠨᠳᠦᠰᠦᠲᠡᠨ ᠪᠣᠯ ᠬᠦᠴᠦᠷᠬᠡᠭ᠌ᠯᠡᠯ᠎ᠡᠴᠡ ᠠᠶᠤᠬᠤ ᠦᠭᠡᠢ᠂ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠠᠭᠤᠤ ᠶᠡᠬᠡ ᠦᠨᠳᠦᠰᠦᠲᠡᠨ ᠮᠥᠨ᠃ ᠲᠤᠬᠠᠶ᠎ᠶ᠋ᠢᠨ ᠵᠢᠯ᠎ᠳᠦ᠂ ᠱᠢᠳᠤᠷᠭᠤ ᠶᠣᠰᠣ ᠬᠢᠭᠡᠳ ᠬᠠᠷᠭᠢᠰ ᠬᠡᠷᠴᠡᠭᠡᠶ᠂ á ­á ¡á ·á ¡á ¯ ᠬᠡᠭᠡ ᠬᠢᠭᠡᠳ ᠲᠦᠨᠡᠷ ᠬᠠᠷᠠᠩᠭᠤᠶ᠂ ᠳᠠᠪᠱᠢᠯᠲᠠ ᠬᠢᠭᠡᠳ ᠲᠡᠷᠰᠯᠡᠭᠦᠦ᠍᠎ᠶ᠋ᠢᠨ ᠥᠭᠦᠵᠦ᠍ ᠰᠡᠭᠡᠬᠦ ᠵᠢᠨ ᠦᠵᠡᠯᠴᠡᠭᠡᠨ᠎ᠦ ᠡᠮᠦᠨ᠎ᠡ᠂ ᠳᠤᠮᠳᠠᠳᠤ ᠤᠯᠤᠰ᠎ᠤᠨ á  á ·á  á ³ ᠲᠦᠮᠡᠨ ᠬᠠᠷᠭᠢᠰ ᠳᠠᠢᠰᠤᠨ á Žá ¢ ᠬᠠᠮᠲᠤ᠎ᠪᠠᠷ ᠬᠣᠷᠣᠰᠴᠤ᠌᠂ ᠡᠷᠡᠯᠬᠡᠭ᠌ᠯᠡᠨ ᠪᠣᠰᠴᠤ᠌ ᠡᠰᠡᠷᠭᠦᠴᠡᠨ᠂ ᠤᠯᠤᠰ ᠣᠷᠣᠨ᠎ᠤ ᠣᠷᠣᠱᠢᠯ ᠲᠣᠭ᠍ᠲᠠᠨᠢᠯ᠎ᠤᠨ ᠲᠥᠯᠥᠭᠡ ᠪᠠᠢᠯᠳᠤᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠲᠥᠯᠥᠭᠡ ᠪᠠᠢᠯᠳᠤᠵᠤ᠂ ᠬᠥᠮᠦᠨ ᠲᠥᠷᠥᠯᠬᠢᠲᠡᠨ᠎ᠦ ᠱᠢᠳᠤᠷᠭᠤ ᠶᠣᠰᠣᠨ᠎ᠤ ᠲᠥᠯᠥᠭᠡ ᠪᠠᠢᠯᠳᠤᠪᠠ᠃ ᠥᠨᠥᠳᠦᠷ ᠬᠥᠮᠦᠨ ᠲᠥᠷᠥᠯᠬᠢᠲᠡᠨ ᠡᠩᠬᠡ ᠲᠠᠢᠪᠤᠩ᠎ᠪᠠᠢᠬᠤ ᠦᠦ ᠡᠰᠡᠬᠦᠯ᠎ᠡ ᠲᠠᠢ᠌ᠨ ᠳᠠᠵᠢᠨ ᠬᠢᠬᠦ ᠦᠦ᠂ ᠶᠠᠷᠢᠯᠴᠠᠭ᠎ᠠ ᠬᠢᠬᠦ᠌ ᠦᠦ ᠡᠰᠡᠬᠦᠯ᠎ᠡ ᠡᠰᠡᠷᠭᠦᠴᠡᠯᠳᠦᠬᠦ᠌ ᠦᠦ᠂ ᠬᠠᠮᠲᠤ᠎ᠪᠠᠷ ᠠᠱᠢᠭ ᠬᠦᠷᠳᠡᠬᠦ᠌ ᠦᠦ ᠡᠰᠡᠬᠦᠯ᠎ᠡ ᠥᠯᠥ ᠡᠪᠰᠡᠬᠦ᠎ᠤ᠋ᠦ ᠭᠡᠬᠦ ᠰᠣᠩᠭᠣᠯᠲᠠ᠎ᠳᠤ ᠲᠤᠯᠭᠠᠷᠠᠵᠤ ᠪᠤᠢ᠃ ᠳᠤᠮᠳᠠᠳᠤ ᠤᠯᠤᠰ᠎ᠤᠨ á  á ·á  á ³ ᠲᠦᠮᠡᠨ á ¡á ·á ¡á ° ᠪᠠᠲᠤ᠎ᠪᠡᠷ ᠲᠡᠦᠬᠡ᠎ᠶ᠋ᠢᠨ ᠵᠥᠪ ᠲᠠᠯ᠎ᠠ᠎ᠳᠤ ᠵᠣᠭ᠍ᠰᠣᠵᠤ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠳᠠᠪᠱᠢᠯᠲᠠ᠎ᠶ᠋ᠢᠨ ᠲᠠᠯ᠎ᠠ᠎ᠳᠤ ᠵᠣᠭ᠍ᠰᠣᠵᠤ᠂ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠡᠯ᠎ᠡ ᠤᠯᠤᠰ᠎ᠤᠨ á  á ·á  á ³ ᠲᠦᠮᠡᠨ᠎ᠲᠡᠶ á ­á  á · ᠬᠣᠯᠪᠣᠯᠴᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠤᠨ᠎ᠠ ᠭᠡᠵᠦ ᠴᠢᠬᠤᠯᠠᠴᠢᠯᠠᠪᠠ᠃

    á °á ¢ ᠵᠢᠨ ᠫᠢᠩ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠣᠯ ᠨᠠᠮ ᠪᠠ á  á ·á  á ³ ᠲᠦᠮᠡᠨ᠎ᠦ ᠬᠡᠵᠢᠶᠡᠲᠡ ᠪᠦᠷᠢᠮᠦᠰᠦᠨ ᠢᠲᠡᠭᠡᠵᠦ᠍ ᠪᠣᠯᠬᠤ ᠪᠠᠭᠠᠲᠤᠷᠯᠢᠭ ᠴᠡᠷᠢᠭ á  á ©á ­á ¢ ᠮᠥᠨ᠃ ᠪᠦᠬᠦ᠌ ᠴᠡᠷᠢᠭ᠎ᠦᠨ ᠳᠠᠷᠤᠭ᠎ᠠ ᠪᠠᠢᠯᠳᠤᠭ᠍ᠴᠢᠳ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠦ᠍᠂ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠴᠡᠷᠢᠭ ᠠᠩᠬᠢ᠎ᠶ᠋ᠢ ᠲᠦᠷᠭᠡᠳᠭᠡᠨ ᠪᠠᠢᠭᠤᠯᠵᠤ᠂ ᠤᠯᠤᠰ᠎ᠤᠨ ᠡᠷᠬᠡ ᠮᠡᠳᠡᠯ᠂ ᠨᠢᠭᠡᠳᠦᠯ᠂ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠶ᠋ᠢ á ¡á ·á ¡á ° ᠬᠠᠮᠠᠭᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢᠯᠠᠯ ᠬᠠᠩᠭᠠᠵᠤ᠂ ᠳᠡᠯᠡᠬᠡᠢ᠎ᠶ᠋ᠢᠨ ᠡᠩᠬᠡ ᠲᠠᠢᠪᠤᠩ ᠬᠢᠭᠡᠳ ᠬᠥᠭ᠌ᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠰᠢ ᠵᠢᠨ ᠫᠢᠩ᠂ ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠦᠨ ᠤᠨᠤᠯ᠂《ᠭᠤᠷᠪᠠ᠎ᠶ᠋ᠢ ᠲᠥᠯᠥᠭᠡᠯᠡᠬᠦ᠌》ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠡᠷᠴᠢ ᠵᠣᠷᠢᠭ᠎ᠢᠶᠠᠨ ᠬᠥᠪᠴᠢᠯᠡᠨ ᠡᠷᠡᠮᠡᠬᠡᠢᠯᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

    á °á ¢ ᠵᠢᠨ ᠫᠢᠩ ᠬᠠᠮᠤᠭ᠎ᠤᠨ ᠰᠡᠭᠦᠯ᠎ᠳᠦ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠰᠦᠷ ᠬᠦᠴᠦᠨ ᠬᠤᠷᠢᠬ᠍ᠯᠠᠭ᠍ᠳᠠᠰᠢ ᠦᠭᠡᠢ!ᠬᠥᠮᠦᠨ ᠲᠥᠷᠥᠯᠬᠢᠲᠡᠨ᠎ᠦ ᠡᠩᠬᠡ ᠲᠠᠢᠪᠤᠩ ᠬᠢᠭᠡᠳ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ ᠯᠠᠪᠲᠠᠢ ᠢᠯᠠᠯᠲᠠ ᠣᠯᠤᠨ᠎ᠠ! ᠭᠡᠵᠦ ᠴᠢᠬᠤᠯᠠᠴᠢᠯᠠᠪᠠ᠃

    á °á ¢ ᠵᠢᠨ ᠫᠢᠩ᠎ᠦᠨ ᠶᠠᠷᠢᠶ᠎ᠠ ᠲᠡᠭᠦᠰᠭᠦ ᠦᠶ᠎ᠡ᠎ᠳᠦ᠂ ᠲᠠᠯᠠᠪᠠᠢ ᠳᠠᠶᠠᠭᠠᠷ᠎ᠲᠸ᠋ ᠨᠢᠵᠢᠭᠢᠨᠡᠲᠡᠯ᠎ᠡ ᠠᠯᠠᠭ᠎ᠠ ᠲᠠᠱᠢᠬᠤ ᠳᠠᠭᠤᠨ ᠤᠳᠠᠲᠠᠯ᠎ᠠ ᠦᠷᠬᠦᠯᠵᠢᠯᠡᠪᠡ᠃

    9 á ´á  á ­ 15 ᠮᠢᠨᠦ᠋ᠲ᠎ᠲᠦ᠂ ᠴᠡᠷᠢᠭ ᠠᠩᠬᠢ ᠵᠢ ᠱᠢᠯᠭᠠᠨ ᠦᠵᠡᠬᠦ᠌ ᠶᠣᠰᠣᠯᠠᠯ ᠡᠬᠢᠯᠡᠵᠦ᠍᠂ ᠶᠤᠰᠤᠯᠠᠯ᠎ᠤᠨ ᠴᠡᠷᠢᠭ ᠤᠷᠤᠨ᠎ᠳᠠᠭᠠᠨ ᠵᠤᠭᠰᠤᠨ᠂ ᠴᠡᠷᠢᠭ᠎ᠦᠨ ᠬᠥᠭ᠌ᠵᠢᠮ᠎ᠦᠨ ᠠᠩᠬᠢ ᠴᠡᠷᠢᠭ ᠠᠩᠬᠢ ᠵᠢ  á ±á ¢á ¯á ­á  á ¨ ᠦᠵᠡᠬᠦ᠌ ᠶᠣᠰᠣᠯᠠᠯ᠎ᠤᠨ ᠪᠦᠷᠢᠶ᠎ᠡ᠎ᠶ᠋ᠢ ᠬᠠᠩᠭᠢᠨᠠᠭᠤᠯᠪᠠ᠃ á °á ¢ ᠵᠢᠨ ᠫᠢᠩ ᠬᠤᠩ á ´á ¢ ᠲᠡᠮᠳᠡᠭᠳᠦ ᠱᠢᠯᠭᠠᠨ ᠦᠵᠡᠬᠦ᠌ ᠲᠡᠷᠭᠡᠨ᠎ᠳᠦ ᠰᠠᠭᠤᠵᠤ᠂ ᠵᠢᠨ ᠱᠦᠢ ᠴᠢᠶᠣᠤ ᠬᠥᠭᠥᠷᠭᠡ᠎ᠪᠡᠷ ᠥᠩᠭᠡᠷᠡᠨ á ´á  á © á  á ¨ ᠵᠡᠭᠡᠯᠢ᠎ᠳᠦ ᠭᠠᠷᠪᠠ᠃ 

    9 ᠰᠠᠷ᠎ᠠ᠎ᠶ᠋ᠢᠨ 3 ᠤ᠋ ᠡᠳᠦᠷ᠂ ᠳᠤᠮᠳᠠᠳᠤ ᠤᠯᠤᠰ᠎ᠤᠨ á  á ·á  á ³ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠳᠤ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃ ᠵᠢᠷᠤᠭ ᠪᠤᠯ ᠶᠠᠪᠠᠭᠠᠨ ᠵᠢᠭᠰᠠᠭᠠᠯ᠎ᠤᠨ ᠡᠩᠨᠡᠭᠡ ᠰᠢᠯᠭᠠᠨ ᠦᠵᠡᠬᠦ ᠵᠢ ᠬᠦᠯᠢᠶᠡᠵᠦ ᠪᠠᠢᠭ᠍᠎ᠡ ᠨᠢ 

ᠰᠢᠨᠬᠤᠸᠠ ᠬᠤᠷᠢᠶ᠎ᠡ ᠵᠢᠨ ᠰᠤᠷᠪᠤᠯᠵᠢᠯᠠᠭᠴᠢ ᠰᠦᠨ ᠹᠸᠢ ᠰᠡᠭᠦᠳᠡᠷᠯᠡᠪᠡ 

    á ´á ¡á ·á ¢á ­ ᠠᠩᠬᠢ ᠵᠢ ᠱᠢᠯᠭᠠᠨ ᠦᠵᠡᠬᠦ᠌ ᠶᠡᠷᠦᠩᠬᠡᠢ ᠵᠢᠯᠤᠭᠤᠳᠤᠬ᠍ᠴᠢ ᠬᠠᠨ ᠱᠧᠩ á ¶á  á ¨ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠬᠢ ᠵᠢᠭ᠍ᠰᠠᠵᠤ ᠳᠠᠭᠤᠰᠤᠭ᠍ᠰᠠᠨ᠎ᠢ ᠮᠡᠳᠡᠭᠦᠯᠵᠦ᠍᠂ á °á ¢ ᠵᠢᠨ ᠫᠢᠩ ᠱᠢᠯᠭᠠᠨ ᠦᠵᠡᠬᠦ᠌ ᠶᠣᠰᠣᠯᠠᠯ ᠡᠬᠢᠯᠡᠬᠦ᠌ ᠵᠠᠷᠯᠢᠭ ᠪᠠᠭᠤᠯᠭᠠᠪᠠ᠃ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠨᠠᠮ᠎ᠤᠨ ᠲᠣᠭ᠂ ᠪᠥᠬᠥᠳᠡ ᠨᠠᠢᠷᠠᠮᠳᠠᠬᠤ ᠳᠤᠮᠳᠠᠳᠤ á  á ·á  á ³ ᠤᠯᠤᠰ᠎ᠤᠨ ᠤᠯᠤᠰ᠎ᠤᠨ ᠲᠣᠭ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠴᠡᠷᠢᠭ᠎ᠦᠨ ᠲᠣᠭ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠭᠢ᠎ᠶ᠋ᠢᠨ ᠬᠠᠮᠤᠭ᠎ᠤᠨ ᠡᠮᠦᠨ᠎ᠠ ᠲᠠᠯ᠎ᠠ᠎ᠳᠤ ᠪᠠᠢᠵᠤ᠂ á °á ¢ ᠵᠢᠨ ᠫᠢᠩ ᠲᠡᠷᠭᠡᠨ᠎ᠳᠦ ᠰᠠᠭᠤᠵᠤ ᠨᠠᠮ᠎ᠤᠨ ᠲᠣᠭ᠂ ᠤᠯᠤᠰ᠎ᠤᠨ ᠲᠣᠭ᠂ ᠴᠡᠷᠢᠭ᠎ᠦᠨ ᠲᠣᠭ᠎ᠤᠨ ᠡᠮᠦᠨ᠎ᠡ ᠬᠦᠷᠴᠦ᠍᠂ ᠲᠣᠭ᠎ᠢ ᠱᠢᠷᠳᠡᠬᠦ᠌ ᠶᠣᠰᠣ ᠬᠢᠪᠠ᠃

ᠰᠦᠷ ᠵᠢᠪᠬᠤᠯᠠᠩᠲᠤ ᠴᠡᠷᠢᠭ᠎ᠦᠨ ᠬᠥᠭ᠌ᠵᠢᠮ᠎ᠦᠨ ᠠᠶᠠᠰ ᠳᠤᠮᠳᠠ᠂ ᠰᠢ ᠵᠢᠨ ᠫᠢᠩ ᠲᠡᠷᠭᠡᠨ᠎ᠳᠦ ᠰᠠᠭᠤᠵᠤ ᠥᠷᠭᠡᠨ ᠠᠭᠤᠳᠠᠮ ᠴᠠᠩ ᠠᠨ ᠵᠡᠭᠡᠯᠢ᠎ᠪᠡᠷ 13 ᠶᠠᠪᠠᠭᠠᠨ ᠵᠢᠭ᠍ᠰᠠᠭᠠᠯ᠂ 1 ᠪᠠᠢᠯᠳᠤᠭᠠᠨ᠎ᠤ ᠲᠤᠭ᠎ᠤᠨ ᠵᠢᠭ᠍ᠰᠠᠭᠠᠯ᠂ 22 ᠵᠡᠪᠰᠡᠭ ᠲᠣᠨᠣᠭ᠍ᠯᠠᠯ᠎ᠤᠨ ᠵᠢᠭ᠍ᠰᠠᠭᠠᠯ᠎ᠢ ᠳᠠᠷᠠᠭᠠᠯᠠᠨ ᠱᠢᠯᠭᠠᠨ ᠦᠵᠡᠪᠡ᠃ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠬᠢ᠎ᠶ᠋ᠢᠨ ᠲᠥᠷᠬᠦ᠌ ᠲᠥᠪ ᠴᠢᠩᠭ᠎ᠠ᠂ ᠴᠤᠭ ᠵᠢᠪᠬᠤᠭ᠎ᠠ ᠪᠠᠳᠠᠷᠠᠩᠭᠤᠢ᠂ ᠬᠤᠶᠠᠭ᠍ᠲᠤ ᠲᠡᠷᠭᠡ ᠲᠡᠷᠢ ᠲᠡᠭ᠌ᠰᠢ ᠵᠢᠭ᠍ᠰᠠᠵᠤ᠂ ᠰᠦᠷ ᠵᠢᠪᠬᠤᠭ᠎ᠠ᠎ᠲᠠᠶ ᠪᠠᠢᠯ᠎ᠠ᠃ ᠡᠨᠡ ᠪᠣᠯ ᠠᠷᠠᠳ᠎ᠤᠨ ᠴᠡᠷᠢᠭ ᠠᠩᠬᠢ ᠵᠠᠭᠤᠨ ᠵᠢᠯ ᠡᠷᠡᠮᠡᠬᠡᠢᠯᠡᠨ ᠤᠷᠤᠭ᠍ᠰᠢᠯᠠᠵᠤ ᠴᠡᠷᠢᠭ ᠪᠠᠢᠭᠤᠯᠤᠭ᠍ᠰᠠᠨ ᠴᠤ ᠱᠢᠨ᠎ᠡ ᠲᠦᠷᠢ ᠲᠥᠷᠬᠦ᠌ ᠪᠣᠯᠤᠨ᠎ᠠ᠂ ᠡᠨᠡ ᠪᠣᠯ ᠳᠤᠮᠳᠠᠳᠤ᠎ᠶ᠋ᠢᠨ ᠦᠨᠳᠦᠰᠦᠲᠡᠨ᠎ᠦ ᠳᠡᠯᠡᠬᠡᠢ᠎ᠶ᠋ᠢᠨ ᠡᠩᠭᠡ ᠲᠠᠢᠪᠤᠩ᠎ᠢ ᠬᠠᠮᠠᠭᠠᠯᠠᠬᠤ ᠡᠷᠡᠰ ᠪᠠᠲᠤ ᠲᠤᠩᠬᠠᠭ᠍ᠯᠠᠯ ᠪᠣᠯᠤᠨ᠎ᠠ᠃

    ã€Šá ¨á ¥á ¬á ¥á ³á Žá ¨á ¡á · ᠰᠠᠢ᠌ᠨ ᠪᠠᠢᠨ᠎ᠠ ᠦᠦ!》᠂ 《ᠨᠥᠬᠥᠳ᠎ᠨᠡᠷ ᠵᠦᠳᠡᠷᠡᠯ᠎ᠡ!》 á °á ¢ ᠵᠢᠨ ᠫᠢᠩ᠎ᠦᠨ ᠳᠣᠲᠣᠨᠣ ᠮᠡᠨᠳᠦᠴᠢᠯᠡᠯ ᠴᠡᠷᠢᠭ᠎ᠦᠨ ᠰᠡᠳᠭᠢᠯ᠎ᠢ ᠬᠥᠭ᠌ᠵᠢᠭᠡᠪᠡ᠃ 《ᠲᠡᠷᠢᠭᠦᠯᠡᠭ᠌ᠴᠢ ᠰᠠᠢ᠌ᠨ ᠪᠠᠢᠨ᠎ᠠ ᠦᠦ!》᠂ 《ᠠᠷᠠᠳ ᠲᠦᠮᠡᠨ᠎ᠳᠦ ᠦᠢᠯᠡᠴᠢᠯᠡᠨ᠎ᠡ!》ᠱᠢᠯᠭᠠᠨ ᠦᠵᠡᠬᠦ᠌᠎ᠶ᠋ᠢ ᠬᠦᠯᠢᠶᠡᠭ᠌ᠰᠡᠨ ᠳᠠᠷᠤᠭ᠎ᠠ ᠪᠠᠢᠯᠳᠤᠭ᠍ᠴᠢᠳ᠎ᠤᠨ ᠲᠡᠮᠡᠴᠡᠯ᠎ᠦᠨ ᠵᠣᠷᠢᠭ ᠪᠠᠳᠠᠷᠠᠩᠭᠤᠢ ᠪᠠᠢᠵᠤ᠂ ᠬᠠᠩᠭᠢᠨᠠᠮ᠎ᠠ ᠰᠠᠢᠬᠠᠨ ᠬᠠᠷᠢᠭᠤᠯᠲᠠ᠎ᠶ᠋ᠢᠨ ᠳᠠᠭᠤᠨ ᠣᠭ᠍ᠲᠠᠷᠭᠤᠢ ᠳ᠋ᠦ ᠳᠠᠭᠤᠷᠢᠰᠤᠨ᠎ᠠ᠃ á °á ¢ ᠵᠢᠨ ᠫᠢᠩ ᠮᠠᠱᠢᠨ ᠲᠡᠷᠭᠡ᠎ᠪᠡᠷ ᠲᠢᠶᠠᠨ á  á ¨ ᠮᠸᠨ ᠳ᠋ᠤ ᠪᠤᠴᠠᠬᠤ ᠵᠠᠮ᠎ᠳᠤ᠂ ᠱᠢᠯᠭᠠᠨ ᠦᠵᠡᠬᠦ᠌᠎ᠶ᠋ᠢ ᠬᠦᠯᠢᠶᠡᠬᠦ᠌ ᠳᠠᠷᠤᠭ᠎ᠠ ᠪᠠᠢᠯᠳᠤᠭ᠍ᠴᠢᠳ᠄《ᠨᠠᠮ᠎ᠤᠨ ᠵᠢᠯᠤᠭᠤᠳᠤᠯᠭ᠎ᠠ᠎ᠶ᠋ᠢ ᠲᠠᠭᠠᠨ᠎ᠠ!ᠢᠯᠭᠤᠭᠰᠠᠨ ᠳᠠᠢᠨ ᠬᠢᠨ᠎ᠡ!ᠱᠢᠯᠢᠳᠡᠭ ᠬᠡᠪ ᠰᠤᠷᠲᠠᠯ ᠲᠠᠢ!》᠂ 《ᠱᠢᠳᠤᠷᠭᠤ ᠶᠣᠰᠣ ᠯᠠᠪᠲᠠᠢ ᠢᠯᠠᠨ᠎ᠠ! ᠡᠩᠬᠡ ᠲᠠᠢᠪᠤᠩ ᠯᠠᠪᠲᠠᠶ ᠢᠯᠠᠨ᠎ᠠ! á  á ·á  á ³ ᠲᠦᠮᠡᠨ ᠯᠠᠪᠲᠠᠶ ᠢᠯᠠᠨ᠎ᠠ!》 ᠭᠡᠵᠦ ᠳᠠᠭᠤᠨ ᠨᠢᠭᠡᠲᠡᠢ ᠬᠠᠰᠭᠢᠷᠪᠠ᠃

    á ±á ¢á ¯á ­á  á ¨ ᠦᠵᠡᠵᠦ᠍ ᠪᠠᠷᠠᠭ᠍ᠰᠠᠨ᠎ᠤ ᠳᠠᠷᠠᠭ᠎ᠠ᠂ á °á ¢ ᠵᠢᠨ ᠫᠢᠩ ᠲᠢᠶᠠᠨ á  á ¨ ᠮᠸᠨ ᠠᠰᠠᠷ᠎ᠲᠤ ᠭᠠᠷᠪᠠ᠃

9 á ´á  á ­ 44 ᠮᠢᠨᠦ᠋ᠲ᠎ᠲᠦ᠂ ᠠᠭᠠᠷ᠎ᠲᠠᠬᠡᠷᠡᠬᠢ ᠲᠣᠭ ᠬᠠᠮᠠᠭᠠᠯᠠᠬᠤ ᠱᠠᠳᠤᠯᠵᠢᠨ ᠡᠩᠨᠡᠭᠡ á ¡á © ᠲᠡᠷᠢᠭᠦᠨ᠎ᠳᠦ ᠣᠯᠠᠨ᠎ᠤ ᠡᠮᠦᠨ᠎ᠡ ᠢᠯᠡᠷᠡᠵᠦ᠍᠂ ᠴᠡᠷᠢᠭ᠎ᠠᠩᠬᠢ ᠵᠢ ᠱᠢᠯᠭᠠᠨ ᠦᠵᠡᠬᠦ᠌ ᠶᠣᠰᠣᠯᠠᠯ ᠤ᠋ᠨ ᠬᠦᠰᠢᠭᠡ ᠨᠡᠬᠡᠬᠡᠭᠳᠡᠪᠡ — 3 ᠡᠭ᠌ᠴᠡ ᠨᠢᠰᠭᠡᠯ ᠲᠣᠰ ᠲᠣᠰ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠨᠠᠮ᠎ᠤᠨ ᠲᠤᠭ᠂ ᠪᠥᠬᠥᠳᠡ ᠨᠠᠢᠷᠠᠮᠳᠠᠬᠤ ᠳᠤᠮᠳᠠᠳᠤ á  á ·á  á ³ ᠤᠯᠤᠰ᠎ᠤᠨ ᠤᠯᠤᠰ᠎ᠤᠨ ᠲᠣᠭ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠴᠡᠷᠢᠭ᠎ᠦᠨ ᠲᠣᠭ᠎ᠢ ᠡᠯᠭᠦᠵᠦ ᠰᠠᠯᠬᠢᠨ᠎ᠤ ᠠᠶ᠎ᠠ᠎ᠪᠠᠷ ᠤᠷᠤᠭ᠍ᠰᠢᠯᠠᠵᠤ᠂ 26 ᠡᠭ᠌ᠴᠡ ᠨᠢᠰᠭᠡᠯ ᠯᠤᠲᠤ ᠶᠡᠬᠡ 《80》 ᠭᠡᠯᠪᠡᠷᠢ ᠵᠢ ᠪᠦᠷᠢᠯᠳᠦᠭᠦᠯᠵᠦ᠍᠂ 3 ᠡᠭ᠌ᠴᠡ ᠨᠢᠰᠭᠡᠯ ᠲᠣᠰ ᠲᠣᠰ 《ᠱᠢᠳᠤᠷᠭᠤ ᠶᠣᠰᠣ ᠯᠠᠪᠲᠠᠶ ᠢᠯᠠᠨ᠎ᠠ》᠂ 《ᠡᠩᠬᠡ ᠲᠠᠢᠪᠤᠩ ᠯᠠᠪᠲᠠᠶ ᠢᠯᠠᠨ᠎ᠠ》᠂ 《ᠠᠷᠠᠳ ᠲᠦᠮᠡᠨ ᠯᠠᠪᠲᠠᠶ ᠢᠯᠠᠨ᠎ᠠ》 ᠭᠡᠬᠦ᠌ ᠪᠢᠴᠢᠭᠡᠰᠦ᠎ᠶ᠋ᠢ ᠡᠯᠭᠦᠵᠦ᠍ ᠲᠢᠶᠠᠨ á  á ¨ ᠮᠸᠨ ᠲᠠᠯᠠᠪᠠᠶ᠎ᠪᠠᠷ ᠨᠢᠰᠦᠨ ᠥᠩᠭᠡᠷᠡᠪᠡ᠃

    á ²á £á ° ᠤᠳᠠᠭᠠᠨ᠎ᠤ ᠴᠡᠷᠢᠭ᠎ᠠᠩᠬᠢ ᠵᠢ ᠱᠢᠯᠭᠠᠨ ᠦᠵᠡᠬᠦ᠌ ᠶᠣᠰᠣᠯᠠᠯ᠎ᠳᠤ ᠨᠡᠢᠲᠡ 45 ᠵᠢᠭᠰᠠᠭᠠᠯ (ᠱᠠᠳᠤᠯᠵᠢᠨ ᠡᠩᠨᠡᠭᠡ) ᠴᠡᠷᠢᠭ á  á ©á ­á ¢ ᠣᠷᠣᠯᠴᠠᠵᠤ᠂ ᠣᠯᠠᠩᠬᠢ ᠵᠡᠪᠰᠡᠭ ᠲᠣᠨᠣᠭ᠍ᠯᠠᠯ ᠠᠩᠬ᠎ᠠ ᠤᠳᠠᠭ᠎ᠠ ᠣᠯᠠᠨ᠎ᠤ ᠡᠮᠦᠨ᠎ᠡ ᠢᠯᠡᠷᠡᠵᠦ᠍᠂ ᠶᠠᠫᠣᠨ᠎ᠢ ᠡᠰᠡᠷᠭᠦᠴᠡᠬᠦ᠌ ᠲᠡᠢᠨ᠎ᠦ ᠪᠠᠭᠠᠲᠤᠷᠯᠢᠭ ᠴᠡᠷᠢᠭ ᠠᠩᠭᠢ᠎ᠶ᠋ᠢᠨ ᠠᠮᠢᠨ ᠰᠤᠳᠠᠰᠤ ᠵᠢᠨ ᠤᠯᠠᠮᠵᠢᠯᠠᠯ᠎ᠢ ᠭᠦᠶ᠋ᠴᠡᠳ ᠢᠯᠡᠷᠡᠭᠦᠯᠵᠦ᠍᠂ ᠱᠢᠨ᠎ᠡ á ´á  á ­ ᠦᠶ᠎ᠡ᠎ᠶ᠋ᠢᠨ ᠠᠷᠠᠳ᠎ᠤᠨ ᠴᠡᠷᠢᠭ ᠠᠩᠭᠢ᠎ᠶ᠋ᠢᠨ ᠤᠯᠤᠰ ᠲᠥᠷᠥ᠎ᠪᠡᠷ ᠴᠡᠷᠢᠭ ᠪᠠᠢᠭᠤᠯᠬᠤ ᠱᠢᠨ᠎ᠡ ᠳᠦᠷᠰᠦ ᠪᠠᠢᠳᠠᠯ᠂ ᠬᠦᠴᠦᠨ ᠴᠢᠳᠠᠯ᠎ᠤᠨ ᠪᠦᠲᠦᠴᠡ ᠵᠢᠨ ᠱᠢᠨ᠎ᠡ ᠪᠠᠢᠷᠢᠱᠢᠭᠤᠯᠤᠯᠲᠠ᠂ ᠣᠳᠣᠬᠢᠴᠢᠯᠠᠬᠤ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠠᠬᠢᠴᠠ᠂ ᠲᠡᠢᠨ᠎ᠳᠦ ᠪᠡᠯᠡᠳᠭᠡᠵᠦ᠍ ᠲᠡᠢᠨ ᠬᠢᠬᠦ᠌ ᠱᠢᠨ᠎ᠡ ᠦᠷ᠎ᠡ ᠪᠦᠲᠦᠮᠵᠢ᠎ᠶ᠋ᠢ ᠭᠦᠶ᠋ᠴᠡᠳ ᠢᠯᠡᠷᠡᠭᠦᠯᠪᠡ᠃

    á ªá  á ­á  á ²á ¤á ·á ¯á ¢á ­ ᠴᠡᠷᠢᠭ ᠵᠢᠭ᠍ᠰᠠᠵᠤ᠂ ᠰᠦᠷ ᠵᠢᠪᠬᠤᠭ᠎ᠠ ᠪᠠᠳᠠᠷᠠᠨᠭᠭᠤᠢ᠃ ᠶᠣᠰᠣᠯᠠᠯ᠎ᠤᠨ ᠵᠢᠭ᠍ᠰᠠᠭᠠᠯ ᠨᠠᠮ᠎ᠤᠨ ᠲᠤᠭ᠂ ᠤᠯᠤᠰ᠎ᠤᠨ ᠲᠤᠭ᠂ ᠴᠡᠷᠢᠭ᠎ᠦᠨ ᠲᠤᠭ᠎ᠢ ᠥᠨᠳᠥᠷ ᠡᠷᠭᠦᠵᠦ᠍᠂ ᠵᠡᠭᠦᠨ á ´á  á © á  á ¨ ᠵᠡᠭᠡᠯᠢ᠎ᠶ᠋ᠢ ᠳᠠᠭᠠᠨ ᠢᠳᠡᠷᠡᠭᠦᠨ ᠠᠯᠬᠤᠭ᠎ᠠ᠎ᠪᠠᠷ ᠠᠯᠬᠤᠨ ᠢᠷᠡᠪᠡ᠃ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠤᠳᠤᠷᠢᠳᠤᠭ᠍ᠰᠠᠨ ᠠᠷᠠᠳ᠎ᠤᠨ ᠴᠡᠷᠢᠭ á  á ©á ­á ¢ ᠪᠣᠯ ᠥᠨᠢ ᠡᠭᠦᠷᠢᠳᠡ ᠤᠯᠤᠰ ᠣᠷᠣᠨ᠎ᠤ ᠬᠠᠮᠠᠭᠠᠯᠠᠭ᠍ᠴᠢ᠂ ᠥᠨᠢ ᠡᠭᠦᠷᠢᠳᠡ ᠨᠡᠢᠭᠡᠮ ᠵᠢᠷᠤᠮ᠎ᠤᠨ ᠬᠠᠮᠠᠭᠠᠯᠠᠭ᠍ᠴᠢ᠂ ᠥᠨᠢ ᠡᠭᠦᠷᠢᠳᠡ á  á ·á  á ³ ᠲᠦᠮᠡᠨ᠎ᠦ ᠠᠱᠢᠭ ᠲᠤᠰᠠ᠎ᠶ᠋ᠢᠨ ᠬᠠᠮᠠᠭᠠᠯᠠᠭ᠍ᠴᠢ ᠮᠥᠨ᠃ ᠠᠷᠠᠳ᠎ᠤᠨ ᠴᠡᠷᠢᠭ ᠠᠩᠬᠢ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠭ᠌ᠰᠡᠨ᠎ᠦ ᠳᠠᠷᠠᠭ᠎ᠠ ᠱᠢᠨ᠎ᠡ ᠬᠡᠯᠪᠡᠷᠢ᠎ᠶ᠋ᠢᠨ ᠴᠡᠷᠢᠭ᠎ᠦᠨ ᠲᠦᠷᠦᠯ ᠪᠠ ᠴᠡᠷᠢᠭ ᠤ᠋ᠨ ᠮᠡᠷᠭᠡᠵᠢᠯ ᠤ᠋ᠨ ᠲᠦᠷᠦᠯ ᠤ᠋ᠨ ᠪᠦᠲᠦᠴᠡ᠎ᠶ᠋ᠢᠨ ᠪᠠᠢᠷᠢᠱᠢᠭᠤᠯᠤᠯᠳᠠ ᠵᠢ ᠪᠦᠷᠢᠯᠳᠦᠭᠦᠯᠵᠦ᠍᠂ 4 ᠴᠡᠷᠢᠭ᠎ᠤᠨ ᠲᠦᠷᠦᠯ᠂ 4 ᠴᠡᠷᠢᠭ᠎ᠤᠨ ᠮᠡᠷᠭᠡᠵᠢᠯ᠎ᠤᠨ ᠲᠦᠷᠦᠯ ᠪᠠ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠵᠢᠭ᠍ᠰᠠᠭᠠᠯ ᠠᠩᠬ᠎ᠠ ᠤᠳᠠᠭ᠎ᠠ ᠴᠡᠷᠢᠭ᠎ᠦᠨ ᠲᠦᠷᠦᠯ ᠪᠠ ᠴᠡᠷᠢᠭ ᠤ᠋ᠨ ᠮᠡᠷᠭᠡᠵᠢᠯ᠎ᠤᠨ ᠲᠦᠷᠦᠯ᠎ᠤᠨ ᠲᠤᠭ ᠪᠠ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠤᠭ᠎ᠢ ᠲᠥᠪᠯᠡᠷᠡᠩᠭᠦᠢ ᠬᠠᠷᠠᠭᠤᠯᠪᠠ᠃ ᠬᠠᠭᠤᠷᠠᠢ ᠵᠠᠮ᠎ᠤᠨ ᠴᠡᠷᠢᠭ᠎ᠦᠨ ᠵᠢᠭ᠍ᠰᠠᠭᠠᠯ᠂ ᠲᠠᠯᠠᠢ᠎ᠶ᠋ᠢᠨ ᠴᠡᠷᠢᠭ᠎ᠦᠨ ᠵᠢᠭ᠍ᠰᠠᠭᠠᠯ᠂ ᠠᠭᠠᠷ᠎ᠤᠨ ᠴᠡᠷᠢᠭ᠎ᠦᠨ ᠵᠢᠭ᠍ᠰᠠᠭᠠᠯ᠂ ᠲᠡᠢ᠌ᠷᠦᠯᠲᠦ ᠰᠤᠮᠤ᠎ᠶ᠋ᠢᠨ ᠴᠡᠷᠢᠭ᠎ᠦᠨ ᠵᠢᠭ᠍ᠰᠠᠭᠠᠯ ᠰᠦᠷ ᠵᠢᠪᠬᠤᠭᠠᠯᠢᠭ ᠪᠠᠢᠵᠤ᠂ ᠪᠠᠲᠦ ᠪᠡᠬᠢ ᠪᠤᠯᠤᠳ ᠬᠡᠷᠡᠮ ᠮᠡᠳᠦ á ´á  á ­ ᠦᠶ᠎ᠡ᠎ᠶ᠋ᠢᠨ ᠳᠦᠷᠰᠦ ᠪᠠᠢᠳᠠᠯ᠎ᠢ ᠢᠯᠡᠷᠡᠭᠦᠯᠪᠡ; ᠴᠡᠷᠢᠭ᠎ᠦᠨ ᠶᠠᠪᠤᠳᠠᠯ᠎ᠤᠨ ᠰᠠᠨᠰᠠᠷ᠎ᠤᠨ ᠠᠶᠠᠯᠠᠯ᠎ᠤᠨ ᠴᠡᠷᠢᠭ ᠠᠨᠭᠭᠢ᠎ᠶ᠋ᠢᠨ ᠵᠢᠭ᠍ᠰᠠᠭᠠᠯ᠂ ᠰᠦᠯᠵᠢᠶᠡᠨ᠎ᠤᠷᠤᠨ ᠵᠠᠢ᠎ᠶ᠋ᠢᠨ ᠴᠡᠷᠢᠭ ᠠᠨᠭᠭᠢ᠎ᠶ᠋ᠢᠨ ᠵᠢᠭ᠍ᠰᠠᠭᠠᠯ᠂ ᠮᠡᠳᠡᠭᠡ ᠵᠠᠩᠭᠢ᠎ᠶ᠋ᠢᠨ ᠲᠤᠰᠠᠯᠠᠬᠤ ᠴᠡᠷᠢᠭ ᠠᠨᠭᠭᠢ᠎ᠶ᠋ᠢᠨ ᠵᠢᠭ᠍ᠰᠠᠭᠠᠯ᠂ ᠬᠠᠮᠲᠤᠷᠠᠭ᠍ᠰᠠᠨ á  á ·á ¤ ᠲᠠᠯ᠎ᠠ᠎ᠶ᠋ᠢᠨ ᠪᠠᠲᠤᠯᠠᠭ᠎ᠠ᠎ᠶ᠋ᠢᠨ ᠴᠡᠷᠢᠭ ᠠᠨᠭᠭᠢ᠎ᠶ᠋ᠢᠨ ᠵᠢᠭ᠍ᠰᠠᠭᠠᠯ᠎ᠤᠨ ᠴᠤᠭ ᠵᠢᠪᠬᠤᠭ᠎ᠠ ᠪᠠᠳᠠᠷᠠᠵᠤ᠂ ᠥᠭᠡᠷᠡᠴᠢᠯᠡᠯᠲᠡ ᠬᠢᠵᠦ᠍ ᠴᠡᠷᠢᠭ᠎ᠢ ᠬᠦᠴᠦᠷᠬᠡᠭ᠌ᠵᠢᠭᠦᠯᠬᠦ᠌ á ´á £ ᠱᠢᠨ᠎ᠡ ᠪᠠᠢᠳᠠᠯ᠎ᠢ ᠲᠤᠰᠭᠠᠪᠠ; ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠎ᠶ᠋ᠢᠨ ᠵᠢᠭᠰᠠᠭᠠᠯ ᠣᠮᠣᠭ ᠲᠡᠭᠦᠯᠳᠡᠷ᠎ᠢᠶᠡᠷ ᠤᠷᠤᠭ᠍ᠰᠢᠯᠠᠵᠤ᠂ ᠦᠨᠡᠨᠴᠢ ᠱᠢᠳᠤᠷᠭᠤ ᠬᠠᠮᠠᠭᠠᠯᠠᠭ᠍ᠴᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠢᠯᠡᠷᠡᠭᠦᠯᠪᠡ; ᠪᠡᠯᠡᠳᠭᠡᠯ ᠠᠯᠪᠠᠨ᠎ᠤ ᠴᠡᠷᠢᠭ ᠠᠩᠭᠢ᠎ᠶ᠋ᠢᠨ ᠵᠢᠭ᠍ᠰᠠᠭᠠᠯ᠂ ᠡᠷᠦᠬᠡ᠎ᠶ᠋ᠢᠨ ᠴᠡᠷᠢᠭ᠎ᠦᠨ ᠵᠢᠭ᠍ᠰᠠᠭᠠᠯ ᠴᠤᠭ ᠪᠠᠳᠠᠷᠠᠩᠭᠤᠶ ᠪᠠᠢᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠡᠯᠡᠳᠭᠡᠯ ᠬᠦᠴᠦᠨ᠎ᠦ ᠪᠠᠢᠭᠤᠯᠤᠯᠲᠠ᠎ᠶ᠋ᠢᠨ á ´á  á ­ ᠦᠶ᠎ᠡ᠎ᠶ᠋ᠢᠨ ᠴᠤᠭ ᠵᠢᠪᠬᠤᠭ᠎ᠠ᠎ᠶ᠋ᠢ ᠢᠯᠡᠷᠡᠭᠦᠯᠪᠡ; ᠡᠩᠬᠡ ᠲᠠᠢᠪᠤᠩ᠎ᠢ ᠬᠠᠮᠠᠭᠠᠯᠠᠬᠤ ᠴᠡᠷᠢᠭ ᠠᠩᠭᠢ᠎ᠶ᠋ᠢᠨ ᠵᠢᠭᠰᠠᠭᠠᠯ᠎ᠤᠨ ᠢᠳᠡᠷᠡᠭᠦᠨ ᠠᠯᠬᠤᠭ᠎ᠠ ᠨᠢ ᠳᠤᠮᠳᠠᠳᠤ ᠤᠯᠤᠰ᠎ᠤᠨ ᠴᠡᠷᠢᠭ á  á ©á ­á ¢ ᠪᠣᠳᠠᠲᠤ ᠠᠵᠢᠯᠯᠠᠭ᠎ᠠ᠎ᠪᠠᠷ᠎ᠢᠶᠠᠨ ᠲᠣᠮᠣ ᠤᠯᠤᠰ᠎ᠤᠨ ᠬᠠᠷᠢᠭᠤᠴᠠᠯᠭ᠎ᠠ ᠡᠭᠦᠷᠭᠡᠯᠡᠯ᠎ᠢ ᠪᠢᠴᠢᠭ᠌ᠯᠡᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭ᠌ᠰᠡᠨ᠎ᠢ ᠬᠠᠷᠠᠭᠤᠯᠵᠤ ᠪᠤᠢ᠃

    á ªá  á ¢á ¯á ³á ¤á ­á  á ¨á Žá ¤ ᠲᠤᠭ ᠨᠠᠮᠢᠷᠠᠵᠤ᠂ ᠬᠦᠴᠦᠳᠤ ᠴᠡᠷᠢᠭ ᠤᠷᠤᠭᠰᠢᠯᠠᠨ᠎ᠠ᠃ ᠶᠠᠫᠣᠨ᠎ᠢ ᠡᠰᠡᠷᠭᠦᠴᠡᠭ᠌ᠰᠡᠨ 80 ᠪᠠᠭᠠᠲᠤᠷᠯᠢᠭ ᠵᠢᠱ᠌ᠢᠶᠡᠴᠢ ᠴᠡᠷᠢᠭ ᠠᠩᠭᠢ᠎ᠶ᠋ᠢᠨ ᠢᠷᠠᠭᠤ ᠠᠯᠳᠠᠷ᠎ᠤᠨ ᠲᠣᠭ᠎ᠢᠶᠠᠷ ᠪᠦᠷᠢᠯᠳᠦᠭ᠌ᠰᠡᠨ ᠪᠠᠢᠯᠳᠤᠭᠠᠨ᠎ᠤ ᠲᠣᠭ᠎ᠤᠨ ᠵᠢᠭᠰᠠᠭᠠᠯ ᠨᠢ ᠲᠡᠦᠬᠡ᠎ᠶ᠋ᠢᠨ ᠢᠷᠠᠭᠤ ᠠᠯᠳᠠᠷ᠎ᠢ ᠠᠴᠢᠶᠠᠯᠠᠨ ᠠᠢᠰᠤᠢ᠃ ᠡᠳᠡᠭᠡᠷ ᠪᠠᠭᠠᠲᠤᠷᠴᠤᠳ᠎ᠤᠨ ᠲᠤᠬ᠂ ᠢᠯᠠᠯᠲᠠ᠎ᠶ᠋ᠢᠨ ᠲᠤᠬ᠂ ᠪᠠᠯᠠᠷᠠᠰᠢ ᠦᠭᠡᠢ ᠲᠤᠬ ᠨᠢ ᠠᠷᠠᠳ᠎ᠤᠨ ᠴᠡᠷᠢᠭ ᠠᠩᠭᠢ᠎ᠶ᠋ᠢᠨ ᠡᠷᠡᠯᠬᠡᠭ᠌ᠯᠡᠨ ᠤᠷᠤᠭ᠍ᠰᠢᠯᠠᠬᠤ᠎ᠶ᠋ᠢ ᠵᠣᠷᠢᠭ᠍ᠵᠢᠭᠤᠯᠤᠨ᠎ᠠ᠃ ᠵᠡᠪᠰᠡᠭ ᠲᠣᠨᠣᠭ᠍ᠯᠠᠯ᠎ᠤᠨ ᠵᠢᠭ᠍ᠰᠠᠭᠠᠯ᠎ᠤᠨ ᠳᠤᠭᠤᠢᠯᠠᠩ᠎ᠤᠨ ᠬᠠᠭᠤᠷᠠᠢ ᠳᠡᠭᠡᠷᠡᠬᠢ ᠪᠠᠢᠯᠳᠤᠭᠠᠨ᠎ᠤ ᠪᠦᠯᠬᠦᠮ᠂ ᠳᠠᠯᠠᠢ ᠳᠡᠭᠡᠷᠡᠬᠢ ᠪᠠᠢᠯᠳᠤᠭᠠᠨ᠎ᠤ ᠪᠦᠯᠬᠦᠮ᠂ ᠠᠭᠠᠷ᠎ᠤᠨ ᠰᠡᠷᠭᠡᠢᠯᠡᠯᠲᠡ᠎ᠬᠢᠵᠦ ᠵᠠᠯᠠᠭᠤᠷᠲᠤ ᠰᠤᠮᠤ᠎ᠶ᠋ᠢ ᠨᠢᠷᠭᠡᠬᠦ ᠪᠦᠯᠬᠦᠮ᠂ ᠮᠡᠳᠡᠭᠡ ᠵᠠᠩᠭᠢ᠎ᠶ᠋ᠢᠨ ᠪᠠᠢᠯᠳᠤᠭᠠᠨ᠎ᠤ ᠪᠦᠯᠬᠦᠮ᠂ ᠵᠢᠯᠣᠭᠣᠴᠢ ᠦᠭᠡᠢ ᠨᠢᠰᠭᠡᠯ᠎ᠤᠨ ᠪᠠᠢᠯᠳᠤᠭᠠᠨ᠎ᠤ ᠪᠦᠯᠬᠦᠮ᠂ á  á ·á ¤ ᠲᠠᠯ᠎ᠠ᠎ᠶ᠋ᠢᠨ ᠪᠠᠲᠤᠯᠠᠭ᠎ᠠ᠎ᠶ᠋ᠢᠨ ᠪᠦᠯᠬᠦᠮ᠂ ᠪᠠᠢᠯᠳᠤᠬᠤ ᠪᠤᠳᠤᠯᠭ᠎ᠠ᠎ᠶ᠋ᠢᠨ ᠴᠣᠬᠢᠯᠲᠠ ᠥᠭ᠌ᠬᠦ ᠪᠦᠯᠬᠦᠮ ᠰᠦᠷ ᠳᠠᠯᠠᠢᠴᠠᠲᠠᠢ᠎ᠪᠠᠷ ᠨᠠᠭᠠᠰᠢᠯᠠᠨ ᠢᠷᠡᠵᠦ᠍᠂ ᠱᠢᠯᠭᠠᠨ ᠦᠵᠡᠬᠦ᠌᠎ᠶ᠋ᠢ ᠬᠦᠯᠢᠶᠡᠪᠡ᠃ ᠱᠢᠨ᠎ᠡ ᠮᠠᠶᠢᠭ᠎ᠤᠨ ᠲᠠᠩᠺ᠂ ᠵᠢᠯᠤᠭᠤᠴᠢ ᠦᠭᠡᠢ ᠤᠶᠤᠨᠳᠤ ᠮᠠᠰᠢᠨ᠂ ᠡᠯᠸᠺᠲ᠋ᠷᠤᠨ ᠰᠦᠯᠵᠢᠶ᠎ᠡ᠎ᠪᠡᠷ ᠪᠠᠢᠯᠳᠤᠬᠤ᠂ ᠭᠡᠳᠤ ᠲᠠᠭᠤᠨ᠎ᠤ ᠬᠤᠷᠳᠤᠴᠠ᠂ ᠠᠭᠠᠷ᠎ᠤᠨ ᠰᠡᠷᠭᠡᠢᠯᠡᠯᠲᠡ ᠬᠢᠵᠦ ᠵᠠᠯᠠᠭᠤᠷᠲᠤ ᠰᠤᠮᠤ᠎ᠶ᠋ᠢ ᠨᠢᠷᠭᠡᠬᠦ᠂ ᠪᠠᠢᠯᠳᠤᠬᠤ ᠪᠤᠳᠤᠯᠭ᠎ᠠ᠎ᠶ᠋ᠢᠨ ᠵᠠᠯᠠᠭᠤᠷᠲᠤ ᠰᠤᠮᠤ ᠁ ᠶᠠᠫᠣᠨ᠎ᠢ ᠡᠰᠡᠷᠭᠦᠴᠡᠬᠦ᠌ ᠲᠠᠢ᠌ᠨ᠎ᠦ ᠦᠶ᠎ᠡ᠎ᠶ᠋ᠢᠨ ᠨᠤᠲᠤᠭ᠎ᠤᠨ ᠫᠤᠤ ᠵᠡᠪᠰᠡᠭ᠎ᠡᠴᠡ ᠥᠨᠥᠳᠦᠷ᠎ᠦᠨ ᠱᠢᠨ᠎ᠡ ᠮᠠᠶᠢᠭ᠎ᠤᠨ ᠪᠠᠢᠯᠳᠤᠬᠤ ᠬᠦᠴᠦᠨ ᠬᠦᠷᠲᠡᠯ᠎ᠡ᠂ ᠤᠯᠤᠰ᠎ᠲᠠᠭᠠᠨ ᠦᠢᠯᠡᠳᠪᠦᠷᠢᠯᠡᠭ᠌ᠰᠡᠨ ᠵᠢᠩᠬᠢᠨᠢ ᠠᠯᠪᠠᠨ᠎ᠤ ᠭᠣᠣᠯ ᠪᠠᠢᠯᠳᠤᠭᠠᠨ᠎ᠤ ᠲᠣᠨᠣᠭ᠍ᠯᠠᠯ ᠪᠠ ᠪᠠᠢᠯᠳᠤᠬᠤ ᠪᠤᠳᠤᠯᠭ᠎ᠠ᠎ᠶ᠋ᠢᠨ ᠰᠤᠳᠤᠨ ᠲᠤᠨᠤᠭᠯᠠᠯ ᠲᠢᠶᠠᠨ á  á ¨ ᠮᠸᠨ ᠠᠰᠠᠷ᠎ᠤᠨ ᠡᠮᠦᠨᠡᠬᠦᠷ ᠨᠢᠭᠡᠳ ᠨᠢᠭᠡ᠎ᠪᠡᠷ ᠦᠨᠭᠭᠡᠷᠡᠵᠦ᠂ ᠤᠯᠤᠰ᠎ᠤᠨ ᠡᠷᠬᠡ ᠮᠡᠳᠡᠯ ᠠᠮᠤᠷ ᠲᠦᠪᠱᠢᠨ ᠬᠥᠭ᠌ᠵᠢᠯᠲᠡ᠎ᠶ᠋ᠢᠨ ᠠᠱᠢᠭ ᠲᠤᠰᠠ᠎ᠶ᠋ᠢ á ¡á ·á ¡á ° ᠬᠠᠮᠠᠭᠠᠯᠠᠬᠤ᠂ ᠳᠡᠯᠡᠬᠡᠢ᠎ᠶ᠋ᠢᠨ ᠡᠩᠬᠡ ᠲᠠᠢᠪᠤᠩ᠎ᠢ á ¡á ·á ¡á ° ᠬᠠᠮᠠᠭᠠᠯᠠᠬᠤ ᠬᠠᠳᠠᠨ ᠵᠣᠷᠢᠭ ᠪᠠ ᠬᠦᠴᠦᠷᠬᠡᠭ ᠶᠡᠬᠡ ᠪᠣᠳᠠᠲᠤ ᠬᠦᠴᠦᠨ᠎ᠢ ᠢᠯᠡᠷᠡᠭᠦᠯᠪᠡ᠃

    á ªá  á ¢á ¯á ³á ¤á ­á  á ¨á Žá ¤ ᠪᠦᠷᠭᠦᠳ ᠢᠰᠭᠡᠷᠤᠨ᠂ ᠠᠭᠤᠳᠠᠮ ᠤᠭᠲᠠᠷᠭᠤᠢ᠎ᠳᠤ ᠵᠢᠭᠦᠷ᠎ᠵᠢᠡᠨ ᠳᠡᠪᠢᠨ ᠳᠡᠭᠦᠯᠢᠨ᠎ᠡ᠃ ᠤᠷᠢᠳᠴᠢᠯᠠᠨ ᠰᠡᠷᠡᠮᠵᠢᠯᠡᠭᠦᠯᠬᠦ᠌ ᠵᠢᠯᠣᠭᠣᠳᠭᠤ ᠨᠢᠰᠭᠡᠯ᠂ ᠣᠨᠴᠠ ᠲᠦᠷᠦᠯ᠎ᠦᠨ ᠨᠢᠰᠭᠡᠯ᠂ ᠲᠡᠭᠡᠭᠡᠪᠦᠷᠢ᠎ᠶ᠋ᠢᠨ ᠨᠢᠰᠭᠡᠯ᠂ ᠳᠡᠯᠪᠡᠴᠢᠬᠦ᠌ ᠨᠢᠰᠭᠡᠯ᠂ ᠲᠤᠰᠤ ᠨᠡᠮᠡᠵᠦ᠍ ᠲᠤᠰᠤ ᠬᠦᠷᠳᠡᠬᠦ᠌ ᠨᠢᠰᠭᠡᠯ᠂ ᠰᠥᠨᠥᠭᠡᠭ᠌ᠴᠢ ᠨᠢᠰᠭᠡᠯ᠂ ᠬᠥᠯᠭᠡ ᠣᠩᠭᠣᠴᠠᠨ᠎ᠳᠤ ᠠᠴᠢᠶᠠᠯᠠᠬᠤ ᠨᠢᠰᠭᠡᠯ ᠵᠡᠷᠭᠡ ᠠᠭᠠᠷ᠎ᠳᠡᠭᠡᠷᠡᠬᠢ ᠪᠠᠢᠯᠳᠤᠭᠠᠨ᠎ᠤ ᠵᠢᠭᠰᠠᠭᠠᠯ ᠳᠡᠰ ᠳᠠᠷᠠᠭ᠎ᠠ᠎ᠲᠠᠶ᠎ᠪᠠᠷ ᠲᠢᠶᠠᠨ á  á ¨ ᠮᠸᠨ ᠠᠭᠤᠳᠠᠮ ᠲᠠᠯᠠᠪᠠᠢ᠎ᠪᠠᠷ ᠨᠢᠰᠦᠨ ᠥᠩᠭᠡᠷᠡᠵᠦ᠍᠂ ᠱᠢᠯᠭᠠᠨ ᠦᠵᠡᠬᠦ᠌᠎ᠶ᠋ᠢ ᠬᠦᠯᠢᠶᠡᠬᠦ᠌ ᠤᠷᠢᠳᠴᠢᠯᠠᠨ ᠰᠡᠷᠡᠮᠵᠢᠯᠡᠭᠦᠯᠬᠦ᠌ ᠲᠠᠩᠨᠠᠯᠳᠠ᠂ ᠠᠯᠤᠰ᠎ᠠᠴᠠ ᠴᠣᠬᠢᠯᠲᠠ ᠥᠭ᠌ᠬᠦ᠂ á  á ­á  á ·á Žá ¢ ᠡᠵᠡᠮᠳᠡᠨ ᠪᠠᠢᠯᠳᠤᠬᠤ᠂ ᠪᠠᠢᠯᠳᠤᠬᠤ ᠪᠤᠳᠤᠯᠭ᠎ᠠ᠎ᠶ᠋ᠢᠨ ᠬᠦᠷᠭᠡᠯᠲᠡ᠂ ᠲᠤᠰᠠᠯᠠᠮᠵᠢ ᠪᠠᠲᠤᠯᠠᠭ᠎ᠠ ᠵᠡᠷᠭᠡ ᠬᠡᠯᠪᠡᠷᠢ᠎ᠶ᠋ᠢᠨ ᠨᠢᠰᠭᠡᠯ ᠨᠢ ᠮᠠᠨ᠎ᠤ ᠴᠡᠷᠢᠭ᠎ᠦᠨ ᠲᠦᠷᠭᠡᠨ ᠳᠡᠭᠡᠭ᠌ᠰᠢᠯᠡᠵᠦ᠍ ᠪᠠᠢᠭ᠎ᠠ ᠠᠭᠠᠷ᠎ᠳᠡᠭᠡᠷᠡᠬᠢ ᠪᠠᠢᠯᠳᠤᠭᠠᠨ ᠬᠢᠬᠦ᠌ ᠴᠢᠳᠠᠪᠤᠷᠢ᠎ᠶ᠋ᠢ ᠱᠢᠰᠲᠸᠮ ᠲᠠᠢ ᠢᠯᠡᠷᠡᠭᠦᠯᠵᠡᠢ᠃ ᠳᠠᠰᠭᠠᠯᠵᠢᠭᠤᠯᠤᠭ᠍ᠴᠢ᠎ᠶ᠋ᠢᠨ ᠨᠢᠰᠭᠡᠯ᠎ᠦᠨ ᠵᠢᠭ᠍ᠰᠠᠭᠠᠯ 14 ᠥᠩᠭᠡᠲᠦ ᠤᠳᠤᠭ᠎ᠠ ᠲᠠᠲᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ 14 ᠵᠢᠯ᠎ᠦᠨ ᠮᠠᠭ᠍ᠲᠠᠨ ᠳᠠᠭᠤᠯᠠᠭᠤᠱᠢᠲᠠᠢ ᠶᠠᠫᠣᠨ᠎ᠢ ᠡᠰᠡᠷᠭᠦᠴᠡᠬᠦ᠌ ᠳᠠᠢ᠌ᠨ᠎ᠦ ᠲᠡᠦᠬᠡᠨ ᠶᠠᠪᠤᠴᠠ᠎ᠶ᠋ᠢ ᠪᠡᠯᠭᠡᠳᠡᠵᠦ᠍᠂ 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ á  á ·á  á ³ ᠲᠦᠮᠡᠨ᠎ᠦ ᠤᠯᠤᠰ᠎ᠢᠶᠠᠨ ᠬᠦᠴᠦᠷᠬᠡᠭ᠌ᠵᠢᠭᠦᠯᠬᠦ᠌ ᠰᠡᠷᠭᠦᠨ ᠮᠠᠨᠳᠤᠯᠲᠠ᠎ᠶ᠋ᠢᠨ á ­á ¡á ­á ¡á ¨ ᠰᠠᠷᠠᠭᠤᠯ ᠢᠷᠡᠭᠡᠳᠦᠢ ᠲᠡᠢᠰᠢ ᠲᠡᠮᠡᠤᠯᠬᠦ᠎ᠶ᠋ᠢ ᠪᠡᠯᠭᠡᠳᠡᠪᠡ᠃

    á °á ¢ ᠵᠢᠨ ᠫᠢᠩ ᠵᠡᠷᠭᠡ ᠳᠤᠮᠳᠠᠳᠤ ᠭᠠᠳᠠᠭᠠᠳᠤ᠎ᠶ᠋ᠢᠨ ᠤᠳᠤᠷᠢᠳᠭᠤ ᠬᠥᠮᠦᠰ ᠵᠠᠯᠭᠠᠭ᠎ᠠ᠎ᠪᠠᠷ ᠠᠯᠠᠭ᠎ᠠ ᠲᠠᠱᠢᠵᠦ᠍᠂ ᠲᠤᠬᠠᠢ᠎ᠶ᠋ᠢᠨ ᠲᠠᠯᠠᠪᠠᠢ᠎ᠳᠤ ᠪᠠᠢᠨ ᠳᠠᠬᠢᠨ ᠠᠯᠠᠭ᠎ᠠ ᠲᠠᠱᠢᠯᠳᠠ᠎ᠶ᠋ᠢᠨ ᠲᠠᠭᠤᠨ ᠪᠠ ᠤᠷᠠᠢᠯᠠᠬᠤ ᠲᠠᠭᠤᠨ ᠲᠤᠭᠤᠯᠳᠠᠨ᠎ᠠ᠃

8 ᠲᠦᠮᠡᠨ ᠡᠩᠬᠡ ᠲᠠᠢᠪᠤᠩ᠎ᠤᠨ ᠲᠠᠭ᠍ᠲᠠᠭ᠎ᠠ ᠵᠢᠭᠦᠷ᠎ᠢᠶᠡᠨ ᠳᠡᠯᠭᠡᠨ ᠥᠨᠳᠥᠷ᠎ᠲᠦ ᠨᠢᠰᠴᠦ᠍᠂ 8 ᠲᠦᠮᠡᠨ ᠬᠡᠢᠲᠦ ᠪᠥᠮᠪᠥᠭᠡ ᠣᠭ᠍ᠲᠠᠷᠭᠤᠢ᠎ᠳᠤ ᠳᠡᠭ᠌ᠳᠡᠨ ᠭᠠᠷᠴᠤ᠂ 《ᠡᠬᠡ ᠤᠯᠤᠰ᠎ᠢᠶᠠᠨ ᠮᠠᠭ᠍ᠲᠠᠨ ᠳᠠᠭᠤᠯᠠᠶ᠎ᠠ》ᠭᠡᠬᠦ᠌ ᠰᠦᠷ ᠵᠢᠪᠬᠤᠯᠠᠩᠲᠤ ᠬᠥᠭ᠌ᠵᠢᠮ᠎ᠦᠨ ᠠᠶᠠᠰ ᠪᠦᠬᠦᠢᠯᠡ ᠠᠭᠤᠳᠠᠮ ᠲᠠᠯᠠᠪᠠᠢ᠎ᠳᠤ ᠴᠤᠤᠷᠢᠶᠠᠲᠤᠪᠠ᠃ ᠰᠢ ᠵᠢᠨ ᠫᠢᠩ᠎ᠨᠡᠷ ᠡᠯ᠎ᠡ ᠡᠲᠡᠭᠡᠳ᠎ᠦᠨ ᠤᠯᠠᠨ ᠲᠦᠮᠡᠨ᠎ᠳᠦ ᠪᠠᠢᠨ ᠳᠠᠬᠢᠨ ᠮᠡᠨᠳᠦᠴᠢᠯᠡᠯ ᠬᠦᠷᠭᠡᠵᠦ᠍᠂ ᠠᠭᠤᠳᠠᠮ ᠲᠠᠯᠠᠪᠠᠢ᠎ᠶ᠋ᠢᠨ ᠳᠤᠲᠤᠨ᠎ᠠ ᠭᠠᠳᠠᠨ᠎ᠠ ᠬᠦᠷ ᠬᠥᠭ᠌ᠵᠢᠶᠡᠨ ᠵᠢᠡᠷ ᠪᠢᠯᠬᠠᠨ᠎ᠠ᠃

    á ¶á ¡á ¬á ¡ ᠬᠤᠷᠠᠯ 1 á ´á  á ­ 26 ᠮᠢᠨᠦ᠋ᠲ ᠶᠠᠪᠤᠭ᠍ᠳᠠᠵᠤ᠂ 10 á ´á  á ­ 26 ᠮᠢᠨᠦ᠋ᠲ᠎ᠲᠦ ᠲᠡᠭᠦᠰ ᠠᠮᠵᠢᠯᠲᠠ᠎ᠲᠠᠶ ᠦᠨᠳᠤᠷᠯᠡᠪᠡ᠃

    á ¶á ¡á ¬á ¡ ᠬᠤᠷᠠᠯ ᠡᠬᠢᠯᠡᠬᠦ᠌᠎ᠡᠴᠡ ᠡᠮᠦᠨ᠎ᠡ᠂ á °á ¢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠳ᠋ᠤᠸᠠᠨ ᠮᠸᠨ᠎ᠤ ᠭᠠᠳᠠᠨᠠᠬᠢ ᠠᠭᠤᠳᠠᠮ ᠲᠠᠯᠠᠪᠠᠢ᠎ᠳᠤ ᠶᠡᠬᠡ ᠬᠤᠷᠠᠯ᠎ᠳᠤ ᠣᠷᠣᠯᠴᠠᠬᠤ ᠭᠠᠳᠠᠭᠠᠳᠤ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ ᠵᠢᠴᠢ ᠲᠡᠳᠡᠨ᠎ᠦ ᠬᠠᠨᠢ ᠨᠦᠬᠦᠷ᠎ᠢ ᠤᠭ᠍ᠲᠤᠭ᠍ᠰᠠᠨ ᠪᠥᠭᠡᠳ ᠲᠡᠳᠡᠨ᠎ᠲᠡᠶ ᠬᠠᠮᠲᠤ᠎ᠰᠡᠭᠦᠳᠡᠷ ᠲᠠᠲᠠᠭᠤᠯᠵᠤ ᠳᠤᠷᠠᠰᠭᠠᠯ ᠦᠯᠡᠳᠡᠭᠡᠪᠡ᠃

    á ¶á ¡á ¬á ¡ ᠬᠤᠷᠠᠯ᠎ᠳᠤ ᠣᠷᠣᠯᠴᠠᠭ᠍ᠰᠠᠨ ᠤᠯᠠᠨ ᠤᠯᠤᠰ᠎ᠤᠨ ᠬᠦᠨᠳᠦᠲᠦ ᠵᠣᠴᠢᠳ ᠲᠤ᠌᠄ ᠤᠷᠤᠰ᠎ᠤᠨ ᠶᠡᠷᠦᠩᠬᠡᠢᠯᠡᠭ᠌ᠴᠢ ᠫᠦᠲ᠋ᠢᠨ᠂ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠶ ᠱᠦᠵᠢ᠂ ᠲᠥᠷᠥ᠎ᠶ᠋ᠢᠨ ᠶᠠᠪᠤᠳᠠᠯ᠎ᠤᠨ ᠬᠣᠷᠢᠶᠠᠨ ᠳᠠᠷᠤᠭ᠎ᠠ᠎ᠶ᠋ᠢᠨ ᠵᠧᠩ ᠧᠨ᠂ ᠺᠠᠮᠪᠣᠵᠠ᠎ᠶ᠋ᠢᠨ ᠤᠯᠤᠰ᠎ᠤᠨ ᠸᠠᠩ ᠱᠢᠬᠠᠮᠦᠨᠢ᠂ ᠸᠢᠶᠧᠲ᠋ᠨᠠᠮ᠎ᠤᠨ ᠤᠯᠤᠰ᠎ᠤᠨ ᠲᠡᠷᠢᠭᠦᠯᠡᠭ᠌ᠴᠢ ᠯᠢᠶᠠᠩ ᠴᠢᠶᠠᠩ᠂ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠲᠥᠪ ᠬᠣᠷᠢᠶ᠎ᠠ᠎ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠲᠦᠩᠯᠥ᠋ᠨ᠂ ᠢᠨᠳᠣᠨᠧᠱᠢᠢ᠎ᠠ᠎ᠶ᠋ᠢᠨ ᠶᠡᠷᠦᠩᠬᠡᠢᠯᠡᠭ᠌ᠴᠢ ᠫᠷᠠᠪᠤᠸᠸ᠂ ᠮᠠᠯᠠᠢᠱᠢᠶ᠎ᠠ᠎ᠶ᠋ᠢᠨ ᠶᠡᠷᠦᠩᠬᠡᠶ ᠰᠠᠢᠳ ᠠᠨᠸᠠᠷ᠂ ᠮᠣᠩᠭᠣᠯ ᠤᠯᠤᠰ᠎ᠤᠨ ᠶᠡᠷᠦᠩᠬᠡᠢᠯᠡᠭ᠌ᠴᠢ ᠬᠦᠷᠡᠯᠰᠦ᠋ᠬᠡ᠂ ᠫᠠᠺᠢᠰᠲ᠋ᠠᠨ᠎ᠤ ᠶᠡᠷᠦᠩᠬᠡᠶ ᠰᠠᠢᠳ ᠱᠢᠶᠠᠪᠠᠽᠢ᠂ ᠨᠸᠫᠠᠯ᠎ᠤᠨ ᠶᠡᠷᠦᠩᠬᠡᠶ ᠰᠠᠢᠳ ᠤᠤᠯᠢ᠂ ᠮᠠᠯᠳᠠᠢᠹ᠎ᠤᠨ ᠶᠡᠷᠦᠩᠬᠡᠢᠯᠡᠭ᠌ᠴᠢ ᠮᠦᠶᠢᠽᠢ᠂ ᠺᠠᠽᠠᠬ᠍ᠰᠲ᠋ᠠᠨ᠎ᠤ ᠶᠡᠷᠦᠩᠬᠡᠢᠯᠡᠭ᠌ᠴᠢ ᠲᠦᠸᠸᠺᠠᠶᠸᠹ᠂ ᠦᠽᠪᠸᠺᠰᠲ᠋ᠠᠨ᠎ᠤ ᠶᠡᠷᠦᠩᠬᠡᠢᠯᠡᠭ᠌ᠴᠢ ᠮᠢᠷᠵᠢᠶᠤᠤᠶ᠍ᠸᠹ᠂ ᠲᠠᠵᠢᠺᠰᠲ᠋ᠠᠨ᠎ᠤ ᠶᠡᠷᠦᠩᠬᠡᠢᠯᠡᠭ᠌ᠴᠢ ᠯᠠᡁᠸᠮᠸᠩ᠂ ᠺᠢᠷᠬᠢᠽᠰᠲ᠋ᠠᠨ᠎ᠤ ᠶᠡᠷᠦᠩᠬᠡᠢᠯᠡᠭ᠌ᠴᠢ ᠵᠠᠫᠠᠯᠤᠹ᠂ ᠲᠦᠷᠺᠮᠸᠨ᠋ᠰᠲ᠋ᠠᠨ᠎ᠤ ᠶᠡᠷᠦᠩᠬᠡᠢᠯᠡᠭ᠌ᠴᠢ ᠪᠸᠷᠳᠢᠮᠦ᠋ᠬᠠᠮᠸᠳᠤᠹ᠂ ᠪᠸᠯᠤᠷᠦ᠋ᠰᠢᠶ᠎ᠠ᠎ᠵᠢᠨ ᠶᠡᠷᠦᠩᠬᠡᠢᠯᠡᠭ᠌ᠴᠢ ᠯᠦᠺᠠᠱᠸᠨᠺᠸ᠂ ᠠᠽᠧᠷᠪᠠᠢᠵᠠᠨ᠎ᠤ ᠶᠡᠷᠦᠩᠬᠡᠢᠯᠡᠭ᠌ᠴᠢ ᠠᠯᠢᠶᠸᠹ᠂ ᠠᠷᠮᠧᠨᠢᠶ᠎ᠠ᠎ᠶ᠋ᠢᠨ ᠶᠡᠷᠦᠩᠬᠡᠶ ᠰᠠᠢᠳ ᠫᠠᠱᠨᠢᠶᠠᠩ᠂ ᠢᠷᠠᠨ᠎ᠤ ᠶᠡᠷᠦᠩᠬᠡᠢᠯᠡᠭ᠌ᠴᠢ ᠫᠸᠴᠸᠱᠺᠢᠶᠠᠨ᠂ ᠺᠣᠩᠭᠤ᠋ (ᠪᠷᠠᠽᠠᠸᠢᠯ) ᠶ᠋ᠢᠨ ᠶᠡᠷᠦᠩᠬᠡᠢᠯᠡᠭ᠌ᠴᠢ ᠰᠠᠰᠦ᠋᠂ ᠽᠢᠮᠪᠠᠪᠦ᠋ᠸᠧᠢ᠎ᠶ᠋ᠢᠨ ᠶᠡᠷᠦᠩᠬᠡᠢᠯᠡᠭ᠌ᠴᠢ ᠮᠦᠨᠠᠨᠵᠢᠶᠠᠬᠦ᠋ᠸᠠ᠂ ᠰᠸᠷᠪᠢᠶ᠎ᠠ᠎ᠶ᠋ᠢᠨ ᠶᠡᠷᠦᠩᠬᠡᠢᠯᠡᠭ᠌ᠴᠢ ᠥᠴᠢᠴᠢ᠂ ᠰᠯᠤᠸᠠᠺᠢᠶ᠎ᠠ᠎ᠵᠢᠨ ᠶᠡᠷᠦᠩᠬᠡᠶ ᠰᠠᠢᠳ ᠹᠸᠢᠢᠽᠦ᠋ᠸᠸ᠂ ᠺᠦᠪᠠ᠎ᠶ᠋ᠢᠨ á ¡á ª ᠬᠠᠮᠲᠤ ᠨᠠᠮ᠎ᠤᠨ ᠲᠥᠪ ᠬᠣᠷᠢᠶ᠎ᠠ᠎ᠵᠢᠨ ᠨᠢᠭᠡᠳᠦᠭᠡᠷ ᠱᠦᠵᠢ᠂ ᠤᠯᠤᠰ᠎ᠤᠨ ᠲᠡᠷᠢᠭᠦᠯᠡᠭ᠌ᠴᠢ ᠳ᠋ᠢᠶᠠᠰ — ᠺᠠᠨᠧᠢᠷ᠂ ᠪᠢᠷᠮᠠ᠎ᠶ᠋ᠢᠨ ᠣᠷᠣᠯᠠᠭ᠍ᠴᠢ ᠶᠡᠷᠦᠩᠬᠡᠢᠯᠡᠭ᠌ᠴᠢ ᠮᠢᠨ á  á © ᠯᠠᠶ᠂ ᠺᠣᠷᠢᠶᠠ᠎ᠶ᠋ᠢᠨ ᠤᠯᠤᠰ᠎ᠤᠨ ᠬᠤᠷᠠᠯ᠎ᠤᠨ ᠳᠠᠷᠤᠭ᠎ᠠ ᠢᠦᠶ ᠶᠤᠸᠠᠨ ᡁᠢ᠂ ᠵᠡᠭᠦᠨ ᠲᠢᠮᠦᠷ᠎ᠦᠨ ᠤᠯᠤᠰ ᠠᠷᠠᠳ᠎ᠤᠨ ᠵᠥᠪᠯᠡᠯᠭᠡᠨ᠎ᠦ ᠬᠤᠷᠠᠯ᠎ᠤᠨ ᠳᠠᠷᠤᠭ᠎ᠠ ᠹᠸᠢ᠌ᠷᠨᠠᠨᠳᠠ᠂ ᠸᠧᠨᠧᠽᠦ᠋ᠧᠯᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠡᠷᠢᠭᠦᠯᠡᠭ᠌ᠴᠢ ᠷᠦᠸᠸᠳ᠋ᠸᠷᠢᠭ᠌ᠸᠰ᠂ ᠱᠢᠩᠭᠠᠫᠣᠷ᠎ᠤᠨ ᠳᠡᠳ᠋ ᠶᠡᠷᠦᠩᠬᠡᠶ ᠰᠠᠢᠳ á ¶á  á ¨ ᠵᠢᠨ ᠶᠦᠩ᠂ ᠶᠧᠵᠢᠫᠲ᠎ᠦᠨ ᠶᠡᠷᠦᠩᠬᠡᠢᠯᠡᠭ᠌ᠴᠢ᠎ᠶ᠋ᠢᠨ ᠣᠨᠴᠠ ᠡᠯᠴᠢ᠂ ᠳᠡᠳ᠋ ᠶᠡᠷᠦᠩᠬᠡᠶ ᠰᠠᠢᠳ ᠸᠠᠽᠢᠷ᠂ ᠪᠤᠯᠭᠠᠷᠢᠶ᠎ᠠ᠎ᠶ᠋ᠢᠨ ᠵᠠᠰᠠᠭ᠎ᠤᠨ ᠣᠷᠳᠣᠨ᠎ᠤ ᠳᠡᠳ᠋ ᠶᠡᠷᠦᠩᠬᠡᠶ ᠰᠠᠢᠳ᠂ ᠨᠡᠢᠭᠡᠮ ᠨᠠᠮ᠎ᠤᠨ ᠲᠡᠷᠢᠭᠦᠯᠡᠭ᠌ᠴᠢ ᠵᠠᠹᠢᠯᠤᠹ᠂ ᠲᠦᠷᠺ᠎ᠦᠨ ᠶᠡᠷᠦᠩᠬᠡᠢᠯᠡᠭ᠌ᠴᠢ ᠠᠢᠷᠳᠦ᠌ á Š ᠠᠨ᠎ᠤ ᠲᠥᠯᠥᠭᠡᠯᠡᠭ᠌ᠴᠢ᠂ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠹᠸᠢ᠌ᠳᠠᠨ᠂ ᠲᠦᠷᠺ᠎ᠦᠨ ᠶᠡᠷᠦᠩᠬᠡᠢᠯᠡᠭ᠌ᠴᠢ ᠠᠢᠷᠳᠦ᠌ á Š ᠠᠨ᠎ᠤ ᠲᠥᠯᠥᠭᠡᠯᠡᠭ᠌ᠴᠢ᠂ ᠡᠨᠧᠷᠭᠢ ᠪᠠ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠰᠠᠢᠳ ᠪᠠᠶᠠᠷᠠᠺᠲ᠋ᠠᠷ᠂ ᠪᠷᠠᠽᠢᠯ᠎ᠤᠨ ᠶᠡᠷᠦᠩᠬᠡᠢᠯᠡᠭ᠌ᠴᠢ᠎ᠶ᠋ᠢᠨ ᠲᠡᠷᠢᠭᠦᠨ ᠣᠨᠴᠠ ᠵᠥᠪᠯᠡᠭ᠌ᠴᠢ ᠠᠮᠦ᠋ᠸᠸᠯᠢᠨ᠂ ᠪᠷᠠᠽᠢᠯ᠎ᠤᠨ ᠵᠠᠰᠠᠭ᠎ᠤᠨ ᠣᠷᠳᠣᠨ᠎ᠤ ᠲᠥᠯᠥᠭᠡᠯᠡᠭ᠌ᠴᠢ᠂ ᠳᠤᠮᠳᠠᠳᠤ ᠤᠯᠤᠰ᠎ᠲᠤ ᠰᠠᠭᠤᠭ᠎ᠠ ᠪᠷᠠᠽᠢᠯ᠎ᠤᠨ ᠡᠯᠴᠢᠨ ᠰᠠᠢᠳ ᠭᠤᠤ ᠸᠠᠩ᠂ ᠨᠢᠺᠠᠷᠠᠭᠤᠸᠠ᠎ᠶ᠋ᠢᠨ ᠵᠠᠰᠠᠭ᠎ᠤᠨ ᠣᠷᠳᠣᠨ᠎ᠤ ᠲᠥᠯᠥᠭᠡᠯᠡᠭ᠌ᠴᠢ᠂ ᠶᠡᠷᠦᠩᠬᠡᠢᠯᠡᠭ᠌ᠴᠢ᠎ᠶ᠋ᠢᠨ ᠵᠥᠪᠯᠡᠭ᠌ᠴᠢ ᠯᠠᠦ᠋ᠷᠸ᠋ᠶᠠᠨᠣ᠋᠂ ᠬᠠᠩᠭᠠᠷᠢ᠎ᠶ᠋ᠢᠨ ᠵᠠᠰᠠᠭ᠎ᠤᠨ ᠣᠷᠳᠣᠨ᠎ᠤ ᠲᠥᠯᠥᠭᠡᠯᠡᠭ᠌ᠴᠢ᠂ ᠭᠠᠳᠠᠭᠠᠳᠤ ᠬᠠᠷᠢᠯᠴᠠᠭ᠎ᠠ ᠪᠠ ᠭᠠᠳᠠᠭᠠᠳᠤ ᠠᠵᠤ ᠠᠬᠤᠶ᠎ᠶ᠋ᠢᠨ ᠶᠠᠮᠤᠨ᠎ᠤ ᠰᠠᠢᠳ ᠱᠢᠶᠠᠯᠳᠤ᠋᠂ ᠪᠷᠦ᠋ᠨ᠋ᠸᠢ᠎ᠶ᠋ᠢᠨ ᠬᠠᠭᠠᠨ᠎ᠤ ᠣᠷᠳᠣᠨ᠎ᠤ ᠵᠡᠪᠰᠡᠭ᠌ᠲᠦ ᠴᠡᠷᠢᠭ ᠠᠩᠭᠢ᠎ᠶ᠋ᠢᠨ ᠺᠤᠮᠠᠨᠳ᠋ᠯᠠᠭᠴᠢ ᠬᠠᠽᠠᠶᠢᠮᠢ᠂ ᠪᠧᠩᠭᠠᠯ ᠤᠯᠤᠰ᠎ᠤᠨ ᠲᠦᠷ ᠴᠠᠭ᠎ᠤᠨ ᠵᠠᠰᠠᠭ᠎ᠤᠨ ᠣᠷᠳᠣᠨ᠎ᠤ ᠲᠥᠯᠥᠭᠡᠯᠡᠭ᠌ᠴᠢ᠂ ᠤᠯᠤᠰ᠎ᠤᠨ ᠠᠮᠤᠷ ᠲᠦᠪᠱᠢᠨ᠎ᠦ ᠵᠥᠪᠯᠡᠭ᠌ᠴᠢ ᠯᠠᠾᠸᠮᠠᠨ᠂ ᠧᠦ᠋ᠷᠣᠫᠠ᠎ᠶ᠋ᠢᠨ ᠵᠥᠪᠯᠡᠯᠭᠡᠨ᠎ᠦ ᠬᠤᠷᠠᠯ᠎ᠤᠨ ᠭᠡᠱᠢᠭᠦᠨ ᠳ᠋ᠦᠸᠸᠰᠲ᠋ᠠᠯ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢ ᠵᠢᠶᠦ᠋ᠨ ᠬᠤᠸᠠ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠮᠤ ᠪᠤᠳᠠᠭ᠎ᠠ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ᠎ᠶ᠋ᠢᠨ ᠶᠡᠷᠦᠩᠬᠡᠶ ᠠᠵᠢᠯᠯᠠᠭ᠍ᠴᠢ ᠴᠢᠦᠶ ᠳ᠋ᠦᠩ ᠢᠦᠶ᠂ ᠱᠢᠨ᠎ᠡ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ᠎ᠶ᠋ᠢᠨ ᠳᠠᠷᠤᠭ᠎ᠠ ᠷᠤᠰᠸᠹ᠂ ᠠᠽᠢᠶ᠎ᠠ ᠲᠢᠪ᠎ᠦᠨ ᠰᠠᠭᠤᠷᠢ ᠲᠥᠬᠥᠭᠡᠷᠦᠮᠵᠢ᠎ᠶ᠋ᠢᠨ ᠪᠡᠯᠡ ᠣᠷᠣᠭᠤᠯᠤᠯᠲᠠ᠎ᠶ᠋ᠢᠨ ᠪᠠᠩᠬᠢ᠎ᠶ᠋ᠢᠨ ᠳᠠᠷᠤᠭ᠎ᠠ᠎ᠶ᠋ᠢᠨ ᠯᠢ ᠴᠢᠶᠦ᠋ᠨ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠶᠸᠷᠮᠸᠢ᠌ᠺᠪᠠᠶ᠍ᠸᠹ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠭᠠᠵᠠᠷ ᠣᠷᠣᠨ᠎ᠤ ᠰᠦᠷᠳᠡᠭᠦᠯᠦᠯ᠎ᠢ ᠡᠰᠡᠷᠭᠦᠴᠡᠬᠦ᠌ ᠪᠠᠢᠭᠤᠯᠤᠮᠵᠢ᠎ᠶ᠋ᠢᠨ ᠭᠦᠢᠴᠡᠳᠭᠡᠬᠦ᠌ ᠵᠥᠪᠯᠡᠯ᠎ᠦᠨ ᠡᠷᠬᠢᠯᠡᠭ᠌ᠴᠢ ᠱᠠᠷᠱᠶᠸᠹ᠂ ᠠᠽᠢᠶ᠎ᠠ ᠲᠢᠪ᠎ᠦᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ᠌ á  á ·á ­á Žá   ᠬᠡᠮᠵᠢᠶ᠎ᠡ ᠵᠢᠨ ᠬᠤᠷᠠᠯ᠎ᠤᠨ ᠨᠠᠷᠢᠨ ᠪᠢᠴᠢᠭ᠎ᠦᠨ ᠳᠠᠷᠤᠭ᠎ᠠ ᠰᠠᠯᠸᠢᠢᠪᠠᠢ᠂ ᠲᠤᠰᠠᠭᠠᠷ ᠤᠯᠤᠰ᠎ᠤᠳ᠎ᠤᠨ ᠬᠣᠯᠪᠣᠭᠠᠲᠤ ᠴᠣᠭ᠍ᠴᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠯᠸᠪᠸᠵᠢᠶᠸᠹ᠂ ᠬᠠᠮᠲᠤ᠎ᠶ᠋ᠢᠨ ᠠᠮᠤᠷ ᠲᠦᠪᠱᠢᠨ᠎ᠦ ᠭᠡᠷ᠎ᠡ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠲᠠᠰᠮᠠᠵᠢᠶᠠᠮᠦ᠋ᠪᠸᠲ᠋ᠦ᠋ᠸᠸᠹ᠂ ᠧᠦ᠋ᠷᠣᠫᠠ ᠠᠽᠢᠶ᠎ᠠ᠎ᠶ᠋ᠢᠨ ᠠᠵᠤ ᠠᠬᠤᠶ᠎ᠶ᠋ᠢᠨ ᠵᠥᠪᠯᠡᠯ᠎ᠦᠨ ᠭᠦᠶ᠋ᠴᠡᠳᠭᠡᠬᠦ᠌ ᠵᠥᠪᠯᠡᠯ᠎ᠦᠨ ᠲᠡᠷᠢᠭᠦᠯᠡᠭ᠌ᠴᠢ ᠰᠠᠵᠢᠨᠲ᠋ᠠᠶᠸᠹ᠂ ᠶᠠᠫᠣᠨ᠎ᠤ ᠤᠤᠯ᠎ᠤᠨ ᠲᠡᠷᠢᠭᠦᠨ ᠰᠠᠢᠳ ᠬᠠᠲ᠋ᠤᠶᠠᠮᠠ ᠶᠦᠺᠢᠸᠤ᠋᠂ ᠰᠸᠢᠰ᠎ᠦᠨ ᠬᠣᠯᠪᠣᠭᠠᠨ᠎ᠤ ᠤᠤᠯ᠎ᠤᠨ ᠲᠡᠷᠢᠭᠦᠯᠡᠭ᠌ᠴᠢ ᠪᠥᠭᠡᠳ ᠡᠳ᠋᠎ᠦᠨ ᠵᠠᠰᠠᠭ᠎ᠤᠨ ᠶᠠᠮᠤᠨ᠎ᠤ ᠰᠠᠢᠳ ᠮᠤᠤᠯᠸᠢ᠌ᠯ᠂ ᠪᠧᠯᠭᠢ᠎ᠶ᠋ᠢᠨ ᠤᠤᠯ᠎ᠤᠨ ᠲᠡᠷᠢᠭᠦᠨ ᠰᠠᠢᠳ ᠯᠠᠢᠲ᠋ᠸᠮ᠂ ᠭᠷᠧᠭ᠎ᠦᠨ ᠤᠤᠯ᠎ᠤᠨ ᠶᠡᠷᠦᠩᠬᠡᠢ ᠰᠠᠢᠳ ᠫᠠᠫᠠᠨᠳ᠋ᠷᠢᠤ᠋᠂ ᠢᠲ᠋ᠠᠯᠢ᠎ᠶ᠋ᠢᠨ ᠤᠤᠯ ᠤ᠋ᠨ ᠶᠡᠷᠦᠩᠬᠡᠶ ᠰᠠᠢᠳ ᠳ᠋ᠠᠯᠸᠮᠠ᠂ ᠷᠣᠮᠠᠨᠢᠶ᠎ᠠ᠎ᠶ᠋ᠢᠨ ᠤᠤᠯ ᠤ᠋ᠨ ᠶᠡᠷᠦᠩᠬᠡᠶ ᠰᠠᠢᠳ ᠨᠸᠰᠲ᠋ᠠᠰᠠᠢ᠂ ᠳ᠋ᠡᠨᠴᠢᠯᠠ᠂ ᠱᠢᠨ᠎ᠡ ᠽᠢᠯᠠᠨᠳ᠋᠎ᠤᠨ ᠤᠤᠯ᠎ᠤᠨ ᠶᠡᠷᠦᠩᠬᠡᠶ ᠰᠠᠢᠳ ᠺᠯᠠᠺ᠂ ᠶᠤᠬᠠᠨ·á ºá ¢á ‚ ᠠᠦ᠋ᠰᠲ᠋ᠷᠠᠯᠢᠶ᠎ᠠ᠎ᠶ᠋ᠢᠨ ᠸᠢᠺᠲ᠋ᠣᠷᠢᠶ᠎ᠠ ᠵᠧᠤ᠎ᠶ᠋ᠢᠨ ᠤᠤᠯ᠎ᠤᠨ ᠳᠠᠷᠤᠭ᠎ᠠ ᠠᠨᠳ᠋ᠸᠯᠦ᠋ᠰ ᠨᠠᠷ ᠪᠤᠢ᠃

    á ¶á ¡á ¬á ¡ ᠬᠤᠷᠠᠯ᠎ᠳᠤ ᠤᠷᠤᠯᠴᠠᠭᠰᠠᠳ ᠲᠤ᠌ ᠪᠠᠰᠠ᠄ ᠮᠠ ᠱᠢᠩ ᠷᠦᠢ᠂ ᠸᠠᠩ ᠢ᠂ ᠶᠢᠨ ᠯᠢ᠂ ᠱ᠌ᠢ᠎ᠲᠡᠶ ᠹᠧᠩ᠂ ᠯᠢᠦ ᠭᠦᠸᠧ ᠵᠦᠩ᠂ ᠯᠢ á ­á  á ¨ ᠵᠢᠶᠧ᠂ ᠯᠢ ᠱᠤ᠌ ᠯᠸᠢ᠂ ᠯᠢ ᠬᠣᠩ ᠵᠥᠩ᠂ ᠾᠧ ᠯᠢ ᠹᠧᠩ᠂ ᠵᠠᠩ ᠶᠢᠦ ᠱᠢᠶᠠ᠂ ᠵᠠᠩ ᠭᠦᠸᠧ ᠴᠢᠩ᠂ á ´á §á ¨ ᠸᠸᠨ ᠴᠢᠩ᠂ á ´á §á ¨ ᠵᠢᠶ ᠨᠢᠩ᠂ á ´á §á ¨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢ ᠷᠦᠢ ᠬᠤᠸᠠᠨ᠂ ᠸᠸᠨ ᠵᠢᠶᠠ ᠪᠦᠦ᠂ ᠵᠢᠶᠠ ᠴᠢᠩ ᠯᠢᠨ᠂ ᠵᠠᠩ ᠳ᠋ᠧ ᠵᠢᠶᠠᠩ᠂ ᠢᠦᠶ ᠵᠧᠩ ᠱᠧᠩ᠂ ᠯᠢ ᠵᠠᠨ ᠱᠤ᠌᠂ ᠸᠠᠩ á ¶á  á ©á ‚ ᠯᠢ ᠯᠠᠨ ᠴᠢᠩ᠂ ᠽᠸᠩ ᠴᠢᠩ ᠬᠣᠩ᠂ ᠡᠸ᠋ ᠭᠤᠸᠠᠨ ᠵᠧᠩ᠂ ᠯᠢ á ´á  á © ᠴᠦᠨ᠂ ᠾᠧ ᠭᠦᠸᠧ ᠴᠢᠶᠠᠩ᠂ ᠯᠢᠦ ᠶᠦᠨ ᠱᠠᠨ᠂ ᠸᠠᠩ á ´á ¢ ᠱᠠᠨ᠂ ᠵᠠᠩ ᠭᠤᠤ ᠯᠢ᠂ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠲᠥᠪ ᠬᠤᠷᠢᠶ᠎ᠠ ᠵᠢᠨ ᠱᠦᠵᠢ᠎ᠨᠡᠷ᠎ᠦᠨ ᠭᠠᠵᠠᠷ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠤᠳᠤᠷᠢᠳᠭᠤ ᠨᠥᠬᠥᠳ ᠪᠣᠯᠤᠨ ᠤᠳᠤᠷᠢᠳᠭᠤ ᠲᠤᠱᠢᠶᠠᠯ᠎ᠡᠴᠡ᠎ᠪᠠᠨ ᠪᠠᠭᠤᠭ᠍ᠰᠠᠨ ᠨᠥᠬᠥᠳ᠂ ᠱᠢᠶᠠᠩᠭᠠᠩ᠎ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠼᠸᠨ ᠬᠤᠤ ᠬᠤᠢ ᠨᠠᠷ ᠪᠤᠢ᠃

ᠪᠡᠭᠡᠵᠢᠩ᠎ᠳᠦ ᠪᠠᠢᠭ᠎ᠠ ᠲᠥᠪ᠎ᠦᠨ ᠨᠠᠮ ᠵᠠᠰᠠᠭ ᠴᠡᠷᠢᠭ ᠣᠯᠠᠨ ᠲᠦᠮᠡᠨ᠎ᠦ ᠡᠯ᠎ᠡ ᠰᠠᠯᠠᠭ᠎ᠠ ᠮᠥᠴᠢᠷ ᠪᠣᠯᠤᠨ ᠪᠡᠭᠡᠵᠢᠩ ᠬᠣᠲᠠ᠎ᠶ᠋ᠢᠨ ᠬᠠᠷᠢᠭᠤᠴᠠᠯᠭᠠᠲᠠᠨ ᠨᠥᠬᠥᠳ᠂ ᠶᠠᠫᠣᠨ᠎ᠢ ᠡᠰᠡᠷᠭᠦᠴᠡᠬᠦ᠌ ᠳᠠᠢᠨ᠎ᠳᠤ ᠣᠷᠣᠯᠴᠠᠵᠤ ᠥᠩᠭᠡᠷᠡᠭ᠌ᠰᠡᠨ ᠠᠬᠠᠮᠠᠳ ᠪᠠᠢᠯᠳᠤᠭ᠍ᠴᠢ᠂ ᠠᠬᠠᠮᠠᠳ ᠨᠥᠬᠥᠳ᠂ ᠡᠮᠦᠨ᠎ᠡ ᠹᠷᠣᠨᠲ᠎ᠢ ᠲᠤᠰᠠᠯᠠᠭ᠍ᠰᠠᠨ ᠵᠢᠱ᠌ᠢᠶᠡᠴᠢ ᠨᠠᠷ᠎ᠤᠨ ᠲᠥᠯᠥᠭᠡᠯᠡᠭ᠌ᠴᠢ᠂ ᠶᠠᠫᠣᠨ᠎ᠢ ᠡᠰᠡᠷᠭᠦᠴᠡᠬᠦ᠌ ᠳᠠᠢᠨ᠎ᠤ ᠦᠷᠡᠭ᠌ᠳᠡᠭ᠌ᠰᠡᠨ ᠪᠠᠭᠠᠲᠤᠷᠴᠤᠳ᠎ᠤᠨ ᠲᠥᠷᠥᠯ ᠰᠠᠳᠤᠨ᠎ᠤ ᠲᠥᠯᠥᠭᠡᠯᠡᠭ᠌ᠴᠢ᠂ ᠶᠠᠫᠣᠨ᠎ᠢ ᠡᠰᠡᠷᠭᠦᠴᠡᠭ᠌ᠰᠡᠨ ᠭᠣᠮᠢᠨᠳᠠᠩ᠎ᠤᠨ ᠠᠬᠠᠮᠠᠳ ᠴᠡᠷᠢᠭ᠎ᠦᠨ ᠲᠥᠯᠥᠭᠡᠯᠡᠭ᠌ᠴᠢ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠤᠯᠤᠰ ᠵᠢᠡᠨ ᠬᠠᠢᠷᠠᠯᠠᠬᠤ ᠬᠥᠮᠦᠰ᠂ ᠶᠠᠫᠣᠨ᠎ᠢ ᠡᠰᠡᠷᠭᠦᠴᠡᠬᠦ᠌ ᠲᠠᠢᠨ ᠤ᠋ ᠵᠠᠩᠵᠤᠨ᠎ᠤ á ­á ¡á · ᠪᠦᠯᠢ᠎ᠶ᠋ᠢᠨ ᠲᠥᠯᠥᠭᠡᠯᠡᠭ᠌ᠴᠢ᠂ ᠠᠬᠠᠮᠠᠳ ᠨᠥᠬᠥᠳ᠎ᠦᠨ ᠲᠥᠯᠥᠭᠡᠯᠡᠭ᠌ᠴᠢ᠂ ᠪᠡᠭᠡᠵᠢᠩ᠎ᠳᠡᠬᠢ ᠲᠥᠪ á ¡á ´á ¡ ᠬᠠᠮᠢᠶᠠᠷᠴᠦ ᠪᠠᠢᠭ᠎ᠠ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠠᠵᠤ ᠠᠬᠤᠢᠯᠠᠯ᠂ á ¶á ¡á ­á ¡ ᠳᠡᠭᠡᠳᠦ ᠰᠤᠷᠭᠠᠭᠤᠯᠢ ᠵᠡᠷᠭᠡ ᠨᠢᠭᠡᠴᠢ᠎ᠶ᠋ᠢᠨ ᠭᠤᠤᠯ ᠬᠠᠷᠢᠭᠤᠴᠠᠯᠭᠠᠲᠠᠨ ᠨᠥᠬᠥᠳ᠂ ᠪᠡᠭᠡᠵᠢᠩ᠎ᠳᠦ ᠪᠠᠢᠭ᠎ᠠ ᠲᠥᠪ ᠬᠤᠷᠢᠶ᠎ᠠ ᠵᠢᠨ ᠭᠡᠱᠢᠭᠦᠳ᠂ ᠲᠥᠪ ᠬᠤᠷᠢᠶ᠎ᠠ ᠵᠢᠨ ᠣᠷᠣᠯᠠᠭ᠍ᠴᠢ ᠭᠡᠱᠢᠭᠦᠳ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠲᠥᠯᠥᠭᠡᠯᠡᠭ᠌ᠴᠢ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠭᠡᠱᠢᠭᠦᠳ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠭᠡᠱᠢᠭᠦᠳ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠤᠷᠢᠶ᠎ᠠ ᠵᠢᠨ ᠪᠡᠭᠡᠵᠢᠩ᠎ᠳᠦ ᠪᠠᠢᠭ᠎ᠠ ᠭᠡᠱᠢᠭᠦᠳ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠴᠢᠳ᠎ᠤᠨ ᠬᠤᠯᠪᠤᠭ᠎ᠠ ᠵᠢᠨ ᠪᠡᠭᠡᠵᠢᠩ᠎ᠳᠦ ᠪᠠᠢᠭ᠎ᠠ ᠭᠦᠢᠴᠡᠳᠭᠡᠬᠦ᠌ ᠭᠡᠱᠢᠭᠦᠳ ᠪᠠ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ᠂ 《ᠪᠥᠬᠥᠳᠡ ᠨᠠᠢᠷᠠᠮᠳᠠᠬᠤ ᠤᠯᠤᠰ᠎ᠤᠨ ᠭᠠᠪᠢᠶᠠᠨ ᠲᠡᠮᠳᠡᠭ》᠂ 《7·1 ᠤ᠋ ᠭᠠᠪᠢᠶᠠᠨ ᠲᠡᠮᠳᠡᠭ》 ᠂《8·1 ᠤ᠋ ᠭᠠᠪᠢᠶᠠᠨ ᠲᠡᠮᠳᠡᠭ》ᠪᠣᠯᠤᠨ ᠤᠯᠤᠰ᠎ᠤᠨ ᠢᠷᠠᠭᠤ ᠠᠯᠳᠠᠷ᠎ᠤᠨ ᠴᠣᠯᠠ ᠭᠥᠷᠳᠡᠭ᠌ᠰᠡᠳ᠎ᠦᠨ ᠲᠥᠯᠥᠭᠡᠯᠡᠭ᠌ᠴᠢ᠂ ᠪᠦᠬᠦ᠌ ᠤᠯᠤᠰ᠎ᠤᠨ ᠲᠡᠷᠢᠭᠦᠨ᠎ᠦ ᠵᠢᠱ᠌ᠢᠶᠡᠴᠢ ᠬᠥᠮᠦᠰ᠎ᠦᠨ ᠲᠥᠯᠥᠭᠡᠯᠡᠭ᠌ᠴᠢ᠂ ᠠᠷᠪᠠᠨ ᠨᠢᠭᠡᠳᠦᠭᠡᠷ ᠳᠦᠷᠢ᠎ᠶ᠋ᠢᠨ ᠪᠠᠨᠴᠢᠠᠡᠷᠳᠡᠨᠢ·á ´á £á ¢á µá ¢á µá  á ¯á ªá ¦á ‚ ᠪᠦᠬᠦ᠌ ᠤᠯᠤᠰ᠎ᠤᠨ ᠴᠢᠨᠠᠷᠲᠠᠶ ᠱᠠᠱᠢᠨ ᠰᠤᠷᠲᠠᠬᠤᠨ᠎ᠤ ᠪᠦᠯᠬᠦᠮ᠎ᠦᠨ ᠭᠤᠤᠯ ᠬᠠᠷᠢᠭᠤᠴᠠᠯᠭᠠᠲᠠᠨ᠂ ᠪᠦᠬᠦ᠌ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠲᠥᠯᠥᠭᠡᠯᠡᠭ᠌ᠴᠢ᠂ ᠪᠡᠭᠡᠵᠢᠩ᠎ᠳᠦ ᠪᠠᠢᠭ᠎ᠠ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠪᠣᠯᠤᠨ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠂ ᠦᠷᠡᠭ᠌ᠳᠡᠭ᠌ᠰᠡᠨ ᠪᠠᠭᠠᠲᠤᠷ ᠵᠢᠴᠢ ᠠᠯᠪᠠᠨ ᠶᠠᠪᠤᠳᠠᠯ᠎ᠢᠶᠠᠷ ᠪᠡᠶ᠎ᠡ ᠦᠷᠡᠭ᠌ᠳᠡᠭ᠌ᠰᠡᠨ ᠬᠥᠮᠦᠰ᠎ᠦᠨ á ­á ¡á · ᠪᠦᠯᠢ᠎ᠶ᠋ᠢᠨ ᠲᠥᠯᠥᠭᠡᠯᠡᠭ᠌ᠴᠢ᠂ ᠭᠠᠳᠠᠭᠠᠳᠤ᠎ᠳᠤ ᠰᠤᠷᠤᠯᠴᠠᠭᠠᠳ ᠤᠯᠤᠰ᠎ᠲᠠᠭᠠᠨ ᠪᠤᠴᠠᠭ᠍ᠰᠠᠨ ᠱᠢᠯᠢᠳᠡᠭ ᠴᠢᠳᠠᠪᠤᠷᠢᠲᠠᠨ᠎ᠤ ᠲᠥᠯᠥᠭᠡᠯᠡᠭ᠌ᠴᠢ᠂ ᠨᠠᠰᠤ ᠪᠠᠷᠠᠭ᠍ᠰᠠᠨ ᠬᠡᠰᠡᠭ ᠠᠬᠠᠮᠠᠳ ᠨᠥᠬᠥᠳ᠎ᠦᠨ ᠲᠦᠷᠦᠯ ᠰᠠᠳᠤᠨ᠂ ᠪᠦᠬᠦ᠌ ᠤᠯᠤᠰ᠎ᠤᠨ ᠭᠣᠣᠯᠳᠠᠯᠭ᠎ᠠ᠎ᠲᠠᠶ ᠬᠠᠷᠠᠭᠠᠯᠵᠠᠬᠤ ᠡᠲᠡᠭᠡᠳ᠂ ᠱᠢᠶᠠᠩᠭᠠᠩ ᠣᠣᠮᠧᠨ ᠲᠠᠢᠸᠠᠨ᠎ᠤ ᠠᠬ᠎ᠠ ᠳᠡᠭᠦᠦ᠍᠎ᠨᠡᠷ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ᠍᠎ᠨᠡᠷ᠎ᠦᠨ ᠲᠥᠯᠥᠭᠡᠯᠡᠭ᠌ᠴᠢ᠂ ᠨᠡᠢᠰᠯᠡᠯ᠎ᠦᠨ ᠡᠯ᠎ᠡ ᠡᠲᠡᠭᠡᠳ᠎ᠦᠨ ᠤᠯᠠᠨ ᠲᠦᠮᠡᠨ᠎ᠦ ᠲᠥᠯᠥᠭᠡᠯᠡᠭ᠌ᠴᠢ᠂ ᠪᠡᠭᠡᠵᠢᠩ᠎ᠳᠦ ᠰᠠᠭᠤᠭ᠎ᠠ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ᠎ᠤᠨ ᠲᠥᠯᠥᠭᠡᠯᠡᠭ᠌ᠴᠢ ᠶᠡᠬᠡ ᠬᠤᠷᠠᠯ᠎ᠳᠤ ᠣᠷᠣᠯᠴᠠᠪᠠ᠃

    á ­á  á ³á  á ­á  á ³á ¤á Žá ¶á ‹á ¢á ¨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ᠂ ᠡᠯ᠎ᠡ ᠤᠯᠤᠰ᠎ᠤᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳ᠂ ᠴᠡᠷᠢᠭ᠎ᠦᠨ ᠡᠯᠴᠢᠨ ᠪᠣᠯᠤᠨ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠳᠤᠮᠳᠠᠳᠤ ᠤᠯᠤᠰ᠎ᠲᠤ ᠰᠠᠭᠤᠭ᠎ᠠ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠶᠠᠫᠣᠨ᠎ᠢ ᠡᠰᠡᠷᠭᠦᠴᠡᠬᠦ᠌ ᠲᠠᠢ᠌ᠨ᠎ᠦ ᠢᠯᠠᠯᠲᠠ ᠤᠯᠬᠤ᠎ᠳᠤ ᠬᠤᠪᠢ ᠨᠡᠮᠡᠷᠢ ᠦᠵᠡᠭᠦᠯᠦᠭ᠌ᠰᠡᠨ ᠤᠯᠠᠨ ᠤᠯᠤᠰ᠎ᠤᠨ ᠨᠥᠬᠥᠷᠰᠡᠭ ᠬᠥᠮᠦᠰ ᠪᠤᠶᠤ ᠲᠡᠭᠦᠨ᠎ᠦ á ­á ¡á · ᠪᠦᠯᠢ᠎ᠶ᠋ᠢᠨ ᠲᠥᠯᠥᠭᠡᠯᠡᠭ᠌ᠴᠢ᠂ ᠪᠡᠭᠡᠵᠢᠩ᠎ᠳᠦ ᠪᠠᠢᠭ᠎ᠠ ᠭᠠᠳᠠᠭᠠᠳᠤ᠎ᠶ᠋ᠢᠨ ᠲᠤᠰᠭᠠᠢ ᠮᠡᠷᠭᠡᠵᠢᠯᠲᠡᠨ᠎ᠦ ᠲᠥᠯᠥᠭᠡᠯᠡᠭ᠌ᠴᠢ ᠴᠦ᠍ ᠤᠷᠢᠯᠭ᠎ᠠ᠎ᠪᠠᠷ ᠶᠡᠬᠡ ᠬᠤᠷᠠᠯ᠎ᠳᠤ ᠣᠷᠣᠯᠴᠠᠵᠡᠢ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 9 ᠰᠠᠷ᠎ᠠ᠎ᠶ᠋ᠢᠨ 3 ᠤ᠋ ᠴᠠᠬᠢᠯᠭᠠᠨ ᠮᠡᠳᠡᠭᠡ) 

ᠢᠷᠡᠯᠲᠡ᠄ ᠱᠢᠨᠬᠤᠸᠠ ᠬᠤᠷᠢᠶ᠎ᠠ
          
ᠬᠠᠮᠢᠶ᠎ᠡ ᠪᠦᠬᠦᠢ ᠰᠣᠨᠢᠨ
 
            