ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠦᠪᠦᠷ ᠮᠤᠩᠭᠤᠯ᠎ᠤᠨ ᠦᠪᠡᠷᠳᠡᠭᠡᠨ ᠵᠠᠰᠠᠬᠣ ᠤᠷᠤᠨ᠎ᠤ ᠨᠠᠮ᠎ᠤᠨ ᠬᠣᠷᠢᠶ᠎ᠠ ᠵᠠᠰᠠᠭ᠎ᠤᠨ ᠤᠷᠳᠤᠨ ᠎ᠤ ᠪᠡᠶ᠎ᠡ ᠲᠠᠮᠢᠷ᠎ᠤᠨ ᠦᠢ᠍ᠯᠡᠰ᠎ᠤᠨ ᠭᠦᠭᠵᠢᠯᠲᠡ ᠵᠢ ᠠᠬᠢᠭᠣᠯᠬᠣ ᠰᠢᠢ᠍ᠳᠪᠦᠷᠢ
ᠨᠡᠶ᠋ᠢᠲᠡᠯᠡᠭᠰᠡᠨ ᠴᠠᠭ᠄ 2018-12-27

     ï¼»á ¦á ªá ¦á · ᠨᠠᠮ ᠲᠠᠷᠬᠠᠭ᠋ᠠᠬᠤ ï¼»2003ï¼½ 4 ᠨᠤᠮᠸᠷ 2003 ᠣᠨ᠎ᠤ 2 á °á  á ·á Žá   21 ᠡᠳᠦᠷ]

      ᠨᠠᠮ᠎ᠤᠨ ᠠᠷᠪᠠᠨ ᠵᠢᠷᠭᠤᠳᠤᠭ᠋ᠠᠷ ᠶᠡᠬᠡ ᠬᠤᠷᠠᠯ ᠪᠠ 《ᠳᠤᠮᠳᠠᠳᠤ ᠤᠯᠤᠰ᠎ᠤᠨ á ¡á ª ᠬᠠᠮᠳᠦ ᠨᠠᠮ᠎ᠤᠨ ᠲᠥᠪ ᠬᠣᠷᠢᠶ᠎ᠠ᠂ ᠣᠯᠣᠰ᠎ᠤᠨ ᠶᠠᠪᠣᠳᠠᠯ᠎ᠤᠨ ᠬᠣᠷᠢᠶ᠎ᠠ᠎ᠠᠴᠠ   ᠰᠢᠨ᠎ᠡ á ´á  á ­ ᠦᠶ᠎ᠡ ᠵᠢᠨ ᠪᠡᠶ᠎ᠡ ᠲᠠᠮᠢᠷ᠎ᠤᠨ ᠠᠵᠢᠯ᠎ᠢ ᠤᠯᠠᠮ ᠨᠢᠭᠡ ᠠᠯᠬᠣᠮ ᠴᠢᠩᠭ᠋ᠠᠳᠬᠠᠬᠤ ᠪᠠ ᠦᠬᠡᠷᠡᠴᠢᠯᠡᠨ ᠠᠬᠢᠭᠣᠯᠬᠣ ᠰᠠᠨᠠᠯ》 (ᠳᠣᠮᠳᠠᠳᠣ ᠲᠠᠷᠬᠠᠭ᠋ᠠᠬᠤ ï¼»2002ï¼½ 8 ᠲᠤᠭ᠋ᠠᠲᠤ) ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ   ᠲᠤᠤᠱᠯᠠᠭᠤᠯᠤᠨ ᠪᠣᠲᠠᠲᠠᠢ᠌ᠵᠢᠭᠤᠯᠵᠤ᠂ ᠰᠢᠨ᠎ᠡ á ´á  á ­ ᠦᠶ᠎ᠡ ᠵᠢᠨ ᠮᠠᠨ᠎ᠤ ᠤᠷᠤᠨ᠎ᠤ ᠪᠡᠶ᠎ᠡ ᠲᠠᠮᠢᠷ᠎ᠤᠨ ᠬᠦᠭᠵᠢᠯᠲᠡ ᠵᠢᠨ ᠠᠯᠬᠣᠴᠠ ᠵᠢ ᠠᠬᠢᠭᠣᠯᠬᠣ ᠵᠢᠨ ᠲᠦᠯᠦᠭᠡ ᠳᠣᠣᠷᠠᠬᠢ ᠰᠢᠢ᠍ᠳᠪᠦᠷᠢ ᠵᠢ ᠣᠨᠴᠠᠯᠠᠨ ᠳᠣᠭᠳᠠᠭ᠋ᠠᠪᠠ᠃
    ᠨᠢᠭᠡ᠂ ᠪᠡᠶ᠎ᠡ ᠲᠠᠮᠢᠷ᠎ᠤᠨ ᠦᠢ᠍ᠯᠡᠰ᠎ᠢ ᠭᠦᠭᠵᠢᠭᠦᠯᠬᠦ᠎ᠨᠢ ᠮᠠᠨ᠎ᠤ ᠣᠷᠣᠨ᠎ᠤ ᠪᠦᠬᠦ ᠲᠠᠯ᠎ᠠ᠎ᠪᠠᠷ ᠴᠢᠨᠡᠭᠡᠯᠢᠭ ᠨᠡᠢ᠌ᠭᠡᠮ᠎ᠢ ᠪᠦᠳᠦᠭᠡᠨ ᠪᠠᠢ᠌ᠭᠣᠯᠬᠣ ᠴᠢᠬᠣᠯᠠ ᠠᠭᠣᠯᠭ᠎ᠠ ᠮᠦᠨ᠃
    (ᠨᠢᠭᠡ) ᠪᠡᠶ᠎ᠡ ᠵᠢᠨ ᠲᠠᠮᠢᠷ ᠪᠣᠯ ᠨᠡᠶ᠋ᠢᠭᠡᠮ᠎ᠤᠨ ᠬᠥᠭᠵᠢᠯᠲᠡ ᠪᠣᠯᠤᠨ ᠬᠥᠮᠦᠨ ᠲᠥᠷᠥᠯᠬᠢᠲᠡᠨ᠎ᠤ ᠪᠣᠯᠪᠠᠰᠤᠨ᠎ᠤ ᠳᠠᠪᠰᠢᠯᠲᠠ ᠵᠢᠨ ᠴᠢᠬᠤᠯᠠ ᠪᠡᠯᠭᠡ ᠲᠡᠮᠳᠡᠭ ᠮᠥᠨ᠂ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠬᠢᠷᠢ ᠬᠡᠮᠵᠢᠶ᠎ᠡ᠎ᠨᠢ ᠨᠢᠭᠡ ᠤᠯᠤᠰ᠎ᠤᠨ ᠶᠡᠷᠦᠩᠬᠡᠶ ᠬᠦᠴᠦᠨ ᠪᠠ ᠨᠡᠶ᠋ᠢᠭᠡᠮ᠎ᠤᠨ ᠪᠣᠯᠪᠠᠰᠤᠨ᠎ᠤ ᠬᠢᠷᠢ ᠬᠡᠮᠵᠢᠶ᠎ᠡ ᠵᠢᠨ ᠴᠢᠬᠤᠯᠠ ᠢᠯᠡᠷᠡᠯ ᠮᠥᠨ᠃ ᠪᠡᠶ᠎ᠡ ᠵᠢᠨ ᠲᠠᠮᠢᠷ᠎ᠤᠨ ᠦᠢ᠍ᠯᠡᠰ᠎ᠢ ᠬᠥᠭᠵᠢᠭᠦᠯᠦᠨ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠪᠠ ᠴᠢᠬᠤᠯᠠ ᠠᠭᠤᠯᠭ᠎ᠠ ᠮᠥᠨ᠃ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠪᠦᠬᠦ ᠲᠠᠯ᠎ᠠ ᠵᠢᠨ ᠬᠥᠭᠵᠢᠯᠲᠡ ᠵᠢ ᠲᠦᠷᠭᠡᠳᠬᠡᠵᠦ᠂ ᠥᠷᠭᠡᠨ ᠤᠯᠠᠨ á  á ·á  á ³ ᠤᠯᠠᠨ᠎ᠤ ᠠ᠋ᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠪᠡᠶ᠎ᠡ ᠵᠢᠨ ᠲᠠᠮᠢᠷ᠎ᠤᠨ ᠰᠣᠶᠣᠯ᠎ᠤᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠵᠤ᠂ ᠠᠮᠢᠳᠤᠷᠠᠯ᠎ᠤᠨ á ¶á  á °á ¤ ᠴᠢᠨᠠᠷ᠎ᠢ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨᠴᠢ᠂ ᠠ᠋ᠷᠡᠭᠦᠯ᠂ ᠪᠣᠯᠪᠠᠰᠤᠨ ᠠᠮᠢᠳᠤᠷᠠᠯ᠎ᠤᠨ á  á ·á ­á Žá   ᠬᠡᠯᠪᠡᠷᠢ ᠵᠢ ᠪᠠᠶ᠋ᠢᠭᠤᠯᠬᠤ᠎ᠳᠤ ᠠᠰᠢᠭᠲᠠᠢ᠃ ᠥᠪᠥᠷ ᠮᠣᠩᠭᠣᠯ᠎ᠤᠨ ᠳᠦᠷᠢ ᠲᠥᠷᠬᠦ ᠵᠢ ᠪᠣᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ᠎ᠲᠠᠢ ᠴᠢᠯᠥᠭᠡᠲᠡᠶ ᠶᠠᠪᠤᠯᠴᠠᠬᠤ ᠪᠠ ᠨᠡᠶ᠋ᠢᠭᠡᠮ᠎ᠤᠨ ᠲᠠᠪᠰᠢᠯᠳᠠ ᠵᠢ ᠠᠬᠢᠭᠤᠯᠬᠤ᠎ᠳᠤ ᠠᠰᠢᠭᠲᠠᠢ᠃ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠬᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠂ ᠬᠣᠯᠪᠣᠭᠳᠠᠯ ᠪᠦᠬᠦᠢ ᠠᠵᠤ ᠦᠢ᠍ᠯᠡᠰ᠎ᠢ ᠳᠠᠶ᠋ᠢᠴᠢᠯᠠᠨ᠂ ᠠᠵᠢᠯ ᠣᠯᠭᠣᠯᠲᠠ ᠪᠠ ᠠᠵᠤ ᠠᠬᠤᠶ ᠵᠢᠨ ᠨᠡᠮᠡᠭᠳᠡᠯ á Žá ¢ ᠠᠬᠢᠭᠤᠯᠬᠤ᠎ᠳᠤ ᠠᠰᠢᠭᠲᠠᠢ᠃
     ï¼ˆá ¬á £á ¶á  á ·ï¼‰ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠰᠢ᠂ ᠮᠠᠨ᠎ᠤ ᠣᠷᠣᠨ᠎ᠤ ᠠᠵᠤ ᠠᠬᠤᠶ ᠵᠢᠨ ᠦᠷᠭᠦᠯᠵᠢᠯᠡᠨ ᠨᠡᠮᠡᠭᠳᠡᠬᠦ ᠪᠠ ᠨᠡᠶ᠋ᠢᠭᠡᠮ ᠲᠠᠰᠤᠷᠠᠯᠳᠠ ᠦᠭᠡᠢ ᠳᠠᠪᠰᠢᠬᠤ ᠵᠢ ᠳᠠᠭ᠋ᠠᠯᠳᠤᠨ᠂ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ ᠶᠡᠬᠡᠬᠡᠨ ᠬᠥᠭᠵᠢᠯᠲᠡ᠎ᠲᠠᠢ ᠪᠤᠯᠵᠤ᠂ ᠤᠯᠠᠨ ᠲᠦᠮᠡᠨ᠎ᠤ ᠪᠡᠶ᠎ᠡ ᠵᠢᠨ ᠲᠠᠮᠢᠷ᠂ ᠤᠷᠤᠯᠳᠤᠭ᠋ᠠᠨ᠎ᠤ ᠪᠡᠶ᠎ᠡ ᠵᠢᠨ ᠲᠠᠮᠢᠷ ᠪᠠ ᠪᠡᠶ᠎ᠡ ᠵᠢᠨ ᠲᠠᠮᠢᠷ᠎ᠤᠨ ᠠᠵᠤ ᠦᠢ᠍ᠯᠡᠰ ᠵᠡᠷᠭᠡ ᠲᠠᠯ᠎ᠠ᠎ᠪᠠᠷ ᠪᠠᠶᠠᠷᠯᠠᠭᠤᠰᠢᠲᠠᠶ ᠠᠮᠵᠢᠯᠲᠠ ᠣᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠳᠤ ᠢᠷᠠᠭᠤ ᠠᠯᠳᠠᠷ᠎ᠢ ᠠᠪᠴᠢᠷᠠᠬᠰᠡᠨ ᠪᠠᠢ᠌ᠨ᠎ᠠ᠃ ᠭᠡᠲᠡᠯ᠎ᠡ ᠳᠠᠪᠰᠢᠭᠰᠠᠨ ᠭᠠᠵᠠᠷ ᠣᠷᠣᠨ᠎ᠲᠠᠢ ᠬᠠᠷᠢᠴᠠᠭᠤᠯᠪᠠᠯ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠱᠠᠭ᠋ᠠᠷᠳᠠᠯᠭ᠎ᠠ᠎ᠪᠠᠷ ᠬᠡᠮᠵᠢᠪᠡᠯ ᠪᠠᠰᠠ ᠨᠡᠯᠢᠶᠡᠳ ᠶᠡᠬᠡ ᠵᠥᠷᠢᠶ᠎ᠡ᠎ᠲᠠᠢ ᠪᠠᠶ᠋ᠢᠨ᠎ᠠ᠃ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠲᠦᠭᠡᠮᠡᠯᠵᠢᠯ᠎ᠤᠨ ᠬᠡᠮᠵᠢᠶ᠎ᠡ ᠪᠠᠰᠠ ᠲᠡᠶ᠋ᠢᠮᠦ ᠥᠨᠳᠥᠷ ᠪᠢᠰᠢ ᠪᠠᠶ᠋ᠢᠵᠤ᠂ ᠪᠡᠶ᠎ᠡ ᠵᠢᠨ ᠲᠠᠮᠢᠷ᠎ᠤᠨ ᠲᠠᠯᠠᠪᠠᠶ ᠭᠠᠵᠠᠷ᠎ᠤᠨ ᠲᠦᠭᠦᠬᠡᠷᠣᠮᠵᠢ ᠵᠢᠨ ᠪᠥᠲᠥᠭᠡᠨ ᠪᠠᠶ᠋ᠢᠭᠤᠯᠤᠯᠲᠠ ᠬᠠᠷᠢᠴᠠᠩᠭᠤᠶ ᠬᠣᠴᠣᠷᠠᠵᠤ᠂ ᠬᠥᠮᠦᠨ ᠪᠦᠷᠢ᠎ᠳᠤ ᠳᠤᠮᠳᠠᠴᠢ᠎ᠪᠠᠷ ᠨᠣᠭᠳᠠᠬᠤ ᠪᠡᠶ᠎ᠡ ᠵᠢᠨ ᠲᠠᠮᠢᠷ᠎ᠤᠨ ᠲᠠᠯᠠᠪᠤᠷ ᠪᠣᠯᠤᠨ ᠬᠥᠮᠦᠨ ᠪᠦᠷᠢ᠎ᠳᠤ ᠳᠤᠮᠳᠠᠴᠢ᠎ᠪᠠᠷ ᠨᠣᠭᠳᠠᠬᠤ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠬᠢᠷᠢ ᠬᠡᠮᠵᠢᠶ᠎ᠡ ᠨᠡᠯᠢᠶᠡᠳ ᠳᠣᠣᠷ᠎ᠠ ᠪᠠᠶ᠋ᠢᠬᠤ; ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠳᠠᠪᠠᠭᠤᠯᠢᠭ ᠳᠦᠷᠦᠯ ᠵᠦᠢ᠍ᠯ ᠤᠯᠠᠨ ᠪᠢᠰᠢ᠂ ᠥᠷᠢᠰᠥᠯᠳᠦᠬᠦ ᠬᠦᠴᠦᠨ ᠴᠢᠳᠠᠯ ᠮᠠᠰᠢ ᠬᠢᠵᠠᠭ᠋ᠠᠷ᠎ᠲᠠᠢ᠂ ᠪᠡᠯᠡᠳᠬᠡᠯ ᠬᠦᠴᠦᠨ ᠬᠦᠷᠦᠯᠴᠡᠬᠦ ᠦᠭᠡᠢ ᠪᠠᠢ᠌ᠭ᠎ᠠ; ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠡᠪᠴᠢᠶ᠎ᠡ᠎ᠨᠢ ᠳᠡᠩᠳᠡᠭᠦᠦ ᠪᠠᠭ᠎ᠠ᠂ ᠬᠥᠭᠵᠢᠯᠲᠡ᠎ᠪᠠᠷ ᠤᠳᠠᠭ᠋ᠠᠯᠢᠭ ᠪᠠᠢ᠌ᠭ᠎ᠠ; ᠪᠡᠶ᠎ᠡ ᠵᠢᠨ ᠲᠠᠮᠢᠷ᠎ᠤᠨ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ᠎ᠨᠢ ᠲᠡᠭᠦᠯᠳᠡᠷ ᠪᠤᠰᠤ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠃
    (ᠭᠤᠷᠪᠠ) ᠨᠠᠮ᠎ᠤᠨ ᠠᠷᠪᠠᠨ ᠵᠢᠷᠭᠤᠳᠤᠭ᠋ᠠᠷ ᠶᠡᠬᠡ ᠬᠤᠷᠠᠯ᠎ᠠᠴᠠ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠰᠢᠨ᠎ᠡ á ´á  á ­ ᠦᠶ᠎ᠡ᠎ᠳᠠᠬᠢ ᠪᠡᠶ᠎ᠡ ᠵᠢᠨ ᠲᠠᠮᠢᠷ᠎ᠤᠨ ᠠᠵᠢᠯ᠎ᠳᠤ ᠨᠡᠩ ᠥᠨᠳᠥᠷ ᠰᠢᠨ᠎ᠡ ᠱᠠᠭ᠋ᠠᠷᠳᠠᠯᠭ᠎ᠠ ᠳᠣᠷᠠᠳᠣᠨ᠂ ᠪᠠᠰᠠ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠥᠷᠭᠡᠨ ᠠᠭᠤᠳᠠᠮ ᠣᠷᠣᠨ ᠵᠠᠶ ᠵᠢ ᠬᠠᠩᠭ᠋ᠠᠭᠰᠠᠨ ᠶᠤᠮ᠃ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠪᠡᠶ᠎ᠡ ᠵᠢᠨ ᠲᠠᠮᠢᠷ᠎ᠤᠨ ᠦᠢ᠍ᠯᠡᠰ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠭᠤᠤ ᠶᠡᠬᠡ ᠲᠡᠦᠬᠡᠨ ᠠᠬᠢᠴᠠ ᠳᠣᠮᠳᠠᠬᠢ ᠴᠢᠬᠤᠯᠠ ᠪᠠᠶ᠋ᠢᠷᠢ ᠰᠠᠭᠤᠷᠢ ᠪᠠ ᠦᠢ᠍ᠯᠡᠳᠦᠯ᠎ᠢ ᠭᠦᠢ᠍ᠴᠡᠳ ᠲᠠᠨᠢᠵᠤ᠂ ᠠᠵᠠ ᠵᠠᠪᠰᠢᠶᠠᠨ᠎ᠢ ᠡᠵᠡᠮᠳᠡᠨ ᠥᠷᠢᠰᠥᠯᠳᠦᠭᠡᠨ᠎ᠢ ᠤᠭᠲᠤᠵᠤ᠂ ᠨᠢᠭᠲᠠᠷᠠᠨ ᠪᠦᠯᠬᠦᠮᠳᠡᠨ ᠬᠦᠴᠢᠷ ᠪᠡᠷᠬᠡᠰᠢᠶᠡᠯ᠎ᠢ ᠢᠯᠠᠨ ᠪᠡᠶ᠎ᠡ ᠵᠢᠨ ᠲᠠᠮᠢᠷ᠎ᠤᠨ ᠠᠵᠢᠯ᠎ᠤᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠶ᠎ᠡ ᠵᠢᠨ ᠲᠠᠮᠢᠷ᠎ᠤᠨ ᠠᠵᠢᠯ᠎ᠤᠨ ᠲᠡᠰ ᠳᠠᠪᠬᠤᠷᠭ᠎ᠠ ᠵᠢ ᠳᠡᠭᠡᠭᠰᠢᠯᠡᠭᠦᠯᠵᠦ᠂ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠢ ᠬᠥᠭᠵᠢᠭᠦᠯᠬᠦ ᠵᠢ ᠬᠣᠷᠳᠣᠳᠬᠠᠨ᠎ᠠ᠃
    ᠬᠣᠶᠠᠷ᠂ ᠲᠣᠳᠣᠷᠬᠠᠶ ᠵᠢᠯᠣᠭᠣᠳᠬᠤ ᠦᠵᠡᠯ ᠰᠠᠨᠠᠭ᠎ᠠ ᠪᠠ ᠭᠣᠣᠯ ᠬᠠᠷᠠᠯᠲᠠ
     ï¼ˆá ²á ¦á ·á ªá ¡ï¼‰ ᠰᠢᠨ᠎ᠡ á ´á  á ­ ᠦᠶ᠎ᠡ᠎ᠳᠠᠬᠢ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠠᠵᠢᠯ᠎ᠤᠨ ᠵᠢᠯᠣᠭᠣᠳᠬᠤ ᠦᠵᠡᠯ ᠰᠠᠨᠠᠭ᠎ᠠ ᠪᠣᠯ᠄ ᠳ᠋ᠧᠩ ᠰᠢᠶᠤᠤ ᠫᠢᠩ᠎ᠤᠨ ᠤᠨᠤᠯ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠤᠨ᠂      ã€Šá ­á ¤á ·á ªá   ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂2008 ᠣᠨ᠎ᠤ ᠪᠡᠭᠡᠵᠢᠩ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ ᠵᠶ᠋ᠠᠷ ᠠᠵᠠ ᠲᠣᠬᠢᠶᠠᠯ ᠪᠣᠯᠭ᠋ᠠᠵᠤ᠂ á  á ·á  á ³ ᠲᠦᠮᠡᠨ᠎ᠤ ᠪᠡᠶ᠎ᠡ ᠮᠠᠬᠠᠪᠣᠳ᠎ᠢ ᠴᠢᠭᠢᠷᠠᠭᠵᠢᠭᠤᠯᠬᠤ᠂ ᠪᠦᠬᠦ ᠦᠨᠳᠦᠰᠦᠲᠡᠨ᠎ᠤ ᠪᠦᠬᠦᠯᠢ ᠴᠣᠭᠴᠠ ᠵᠢᠨ ᠬᠡᠪ ᠴᠢᠨᠠᠷ᠎ᠢ ᠳᠡᠭᠡᠭᠰᠢᠯᠡᠭᠦᠯᠬᠦ ᠶᠠᠪᠤᠳᠠᠯ ᠵᠶ᠋ᠠᠷ ᠦᠨᠳᠦᠰᠦᠨ ᠬᠠᠷᠠᠯᠲᠠ᠎ᠪᠠᠨ ᠪᠣᠯᠭ᠋ᠠᠵᠤ᠂ ᠪᠡᠶ᠎ᠡ ᠵᠢᠨ ᠲᠠᠮᠢᠷ᠎ᠤᠨ á  á ·á  á ³ ᠲᠦᠮᠡᠨ᠎ᠳᠤ ᠦᠢ᠍ᠯᠡᠴᠢᠯᠡᠵᠦ᠂ ᠠᠵᠤ ᠠᠬᠤᠶ ᠵᠢᠨ ᠪᠦᠳᠦᠭᠡᠨ ᠪᠠᠶ᠋ᠢᠭᠤᠯᠤᠯᠲᠠ ᠪᠠ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ᠂ ᠣᠯᠠᠨ ᠲᠦᠮᠡᠨ᠎ᠳᠤ ᠬᠠᠨᠳᠤᠭᠤᠯᠤᠭᠰᠠᠨ ᠤᠯᠠᠨ ᠠ᠋ᠰᠢᠵᠢᠭ᠌ᠰᠡᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠬᠤ ᠬᠡᠷᠡᠭᠲᠡᠶ; 《ᠣᠯᠧᠮᠫᠢᠺ᠎ᠤᠨ ᠪᠡᠶ᠎ᠡ ᠲᠠᠮᠢᠷ᠎ᠤᠨ ᠴᠤᠭᠯᠠᠭ᠋ᠠᠨ᠎ᠤ ᠢᠷᠠᠭᠣ ᠠᠯᠳᠠᠷ ᠦᠷᠢᠰᠦᠯᠳᠦᠬᠦ ᠲᠥᠯᠥᠪᠯᠡᠭᠡ ᠵᠢᠨ ᠬᠥᠲᠥᠯᠪᠦᠷᠢ》 ᠵᠢ ᠬᠡᠷᠡᠭᠵᠢᠭᠦᠯᠵᠦ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠭᠵᠢᠯᠲᠡ ᠵᠢ ᠲᠦᠷᠭᠡᠳᠬᠡᠬᠦ ᠬᠡᠷᠡᠭᠲᠡᠶ; ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠳᠠᠯᠠᠵᠦ᠂ ᠬᠠᠤᠯᠢ ᠶᠣᠰᠣᠭ᠋ᠠᠷ ᠳᠠᠮᠢᠷ ᠵᠶ᠋ᠠᠨ ᠵᠠᠰᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠲᠠᠮᠢᠷ ᠵᠶ᠋ᠠᠨ ᠵᠠᠰᠠᠬᠣ ᠵᠢ ᠪᠠᠷᠢᠮᠳᠠᠯᠠᠨ᠂ ᠤᠯᠠᠨ ᠲᠦᠮᠡᠨ᠎ᠤ ᠪᠡᠶ᠎ᠡ ᠵᠢᠨ ᠲᠠᠮᠢᠷ᠎ᠢ ᠨᠡᠶ᠋ᠢᠭᠡᠮᠵᠢᠭᠦᠯᠬᠦ᠂ ᠥᠷᠢᠰᠥᠯᠳᠦᠭᠡᠨ᠎ᠤ ᠪᠡᠶ᠎ᠡ ᠵᠢᠨ ᠲᠠᠮᠢᠷ᠎ᠢ ᠡᠷᠴᠢᠮᠵᠢᠭᠦᠯᠬᠦ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠤᠯᠠᠨ ᠠ᠋ᠰᠢᠵᠢᠭ᠌ᠰᠡᠨ᠂ ᠪᠡᠶ᠎ᠡ ᠵᠢᠨ ᠲᠠᠮᠢᠷ᠎ᠤᠨ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨᠴᠢᠯᠠᠬᠤ ᠵᠢ ᠲᠦᠯᠬᠢᠨ ᠠᠬᠢᠭᠣᠯᠵᠦ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠦᠷᠬᠦᠯᠵᠢᠯᠡᠨ ᠠ᠋ᠷᠡᠭᠦᠯ ᠵᠶ᠋ᠡᠷ ᠬᠥᠭᠵᠢᠬᠦ ᠵᠢ ᠪᠠᠳᠣᠯᠠᠨ᠎ᠠ᠃
    (ᠲᠠᠪᠤ) 2010 ᠣᠨ ᠪᠣᠯᠲᠠᠯ᠎ᠠ᠂ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠢ ᠬᠥᠭᠵᠢᠭᠦᠯᠬᠦ ᠭᠣᠣᠯ ᠬᠠᠷᠠᠯᠲᠠ ᠪᠣᠯ᠄ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠵᠡᠯ ᠤᠬᠠᠮᠰᠠᠷ᠎ᠢ ᠨᠡᠶ᠋ᠢᠳᠡᠮ ᠳᠡᠭᠡᠭᠰᠢᠯᠡᠭᠦᠯᠦᠨ᠂ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ ᠠᠵᠢᠯᠯᠠᠭ᠎ᠠ ᠵᠢ ᠥᠷᠭᠡᠨ ᠳᠡᠯᠭᠡᠷ ᠵᠶ᠋ᠡᠷ ᠲᠦᠭᠡᠮᠡᠯᠵᠢᠭᠦᠯᠦᠨ᠎ᠡ᠃ ᠤᠷᠤᠯᠳᠤᠭ᠋ᠠᠨ᠎ᠤ ᠪᠡᠶ᠎ᠡ ᠵᠢᠨ ᠲᠠᠮᠢᠷ ᠪᠣᠳᠠᠲᠤ ᠬᠦᠴᠦᠨ á Žá ¢ ᠴᠢᠨᠭ᠌ᠭ᠋ᠠᠳᠬᠠᠨ᠂ ᠪᠠᠷᠠᠭᠤᠨ ᠬᠡᠰᠡᠭ᠎ᠤᠨ ᠮᠤᠵᠢ ᠣᠷᠣᠨ ᠬᠣᠲᠠ ᠵᠢᠨ ᠳᠣᠮᠳᠠ ᠲᠡᠷᠢᠭᠦᠨ ᠠ᠋ᠩᠨᠡᠭᠡᠨ᠎ᠳᠤ ᠣᠷᠣᠵᠤ᠂ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢ ᠢᠯᠡᠳᠲᠡ ᠰᠠᠶ᠋ᠢᠵᠢᠷᠠᠭᠤᠯᠵᠤ᠂ ᠴᠢᠬᠤᠯᠠ ᠶᠡᠬᠡ ᠤᠷᠤᠯᠳᠤᠭ᠋ᠠᠨ á Žá ¢ ᠠ᠋ᠷᠬᠢᠯᠡᠬᠦ ᠪᠠ ᠳᠠᠭ᠋ᠠᠭ᠋ᠠᠨ ᠴᠢᠳᠠᠬᠣ ᠬᠢᠷᠢ ᠬᠡᠮᠵᠢᠶ᠎ᠡ ᠪᠣᠯᠤᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ; ᠪᠡᠶ᠎ᠡ ᠵᠢᠨ ᠲᠠᠮᠢᠷ᠎ᠤᠨ ᠠᠵᠤ ᠦᠢ᠍ᠯᠡᠰ á Žá ¢ ᠨᠡᠯᠢᠶᠡᠳ ᠲᠦᠷᠭᠡᠨ ᠬᠦᠭᠵᠢᠭᠦᠯᠵᠦ᠂ ᠵᠠᠰᠠᠭ᠎ᠤᠨ ᠣᠷᠳᠣᠨ ᠵᠶ᠋ᠠᠷ ᠤᠳᠤᠷᠢᠳᠤᠮᠵᠢ ᠪᠣᠯᠭ᠋ᠠᠭᠰᠠᠨ᠂ ᠨᠡᠶ᠋ᠢᠭᠡᠮ ᠨᠡᠶ᠋ᠢᠲᠡ ᠵᠢᠨ ᠥᠷᠭᠡᠨ ᠵᠶ᠋ᠡᠷ ᠣᠷᠣᠯᠴᠠᠬᠤ᠂ ᠬᠠᠮᠢᠶᠠᠷᠤᠯᠲᠠ᠎ᠨᠢ ᠠ᠋ᠮᠬᠢ ᠵᠢᠷᠤᠮ᠎ᠲᠠᠢ ᠪᠡᠶ᠎ᠡ ᠵᠢᠨ ᠲᠠᠮᠢᠷ᠎ᠤᠨ ᠬᠠᠮᠢᠶᠠᠷᠤᠯᠲᠠ ᠵᠢᠨ ᠴᠤᠭᠴᠠ ᠪᠠ ᠠᠵᠢᠯᠯᠠᠭ᠋ᠠᠨ᠎ᠤ ᠲᠣᠭᠲᠠᠴᠠ ᠵᠢ ᠪᠠᠶ᠋ᠢᠭᠤᠯᠬᠤ ᠬᠡᠷᠡᠭᠲᠡᠶ᠃
    ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠲᠦᠭᠡᠮᠡᠯᠵᠢᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠪᠠᠷ ᠬᠠᠷᠠᠯᠲᠠ ᠪᠣᠯᠭ᠋ᠠᠵᠤ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠳᠤ ᠪᠠᠶ᠋ᠢᠩᠭᠤ ᠣᠷᠣᠯᠴᠠᠳᠠᠭ ᠬᠥᠮᠦᠨ ᠠᠮᠠ ᠪᠦᠬᠦ ᠬᠥᠮᠦᠨ ᠠᠮᠠ 40% ᠣᠷᠴᠢᠮ ᠬᠦᠷᠴᠦ᠂ ᠢᠷᠭᠡᠨ᠎ᠤ ᠪᠡᠶ᠎ᠡ ᠮᠠᠬᠠᠪᠣᠳ᠎ᠤᠨ ᠠ᠋ᠷᠡᠭᠦᠯ ᠴᠢᠭᠢᠷᠠᠭ᠎ᠤᠨ ᠵᠢᠭ᠋ᠠᠯᠲᠠ ᠲᠣᠭ᠎ᠠ ᠪᠦᠬᠦ ᠤᠯᠤᠰ᠎ᠤᠨ ᠲᠡᠭᠰᠢᠳᠬᠡᠭᠰᠡᠨ ᠲᠦᠪᠰᠢᠨ᠎ᠳᠤ ᠬᠦᠷᠭᠡᠵᠦ᠂ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶ᠋ᠢᠭᠤᠯᠤᠯᠲᠠ ᠪᠡᠶ᠎ᠡ ᠴᠢᠭᠢᠷᠠᠭᠵᠢᠭᠤᠯᠬᠤ ᠵᠢ ᠵᠢᠭ᠋ᠠᠨ ᠵᠢᠯᠣᠭᠣᠳᠬᠤ᠂ ᠪᠡᠶ᠎ᠡ ᠴᠢᠭᠢᠷᠠᠭᠵᠢᠭᠤᠯᠬᠤ ᠲᠦᠬᠦᠭᠡᠷᠣᠮᠵᠢ᠂ ᠤᠬᠠᠭᠤᠯᠭ᠎ᠠ ᠬᠥᠮᠦᠵᠢᠯ᠂ ᠤᠷᠤᠯᠳᠤᠭ᠋ᠠᠨ ᠪᠠ ᠪᠡᠶ᠎ᠡ ᠲᠠᠮᠢᠷ᠎ᠤᠨ ᠬᠦᠳᠡᠯᠭᠡᠭᠡᠨ ᠪᠠ ᠪᠡᠶ᠎ᠡ ᠮᠠᠬᠠᠪᠣᠳ᠎ᠤᠨ ᠴᠢᠨᠠᠷ ᠴᠢᠨᠰᠠᠭ᠎ᠠ ᠵᠢᠨ ᠰᠣᠷᠢᠯᠲᠠ ᠵᠡᠷᠭᠡ ᠵᠢ ᠪᠠᠭᠲᠠᠭ᠋ᠠᠭᠰᠠᠨ ᠤᠯᠠᠨ ᠠ᠋ᠰᠢᠵᠢᠭ᠌ᠰᠡᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠠᠩᠬ᠎ᠠ ᠠᠯᠬᠤᠮ ᠪᠦᠷᠢᠯᠳᠦᠭᠦᠯᠦᠨ᠂ ᠬᠠᠮᠢᠶᠠᠷᠤᠯᠲᠠ᠎ᠨᠢ ᠠ᠋ᠮᠬᠢ ᠵᠢᠷᠤᠮ᠎ᠲᠠᠢ᠂ ᠦᠢ᠍ᠯᠡᠴᠢᠯᠡᠭᠡ ᠬᠠᠩᠭ᠋ᠠᠬᠤ᠎ᠨᠢ ᠡᠷᠴᠢᠮᠲᠠᠢ ᠪᠠ ᠪᠠᠲᠤᠯᠠᠭ᠎ᠠ᠎ᠨᠢ ᠬᠦᠴᠦᠨ᠎ᠲᠠᠢ ᠪᠠᠢ᠌ᠬᠣ ᠬᠡᠷᠡᠭᠲᠡᠢ᠃
    ᠤᠷᠤᠯᠳᠤᠭ᠋ᠠᠨ᠎ᠤ ᠪᠡᠶ᠎ᠡ ᠵᠢᠨ ᠲᠠᠮᠢᠷ᠎ᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠴᠢᠬᠤᠯᠠ ᠶᠡᠬᠡ ᠤᠷᠤᠯᠳᠤᠭ᠋ᠠᠨ᠎ᠤ ᠰᠢᠯᠢᠳᠡᠭ ᠬᠢᠷᠢ ᠪᠦᠲᠦᠮᠵᠢ᠎ᠪᠠᠷ ᠬᠠᠷᠠᠯᠲᠠ ᠪᠣᠯᠭ᠋ᠠᠵᠤ᠂ ᠠ᠋ᠬᠢ ᠪᠠᠶᠠᠯᠢᠭ᠎ᠢ ᠨᠢᠭᠡᠳᠭᠡᠨ ᠲᠣᠬᠢᠷᠠᠮᠵᠢᠲᠠᠶ ᠪᠠᠢ᠌ᠷᠢᠯᠠᠭᠣᠯᠵᠦ᠂ ᠪᠦᠬᠦᠯᠢ ᠴᠣᠭᠴᠠ ᠵᠢᠨ ᠪᠣᠳᠠᠲᠤ ᠬᠦᠴᠦᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠂ ᠥᠨᠳᠥᠷ ᠲᠦᠪᠰᠢᠨ ᠪᠦᠬᠦᠢ ᠪᠡᠯᠡᠳᠬᠡᠯ ᠴᠢᠳᠠᠪᠤᠷᠢᠲᠠᠨ᠎ᠤ ᠠ᠋ᠩᠨᠡᠭᠡ ᠵᠢᠨ ᠬᠡᠪᠴᠢᠶ᠎ᠡ ᠵᠢ ᠪᠣᠢ ᠪᠣᠯᠭ᠋ᠠᠨ᠂ ᠳᠠᠪᠠᠭᠤᠯᠢᠭ ᠲᠠᠯ᠎ᠠ ᠪᠠ ᠭᠣᠣᠯᠳᠠᠯᠭ᠋ᠠᠲᠤ ᠵᠦᠢ᠍ᠯᠡᠰ᠎ᠢ ᠪᠡᠬᠢᠵᠢᠭᠦᠯᠦᠨ ᠬᠥᠭᠵᠢᠭᠦᠯᠵᠦ᠂ ᠪᠦᠬᠦ ᠤᠯᠤᠰ᠎ᠤᠨ ᠲᠡᠷᠢᠭᠦᠨ᠎ᠤ ᠬᠢᠷᠢ ᠲᠦᠪᠰᠢᠨ ᠪᠦᠬᠦᠢ ᠳᠡᠷᠢᠭᠦᠨ ᠵᠦᠢ᠍ᠯ᠎ᠢ ᠪᠠᠢ᠌ᠭᠤᠯᠤᠨ᠂ ᠪᠦᠬᠦ ᠤᠯᠤᠰ᠎ᠤᠨ ᠲᠠᠮᠢᠷ᠎ᠤᠨ ᠴᠤᠭᠯᠠᠭ᠋ᠠᠨ᠎ᠳᠤ ᠪᠥᠬᠥ ᠤᠯᠤᠰ᠎ᠤᠨ ᠳᠤᠮᠳᠠ᠎ᠠᠴᠠ ᠳᠡᠭᠡᠭᠦᠷ ᠪᠠᠶ᠋ᠢᠷᠢ ᠵᠢ ᠪᠠᠲᠤᠯᠠᠵᠤ᠂ ᠣᠯᠧᠮᠫᠢᠺ᠎ᠤᠨ ᠲᠠᠮᠢᠷ᠎ᠤᠨ ᠴᠤᠭᠯᠠᠭ᠋ᠠᠨ ᠳᠡᠭᠡᠷ᠎ᠡ ᠥᠪᠥᠷ ᠮᠣᠩᠭᠣᠯ᠎ᠤᠨ ᠲᠡᠦᠬᠡ ᠵᠢᠨ ᠱᠠᠩᠨᠠᠯ᠎ᠤᠨ ᠮᠧᠳᠠᠯ 《ᠲᠡᠭ》 á Žá ¢ ᠡᠴᠦᠰᠯᠡᠭᠦᠯᠦᠨ᠎ᠡ᠃
      ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠦᠢ᠍ᠯᠡᠳᠬᠦᠨ᠎ᠤ ᠦᠷᠳᠡᠭ ᠨᠡᠮᠡᠭᠳᠡᠭᠦᠯᠬᠦ ᠵᠢ ᠬᠠᠷᠠᠯᠲᠠ ᠪᠣᠯᠭ᠋ᠠᠨ ᠨᠡᠯᠢᠶᠡᠳ ᠲᠦᠷᠭᠡᠨ ᠬᠦᠭᠵᠢᠬᠦ᠎ᠪᠠᠷ ᠬᠦᠴᠦᠯᠡᠨ ᠴᠢᠷᠮᠠᠢ᠌ᠨ᠎ᠠ᠃ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠪᠣᠷᠤᠯᠤᠭᠤᠯᠭ᠎ᠠ ᠵᠶ᠋ᠡᠷ 《ᠳᠠᠭ᠋ᠠᠭᠤᠯᠤᠭᠴᠢ》 ᠪᠣᠯᠭ᠋ᠠᠭᠰᠠᠨ᠂ ᠬᠦᠷᠢᠶ᠎ᠡ ᠬᠡᠪᠴᠢᠶ᠎ᠡ᠎ᠪᠠᠨ ᠥᠷᠭᠡᠳᠬᠡᠨ᠂ ᠣᠷᠣᠨ ᠵᠠᠶ ᠵᠢ ᠶᠡᠬᠡᠰᠭᠡᠵᠦ᠂ ᠪᠡᠶ᠎ᠡ ᠵᠢᠨ ᠲᠠᠮᠢᠷ᠎ᠤᠨ ᠵᠤᠭ᠋ᠠᠴᠠᠯ᠂ ᠤᠷᠤᠯᠳᠤᠭ᠋ᠠᠨ ᠪᠠ ᠲᠣᠭᠯᠠᠯᠲᠠ᠂ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ᠂ ᠪᠡᠶ᠎ᠡ ᠵᠢᠨ ᠲᠠᠮᠢᠷ᠎ᠤᠨ ᠬᠡᠷᠡᠭᠰᠡᠯ ᠪᠠ ᠴᠢᠳᠠᠪᠤᠷᠢᠲᠠᠨ᠎ᠤ ᠮᠡᠷᠭᠡᠵᠢᠯ᠎ᠤᠨ ᠮᠡᠳᠡᠭᠡ ᠵᠠᠩᠭᠢ ᠵᠢᠨ ᠵᠠᠬ᠎ᠠ ᠳᠡᠯᠭᠡᠭᠦᠷ ᠵᠢ ᠭᠣᠣᠯᠳᠠᠯᠭ᠎ᠠ᠎ᠲᠠᠢ ᠨᠡᠭᠡᠭᠡᠨ ᠬᠦᠭᠵᠢᠭᠦᠯᠵᠦ ᠪᠡᠶ᠎ᠡ ᠵᠢᠨ ᠲᠠᠮᠢᠷ᠎ᠤᠨ ᠨᠠᠷᠠᠲᠤ ᠲᠥᠷᠥᠯ ᠲᠡᠮᠳᠡᠭᠲᠦ ᠵᠢ ᠢᠳᠡᠪᠬᠢᠲᠡᠶ᠎ᠪᠠᠷ ᠪᠣᠶ ᠪᠣᠯᠭ᠋ᠠᠵᠤ᠂ ᠪᠡᠶ᠎ᠡ ᠵᠢᠨ ᠲᠠᠮᠢᠷ᠎ᠤᠨ ᠢᠯᠠ ᠪᠤᠰᠤ ᠪᠠᠯᠠ ᠬᠦᠷᠦᠨᠭᠭᠡ ᠵᠢ ᠨᠡᠭᠡᠭᠡᠨ ᠠᠰᠢᠭᠯᠠᠨ ᠡᠵᠡᠩᠨᠡᠵᠦ᠂ ᠣᠨᠴᠠᠯᠢᠭ ᠵᠢᠡᠷ ᠢᠯᠡ ᠲᠣᠳᠣ᠂ ᠦᠷ᠎ᠡ ᠠᠰᠢᠭ᠎ᠨᠢ ᠢᠯᠡᠳᠲᠡ ᠰᠢᠨ᠎ᠡ ᠬᠡᠯᠪᠡᠷᠢ ᠵᠢᠨ ᠠᠵᠤ ᠦᠢ᠍ᠯᠡᠰ᠎ᠢ ᠪᠦᠷᠢᠯᠳᠦᠭᠦᠯᠦᠨ᠎ᠡ᠃
    ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠤᠯᠠᠨ ᠲᠦᠮᠡᠨ᠎ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠵᠢ ᠬᠠᠩᠭ᠋ᠠᠨ᠂ ᠪᠣᠯᠪᠠᠰᠤᠷᠠᠯ ᠪᠠ ᠤᠷᠤᠯᠳᠤᠭ᠋ᠠᠨ᠎ᠤ ᠨᠥᠬᠥᠴᠡᠯ᠎ᠢ ᠪᠠᠳᠣᠯᠠᠬᠣ ᠵᠶ᠋ᠠᠷ ᠬᠠᠷᠠᠯᠲᠠ ᠪᠣᠯᠭ᠋ᠠᠵᠤ᠂ ᠪᠦᠲᠦᠭᠡᠨ ᠪᠠᠶ᠋ᠢᠭᠤᠯᠬᠤ ᠬᠤᠷᠳᠤᠴᠠ᠎ᠪᠠᠨ ᠲᠦᠷᠭᠡᠳᠭᠡᠨ᠎ᠡ᠃ ᠥᠪᠡᠷᠲᠡᠭᠡᠨ ᠵᠠᠰᠠᠬᠤ ᠣᠷᠣᠨ᠎ᠠᠴᠠ ᠠ᠋ᠭᠦᠷᠭᠡᠯᠡᠵᠦ ᠳᠡᠶ᠋ᠢᠯᠬᠦ ᠪᠦᠬᠦ ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠶ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠲᠥᠪ᠎ᠢ ᠪᠡᠯᠡᠳᠭᠡᠨ   ᠪᠠᠢ᠌ᠭᠤᠯᠤᠨ᠎ᠠ; ᠠᠶ᠋ᠢᠮᠠᠭ ᠬᠣᠲᠠ ᠪᠣᠯᠤᠨ ᠨᠡᠯᠢᠶᠡᠳ ᠶᠡᠬᠡ ᠬᠤᠳᠠ ᠵᠢᠨ ᠠ᠋ᠭᠦᠷᠭᠡᠯᠡᠵᠦ ᠳᠡᠶ᠋ᠢᠯᠬᠦ ᠪᠥᠬᠥ ᠣᠷᠣᠨ᠎ᠤ ᠶᠡᠷᠦᠩᠬᠡᠶ᠋ᠢᠯᠡᠭᠰᠡᠨ ᠴᠢᠨᠠᠷᠲᠠᠶ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠪᠠ ᠬᠤᠳᠠ ᠵᠢᠨ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠢ ᠪᠠᠢ᠌ᠭᠤᠯᠤᠨ᠎ᠠ; 40%á Žá  á ´á   ᠳᠡᠭᠡᠭᠰᠢᠬᠢ ᠬᠣᠰᠢᠭᠤ ᠰᠢᠶᠠᠨ (ᠬᠣᠲᠠ᠂ ᠲᠣᠭᠣᠷᠢᠭ) ᠎ᠳᠤ ᠪᠡᠶ᠎ᠡ ᠵᠢᠨ ᠲᠠᠮᠢᠷ᠎ᠤᠨ ᠲᠠᠯᠠᠪᠠᠶ᠂ ᠭᠡᠷᠡᠯᠲᠦᠭᠦᠯᠭᠡ᠎ᠲᠠᠢ ᠪᠥᠮᠪᠥᠭᠡ ᠵᠢᠨ ᠲᠡᠯᠡᠪᠡᠢ᠂ ᠤᠮᠪᠠᠯᠲᠠ ᠵᠢᠨ ᠲᠠᠲᠠᠭ᠋ᠠᠯ ᠪᠣᠯᠤᠨ ᠪᠡᠶ᠎ᠡ ᠴᠢᠬᠢᠷᠠᠭᠵᠢᠭᠣᠯᠬᠣ á ­á ¡á ·á Žá ¢ ᠪᠠᠢ᠌ᠭᠤᠯᠤᠨ᠎ᠠ; ᠰᠤᠷᠭ᠋ᠠᠭᠤᠯᠢ ᠪᠦᠬᠦᠨ ᠲᠣᠬᠢᠷᠠᠭᠤᠯᠬᠤ ᠪᠠᠷᠢᠮᠵᠢᠶ᠎ᠠ ᠶᠣᠰᠣᠭ᠋ᠠᠷ ᠪᠡᠶ᠎ᠡ ᠵᠢᠨ ᠲᠠᠮᠢᠷ᠎ᠤᠨ ᠪᠠᠭ᠋ᠠᠵᠢ ᠬᠡᠷᠡᠭᠰᠡᠯ ᠲᠥᠬᠥᠭᠡᠷᠦᠮᠵᠢ ᠵᠢ ᠪᠦᠷᠢᠨ ᠪᠤᠯᠭ᠋ᠠᠵᠦ᠂ ᠴᠢᠬᠣᠯᠠ ᠳᠡᠰ᠎ᠤᠨ ᠳᠤᠮᠳᠠᠳᠤ ᠰᠤᠷᠭ᠋ᠠᠭᠤᠯᠢ᠂ ᠶᠡᠬᠡ ᠳᠡᠭᠡᠳᠦ ᠰᠤᠷᠭ᠋ᠠᠭᠤᠯᠢ᠎ᠠᠴᠠ ᠪᠡᠶ᠎ᠡ ᠵᠢᠨ ᠲᠠᠮᠢᠷ᠎ᠤᠨ ᠣᠷᠳᠣᠨ᠂ ᠤᠮᠪᠠᠯᠲᠠ ᠵᠢᠨ ᠲᠠᠲᠠᠭ᠋ᠠᠯ ᠪᠣᠯᠤᠨ ᠪᠡᠶ᠎ᠡ ᠴᠢᠭᠢᠷᠠᠭᠵᠢᠭᠤᠯᠬᠤ ᠲᠥᠪ᠎ᠢ ᠪᠠᠢ᠌ᠭᠤᠯᠤᠨ᠎ᠠ; ᠰᠤᠮᠤ ᠰᠢᠶᠠᠩ ᠪᠠᠯᠭ᠋ᠠᠰᠤ ᠪᠣᠯᠤᠨ ᠵᠡᠭᠡᠯᠢ ᠭᠤᠳᠤᠮᠵᠢ ᠵᠢᠨ ᠬᠡᠷᠡᠭ ᠠ᠋ᠷᠬᠢᠯᠡᠬᠦ ᠭᠠᠵᠠᠷ᠎ᠠᠴᠠ ᠭᠡᠷ᠎ᠤᠨ ᠳᠣᠲᠣᠷ᠎ᠠ ᠭᠠᠳᠠᠷ᠎ᠠ ᠪᠡᠶ᠎ᠡ ᠵᠢᠨ ᠲᠠᠮᠢᠷ᠎ᠤᠨ ᠠᠵᠢᠯᠯᠠᠭ᠋ᠠᠨ᠎ᠤ ᠭᠠᠵᠠᠷ ᠪᠠᠢ᠌ᠭᠤᠯᠤᠨ᠎ᠠ; ᠰᠢᠨ᠎ᠡ᠎ᠪᠠᠷ ᠪᠠᠶ᠋ᠢᠭᠤᠯᠤᠭᠰᠠᠨ ᠰᠠᠭᠤᠭ᠋ᠠᠯᠢ ᠠᠷᠠᠳ᠎ᠤᠨ ᠲᠣᠭᠣᠷᠢᠭ᠂ ᠠᠵᠤ ᠠᠬᠤᠶ ᠵᠢᠨ ᠨᠡᠭᠡᠭᠡᠯᠲᠡ ᠵᠢᠨ ᠲᠣᠭᠣᠷᠢᠭ᠎ᠠᠴᠠ ᠬᠠᠷᠠᠭ᠋ᠠᠯᠵᠠᠭᠰᠠᠨ ᠪᠦᠷᠢᠨ ᠲᠥᠬᠥᠷ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢ ᠲᠥᠯᠥᠪᠵᠢᠭᠦᠯᠭᠡ ᠬᠢᠬᠦ ᠪᠠ ᠪᠦᠲᠦᠭᠡᠨ ᠪᠠᠶ᠋ᠢᠭᠤᠯᠬᠤ ᠬᠡᠷᠡᠭᠲᠡᠶ᠃
    ᠭᠤᠷᠪᠠ᠂ 《ᠪᠦᠬᠦ   á  á ·á  á ³ ᠎ᠤᠨ   ᠪᠡᠶ᠎ᠡ   ᠴᠢᠬᠢᠷᠠᠭᠵᠢᠭᠤᠯᠬᠤ   ᠲᠦᠯᠦᠪᠯᠡᠬᠡ ᠵᠢᠨ   ᠲᠣᠪᠴᠢ》 ᠵᠢ ᠭᠡᠷᠡᠭᠵᠢᠭᠦᠯᠵᠦ᠂ ᠣᠯᠠᠨ ᠠ᠋ᠰᠢᠵᠢᠭ᠌ᠰᠡᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠪᠦᠲᠦᠭᠡᠨ ᠪᠠᠢ᠌ᠭᠤᠯᠤᠨ᠎ᠠ᠃
     ï¼ˆá µá ¢á ·á ­á ¤á ­á Žá  ï¼‰ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ á  á ·á  á ³ ᠢᠷᠭᠡᠳ᠎ᠤᠨ ᠪᠡᠶ᠎ᠡ ᠮᠠᠬᠠᠪᠣᠳ᠎ᠤᠨ ᠬᠡᠪ ᠴᠢᠨᠠᠷ᠎ᠢ ᠳᠡᠭᠡᠭᠰᠢᠯᠡᠭᠦᠯᠬᠦ ᠪᠠ ᠬᠠᠮᠤᠭ᠎ᠤᠨ ᠥᠷᠭᠡᠨ ᠤᠯᠠᠨ á  á ·á  á ³ ᠲᠦᠮᠡᠨ᠎ᠤ ᠦᠨᠳᠦᠰᠦᠨ ᠠᠰᠢᠭ ᠲᠤᠰᠠ ᠵᠢ ᠬᠠᠮᠠᠭ᠋ᠠᠯᠠᠬᠤ ᠵᠢ ᠶᠡᠬᠡ ᠶᠠᠪᠤᠳᠠᠯ ᠪᠣᠯᠭ᠋ᠠᠵᠤ᠂ ᠲᠤᠶ᠋ᠢᠯ᠎ᠤᠨ ᠴᠢᠬᠤᠯᠠ ᠪᠠᠶ᠋ᠢᠷᠢᠨ᠎ᠳᠤ ᠲᠠᠯᠪᠢᠨ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠵᠢᠯ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠠᠵᠢᠯ᠎ᠤᠨ ᠪᠠᠶ᠋ᠢᠭᠤᠯᠤᠮᠵᠢ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠠᠤᠯᠢ ᠶᠣᠰᠣᠭ᠋ᠠᠷ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠤᠰᠬᠠᠶ ᠵᠦᠢ᠍ᠯ᠎ᠤᠨ ᠰᠠᠭᠤᠷᠢ ᠮᠥᠩᠭᠥ ᠵᠢ ᠪᠠᠶ᠋ᠢᠭᠤᠯᠬᠤ ᠪᠠ ᠨᠠᠶ᠋ᠢᠳᠠᠪᠤᠷᠢᠵᠢᠭᠤᠯᠵᠤ᠂ ᠪᠦᠬᠦ á  á ·á  á ³ ᠵᠢᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢ ᠥᠷᠨᠢᠭᠦᠯᠵᠦ᠂ ᠥᠷᠭᠡᠨ ᠤᠯᠠᠨ á  á ·á  á ³ ᠲᠦᠮᠡᠨ᠎ᠳᠤ ᠦᠨᠳᠦᠰᠦᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ ᠬᠠᠩᠭ᠋ᠠᠬᠤ ᠬᠡᠷᠡᠭᠲᠡᠶ᠃
     ï¼ˆá ²á ¤á ¯á ¤á ­á Žá  ï¼‰ ᠤᠯᠠᠨ ᠲᠦᠮᠡᠨᠴᠢ ᠴᠢᠨᠠᠷᠲᠠᠶ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠵᠤ᠂ ᠳᠣᠲᠣᠨᠣ ᠬᠠᠯᠠᠭᠣᠮᠰᠠᠭ ᠵᠶ᠋ᠠᠷ á  á ·á  á ³ ᠲᠦᠮᠡᠨ᠎ᠳᠤ ᠲᠦᠬᠦᠮ ᠦᠵᠡᠭᠦᠯᠬᠦ ᠪᠠ ᠠᠷᠠᠳ᠎ᠲᠤ ᠠᠰᠢᠭ ᠬᠦᠷᠲᠡᠭᠡᠬᠦ ᠵᠠᠷᠴᠢᠮ ᠶᠣᠰᠣᠭ᠋ᠠᠷ᠂ ᠭᠤᠷᠪᠠᠨ ᠲᠠᠯ᠎ᠠ ᠵᠢ ᠴᠢᠬᠤᠯᠠᠴᠢᠯᠠᠨ ᠰᠠᠶ᠋ᠢᠲᠤᠷ ᠠᠳᠬᠤᠬᠤ ᠬᠡᠷᠡᠭᠲᠡᠶ᠄ ᠨᠢᠭᠡ᠎ᠳᠤ᠂ ᠤᠯᠠᠨ ᠲᠦᠮᠡᠨ᠎ᠤ ᠪᠡᠶ᠎ᠡ ᠴᠢᠭᠢᠷᠠᠭᠵᠢᠭᠤᠯᠬᠤ ᠲᠠᠯᠠᠪᠤᠷ᠎ᠢ ᠰᠠᠶ᠋ᠢᠲᠤᠷ ᠪᠦᠲᠦᠭᠡᠨ ᠪᠠᠶ᠋ᠢᠭᠤᠯᠵᠤ᠂ ᠣᠯᠠᠨ ᠲᠦᠮᠡᠨ᠎ᠤ ᠲᠤᠬᠠᠶ ᠵᠢᠨ ᠭᠠᠵᠠᠷ᠎ᠲᠠᠭᠠᠨ ᠣᠶ᠋ᠢᠷ᠎ᠠ ᠵᠠᠭᠤᠷ᠎ᠠ᠎ᠪᠠᠨ ᠪᠡᠶ᠎ᠡ ᠲᠠᠮᠢᠷ᠎ᠤᠨ ᠬᠥᠳᠡᠯᠭᠡᠭᠡᠨ᠎ᠳᠤ ᠣᠷᠣᠯᠴᠠᠬᠤ ᠵᠢ ᠲᠦᠭᠦᠮ ᠪᠣᠯᠭ᠋ᠠᠨ᠎ᠠ; ᠬᠣᠶᠠᠷ᠎ᠲᠤ᠂ ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ᠎ᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠣᠭᠴᠢ ᠵᠢᠨ ᠠ᠋ᠩᠨᠡᠭᠡ ᠪᠠ ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ ᠰᠦᠯᠵᠢᠶ᠎ᠡ ᠵᠢ ᠥᠷᠭᠡᠳᠬᠡᠵᠦ᠂ ᠵᠣᠬᠢᠶᠠᠨ ᠪᠠᠶ᠋ᠢᠭᠤᠯᠤᠯᠲᠠ᠎ᠲᠠᠢ᠎ᠪᠠᠷ ᠤᠯᠠᠨ ᠲᠦᠮᠡᠨ᠎ᠢ ᠬᠥᠲᠥᠯᠥᠨ   ᠵᠢᠯᠤᠭᠤᠳᠤᠨ᠎ᠠ; ᠭᠤᠷᠪᠠ᠎ᠳᠤ᠂ ᠪᠠᠶ᠋ᠢᠩᠭᠤ ᠵᠢᠨ ᠴᠢᠨᠠᠷᠲᠠᠶ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠡᠷᠬᠢᠯᠡᠨ᠎ᠡ᠃ ᠡᠯ᠎ᠡ ᠱᠠᠲᠤᠨ᠎ᠤ ᠨᠠᠮ ᠵᠠᠰᠠᠭ᠎ᠤᠨ ᠪᠠᠶ᠋ᠢᠭᠤᠯᠭ᠎ᠠ ᠲᠦᠷᠦᠭᠦᠯᠡᠨ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠋ᠠᠨ᠎ᠢ ᠥᠷᠨᠢᠭᠦᠯᠵᠦ᠂ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠂ ᠠᠵᠢᠯᠲᠠᠨ ᠠᠵᠢᠯᠴᠢᠨ᠎ᠤ ᠪᠡᠶ᠎ᠡ ᠵᠢᠨ ᠲᠠᠮᠢᠷ᠂ ᠮᠠᠯᠴᠢᠨ ᠲᠠᠷᠢᠶᠠᠴᠢᠨ᠎ᠤ ᠪᠡᠶ᠎ᠡ ᠵᠢᠨ ᠲᠠᠮᠢᠷ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠂ ᠵᠡᠮᠳᠡᠭᠴᠤᠤᠯ᠎ᠤᠨ ᠪᠡᠶ᠎ᠡ ᠲᠠᠮᠢᠷ᠂ ᠦᠨᠳᠦᠰᠦᠲᠡᠨ᠎ᠤ ᠪᠡᠶ᠎ᠡ ᠵᠢᠨ ᠲᠠᠮᠢᠷ ᠵᠡᠷᠭᠡ ᠬᠦᠳᠡᠯᠭᠡᠭᠡᠨ᠎ᠢ ᠶᠡᠬᠡᠪᠡᠷ ᠥᠷᠨᠢᠭᠦᠯᠵᠦ᠂ ᠰᠢᠨᠵᠢᠯᠡᠬᠦ ᠤᠬᠠᠭ᠋ᠠᠨ᠎ᠢ ᠠ᠋ᠷᠬᠢᠮᠯᠡᠵᠦ᠂ ᠪᠣᠯᠪᠠᠰᠤᠨ᠂ ᠠ᠋ᠷᠡᠭᠦᠯ ᠰᠠᠶ᠋ᠢᠬᠠᠨ ᠠᠮᠢᠳᠤᠷᠠᠯ᠎ᠤᠨ á  á ·á ­á Žá   ᠬᠡᠯᠪᠡᠷᠢ᠎ᠪᠠᠷ ᠤᠯᠠᠨ ᠲᠦᠮᠡᠨ᠎ᠤ ᠠᠵᠢᠯ᠎ᠤᠨ ᠴᠢᠯᠥᠭᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠣᠯᠣᠨ᠎ᠠ᠃ ᠪᠡᠶ᠎ᠡ ᠵᠢᠨ ᠲᠠᠮᠢᠷ᠎ᠤᠨ ᠠᠵᠢᠯᠯᠠᠭ᠎ᠠ᠎ᠤᠨ ᠪᠠᠶ᠋ᠢᠳᠠᠯ᠎ᠢ ᠪᠣᠯᠪᠠᠰᠤᠨ ᠨᠡᠶ᠋ᠢᠭᠡᠮ᠎ᠤᠨ ᠲᠣᠭᠣᠷᠢᠭ᠂ ᠪᠣᠯᠪᠠᠰᠤᠨ ᠰᠤᠮᠤ ᠰᠢᠶᠠᠩ ᠪᠠᠯᠭ᠋ᠠᠰᠤ ᠵᠢᠨ ᠰᠢᠯᠭ᠋ᠠᠷᠠᠭᠤᠯᠬᠤ ᠨᠥᠬᠥᠴᠡᠯ ᠪᠤᠯᠭ᠋ᠠᠵᠦ᠂ ᠬᠢᠨᠠᠨ ᠰᠢᠯᠭ᠋ᠠᠬᠤ ᠪᠠ ᠱᠠᠩᠨᠠᠬᠤ á  á ·á ­á Žá   ᠵᠢ ᠲᠡᠭᠦᠯᠳᠡᠷᠵᠢᠭᠦᠯᠦᠨ᠎ᠡ᠃   ᠪᠦᠬᠦ á  á ·á  á ³ ᠢᠷᠭᠡᠨ᠎ᠤ ᠪᠡᠶ᠎ᠡ ᠮᠠᠬᠠᠪᠣᠳ᠎ᠢ ᠬᠢᠨᠠᠨ ᠬᠡᠮᠵᠢᠬᠦ ᠰᠢᠰᠲ᠋ᠧᠮ ᠪᠠ ᠠᠵᠢᠯ᠎ᠤᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ á  á ·á  á ³ ᠢᠷᠭᠡᠨ᠎ᠤ ᠪᠡᠶ᠎ᠡ ᠮᠠᠬᠠᠪᠣᠳ᠎ᠢ ᠬᠢᠨᠠᠨ ᠬᠡᠮᠵᠢᠭᠰᠡᠨ ᠦᠷ᠎ᠡ ᠳ᠋ᠦᠩ ᠵᠶ᠋ᠡᠨ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠭᠡᠮ ᠨᠡᠶ᠋ᠢᠲᠡ᠎ᠳᠤ ᠨᠡᠶ᠋ᠢᠲᠡᠯᠡᠬᠦ ᠬᠡᠷᠡᠭᠲᠡᠶ᠃ ᠤᠯᠤᠰ᠎ᠤᠨ á  á ·á  á ³ ᠢᠷᠭᠡᠨ᠎ᠤ ᠪᠡᠶ᠎ᠡ ᠮᠠᠬᠠᠪᠣᠳ᠎ᠢ ᠬᠢᠨᠠᠨ ᠰᠢᠯᠭ᠋ᠠᠬᠤ ᠭᠦᠢ᠍ᠴᠡᠳᠬᠡᠬᠦ ᠲᠣᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠬᠦᠭᠵᠢᠯᠲᠡ᠎ᠤᠨ ᠶᠡᠷᠦᠨᠭᠬᠡᠢ᠌ᠯᠡᠭᠰᠡᠨ ᠲᠣᠭ᠎ᠠ ᠪᠦᠷᠢᠳᠬᠡᠯ᠎ᠤᠨ ᠭᠦᠢ᠍ᠴᠡᠳᠬᠡᠬᠦ ᠲᠣᠭ᠎ᠠ᠎ᠳᠤ ᠪᠠᠭᠲᠠᠭ᠋ᠠᠨ᠂ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ   ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠦᠨᠳᠦᠰᠦ ᠪᠠᠷᠢᠮᠲᠠ ᠬᠠᠨᠭ᠌ᠭ᠋ᠠᠨ᠎ᠠ᠃
    (ᠨᠠᠢ᠍ᠮᠠ) ᠰᠤᠷᠭ᠋ᠠᠭᠤᠯᠢ ᠵᠢᠨ ᠪᠡᠶ᠎ᠡ ᠵᠢᠨ ᠲᠠᠮᠢᠷ ᠪᠣᠯ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠭᠣᠣᠯᠳᠠᠯᠭ᠎ᠠ ᠮᠦᠨ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠵᠢᠯ᠎ᠤᠨ ᠬᠠᠮᠢᠶᠠᠷᠤᠯᠲᠠ᠂ ᠵᠢᠯᠣᠭᠣᠳᠣᠯᠭ᠎ᠠ ᠵᠢ ᠴᠢᠩᠭ᠋ᠠᠳᠬᠠᠵᠤ᠂ ᠡᠯ᠎ᠡ ᠳᠡᠰ ᠡᠯ᠎ᠡ ᠲᠦᠷᠦᠯ᠎ᠤᠨ ᠰᠤᠷᠭ᠋ᠠᠭᠤᠯᠢ ᠵᠢ ᠬᠢᠨᠠᠨ ᠱᠠᠭ᠋ᠠᠷᠳᠠᠵᠦ᠂ ᠨᠠᠷᠢᠨ ᠬᠢᠨᠠᠮᠠᠭ᠋ᠠᠢ᠎ᠪᠠᠷ ᠶᠣᠰᠣ ᠮᠣᠷᠠᠯ᠂ ᠤᠶᠤᠨ ᠤᠬᠠᠭ᠋ᠠᠨ᠂ ᠪᠡᠶ᠎ᠡ ᠮᠠᠬᠠᠪᠣᠳ᠎ᠤᠨ ᠪᠦᠬᠦ   ᠲᠠᠯ᠎ᠠ᠎ᠪᠠᠷ ᠬᠥᠭᠵᠢᠭᠦᠯᠬᠦ ᠴᠢᠭᠯᠡᠯᠲᠡ ᠪᠠ       《ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠵᠢᠯ᠎ᠤᠨ ᠳᠦᠷᠢᠮ》 á Žá ¢ ᠲᠤᠤᠱᠯᠠᠭᠤᠯᠵᠤ᠂ ᠪᠡᠶ᠎ᠡ ᠵᠢᠨ ᠲᠠᠮᠢᠷ᠎ᠤᠨ ᠵᠢᠭ᠋ᠠᠨ ᠰᠤᠷᠭ᠋ᠠᠯᠲᠠ ᠵᠢᠨ á ¶á  á °á ¤ ᠴᠢᠨᠠᠷ ᠪᠠ ᠬᠢᠴᠢᠶᠡᠯ᠎ᠤᠨ ᠭᠠᠳᠠᠨᠠᠬᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ á ´á  á ­á Žá ¢ ᠪᠠᠳᠣᠯᠠᠵᠦ᠂ ᠵᠠᠯᠠᠭᠤᠴᠤᠳ ᠪᠠᠭ᠋ᠠᠴᠤᠳ᠎ᠲᠤ ᠦᠨᠳᠦᠰᠦᠨ ᠬᠥᠳᠡᠯᠭᠡᠭᠡᠨ᠎ᠤ ᠤᠷ᠎ᠠ ᠮᠡᠷᠭᠡᠰᠢᠯ ᠡᠵᠡᠮᠰᠢᠭᠦᠯᠵᠦ᠂ ᠨᠠᠰᠤᠨ ᠲᠤᠷᠰᠢᠳᠠ᠎ᠪᠠᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠳᠤ ᠣᠷᠣᠯᠴᠠᠬᠤ ᠳᠠᠳᠬᠠᠯ᠎ᠲᠠᠢ ᠪᠣᠯᠭ᠋ᠠᠨ᠎ᠠ᠃ ᠨᠥᠬᠥᠴᠡᠯ ᠪᠦᠷᠢᠯᠳᠦᠭᠦᠯᠵᠦ ᠪᠠᠶ᠋ᠢᠭ᠋ᠠᠳ ᠣᠯᠠᠨ ᠵᠦᠢ᠍ᠯ᠎ᠤᠨ ᠬᠡᠯᠪᠡᠷᠢ ᠵᠢᠨ ᠠᠵᠢᠯ᠎ᠤᠨ ᠴᠢᠯᠥᠭᠡᠨ᠎ᠤ ᠪᠣᠯᠪᠠᠰᠤᠷᠠᠯ᠎ᠢ ᠦᠷᠨᠢᠭᠦᠯᠵᠦ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠳᠡᠭᠡᠳᠦ ᠬᠡᠪ ᠴᠢᠨᠠᠷ ᠪᠦᠬᠦᠢ ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠨᠢᠷᠤᠭᠤᠪᠴᠢ ᠪᠠ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠢ ᠬᠦᠮᠦᠵᠢᠭᠦᠯᠦᠨ᠎ᠡ᠃
     ï¼ˆá ¶á ¢á °á ¦ï¼‰ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠠᠵᠢᠯ á Žá ¢ ᠴᠢᠩᠭ᠋ᠠᠳᠬᠠᠬᠣ ᠬᠡᠷᠡᠭᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠠᠴᠠ ᠴᠥᠭᠡᠨ ᠲᠣᠭ᠋ᠠᠲᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠢᠳᠡᠪᠬᠢᠲᠡᠶ᠎ᠪᠠᠷ ᠵᠣᠷᠢᠭᠵᠢᠭᠤᠯᠤᠨ ᠲᠡᠳᠬᠦᠨ ᠲᠡᠮᠵᠢᠵᠦ᠂ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠬᠥᠲᠥᠯᠦᠨ ᠵᠢᠯᠣᠭᠣᠳᠴᠤ ᠦᠷᠨᠢᠭᠦᠯᠦᠨ᠂ ᠤᠯᠠᠮᠵᠢᠯᠠᠯᠲᠤ ᠪᠡᠶ᠎ᠡ ᠲᠠᠮᠢᠷ᠎ᠤᠨ ᠲᠤᠢ᠍ᠷᠦᠯ ᠵᠦᠢ᠍ᠯ᠎ᠢ ᠰᠡᠷᠭᠦᠭᠡᠵᠦ ᠡᠮᠬᠢᠳᠭᠡᠨ᠂ ᠴᠠᠭ᠎ᠲᠤᠨᠢ ᠲᠣᠬᠢᠷᠠᠭᠤᠯᠤᠨ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠵᠣᠬᠢᠶᠠᠨ ᠪᠠᠢ᠌ᠭᠣᠯᠣᠨ᠂ ᠴᠥᠭᠡᠨ ᠲᠣᠭ᠋ᠠᠲᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠢᠳᠠᠪᠤᠷᠢᠲᠠᠨ᠎ᠢ ᠰᠢᠯᠢᠨ ᠰᠣᠩᠭᠣᠵᠣ ᠬᠦᠮᠦᠵᠢᠭᠦᠯᠬᠦ ᠬᠡᠷᠡᠭᠲᠡᠶ᠃ ᠴᠥᠭᠡᠨ ᠲᠣᠭ᠋ᠠᠲᠤ ᠦᠨᠳᠦᠰᠦᠲᠡᠨ᠎ᠤ ᠬᠥᠮᠦᠨ ᠠᠮᠠ ᠲᠥᠪᠯᠡᠷᠡᠨ ᠰᠠᠭᠤᠭᠰᠠᠨ ᠭᠠᠵᠠᠷ ᠣᠷᠣᠨ᠎ᠤ ᠪᠡᠶ᠎ᠡ ᠲᠠᠮᠢᠷ᠎ᠤᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠬᠦᠨᠳᠦᠳᠬᠡᠨ ᠦᠵᠡᠵᠦ᠂ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠬᠡᠷᠡᠭᠴᠡᠭᠡ ᠵᠢ ᠬᠠᠩᠭ᠋ᠠᠬᠤ ᠬᠡᠷᠡᠭᠲᠡᠶ᠃
    ᠲᠥᠷᠪᠡ᠂ 《ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠢᠷᠠᠭᠤ ᠠᠯᠳᠠᠷ᠎ᠤᠨ ᠲᠥᠯᠥᠭᠡ ᠲᠡᠮᠡᠴᠡᠬᠦ ᠲᠥᠯᠥᠪᠯᠡᠭᠡ ᠵᠢᠨ ᠲᠣᠪᠴᠢ》 ᠵᠢ ᠬᠡᠷᠡᠭᠵᠢᠭᠦᠯᠵᠦ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠢᠷᠢ ᠬᠡᠮᠵᠢᠶ᠎ᠡ ᠵᠢ ᠲᠦᠷᠭᠡᠨ ᠵᠶ᠋ᠠᠷ ᠳᠡᠭᠡᠭᠰᠢᠯᠡᠭᠦᠯᠦᠨ᠎ᠡ
     ï¼ˆá  á ·á ªá  ï¼‰ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠢᠳᠡᠪᠬᠢᠲᠡᠶ᠎ᠪᠠᠷ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠢ ᠬᠥᠭᠵᠢᠭᠦᠯᠵᠦ᠂ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠢᠷᠠᠭᠤ ᠠᠯᠳᠠᠷ᠎ᠢ ᠲᠡᠮᠡᠴᠡᠨ ᠤᠯᠬᠤ ᠲᠥᠯᠥᠪᠯᠡᠭᠡ ᠵᠢ ᠵᠣᠬᠢᠶᠠᠨ ᠪᠠᠢ᠌ᠭᠣᠯᠣᠨ ᠬᠡᠷᠡᠭᠵᠢᠭᠦᠯᠦᠨ᠎ᠡ᠃ ᠬᠥᠳᠡᠯᠭᠡᠭᠡᠨ᠎ᠤ ᠵᠦᠢ᠍ᠯᠡᠰ᠎ᠢ ᠪᠠᠶ᠋ᠢᠷᠢᠯᠠᠭᠤᠯᠬᠤ ᠵᠢ ᠵᠣᠬᠢᠰᠲᠠᠶ ᠲᠣᠬᠢᠷᠠᠭᠤᠯᠵᠤ᠂ ᠪᠡᠶ᠎ᠡ ᠵᠢᠨ ᠲᠠᠮᠢᠷ᠎ᠤᠨ ᠠ᠋ᠬᠢ ᠪᠠᠶᠠᠯᠢᠭ᠎ᠢ ᠪᠦᠲᠦᠮᠵᠢᠲᠡᠶ ᠠᠰᠢᠭᠯᠠᠵᠤ᠂ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ ᠵᠣᠬᠢᠶᠠᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠶ᠋ᠠᠷ ᠬᠠᠮᠤᠭ᠎ᠤᠨ ᠳᠡᠭᠡᠳᠦ ᠬᠠᠷᠠᠯᠲᠠ   ᠪᠣᠯᠭ᠋ᠠᠨ᠂ ᠪᠦᠬᠦ ᠤᠯᠤᠰ᠎ᠤᠨ ᠲᠠᠮᠢᠷ᠎ᠤᠨ ᠴᠤᠭᠯᠠᠭ᠋ᠠᠨ ᠵᠶ᠋ᠠᠷ ᠭᠣᠣᠯ ᠠ᠋ᠭᠦᠷᠭᠡ᠎ᠪᠠᠨ ᠪᠣᠯᠭ᠋ᠠᠵᠤ᠂ ᠴᠢᠳᠠᠪᠤᠷᠢᠲᠠᠨ ᠵᠶ᠋ᠠᠷ ᠦᠨᠳᠦᠰᠦ ᠪᠣᠯᠭ᠋ᠠᠨ᠂ ᠰᠠᠭᠤᠷᠢ ᠵᠢ ᠴᠢᠩᠭ᠋ᠠᠷᠠᠭᠤᠯᠵᠤ᠂ ᠳᠠᠪᠠᠭᠤᠯᠢᠭ ᠵᠶ᠋ᠠᠨ ᠪᠠᠳᠠᠷᠠᠭᠣᠯᠣᠨ᠂ ᠭᠣᠣᠯᠳᠠᠯᠭ᠎ᠠ᠎ᠲᠠᠢ ᠰᠢᠪᠲᠤᠯᠤᠯᠲᠠ ᠬᠢᠵᠦ᠂ ᠵᠣᠬᠢᠮᠵᠢᠲᠠᠢ ᠬᠡᠪᠴᠢᠶ᠎ᠡ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠲᠣᠭᠲᠠᠭ᠋ᠠᠨ᠎ᠠ᠃
     ï¼ˆá  á ·á ªá  á ¨ ᠨᠢᠭᠡ) ᠰᠢᠯᠢᠳᠡᠭ ᠲᠠᠮᠢᠷᠴᠢᠨ᠎ᠤ ᠠ᠋ᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃   《ᠬᠦᠴᠢᠷ᠂ ᠴᠢᠩᠭ᠎ᠠ᠂ ᠪᠣᠳᠠᠲᠤ ᠪᠠᠶ᠋ᠢᠯᠳᠤᠭ᠋ᠠᠨ᠎ᠤ ᠬᠡᠷᠡᠭᠴᠡᠭᠡ᠎ᠠᠴᠠ ᠠ᠋ᠭᠦᠰᠴᠦ᠂ ᠰᠢᠨᠵᠢᠯᠡᠬᠦ ᠤᠬᠠᠭ᠋ᠠᠨ᠎ᠤ ᠶᠡᠬᠡ ᠬᠥᠳᠡᠯᠭᠡᠭᠡᠨᠲᠦ ᠪᠣᠯᠪᠠᠰᠤᠷᠠᠯ ᠬᠢᠬᠦ》 ᠵᠠᠷᠴᠢᠮ᠎ᠤᠨ ᠶᠣᠰᠣ ᠵᠢ ᠨᠠᠷᠢᠨ ᠬᠢᠨᠠᠮᠠᠭ᠋ᠠᠶ ᠲᠤᠤᠱᠯᠠᠭᠤᠯᠵᠤ᠂ ᠲᠠᠮᠢᠷᠴᠢᠨ᠎ᠤ ᠠ᠋ᠩᠨᠡᠭᠡ ᠵᠢᠨ ᠬᠠᠮᠢᠶᠠᠷᠤᠯᠲᠠ ᠵᠢ ᠴᠢᠩᠭ᠋ᠠᠳᠬᠠᠵᠤ᠂   ᠪᠣᠯᠪᠠᠰᠣᠷᠠᠬᠣ ᠲᠦᠷᠢᠮ᠎ᠢ   ᠴᠢᠨᠭ᠌ᠭ᠋ᠠᠳᠬᠠᠨ᠂ ᠤᠷᠤᠯᠳᠤᠭ᠋ᠠᠨ᠎ᠤ ᠰᠠᠬᠢᠯᠭ᠎ᠠ ᠪᠠᠲᠤ ᠵᠢ ᠴᠢᠩᠭ᠎ᠠ ᠳᠣᠳᠣᠷᠬᠠᠢ᠌ᠯᠠᠨ᠎ᠠ᠃ ᠲᠠᠮᠢᠷᠴᠢᠨ᠎ᠤ ᠦᠵᠡᠯ ᠰᠠᠨᠠᠭ᠎ᠠ ᠶᠣᠰᠣ ᠮᠣᠷᠠᠯ᠎ᠤᠨ ᠬᠥᠮᠦᠵᠢᠯ᠎ᠢ ᠦᠨᠡᠨ ᠬᠦ᠌ ᠴᠢᠩᠭ᠋ᠠᠳᠬᠠᠵᠤ᠂ ᠳᠤᠮᠳᠠᠳᠤ ᠵᠢᠨ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠤᠨ᠎ᠠ᠃ ᠲᠠᠮᠢᠷᠴᠢᠨ᠎ᠤ ᠰᠢᠨᠵᠢᠯᠡᠬᠦ ᠤᠬᠠᠭ᠋ᠠᠨ ᠰᠣᠶᠣᠯ᠎ᠤᠨ ᠬᠥᠮᠦᠵᠢᠯ᠎ᠢ ᠴᠢᠬᠤᠯᠴᠢᠯᠠᠵᠤ᠂ ᠰᠣᠶᠣᠯ᠎ᠤᠨ ᠬᠡᠪ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠤᠯᠠᠨ ᠵᠦᠢ᠍ᠯ᠎ᠤᠨ á  á ·á ­á Žá   ᠵᠠᠮ ᠵᠶ᠋ᠠᠷ ᠳᠠᠮᠵᠢᠭᠤᠯᠤᠨ ᠲᠠᠮᠢᠷᠴᠢᠨ᠎ᠢ ᠰᠢᠯᠢᠨ ᠳᠡᠪᠰᠢᠭᠦᠯᠬᠦ ᠲᠦᠷᠢᠮ᠂ ᠠᠵᠢᠯ ᠣᠯᠭᠣᠬᠤ ᠠᠵᠢᠯ᠎ᠤᠨ ᠪᠠᠶ᠋ᠢᠷᠢ ᠰᠣᠯᠢᠬᠤ ᠪᠣᠯᠪᠠᠰᠤᠷᠠᠯ ᠎ᠤᠨ ᠲᠦᠷᠢᠮ᠂ á ¡á ® ᠠ᠋ᠮᠨᠡᠯᠭᠡ ᠪᠣᠯᠤᠨ ᠵᠡᠮᠳᠡᠭᠴᠦᠳ᠎ᠤᠨ ᠳᠠᠭ᠋ᠠᠳᠬᠠᠯ᠎ᠤᠨ ᠲᠦᠷᠢᠮ ᠵᠢᠴᠢ ᠠᠵᠢᠯ᠎ᠠᠴᠠ ᠪᠠᠭᠤᠭᠰᠠᠨ ᠲᠠᠮᠢᠷᠴᠢᠳ᠎ᠤᠨ ᠠᠵᠢᠯ ᠣᠯᠭᠣᠵᠤ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
    (ᠠᠷᠪᠠᠨ ᠬᠣᠶᠠᠷ) ᠪᠡᠶ᠎ᠡ ᠵᠢᠨ ᠲᠠᠮᠢᠷ᠎ᠤᠨ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ᠎ᠤ ᠠ᠋ᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠯᠢᠳᠡᠭ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠬᠤ ᠰᠠᠭᠤᠷᠢᠨ ᠳᠡᠭᠡᠷ᠎ᠡ ᠨᠢᠭᠡ ᠪᠦᠯᠦᠭ ᠲᠡᠯᠡᠬᠡᠢ ᠵᠢᠨ ᠬᠡᠪᠴᠢᠶ᠎ᠡ᠂ ᠲᠢᠪ ᠠᠯᠤᠰᠯᠠᠬᠤ ᠴᠢᠬᠤᠯᠠ ᠶᠡᠬᠡ ᠤᠷᠤᠯᠳᠤᠭ᠋ᠠᠨ᠎ᠤ ᠳᠤᠮᠳᠠ ᠰᠢᠯᠢᠳᠡᠭ ᠰᠠᠶ᠋ᠢᠨ ᠬᠢᠷᠢ ᠪᠦᠲᠦᠮᠵᠢ ᠥᠨᠳᠥᠷ ᠬᠢᠷᠢ ᠲᠦᠪᠰᠢᠨ ᠪᠥᠬᠥᠶ ᠲᠠᠮᠢᠷᠴᠢᠨ᠎ᠢ ᠪᠣᠢ ᠪᠣᠯᠭ᠋ᠠᠨᠨ᠎ᠠ᠃ ᠤᠯᠠᠨ ᠲᠡᠰ ᠳᠠᠪᠬᠤᠷᠭ᠎ᠠ ᠵᠢᠨ ᠥᠷᠢᠰᠥᠯᠳᠦᠭᠡᠨ᠂ ᠤᠷᠮᠠᠰᠢᠭᠤᠯᠤᠨ ᠵᠣᠷᠢᠭᠵᠢᠭᠤᠯᠬᠤ ᠪᠠ ᠬᠢᠵᠠᠭ᠋ᠠᠷᠯᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠤᠷᠭ᠋ᠠᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯᠲᠡᠨ᠂ ᠬᠠᠮᠢᠶᠠᠷᠤᠯᠲᠠ ᠵᠢᠨ ᠠᠵᠢᠯᠲᠠᠨ ᠪᠣᠯᠤᠨ ᠬᠢᠨᠠᠭᠴᠢ ᠬᠥᠮᠦᠵᠢᠭᠦᠯᠬᠦ ᠪᠠ ᠬᠡᠷᠡᠭᠯᠡᠬᠦ ᠲᠠᠯ᠎ᠠ᠎ᠪᠠᠷ ᠴᠢᠩᠭ᠋ᠠᠳᠬᠠᠵᠤ᠂ ᠲᠥᠷᠥᠯ ᠵᠦᠢ᠍ᠯ ᠪᠠ ᠰᠢᠨᠵᠢᠯᠡᠭᠡᠨ᠎ᠤ ᠰᠠᠯᠠᠭ᠋ᠠᠨ᠎ᠤ ᠲᠦᠷᠦᠭᠦᠯᠡᠭᠴᠢᠳ ᠵᠶ᠋ᠡᠷ ᠭᠣᠣᠯᠯᠠᠭᠴᠢ ᠠ᠋ᠩᠨᠡᠭᠡ ᠪᠠᠢ᠌ᠭᠣᠯᠣᠨ᠂ ᠨᠡᠩ ᠤᠯᠠᠨ ᠬᠥᠮᠦᠨ᠎ᠢ ᠤᠯᠤᠰ᠎ᠤᠨ ᠲᠠᠰ᠎ᠤᠨ ᠴᠢᠳᠠᠪᠤᠷᠢᠲᠠᠨ᠎ᠤ ᠠ᠋ᠩᠨᠡᠭᠡᠨ᠎ᠳᠤ ᠣᠷᠣᠭᠣᠯᠬᠣ᠎ᠪᠠᠷ ᠴᠢᠷᠮᠠᠢ᠌ᠨ᠎ᠠ᠃ ᠥᠨᠳᠥᠷ ᠲᠦᠪᠰᠢᠨ᠎ᠲᠠᠢ ᠴᠢᠳᠠᠪᠤᠷᠢᠲᠠᠨ᠎ᠢ ᠣᠷᠣᠭᠤᠯᠤᠨ ᠬᠠᠷᠠᠭ᠋ᠠᠯᠵᠠᠯ᠎ᠤᠨ ᠣᠯᠭᠣᠮᠵᠢ ᠣᠯᠭᠣᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠨᠤᠭᠤᠳ á  á ·á ­á Žá   ᠬᠡᠮᠵᠢᠶ᠎ᠡ ᠠᠪᠴᠤ᠂ ᠡᠯ᠎ᠡ ᠲᠠᠯ᠎ᠠ ᠵᠢᠨ ᠬᠦᠴᠦᠨ᠎ᠢ ᠳᠠᠶ᠋ᠢᠴᠢᠯᠠᠵᠤ᠂ ᠪᠡᠶ᠎ᠡ ᠵᠢᠨ ᠲᠠᠮᠢᠷ᠎ᠤᠨ ᠰᠢᠯᠢᠳᠡᠭ ᠴᠢᠳᠠᠪᠤᠷᠢᠲᠠᠨ ᠴᠣᠯᠭᠣᠷᠠᠨ ᠭᠠᠷᠬᠤ ᠰᠠᠢ᠍ᠢ᠍ᠨ ᠰᠠᠶ᠋ᠢᠬᠠᠨ ᠣᠷᠴᠢᠨ ᠨᠥᠬᠥᠴᠡᠯ᠎ᠢ ᠪᠤᠢ ᠪᠣᠯᠭ᠋ᠠᠨ᠎ᠠ᠃
     ï¼ˆá  á ·á ªá  á ¨ ᠭᠤᠷᠪᠠ) ᠪᠡᠶ᠎ᠡ ᠵᠢᠨ ᠲᠠᠮᠢᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ᠂ ᠵᠢᠭ᠋ᠠᠨ ᠰᠣᠷᠭ᠋ᠠᠯᠳᠠ ᠵᠢᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠠ᠋ᠭᠦᠳᠬᠦ ᠵᠢ ᠴᠢᠬᠤᠯᠴᠢᠯᠠᠵᠤ᠂ ᠪᠣᠯᠪᠠᠰᠤᠷᠠᠭᠤᠯᠬᠤ á  á ·á ­á Žá   ᠵᠢ ᠰᠠᠢ᠌ᠵᠢᠷᠠᠭᠣᠯᠣᠨ᠂ ᠪᠣᠯᠪᠠᠰᠤᠷᠠᠯ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠵᠢᠭ᠋ᠠᠨ ᠰᠤᠷᠭ᠋ᠠᠯᠲᠠ ᠵᠢ ᠨᠢᠭᠲᠠ ᠤᠶᠠᠯᠳᠤᠭᠤᠯᠬᠤ ᠬᠡᠷᠡᠭᠲᠡᠶ᠃   ᠪᠡᠯᠡ ᠣᠷᠣᠭᠤᠯᠤᠯᠲᠠ ᠪᠠ ᠠᠵᠢᠯ᠎ᠤᠨ ᠠ᠋ᠷᠴᠢᠮ ᠵᠶ᠋ᠡᠨ ᠴᠢᠩᠭ᠋ᠠᠷᠠᠭᠤᠯᠵᠤ᠂ ᠪᠣᠯᠪᠠᠰᠤᠷᠠᠭᠤᠯᠤᠯ᠎ᠤᠨ ᠨᠥᠬᠥᠴᠡᠯ᠎ᠢ ᠠᠯᠢ ᠴᠢᠳᠠᠬᠤᠶ᠋ᠢᠴᠠ ᠲᠦᠷᠭᠡᠨ ᠰᠠᠶ᠋ᠢᠵᠢᠷᠠᠭᠤᠯᠬᠤ᠂ ᠪᠦᠲᠦᠭᠡᠨ ᠪᠠᠶ᠋ᠢᠭᠤᠯᠤᠯᠲᠠ ᠪᠠ ᠭᠣᠣᠯᠳᠠᠯᠭ᠎ᠠ᠎ᠲᠠᠢ᠎ᠪᠠᠷ ᠰᠢᠯᠢᠳᠡᠭ᠎ᠢ ᠲᠡᠳᠬᠦᠨ ᠳᠡᠮᠵᠢᠬᠦ᠂ ᠭᠣᠣᠯᠳᠠᠯᠭ᠎ᠠ᠎ᠲᠠᠢ ᠲᠦᠷᠦᠯ ᠵᠦᠢ᠍ᠯ ᠵᠢᠴᠢ ᠪᠣᠯᠪᠠᠰᠤᠷᠠᠯ᠎ᠤᠨ ᠰᠠᠭᠤᠷᠢᠨ᠎ᠤ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠣᠨᠴᠠᠭ᠋ᠠᠶ᠋ᠢᠯᠠᠨ ᠴᠢᠩᠭ᠎ᠠ ᠠᠳᠬᠣᠵᠦ᠂ ᠲᠡᠭᠦᠨ᠎ᠢ ᠤᠯᠤᠰ᠎ᠤᠨ ᠳᠣᠲᠣᠭ᠋ᠠᠳᠤ ᠵᠢᠨ ᠨᠡᠯᠢᠶᠡᠳ ᠥᠨᠳᠥᠷ ᠬᠡᠮᠵᠢᠶᠡᠨ᠎ᠳᠤ ᠬᠦᠷᠭᠡᠨ᠎ᠡ᠃
    (ᠠᠷᠪᠠᠨ ᠳᠥᠷᠪᠡ) ᠪᠡᠶ᠎ᠡ ᠵᠢᠨ ᠲᠠᠮᠢᠷ ᠪᠠ ᠬᠢᠴᠢᠶᠡᠯ ᠬᠥᠮᠦᠵᠢᠯ᠎ᠢ ᠤᠶᠠᠯᠳᠤᠭᠤᠯᠬᠤ ᠵᠠᠷᠴᠢᠮ᠎ᠢ ᠪᠠᠷᠢᠮᠲᠠᠯᠠᠵᠤ᠂ ᠠᠵᠢᠯ᠎ᠤᠨ ᠴᠢᠯᠥᠭᠡᠨ᠎ᠤ ᠪᠣᠯᠪᠠᠰᠤᠷᠠᠯ᠎ᠤᠨ ᠠ᠋ᠳ᠋᠎ᠤᠨ ᠵᠠᠰᠠᠭ᠎ᠤᠨ ᠣᠷᠣᠭᠤᠯᠤᠯᠲᠠ᠎ᠪᠠᠨ ᠨᠡᠮᠡᠭᠳᠡᠭᠦᠯᠬᠦ ᠬᠡᠷᠡᠭᠲᠡᠶ᠃ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠠᠴᠠ ᠲᠤᠰᠠᠭ᠋ᠠᠷ ᠵᠶ᠋ᠠᠨ ᠪᠤᠶᠤ ᠬᠠᠮᠳᠣᠷᠠᠬᠣ ᠵᠡᠷᠭᠡ ᠬᠡᠯᠪᠡᠷᠢ ᠵᠢ ᠠᠪᠴᠤ᠂ ᠵᠠᠯᠠᠭᠤᠴᠤᠳ ᠪᠠᠭ᠋ᠠᠴᠤᠳ᠎ᠤᠨ ᠲᠠᠮᠢᠷ᠎ᠤᠨ ᠰᠤᠷᠭ᠋ᠠᠭᠤᠯᠢ ᠵᠢ ᠰᠠᠶ᠋ᠢᠲᠤᠷ ᠡᠷᠬᠢᠯᠡᠵᠦ᠂ ᠵᠠᠯᠠᠭᠤᠴᠤᠳ ᠪᠠᠭ᠋ᠠᠴᠤᠳ᠎ᠤᠨ ᠠᠵᠢᠯ᠎ᠤᠨ ᠴᠢᠯᠥᠭᠡᠨ᠎ᠤ ᠪᠣᠯᠪᠠᠰᠤᠷᠠᠯ᠎ᠤᠨ ᠲᠣᠣᠷ ᠰᠦᠯᠵᠢᠶ᠎ᠡ ᠵᠢ ᠲᠡᠭᠦᠯᠳᠡᠷᠵᠢᠭᠦᠯᠦᠨ᠎ᠡ᠃ ᠠᠶ᠋ᠢᠮᠠᠭ ᠬᠤᠳᠠ᠂ ᠠᠶ᠋ᠢᠮᠠᠭ ᠬᠤᠳᠠ ᠵᠢᠨ ᠪᠠᠶ᠋ᠢᠭ᠎ᠠ ᠭᠠᠵᠠᠷ᠎ᠤᠨ ᠳᠡᠰ᠎ᠤᠨ ᠬᠣᠲᠠ᠂ ᠲᠤᠭᠤᠷᠢᠭ ᠪᠠ ᠬᠥᠮᠦᠨ ᠠᠮᠠ᠎ᠨᠢ 30 ᠲᠦᠮᠡ᠎ᠠᠴᠠ ᠳᠡᠭᠡᠭᠰᠢ ᠬᠣᠰᠢᠭᠤ ᠰᠢᠶᠠᠨ᠎ᠤ᠎ᠬᠢᠨ ᠲᠤᠰ ᠲᠤᠰ ᠨᠢᠭᠡ ᠪᠤᠶᠤ ᠣᠯᠠᠨ ᠠᠵᠢᠯ᠎ᠤᠨ ᠴᠢᠯᠥᠭᠡᠨ᠎ᠤ ᠪᠣᠯᠪᠠᠰᠤᠷᠠᠯ ᠵᠶ᠋ᠠᠷ ᠭᠣᠣᠯ ᠪᠣᠯᠭ᠋ᠠᠭᠰᠠᠨ ᠵᠠᠯᠠᠭᠤᠴᠤᠳ ᠪᠠᠭ᠋ᠠᠴᠤᠳ᠎ᠤᠨ ᠲᠠᠮᠢᠷ᠎ᠤᠨ ᠰᠤᠷᠭ᠋ᠠᠭᠤᠯᠢ ᠵᠢ ᠪᠠᠢ᠌ᠭᠣᠯᠬᠣ ᠭᠡᠷᠡᠭᠲᠡᠢ; ᠬᠥᠮᠦᠨ ᠠᠮᠠ᠎ᠨᠢ 30 ᠲᠦᠮᠡ᠎ᠠᠴᠠ ᠳᠣᠷᠣᠭᠰᠢᠬᠢ ᠬᠣᠰᠢᠭᠤ ᠰᠢᠶᠠᠨ᠎ᠨᠢ ᠤᠯᠠᠮᠵᠢᠯᠠᠯᠲᠤ ᠲᠦᠷᠦᠯ ᠵᠦᠢ᠍ᠯ᠎ᠤᠨ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ ᠵᠢ ᠬᠦᠴᠦᠯᠡᠨ ᠠᠳᠬᠤᠬᠤ ᠬᠡᠷᠡᠭᠲᠡᠶ; ᠵᠠᠯᠠᠭᠤᠴᠤᠳ ᠪᠠᠭ᠋ᠠᠴᠤᠳ᠎ᠤᠨ ᠲᠠᠮᠢᠷ᠎ᠤᠨ ᠰᠤᠷᠭ᠋ᠠᠭᠤᠯᠢ ᠵᠢ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠵᠤ᠂ ᠵᠠᠯᠠᠭᠤᠴᠤᠳ ᠪᠠᠭ᠋ᠠᠴᠤᠳ᠎ᠤᠨ ᠲᠠᠮᠢᠷ᠎ᠤᠨ ᠰᠤᠷᠭ᠋ᠠᠭᠤᠯᠢ᠎ᠠᠴᠠ ᠪᠣᠳᠠᠲᠤ ᠴᠣᠭᠴᠠᠵᠢᠬᠤ ᠰᠤᠷᠭ᠋ᠠᠭᠤᠯᠢ ᠠ᠋ᠷᠬᠢᠯᠡᠬᠦ ᠠᠬᠢᠴᠠ ᠵᠢ ᠲᠦᠯᠬᠢᠨ ᠠᠬᠢᠭᠣᠯᠨ᠎ᠠ; ᠵᠠᠯᠠᠭᠤᠴᠤᠳ ᠪᠠᠭ᠋ᠠᠴᠤᠳ᠎ᠤᠨ ᠠᠵᠢᠯ᠎ᠤᠨ ᠴᠢᠯᠥᠭᠡᠨ᠎ᠤ ᠪᠣᠯᠪᠠᠰᠤᠷᠠᠯ᠎ᠤᠨ ᠠᠵᠢᠯ᠎ᠢ ᠢᠳᠡᠪᠬᠢᠲᠡᠶ ᠳᠡᠮᠵᠢᠵᠦ᠂ ᠥᠨᠳᠥᠷ ᠬᠢᠷᠢ ᠲᠦᠪᠰᠢᠨ ᠪᠥᠬᠥᠶ ᠪᠡᠯᠡᠳᠬᠡᠯ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠎ᠢ ᠭᠣᠣᠯᠳᠠᠯᠭ᠎ᠠ᠎ᠲᠠᠢ ᠲᠡᠳᠬᠦᠨ ᠳᠡᠮᠵᠢᠬᠦ ᠬᠡᠷᠡᠭᠲᠡᠶ᠂ ᠠᠵᠢᠯ᠎ᠤᠨ ᠴᠢᠯᠥᠭᠡᠨ᠎ᠤ ᠪᠣᠯᠪᠠᠰᠤᠷᠠᠯ᠎ᠳᠤ ᠣᠷᠣᠯᠴᠠᠬᠣ ᠪᠥᠭᠡᠳ ᠳᠡᠭᠡᠷ᠎ᠡ ᠨᠢᠭᠡ ᠳᠡᠰ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠣᠷᠣᠯᠴᠠᠵᠦ ᠳ᠋ᠤᠭ᠋ᠠᠷ᠎ᠲᠤ ᠣᠷᠣᠬᠰᠡᠨ ᠳᠠᠩᠰᠠᠯᠠᠭᠤᠯᠤᠭᠰᠠᠨ ᠲᠠᠮᠢᠷᠴᠢᠨ᠎ᠲᠤ ᠬᠠᠤᠯᠢ ᠶᠣᠰᠣᠭ᠋ᠠᠷ ᠪᠣᠯᠪᠠᠰᠤᠷᠠᠯ᠎ᠤᠨ ᠨᠥᠬᠥᠪᠥᠷᠢ ᠣᠯᠭᠣᠬᠤ ᠬᠡᠷᠡᠭᠲᠡᠶ᠃   ᠡᠭᠦᠨ᠎ᠤ ᠬᠠᠮᠲᠤ ᠨᠡᠶ᠋ᠢᠭᠡᠮ᠎ᠤᠨ ᠬᠦᠴᠦᠨ᠎ᠤ ᠵᠠᠯᠠᠭᠤᠴᠤᠳ ᠪᠠᠭ᠋ᠠᠴᠤᠳ᠎ᠤᠨ ᠠᠵᠢᠯ᠎ᠤᠨ ᠴᠢᠯᠥᠭᠡᠨ᠎ᠤ ᠪᠣᠯᠪᠠᠰᠤᠷᠠᠯ᠎ᠤᠨ ᠰᠤᠷᠭ᠋ᠠᠭᠤᠯᠢ ᠠ᠋ᠷᠬᠢᠯᠡᠨ ᠪᠡᠢ᠍ᠭᠤᠯᠬᠤ ᠵᠢ ᠵᠤᠷᠢᠭᠵᠢᠭᠤᠯᠤᠨ᠎ᠠ᠃ ᠬᠠᠤᠯᠢ ᠶᠣᠰᠣᠭ᠋ᠠᠷ ᠲᠠᠮᠢᠷᠴᠢᠳ᠎ᠢ ᠱᠠᠩᠨᠠᠬᠤ ᠰᠠᠭᠤᠷᠢ ᠮᠥᠩᠭᠥ ᠪᠠ ᠱᠠᠩᠨᠠᠯ᠎ᠤᠨ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠵᠤ᠂ ᠪᠡᠶ᠎ᠡ ᠵᠢᠨ ᠲᠠᠮᠢᠷ᠎ᠤᠨ ᠰᠢᠯᠢᠳᠡᠭ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠦᠨ ᠬᠦᠷᠭᠡᠬᠦ᠎ᠳᠤ ᠬᠤᠪᠢ ᠨᠡᠮᠡᠷᠢ ᠦᠵᠡᠭᠦᠯᠦᠭᠰᠡᠨ ᠰᠤᠷᠭ᠋ᠠᠭᠤᠯᠢ ᠪᠠ ᠵᠢᠭ᠋ᠠᠨ ᠰᠤᠷᠭ᠋ᠠᠭᠴᠢ ᠵᠢ ᠬᠥᠬᠢᠭᠦᠯᠦᠨ ᠱᠠᠩᠨᠠᠨ᠎ᠠ᠃

    ᠲᠠᠪᠣ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠪᠡᠶ᠎ᠡ ᠵᠢᠨ ᠲᠠᠮᠢᠷ᠎ᠤᠨ ᠠᠵᠤ ᠠᠬᠤᠶ ᠵᠢᠨ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠦᠨ᠎ᠡ
     ï¼ˆá  á ·á ªá  á ¨ ᠲᠠᠪᠤ) ᠡᠯ᠎ᠡ ᠱᠠᠲᠤᠨ᠎ᠤ ᠵᠠᠰᠠᠭ᠎ᠤᠨ ᠣᠷᠳᠣᠨ᠎ᠠᠴᠠ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ᠎ᠶᠢ ᠲᠤᠬᠠᠶ ᠵᠢᠨ ᠭᠠᠵᠠᠷ᠎ᠤᠨ ᠠᠵᠤ ᠠᠬᠤᠶ ᠵᠢᠨ ᠬᠥᠭᠵᠢᠯᠲᠡ ᠵᠢᠨ ᠲᠥᠯᠥᠪᠵᠢᠭᠦᠯᠭᠡ᠎ᠳᠤ ᠪᠠᠬᠳᠠᠭ᠋ᠠᠨ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ᠎ᠳᠤ ᠠᠭᠤᠵᠢᠭᠤ ᠲᠠᠯᠪᠢᠭᠤ ᠣᠷᠴᠢᠨ᠎ᠢ ᠪᠤᠢ ᠪᠣᠯᠭ᠋ᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠭᠣᠣᠯᠳᠠᠭᠣ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠪᠡᠶ᠎ᠡ ᠵᠢᠨ ᠲᠠᠮᠢᠷ ᠪᠠ ᠣᠯᠢᠮᠫᠢᠺ᠎ᠤᠨ ᠤᠷᠤᠯᠳᠤᠭ᠋ᠠᠨ᠎ᠤ ᠵᠦᠢ᠍ᠯ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠠ᠋ᠭᠦᠷᠭᠡ ᠵᠢ ᠬᠠᠷᠢᠭᠣᠴᠠᠵᠦ᠂ ᠪᠡᠶ᠎ᠡ ᠵᠢᠨ ᠲᠠᠮᠢᠷ᠎ᠤᠨ ᠬᠦᠷᠢᠶᠡᠨ᠎ᠳᠠᠬᠢ ᠤᠯᠠᠨ ᠨᠡᠶ᠋ᠢᠲᠡ ᠵᠢᠨ ᠦᠢ᠍ᠯᠡᠴᠢᠯᠡᠭᠡ᠎ᠠᠴᠠ ᠭᠠᠳᠠᠨᠠᠬᠢ ᠠᠭᠤᠯᠭ᠎ᠠ ᠵᠢ ᠠᠯᠬᠤᠮ ᠠᠯᠬᠤᠮ ᠵᠶ᠋ᠠᠷ ᠵᠠᠬ᠎ᠠ ᠳᠡᠯᠭᠡᠭᠦᠷᠴᠢᠯᠡᠨ ᠠᠵᠢᠯᠯᠠᠬᠤ ᠵᠢ ᠬᠡᠷᠡᠭᠵᠢᠭᠦᠯᠵᠦ ᠪᠣᠯᠤᠨ᠎ᠠ᠃ ᠪᠡᠶ᠎ᠡ ᠵᠢᠨ ᠲᠠᠮᠢᠷ ᠪᠡᠶ᠎ᠡ ᠴᠢᠭᠢᠷᠠᠭᠵᠢᠭᠤᠯᠬᠤ ᠵᠤᠭ᠎ᠠ á ´á ¡á ©á ­á ¡á ¯ ᠪᠣᠯᠤᠨ ᠤᠷᠤᠯᠳᠤᠭ᠋ᠠᠨ᠎ᠤ ᠦᠵᠡᠭᠦᠯᠦᠯᠭᠡ ᠵᠢ ᠭᠣᠣᠯᠳᠠᠯᠭ᠎ᠠ᠎ᠲᠠᠢ᠎ᠪᠠᠷ ᠪᠣᠢ᠌ᠵᠢᠭᠣᠯᠬᠣ ᠪᠠ ᠤᠷᠢᠳᠠᠪᠠᠷ ᠬᠥᠭᠵᠢᠭᠦᠯᠦᠨ᠎ᠡ᠃ ᠣᠷᠣᠨ ᠨᠤᠲᠤᠭ᠎ᠤᠨ ᠣᠨᠴᠠᠯᠢᠭ᠎ᠲᠠᠢ ᠪᠠ ᠦᠨᠳᠦᠰᠦᠲᠡᠨ᠎ᠤ ᠣᠨᠴᠠᠯᠢᠭ ᠵᠢᠨ ᠪᠡᠶ᠎ᠡ ᠵᠢᠨ ᠲᠠᠮᠢᠷ᠎ᠤᠨ ᠵᠤᠭ᠋ᠠᠴᠠᠯ᠎ᠤᠨ ᠦᠢ᠍ᠯᠡᠰ᠎ᠢ ᠢᠳᠡᠪᠬᠢᠲᠡᠶ ᠨᠡᠭᠡᠭᠡᠨ ᠬᠦᠭᠵᠢᠬᠦᠯᠦᠨ᠎ᠡ; ᠪᠡᠶ᠎ᠡ ᠵᠢᠨ ᠲᠠᠮᠢᠷ᠎ᠤᠨ ᠬᠡᠷᠡᠭᠰᠡᠯ ᠪᠠ ᠴᠢᠳᠠᠪᠤᠷᠢᠲᠠᠨ᠎ᠤ ᠮᠡᠷᠭᠡᠵᠢᠯ᠎ᠤᠨ ᠮᠡᠳᠡᠭᠡ ᠵᠠᠩᠭᠢ ᠵᠢᠨ ᠵᠠᠬ᠎ᠠ ᠳᠡᠯᠭᠡᠭᠦᠷ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠠᠵᠢᠯ ᠲᠥᠷᠥᠯ᠎ᠤᠨ ᠬᠠᠮᠢᠶᠠᠷᠤᠯᠲᠠ ᠵᠢᠨ ᠭᠣᠣᠯ ᠴᠣᠭᠴᠠ ᠪᠤᠯᠵᠦ᠂ ᠠ᠋ᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠶ ᠭᠦᠢ᠍ᠴᠡᠳᠬᠡᠨ᠂ ᠪᠡᠶ᠎ᠡ ᠲᠠᠮᠢᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠪᠣᠯᠤᠨ ᠠ᠋ᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠤᠯᠢ ᠶᠣᠰᠣᠭ᠋ᠠᠷ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠲᠥᠷᠥᠯ ᠵᠦᠢ᠍ᠯ ᠪᠠ ᠪᠡᠶ᠎ᠡ ᠵᠢᠨ ᠲᠠᠮᠢᠷ᠎ᠤᠨ ᠵᠠᠬ᠎ᠠ ᠳᠡᠯᠭᠡᠭᠦᠷ᠎ᠢ ᠵᠢᠷᠤᠮᠵᠢᠭᠤᠯᠤᠨ ᠬᠠᠮᠢᠶᠠᠷᠬᠤ ᠬᠡᠷᠡᠭᠲᠡᠶ᠃ ᠡᠯ᠎ᠡ ᠱᠠᠲᠤᠨ᠎ᠤ ᠠᠵᠤ ᠦᠢ᠍ᠯᠡᠳᠪᠦᠷᠢ ᠬᠤᠳᠠᠯᠳᠤᠭ᠎ᠠ᠂ ᠳᠣᠲᠣᠭ᠋ᠠᠳᠤ ᠵᠢ ᠬᠠᠮᠠᠭ᠋ᠠᠯᠠᠬᠤ᠂ ᠭᠠᠶ᠋ᠢᠯᠢ᠂ ᠬᠤᠲᠠ ᠵᠢᠨ ᠪᠦᠲᠦᠭᠡᠨ ᠪᠠᠶ᠋ᠢᠭᠤᠯᠤᠯᠲᠠ᠂ ᠠ᠋ᠷᠡᠭᠦᠯ ᠬᠠᠮᠠᠭ᠋ᠠᠯᠠᠯ ᠵᠡᠷᠭᠡ ᠰᠠᠯᠠᠭ᠎ᠠ ᠮᠥᠴᠢᠷ᠎ᠤᠳ ᠠ᠋ᠭᠦᠷᠭᠡ ᠴᠢᠳᠠᠪᠤᠷᠢ ᠵᠢᠨ ᠦᠢ᠍ᠯᠡᠳᠦᠯ ᠵᠶ᠋ᠡᠨ ᠬᠦᠢ᠍ᠴᠡᠳ ᠪᠠᠳᠠᠷᠠᠭᠤᠯᠵᠤ᠂ ᠬᠠᠮᠢᠶᠠᠷᠤᠯᠲᠠ ᠵᠢᠨ ᠠᠵᠢᠯ᠎ᠢ ᠬᠠᠮᠲᠤᠪᠠᠷ ᠰᠠᠶ᠋ᠢᠲᠤᠷ ᠬᠢᠬᠦ ᠬᠡᠷᠡᠭᠲᠡᠶ᠃
     ï¼ˆá  á ·á ªá  á ¨ ᠲᠤᠯᠤᠭ᠎ᠠ) ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠢ ᠬᠦᠭᠵᠢᠭᠦᠯᠬᠦ ᠬᠡᠷᠡᠭᠴᠡᠭᠡ ᠵᠢ ᠦᠨᠳᠦᠰᠦᠯᠡᠨ᠂ ᠪᠡᠶ᠎ᠡ ᠵᠢᠨ ᠲᠠᠮᠢᠷ᠎ᠤᠨ ᠠᠵᠤ ᠠᠬᠤᠶ ᠵᠢᠨ ᠲᠦᠷᠦ ᠵᠢᠨ ᠪᠤᠳᠤᠯᠭ᠎ᠠ ᠵᠢ ᠲᠣᠭᠲᠠᠭ᠋ᠠᠨ ᠬᠡᠷᠡᠭᠵᠢᠭᠦᠯᠦᠨ᠎ᠡ᠃ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ (ᠣᠷᠣᠨ ᠰᠠᠭᠤᠴᠠ ᠵᠢᠨ ᠲᠣᠭᠣᠷᠢᠭ᠂ ᠠᠵᠤ ᠠᠬᠣᠢ᠌ᠯᠠᠯ᠎ᠤᠨ ᠪᠠᠢ᠌ᠭᠣᠯᠭ᠎ᠠ ᠵᠢᠨ ᠢᠵᠢ ᠪᠦᠷᠢᠳᠦᠭᠦᠯᠬᠦ ᠪᠠᠭᠲᠠᠬᠤ ᠦᠭᠡᠢ) ᠪᠠ ᠠᠰᠢᠭ ᠬᠣᠨᠵᠢᠪᠣᠷᠢ ᠵᠢᠨ ᠪᠤᠰᠤ ᠴᠢᠨᠠᠷᠲᠠᠶ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢᠨ ᠪᠦᠳᠦᠭᠡᠠ ᠪᠠᠶ᠋ᠢᠭᠤᠯᠤᠯᠲᠠ ᠵᠢᠨ ᠵᠦᠢ᠍ᠯᠡᠰ ᠎ᠲᠤ ᠭᠠᠵᠠᠷ ᠰᠣᠩᠭᠣᠬᠤ᠂ ᠰᠡᠳᠦᠪ ᠲᠣᠭᠲᠠᠭ᠋ᠠᠬᠤ᠂ ᠭᠠᠵᠠᠷ ᠲᠠᠲᠠᠪᠤᠷᠢᠯᠠᠬᠤ᠂ ᠪᠡᠯᠡ ᠣᠷᠣᠭᠤᠯᠤᠯᠲᠠ ᠵᠢᠨ ᠲᠠᠯ᠎ᠠ᠎ᠪᠠᠷ ᠬᠠᠷᠠᠭ᠋ᠠᠯᠵᠠᠯ ᠦᠵᠡᠭᠦᠯᠵᠦ᠂ ᠭᠠᠵᠠᠷ ᠬᠡᠷᠡᠭᠯᠡᠬᠦ᠎ᠳᠤ ᠵᠠᠰᠠᠭ ᠵᠠᠬᠢᠷᠭ᠋ᠠᠨ᠎ᠤ ᠬᠣᠪᠢᠶᠠᠷᠯᠠᠯ᠎ᠢ ᠬᠡᠷᠡᠭᠵᠢᠭᠦᠯᠵᠦ᠂ ᠭᠦᠢ᠍ᠴᠡᠳᠬᠡᠬᠦ ᠲᠣᠭ᠎ᠠ ᠵᠢ á  á ‹á © ᠲᠡᠷᠢᠭᠦᠨ᠎ᠳᠤ ᠲᠣᠬᠢᠷᠠᠭᠤᠯᠬᠤ᠂ ᠲᠠᠯᠠᠪᠠᠢ ᠣᠷᠳᠣᠨ᠎ᠤ ᠪᠦᠳᠤᠬᠡᠨ ᠪᠠᠶ᠋ᠢᠭᠤᠯᠤᠯᠲᠠ ᠵᠢᠨ ᠬᠣᠯᠪᠣᠭᠳᠠᠯ ᠪᠦᠬᠦᠢ ᠢᠵᠢ ᠪᠦᠷᠢᠳᠦᠭᠦᠯᠬᠦ ᠬᠤᠲᠠ ᠵᠢᠨ ᠪᠥᠳᠤᠭᠡᠨ ᠪᠠᠶ᠋ᠢᠭᠤᠯᠤᠯᠲᠠ ᠵᠢᠨ ᠵᠠᠷᠤᠳᠠᠯ᠎ᠢ ᠬᠥᠩᠭᠡᠯᠡᠬᠦ ᠬᠡᠷᠡᠭᠲᠡᠶ᠃ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠲᠦᠷᠦᠯ᠎ᠨᠢ ᠠᠰᠢᠭ ᠬᠣᠨᠵᠢᠪᠣᠷᠢ ᠵᠢᠨ ᠪᠤᠰᠤ ᠠᠵᠢᠯ ᠦᠢ᠍ᠯᠡᠰ ᠮᠦᠨ᠂ ᠡᠯ᠎ᠡ ᠱᠠᠲᠤᠨ᠎ᠤ ᠵᠠᠰᠠᠭ᠎ᠤᠨ ᠣᠷᠳᠣᠨ ᠠ᠋ᠷᠬᠡᠪᠰᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠣᠨᠴᠣᠭᠣᠶ᠋ᠢᠯᠠᠨ ᠬᠠᠷᠠᠭ᠋ᠠᠯᠵᠠᠬᠤ ᠲᠦᠷᠦ ᠵᠢᠨ ᠪᠤᠳᠤᠯᠭ᠎ᠠ ᠵᠢ ᠠᠪᠴᠤ᠂ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠲᠠᠷᠬᠠᠭ᠋ᠠᠬᠤ ᠶᠠᠪᠤᠳᠠᠯ᠎ᠢ ᠵᠣᠷᠢᠭᠵᠢᠭᠤᠯᠵᠤ ᠲᠡᠳᠬᠦᠨ ᠲᠡᠮᠵᠢᠨ᠎ᠡ᠃
     ï¼ˆá  á ·á ªá  á ¨ ᠨᠠᠢ᠍ᠮᠠ) ᠨᠡᠶ᠋ᠢᠭᠡᠮ᠎ᠤᠨ ᠬᠦᠴᠦᠨ᠎ᠠᠴᠠ ᠪᠡᠶ᠎ᠡ ᠵᠢᠨ ᠲᠠᠮᠢᠷ᠎ᠤᠨ ᠦᠢ᠍ᠯᠡᠰ᠎ᠲᠤ ᠬᠠᠨᠳᠢᠪᠯᠠᠨ ᠬᠦᠷᠭᠡᠬᠦ ᠵᠢ ᠵᠣᠷᠢᠭᠵᠢᠭᠤᠯᠣᠨ᠎ᠠ᠃ 《ᠪᠥᠬᠥᠳᠡ ᠨᠠᠶ᠋ᠢᠷᠠᠮᠳᠠᠬᠤ ᠳᠤᠮᠳᠠᠳᠤ á  á ·á  á ³ ᠤᠯᠤᠰ᠎ᠤᠨ ᠠᠵᠤ ᠠᠬᠤᠶ᠋ᠢᠯᠠᠯ᠎ᠤᠨ ᠠᠰᠢᠭ ᠣᠷᠣᠯᠭ᠎ᠠ ᠵᠢᠨ ᠭᠠᠶ᠋ᠢᠯᠢ ᠵᠢᠨ ᠲᠦᠷ ᠬᠡᠷᠡᠭᠵᠢᠭᠦᠯᠬᠦ ᠳᠦᠷᠢᠮ᠎ᠢ ᠬᠡᠷᠡᠭᠵᠢᠭᠦᠯᠬᠦ ᠨᠠᠷᠢᠨ ᠲᠦᠷᠢᠮ》᠎ᠳᠤ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠪᠤᠰᠤᠳ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ᠎ᠠᠴᠠ ᠳᠤᠮᠳᠠᠳᠤ ᠤᠯᠤᠰ᠎ᠤᠨ ᠬᠢᠯᠢ᠎ᠳᠠᠬᠢ ᠠᠰᠢᠭ ᠬᠣᠨᠵᠢᠪᠣᠷᠢ ᠵᠢᠨ ᠪᠣᠰᠤ ᠨᠡᠶ᠋ᠢᠭᠡᠮ ᠪᠦᠯᠬᠦᠮ᠂ ᠲᠦᠷᠦ ᠵᠢᠨ ᠪᠠᠶ᠋ᠢᠭᠤᠯᠭ᠎ᠠ᠎ᠪᠠᠷ ᠳᠠᠮᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠪᠠ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠠᠬᠢ   ᠲᠤᠰᠠᠯᠠᠮᠵᠢ ᠵᠢ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠬᠠᠨᠳᠢᠪᠯᠠᠨ ᠬᠦᠷᠭᠡᠬᠦ ᠬᠦᠷᠢᠶ᠎ᠡ ᠬᠡᠪᠴᠢᠶ᠎ᠡ᠎ᠳᠤ ᠪᠠᠬᠳᠠᠭ᠋ᠠᠵᠦ᠂   ᠲᠤᠰᠠᠯᠠᠮᠵᠢ ᠬᠦᠯᠢᠶᠡᠵᠦ ᠠᠪᠤᠭᠰᠠᠨ ᠰᠠᠯᠠᠭ᠎ᠠ ᠮᠥᠴᠢᠷ ᠪᠤᠶᠤ ᠲᠤᠬᠠᠶ ᠵᠢᠨ ᠭᠠᠵᠠᠷ᠎ᠤᠨ ᠵᠠᠰᠠᠭ᠎ᠤᠨ ᠣᠷᠳᠣᠨ᠎ᠠᠴᠠ ᠵᠣᠬᠢᠬᠤ ᠬᠡᠮᠵᠢᠶᠡᠨ᠎ᠳᠤ ᠲᠡᠳᠬᠦᠮᠵᠢ ᠦᠵᠡᠭᠦᠯᠦᠭᠰᠡᠳ᠎ᠲᠤ ᠨᠡᠶ᠋ᠢᠭᠡᠮ᠎ᠤᠨ ᠢᠷᠠᠭᠤ ᠠᠯᠳᠠᠷ ᠪᠠ ᠱᠠᠩᠨᠠᠯ ᠣᠯᠭᠣᠨ᠎ᠠ᠃ ᠪᠡᠶ᠎ᠡ ᠵᠢᠨ ᠲᠠᠮᠢᠷ᠎ᠤᠨ ᠦᠢ᠍ᠯᠡᠰ᠎ᠤᠨ ᠦᠯᠡᠭᠦᠦ ᠬᠥᠮᠦᠰ᠎ᠢ ᠲᠣᠬᠢᠷᠠᠭᠤᠯᠬᠤ᠎ᠪᠠᠷ ᠰᠢᠨ᠎ᠡ᠎ᠪᠠᠷ ᠪᠠᠶ᠋ᠢᠭᠤᠯᠤᠭᠰᠠᠨ ᠬᠥᠳᠡᠯᠮᠦᠷᠢ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠨᠢ 《ᠨᠠᠮ᠎ᠤᠨ ᠲᠥᠪ ᠬᠣᠷᠢᠶ᠎ᠠ᠂ ᠣᠯᠣᠰ᠎ᠤᠨ ᠶᠠᠪᠣᠳᠠᠯ᠎ᠤᠨ ᠬᠣᠷᠢᠶ᠎ᠠ᠎ᠠᠴᠠ ᠠᠵᠢᠯ᠎ᠤᠨ ᠪᠠᠶ᠋ᠢᠷᠢ᠎ᠠᠴᠠ᠎ᠪᠠᠨ ᠪᠠᠭᠤᠵᠤ ᠠᠵᠢᠯ ᠠᠯᠳᠠᠭᠰᠠᠨ ᠬᠥᠮᠦᠰ᠎ᠲᠤ ᠲᠠᠬᠢᠨ ᠠᠵᠢᠯ ᠣᠯᠭᠣᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠮᠡᠳᠡᠭᠳᠡᠯ》 (ᠲᠥᠪ ᠲᠠᠷᠬᠠᠭ᠋ᠠᠭᠰᠠᠨ    ï¼»2002ï¼½ 12 ᠳ᠋ᠤᠭ᠋ᠠᠷ ᠲᠣᠭ᠋ᠠᠲᠤ)᠎ᠤᠨ ᠳᠣᠲᠣᠷᠠᠬᠢ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ᠂ ᠠᠵᠤ ᠠᠬᠤᠶ᠋ᠢᠯᠠᠯ᠎ᠤᠨ ᠣᠯᠵᠠᠪᠤᠷᠢ ᠵᠢᠨ ᠭᠠᠶ᠋ᠢᠯᠢ ᠵᠢ ᠬᠠᠰᠤᠵᠤ ᠬᠡᠯᠲᠦᠷᠢᠭᠦᠯᠬᠦ ᠵᠡᠷᠭᠡ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠷᠲᠡᠨ᠎ᠡ᠃
    ᠵᠢᠷᠭᠣᠭ᠎ᠠ᠂ ᠬᠠᠮᠢᠶᠠᠷᠤᠯᠲᠠ ᠵᠢᠨ ᠪᠠᠶ᠋ᠢᠭᠤᠯᠤᠯ᠎ᠤᠨ ᠲᠠᠯ᠎ᠠ᠎ᠪᠠᠷ ᠰᠢᠨ᠎ᠡ ᠵᠢ ᠠ᠋ᠭᠦᠳᠴᠦ᠂ ᠪᠡᠶ᠎ᠡ ᠵᠢᠨ ᠲᠠᠮᠢᠷ᠎ᠤᠨ ᠠᠵᠢᠯᠯᠠᠭ᠋ᠠᠨ᠎ᠤ ᠲᠣᠭᠲᠠᠴᠠ ᠵᠢ ᠪᠠᠶ᠋ᠢᠭᠤᠯᠵᠤ᠂ ᠠᠮᠢᠳᠤᠯᠢᠭ ᠪᠦᠲᠦᠮᠵᠢᠲᠡᠢ ᠪᠠᠢ᠌ᠬᠣ
     ï¼ˆá  á ·á ªá   ᠶᠢᠰᠦ) ᠪᠡᠶ᠎ᠡ ᠵᠢᠨ ᠲᠠᠮᠢᠷ ᠎ᠤᠨ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠪᠠᠶ᠋ᠢᠭᠤᠯᠤᠯ᠎ᠢ ᠪᠠᠶ᠋ᠢᠭᠤᠯᠬᠤ ᠱᠠᠭ᠋ᠠᠷᠳᠠᠯᠭ᠎ᠠ ᠵᠢ ᠠᠯᠬᠤᠮ ᠠᠯᠬᠤᠮ ᠵᠶ᠋ᠠᠷ ᠪᠠᠶ᠋ᠢᠭᠤᠯᠤᠨ ᠲᠡᠭᠦᠯᠳᠡᠷᠵᠢᠭᠦᠯᠵᠦ᠂ ᠪᠡᠶ᠎ᠡ ᠵᠢᠨ ᠲᠠᠮᠢᠷ᠎ᠤᠨ ᠵᠢᠮ᠎ᠡ ᠶᠣᠰᠣᠨ᠎ᠳᠤ ᠨᠡᠶ᠋ᠢᠴᠡᠭᠰᠡᠨ ᠬᠠᠮᠢᠶᠠᠷᠤᠯᠲᠠ ᠵᠢᠨ ᠪᠠᠶ᠋ᠢᠭᠤᠯᠤᠯ ᠪᠣᠯᠤᠨ ᠠᠵᠢᠯᠯᠠᠭ᠋ᠠᠨ᠎ᠤ ᠲᠣᠭᠲᠠᠴᠠ ᠵᠢ ᠪᠠᠶ᠋ᠢᠭᠤᠯᠬᠤ ᠬᠡᠷᠡᠭᠲᠡᠶ᠃ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠠᠵᠢᠯ᠎ᠤᠨ ᠭᠣᠣᠯᠳᠠᠯᠭ᠎ᠠ᠎ᠪᠠᠨ ᠨᠠᠮ ᠪᠠ ᠤᠯᠤᠰ᠎ᠤᠨ ᠪᠡᠶ᠎ᠡ ᠵᠢᠨ ᠲᠠᠮᠢᠷ᠎ᠤᠨ ᠴᠢᠭᠯᠡᠯᠲᠡ᠂ ᠬᠥᠭᠵᠢᠯᠲᠡ ᠵᠢᠨ ᠲᠥᠯᠥᠪᠵᠢᠭᠦᠯᠭᠡ ᠵᠢ ᠰᠤᠳᠤᠯᠤᠨ ᠦᠢ᠍ᠯᠡᠳᠴᠦ᠂ ᠠᠵᠢᠯ ᠲᠦᠷᠤᠯ᠎ᠤᠨ ᠲᠦᠷᠤ ᠵᠢᠨ ᠪᠤᠳᠤᠯᠭ᠎ᠠ ᠵᠢ ᠲᠣᠭᠲᠠᠭ᠋ᠠᠬᠤ ᠪᠠ ᠪᠡᠶ᠎ᠡ ᠵᠢᠨ ᠲᠠᠮᠢᠷ᠎ᠤᠨ ᠬᠢᠨᠠᠨ ᠬᠠᠮᠢᠶᠠᠷᠬᠤ ᠪᠠ ᠵᠣᠬᠢᠶᠠᠨ ᠪᠠᠶ᠋ᠢᠭᠤᠯᠵᠤ ᠵᠣᠬᠢᠴᠠᠭᠤᠯᠬᠤ ᠵᠢ ᠴᠢᠨᠭ᠌ᠭ᠋ᠠᠳᠬᠠᠵᠤ᠂ ᠵᠠᠰᠠᠭ᠎ᠤᠨ ᠣᠷᠳᠣᠨ᠎ᠠᠴᠠ ᠬᠠᠮᠢᠶᠠᠷᠬᠤ ᠪᠣᠯᠤᠨ ᠨᠡᠶ᠋ᠢᠭᠡᠮ᠎ᠤᠨ ᠬᠦᠴᠦᠨ᠎ᠤ ᠵᠣᠬᠢᠶᠠᠨ ᠪᠠᠢ᠌ᠭᠣᠯᠬᠣ᠎ᠲᠠᠢ ᠣᠶᠠᠯᠳᠣᠬᠣ᠂ ᠠᠵᠢᠯ᠎ᠤᠨ ᠴᠢᠯᠥᠭᠡᠨ᠎ᠤ ᠪᠠ ᠲᠤᠰᠬᠠᠶ ᠵᠢ ᠵᠣᠯᠭ᠋ᠠᠭᠤᠯᠵᠤ᠂ ᠭᠣᠣᠯᠳᠠᠯᠭ᠎ᠠ᠎ᠲᠠᠢ ᠪᠣᠶ᠋ᠢᠵᠢᠭᠤᠯᠬᠤ ᠪᠠ ᠪᠦᠬᠦ ᠲᠠᠯ᠎ᠠ᠎ᠪᠠᠷ ᠲᠦᠭᠡᠮᠡᠯᠵᠢᠭᠦᠯᠵᠦ᠂ ᠬᠠᠷᠢᠯᠴᠠᠨ ᠵᠣᠬᠢᠴᠠᠭᠰᠠᠨ ᠪᠡᠶ᠎ᠡ ᠵᠢᠨ ᠲᠠᠮᠢᠷ᠎ᠤᠨ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ᠎ᠢ ᠪᠠᠶ᠋ᠢᠭᠤᠯᠤᠨ᠎ᠠ᠃
    (ᠬᠣᠷᠢ) ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠢ ᠬᠠᠮᠢᠶᠠᠷᠬᠤ ᠪᠠ ᠵᠢᠯᠣᠭᠣᠳᠬᠤ ᠠᠵᠢᠯ᠎ᠢ ᠴᠢᠩᠭ᠋ᠠᠳᠬᠠᠬᠣ ᠬᠡᠷᠡᠭᠲᠡᠢ᠃ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠤᠨ ᠵᠣᠬᠢᠶᠠᠨ ᠪᠠᠶ᠋ᠢᠭᠤᠯᠤᠯᠲᠠ ᠵᠢᠨ ᠬᠥᠭᠥᠷᠭᠡ ᠪᠠ ᠬᠣᠯᠪᠣᠭ᠋ᠠᠰᠤ ᠵᠢᠨ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠵᠤ᠂ ᠪᠡᠶ᠎ᠡ ᠵᠢᠨ ᠲᠠᠮᠢᠷ᠎ᠤᠨ ᠨᠡᠶ᠋ᠢᠭᠡᠮ᠎ᠤᠨ ᠪᠦᠯᠬᠦᠮ᠎ᠨᠢ ᠬᠠᠤᠯᠢ ᠴᠠᠭ᠋ᠠᠵᠠ᠂ ᠬᠠᠣᠯᠢ ᠳᠦᠷᠢᠮ ᠶᠣᠰᠤ᠎ᠪᠠᠷ᠂ ᠲᠤᠢ᠍ᠷᠢᠮ ᠲᠣᠭᠲᠠᠭ᠋ᠠᠯ᠎ᠤᠨ ᠳᠠᠭ᠋ᠠᠤ᠎ᠳᠤ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠣᠯᠣᠨ ᠦᠷᠨᠢᠭᠦᠯᠬᠦ ᠎ᠪᠠᠷ ᠳᠡᠮᠵᠢᠨ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠪᠦᠯᠬᠦᠮ᠂ ᠠᠷᠠᠳ᠎ᠤᠨ ᠵᠣᠬᠢᠶᠠᠨ ᠪᠠᠶ᠋ᠢᠭᠤᠯᠤᠯᠲᠠ ᠪᠠ á  á ·á  á ³ ᠢᠷᠭᠡᠨ ᠬᠤᠪᠢ ᠬᠥᠮᠦᠨ᠎ᠤ ᠬᠠᠤᠯᠢ ᠶᠣᠰᠣᠭ᠋ᠠᠷ ᠠ᠋ᠷᠬᠢᠯᠡᠭᠰᠡᠨ ᠪᠠ ᠪᠡᠶ᠎ᠡ ᠲᠠᠮᠢᠷ᠎ᠤᠨ ᠶᠠᠪᠤᠳᠠᠯ ᠎ᠳᠤ ᠣᠷᠣᠯᠴᠠᠬᠤ ᠵᠢ ᠵᠣᠷᠢᠬ᠍ᠵᠢᠭᠣᠯᠣᠨ᠎ᠠ᠃
    (ᠬᠣᠷᠢᠨ ᠨᠢᠭᠡ) ᠪᠡᠶ᠎ᠡ ᠵᠢᠨ ᠲᠠᠮᠢᠷ᠎ᠤᠨ ᠬᠠᠤᠯᠢ ᠲᠦᠷᠢᠮ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠨᠭ᠌ᠭ᠋ᠠᠳᠬᠠᠨ᠎ᠠ᠃ 《ᠪᠡᠶ᠎ᠡ ᠵᠢᠨ ᠲᠠᠮᠢᠷ᠎ᠤᠨ ᠬᠠᠤᠯᠢ》 ᠪᠣᠯᠤᠨ ᠥᠪᠡᠷᠲᠡᠭᠡᠨ ᠵᠠᠰᠠᠬᠤ ᠣᠷᠣᠨ᠎ᠤ ᠢᠵᠢ ᠪᠦᠷᠢᠳᠦᠭᠦᠯᠬᠦ ᠣᠷᠣᠨ ᠨᠤᠲᠤᠭ᠎ᠤᠨ ᠬᠠᠤᠯᠢ ᠲᠣᠭᠲᠠᠭ᠋ᠠᠯ á Žá ¢ ᠨᠠᠷᠢᠨ ᠬᠢᠨᠠᠮᠠᠭ᠋ᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠ᠋ᠩᠨᠡᠭᠡ ᠵᠢ ᠪᠣᠯᠪᠠᠰᠤᠷᠠᠭᠤᠯᠬᠤ ᠵᠢ ᠰᠠᠶ᠋ᠢᠲᠤᠷ ᠠᠳᠬᠤᠵᠤ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ ᠪᠠ ᠬᠠᠤᠯᠢ ᠬᠡᠷᠡᠭᠵᠢᠭᠦᠯᠬᠦ ᠵᠢ ᠪᠠᠶ᠋ᠢᠴᠠᠭ᠋ᠠᠬᠤ ᠳᠦᠷᠢᠮ᠎ᠢ ᠪᠠᠢ᠌ᠭᠣᠯᠣᠨ᠎ᠠ᠃ ᠡᠭᠦᠨ᠎ᠤ ᠬᠠᠮᠲᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠦᠬᠡᠷᠡᠴᠢᠯᠡᠯᠲᠡ᠂ ᠲᠠᠮᠢᠷᠴᠢᠨ᠎ᠤ ᠬᠦᠢ᠍ᠯᠭᠡᠭᠡ ᠪᠠ ᠣᠷᠤᠭᠤᠯᠵᠤ ᠠᠪᠴᠢᠷᠠᠬᠤ᠂ ᠰᠢᠯᠢᠳᠡᠭ ᠲᠠᠮᠢᠷᠴᠢᠨ á Žá ¤ ᠠᠵᠢᠯ᠎ᠠᠴᠠ ᠪᠠᠭᠤᠬᠤ ᠵᠢ ᠲᠥᠪᠬᠢᠨᠡᠭᠦᠯᠬᠦ ᠵᠡᠷᠭᠡ ᠵᠠᠰᠠᠭ ᠵᠠᠬᠢᠷᠭ᠋ᠠᠨ᠎ᠤ ᠲᠦᠷᠢᠮ ᠲᠣᠭᠲᠠᠭ᠋ᠠᠯ᠎ᠤᠨ ᠢᠵᠢ ᠪᠦᠷᠢᠳᠦᠭᠦᠯᠬᠦ ᠬᠠᠤᠯᠢ ᠲᠣᠭᠲᠠᠭ᠋ᠠᠬᠤ ᠠᠵᠢᠯ᠎ᠢ ᠢᠳᠡᠪᠬᠢᠲᠡᠶ ᠰᠠᠶ᠋ᠢᠲᠤᠷ ᠬᠢᠬᠦ ᠬᠡᠷᠡᠭᠲᠡᠢ᠃
    (ᠬᠣᠷᠢᠨ ᠬᠣᠶᠠᠷ) ᠬᠠᠤᠯᠢ ᠶᠣᠰᠣᠭ᠋ᠠᠷ ᠪᠡᠶ᠎ᠡ ᠵᠢᠨ ᠲᠠᠮᠢᠷ᠎ᠤᠨ ᠠᠵᠢᠯ᠎ᠤᠨ ᠵᠢᠯᠣᠭᠣᠳᠣᠯᠭ᠎ᠠ᠂ ᠬᠢᠨᠠᠯᠲᠠ ᠵᠢ ᠴᠢᠨᠭ᠌ᠭ᠋ᠠᠳᠬᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠲᠡᠭᠦᠨ᠎ᠤ ᠠ᠋ᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠳ ᠬᠠᠤᠯᠢ ᠶᠣᠰᠣᠭ᠋ᠠᠷ ᠡᠯ᠎ᠡ ᠠᠵᠢᠯ ᠲᠦᠷᠦᠯ᠂ ᠠᠯᠪᠠᠨ ᠪᠠᠢ᠌ᠭᠤᠯᠭ᠎ᠠ᠂ ᠠᠵᠤ ᠠᠬᠤᠶ᠋ᠢᠯᠠᠯ᠎ᠤᠨ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠪᠦᠯᠬᠦᠮ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ ᠵᠢᠨ ᠪᠡᠶ᠎ᠡ ᠵᠢᠨ ᠲᠠᠮᠢᠷ ᠬᠠᠤᠯᠢ ᠴᠠᠭ᠋ᠠᠵᠠ ᠵᠢ ᠨᠠᠢ᠌ᠳᠠᠪᠤᠷᠢᠵᠢᠭᠤᠯᠬᠤ᠂ ᠬᠠᠤᠯᠢ ᠲᠣᠭᠲᠠᠭ᠋ᠠᠯ᠎ᠤᠨ ᠪᠠᠶ᠋ᠢᠳᠠᠯ᠎ᠳᠤ ᠬᠢᠨᠠᠯᠲᠠ᠂ ᠪᠠᠢ᠌ᠴᠠᠭ᠋ᠠᠯᠲᠠ ᠪᠠ ᠦᠨᠡᠯᠡᠨ ᠵᠢᠱ᠌ᠢᠯᠲᠡ᠂ ᠵᠢᠯᠣᠭᠣᠳᠣᠯᠭ᠎ᠠ ᠬᠢᠨ᠎ᠡ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠠᠵᠢᠯ᠎ᠢ ᠬᠢᠨᠠᠨ ᠵᠢᠯᠣᠭᠣᠳᠬᠤ ᠲᠦᠷᠢᠮ á Žá ¢ ᠪᠠᠢ᠌ᠭᠤᠯᠤᠨ᠎ᠠ; ᠪᠡᠶ᠎ᠡ ᠵᠢᠨ ᠲᠠᠮᠢᠷ᠎ᠤᠨ ᠠᠵᠢᠯ᠎ᠢ ᠪᠠᠶ᠋ᠢᠴᠠᠭ᠋ᠠᠵᠤ᠂ ᠵᠢᠯᠣᠭᠣᠳᠬᠤ ᠪᠠ ᠶᠡᠷᠦᠩᠬᠡᠶ᠋ᠢᠯᠡᠨ ᠦᠨᠡᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
    (ᠬᠣᠷᠢᠨ ᠭᠤᠷᠪᠠ) ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠡᠶ᠎ᠡ ᠵᠢᠨ ᠲᠠᠮᠢᠷ᠎ᠤᠨ ᠠᠵᠢᠯ᠎ᠤᠨ ᠲᠤᠬᠠᠶ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠣᠭᠤᠯᠵᠤ᠂ ᠪᠡᠶ᠎ᠡ ᠵᠢᠨ ᠲᠠᠮᠢᠷ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠣᠨᠣᠰᠴᠤ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ᠎ᠳᠤ ᠠᠰᠢᠭᠲᠠᠶ ᠴᠢᠭᠯᠡᠯᠲᠡ᠂ ᠲᠦᠷᠦ ᠵᠢᠨ ᠪᠤᠳᠤᠯᠭ᠎ᠠ ᠪᠠ á  á ·á ­á Žá   ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ᠂ ᠵᠠᠷᠤᠳᠠᠯ ᠰᠦᠢ᠍ᠳᠬᠡᠯ ᠵᠢᠨ ᠣᠷᠣᠭᠣᠯᠣᠯᠲᠠ᠂ ᠲᠥᠬᠥᠭᠡᠷᠦᠮᠵᠢ ᠵᠢᠨ ᠪᠠᠶ᠋ᠢᠭᠤᠯᠤᠯᠲᠠ ᠪᠠ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠢ ᠭᠦᠭᠵᠢᠭᠦᠯᠭᠦ ᠵᠡᠷᠭᠡ ᠲᠠᠯ᠎ᠠ ᠵᠢ ᠦᠨᠡᠨ ᠬᠦ᠌ ᠪᠠᠲᠤᠯᠠᠬᠤ ᠪᠠ ᠳᠡᠮᠵᠢᠬᠦ ᠬᠡᠷᠡᠭᠲᠡᠶ᠃
     ï¼ˆá ¬á £á ·á ¢á ¨ ᠲᠥᠷᠪᠡ) ᠪᠡᠯᠡ ᠮᠥᠩᠭᠥ ᠵᠢᠨ ᠣᠷᠣᠭᠤᠯᠤᠯᠲᠠ᠎ᠪᠠᠨ ᠨᠡᠮᠡᠭᠳᠡᠭᠦᠯᠵᠦ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠠ᠋ᠷᠡᠭᠦᠯ ᠬᠥᠭᠵᠢᠯᠲᠡ ᠵᠢ ᠪᠠᠲᠤᠯᠠᠬᠤ ᠬᠡᠷᠡᠭᠲᠡᠶ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠠᠴᠠ ᠪᠡᠶ᠎ᠡ ᠵᠢᠨ ᠲᠠᠮᠢᠷ᠎ᠤᠨ ᠦᠢ᠍ᠯᠡᠰ᠎ᠤᠨ ᠵᠠᠷᠤᠳᠠᠯ᠂ ᠦᠨᠳᠦᠰᠦᠨ ᠪᠦᠳᠦᠭᠡᠠ ᠪᠠᠶ᠋ᠢᠭᠤᠯᠤᠯᠲᠠ ᠵᠢᠨ ᠪᠡᠯᠠ ᠮᠥᠩᠭᠥ ᠵᠢ ᠲᠤᠰ ᠱᠠᠲᠤᠨ᠎ᠤ ᠠ᠋ᠳ᠋᠎ᠤᠨ ᠵᠠᠰᠠᠭ᠎ᠤᠨ ᠲᠥᠰᠦᠪ ᠪᠠ ᠦᠨᠳᠦᠰᠦᠨ ᠪᠦᠳᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠲᠦᠰᠣᠪ᠎ᠲᠤ ᠪᠠᠬᠳᠠᠭ᠋ᠠᠵᠦ᠂ ᠤᠯᠤᠰ ᠠᠷᠠᠳ᠎ᠤᠨ ᠠᠵᠤ ᠠᠬᠤᠶ ᠵᠢᠨ ᠬᠥᠭᠵᠢᠯᠲᠡ ᠵᠢ ᠳᠠᠭ᠋ᠠᠯᠳᠤᠨ ᠠᠯᠬᠤᠮ ᠠᠯᠬᠤᠮ ᠵᠶ᠋ᠠᠷ ᠨᠡᠮᠡᠭᠳᠡᠭᠦᠯᠵᠦ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠵᠠᠷᠤᠳᠠᠯ᠎ᠢ ᠠ᠋ᠳ᠋᠎ᠤᠨ ᠵᠠᠰᠠᠭ᠎ᠤᠨ ᠣᠷᠣᠯᠭ᠎ᠠ ᠵᠢᠨ ᠨᠡᠮᠡᠭᠳᠡᠬᠦ ᠵᠢ ᠳᠠᠭ᠋ᠠᠯᠳᠤᠨ ᠨᠡᠮᠡᠭᠳᠡᠵᠦ ᠵᠢ ᠪᠠᠲᠤᠯᠠᠬᠤ ᠬᠡᠷᠡᠭᠲᠡᠶ; ᠪᠡᠶ᠎ᠡ ᠵᠢᠨ ᠲᠠᠮᠢᠷ᠎ᠤᠨ ᠦᠨᠳᠦᠰᠦᠨ ᠪᠦᠳᠦᠭᠡᠠ ᠪᠠᠶ᠋ᠢᠭᠤᠯᠤᠯᠲᠠ ᠵᠢᠨ ᠪᠡᠯᠠ ᠮᠥᠩᠭᠥ ᠵᠢᠨ ᠵᠠᠷᠤᠯᠭ᠎ᠠ ᠵᠢᠨ ᠬᠠᠷᠢᠴᠠᠯ᠎ᠨᠢ ᠬᠤᠳᠠ ᠬᠥᠳᠡᠭᠡ ᠵᠢᠨ ᠪᠥᠳᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠬᠡᠷᠡᠭᠵᠢᠭᠦᠯᠬᠦ ᠵᠢ ᠳᠠᠭ᠋ᠠᠯᠳᠣᠨ᠂ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠪᠠ ᠬᠠᠮᠠᠭ᠋ᠠᠯᠠᠯᠲᠠ ᠵᠢᠨ ᠪᠣᠳᠠᠲᠤ ᠬᠡᠷᠡᠭᠴᠡᠭᠡ ᠎ᠲᠠᠢ ᠤᠶᠠᠯᠳᠤᠭᠤᠯᠵᠤ ᠬᠠᠤᠯᠢ ᠶᠣᠰᠣᠭ᠋ᠠᠷ ᠲᠣᠭᠲᠠᠭ᠋ᠠᠬᠤ ᠬᠡᠷᠡᠭᠲᠡᠶ; ᠤᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠬᠣᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠪᠣᠯᠤᠨ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠎ᠳᠤ ᠣᠷᠣᠭᠤᠯᠬᠤ ᠬᠡᠷᠡᠭᠲᠡᠶ; ᠡᠯ᠎ᠡ ᠱᠠᠲᠤᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠵᠢᠯ ᠪᠦᠷᠢ ᠤᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢ ᠬᠠᠮᠠᠭ᠋ᠠᠯᠠᠬᠤ ᠴᠢᠬᠤᠯᠠ ᠪᠥᠬᠥᠢ ᠵᠠᠷᠤᠳᠠᠯ ᠡᠷᠬᠡᠪᠰᠢ ᠲᠣᠬᠢᠷᠠᠭᠤᠯᠵᠤ ᠬᠡᠷᠡᠭᠯᠡᠬᠦ ᠬᠡᠷᠡᠭᠲᠡᠶ; ᠰᠤᠷᠭ᠋ᠠᠭᠤᠯᠢ᠂ ᠠᠯᠪᠠᠨ ᠪᠠᠢ᠌ᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢ ᠴᠦ᠍ ᠨᠡᠶ᠋ᠢᠭᠡᠮ ᠨᠡᠶ᠋ᠢᠲᠡ᠎ᠪᠠᠷ ᠵᠶ᠋ᠡᠨ ᠬᠠᠮᠲᠤᠪᠠᠷ ᠠ᠋ᠳ᠋ᠯᠡᠬᠦ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠶ᠃
    (ᠬᠣᠷᠢᠨ ᠲᠠᠪᠤ) ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠪᠦᠳᠦᠭᠡᠨ ᠪᠠᠶ᠋ᠢᠭᠤᠯᠤᠯᠲᠠ ᠵᠢ ᠴᠢᠨᠭ᠌ᠭ᠋ᠠᠳᠬᠠᠨ᠎ᠠ᠃ ᠪᠡᠶ᠎ᠡ ᠵᠢᠨ ᠲᠠᠮᠢᠷ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠪᠣᠯᠤᠨ ᠪᠠᠶ᠋ᠢᠷᠢᠯᠠᠭᠤᠯᠤᠯᠲᠠ᠎ᠨᠢ ᠪᠡᠶ᠎ᠡ ᠵᠢᠨ ᠲᠠᠮᠢᠷ᠎ᠤᠨ ᠦᠢ᠍ᠯᠡᠰ᠎ᠢ ᠬᠥᠭᠵᠢᠭᠦᠯᠬᠦ᠎ᠲᠠᠢ ᠵᠣᠬᠢᠴᠠᠬᠣ ᠬᠡᠷᠡᠭᠲᠡᠶ᠃ ᠠᠶ᠋ᠢᠮᠠᠭ ᠬᠤᠳᠠ᠂ ᠬᠣᠰᠢᠭᠤ ᠰᠢᠶᠠᠨ᠎ᠠᠴᠠ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠦ᠂ ᠪᠡᠶ᠎ᠡ ᠵᠢᠨ ᠲᠠᠮᠢᠷ᠎ᠤᠨ ᠠᠵᠢᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠪᠡᠶ᠎ᠡ ᠵᠢᠨ ᠲᠠᠮᠢᠷ᠎ᠤᠨ ᠠ᠋ᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠣᠷᠣᠨ ᠲᠣᠭ᠎ᠠ ᠪᠠ ᠠᠵᠢᠯᠲᠠᠨ ᠲᠣᠬᠢᠷᠠᠭᠤᠯᠬᠤ ᠵᠢ ᠪᠠᠳᠣᠯᠠᠬᠣ ᠬᠡᠷᠡᠭᠲᠡᠶ᠃ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ᠎ᠬᠢᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠲᠤᠰᠬᠠᠶ (ᠲᠤᠰᠢᠶᠠᠯ ᠬᠠᠪᠰᠤᠷᠭ᠋ᠠᠭᠰᠠᠨ) ᠪᠡᠶ᠎ᠡ ᠵᠢᠨ ᠲᠠᠮᠢᠷ᠎ᠤᠨ ᠠᠵᠢᠯᠲᠠᠨ᠎ᠢ ᠳᠣᠬᠢᠷᠠᠭᠣᠯᠣᠨ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠦᠨᠳᠦᠰᠦᠨ ᠬᠡᠷᠡᠭᠴᠡᠭᠡ ᠵᠢ ᠬᠠᠩᠭ᠋ᠠᠬᠤ ᠬᠡᠷᠡᠭᠲᠡᠶ᠃
    (ᠬᠣᠷᠢᠨ ᠵᠢᠷᠭᠤᠭ᠎ᠠ) ᠪᠡᠶ᠎ᠡ ᠵᠢᠨ ᠲᠠᠮᠢᠷ᠎ᠤᠨ ᠠᠵᠢᠯ᠎ᠤᠨ ᠵᠣᠬᠢᠴᠠᠭᠤᠯᠬᠤ ᠲᠣᠭᠲᠠᠴᠠ ᠵᠢ ᠴᠢᠩᠭ᠋ᠠᠳᠬᠠᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠨᠠᠷᠢᠨ ᠬᠢᠨᠠᠮᠠᠭ᠋ᠠᠢ᠎ᠪᠠᠷ ᠨᠠᠮ ᠪᠣᠯᠤᠨ ᠤᠯᠤᠰ᠎ᠤᠨ ᠬᠠᠮᠢᠶ᠎ᠠ ᠪᠦᠬᠦᠢ ᠰᠢᠨ᠎ᠡ á ´á  á ­ ᠦᠶ᠎ᠡ᠎ᠳᠠᠬᠢ ᠪᠡᠶ᠎ᠡ ᠵᠢᠨ ᠲᠠᠮᠢᠷ᠎ᠤᠨ ᠠᠵᠢᠯ᠎ᠤᠨ ᠲᠤᠬᠠᠶ ᠴᠢᠭᠯᠡᠯᠲᠡ᠂ ᠲᠦᠷᠦ ᠵᠢᠨ ᠪᠤᠳᠤᠯᠭ᠎ᠠ ᠵᠢ ᠲᠤᠤᠱᠯᠠᠭᠤᠯᠵᠤ᠂ ᠠᠵᠢᠯ᠎ᠤᠨ ᠠ᠋ᠭᠦᠷᠭᠡ ᠪᠣᠯᠤᠨ ᠪᠣᠳᠠᠲᠠᠢ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ ᠬᠡᠷᠡᠭᠲᠡᠶ; ᠪᠡᠶ᠎ᠡ ᠵᠢᠨ ᠲᠠᠮᠢᠷ᠎ᠤᠨ ᠠ᠋ᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠵᠢᠯᠣᠭᠣᠳᠣᠯᠭ᠎ᠠ᠎ᠪᠠᠨ ᠴᠢᠩᠭ᠋ᠠᠳᠬᠠᠨ᠂ ᠨᠢᠭᠡᠳᠦᠯᠲᠡᠶ ᠲᠦᠯᠦᠪᠵᠢᠭᠦᠯᠵᠦ᠂ ᠡᠯ᠎ᠡ ᠵᠦᠢ᠍ᠯ᠎ᠤᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠬᠡᠷᠡᠭᠲᠡᠶ; ᠠᠵᠢᠯᠴᠢᠨ᠎ᠤ ᠡᠪᠯᠡᠯ᠂ á ¡á ª ᠬᠠᠮᠲᠤ ᠵᠠᠯᠠᠭᠤᠴᠤᠳ᠎ᠤᠨ ᠡᠪᠯᠡᠯ᠂ ᠠ᠋ᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠎ᠠᠴᠠ ᠲᠤᠰ ᠲᠤᠰ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠢᠳᠡᠪᠬᠢᠲᠡᠶ ᠦᠷᠨᠢᠭᠦᠯᠬᠦ ᠬᠡᠷᠡᠭᠲᠡᠢ; ᠰᠤᠷᠲᠠᠯ ᠤᠬᠠᠭᠤᠯᠭ᠎ᠠ ᠵᠢᠨ ᠰᠠᠯᠠᠭ᠎ᠠ ᠮᠥᠴᠢᠷ ᠪᠣᠯᠤᠨ ᠰᠣᠨᠢᠨ ᠮᠡᠳᠡᠭᠡᠯᠡᠯ᠎ᠤᠨ ᠨᠢᠭᠡᠴᠢ᠎ᠨᠦᠭᠦᠳ ᠪᠡᠶ᠎ᠡ ᠵᠢᠨ ᠲᠠᠮᠢᠷ᠎ᠤᠨ ᠤᠬᠠᠭᠤᠯᠭ᠎ᠠ ᠵᠢᠨ ᠠ᠋ᠷᠴᠢᠮ ᠵᠶ᠋ᠡᠨ ᠴᠢᠩᠭ᠋ᠠᠷᠠᠭᠤᠯᠵᠤ᠂ ᠨᠡᠶ᠋ᠢᠭᠡᠮ᠎ᠢ ᠬᠥᠲᠥᠯᠥᠨ ᠵᠢᠯᠣᠭᠣᠳᠴᠤ ᠪᠡᠶ᠎ᠡ ᠵᠢᠨ ᠲᠠᠮᠢᠷ᠎ᠤᠨ ᠦᠢ᠍ᠯᠡᠰ᠎ᠢ ᠨᠡᠩ ᠠᠩᠬᠠᠷᠴᠤ ᠳᠡᠮᠵᠢᠬᠦ ᠬᠡᠷᠡᠭᠲᠡᠶ; ᠡᠯ᠎ᠡ ᠠᠵᠢᠯ ᠲᠦᠷᠦᠯ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ᠎ᠤᠨ᠎ᠬᠢᠨ ᠴᠥᠮ 《ᠪᠡᠶ᠎ᠡ ᠵᠢᠨ ᠲᠠᠮᠢᠷ᠎ᠤᠨ ᠬᠠᠤᠯᠢ》᠎ᠠᠴᠠ ᠣᠯᠭᠣᠭᠰᠠᠨ ᠠ᠋ᠭᠦᠷᠭᠡ ᠪᠠ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠭᠦᠢ᠍ᠴᠡᠳᠬᠡᠵᠦ᠂ ᠪᠡᠶ᠎ᠡ ᠵᠢᠨ ᠲᠠᠮᠢᠷ᠎ᠤᠨ ᠠᠵᠢᠯ᠎ᠢ ᠴᠢᠩᠭ᠋ᠠᠳᠬᠠᠵᠤ᠂ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠪᠤᠢ ᠪᠣᠯᠭ᠋ᠠᠬᠤ ᠵᠢᠨ ᠲᠥᠯᠥᠭᠡ ᠬᠠᠮᠲᠤ᠎ᠪᠠᠷ ᠴᠢᠷᠮᠠᠶ᠋ᠢᠬᠤ ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
᠊ᠥ᠋ᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠲᠠᠯᠠᠨ ᠪᠤᠳᠤᠬᠤ ᠠᠵᠢᠯ᠎ᠤᠨ ᠬᠠᠤᠯᠢ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢ ᠬᠡᠷᠡᠭᠵᠢᠭᠦᠯᠬᠦ ᠳᠦᠷᠢᠮ
ᠲᠦᠷᠦ ᠵᠢᠨ ᠶᠠᠪᠣᠲᠠᠯ᠎ᠤᠨ ᠬᠣᠷᠢᠶ᠎ᠠ ᠵᠢᠨ ᠠᠯᠪᠠᠨ ᠲᠢᠩᠬᠢᠮ ᠪᠡᠶ᠎ᠡ ᠴᠢᠬᠢᠷᠠᠬ᠍ᠵᠢᠭᠤᠯᠬᠤ ᠰᠡᠯᠡᠬᠦᠴᠡᠯ᠎ᠤᠨ ᠠᠵᠦ ᠦᠢ᠍ᠯᠡᠰ᠎ᠢ ᠲᠦᠷᠭᠡᠳᠭᠡᠨ ᠬᠦᠭᠵᠢᠬᠦᠯᠬᠦ ᠲᠣᠬᠠᠢ ᠵᠢᠯᠣᠭᠣᠳᠬᠣ ᠰᠠᠨᠠᠯ
ᠪᠦᠬᠦ ᠠᠷᠠᠳ᠎ᠤᠨ ᠪᠡᠶ᠎ᠡ ᠴᠢᠬᠢᠷᠠᠬ᠍ᠵᠢᠭᠣᠯᠬᠣ ᠲᠦᠷᠢᠮ
 
            