ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠳᠥᠷᠪᠡᠳᠦᠭᠡᠷ ᠬᠤᠭᠤᠴᠠᠭᠠᠨ᠎ᠤ ᠨᠡᠢᠭᠡᠮ ᠲᠣᠭᠣᠷᠢᠭ᠎ᠤᠨ ᠲᠣᠣᠷ ᠪᠥᠮᠪᠥᠭᠡ᠎ᠶ᠋ᠢᠨ ᠬᠠᠮᠲᠤ᠎ᠶ᠋ᠢᠨ ᠤᠷᠤᠯᠳᠤᠭᠠᠨ ᠶᠠᠪᠤᠭᠳᠠᠵᠠᠢ
ᠨᠡᠶ᠋ᠢᠲᠡᠯᠡᠭᠰᠡᠨ ᠴᠠᠭ᠄ 2025-09-25

     á ¤á ¢á ·á Žá   ᠳ᠋ᠤ᠂ ᠳᠤᠮᠳᠠᠳᠤ ᠤᠯᠤᠰ᠎ᠤᠨ ᠲᠣᠣᠷ ᠪᠥᠮᠪᠥᠭᠡ᠎ᠶ᠋ᠢᠨ ᠨᠡᠢᠭᠡᠮᠯᠢᠭ᠎ᠡᠴᠡ ᠭᠣᠣᠯᠯᠠᠨ ᠡᠷᠬᠢᠯᠡᠵᠦ᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ á ¡á ´á ¡ ᠳᠠᠭᠠᠭᠠᠴᠢᠯᠠᠨ ᠡᠷᠬᠢᠯᠡᠭᠰᠡᠨ《ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠲᠣᠣᠷ ᠪᠥᠮᠪᠥᠭᠡ᠎ᠶ᠋ᠢᠨ ᠨᠡᠢᠭᠡᠮᠯᠢᠭ᠎ᠦᠨ ᠨᠡᠢᠭᠡᠮ ᠲᠣᠭᠣᠷᠢᠭ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠨᠡᠢᠭᠡᠮ ᠲᠣᠭᠣᠷᠢᠭ᠎ᠤᠨ ᠲᠣᠣᠷ ᠪᠥᠮᠪᠥᠭᠡ᠎ᠶ᠋ᠢᠨ ᠬᠠᠮᠲᠤ᠎ᠶ᠋ᠢᠨ ᠤᠷᠤᠯᠳᠤᠭᠠᠨ ᠵᠢᠴᠢ ᠳᠤᠮᠳᠠᠳᠤ ᠤᠯᠤᠰ᠎ᠤᠨ ᠲᠣᠰᠭᠣᠨ᠎ᠤ ᠲᠣᠣᠷ ᠪᠥᠮᠪᠥᠭᠡ᠎ᠶ᠋ᠢᠨ ᠱᠢᠯᠭᠠᠷᠠᠭᠤᠯᠬᠤ ᠤᠷᠤᠯᠳᠤᠭᠠᠨ(ᠬᠥᠬᠡᠬᠣᠲᠠ ᠦᠷᠳᠡᠭᠡ)》 ᠬᠦᠬᠡᠬᠤᠳᠠ ᠳ᠋ᠤ ᠶᠠᠪᠤᠭᠳᠠᠪᠠ᠃ ᠪᠦᠬᠦ᠌ ᠬᠣᠲᠠ᠎ᠶ᠋ᠢᠨ ᠡᠯ᠎ᠡ ᠨᠡᠢᠭᠡᠮ ᠲᠣᠭᠣᠷᠢᠭ᠎ᠤᠨ ᠲᠣᠣᠷ ᠪᠥᠮᠪᠥᠭᠡ᠎ᠶ᠋ᠢᠨ ᠳᠤᠷ᠎ᠠ ᠪᠠᠬᠠᠲᠠᠳ᠎ᠨᠢᠭᠡ ᠲᠤᠤᠷ᠎ᠠ ᠴᠤᠬᠯᠠᠷᠠᠵᠤ᠂ á  á ©á ­á ¢ ᠪᠠᠭ ᠬᠤᠪᠢᠶᠠᠨ ᠤᠷᠤᠯᠳᠤᠵᠠᠢ᠃ ᠲᠤᠰ ᠤᠳᠠᠭᠠᠨ᠎ᠤ ᠤᠷᠤᠯᠳᠤᠭᠠᠨ ᠨᠢ 《ᠲᠤᠤᠷ ᠪᠦᠮᠪᠦᠭᠡ ᠬᠥᠷᠰᠢ ᠵᠡᠷᠭᠡᠯᠡᠳᠡᠭᠡ᠎ᠶ᠋ᠢᠨ ᠰᠡᠳᠭᠢᠯᠭᠡ᠎ᠶ᠋ᠢ ᠵᠤᠵᠠᠭᠠᠳᠬᠠᠵᠤ᠂ ᠲᠤᠤᠷ ᠪᠦᠮᠪᠦᠭᠡ ᠵᠢᠨ ᠵᠡᠭᠦᠳᠦ ᠪᠡᠨ ᠬᠠᠮᠲᠤ ᠪᠡᠷ ᠲᠡᠷᠭᠡᠯᠰᠢᠭᠦᠯᠦᠶ᠎ᠡ》 ᠪᠠᠷ ᠭᠤᠤᠯ ᠰᠡᠳᠦᠪ ᠪᠣᠯᠭᠠᠪᠠ᠂ ᠲᠡᠷᠡ ᠨᠢ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠠᠯᠠᠮᠰᠢᠯ᠎ᠤᠨ ᠳᠤᠤᠷᠠᠬᠢ ᠨᠡᠢᠭᠡᠮ ᠲᠣᠭᠣᠷᠢᠭ᠎ᠤᠨ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠳᠠᠢᠯᠠᠯᠭ᠎ᠠ ᠪᠦᠭᠡᠳ ᠪᠠᠰᠠ ᠴᠤ᠌ ᠳᠤᠮᠳᠠᠳᠤ ᠤᠯᠤᠰ᠎ᠤᠨ ᠲᠣᠰᠭᠣᠨ᠎ᠤ ᠲᠤᠤᠷ ᠪᠦᠮᠪᠦᠭᠡ᠎ᠶᠢᠨ ᠠᠩᠬᠢ ᠪᠠᠭ᠎ᠢ ᠱᠢᠯᠢᠨ ᠰᠣᠩᠭᠣᠬᠤ ᠴᠢᠬᠤᠯᠠ ᠨᠢᠭᠡ ᠥᠷᠲᠡᠭᠡ ᠪᠣᠯᠤᠨ᠎ᠠ᠃

     á ²á ¤á ° ᠤᠳᠠᠭᠠᠨ᠎ᠤ ᠤᠷᠤᠯᠳᠤᠭᠠᠨ᠎ᠳᠦ 《ᠭᠤᠷᠪᠠᠨ ᠲᠠᠯᠠᠪᠤᠷ ᠬᠦᠢᠰᠦ ᠵᠢᠨ ᠢᠯᠭᠠᠯ ᠵᠢᠡᠷ ᠬᠢᠵᠠᠭᠠᠷᠯᠠᠬᠤ ᠦᠭᠡᠢ ᠬᠣᠣᠰᠯᠠᠨ ᠴᠣᠬᠢᠬᠤ》 ᠳᠦᠷᠢᠮ ᠢ᠋ ᠰᠢᠨ᠎ᠡ ᠪᠡᠷ ᠭᠡᠷᠡᠭᠵᠢᠭᠦᠯᠵᠦ᠂ 50 + (ᠬᠣᠶᠠᠷ ᠬᠥᠮᠦᠨ᠎ᠦ ᠨᠠᠰᠤᠨ᠎ᠤ ᠨᠡᠢᠯᠡᠪᠦᠷᠢ ᠨᠢ 50 ᠨᠠᠰᠤ᠎ᠠᠴᠠ ᠲᠠᠪᠠᠬᠰᠠᠨ)᠂ 80 + (ᠬᠣᠶᠠᠷ ᠬᠥᠮᠦᠨ᠎ᠦ ᠨᠠᠰᠤᠨ᠎ᠤ ᠨᠡᠢᠯᠡᠪᠦᠷᠢ ᠨᠢ 80 ᠨᠠᠰᠤ᠎ᠠᠴᠠ ᠲᠠᠪᠠᠬᠰᠠᠨ)᠂ 110 + (ᠬᠣᠶᠠᠷ ᠬᠥᠮᠦᠨ᠎ᠦ ᠨᠠᠰᠤᠨ᠎ᠤ ᠨᠡᠢᠯᠡᠪᠦᠷᠢ ᠨᠢ 110 ᠨᠠᠰᠤ᠎ᠠᠴᠠ ᠲᠠᠪᠠᠬᠰᠠᠨ) ᠭᠤᠷᠪᠠᠨ ᠳᠤᠭᠤᠢᠯᠠᠩ ᠬᠤᠪᠢᠶᠠᠵᠤ᠂ ᠠᠳᠠᠯᠢ ᠪᠤᠰᠤ ᠨᠠᠰᠤᠨ᠎ᠤ ᠲᠠᠮᠢᠷᠴᠢᠳ᠎ᠤᠨ ᠣᠷᠣᠯᠴᠠᠬᠤ ᠬᠡᠷᠡᠭ᠌ᠴᠡᠭᠡ᠎ᠶ᠋ᠢ ᠵᠡᠷᠭᠡ ᠪᠡᠷ ᠬᠠᠷᠠᠭᠠᠯᠵᠠᠭ᠍ᠰᠠᠨ ᠮᠥᠷᠲᠡᠭᠡᠨ ᠤᠷᠤᠯᠳᠤᠭᠠᠨ᠎ᠤ á  á ·á ­á Žá   ᠪᠣᠳᠣᠯᠭ᠎ᠠ᠎ᠶ᠋ᠢᠨ ᠴᠢᠨᠠᠷ ᠪᠠ ᠰᠣᠨᠢᠷᠬᠠᠯᠲᠤ ᠴᠢᠨᠠᠷ ᠢ᠋ ᠨᠡᠮᠡᠭ᠌ᠳᠡᠭᠦᠯᠦᠭ᠌ᠰᠡᠨ ᠪᠠᠢᠨ᠎ᠠ᠃ ᠤᠷᠤᠯᠳᠤᠭᠠᠨ᠎ᠤ ᠳ᠋ᠦᠩ ᠳ᠋ᠤ 28 ᠨᠡᠢᠭᠡᠮ ᠲᠣᠭᠣᠷᠢᠭ᠎ᠤᠨ ᠠᠩᠬᠢ ᠪᠠᠭ ᠪᠦᠬᠦ᠌ ᠤᠯᠤᠰ᠎ᠤᠨ ᠶᠡᠷᠦᠩᠬᠡᠶ ᠱᠢᠶ᠋ᠳᠪᠦᠷᠢᠲᠦ ᠤᠷᠤᠯᠳᠤᠭᠠᠨ ᠳ᠋ᠦ ᠤᠷᠤᠯᠴᠠᠬᠤ ᠪᠡᠷ ᠪᠤᠯᠪᠠ᠃

     á ²á £á ° ᠤᠳᠠᠭᠠᠨ᠎ᠤ ᠤᠷᠤᠯᠳᠤᠭᠠᠨ᠎ᠢ ᠡᠷᠭᠢᠯᠡᠭ᠌ᠰᠡᠨ ᠨᠢ ᠬᠥᠬᠡᠬᠣᠲᠠ᠎ᠶ᠋ᠢᠨ ᠲᠤᠤᠷ ᠪᠥᠮᠪᠥᠭᠡ᠎ᠶ᠋ᠢᠨ ᠳᠤᠷ᠎ᠠ ᠪᠠᠬᠠᠲᠠᠳ᠎ᠲᠤ ᠲᠤᠰᠭᠠᠶ ᠮᠡᠷᠭᠡᠵᠢᠯ᠎ᠦᠨ ᠤᠷᠤᠯᠳᠤᠭᠠᠨ᠎ᠤ ᠰᠣᠯᠢᠯᠴᠠᠭᠠᠨ᠎ᠤ ᠲᠠᠪᠴᠠᠩ ᠬᠠᠩᠭᠠᠵᠤ ᠥᠭ᠌ᠭᠦᠭ᠌ᠰᠡᠨ ᠮᠥᠷᠲᠡᠭᠡᠨ ᠪᠠᠰᠠ 《ᠪᠡᠶ᠎ᠡ᠎ᠶ᠋ᠢᠨ ᠲᠠᠮᠢᠷ + ᠨᠡᠢᠭᠡᠮ ᠲᠣᠭᠣᠷᠢᠭ》 ᠤ᠋ᠨ ᠵᠠᠭ᠍ᠪᠤᠷ᠎ᠲᠤ ᠲᠦᠱᠢᠭ᠌ᠯᠡᠨ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠢᠯᠠᠭᠠᠭ᠍ᠳᠠᠬᠤᠨ᠎ᠢ ᠨᠠᠩ ᠥᠷᠭᠡᠨ ᠲᠡᠯᠭᠡᠷᠡᠭᠦᠯᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
 
            