ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠤᠯᠢ》 ᠨᠡᠶ᠋ᠢᠲᠡᠯᠡᠭᠳᠡᠪᠡ
ᠨᠡᠶ᠋ᠢᠲᠡᠯᠡᠭᠰᠡᠨ ᠴᠠᠭ᠄ 2022-07-05

     ᠪᠦᠬᠦᠳᠠ ᠨᠠᠶ᠋ᠢᠷᠠᠮᠳᠠᠬᠤ ᠳᠤᠮᠳᠠᠳᠤ á  á ·á  á ³ ᠤᠯᠤᠰ᠎ᠤᠨ ᠲᠡᠷᠢᠭᠦᠯᠡᠭᠴᠢ ᠵᠢᠨ ᠵᠠᠷᠯᠢᠭ
                  ᠵᠠᠭᠤ ᠠᠷᠪᠠᠨ ᠬᠤᠶᠠᠳᠤᠭ᠋ᠠᠷ ᠲᠣᠭ᠋ᠠᠲᠤ
    《ᠪᠥᠬᠦᠳᠡ ᠨᠠᠶ᠋ᠢᠷᠠᠮᠳᠠᠬᠤ ᠳᠤᠮᠳᠠᠳᠤ á  á ·á  á ³ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠤᠯᠢ》 ᠵᠢ ᠪᠥᠬᠦᠳᠡ ᠨᠠᠶ᠋ᠢᠷᠠᠮᠳᠠᠬᠤ ᠳᠤᠮᠳᠠᠳᠤ á  á ·á  á ³ ᠤᠯᠤᠰ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ á ¶á ¡á ­á ¡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠭᠤᠴᠢᠨ ᠳᠥᠷᠪᠡᠳᠦᠭᠡᠷ ᠬᠤᠷᠠᠯᠳᠤᠭ᠋ᠠᠨ᠎ᠠᠴᠠ 2022 ᠣᠨ᠎ᠤ 4 á °á  á ·á Žá   ᠵᠢᠨ 20á Žá ¤ ᠡᠳᠦᠷ ᠵᠠᠰᠠᠪᠤᠷᠢ ᠣᠷᠣᠭᠤᠯᠵᠤ ᠪᠠᠲᠤᠯᠠᠪᠠ᠃ ᠡᠳᠦᠭᠡ ᠨᠡᠶ᠋ᠢᠲᠡᠯᠡᠪᠡ᠂ 2022 ᠣᠨ᠎ᠤ 5 á °á  á ·á Žá   ᠵᠢᠨ 1á Žá ¤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
          ᠪᠦᠬᠦᠳᠡ ᠨᠠᠶ᠋ᠢᠷᠠᠮᠳᠠᠬᠤ ᠳᠤᠮᠳᠠᠳᠤ á  á ·á  á ³ ᠤᠯᠤᠰ᠎ᠤᠨ ᠲᠡᠷᠢᠭᠦᠯᠡᠭᠴᠢ á °á ¢ ᠵᠢᠨ ᠫᠢᠩ
               2022 ᠣᠨ᠎ᠤ 4 á °á  á ·á Žá   ᠵᠢᠨ 20á Žá ¤ ᠡᠳᠦᠷ


                  ᠪᠦᠬᠦᠳᠠ ᠨᠠᠶ᠋ᠢᠷᠠᠮᠳᠠᠬᠤ ᠳᠤᠮᠳᠠᠳᠤ á  á ·á  á ³ ᠤᠯᠤᠰ᠎ᠤᠨ
                  ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠤᠯᠢ


    (1996 ᠣᠨ᠎ᠤ 5 á °á  á ·á Žá   ᠵᠢᠨ 15á Žá ¤ ᠡᠳᠦᠷ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ á ¶á ¡á ­á ¡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠠᠷᠪᠠ ᠶᠢᠰᠦᠳᠦᠭᠡᠷ ᠬᠤᠷᠠᠯᠳᠤᠭ᠋ᠠᠨ᠎ᠠᠴᠠ ᠪᠠᠲᠤᠯᠠᠪᠠ᠃ 2022 ᠣᠨ᠎ᠤ 4 á °á  á ·á Žá   ᠵᠢᠨ 20á Žá ¤ ᠡᠳᠦᠷ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ á ¶á ¡á ­á ¡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠭᠤᠴᠢᠨ ᠳᠥᠷᠪᠡᠳᠦᠭᠡᠷ ᠬᠤᠷᠠᠯᠳᠤᠭ᠋ᠠᠨ᠎ᠠᠴᠠ ᠵᠠᠰᠠᠪᠤᠷᠢ ᠣᠷᠣᠭᠤᠯᠪᠠ)
    á ­á  á ·á ´á  á ­
    ᠨᠢᠭᠡᠳᠦᠭᠡᠷ ᠪᠦᠯᠦᠭ ᠶᠡᠷᠦᠩᠬᠡᠶ ᠳᠦᠷᠢᠮ
    ᠬᠤᠶᠠᠳᠤᠭ᠋ᠠᠷ ᠪᠦᠯᠦᠭ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ
    ᠭᠤᠷᠪᠠᠳᠤᠭ᠋ᠠᠷ ᠪᠦᠯᠦᠭ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠡᠷᠡᠭᠵᠢᠭᠦᠯᠦᠯᠲᠡ
    ᠳᠥᠷᠪᠡᠳᠦᠭᠡᠷ ᠪᠦᠯᠦᠭ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ
    ᠲᠠᠪᠤᠳᠤᠭ᠋ᠠᠷ ᠪᠦᠯᠦᠭ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠭᠰᠢ ᠪᠠ ᠰᠤᠷᠭ᠋ᠠᠨ ᠬᠥᠮᠦᠵᠢᠯ ᠭᠦᠷᠲᠡᠭᠰᠡᠳ
    ᠵᠢᠷᠭᠤᠳᠤᠭ᠋ᠠᠷ ᠪᠦᠯᠦᠭ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠲᠤᠯᠠᠭ᠎ᠠ
    ᠳᠣᠯᠣᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
    ᠨᠠᠢ᠍ᠮᠠᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠦᠷᠢᠮ


            ᠨᠢᠭᠡᠳᠦᠭᠡᠷ ᠪᠦᠯᠦᠭ     ᠶᠡᠷᠦᠩᠬᠡᠶ ᠳᠦᠷᠢᠮ


    ᠨᠢᠭᠡᠳᠦᠭᠡᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ᠂ ᠬᠥᠳᠡᠯᠮᠦᠷᠢᠴᠢᠳ᠎ᠤᠨ ᠬᠡᠪ ᠴᠢᠨᠠᠷ ᠪᠠ ᠮᠡᠷᠭᠡᠵᠢᠯ᠎ᠤᠨ ᠤᠷ᠎ᠠ ᠴᠢᠳᠠᠪᠤᠷᠢ ᠵᠢᠨ ᠲᠦᠪᠰᠢᠨ᠎ᠢ ᠳᠡᠭᠡᠭᠰᠢᠯᠡᠭᠦᠯᠵᠦ᠂ ᠠᠵᠢᠯ ᠣᠯᠵᠤ ᠦᠢ᠍ᠯᠡᠰ ᠪᠤᠰᠬᠠᠬᠤ ᠵᠢ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠦᠴᠦᠷᠬᠡᠭ ᠤᠯᠤᠰ ᠪᠠ ᠤᠷ᠎ᠠ ᠴᠢᠳᠠᠪᠤᠷᠢ ᠵᠢᠨ ᠬᠡᠯᠪᠡᠷᠢᠲᠦ ᠨᠡᠶ᠋ᠢᠭᠡᠮ᠎ᠢ ᠪᠦᠳᠦᠭᠡᠨ ᠪᠠᠶ᠋ᠢᠭᠤᠯᠵᠤ᠂ ᠨᠡᠶ᠋ᠢᠭᠡᠮ ᠵᠢᠷᠤᠮᠲᠤ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠬᠤ ᠵᠢᠨ ᠲᠥᠯᠥᠭᠡ᠂ ᠦᠨᠳᠦᠰᠦᠨ ᠬᠠᠤᠯᠢ ᠵᠢ ᠦᠨᠳᠦᠰᠦᠯᠡᠵᠦ᠂ ᠲᠤᠰ ᠬᠠᠤᠯᠢ ᠵᠢ ᠲᠣᠭᠲᠠᠭ᠋ᠠᠪᠠ᠃
    ᠬᠤᠶᠠᠳᠤᠭ᠋ᠠᠷ ᠵᠦᠢ᠍ᠯ ᠲᠤᠰ ᠬᠠᠤᠯᠢ᠎ᠳᠠᠬᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠭᠡᠳᠡᠭ ᠪᠣᠯ ᠥᠨᠳᠥᠷ ᠬᠡᠪ ᠴᠢᠨᠠᠷ ᠪᠦᠬᠦᠢ ᠮᠡᠷᠭᠡᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠵᠦ᠂ ᠰᠤᠷᠭ᠋ᠠᠨ ᠬᠥᠮᠦᠵᠢᠯ ᠬᠦᠷᠲᠡᠭᠰᠡᠳ᠎ᠢ ᠶᠠᠮᠠᠷ ᠨᠢᠭᠡᠨ ᠠᠵᠢᠯ ᠮᠡᠷᠭᠡᠵᠢᠯ ᠡᠷᠬᠢᠯᠡᠬᠦ ᠪᠤᠶᠤ ᠠᠵᠢᠯ ᠮᠡᠷᠭᠡᠵᠢᠯ᠎ᠤᠨ ᠬᠥᠭᠵᠢᠯᠲᠡ ᠵᠢ ᠪᠡᠶᠡᠯᠡᠭᠦᠯᠬᠦ᠎ᠳᠤ ᠱᠠᠭ᠋ᠠᠷᠳᠠᠭᠳᠠᠬᠤ ᠠᠵᠢᠯ ᠮᠡᠷᠭᠡᠵᠢᠯ᠎ᠤᠨ ᠶᠣᠰᠣ ᠮᠣᠷᠠᠯ᠂ ᠰᠢᠨᠵᠢᠯᠡᠬᠦ ᠤᠬᠠᠭ᠋ᠠᠨ ᠰᠣᠶᠣᠯ ᠪᠠ ᠲᠤᠰᠬᠠᠢ ᠮᠡᠷᠭᠡᠵᠢᠯ᠎ᠤᠨ ᠮᠡᠳᠡᠯᠭᠡ᠂ ᠮᠡᠷᠭᠡᠵᠢᠯ᠎ᠤᠨ ᠤᠷ᠎ᠠ ᠴᠢᠳᠠᠪᠤᠷᠢ ᠵᠡᠷᠭᠡ ᠠᠵᠢᠯ ᠮᠡᠷᠭᠡᠵᠢᠯ᠎ᠤᠨ ᠶᠡᠷᠦᠩᠬᠡᠶ᠋ᠢᠯᠡᠭᠰᠡᠨ ᠬᠡᠪ ᠴᠢᠨᠠᠷ ᠪᠠ ᠠᠵᠢᠯᠯᠠᠬᠤ ᠴᠢᠳᠠᠪᠤᠷᠢ᠎ᠲᠠᠢ ᠪᠣᠯᠭ᠋ᠠᠬᠤ ᠵᠢᠨ ᠲᠥᠯᠥᠭᠡ ᠬᠡᠷᠡᠭᠵᠢᠭᠦᠯᠦᠭᠰᠡᠨ ᠰᠤᠷᠭ᠋ᠠᠨ ᠬᠥᠮᠦᠵᠢᠯ᠎ᠢ ᠵᠢᠭ᠋ᠠᠵᠤ ᠪᠠᠶ᠋ᠢᠨ᠎ᠠ᠂ ᠡᠭᠦᠨ᠎ᠳᠤ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠪᠠ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠢ ᠪᠠᠭᠲᠠᠭ᠋ᠠᠨ᠎ᠠ᠃ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ᠎ᠠᠴᠠ ᠠᠵᠢᠯᠳᠡᠠ᠎ᠳᠤ ᠬᠡᠷᠡᠭᠵᠢᠭᠦᠯᠬᠦ ᠲᠤᠰᠬᠠᠢ ᠪᠣᠯᠪᠠᠰᠤᠷᠠᠭᠤᠯᠤᠯ᠎ᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠠᠰ᠎ᠲᠤ᠎ᠨᠢ ᠲᠣᠭᠲᠠᠭ᠋ᠠᠨ᠎ᠠ᠃
      ᠭᠤᠷᠪᠠᠳᠤᠭ᠋ᠠᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯ ᠡᠩ᠎ᠤᠨ ᠰᠤᠷᠭ᠋ᠠᠨ ᠬᠥᠮᠦᠵᠢᠯ᠎ᠲᠠᠢ ᠠᠳᠠᠯᠢ ᠴᠢᠬᠤᠯᠠ ᠪᠠᠶ᠋ᠢᠷᠢ ᠰᠠᠭᠤᠷᠢ᠎ᠲᠠᠢ ᠰᠤᠷᠭ᠋ᠠᠨ ᠬᠥᠮᠦᠵᠢᠯ᠎ᠤᠨ ᠲᠥᠷᠥᠯ ᠬᠡᠯᠪᠡᠷᠢ᠂ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠪᠣᠯᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠨᠡᠭᠡᠭᠡᠯᠲᠡ ᠵᠢᠨ ᠴᠢᠬᠤᠯᠠ ᠪᠦᠷᠢᠯᠳᠦᠬᠦᠨ ᠬᠡᠰᠡᠭ᠂ ᠣᠯᠠᠨ ᠶᠠᠩᠵᠤ ᠵᠢᠨ ᠴᠢᠳᠠᠪᠤᠷᠢᠲᠠᠨ᠎ᠢ ᠬᠥᠮᠦᠵᠢᠭᠦᠯᠬᠦ᠂ ᠮᠡᠷᠭᠡᠵᠢᠯ᠎ᠤᠨ ᠤᠷ᠎ᠠ ᠴᠢᠳᠠᠪᠤᠷᠢ ᠵᠢ ᠤᠯᠠᠮᠵᠢᠯᠠᠬᠤ᠂ ᠠᠵᠢᠯ ᠣᠯᠵᠤ ᠦᠢ᠍ᠯᠡᠰ ᠪᠣᠰᠬᠠᠬᠤ ᠵᠢ ᠠᠬᠢᠭᠤᠯᠬᠤ ᠴᠢᠬᠤᠯᠠ á  á ·á ­á Žá   ᠵᠠᠮ ᠮᠥᠨ᠃
    ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠶᠡᠭᠡ᠎ᠪᠠᠷ ᠬᠥᠭᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠠᠬᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠣᠬᠢᠴᠠᠬᠤ ᠴᠢᠨᠠᠷ᠎ᠢ ᠴᠢᠩᠭ᠋ᠠᠳᠬᠠᠵᠤ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠰᠠᠨ᠂ ᠮᠡᠷᠭᠡᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠤ ᠦᠰᠦᠨ ᠪᠤᠶ᠋ᠢᠵᠢᠬᠤ ᠵᠢᠮ᠎ᠡ ᠶᠣᠰᠣᠨ᠎ᠳᠤ ᠨᠡᠶ᠋ᠢᠴᠡᠭᠰᠡᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠦᠷᠢᠮ᠎ᠤᠨ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠎ᠳᠤ ᠴᠢᠳᠠᠪᠤᠷᠢᠲᠠᠨ ᠪᠠ ᠤᠷ᠎ᠠ ᠴᠢᠳᠠᠪᠤᠷᠢ ᠵᠢᠨ ᠬᠦᠴᠦᠲᠡᠢ ᠲᠤᠯᠭ᠋ᠠᠭᠤᠷᠢᠯᠠᠯ᠎ᠢ ᠬᠠᠩᠭ᠋ᠠᠨ᠎ᠠ᠃
    ᠳᠥᠷᠪᠡᠳᠦᠭᠡᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠡᠷᠬᠡᠪᠰᠢ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠬᠢᠯᠡᠬᠦ ᠴᠢᠭᠯᠡᠯ᠎ᠢ ᠪᠠᠷᠢᠮᠲᠠᠯᠠᠵᠤ᠂ ᠤᠯᠤᠰ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠲᠤᠭᠤᠰᠢᠯᠠᠭᠤᠯᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ᠂ ᠶᠣᠰᠣ ᠰᠤᠷᠲᠠᠬᠤᠨ ᠪᠠ ᠮᠡᠷᠭᠡᠵᠢᠯ᠎ᠢ ᠵᠡᠷᠭᠡ᠎ᠪᠠᠷ ᠰᠤᠷᠬᠤ ᠵᠢ ᠪᠠᠷᠢᠮᠲᠠᠯᠠᠵᠤ᠂ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢ ᠠᠭᠤᠰᠬᠠᠬᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠢ ᠬᠠᠮᠲᠤᠷᠠᠯᠴᠠᠭᠤᠯᠬᠤ ᠵᠢ ᠪᠠᠷᠢᠮᠲᠠᠯᠠᠵᠤ᠂ ᠵᠠᠬ᠎ᠠ ᠳᠡᠯᠭᠡᠭᠦᠷ᠎ᠲᠤ ᠬᠠᠨᠳᠤᠭᠤᠯᠵᠤ᠂ ᠠᠵᠢᠯ ᠣᠯᠭᠤᠯᠲᠠ ᠵᠢ ᠠᠬᠢᠭᠤᠯᠬᠤ ᠵᠢ ᠪᠠᠷᠢᠮᠲᠠᠯᠠᠵᠤ᠂ ᠦᠢ᠍ᠯᠡᠳᠦᠯᠭᠡ᠎ᠳᠤ ᠬᠠᠨᠳᠤᠭᠤᠯᠵᠤ᠂ ᠴᠢᠳᠠᠪᠤᠷᠢ ᠵᠢ ᠴᠢᠩᠭ᠋ᠠᠳᠬᠠᠬᠤ ᠵᠢ ᠪᠠᠷᠢᠮᠲᠠᠯᠠᠵᠤ᠂ ᠬᠥᠮᠦᠨ ᠪᠦᠬᠦᠨ᠎ᠳᠤ ᠬᠠᠨᠳᠤᠭᠤᠯᠵᠤ᠂ ᠠᠪᠢᠶᠠᠰ᠎ᠲᠤ᠎ᠨᠢ ᠲᠤᠬᠢᠷᠠᠭᠤᠯᠤᠨ ᠵᠢᠭ᠋ᠠᠨ ᠰᠤᠷᠭ᠋ᠠᠬᠤ ᠵᠢ ᠪᠠᠷᠢᠮᠲᠠᠯᠠᠬᠤ ᠬᠡᠷᠡᠭᠲᠡᠢ᠃
    ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠬᠦ᠎ᠳᠤ ᠨᠡᠶ᠋ᠢᠭᠡᠮ ᠵᠢᠷᠤᠮ᠎ᠤᠨ ᠭᠤᠣᠯᠯᠠᠬᠤ ᠦᠷᠳᠡᠭ᠎ᠤᠨ ᠦᠵᠡᠯᠲᠡ ᠵᠢ ᠪᠠᠳᠠᠷᠠᠭᠤᠯᠵᠤ᠂ ᠰᠤᠷᠭ᠋ᠠᠨ ᠬᠥᠮᠦᠵᠢᠯ ᠭᠦᠷᠲᠡᠭᠰᠡᠳ᠎ᠲᠤ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ ᠪᠠ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠬᠥᠮᠦᠵᠢᠯ ᠬᠢᠵᠦ᠂ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠬᠥᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠬᠥᠮᠦᠵᠢᠭᠦᠯᠵᠦ᠂ ᠰᠢᠨᠵᠢᠯᠡᠬᠦ ᠤᠬᠠᠭ᠋ᠠᠨ ᠰᠣᠶᠣᠯ ᠪᠠ ᠲᠤᠰᠬᠠᠢ ᠮᠡᠷᠭᠡᠵᠢᠯ᠎ᠤᠨ ᠮᠡᠳᠡᠯᠭᠡ ᠵᠢ ᠤᠯᠠᠮᠵᠢᠯᠠᠵᠤ᠂ ᠮᠡᠷᠭᠡᠵᠢᠯ᠎ᠤᠨ ᠤᠷ᠎ᠠ ᠴᠢᠳᠠᠪᠤᠷᠢ ᠵᠢ ᠬᠥᠮᠦᠵᠢᠭᠦᠯᠵᠦ᠂ ᠠᠵᠢᠯ ᠮᠡᠷᠭᠡᠵᠢᠯ᠎ᠤᠨ ᠵᠢᠯᠤᠭᠤᠳᠤᠯᠭ᠎ᠠ ᠬᠢᠵᠦ᠂ ᠰᠤᠷᠭ᠋ᠠᠨ ᠬᠥᠮᠦᠵᠢᠯ ᠭᠦᠷᠲᠡᠭᠰᠡᠳ᠎ᠤᠨ ᠬᠡᠪ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃
    ᠲᠠᠪᠤᠳᠤᠭ᠋ᠠᠷ ᠵᠦᠢ᠍ᠯ á  á ·á  á ³ ᠢᠷᠭᠡᠨ ᠬᠠᠤᠯᠢ ᠶᠣᠰᠤ᠎ᠪᠠᠷ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠬᠦᠷᠳᠡᠬᠦ ᠡᠷᠬᠡ᠎ᠲᠠᠢ᠃
    ᠵᠢᠷᠭᠤᠳᠤᠭ᠋ᠠᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠳᠤ ᠵᠠᠰᠠᠭ᠎ᠤᠨ ᠣᠷᠳᠣᠨ ᠨᠢᠭᠡᠳᠦᠯᠲᠡᠶ ᠲᠥᠯᠥᠪᠯᠡᠬᠦ᠂ ᠱᠠᠲᠤ ᠬᠤᠪᠢᠶᠠᠨ ᠬᠠᠮᠢᠶᠠᠷᠬᠤ᠂ ᠣᠷᠣᠨ ᠨᠤᠲᠤᠭ ᠵᠶ᠋ᠠᠷ ᠭᠤᠣᠯᠯᠠᠭᠤᠯᠬᠤ᠂ ᠠᠵᠢᠯ ᠲᠥᠷᠥᠯ ᠵᠶ᠋ᠠᠷ ᠵᠢᠯᠣᠭᠤᠳᠬᠤ᠂ ᠰᠤᠷᠭ᠋ᠠᠭᠤᠯᠢ ᠪᠠ ᠠᠵᠤ ᠠᠬᠤᠶ᠋ᠢᠯᠠᠯ ᠬᠤᠷᠰᠢᠶᠠᠯᠠᠬᠤ᠂ ᠨᠡᠶ᠋ᠢᠭᠡᠮ᠎ᠤᠨ᠎ᠬᠢᠨ ᠣᠷᠣᠯᠴᠠᠬᠤ ᠵᠢ ᠬᠡᠷᠡᠭᠵᠢᠭᠦᠯᠦᠨ᠎ᠡ᠃
    ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠥᠭᠵᠢᠭᠦᠯᠬᠦ ᠵᠢ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ᠎ᠪᠠᠨ ᠣᠷᠣᠭᠤᠯᠵᠤ᠂ ᠠᠵᠢᠯ ᠣᠯᠵᠤ ᠦᠢ᠍ᠯᠡᠰ ᠪᠣᠰᠬᠠᠬᠤ ᠵᠢ ᠠᠬᠢᠭᠤᠯᠬᠤ ᠪᠠ ᠬᠥᠭᠵᠢᠭᠦᠯᠬᠦ á  á ·á ­á Žá   ᠮᠠᠶᠢᠭ ᠵᠶ᠋ᠠᠨ ᠬᠤᠪᠢᠷᠠᠭᠤᠯᠬᠤ ᠵᠢ ᠠᠬᠢᠭᠤᠯᠬᠤ᠂ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠬᠤ᠂ ᠮᠡᠷᠭᠡᠵᠢᠯ᠎ᠢ ᠰᠢᠯᠢᠳᠡᠭᠵᠢᠭᠦᠯᠦᠨ ᠳᠡᠰ ᠳᠡᠪᠰᠢᠭᠦᠯᠬᠦ ᠵᠡᠷᠭᠡ ᠪᠦᠬᠦᠯᠢ ᠴᠣᠭᠴᠠ ᠵᠢᠨ ᠪᠠᠶ᠋ᠢᠷᠢᠯᠠᠭᠤᠯᠤᠯᠲᠠ᠎ᠯᠤᠭ᠎ᠠ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃
    ᠨᠠᠢ᠍ᠮᠠᠳᠤᠭ᠋ᠠᠷ ᠵᠦᠢ᠍ᠯ ᠲᠥᠷᠥ ᠵᠢᠨ ᠶᠠᠪᠤᠳᠠᠯ᠎ᠤᠨ ᠬᠤᠷᠢᠶᠠᠨ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠪᠦᠬᠦ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃
    ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠨᠢᠭᠡᠳᠦᠯᠲᠡᠶ ᠲᠥᠯᠥᠪᠵᠢᠭᠦᠯᠬᠦ᠂ ᠶᠡᠷᠦᠩᠬᠡᠶ᠋ᠢᠯᠡᠨ ᠵᠣᠬᠢᠴᠠᠭᠤᠯᠬᠤ᠂ ᠬᠤᠷᠸ᠎ᠠ ᠲᠠᠯ᠎ᠠ᠎ᠠᠴᠠ ᠬᠠᠮᠢᠶᠠᠷᠬᠤ ᠠᠵᠢᠯ᠎ᠢ ᠬᠠᠷᠢᠭᠤᠴᠠᠨ᠎ᠠ᠃ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠋ᠠᠨ᠎ᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠪᠤᠰᠤᠳ ᠬᠤᠯᠪᠤᠭᠳᠠᠬᠤ ᠰᠠᠯᠠᠭ᠎ᠠ ᠮᠥᠴᠢᠷ᠎ᠤᠨ᠎ᠬᠢᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ᠎ᠳᠤ ᠬᠤᠯᠪᠤᠭᠳᠠᠬᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠲᠤᠰ ᠲᠤᠰ ᠬᠠᠷᠢᠭᠤᠴᠠᠨ᠎ᠠ᠃
      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠬᠤᠪᠢᠶᠠᠷᠢ᠎ᠪᠠᠷ ᠬᠤᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠣᠳᠠᠲᠠᠶ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠭᠦᠯᠦᠯᠲᠡ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠢᠨᠠᠨ ᠵᠢᠯᠣᠭᠤᠳᠴᠤ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃
    ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠤᠯᠪᠤᠭᠳᠠᠬᠤ ᠰᠠᠯᠠᠭ᠎ᠠ ᠮᠥᠴᠢᠷ᠎ᠤᠨ᠎ᠬᠢᠨ ᠨᠡᠪᠲᠡᠷᠡᠯᠴᠡᠭᠡ ᠪᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠬᠠᠮᠲᠤ᠎ᠪᠠᠷ ᠠᠬᠢᠭᠤᠯᠬᠤ ᠬᠡᠷᠡᠭᠲᠡᠢ᠃
    ᠶᠢᠰᠦᠳᠦᠭᠡᠷ ᠵᠦᠢ᠍ᠯ ᠤᠯᠤᠰ᠎ᠠᠴᠠ ᠤᠯᠡᠠ ᠲᠦᠷᠦᠯ᠎ᠤᠨ ᠲᠡᠰ ᠳᠠᠪᠬᠤᠷᠭ᠎ᠠ ᠪᠠ ᠬᠡᠯᠪᠡᠷᠢ ᠮᠠᠶᠢᠭᠲᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠥᠭᠵᠢᠭᠦᠯᠬᠦ ᠵᠢ ᠵᠣᠷᠢᠭᠵᠢᠭᠤᠯᠵᠤ᠂ ᠤᠯᠡᠠ ᠡᠰᠢᠲᠦ ᠰᠤᠷᠭ᠋ᠠᠭᠤᠯᠢ ᠡᠷᠬᠢᠯᠡᠬᠦ ᠵᠢ ᠠᠬᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠳᠤ ᠨᠡᠶ᠋ᠢᠭᠡᠮ᠎ᠤᠨ ᠬᠦᠴᠦᠨ᠎ᠤ ᠥᠷᠭᠡᠨ ᠵᠶ᠋ᠠᠷ᠂ ᠡᠷᠬᠡ ᠲᠡᠭᠰᠢ᠎ᠪᠠᠷ ᠣᠷᠣᠯᠴᠠᠬᠤ ᠵᠢ ᠲᠡᠮᠵᠢᠨ᠎ᠡ᠃
    ᠤᠯᠤᠰ᠎ᠠᠴᠠ ᠠᠵᠤ ᠠᠬᠤᠶ᠋ᠢᠯᠠᠯ᠎ᠤᠨ ᠰᠤᠷᠭ᠋ᠠᠭᠤᠯᠢ ᠡᠷᠭᠢᠯᠡᠬᠦ ᠭᠤᠤᠯ ᠴᠣᠭᠴᠠ ᠵᠢᠨ ᠴᠢᠬᠤᠯᠠ ᠦᠢ᠍ᠯᠡᠳᠦᠯ᠎ᠢ ᠪᠠᠳᠠᠷᠠᠭᠤᠯᠵᠤ᠂ ᠠᠵᠤ ᠠᠬᠤᠶ᠋ᠢᠯᠠᠯ᠎ᠤᠨ᠎ᠬᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠳᠤ ᠭᠦᠨᠵᠡᠭᠡᠶ ᠣᠷᠣᠯᠴᠠᠬᠤ ᠵᠢ ᠠᠬᠢᠭᠤᠯᠵᠤ᠂ ᠠᠵᠤ ᠠᠬᠤᠶ᠋ᠢᠯᠠᠯ᠎ᠠᠴᠠ ᠴᠢᠨᠠᠷᠯᠢᠭ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠡᠷᠭᠢᠯᠡᠬᠦ ᠵᠢ ᠵᠣᠷᠢᠭᠵᠢᠭᠤᠯᠤᠨ᠎ᠠ᠃
    ᠬᠤᠯᠪᠤᠭᠳᠠᠬᠤ ᠠᠵᠢᠯ ᠲᠥᠷᠥᠯ᠎ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ᠎ᠤ ᠡᠪᠯᠡᠯ ᠪᠣᠯᠤᠨ ᠳᠤᠮᠳᠠᠳᠤ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠤᠷᠢᠶ᠎ᠠ ᠵᠡᠷᠭᠡ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ᠂ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ ᠵᠡᠷᠭᠡ ᠵᠢᠨ᠎ᠬᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠬᠦ ᠡᠭᠦᠷᠭᠡ᠎ᠪᠠᠨ ᠬᠠᠤᠯᠢ ᠶᠣᠰᠤ᠎ᠪᠠᠷ ᠭᠦᠢ᠍ᠴᠡᠳᠬᠡᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠳᠤ ᠣᠷᠣᠯᠴᠠᠵᠤ᠂ ᠳᠡᠮᠵᠢᠬᠦ ᠪᠤᠶᠤ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠢ ᠥᠷᠨᠢᠭᠦᠯᠦᠨ᠎ᠡ᠃
    ᠠᠷᠪᠠᠳᠤᠭ᠋ᠠᠷ ᠵᠦᠢ᠍ᠯ ᠤᠯᠤᠰ᠎ᠠᠴᠠ á  á ·á ­á Žá   ᠬᠡᠮᠵᠢᠶ᠎ᠡ ᠠᠪᠴᠤ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠢ ᠶᠡᠭᠡ᠎ᠪᠠᠷ ᠬᠥᠭᠵᠢᠭᠦᠯᠵᠦ᠂ ᠠᠵᠤ ᠦᠢ᠍ᠯᠡᠳᠪᠦᠷᠢ ᠵᠢᠨ ᠠᠵᠢᠯᠴᠢᠨ᠎ᠤ ᠬᠡᠪ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃
    ᠤᠯᠤᠰ᠎ᠠᠴᠠ á  á ·á ­á Žá   ᠬᠡᠮᠵᠢᠶ᠎ᠡ ᠠᠪᠴᠤ᠂ ᠬᠥᠳᠡᠭᠡ ᠲᠣᠰᠬᠤᠨ᠎ᠳᠤ ᠬᠠᠨᠳᠤᠭᠤᠯᠤᠭᠰᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠡᠷᠬᠢᠯᠡᠬᠦ ᠵᠢ ᠳᠡᠮᠵᠢᠵᠦ᠂ ᠲᠠᠷᠢᠶᠠᠯᠠᠩ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠂ ᠨᠤᠲᠤᠭ᠎ᠲᠤ᠎ᠪᠠᠨ ᠪᠤᠴᠠᠵᠤ ᠦᠢ᠍ᠯᠡᠰ ᠪᠣᠰᠬᠠᠬᠤ ᠠᠵᠢᠯ ᠣᠯᠭᠤᠯᠲᠠ ᠵᠢᠨ ᠪᠣᠯᠪᠠᠰᠤᠷᠠᠭᠤᠯᠤᠯ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠥᠨᠳᠥᠷ ᠬᠡᠪ ᠴᠢᠨᠠᠷ ᠪᠦᠬᠦᠢ ᠴᠢᠳᠠᠪᠤᠷᠢᠲᠠᠨ᠎ᠢ ᠬᠥᠮᠦᠵᠢᠭᠦᠯᠦᠨ᠎ᠡ᠃
    ᠤᠯᠤᠰ᠎ᠠᠴᠠ á  á ·á ­á Žá   ᠬᠡᠮᠵᠢᠶ᠎ᠡ ᠠᠪᠴᠤ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠵᠠᠬ᠎ᠠ ᠬᠢᠵᠠᠭ᠋ᠠᠷ ᠣᠷᠣᠨ᠂ ᠬᠥᠭᠵᠢᠭᠡᠳᠦᠢ ᠭᠠᠵᠠᠷ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠲᠡᠳᠬᠦᠨ ᠲᠡᠮᠵᠢᠨ᠎ᠠ᠃
    ᠤᠯᠤᠰ᠎ᠠᠴᠠ á  á ·á ­á Žá   ᠬᠡᠮᠵᠢᠶ᠎ᠡ ᠠᠪᠴᠤ ᠡᠯ᠎ᠡ ᠲᠥᠷᠥᠯ᠎ᠤᠨ ᠠᠵᠢᠯ᠎ᠤᠨ ᠪᠠᠶ᠋ᠢᠷᠢ ᠰᠢᠯᠵᠢᠬᠦ᠂ ᠳᠠᠬᠢᠨ ᠠᠵᠢᠯ ᠣᠯᠬᠤ᠂ ᠠᠵᠢᠯ ᠠᠯᠳᠠᠭᠰᠠᠳ ᠵᠢᠴᠢ ᠣᠨᠴᠠᠭ᠋ᠠᠢ ᠬᠥᠮᠦᠰ ᠵᠡᠷᠭᠡ ᠵᠢᠨ ᠡᠯ᠎ᠡ ᠵᠦᠢ᠍ᠯ᠎ᠤᠨ ᠬᠡᠯᠪᠡᠷᠢ ᠮᠠᠶᠢᠭᠲᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠬᠦᠷᠲᠡᠬᠦ ᠵᠢ ᠵᠣᠬᠢᠶᠠᠨ ᠪᠠᠶ᠋ᠢᠭᠤᠯᠵᠤ᠂ ᠵᠡᠮᠳᠡᠭᠴᠦᠳ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠥᠭᠵᠢᠭᠦᠯᠬᠦ ᠵᠢ ᠳᠡᠮᠵᠢᠨ᠎ᠡ᠃
    ᠤᠯᠤᠰ᠎ᠠᠴᠠ ᠡᠮᠡᠭᠲᠡᠶ᠋ᠢᠴᠦᠳ᠎ᠤᠨ ᠡᠷᠬᠡ ᠲᠡᠭᠰᠢ᠎ᠪᠠᠷ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠬᠦᠷᠳᠡᠬᠦ ᠡᠷᠬᠡ ᠵᠢ ᠪᠠᠲᠤᠯᠠᠨ᠎ᠠ᠃
    ᠠᠷᠪᠠᠨ ᠨᠢᠭᠡᠳᠦᠭᠡᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠬᠦ᠎ᠳᠤ᠎ᠪᠠᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂ ᠠᠵᠢᠯ ᠮᠡᠷᠭᠡᠵᠢᠯ᠎ᠤᠨ ᠠᠩᠭᠢᠯᠠᠯ᠂ ᠠᠵᠢᠯ ᠮᠡᠷᠭᠡᠵᠢᠯ᠎ᠤᠨ ᠪᠠᠷᠢᠮᠵᠢᠶ᠎ᠠ᠂ ᠠᠵᠢᠯ ᠮᠡᠷᠭᠡᠵᠢᠯ᠎ᠤᠨ ᠬᠥᠭᠵᠢᠯᠲᠡ ᠵᠢᠨ ᠬᠡᠷᠡᠭᠴᠡᠭᠡ᠎ᠲᠠᠢ ᠤᠶᠠᠯᠳᠤᠭᠤᠯᠤᠨ᠂ ᠰᠤᠷᠭ᠋ᠠᠨ ᠬᠥᠮᠦᠵᠢᠯ᠎ᠤᠨ ᠪᠠᠷᠢᠮᠵᠢᠶ᠎ᠠ ᠪᠤᠶᠤ ᠪᠣᠯᠪᠠᠰᠤᠷᠠᠭᠤᠯᠤᠯ᠎ᠤᠨ ᠲᠥᠰᠦᠯ᠎ᠢ ᠲᠣᠭᠲᠠᠭ᠋ᠠᠵᠤ᠂ ᠰᠤᠷᠤᠯᠭ᠎ᠠ ᠵᠢᠨ ᠨᠠᠮᠲᠠᠷ᠎ᠤᠨ ᠦᠨᠡᠮᠯᠡᠯ ᠵᠢᠴᠢ ᠪᠤᠰᠤᠳ ᠰᠤᠷᠤᠯᠭ᠎ᠠ ᠵᠢᠨ ᠦᠨᠡᠮᠯᠡᠯ᠂ ᠪᠣᠯᠪᠠᠰᠤᠷᠠᠭᠤᠯᠤᠯ᠎ᠤᠨ ᠦᠨᠡᠮᠯᠡᠯ᠂ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠤᠨ ᠦᠨᠡᠮᠯᠡᠯ᠎ᠤᠨ ᠳᠦᠷᠢᠮ᠎ᠢ ᠬᠡᠷᠡᠭᠵᠢᠭᠦᠯᠦᠨ᠎ᠡ᠃
    ᠤᠯᠤᠰ᠎ᠠᠴᠠ ᠬᠥᠳᠡᠯᠮᠦᠷᠢᠴᠢᠳ᠎ᠲᠤ ᠠᠵᠢᠯ ᠤᠯᠬᠤ᠎ᠠᠴᠠ ᠡᠮᠦᠨ᠎ᠡ ᠪᠤᠶᠤ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠴᠢᠬᠤᠯᠠ ᠪᠦᠬᠦᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠬᠦᠷᠳᠡᠬᠦ ᠲᠦᠷᠢᠮ᠎ᠢ ᠬᠡᠷᠡᠭᠵᠢᠭᠦᠯᠦᠨ᠎ᠡ᠃
    ᠠᠷᠪᠠᠨ ᠬᠤᠶᠠᠳᠤᠭ᠋ᠠᠷ ᠵᠦᠢ᠍ᠯ ᠤᠯᠤᠰ᠎ᠠᠴᠠ á  á ·á ­á Žá   ᠬᠡᠮᠵᠢᠶ᠎ᠡ ᠠᠪᠴᠤ ᠮᠡᠷᠭᠡᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠤ ᠨᠡᠶ᠋ᠢᠭᠡᠮ᠎ᠤᠨ ᠪᠠᠶ᠋ᠢᠷᠢ ᠰᠠᠭᠤᠷᠢ ᠪᠠ ᠬᠠᠷᠠᠭ᠋ᠠᠯᠵᠠᠯ᠎ᠢ ᠳᠡᠭᠡᠭᠰᠢᠯᠡᠭᠦᠯᠵᠦ᠂ ᠬᠥᠳᠡᠯᠮᠦᠷᠢ ᠢᠷᠠᠭᠤ ᠠᠯᠳᠠᠷᠲᠠᠢ᠂ ᠴᠢᠳᠠᠪᠤᠷᠢ ᠡᠷᠬᠢᠮ ᠨᠠᠨᠳᠢᠨ᠂ ᠡᠭᠦᠳᠦᠯᠲᠡ ᠠᠭᠤᠤ á ¶á ¡á ­á ¡ ᠭᠡᠬᠦ á ´á  á ­ ᠦᠶ᠎ᠡ ᠵᠢᠨ ᠬᠡᠪ ᠰᠤᠷᠲᠠᠯ᠎ᠢ ᠪᠠᠳᠠᠷᠠᠭᠤᠯᠤᠨ᠎ᠠ᠃
    ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠳᠤ᠎ᠪᠠᠨ ᠢᠯᠡᠳᠲᠡ ᠠᠮᠵᠢᠯᠲᠠ ᠪᠦᠲᠦᠮᠵᠢ á ­á  á ·á ­á ‹á  á ­á °á  á ¨ ᠨᠢᠭᠡᠴᠢ ᠪᠠ ᠬᠤᠪᠢ ᠬᠥᠮᠦᠨ᠎ᠢ ᠬᠤᠯᠪᠤᠭᠳᠠᠬᠤ ᠲᠣᠭᠲᠠᠭ᠋ᠠᠯ ᠶᠣᠰᠤ᠎ᠪᠠᠷ ᠬᠥᠬᠢᠭᠦᠯᠦᠨ ᠱᠠᠩᠨᠠᠨ᠎ᠠ᠃
    ᠵᠢᠯ ᠪᠦᠷᠢ ᠵᠢᠨ 5 ᠳ᠋ᠤᠭ᠋ᠠᠷ á °á  á ·á Žá   ᠵᠢᠨ ᠬᠤᠶᠠᠳᠤᠭ᠋ᠠᠷ á ­á  á ·á  á ­á Žá ¢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯᠯᠠᠭ᠋ᠠᠨ᠎ᠤ á ­á  á ·á  á ­ ᠪᠣᠯᠭ᠋ᠠᠪᠠ᠃
    ᠠᠷᠪᠠᠨ ᠭᠤᠷᠪᠠᠳᠤᠭ᠋ᠠᠷ ᠵᠦᠢ᠍ᠯ ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠭᠠᠳᠠᠭ᠋ᠠᠳᠤ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠵᠣᠷᠢᠭᠵᠢᠭᠤᠯᠵᠤ᠂ ᠬᠢᠯᠢ ᠵᠢᠨ ᠭᠠᠳᠠᠨᠠᠬᠢ ᠴᠢᠨᠠᠷᠯᠢᠭ ᠡᠬᠢ ᠪᠠᠶᠠᠯᠢᠭ᠎ᠢ ᠣᠷᠣᠭᠤᠯᠤᠨ ᠠᠪᠴᠢᠷᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠥᠭᠵᠢᠭᠦᠯᠬᠦ ᠵᠢ ᠳᠡᠮᠵᠢᠵᠦ᠂ ᠨᠥᠬᠦᠴᠡᠯ᠎ᠲᠠᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ ᠵᠢᠨ ᠎ᠬᠢᠨ ᠬᠢᠯᠢ ᠵᠢᠨ ᠭᠠᠳᠠᠨ᠎ᠠ ᠣᠴᠢᠵᠤ ᠰᠤᠷᠭ᠋ᠠᠭᠤᠯᠢ ᠡᠷᠬᠢᠯᠡᠬᠦ ᠵᠢ ᠵᠣᠷᠢᠭᠵᠢᠭᠤᠯᠵᠤ᠂ ᠤᠯᠠᠨ ᠵᠦᠢ᠍ᠯ᠎ᠤᠨ ᠬᠡᠯᠪᠡᠷᠢᠲᠦ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠬᠦ ᠵᠢ ᠳᠡᠮᠵᠢᠨ᠎ᠡ᠃

        ᠬᠤᠶᠠᠳᠤᠭ᠋ᠠᠷ ᠪᠦᠯᠦᠭ   ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ

    ᠠᠷᠪᠠᠨ ᠳᠥᠷᠪᠡᠳᠦᠭᠡᠷ ᠵᠦᠢ᠍ᠯ ᠤᠯᠤᠰ᠎ᠠᠴᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠵᠤ᠂ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢ ᠭᠦᠨᠵᠡᠭᠡᠢ ᠠᠭᠤᠰᠬᠠᠵᠤ᠂ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠪᠠ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠢ ᠵᠡᠷᠭᠡ᠎ᠪᠠᠷ ᠴᠢᠬᠤᠯᠠᠴᠢᠯᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠡᠩ᠎ᠤᠨ ᠰᠤᠷᠭ᠋ᠠᠨ ᠬᠥᠮᠦᠵᠢᠯ᠎ᠢ ᠠᠭᠤᠰᠬᠠᠨ ᠨᠡᠪᠲᠡᠷᠡᠭᠦᠯᠵᠦ᠂ ᠠᠳᠠᠯᠢ ᠪᠤᠰᠤ ᠳᠡᠰ ᠳᠠᠪᠬᠤᠷᠭ᠎ᠠ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠪᠦᠲᠦᠮᠵᠢᠲᠡᠢ ᠨᠡᠪᠲᠡᠷᠡᠭᠦᠯᠵᠦ᠂ ᠪᠦᠬᠦ ᠠᠷᠠᠳ᠎ᠤᠨ ᠨᠠᠰᠤᠨ ᠲᠤᠷᠰᠢᠳᠠ ᠰᠤᠷᠤᠯᠴᠠᠬᠤ᠎ᠳᠤ ᠦᠢ᠍ᠯᠡᠴᠢᠯᠡᠬᠦ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
    ᠤᠯᠤᠰ᠎ᠠᠴᠠ ᠰᠤᠷᠭ᠋ᠠᠨ ᠬᠥᠮᠦᠵᠢᠯ᠎ᠤᠨ ᠪᠦᠲᠦᠴᠡ ᠵᠢ ᠰᠢᠯᠢᠳᠡᠭᠵᠢᠭᠦᠯᠵᠦ᠂ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠳᠠᠷᠠᠭ᠋ᠠᠬᠢ ᠠᠳᠠᠯᠢ ᠪᠤᠰᠤ ᠱᠠᠲᠤᠨ᠎ᠤ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠤᠬᠢᠷᠠᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠡᠩ᠎ᠤᠨ ᠰᠤᠷᠭ᠋ᠠᠨ ᠬᠥᠮᠦᠵᠢᠯ᠎ᠤᠨ ᠵᠣᠬᠢᠴᠠᠩᠭᠤᠢ ᠬᠥᠭᠵᠢᠯᠲᠡ ᠵᠢ ᠨᠢᠭᠡᠳᠦᠯᠲᠡᠢ᠎ᠳᠤ ᠲᠥᠯᠥᠪᠯᠡᠨ ᠠᠬᠢᠭᠤᠯᠤᠨ᠎ᠠ᠃
    ᠠᠷᠪᠠᠨ ᠲᠠᠪᠤᠳᠤᠭ᠋ᠠᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠢ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠭᠡᠵᠦ ᠬᠤᠪᠢᠶᠠᠨ᠎ᠠ᠃
    ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠢ ᠳᠡᠭᠡᠳᠦ ᠵᠡᠷᠭᠡ ᠵᠢᠨ ᠳᠤᠮᠳᠠ ᠵᠡᠷᠭᠡ ᠵᠢᠨ ᠰᠤᠷᠭ᠋ᠠᠨ ᠬᠥᠮᠦᠵᠢᠯ᠎ᠤᠨ ᠳᠡᠰ ᠳᠠᠪᠬᠤᠷᠭ᠋ᠠᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠵᠢ ᠪᠠᠭᠲᠠᠭ᠋ᠠᠨ᠎ᠠ)᠎ᠠᠴᠠ ᠬᠡᠷᠡᠭᠵᠢᠭᠦᠯᠦᠨ᠎ᠡ᠃
    ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠢ ᠲᠤᠰᠬᠠᠢ ᠮᠡᠷᠭᠡᠵᠢᠯ᠂ ᠦᠨᠳᠦᠰᠦᠨ ᠠᠩᠬᠢ ᠵᠢᠴᠢ ᠲᠡᠭᠦᠨ᠎ᠠᠴᠠ ᠳᠡᠭᠡᠭᠰᠢᠬᠢ ᠰᠤᠷᠭ᠋ᠠᠨ ᠬᠥᠮᠦᠵᠢᠯ᠎ᠤᠨ ᠲᠡᠰ ᠳᠠᠪᠬᠤᠷᠭ᠋ᠠᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠡᠩ᠎ᠤᠨ ᠳᠡᠭᠡᠳᠦ ᠰᠤᠷᠭ᠋ᠠᠭᠤᠯᠢ᠎ᠠᠴᠠ ᠬᠡᠷᠡᠭᠵᠢᠭᠦᠯᠦᠨ᠎ᠡ᠃
    ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠᠶ᠋ᠢᠭᠤᠯᠬᠤ ᠳᠦᠷᠢᠮ᠎ᠤᠨ ᠲᠣᠭᠲᠠᠭ᠋ᠠᠯ᠎ᠢ ᠦᠨᠳᠦᠰᠦᠯᠡᠨ᠂ ᠨᠥᠬᠦᠴᠡᠯ᠎ᠳᠤ ᠨᠡᠶ᠋ᠢᠴᠡᠬᠦ ᠮᠠᠰᠲ᠋ᠧᠷ᠎ᠤᠨ ᠳᠡᠭᠡᠳᠦ ᠰᠤᠷᠭ᠋ᠠᠭᠤᠯᠢ ᠵᠢ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠵᠢᠭᠰᠠᠯ᠎ᠳᠤ ᠣᠷᠣᠭᠤᠯᠤᠨ᠎ᠠ  á ƒ
    ᠪᠤᠰᠤᠳ ᠰᠤᠷᠭ᠋ᠠᠭᠤᠯᠢ᠂ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ ᠪᠤᠶᠤ ᠨᠥᠬᠦᠴᠡᠯ᠎ᠳᠤ ᠨᠡᠶ᠋ᠢᠴᠡᠬᠦ ᠠᠵᠤ ᠠᠬᠤᠶ᠋ᠢᠯᠠᠯ᠂ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠎ᠨᠢ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠨᠢᠭᠡᠳᠦᠯᠲᠡᠶ ᠲᠥᠯᠥᠪᠵᠢᠭᠦᠯᠭᠡ ᠶᠣᠰᠤ᠎ᠪᠠᠷ ᠬᠠᠷᠠᠭ᠋ᠠᠯᠵᠠᠭᠰᠠᠨ ᠳᠡᠰ ᠳᠠᠪᠬᠤᠷᠭ᠋ᠠᠨ᠎ᠤ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠢ ᠬᠡᠷᠡᠭᠵᠢᠭᠦᠯᠬᠦ ᠪᠤᠶᠤ ᠴᠢᠳᠠᠪᠤᠷᠢᠲᠠᠨ᠎ᠢ ᠬᠥᠮᠦᠵᠢᠭᠦᠯᠬᠦ ᠲᠥᠰᠦᠯ᠎ᠳᠤ ᠣᠷᠣᠭᠤᠯᠤᠭᠰᠠᠨ ᠰᠤᠷᠤᠯᠭ᠎ᠠ ᠵᠢᠨ ᠬᠤᠪᠢ ᠵᠢᠨ ᠬᠢᠴᠢᠶᠡᠯ᠎ᠢ ᠬᠠᠩᠭ᠋ᠠᠵᠤ ᠪᠣᠯᠤᠨ᠎ᠠ᠃
    ᠠᠷᠪᠠᠨ ᠵᠢᠷᠭᠤᠳᠤᠭ᠋ᠠᠷ ᠵᠦᠢ᠍ᠯ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠳᠤ ᠠᠵᠢᠯ ᠣᠯᠬᠤ᠎ᠠᠴᠠ ᠡᠮᠦᠨᠡᠬᠢ ᠪᠣᠯᠪᠠᠰᠤᠷᠠᠭᠤᠯᠤᠯ᠂ ᠠᠵᠢᠯ᠎ᠤᠨ ᠪᠠᠶ᠋ᠢᠷᠢ ᠵᠢᠨ ᠪᠣᠯᠪᠠᠰᠤᠷᠠᠭᠤᠯᠤᠯ᠂ ᠳᠠᠬᠢᠨ ᠠᠵᠢᠯ ᠣᠯᠬᠤ ᠪᠣᠯᠪᠠᠰᠤᠷᠠᠭᠤᠯᠤᠯ ᠵᠢᠴᠢ ᠪᠤᠰᠤᠳ ᠡᠷᠬᠢᠯᠡᠭᠰᠡᠨ ᠠᠵᠢᠯ᠎ᠤᠨ ᠴᠢᠨᠠᠷᠲᠠᠶ ᠪᠣᠯᠪᠠᠰᠤᠷᠠᠭᠤᠯᠤᠯ᠎ᠢ ᠪᠠᠭᠲᠠᠭ᠋ᠠᠨ᠎ᠠ᠂ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠳᠡᠰ ᠬᠤᠪᠢᠶᠠᠨ ᠲᠥᠷᠥᠯ ᠬᠤᠪᠢᠶᠠᠨ ᠬᠡᠷᠡᠭᠵᠢᠭᠦᠯᠦᠨ᠎ᠡ᠃
    ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠢ ᠵᠣᠬᠢᠴᠠᠭᠰᠠᠨ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠂ ᠠᠵᠢᠯ ᠮᠡᠷᠭᠡᠵᠢᠯ᠎ᠤᠨ ᠰᠤᠷᠭ᠋ᠠᠭᠤᠯᠢ᠎ᠠᠴᠠ ᠬᠡᠷᠡᠭᠵᠢᠭᠦᠯᠦᠨ᠎ᠡ᠃
    ᠪᠤᠰᠤᠳ ᠰᠤᠷᠭ᠋ᠠᠭᠤᠯᠢ ᠪᠤᠶᠤ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ ᠵᠢᠴᠢ ᠠᠵᠤ ᠠᠬᠤᠶ᠋ᠢᠯᠠᠯ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ᠎ᠬᠢᠨ ᠰᠤᠷᠭ᠋ᠠᠭᠤᠯᠢ ᠡᠷᠬᠢᠯᠡᠬᠦ ᠴᠢᠳᠠᠪᠤᠷᠢ᠂ ᠨᠡᠶ᠋ᠢᠭᠡᠮ᠎ᠤᠨ ᠬᠡᠷᠡᠭᠴᠡᠭᠡ᠎ᠪᠠᠨ ᠦᠨᠳᠦᠰᠦᠯᠡᠨ ᠨᠡᠶ᠋ᠢᠭᠡᠮ᠎ᠳᠤ ᠬᠠᠨᠳᠤᠭᠤᠯᠤᠭᠰᠠᠨ᠂ ᠣᠯᠠᠨ ᠵᠦᠢ᠍ᠯ᠎ᠤᠨ ᠬᠡᠯᠪᠡᠷᠢ ᠮᠠᠶᠢᠭᠲᠤ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠢ ᠬᠠᠤᠯᠢ ᠶᠣᠰᠤ᠎ᠪᠠᠷ ᠥᠷᠨᠢᠭᠦᠯᠵᠦ ᠪᠣᠯᠤᠨ᠎ᠠ᠃
    ᠠᠷᠪᠠᠨ ᠳᠣᠯᠣᠳᠤᠭ᠋ᠠᠷ ᠵᠦᠢ᠍ᠯ ᠤᠯᠤᠰ᠎ᠠᠴᠠ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠪᠣᠯᠤᠨ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠰᠤᠷᠤᠯᠭ᠎ᠠ ᠵᠢᠨ ᠬᠤᠪᠢ᠂ ᠬᠢᠷᠢ ᠬᠡᠮ ᠵᠢᠴᠢ ᠰᠤᠷᠤᠯᠭ᠎ᠠ ᠵᠢᠨ ᠪᠤᠰᠤᠳ ᠦᠷ᠎ᠡ ᠪᠦᠲᠦᠭᠡᠯ᠎ᠢ ᠭᠡᠷᠡᠴᠢᠯᠡᠬᠦ᠂ ᠬᠤᠷᠠᠮᠳᠤᠭᠤᠯᠬᠤ ᠪᠠ ᠬᠤᠪᠢᠷᠠᠭᠤᠯᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠰᠤᠷᠤᠯᠭ᠎ᠠ ᠵᠢᠨ ᠬᠤᠪᠢ ᠵᠢᠨ ᠪᠠᠩᠬᠢ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠡᠩ᠎ᠤᠨ ᠰᠤᠷᠭ᠋ᠠᠨ ᠬᠥᠮᠦᠵᠢᠯ᠎ᠤᠨ ᠰᠤᠷᠤᠯᠴᠠᠯᠭ᠎ᠠ ᠵᠢᠨ ᠦᠷ᠎ᠡ ᠪᠦᠲᠦᠭᠡᠯ᠎ᠤᠨ ᠠᠭᠤᠰᠤᠯᠴᠠᠨ ᠨᠡᠪᠲᠡᠷᠡᠬᠦ᠂ ᠬᠠᠷᠢᠯᠴᠠᠨ ᠮᠡᠳᠡᠷᠡᠬᠦ ᠵᠢ ᠠᠬᠢᠭᠤᠯᠤᠨ᠎ᠠ᠃
    ᠴᠡᠷᠢᠭ á  á ©á ­á ¢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠤᠯᠤᠰ᠎ᠤᠨ ᠠᠵᠢᠯ ᠮᠡᠷᠭᠡᠵᠢᠯ᠎ᠤᠨ ᠬᠢᠷᠢ ᠬᠡᠮ᠎ᠢ ᠭᠡᠷᠡᠴᠢᠯᠡᠬᠦ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠦᠨᠡᠯᠡᠬᠦ ᠳᠣᠭᠲᠠᠯᠴᠠᠭ᠋ᠠᠨ᠎ᠳᠤ ᠣᠷᠣᠭᠤᠯᠤᠨ᠎ᠠ᠃
    ᠠᠷᠪᠠᠨ ᠨᠠᠢ᠍ᠮᠠᠳᠤᠭ᠋ᠠᠷ ᠵᠦᠢ᠍ᠯ ᠵᠡᠮᠳᠡᠭᠴᠦᠳ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠵᠡᠮᠳᠡᠭᠴᠦᠳ᠎ᠤᠨ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ᠎ᠠᠴᠠ ᠬᠡᠷᠡᠭᠵᠢᠭᠦᠯᠬᠦ᠎ᠠᠴᠠ ᠭᠠᠳᠠᠨ᠎ᠠ ᠡᠯ᠎ᠡ ᠱᠠᠲᠤᠨ᠎ᠤ ᠡᠯ᠎ᠡ ᠲᠥᠷᠥᠯ᠎ᠤᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠴᠢ ᠪᠤᠰᠤᠳ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ᠎ᠠᠴᠠ ᠤᠯᠤᠰ᠎ᠤᠨ ᠬᠤᠯᠪᠤᠭᠳᠠᠬᠤ ᠲᠣᠭᠲᠠᠭ᠋ᠠᠯ ᠶᠣᠰᠤ᠎ᠪᠠᠷ ᠵᠡᠮᠳᠡᠭ ᠰᠣᠷᠣᠭᠴᠢ ᠵᠢ ᠭᠥᠯᠢᠶᠡᠨ ᠠᠪᠬᠤ ᠵᠢᠨ ᠬᠠᠮᠲᠤ á °á  á ­á ‹á  á ³ ᠥᠬᠡᠶ ᠣᠷᠴᠢᠨ ᠲᠣᠭᠤᠷᠢᠨ᠎ᠤ ᠪᠥᠲᠥᠭᠡᠨ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠵᠡᠮᠳᠡᠭ ᠰᠣᠷᠣᠭᠴᠢ ᠵᠢᠨ ᠰᠤᠷᠤᠯᠭ᠎ᠠ ᠪᠠ ᠠᠮᠢᠳᠤᠷᠠᠯ ᠎ᠳᠤ ᠴᠢᠬᠤᠯᠠ ᠪᠥᠬᠦᠶ ᠬᠠᠪᠰᠤᠷᠤᠯᠭ᠎ᠠ ᠪᠣᠯᠤᠨ ᠲᠥᠬᠦᠮ ᠦᠵᠡᠭᠦᠯᠦᠨ᠎ᠡ᠃
    ᠤᠯᠤᠰ᠎ᠠᠴᠠ á  á ·á ­á Žá   ᠬᠡᠮᠵᠢᠶ᠎ᠡ ᠠᠪᠴᠤ ᠵᠡᠮᠳᠡᠭᠴᠦᠳ᠎ᠤᠨ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ᠂ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠴᠢ ᠪᠤᠰᠤᠳ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ᠎ᠠᠴᠠ ᠵᠡᠮᠳᠡᠭᠴᠦᠳ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠥᠷᠨᠢᠭᠦᠯᠬᠦ ᠪᠤᠶᠤ ᠬᠠᠮᠲᠤᠷᠠᠨ ᠥᠷᠨᠢᠭᠦᠯᠬᠦ ᠵᠢ ᠳᠡᠮᠵᠢᠨ᠎ᠡ᠃
      ᠵᠡᠮᠳᠡᠭᠴᠦᠳ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠡᠷᠬᠢᠯᠡᠵᠦ ᠪᠠᠶ᠋ᠢᠭ᠎ᠠ ᠣᠨᠴᠠᠭ᠋ᠠᠢ ᠰᠤᠷᠭ᠋ᠠᠨ ᠬᠥᠮᠦᠵᠢᠯ᠎ᠤᠨ ᠪᠠᠭᠰᠢ ᠨᠠᠷ ᠲᠣᠭᠲᠠᠭ᠋ᠠᠯ ᠶᠣᠰᠤ᠎ᠪᠠᠷ ᠣᠨᠴᠠᠭ᠋ᠠᠢ ᠰᠤᠷᠭ᠋ᠠᠨ ᠬᠥᠮᠦᠵᠢᠯ᠎ᠤᠨ ᠨᠡᠮᠡᠭᠦᠷᠢ ᠵᠢ ᠬᠦᠷᠲᠡᠨ᠎ᠡ᠃
    ᠠᠷᠪᠠ ᠶᠢᠰᠦᠳᠦᠭᠡᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠡᠩ᠎ᠤᠨ ᠳᠤᠮᠳᠠᠳᠤ ᠪᠠᠭ᠎ᠠ ᠰᠤᠷᠭ᠋ᠠᠭᠤᠯᠢ᠂ ᠡᠩ᠎ᠤᠨ ᠳᠡᠭᠡᠳᠦ ᠰᠤᠷᠭ᠋ᠠᠭᠤᠯᠢ ᠵᠢᠨ᠎ᠬᠢᠨ ᠪᠣᠳᠠᠲᠤ ᠬᠡᠷᠡᠭᠴᠡᠭᠡ᠎ᠪᠠᠨ ᠦᠨᠳᠦᠰᠦᠯᠡᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠲᠠᠢ ᠬᠤᠯᠪᠤᠭᠳᠠᠬᠤ ᠵᠢᠭ᠋ᠠᠨ ᠰᠤᠷᠭ᠋ᠠᠬᠤ ᠠᠭᠤᠯᠭ᠎ᠠ ᠵᠢ ᠨᠡᠮᠡᠵᠦ᠂ ᠠᠵᠢᠯ ᠮᠡᠷᠭᠡᠵᠢᠯ᠎ᠤᠨ ᠰᠡᠩᠬᠡᠷᠡᠭᠦᠯᠦᠯ᠂ ᠠᠵᠢᠯ ᠮᠡᠷᠭᠡᠵᠢᠯ᠎ᠤᠨ ᠲᠠᠨᠢᠨ ᠮᠡᠳᠡᠬᠦᠢ᠂ ᠠᠵᠢᠯ ᠮᠡᠷᠭᠡᠵᠢᠯ᠎ᠢ ᠪᠡᠶᠡᠴᠢᠯᠡᠨ ᠣᠶ᠋ᠢᠯᠠᠭ᠋ᠠᠬᠤ᠂ ᠠᠵᠢᠯ ᠮᠡᠷᠭᠡᠵᠢᠯ᠎ᠤᠨ ᠲᠥᠯᠥᠪᠵᠢᠭᠦᠯᠭᠡ ᠵᠢ ᠵᠢᠯᠣᠭᠤᠳᠬᠤ᠂ ᠬᠥᠳᠡᠯᠮᠦᠷᠢ ᠵᠢᠨ ᠬᠥᠮᠦᠵᠢᠯ᠎ᠢ ᠥᠷᠨᠢᠭᠦᠯᠬᠦ ᠵᠢ ᠵᠣᠷᠢᠭᠵᠢᠭᠤᠯᠤᠨ ᠳᠡᠮᠵᠢᠬᠦ ᠵᠢᠨ ᠬᠠᠮᠲᠤ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠂ ᠠᠵᠤ ᠠᠬᠤᠶ᠋ᠢᠯᠠᠯ ᠪᠠ ᠠᠵᠢᠯ ᠲᠦᠷᠦᠯ᠎ᠤᠨ ᠵᠣᠬᠢᠶᠠᠨ ᠪᠠᠶ᠋ᠢᠭᠤᠯᠤᠯᠲᠠ ᠵᠡᠷᠭᠡ ᠵᠢ ᠵᠣᠬᠢᠶᠠᠨ ᠪᠠᠶ᠋ᠢᠭᠤᠯᠤᠨ ᠬᠦᠲᠦᠯᠦᠨ ᠵᠢᠯᠣᠭᠤᠳᠴᠤ ᠨᠥᠬᠦᠴᠡᠯ ᠪᠠ ᠳᠡᠮᠵᠢᠯᠭᠡ ᠬᠠᠩᠭ᠋ᠠᠨ᠎ᠠ᠃

          ᠭᠤᠷᠪᠠᠳᠤᠭ᠋ᠠᠷ ᠪᠦᠯᠦᠭ   ᠠᠵᠢᠯ ᠮᠡᠷᠭᠡᠵᠢᠯ᠎ᠤᠨ ᠰᠤᠷᠭ᠋ᠠᠨ ᠬ᠋᠊ ᠊ᠥ᠋ᠮᠦᠵᠢᠯ᠎ᠤᠨ ᠬᠡᠷᠡᠭᠵᠢᠭᠦᠯᠦᠯᠲᠡ


    ᠬᠤᠷᠢᠳᠤᠭ᠋ᠠᠷ ᠵᠦᠢ᠍ᠯ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠬᠤᠯᠪᠤᠭᠳᠠᠬᠤ ᠰᠠᠯᠠᠭ᠎ᠠ ᠮᠥᠴᠢᠷ᠎ᠲᠠᠢ ᠬᠠᠮᠲᠤᠷᠠᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠪᠣᠯᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠨᠴᠠᠯᠢᠭ᠎ᠢ ᠦᠨᠳᠦᠰᠦᠯᠡᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠤᠨ á ­á  á ·á ´á  á ­á Žá ¢ ᠵᠣᠬᠢᠶᠠᠨ ᠪᠠᠶ᠋ᠢᠭᠤᠯᠤᠨ ᠲᠣᠭᠲᠠᠭ᠋ᠠᠬᠤ ᠪᠠ ᠵᠠᠰᠠᠪᠤᠷᠢ ᠣᠷᠣᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠡᠷᠭᠡ ᠵᠢᠨ ᠪᠠᠷᠢᠮᠵᠢᠶ᠎ᠠ ᠵᠢ ᠲᠡᠭᠦᠯᠳᠡᠷᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠤᠨ ᠪᠠᠶ᠋ᠢᠭᠤᠯᠤᠯᠲᠠ ᠵᠢ ᠬᠤᠷᠸ᠎ᠠ ᠲᠠᠯ᠎ᠠ᠎ᠠᠴᠠ ᠬᠠᠮᠢᠶᠠᠷᠤᠨ ᠵᠢᠯᠣᠭᠤᠳᠤᠨ᠎ᠠ᠃
    ᠬᠤᠷᠢᠨ ᠨᠢᠭᠡᠳᠦᠭᠡᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠡᠷᠬᠡᠪᠰᠢ ᠭᠤᠣᠯᠯᠠᠭᠴᠢ ᠬᠦᠴᠦᠨ ᠪᠠ ᠳᠠᠭᠤᠷᠢᠶᠠᠯ ᠦᠵᠡᠭᠦᠯᠬᠦ ᠦᠢ᠍ᠯᠡᠳᠦᠯ᠎ᠢ ᠪᠠᠳᠠᠷᠠᠭᠤᠯᠬᠤ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠠᠤᠷᠠᠭᠤᠯᠤᠯ᠎ᠤᠨ ᠪᠠᠶ᠋ᠢᠭᠤᠯᠤᠮᠵᠢ ᠵᠢ ᠡᠷᠬᠢᠯᠡᠬᠦ ᠪᠤᠶᠤ ᠡᠷᠬᠢᠯᠡᠬᠦ᠎ᠳᠤ ᠣᠷᠣᠯᠴᠠᠵᠤ᠂ ᠨᠡᠶ᠋ᠢᠭᠡᠮ᠎ᠤᠨ ᠬᠦᠴᠦᠨ᠎ᠤ ᠬᠠᠤᠯᠢ ᠶᠣᠰᠤ᠎ᠪᠠᠷ ᠡᠷᠬᠢᠯᠡᠭᠰᠡᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠵᠢᠯᠣᠭᠤᠳᠤᠨ ᠳᠡᠮᠵᠢᠨ᠎ᠡ  á ƒ
      ᠤᠯᠤᠰ᠎ᠠᠴᠠ ᠠᠵᠤ ᠦᠢ᠍ᠯᠡᠰ᠎ᠤᠨ ᠪᠠᠶ᠋ᠢᠷᠢᠯᠠᠭᠤᠯᠤᠯᠲᠠ ᠪᠠ ᠠᠵᠢᠯ ᠲᠥᠷᠥᠯ᠎ᠤᠨ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂ á  á ·á ­á Žá   ᠬᠡᠮᠵᠢᠶ᠎ᠡ ᠠᠪᠴᠤ᠂ ᠲᠡᠷᠢᠭᠦᠨ᠎ᠤ ᠦᠢ᠍ᠯᠡᠳᠬᠦ ᠦᠢ᠍ᠯᠡᠰ ᠵᠡᠷᠭᠡ ᠠᠵᠤ ᠦᠢ᠍ᠯᠡᠰ᠎ᠤᠨ ᠬᠡᠷᠡᠭᠴᠡᠭᠡ᠎ᠳᠤ ᠱᠠᠭ᠋ᠠᠷᠳᠠᠭᠳᠠᠬᠤ ᠰᠢᠨ᠎ᠡ᠎ᠪᠠᠷ ᠬᠥᠭᠵᠢᠭᠰᠡᠨ ᠲᠤᠰᠬᠠᠶ ᠮᠡᠷᠭᠡᠵᠢᠯ᠎ᠢ ᠶᠡᠭᠡ᠎ᠪᠠᠷ ᠬᠥᠭᠵᠢᠭᠦᠯᠵᠦ᠂ ᠥᠨᠳᠥᠷ ᠬᠢᠷᠢ ᠲᠦᠪᠰᠢᠨ ᠪᠥᠬᠦᠶ ᠠᠵᠢᠯ ᠮᠡᠷᠭᠡᠵᠢᠯ᠎ᠤᠨ ᠰᠤᠷᠭ᠋ᠠᠭᠤᠯᠢ᠂ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠵᠢ ᠳᠡᠮᠵᠢᠨ᠎ᠡ᠃
    ᠤᠯᠤᠰ᠎ᠠᠴᠠ á  á ·á ­á Žá   ᠬᠡᠮᠵᠢᠶ᠎ᠡ ᠠᠪᠴᠤ ᠨᠠᠶ᠋ᠢᠳᠠᠨ ᠬᠥᠮᠦᠵᠢᠭᠦᠯᠬᠦ᠂ ᠰᠤᠪᠢᠯᠠᠬᠤ᠂ ᠡᠷᠡᠭᠦᠯᠵᠢᠯ ᠰᠤᠪᠢᠯᠠᠯᠲᠠ᠂ ᠭᠡᠷ᠎ᠤᠨ ᠶᠠᠪᠤᠳᠠᠯ ᠵᠡᠷᠭᠡ ᠵᠢᠨ ᠮᠡᠷᠭᠡᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠥᠳᠲᠡᠷ ᠲᠦᠷᠭᠡᠨ ᠬᠥᠮᠦᠵᠢᠭᠦᠯᠦᠨ᠎ᠡ᠃
    ᠬᠤᠷᠢᠨ ᠬᠤᠶᠠᠳᠤᠭ᠋ᠠᠷ ᠵᠦᠢ᠍ᠯ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠰᠢᠶᠠᠨ᠎ᠤ ᠬᠡᠪᠴᠢᠶᠡᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠎ᠪᠠᠨ ᠦᠨᠳᠦᠰᠦᠯᠡᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠭᠤᠣᠯ ᠰᠤᠷᠭ᠋ᠠᠭᠤᠯᠢ ᠪᠠᠶ᠋ᠢᠭᠤᠯᠵᠤ᠂ ᠣᠯᠠᠨ ᠵᠦᠢ᠍ᠯ᠎ᠤᠨ ᠬᠡᠯᠪᠡᠷᠢᠲᠦ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠥᠷᠨᠢᠭᠦᠯᠵᠦ᠂ ᠬᠡᠷᠡᠭᠯᠡᠭᠡᠨ᠎ᠤ ᠮᠡᠷᠭᠡᠵᠢᠯ᠎ᠤᠨ ᠪᠣᠯᠪᠠᠰᠤᠷᠠᠭᠤᠯᠤᠯ᠎ᠢ ᠬᠡᠷᠡᠭᠵᠢᠭᠦᠯᠵᠦ ᠪᠣᠯᠤᠨ᠎ᠠ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠭᠤᠤᠯ ᠰᠤᠷᠭ᠋ᠠᠭᠤᠯᠢ᠎ᠳᠤ ᠨᠠᠶ᠋ᠢᠳᠠᠵᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢ ᠵᠢᠯᠣᠭᠤᠳᠬᠤ᠂ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠦᠨᠡᠯᠡᠬᠦ᠂ ᠪᠠᠭᠰᠢ ᠵᠢᠨ ᠪᠣᠯᠪᠠᠰᠤᠷᠠᠭᠤᠯᠤᠯ ᠵᠡᠷᠭᠡ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠭᠦᠯᠵᠦ ᠪᠣᠯᠤᠨ᠎ᠠ᠃
    ᠬᠤᠷᠢᠨ ᠭᠤᠷᠪᠠᠳᠤᠭ᠋ᠠᠷ ᠵᠦᠢ᠍ᠯ ᠠᠵᠢᠯ ᠲᠥᠷᠥᠯ᠎ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠠᠵᠢᠯ ᠲᠥᠷᠥᠯ᠂ ᠠᠵᠤ ᠦᠢ᠍ᠯᠡᠰ᠎ᠤᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠶᠣᠰᠤ᠎ᠪᠠᠷ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠢᠯᠣᠭᠤᠳᠣᠯᠭ᠎ᠠ᠎ᠪᠠᠨ ᠴᠢᠩᠭ᠋ᠠᠳᠬᠠᠵᠤ᠂ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠋ᠠᠲᠠᠢ ᠨᠡᠶ᠋ᠢᠲᠡᠯᠡᠨ᠎ᠡ᠃
    ᠠᠵᠢᠯ ᠲᠥᠷᠥᠯ᠎ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ᠎ᠤ ᠡᠪᠯᠡᠯ ᠪᠣᠯᠤᠨ ᠳᠤᠮᠳᠠᠳᠤ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠤᠷᠢᠶ᠎ᠠ ᠵᠡᠷᠭᠡ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ᠂ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠎ᠨᠢ ᠬᠡᠷᠡᠭᠴᠡᠭᠡ᠎ᠪᠠᠨ ᠦᠨᠳᠦᠰᠦᠯᠡᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠤᠨ á ­á  á ·á ´á  á ­ ᠪᠣᠯᠤᠨ ᠬᠤᠯᠪᠤᠭᠳᠠᠬᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠷᠢᠮᠵᠢᠶ᠎ᠠ ᠵᠢ ᠲᠣᠭᠲᠠᠭ᠋ᠠᠬᠤ᠎ᠳᠤ ᠣᠷᠣᠯᠴᠠᠵᠤ᠂ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢ ᠲᠥᠰᠦᠭᠡᠯᠡᠬᠦ᠂ ᠠᠵᠢᠯ ᠮᠡᠷᠭᠡᠵᠢᠯ᠎ᠤᠨ ᠠᠮᠢᠳᠤᠷᠠᠬᠤᠢ ᠵᠢᠨ ᠬᠥᠭᠵᠢᠯᠲᠡ ᠵᠢᠨ ᠰᠤᠳᠤᠯᠭ᠋ᠠᠨ ᠵᠢᠴᠢ ᠮᠡᠳᠡᠭᠡ ᠵᠠᠩᠭᠢ ᠵᠢᠨ ᠵᠦᠪᠯᠡᠯᠭᠡ ᠥᠭᠬᠦ ᠵᠢ ᠥᠷᠨᠢᠭᠦᠯᠵᠦ᠂ ᠬᠠᠩᠭ᠋ᠠᠯᠭ᠎ᠠ ᠪᠠ ᠬᠡᠷᠡᠭᠴᠡᠭᠡ᠎ᠳᠤ ᠵᠣᠬᠢᠴᠠᠭᠰᠠᠨ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢ ᠠᠭᠤᠰᠬᠠᠭᠰᠠᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢ ᠪᠤᠶ᠋ᠢᠵᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠡᠷᠭᠢᠯᠡᠬᠦ ᠪᠤᠶᠤ ᠬᠠᠮᠲᠤᠷᠠᠨ ᠡᠷᠭᠢᠯᠡᠵᠦ᠂ ᠬᠤᠯᠪᠤᠭᠳᠠᠬᠤ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠤᠨ ᠵᠣᠬᠢᠴᠠᠭᠤᠯᠤᠨ ᠵᠢᠯᠣᠭᠤᠳᠴᠤ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠡᠷᠭᠢᠯᠡᠵᠦ ᠪᠣᠯᠤᠨ᠎ᠠ᠃
    ᠬᠤᠷᠢᠨ ᠳᠥᠷᠪᠡᠳᠦᠭᠡᠷ ᠵᠦᠢ᠍ᠯ ᠠᠵᠤ ᠠᠬᠤᠶ᠋ᠢᠯᠠᠯ ᠡᠷᠬᠡᠪᠰᠢ ᠲᠤᠰ ᠨᠢᠭᠡᠴᠢ ᠵᠢᠨ ᠵᠶ᠋ᠠᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠲᠤᠰ ᠨᠢᠭᠡᠴᠢ ᠵᠢᠨ ᠵᠶ᠋ᠠᠨ ᠠᠵᠢᠯᠳᠠᠨ ᠠᠵᠢᠯᠴᠢᠨ ᠪᠠ ᠡᠯᠰᠡᠵᠦ ᠬᠡᠷᠡᠭᠯᠡᠬᠦ᠎ᠪᠠᠷ ᠪᠡᠯᠡᠳᠬᠡᠵᠦ ᠪᠠᠶ᠋ᠢᠭ᠎ᠠ ᠬᠥᠮᠦᠰ᠎ᠲᠤ ᠲᠥᠯᠥᠪᠯᠡᠭᠡ᠎ᠲᠠᠢ᠎ᠪᠠᠷ ᠠᠵᠢᠯ ᠮᠡᠷᠭᠡᠵᠢᠯ᠎ᠤᠨ ᠬᠥᠮᠦᠵᠢᠯ ᠬᠢᠬᠦ ᠬᠡᠷᠡᠭᠲᠡᠢ ᠪᠥᠭᠡᠳ ᠲᠤᠰᠬᠠᠢ ᠲᠤᠰᠢᠶᠠᠯ᠎ᠤᠨ ᠪᠤᠶᠤ ᠲᠤᠰᠢᠶᠠᠯ ᠬᠠᠪᠰᠤᠷᠭ᠋ᠠᠭᠰᠠᠨ ᠠᠵᠢᠯ ᠮᠡᠷᠭᠡᠵᠢᠯ᠎ᠤᠨ ᠬᠥᠮᠦᠵᠢᠯ᠎ᠤᠨ ᠠᠵᠢᠯ᠎ᠤᠨ ᠪᠠᠶ᠋ᠢᠷᠢ ᠭᠠᠷᠭ᠋ᠠᠵᠤ ᠪᠣᠯᠤᠨ᠎ᠠ᠃
    ᠠᠵᠤ ᠠᠬᠤᠶ᠋ᠢᠯᠠᠯ᠎ᠤᠨ᠎ᠬᠢᠨ ᠤᠯᠤᠰ᠎ᠤᠨ ᠬᠤᠯᠪᠤᠭᠳᠠᠬᠤ ᠲᠣᠭᠲᠠᠭ᠋ᠠᠯ ᠶᠣᠰᠤ᠎ᠪᠠᠷ ᠪᠣᠯᠪᠠᠰᠤᠷᠠᠭᠤᠯᠵᠤ ᠠᠵᠢᠯ᠎ᠤᠨ ᠪᠠᠶ᠋ᠢᠷᠢ᠎ᠳᠤ ᠭᠠᠷᠭ᠋ᠠᠬᠤ ᠲᠦᠷᠢᠮ᠎ᠢ ᠬᠡᠷᠡᠭᠵᠢᠭᠦᠯᠦᠨ᠎ᠡ᠃ ᠠᠵᠤ ᠠᠬᠤᠶ᠋ᠢᠯᠠᠯ᠎ᠤᠨ ᠡᠯᠰᠡᠵᠦ ᠬᠡᠷᠡᠭᠯᠡᠭᠰᠡᠨ ᠮᠡᠷᠭᠡᠵᠢᠯ᠎ᠤᠨ ᠲᠦᠷᠦᠯ᠎ᠤᠨ ᠬᠥᠳᠡᠯᠮᠦᠷᠢᠴᠢᠨ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨ᠎ᠡ ᠡᠷᠬᠡᠪᠰᠢ ᠠᠶᠤᠯ ᠦᠭᠡᠢ ᠦᠢ᠍ᠯᠡᠳᠪᠦᠷᠢᠯᠡᠯ᠎ᠤᠨ ᠬᠥᠮᠦᠵᠢᠯ ᠪᠠ ᠮᠡᠷᠭᠡᠵᠢᠯ᠎ᠤᠨ ᠪᠣᠯᠪᠠᠰᠤᠷᠠᠭᠤᠯᠤᠯ ᠭᠦᠷᠲᠡᠨ᠎ᠡ; ᠣᠯᠠᠨ ᠨᠡᠶ᠋ᠢᠲᠡ ᠵᠢᠨ ᠠᠮᠤᠷ ᠲᠦᠪᠰᠢᠨ᠂ ᠬᠥᠮᠦᠨ᠎ᠤ ᠪᠡᠶ᠎ᠡ ᠵᠢᠨ ᠡᠷᠡᠭᠦᠯ ᠮᠡᠨᠳᠦ᠂ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠵᠡᠷᠭᠡ᠎ᠳᠤ ᠬᠤᠯᠪᠣᠭᠳᠠᠬᠤ ᠣᠨᠴᠠᠭ᠋ᠠᠶ ᠠᠵᠢᠯ ᠮᠡᠷᠭᠡᠵᠢᠯ (ᠠᠵᠢᠯ ᠲᠥᠷᠥᠯ)᠎ᠳᠤ ᠡᠯᠰᠡᠵᠦ ᠬᠡᠷᠡᠭᠯᠡᠭᠰᠡᠨ ᠬᠥᠳᠡᠯᠮᠦᠷᠢᠴᠢᠨ ᠡᠷᠬᠡᠪᠰᠢ ᠪᠣᠯᠪᠠᠰᠤᠷᠠᠭᠤᠯᠤᠯ ᠭᠥᠷᠳᠡᠬᠦ ᠵᠢᠨ ᠬᠠᠮᠲᠤ ᠬᠠᠤᠯᠢ ᠶᠣᠰᠤ᠎ᠪᠠᠷ ᠠᠵᠢᠯ ᠮᠡᠷᠭᠡᠵᠢᠯ᠎ᠤᠨ ᠬᠢᠷᠢ ᠬᠡᠮ ᠪᠤᠶᠤ ᠣᠨᠴᠠᠭ᠋ᠠᠶ ᠲᠥᠷᠥᠯ᠎ᠤᠨ ᠠᠵᠢᠯ ᠬᠢᠬᠦ ᠬᠢᠷᠢ ᠬᠡᠮ ᠣᠯᠤᠭᠰᠠᠨ ᠪᠠᠶ᠋ᠢᠬᠤ ᠬᠡᠷᠡᠭᠲᠡᠶ᠃ ᠠᠵᠤ ᠠᠬᠤᠶ᠋ᠢᠯᠠᠯ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠥᠷᠨᠢᠭᠦᠯᠦᠭᠰᠡᠨ ᠪᠠᠶ᠋ᠢᠳᠠᠯ᠎ᠢ ᠠᠵᠤ ᠠᠬᠤᠶ᠋ᠢᠯᠠᠯ᠎ᠤᠨ ᠨᠡᠶ᠋ᠢᠭᠡᠮ᠎ᠤᠨ ᠬᠠᠷᠢᠭᠤᠴᠠᠯᠭ᠎ᠠ ᠵᠢᠨ ᠮᠡᠳᠡᠭᠦᠯᠦᠯᠲᠡ᠎ᠳᠤ ᠣᠷᠣᠭᠤᠯᠤᠨ᠎ᠠ᠃
      ᠬᠤᠷᠢᠨ ᠲᠠᠪᠤᠳᠤᠭ᠋ᠠᠷ ᠵᠦᠢ᠍ᠯ ᠠᠵᠤ ᠠᠬᠤᠶ᠋ᠢᠯᠠᠯ᠎ᠨᠢ ᠬᠥᠷᠥᠩᠭᠡ᠂ ᠮᠡᠷᠭᠡᠵᠢᠯ᠂ ᠮᠡᠳᠡᠯᠭᠡ᠂ ᠪᠡᠯᠡᠳᠬᠡᠮᠵᠢ᠂ ᠲᠥᠬᠦᠭᠡᠷᠦᠮᠵᠢ᠂ ᠪᠠᠶ᠋ᠢᠷᠢ ᠲᠠᠯᠠᠪᠤᠷ ᠪᠣᠯᠤᠨ ᠬᠠᠮᠢᠶᠠᠷᠤᠯᠲᠠ ᠵᠡᠷᠭᠡ ᠬᠦᠴᠦᠨ ᠵᠦᠢ᠍ᠯ᠎ᠢ ᠠᠰᠢᠭᠯᠠᠨ᠂ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠡᠷᠬᠢᠯᠡᠬᠦ ᠪᠤᠶᠤ ᠬᠠᠮᠲᠤᠷᠠᠨ ᠡᠷᠬᠢᠯᠡᠵᠦ ᠪᠣᠯᠤᠨ᠎ᠠ᠃
      ᠬᠤᠷᠢᠨ ᠵᠢᠷᠭᠤᠳᠤᠭ᠋ᠠᠷ ᠵᠦᠢ᠍ᠯ ᠤᠯᠤᠰ᠎ᠠᠴᠠ ᠠᠵᠤ ᠠᠬᠤᠶ᠋ᠢᠯᠠᠯ ᠪᠠ ᠨᠡᠶ᠋ᠢᠭᠡᠮ᠎ᠤᠨ ᠪᠤᠰᠤᠳ ᠬᠦᠴᠦᠨ᠎ᠤ ᠬᠠᠤᠯᠢ ᠶᠣᠰᠤ᠎ᠪᠠᠷ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠡᠷᠬᠢᠯᠡᠬᠦ ᠵᠢ ᠵᠣᠷᠢᠭᠵᠢᠭᠤᠯᠤᠨ ᠵᠢᠯᠣᠭᠤᠳᠴᠤ ᠳᠡᠮᠵᠢᠨ᠎ᠡ᠃
    ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠴᠤ᠂ ᠰᠤᠷᠤᠭᠴᠢᠳ᠎ᠲᠤ ᠰᠤᠷᠤᠯᠭ᠎ᠠ ᠵᠢ ᠳᠡᠳᠬᠦᠬᠦ ᠵᠢᠭᠡᠯᠡᠯᠭᠡ᠂ ᠰᠤᠷᠤᠯᠭ᠎ᠠ ᠵᠢᠨ ᠱᠠᠩᠨᠠᠯ᠎ᠤᠨ ᠮᠥᠩᠭᠦ ᠬᠠᠩᠭ᠋ᠠᠬᠤ ᠵᠡᠷᠭᠡ á  á ·á ­á Žá   ᠬᠡᠮᠵᠢᠶ᠎ᠡ ᠠᠪᠴᠤ᠂ ᠠᠵᠤ ᠠᠬᠤᠶ᠋ᠢᠯᠠᠯ ᠪᠣᠯᠤᠨ ᠨᠡᠶ᠋ᠢᠭᠡᠮ᠎ᠤᠨ ᠪᠤᠰᠤᠳ ᠬᠦᠴᠦᠨ᠎ᠤ ᠬᠠᠤᠯᠢ ᠶᠣᠰᠤ᠎ᠪᠠᠷ ᠡᠷᠬᠢᠯᠡᠭᠰᠡᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠲᠡᠳᠬᠦᠨ ᠳᠡᠮᠵᠢᠨ᠎ᠡ; ᠡᠭᠦᠨ᠎ᠳᠠᠬᠢ ᠠᠰᠢᠭ ᠣᠯᠵᠠᠪᠤᠷᠢ ᠵᠢᠨ ᠪᠤᠰᠤ ᠴᠢᠨᠠᠷᠲᠠᠶ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠳᠤ ᠪᠠᠰᠠ ᠵᠠᠰᠠᠭ᠎ᠤᠨ ᠣᠷᠳᠣᠨ᠎ᠤ ᠨᠥᠬᠦᠪᠥᠷᠢ᠂ ᠰᠠᠭᠤᠷᠢ ᠮᠥᠩᠭᠦ᠎ᠪᠠᠷ ᠱᠠᠩᠨᠠᠬᠤ᠂ ᠪᠡᠯᠡ ᠮᠥᠩᠭᠦ᠎ᠪᠠᠷ ᠲᠤᠰᠠᠯᠠᠵᠤ ᠤᠷᠮᠠᠰᠢᠭᠤᠯᠬᠤ ᠵᠡᠷᠭᠡ ᠲᠡᠳᠬᠦᠬᠦ á  á ·á ­á Žá   ᠬᠡᠮᠵᠢᠶ᠎ᠡ ᠵᠢ ᠠᠪᠴᠤ᠂ ᠠᠳᠠᠯᠢ ᠱᠠᠲᠤᠨ᠎ᠤ ᠠᠳᠠᠯᠢ ᠲᠥᠷᠥᠯ᠎ᠤᠨ ᠠᠯᠪᠠᠨ᠎ᠠᠴᠠ ᠡᠷᠬᠢᠯᠡᠭᠰᠡᠨ ᠰᠤᠷᠭ᠋ᠠᠭᠤᠯᠢ ᠵᠢᠨ ᠰᠤᠷᠤᠭᠴᠢ ᠨᠢᠭᠡ ᠪᠦᠷᠢ ᠵᠢᠨ ᠳᠤᠮᠳᠠᠴᠢ ᠵᠠᠷᠤᠳᠠᠯ ᠵᠡᠷᠭᠡ ᠬᠤᠯᠪᠤᠭᠳᠠᠬᠤ ᠵᠠᠷᠤᠳᠠᠯ᠎ᠤᠨ ᠪᠠᠷᠢᠮᠵᠢᠶ᠎ᠠ ᠪᠣᠯᠤᠨ ᠳᠡᠮᠵᠢᠬᠦ ᠲᠥᠷᠥ ᠵᠢᠨ ᠪᠣᠳᠣᠯᠭ᠎ᠠ᠎ᠪᠠᠷ ᠯᠠᠪᠯᠠᠯᠲᠠ ᠪᠣᠯᠭ᠋ᠠᠨ ᠵᠣᠬᠢᠰᠲᠠᠶ ᠨᠥᠬᠦᠪᠥᠷᠢ ᠥᠭᠴᠦ ᠪᠣᠯᠤᠨ᠎ᠠ᠃
      ᠬᠤᠷᠢᠨ ᠳᠣᠯᠣᠳᠤᠭ᠋ᠠᠷ ᠵᠦᠢ᠍ᠯ ᠠᠵᠤ ᠦᠢ᠍ᠯᠡᠰ ᠪᠣᠯᠤᠨ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ᠂ ᠰᠤᠷᠭ᠋ᠠᠭᠤᠯᠢ ᠪᠣᠯᠤᠨ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ᠎ᠳᠤ ᠭᠦᠨᠵᠡᠭᠡᠶ ᠣᠷᠣᠯᠴᠠᠵᠤ᠂ ᠮᠡᠷᠭᠡᠵᠢᠯ᠎ᠤᠨ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠬᠥᠮᠦᠵᠢᠭᠦᠯᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠠᠵᠢᠯ ᠣᠯᠭᠤᠯᠲᠠ ᠵᠢ ᠠᠬᠢᠭᠤᠯᠬᠤ ᠶᠠᠪᠤᠴᠠ᠎ᠳᠤ ᠴᠢᠬᠤᠯᠠ ᠭᠤᠤᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠤᠭᠰᠠᠨ ᠠᠵᠤ ᠠᠬᠤᠶ᠋ᠢᠯᠠᠯ᠎ᠢ ᠲᠣᠭᠲᠠᠭ᠋ᠠᠯ ᠶᠣᠰᠤ᠎ᠪᠠᠷ ᠱᠠᠩᠨᠠᠨ᠎ᠠ; ᠨᠥᠬᠦᠴᠡᠯ᠎ᠳᠤ ᠨᠡᠶ᠋ᠢᠴᠡᠭᠰᠡᠨ ᠠᠵᠤ ᠦᠢ᠍ᠯᠡᠰ ᠪᠣᠯᠤᠨ ᠰᠤᠷᠭ᠋ᠠᠨ ᠬᠥᠮᠦᠵᠢᠯ᠎ᠢ ᠠᠭᠤᠰᠬᠠᠭᠰᠠᠨ ᠬᠡᠯᠪᠡᠷᠢᠲᠦ ᠠᠵᠤ ᠠᠬᠤᠶ᠋ᠢᠯᠠᠯ ᠵᠶ᠋ᠠᠷ ᠮᠠᠭ᠋ᠠᠳᠯᠠᠨ ᠲᠣᠭᠲᠠᠭ᠋ᠠᠭᠰᠠᠨ ᠪᠣᠯ ᠲᠣᠭᠲᠠᠭ᠋ᠠᠯ ᠶᠣᠰᠤ᠎ᠪᠠᠷ ᠮᠥᠩᠭᠦᠨ ᠭᠦᠢ᠍ᠯᠭᠡᠭᠡ᠂ ᠡᠳ᠋᠎ᠤᠨ ᠵᠠᠰᠠᠭ᠂ ᠭᠠᠵᠠᠷ ᠰᠢᠷᠣᠶ ᠵᠡᠷᠭᠡ ᠵᠢᠨ ᠳᠡᠮᠵᠢᠯᠭᠡ ᠣᠯᠭᠤᠵᠤ᠂ ᠰᠤᠷᠭ᠋ᠠᠨ ᠬᠥᠮᠦᠵᠢᠯ᠎ᠤᠨ ᠨᠡᠮᠡᠯᠲᠡ ᠵᠠᠷᠤᠳᠠᠯ᠂ ᠣᠷᠣᠨ ᠨᠤᠲᠤᠭ᠎ᠤᠨ ᠰᠤᠷᠭ᠋ᠠᠨ ᠬᠥᠮᠦᠵᠢᠯ᠎ᠤᠨ ᠨᠡᠮᠡᠯᠲᠡ ᠵᠠᠷᠤᠳᠠᠯ᠎ᠢ ᠬᠠᠰᠤᠵᠤ ᠭᠡᠯᠳᠦᠷᠢᠭᠦᠯᠬᠦ ᠵᠢᠴᠢ ᠪᠤᠰᠤᠳ ᠭᠠᠶ᠋ᠢᠯᠢ ᠪᠠ ᠰᠦᠢ᠍ᠳᠭᠡᠯ᠎ᠤᠨ ᠬᠠᠷᠠᠭ᠋ᠠᠯᠵᠠᠯ᠎ᠢ ᠨᠠᠶ᠋ᠢᠳᠠᠪᠤᠷᠢᠵᠢᠭᠤᠯᠤᠨ᠎ᠠ᠃
    ᠬᠤᠷᠢᠨ ᠨᠠᠢ᠍ᠮᠠᠳᠤᠭ᠋ᠠᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠬᠠᠮᠲᠤᠷᠠᠨ ᠡᠷᠬᠢᠯᠡᠬᠦ᠎ᠳᠤ ᠡᠷᠬᠢᠯᠡᠨ ᠪᠠᠶ᠋ᠢᠭᠤᠯᠤᠭᠴᠢ᠎ᠨᠢ ᠬᠠᠮᠲᠤᠷᠠᠨ ᠰᠤᠷᠭ᠋ᠠᠭᠤᠯᠢ ᠡᠷᠬᠢᠯᠡᠬᠦ ᠬᠡᠯᠡᠯᠴᠡᠭᠡᠷ ᠲᠣᠭᠲᠠᠭ᠋ᠠᠵᠤ᠂ ᠡᠯ᠎ᠡ ᠲᠠᠯ᠎ᠠ ᠵᠢᠨ᠎ᠬᠢᠨ᠎ᠤ ᠡᠷᠬᠡ ᠪᠠ ᠡᠭᠦᠷᠭᠡ ᠵᠢ ᠪᠣᠯᠵᠣᠨ ᠲ᠋ᠣᠭᠲᠠᠭ᠋ᠠᠬᠤ ᠬᠡᠷᠡᠭᠲᠡᠢ᠃
    ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠠᠵᠢᠯ ᠲᠥᠷᠥᠯ᠎ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠨᠡᠶ᠋ᠢᠭᠡᠮ᠎ᠤᠨ ᠬᠦᠴᠦᠨ᠎ᠤ ᠬᠠᠮᠲᠤᠷᠠᠨ ᠰᠤᠷᠭ᠋ᠠᠭᠤᠯᠢ ᠡᠷᠬᠢᠯᠡᠬᠦ᠎ᠳᠤ ᠬᠠᠤᠯᠢ ᠶᠣᠰᠤ᠎ᠪᠠᠷ ᠣᠷᠣᠯᠴᠠᠬᠤ ᠵᠢ ᠳᠡᠮᠵᠢᠵᠦ᠂ ᠣᠯᠠᠨ ᠵᠦᠢ᠍ᠯ᠎ᠤᠨ ᠬᠡᠯᠪᠡᠷᠢᠲᠦ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠡᠷᠬᠢᠯᠡᠨ᠎ᠡ᠃
    ᠠᠵᠢᠯ ᠲᠥᠷᠥᠯ᠎ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ᠎ᠤ ᠡᠪᠯᠡᠯ ᠵᠡᠷᠭᠡ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ᠂ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ ᠵᠡᠷᠭᠡ᠎ᠨᠢ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠳᠤ ᠨᠠᠶ᠋ᠢᠳᠠᠵᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠬᠦ ᠨᠠᠶ᠋ᠢᠳᠠᠯᠭ᠎ᠠ ᠵᠢᠨ á ­á ¡á ·á Žá ¡ ᠲᠣᠭᠲᠠᠬᠤ ᠬᠡᠷᠡᠭᠲᠡᠶ᠃
    ᠬᠤᠷᠢ ᠶᠢᠰᠦᠳᠦᠭᠡᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠵᠢᠯ ᠲᠦᠷᠦᠯ᠎ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ᠎ᠤ ᠡᠪᠯᠡᠯ ᠵᠡᠷᠭᠡ ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ᠂ ᠠᠵᠢᠯ ᠲᠦᠷᠦᠯ᠎ᠤᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ ᠵᠡᠷᠭᠡ ᠵᠢ ᠵᠣᠬᠢᠶᠠᠨ ᠪᠠᠶ᠋ᠢᠭᠤᠯᠵᠤ ᠣᠷᠣᠨ ᠪᠦᠰᠡ ᠪᠤᠶᠤ ᠠᠵᠢᠯ ᠲᠦᠷᠦᠯ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠡᠷᠡᠭᠴᠡᠭᠡ ᠵᠢ ᠦᠨᠳᠦᠰᠦᠯᠡᠨ ᠥᠨᠳᠥᠷ ᠬᠢᠷᠢ ᠲᠦᠪᠰᠢᠨᠲᠦ᠂ ᠲᠤᠰᠬᠠᠶ᠋ᠢᠵᠢᠭᠰᠠᠨ᠂ ᠨᠡᠭᠡᠭᠡᠯᠲᠡᠲᠦ ᠬᠠᠮᠲᠤ᠎ᠪᠠᠷ ᠡᠳ᠋ᠯᠡᠬᠦ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢ ᠠᠭᠤᠰᠬᠠᠭᠰᠠᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠳᠠᠳᠤᠯᠭ᠎ᠠ ᠪᠣᠯᠪᠠᠰᠤᠷᠠᠯ᠎ᠢ ᠥᠷᠨᠢᠭᠦᠯᠬᠦ ᠪᠠ ᠠᠵᠤ ᠠᠬᠤᠶ᠋ᠢᠯᠠᠯ᠎ᠤᠨ ᠪᠣᠯᠪᠠᠰᠤᠷᠠᠭᠤᠯᠤᠯ᠎ᠢ ᠥᠷᠨᠢᠭᠦᠯᠬᠦ᠎ᠳᠤ ᠨᠥᠬᠦᠴᠡᠯ ᠪᠠ ᠳᠡᠮᠵᠢᠯᠭᠡ ᠬᠠᠩᠭ᠋ᠠᠬᠤ ᠬᠡᠷᠡᠭᠲᠡᠢ᠃
    ᠭᠤᠴᠢᠳᠤᠭ᠋ᠠᠷ ᠵᠦᠢ᠍ᠯ ᠤᠯᠤᠰ᠎ᠠᠴᠠ ᠳᠤᠮᠳᠠᠳᠤ ᠤᠯᠤᠰ᠎ᠤᠨ ᠣᠨᠴᠠᠯᠢᠭ ᠪᠦᠬᠦᠢ ᠱᠠᠪᠢᠯᠠᠬᠤ ᠳᠦᠷᠢᠮ᠎ᠢ ᠬᠡᠷᠡᠭᠵᠢᠭᠦᠯᠵᠦ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠠᠵᠢᠯ᠎ᠤᠨ ᠪᠠᠶ᠋ᠢᠷᠢ ᠵᠢᠨ ᠶᠡᠷᠦᠩᠬᠡᠶ ᠬᠡᠮᠵᠢᠶᠡᠨ᠎ᠤ ᠵᠣᠬᠢᠬᠤ ᠬᠠᠷᠢᠴᠠᠯ ᠵᠶ᠋ᠠᠷ ᠱᠠᠪᠢᠯᠠᠬᠤ ᠠᠵᠢᠯ᠎ᠤᠨ ᠪᠠᠶ᠋ᠢᠷᠢ ᠭᠠᠷᠭ᠋ᠠᠵᠤ᠂ ᠮᠡᠷᠭᠡᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠴᠢᠳᠠᠪᠤᠷᠢ᠎ᠲᠠᠢ ᠠᠵᠤ ᠠᠬᠤᠶ᠋ᠢᠯᠠᠯ ᠣᠨᠴᠠᠭ᠋ᠠᠶ᠋ᠢᠯᠠᠨ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢ ᠤᠶᠠᠯᠳᠤᠭᠤᠯᠤᠭᠰᠠᠨ ᠬᠡᠯᠪᠡᠷᠢ ᠵᠢᠨ ᠠᠵᠤ ᠠᠬᠤᠶ᠋ᠢᠯᠠᠯ ᠬᠢᠭᠡᠳ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠬᠠᠮᠲᠤᠷᠠᠯᠴᠠᠭ᠎ᠠ ᠥᠷᠨᠢᠭᠦᠯᠬᠦ ᠵᠢ ᠵᠣᠷᠢᠭᠵᠢᠭᠤᠯᠤᠨ ᠳᠡᠮᠵᠢᠵᠦ᠂ ᠰᠢᠨ᠎ᠡ᠎ᠪᠠᠷ ᠡᠯᠰᠡᠵᠦ ᠬᠡᠷᠡᠭᠯᠡᠭᠰᠡᠨ ᠠᠵᠢᠯᠲᠠᠨ ᠠᠵᠢᠯᠴᠢᠨ᠂ ᠠᠵᠢᠯ᠎ᠤᠨ ᠪᠠᠶ᠋ᠢᠷᠢ᠎ᠳᠤ ᠪᠠᠶ᠋ᠢᠭ᠎ᠠ ᠠᠵᠢᠯᠲᠠᠨ ᠠᠵᠢᠯᠴᠢᠨ ᠪᠠ ᠠᠵᠢᠯ᠎ᠤᠨ ᠪᠠᠶ᠋ᠢᠷᠢ ᠰᠢᠯᠵᠢᠭᠰᠡᠨ ᠠᠵᠢᠯᠲᠠᠨ ᠠᠵᠢᠯᠴᠢᠨ᠎ᠢ ᠪᠣᠯᠪᠠᠰᠤᠷᠠᠭᠤᠯᠬᠤ ᠪᠤᠶᠤ ᠠᠵᠢᠯ ᠮᠡᠷᠭᠡᠵᠢᠯ᠎ᠤᠨ ᠰᠤᠷᠭ᠋ᠠᠭᠤᠯᠢ᠎ᠲᠠᠢ ᠬᠠᠮᠲᠤᠷᠠᠨ ᠰᠤᠷᠤᠭᠴᠢ ᠡᠯᠰᠡᠵᠦ᠂ ᠠᠵᠢᠯᠯᠠᠵᠤ ᠰᠤᠷᠤᠯᠴᠠᠬᠤ ᠵᠢ ᠤᠶᠠᠯᠳᠤᠭᠤᠯᠬᠤ ᠬᠡᠯᠪᠡᠷᠢ᠎ᠪᠠᠷ ᠱᠠᠪᠢ ᠠᠵᠢᠯᠴᠢᠨ᠎ᠢ ᠬᠥᠮᠦᠵᠢᠭᠦᠯᠦᠨ᠎ᠡ᠃ ᠬᠤᠯᠪᠤᠭᠳᠠᠬᠤ ᠠᠵᠤ ᠠᠬᠤᠶ᠋ᠢᠯᠠᠯ ᠲᠣᠭᠲᠠᠭ᠋ᠠᠯ ᠶᠣᠰᠤ᠎ᠪᠠᠷ ᠨᠥᠬᠦᠪᠥᠷᠢ ᠮᠥᠩᠭᠦ ᠣᠯᠵᠤ ᠪᠣᠯᠤᠨ᠎ᠠ᠃
    ᠠᠵᠤ ᠠᠬᠤᠶ᠋ᠢᠯᠠᠯ ᠪᠣᠯᠤᠨ ᠠᠵᠢᠯ ᠮᠡᠷᠭᠡᠵᠢᠯ᠎ᠤᠨ ᠰᠤᠷᠭ᠋ᠠᠭᠤᠯᠢ ᠬᠤᠯᠪᠣᠭ᠋ᠠᠯᠠᠨ ᠰᠤᠷᠤᠭᠴᠢ ᠡᠯᠰᠡᠵᠦ᠂ ᠠᠵᠢᠯᠯᠠᠵᠤ ᠰᠤᠷᠤᠯᠴᠠᠬᠤ ᠵᠢ ᠤᠶᠠᠯᠳᠤᠭᠤᠯᠬᠤ á  á ·á ­á Žá   ᠮᠠᠶᠢᠭ ᠵᠶ᠋ᠠᠷ ᠱᠠᠪᠢ ᠬᠥᠮᠦᠵᠢᠭᠦᠯᠬᠦ᠎ᠳᠤ ᠱᠠᠪᠢ ᠬᠥᠮᠦᠵᠢᠭᠦᠯᠬᠦ ᠬᠡᠯᠡᠯᠴᠡᠭᠡᠷ ᠲᠣᠭᠲᠠᠭ᠋ᠠᠬᠤ ᠬᠡᠷᠡᠭᠲᠡᠢ᠃
    ᠭᠤᠴᠢᠨ ᠨᠢᠭᠡᠳᠦᠭᠡᠷ ᠵᠦᠢ᠍ᠯ ᠤᠯᠤᠰ᠎ᠠᠴᠠ ᠠᠵᠢᠯ ᠲᠦᠷᠦᠯ᠎ᠤᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ ᠵᠡᠷᠭᠡ ᠵᠢᠨ᠎ᠬᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠵᠢᠭ᠋ᠠᠬᠤ ᠮᠠᠲ᠋ᠧᠷᠢᠶᠠᠯ᠎ᠢ ᠨᠡᠭᠡᠭᠡᠨ ᠬᠥᠭᠵᠢᠭᠦᠯᠬᠦ᠎ᠳᠤ ᠣᠷᠣᠯᠴᠠᠬᠤ ᠵᠢ ᠵᠣᠷᠢᠭᠵᠢᠭᠤᠯᠵᠤ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠣᠨᠣᠯᠵᠢᠬᠤᠨ᠎ᠢ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ ᠵᠢᠨ ᠬᠠᠮᠲᠤ ᠵᠠᠳᠠᠭ᠋ᠠᠢ ᠬᠠᠭᠤᠳᠠᠰᠤᠲᠤ ᠵᠢᠭ᠋ᠠᠬᠤ ᠮᠠᠲ᠋ᠧᠷᠢᠶᠠᠯ ᠵᠡᠷᠭᠡ ᠤᠯᠠᠨ ᠵᠦᠢ᠍ᠯ᠎ᠤᠨ á  á ·á ­á Žá   ᠮᠠᠶᠢᠭ ᠵᠶ᠋ᠠᠷ ᠬᠥᠳᠡᠯᠦᠩᠭᠦᠢ᠎ᠪᠠᠷ ᠰᠢᠨᠡᠳᠬᠡᠵᠦ ᠪᠣᠯᠤᠨ᠎ᠠ; ᠮᠡᠳᠡᠭᠡ ᠵᠠᠩᠭᠢ ᠵᠢᠨ ᠮᠡᠷᠭᠡᠵᠢᠯ ᠪᠣᠯᠤᠨ ᠪᠤᠰᠤᠳ ᠣᠳᠣᠬᠢᠴᠢᠯᠠᠭᠰᠠᠨ ᠵᠢᠭ᠋ᠠᠬᠤ á  á ·á ­á Žá   ᠮᠠᠶᠢᠭ᠎ᠢ ᠬᠡᠷᠡᠭᠯᠡᠬᠦ ᠵᠢ ᠳᠡᠮᠵᠢᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠦᠯᠵᠢᠶᠡᠨ᠎ᠳᠠᠬᠢ ᠬᠢᠴᠢᠶᠡᠯ ᠵᠡᠷᠭᠡ ᠰᠤᠷᠤᠯᠴᠠᠬᠤ ᠡᠬᠢ ᠪᠠᠶᠠᠯᠢᠭ᠎ᠢ ᠨᠡᠭᠡᠭᠡᠵᠦ᠂ ᠵᠢᠭ᠋ᠠᠬᠤ á  á ·á ­á Žá   ᠮᠠᠶᠢᠭ ᠪᠣᠯᠤᠨ ᠰᠤᠷᠭ᠋ᠠᠭᠤᠯᠢ ᠵᠢᠨ ᠬᠠᠮᠢᠶᠠᠷᠤᠯᠲᠠ ᠵᠢᠨ á  á ·á ­á Žá   ᠮᠠᠶᠢᠭ᠎ᠤᠨ ᠰᠢᠨ᠎ᠡ ᠵᠢ ᠡᠭᠦᠳᠴᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠮᠡᠳᠡᠭᠡ ᠵᠠᠩᠭᠢᠴᠢᠯᠠᠯᠲᠠ ᠵᠢᠨ ᠪᠠᠶ᠋ᠢᠭᠤᠯᠤᠯᠲᠠ ᠪᠠ ᠠᠭᠤᠰᠬᠠᠨ ᠬᠡᠷᠡᠭᠯᠡᠬᠦ ᠵᠢ ᠠᠬᠢᠭᠤᠯᠤᠨ᠎ᠠ᠃
    ᠭᠤᠴᠢᠨ ᠬᠤᠶᠠᠳᠤᠭ᠋ᠠᠷ ᠵᠦᠢ᠍ᠯ ᠤᠯᠤᠰ᠎ᠠᠴᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠵᠡᠷᠭᠡ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠬᠦ᠎ᠪᠠᠷ ᠳᠠᠮᠵᠢᠭᠤᠯᠤᠨ᠂ ᠮᠡᠷᠭᠡᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠳᠤ ᠤᠷ᠎ᠠ ᠴᠢᠳᠠᠪᠤᠷᠢ᠎ᠪᠠᠨ ᠳᠡᠯᠭᠡᠨ ᠦᠵᠡᠭᠦᠯᠬᠦ᠂ ᠤᠷ᠎ᠠ ᠮᠡᠷᠭᠡᠰᠢᠯ ᠵᠶ᠋ᠠᠨ ᠰᠣᠯᠢᠯᠴᠠᠬᠤ ᠲᠠᠪᠴᠠᠩ᠎ᠢ ᠬᠠᠩᠭ᠋ᠠᠵᠤ᠂ ᠥᠨᠳᠥᠷ ᠬᠡᠪ ᠴᠢᠨᠠᠷ ᠪᠦᠬᠦᠢ ᠮᠡᠷᠭᠡᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠂ ᠤᠷᠠᠨ ᠳᠠᠷᠬᠠᠨ ᠪᠠ ᠤᠯᠤᠰ᠎ᠤᠨ ᠲᠤᠮᠤ ᠤᠷᠠᠨ ᠳᠠᠷᠬᠠᠨ᠎ᠢ ᠦᠷᠭᠦᠯᠵᠢᠯᠡᠨ ᠬᠥᠮᠦᠵᠢᠭᠦᠯᠦᠨ᠎ᠡ᠃

          ᠳᠥᠷᠪᠡᠳᠦᠭᠡᠷ ᠪᠦᠯᠦᠭ   ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠠᠵᠢᠯ ᠮᠡᠷᠭᠡᠵᠢᠯ

                             á Žá ¤á ¨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ

    ᠭᠤᠴᠢᠨ ᠭᠤᠷᠪᠠᠳᠤᠭ᠋ᠠᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ ᠪᠠᠶ᠋ᠢᠭᠤᠯᠬᠤ᠎ᠳᠤ ᠳᠣᠣᠷ᠎ᠠ ᠵᠢᠭᠰᠠᠭ᠋ᠠᠭᠰᠠᠨ ᠦᠨᠳᠦᠰᠦᠨ ᠨᠥᠬᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠄
    (ᠨᠢᠭᠡ) ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠪᠠ ᠳᠦᠷᠢᠮ᠎ᠲᠠᠢ ᠪᠠᠶ᠋ᠢᠬᠤ;
    (ᠬᠤᠶᠠᠷ) ᠬᠢᠷᠢ ᠲᠡᠩᠴᠡᠭᠰᠡᠨ ᠪᠠᠭᠰᠢ ᠪᠠ ᠬᠠᠮᠢᠶᠠᠷᠤᠯᠲᠠ ᠵᠢᠨ ᠠᠵᠢᠯᠳᠡᠠ᠎ᠲᠠᠢ ᠪᠠᠶ᠋ᠢᠬᠤ;
    (ᠭᠤᠷᠪᠠ) ᠬᠡᠷᠡᠭᠵᠢᠭᠦᠯᠵᠦ ᠪᠠᠶ᠋ᠢᠭ᠎ᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠯᠦᠭᠡ ᠲᠣᠬᠢᠷᠠᠯᠴᠠᠭᠰᠠᠨ᠂ ᠳᠣᠭᠲᠠᠭᠰᠠᠨ ᠪᠠᠷᠢᠮᠵᠢᠶ᠎ᠠ ᠪᠣᠯᠤᠨ ᠠᠶᠤᠯ ᠦᠭᠡᠶ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠵᠢᠭ᠋ᠠᠨ ᠰᠤᠷᠭ᠋ᠠᠯᠲᠠ ᠵᠢᠴᠢ ᠳᠠᠳᠤᠯᠭ᠎ᠠ ᠪᠣᠯᠪᠠᠰᠤᠷᠠᠭᠤᠯᠤᠯ᠎ᠤᠨ ᠪᠠᠶ᠋ᠢᠷᠢ ᠲᠠᠯᠠᠪᠤᠷ᠂ ᠪᠡᠯᠡᠳᠬᠡᠮᠵᠢ᠂ ᠲᠥᠬᠦᠭᠡᠷᠦᠮᠵᠢ ᠵᠢᠴᠢ ᠬᠢᠴᠢᠶᠡᠯ᠎ᠤᠨ ᠳᠣᠭᠲᠠᠯᠴᠠᠭ᠎ᠠ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ ᠵᠡᠷᠭᠡ᠎ᠲᠠᠢ ᠪᠠᠶ᠋ᠢᠬᠤ;
    (ᠳᠥᠷᠪᠡ) ᠰᠤᠷᠭ᠋ᠠᠭᠤᠯᠢ ᠡᠷᠬᠢᠯᠡᠬᠦ ᠴᠢᠬᠤᠯᠠ ᠪᠦᠬᠦᠢ ᠪᠡᠯᠡ ᠮᠥᠩᠭᠦ ᠪᠣᠯᠤᠨ ᠰᠤᠷᠭ᠋ᠠᠭᠤᠯᠢ ᠡᠷᠬᠢᠯᠡᠬᠦ ᠬᠡᠪᠴᠢᠶ᠎ᠡ᠎ᠯᠦᠭᠡ ᠲᠣᠬᠢᠷᠠᠯᠴᠠᠭᠰᠠᠨ ᠲᠣᠭᠲᠠᠪᠤᠷᠢᠲᠠᠶ ᠵᠠᠷᠤᠳᠠᠯ᠎ᠤᠨ ᠢᠷᠡᠯᠲᠡᠢ ᠪᠠᠶ᠋ᠢᠬᠤ᠃
    ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠᠶ᠋ᠢᠭᠤᠯᠬᠤ᠎ᠳᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠬᠤᠯᠪᠤᠭᠳᠠᠬᠤ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠶᠣᠰᠤ᠎ᠪᠠᠷ ᠬᠢᠨᠠᠨ ᠵᠥᠪᠰᠢᠶᠡᠷᠡᠨ᠎ᠡ; ᠲᠤᠰᠬᠠᠢ ᠮᠡᠷᠭᠡᠵᠢᠯ᠎ᠤᠨ ᠲᠡᠰ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠬᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠᠶ᠋ᠢᠭᠤᠯᠬᠤ᠎ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠢᠨᠠᠨ ᠵᠥᠪᠰᠢᠶᠡᠷᠡᠵᠦ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ; ᠦᠨᠳᠦᠰᠦᠨ ᠠᠩᠬᠢ ᠵᠢᠴᠢ ᠲᠡᠭᠦᠨ᠎ᠠᠴᠠ ᠳᠡᠭᠡᠭᠰᠢᠬᠢ ᠲᠡᠰ ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠬᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠪᠠᠶ᠋ᠢᠭᠤᠯᠬᠤ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠢᠨᠠᠨ ᠵᠥᠪᠰᠢᠶᠡᠷᠡᠨ᠎ᠡ᠃
    ᠲᠤᠰᠬᠠᠢ ᠮᠡᠷᠭᠡᠵᠢᠯ᠎ᠤᠨ ᠲᠡᠰ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠤᠬᠢᠷᠠᠭᠤᠯᠤᠭᠰᠠᠨ ᠳᠡᠭᠡᠳᠦ ᠲᠡᠰ᠎ᠤᠨ ᠮᠡᠷᠭᠡᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠬᠡᠰᠡᠭ ᠲᠤᠰᠬᠠᠢ ᠮᠡᠷᠭᠡᠵᠢᠯ᠎ᠨᠢ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢ ᠭᠦᠨᠵᠡᠭᠡᠢ ᠠᠭᠤᠰᠬᠠᠵᠤ᠂ ᠰᠤᠷᠭ᠋ᠠᠭᠤᠯᠢ ᠡᠷᠬᠢᠯᠡᠬᠦ ᠣᠨᠴᠠᠯᠢᠭ ᠢᠯᠡ ᠲᠣᠳᠣ᠂ ᠬᠥᠮᠦᠵᠢᠭᠦᠯᠬᠦ ᠴᠢᠨᠠᠷ ᠴᠢᠨᠰᠠᠭ᠎ᠠ ᠨᠡᠯᠢᠶᠡᠳ ᠥᠨᠳᠥᠷ ᠵᠡᠷᠭᠡ ᠨᠥᠬᠦᠴᠡᠯ᠎ᠳᠤ ᠨᠡᠶ᠋ᠢᠴᠡᠭᠰᠡᠨ ᠪᠣᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠬᠢᠨᠠᠨ ᠵᠥᠪᠰᠢᠶᠡᠷᠡᠭᠦᠯᠦᠭᠡᠳ᠂ ᠦᠨᠳᠦᠰᠦᠨ á  á ©á ­á ¢ ᠵᠢᠨ ᠲᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠵᠦ ᠪᠣᠯᠤᠨ᠎ᠠ᠃
    ᠭᠤᠴᠢᠨ ᠳᠥᠷᠪᠡᠳᠦᠭᠡᠷ ᠵᠦᠢ᠍ᠯ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠪᠠᠶ᠋ᠢᠭᠤᠯᠬᠤ᠎ᠳᠤ ᠳᠣᠣᠷ᠎ᠠ ᠵᠢᠭᠰᠠᠭ᠋ᠠᠭᠰᠠᠨ ᠦᠨᠳᠦᠰᠦᠨ ᠨᠥᠬᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠄
    (ᠨᠢᠭᠡ) ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠪᠠ ᠬᠠᠮᠢᠶᠠᠷᠤᠯᠲᠠ ᠵᠢᠨ ᠲᠦᠷᠢᠮ᠎ᠲᠠᠢ ᠪᠠᠶ᠋ᠢᠬᠤ;
    (ᠬᠤᠶᠠᠷ) ᠪᠣᠯᠪᠠᠰᠤᠷᠠᠭᠤᠯᠤᠯ᠎ᠤᠨ ᠡᠭᠦᠷᠭᠡ᠎ᠯᠦᠭᠡ ᠲᠣᠬᠢᠷᠠᠯᠴᠠᠭᠰᠠᠨ ᠬᠢᠴᠢᠶᠡᠯ᠎ᠤᠨ ᠳᠣᠭᠲᠠᠯᠴᠠᠭ᠎ᠠ᠂ ᠪᠠᠭᠰᠢ ᠪᠤᠶᠤ ᠪᠤᠰᠤᠳ ᠬᠢᠴᠢᠶᠡᠯᠯᠡᠭᠴᠢ᠂ ᠬᠠᠮᠢᠶᠠᠷᠤᠯᠲᠠ ᠵᠢᠨ ᠠᠵᠢᠯᠲᠠᠨ᠎ᠲᠠᠢ ᠪᠠᠶ᠋ᠢᠬᠤ;
    (ᠭᠤᠷᠪᠠ) ᠪᠣᠯᠪᠠᠰᠤᠷᠠᠭᠤᠯᠤᠯ᠎ᠤᠨ ᠡᠭᠦᠷᠭᠡ᠎ᠯᠦᠭᠡ ᠲᠣᠬᠢᠷᠠᠭᠰᠠᠨ᠂ ᠠᠶᠤᠯ ᠦᠭᠡᠶ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠷᠢ ᠲᠠᠯᠠᠪᠤᠷ᠂ ᠪᠡᠯᠡᠳᠬᠡᠮᠵᠢ᠂ ᠲᠥᠬᠦᠭᠡᠷᠦᠮᠵᠢ᠎ᠲᠠᠢ ᠪᠠᠶ᠋ᠢᠬᠤ;
    (ᠳᠥᠷᠪᠡ) ᠵᠣᠬᠢᠴᠠᠩᠭᠤᠶ ᠵᠠᠷᠤᠳᠠᠯ᠎ᠲᠠᠢ ᠪᠠᠶ᠋ᠢᠬᠤ᠃
    ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠪᠠᠶ᠋ᠢᠭᠤᠯᠬᠤ᠂ ᠬᠤᠪᠢᠷᠠᠭᠤᠯᠬᠤ ᠪᠠ ᠵᠣᠭᠰᠣᠭ᠋ᠠᠬᠤ᠎ᠳᠤ ᠤᠯᠤᠰ᠎ᠤᠨ ᠬᠤᠯᠪᠤᠭᠳᠠᠬᠤ ᠲᠣᠭᠲᠠᠭ᠋ᠠᠯ ᠶᠣᠰᠤ᠎ᠪᠠᠷ ᠬᠡᠷᠡᠭᠵᠢᠭᠦᠯᠦᠨ᠎ᠡ᠃
    ᠭᠤᠴᠢᠨ ᠲᠠᠪᠤᠳᠤᠭ᠋ᠠᠷ ᠵᠦᠢ᠍ᠯ ᠠᠯᠪᠠᠨ᠎ᠠᠴᠠ ᠡᠷᠬᠢᠯᠡᠭᠰᠡᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠭᠰᠠᠨ ᠰᠤᠷᠭ᠋ᠠᠭᠤᠯᠢ ᠵᠢᠨ ᠵᠠᠬᠢᠷᠤᠯ ᠬᠠᠷᠢᠭᠤᠴᠠᠬᠤ ᠳᠦᠷᠢᠮ᠎ᠢ ᠬᠡᠷᠡᠭᠵᠢᠭᠦᠯᠵᠦ᠂ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ᠎ᠨᠢ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠳᠦᠷᠢᠮ ᠪᠣᠯᠤᠨ ᠬᠤᠯᠪᠤᠭᠳᠠᠬᠤ ᠲᠣᠭᠲᠠᠭ᠋ᠠᠯ ᠶᠣᠰᠤ᠎ᠪᠠᠷ ᠰᠤᠷᠭ᠋ᠠᠭᠤᠯᠢ ᠵᠢᠨ ᠠᠵᠢᠯ᠎ᠢ ᠪᠦᠬᠦ ᠲᠠᠯ᠎ᠠ᠎ᠪᠠᠷ ᠤᠳᠤᠷᠢᠳᠴᠤ᠂ ᠰᠤᠷᠭ᠋ᠠᠭᠤᠯᠢ ᠵᠢᠨ ᠵᠠᠬᠢᠷᠤᠯ᠎ᠤᠨ ᠡᠷᠬᠡ ᠲᠤᠰᠢᠶᠠᠯ ᠵᠶ᠋ᠠᠨ ᠪᠡᠶ᠎ᠡ᠎ᠪᠠᠨ ᠳᠠᠭ᠋ᠠᠭ᠋ᠠᠵᠤ ᠬᠠᠷᠢᠭᠤᠴᠠᠨ ᠬᠡᠷᠡᠭᠵᠢᠭᠦᠯᠬᠦ ᠵᠢ ᠳᠡᠮᠵᠢᠨ᠎ᠡ᠃ ᠠᠷᠠᠳ᠎ᠠᠴᠠ ᠡᠷᠭᠢᠯᠡᠭᠰᠡᠨ ᠠᠵᠢᠯ ᠮᠡᠷᠭᠡᠵᠢᠯ᠎ᠤᠨ ᠰᠤᠷᠭ᠋ᠠᠭᠤᠯᠢ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠣᠭᠲᠠᠴᠠ᠎ᠪᠠᠨ ᠬᠠᠤᠯᠢ ᠶᠣᠰᠤ᠎ᠪᠠᠷ ᠲᠡᠭᠦᠯᠳᠡᠷᠵᠢᠭᠦᠯᠵᠦ᠂ ᠰᠤᠷᠭ᠋ᠠᠭᠤᠯᠢ ᠵᠢᠨ ᠵᠶ᠋ᠠᠨ ᠳᠤᠮᠳᠠᠳᠤ ᠤᠯᠤᠰ᠎ᠤᠨ á ¡á ª ᠬᠠᠮᠲᠤ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠤᠯᠤᠰ ᠲᠥᠷᠥ ᠵᠢᠨ ᠴᠢᠳᠠᠮᠵᠢ ᠵᠢ ᠴᠢᠩᠭ᠋ᠠᠷᠠᠭᠤᠯᠵᠤ᠂ ᠰᠤᠷᠭ᠋ᠠᠭᠤᠯᠢ ᠵᠢᠨ ᠴᠢᠬᠤᠯᠠ á ¶á ¡á ­á ¡ ᠬᠡᠷᠡᠭ ᠶᠠᠪᠤᠳᠠᠯ᠎ᠳᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠬᠢᠨᠠᠯᠲᠠ ᠲᠠᠯᠪᠢᠬᠤ᠂ ᠬᠡᠷᠡᠭᠵᠢᠭᠦᠯᠬᠦ ᠡᠯ᠎ᠡ ᠭᠤᠭᠴᠤᠭ᠎ᠠ᠎ᠳᠠᠬᠢ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠬᠤ ᠵᠢ ᠪᠠᠲᠤᠯᠠᠨ᠎ᠠ᠃
    ᠰᠤᠷᠭ᠋ᠠᠭᠤᠯᠢ ᠵᠢᠨ ᠵᠠᠬᠢᠷᠤᠯ ᠲᠤᠰ ᠰᠤᠷᠭ᠋ᠠᠭᠤᠯᠢ ᠵᠢᠨ ᠵᠶ᠋ᠠᠨ ᠵᠢᠭ᠋ᠠᠨ ᠰᠤᠷᠭ᠋ᠠᠯᠲᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠪᠤᠰᠤᠳ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠠᠵᠢᠯ᠎ᠢ ᠪᠦᠬᠦ ᠲᠠᠯ᠎ᠠ᠎ᠪᠠᠷ ᠬᠠᠷᠢᠭᠤᠴᠠᠨ᠎ᠠ᠃ ᠰᠤᠷᠭ᠋ᠠᠭᠤᠯᠢ ᠵᠢᠨ ᠵᠠᠬᠢᠷᠤᠯ᠎ᠨᠢ ᠰᠤᠷᠭ᠋ᠠᠭᠤᠯᠢ ᠵᠢᠨ ᠵᠠᠬᠢᠷᠤᠯ᠎ᠤᠨ ᠠᠯᠪᠠᠨ᠎ᠤ ᠬᠤᠷᠠᠯ ᠪᠤᠶᠤ ᠰᠤᠷᠭ᠋ᠠᠭᠤᠯᠢ ᠵᠢᠨ ᠶᠠᠪᠤᠳᠠᠯ᠎ᠤᠨ ᠬᠤᠷᠠᠯ ᠵᠶ᠋ᠠᠷ ᠳᠠᠮᠵᠢᠨ ᠡᠷᠬᠡ ᠲᠤᠰᠢᠶᠠᠯ ᠵᠶ᠋ᠠᠨ ᠬᠡᠷᠡᠭᠵᠢᠭᠦᠯᠵᠦ᠂ ᠬᠠᠤᠯᠢ ᠶᠣᠰᠤ᠎ᠪᠠᠷ ᠬᠢᠨᠠᠯᠲᠠ ᠲᠠᠯᠪᠢᠬᠤ ᠵᠢ ᠬᠦᠯᠢᠶᠡᠨ᠎ᠡ᠃
    ᠠᠵᠢᠯ ᠮᠡᠷᠭᠡᠵᠢᠯ᠎ᠤᠨ ᠰᠤᠷᠭ᠋ᠠᠭᠤᠯᠢ ᠵᠦᠪᠯᠡᠯᠭᠡ ᠥᠭᠬᠦ᠂ ᠵᠥᠪᠳᠡᠯᠴᠡᠬᠦ ᠵᠡᠷᠭᠡ ᠣᠯᠠᠨ ᠵᠦᠢ᠍ᠯ᠎ᠤᠨ ᠬᠡᠯᠪᠡᠷᠢ ᠮᠠᠶᠢᠭ ᠵᠶ᠋ᠠᠷ ᠳᠠᠮᠵᠢᠭᠤᠯᠤᠨ᠂ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ᠂ ᠰᠤᠷᠭ᠋ᠠᠭᠤᠯᠢ ᠲᠡᠭᠦᠰᠦᠭᠰᠡᠳ ᠵᠡᠷᠭᠡ ᠲᠠᠯ᠎ᠠ ᠵᠢᠨ᠎ᠬᠢᠨ᠎ᠤ ᠲᠥᠯᠥᠭᠡᠯᠡᠭᠴᠢ ᠵᠢᠨ ᠰᠠᠨᠠᠯ᠎ᠢ ᠰᠣᠨᠣᠰᠴᠤ᠂ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ᠂ ᠰᠤᠷᠭ᠋ᠠᠭᠤᠯᠢ ᠵᠢᠨ ᠬᠥᠭᠵᠢᠯᠲᠡ ᠵᠢ ᠳᠡᠮᠵᠢᠬᠦ ᠦᠢ᠍ᠯᠡᠳᠦᠯ᠎ᠢ ᠪᠠᠳᠠᠷᠠᠭᠤᠯᠵᠤ ᠪᠣᠯᠤᠨ᠎ᠠ᠃
    ᠭᠤᠴᠢᠨ ᠵᠢᠷᠭᠤᠳᠤᠭ᠋ᠠᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ ᠬᠠᠤᠯᠢ ᠶᠣᠰᠤ᠎ᠪᠠᠷ ᠰᠤᠷᠭ᠋ᠠᠭᠤᠯᠢ ᠡᠷᠬᠢᠯᠡᠵᠦ᠂ ᠳᠦᠷᠢᠮ ᠵᠶ᠋ᠠᠨ ᠦᠨᠳᠦᠰᠦᠯᠡᠨ ᠡᠵᠡᠨ ᠮᠡᠳᠡᠨ ᠬᠠᠮᠢᠶᠠᠷᠬᠤ ᠬᠡᠷᠡᠭᠲᠡᠶ᠃
    ᠠᠵᠢᠯ ᠮᠡᠷᠭᠡᠵᠢᠯ᠎ᠤᠨ ᠰᠤᠷᠭ᠋ᠠᠭᠤᠯᠢ ᠰᠤᠷᠭ᠋ᠠᠭᠤᠯᠢ ᠡᠷᠬᠢᠯᠡᠬᠦ᠎ᠳᠤ᠎ᠪᠠᠨ ᠳᠣᠣᠷ᠎ᠠ ᠵᠢᠭᠰᠠᠭ᠋ᠠᠭᠰᠠᠨ ᠠᠵᠢᠯᠯᠠᠭ᠎ᠠ᠎ᠢ ᠥᠷᠨᠢᠭᠦᠯᠵᠦ ᠪᠣᠯᠤᠨ᠎ᠠ  á ƒ
    (ᠨᠢᠭᠡ) ᠠᠵᠤ ᠦᠢ᠍ᠯᠡᠰ᠎ᠤᠨ ᠬᠡᠷᠡᠭᠴᠡᠭᠡ ᠵᠢ ᠦᠨᠳᠦᠰᠦᠯᠡᠨ᠂ ᠲᠤᠰᠬᠠᠶ ᠮᠡᠷᠭᠡᠵᠢᠯ᠎ᠢ ᠬᠠᠤᠯᠢ ᠶᠣᠰᠤ᠎ᠪᠠᠷ ᠡᠵᠡᠨ ᠮᠡᠳᠡᠨ ᠪᠠᠶ᠋ᠢᠷᠢᠯᠠᠭᠤᠯᠤᠨ᠎ᠠ;
    (ᠬᠤᠶᠠᠷ) ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠷᠢᠮᠵᠢᠶ᠎ᠠ᠎ᠳᠤ ᠰᠠᠭᠤᠷᠢᠯᠠᠨ ᠴᠢᠳᠠᠪᠤᠷᠢᠲᠠᠨ᠎ᠢ ᠬᠥᠮᠦᠵᠢᠭᠦᠯᠬᠦ ᠲᠥᠰᠦᠯ᠎ᠢ ᠲᠣᠭᠲᠠᠭ᠋ᠠᠵᠤ᠂ ᠲᠤᠰᠬᠠᠶ ᠮᠡᠷᠭᠡᠵᠢᠯ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠢ ᠬᠠᠤᠯᠢ ᠶᠣᠰᠣ᠎ᠪᠠᠷ ᠡᠵᠡᠨ ᠮᠡᠳᠡᠨ ᠰᠣᠩᠭᠤᠨ ᠬᠡᠷᠡᠭᠯᠡᠬᠦ ᠪᠤᠶᠤ ᠨᠠᠶ᠋ᠢᠷᠠᠭᠤᠯᠤᠨ ᠪᠢᠴᠢᠨ᠎ᠡ;
    (ᠭᠤᠷᠪᠠ) ᠮᠡᠷᠭᠡᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠴᠡᠭᠡ ᠵᠢ ᠦᠨᠳᠦᠰᠦᠯᠡᠨ᠂ ᠰᠤᠷᠤᠯᠴᠠᠬᠤ ᠲᠦᠷᠢᠮ᠎ᠢ ᠡᠵᠡᠨ ᠮᠡᠳᠡᠨ ᠳᠣᠭᠲᠠᠭ᠋ᠠᠵᠤ᠂ ᠵᠢᠭ᠋ᠠᠨ ᠰᠤᠷᠭ᠋ᠠᠬᠤ ᠶᠠᠪᠤᠴᠠ ᠵᠢ ᠲᠤᠬᠢᠷᠠᠭᠤᠯᠤᠨ᠎ᠠ;
    (ᠲᠦᠷᠪᠡ) ᠰᠤᠷᠤᠯᠭ᠎ᠠ ᠵᠢᠨ ᠦᠨᠳᠦᠰᠦᠨ ᠲᠦᠷᠢᠮ᠎ᠤᠨ ᠰᠠᠭᠤᠷᠢᠨ ᠳᠡᠭᠡᠷ᠎ᠡ ᠰᠤᠷᠭ᠋ᠠᠭᠤᠯᠢ᠎ᠳᠤ ᠰᠤᠷᠦᠯᠴᠡᠬᠤ ᠬᠤᠭᠤᠴᠠᠭ᠎ᠠ ᠵᠢ ᠵᠣᠬᠢᠰᠲᠠᠢ ᠲᠤᠬᠢᠷᠡᠭᠤᠯᠵᠦ᠂ ᠤᠶᠠᠨ ᠬᠠᠳᠡᠠ ᠰᠤᠷᠦᠯᠴᠡᠬᠤ ᠲᠦᠷᠢᠮ᠎ᠢ ᠬᠡᠷᠡᠭᠵᠢᠭᠦᠯᠦᠨ᠎ᠡ;
    (ᠲᠠᠪᠤ) ᠲᠤᠰᠬᠠᠶ ᠮᠡᠷᠭᠡᠵᠢᠯ᠎ᠤᠨ ᠬᠢᠴᠢᠶᠡᠯ᠎ᠤᠨ ᠪᠠᠭᠰᠢ ᠵᠢ ᠬᠠᠤᠯᠢ ᠶᠣᠰᠤ᠎ᠪᠠᠷ ᠡᠵᠡᠨ ᠮᠡᠳᠡᠵᠦ ᠰᠣᠩᠭᠤᠨ ᠤᠷᠢᠨ᠎ᠠ᠃
    ᠭᠤᠴᠢᠨ ᠳᠣᠯᠣᠳᠤᠭ᠋ᠠᠷ ᠵᠦᠢ᠍ᠯ ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠨᠴᠠᠯᠢᠭ᠎ᠲᠤ ᠨᠡᠶ᠋ᠢᠴᠡᠭᠰᠡᠨ ᠰᠢᠯᠭ᠋ᠠᠯᠲᠠ᠎ᠪᠠᠷ ᠰᠤᠷᠤᠭᠴᠢ ᠡᠯᠰᠡᠬᠦ ᠳᠦᠷᠢᠮ᠎ᠢ ᠪᠠᠶ᠋ᠢᠭᠤᠯᠤᠨ᠎ᠠ᠃
    ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠤᠯᠤᠰ᠎ᠤᠨ ᠬᠤᠯᠪᠤᠭᠳᠠᠬᠤ ᠲᠣᠭᠲᠠᠭ᠋ᠠᠯ ᠶᠣᠰᠤ᠎ᠪᠠᠷ ᠬᠤᠯᠪᠤᠭᠳᠠᠬᠤ ᠲᠤᠰᠬᠠᠶ ᠮᠡᠷᠭᠡᠵᠢᠯ᠎ᠳᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠯᠦᠭᠡ ᠨᠡᠪᠲᠡᠷᠡᠭᠰᠡᠨ ᠰᠤᠷᠤᠭᠴᠢ ᠡᠯᠰᠡᠬᠦ ᠪᠠ ᠬᠥᠮᠦᠵᠢᠭᠦᠯᠬᠦ ᠵᠢ ᠬᠡᠷᠡᠭᠵᠢᠭᠦᠯᠵᠦ ᠪᠣᠯᠤᠨ᠎ᠠ᠃
    ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ᠎ᠬᠢᠨ ᠤᠯᠤᠰ᠎ᠤᠨ ᠬᠤᠯᠪᠤᠭᠳᠠᠬᠤ ᠲᠣᠭᠲᠠᠭ᠋ᠠᠯ ᠶᠣᠰᠤ᠎ᠪᠠᠷ ᠰᠣᠶᠣᠯ᠎ᠤᠨ ᠬᠡᠪ ᠴᠢᠨᠠᠷ ᠪᠣᠯᠤᠨ ᠡᠷᠬᠢᠯᠡᠭᠰᠡᠨ ᠠᠵᠢᠯ᠎ᠤᠨ ᠮᠡᠷᠭᠡᠵᠢᠯ ᠴᠢᠳᠠᠪᠤᠷᠢ ᠵᠢ ᠤᠶᠠᠯᠳᠤᠭᠤᠯᠤᠭᠰᠠᠨ ᠬᠢᠨᠠᠨ ᠰᠢᠯᠭ᠋ᠠᠬᠤ á  á ·á ­á Žá   ᠮᠠᠶᠢᠭ᠎ᠢ ᠠᠪᠴᠤ ᠰᠤᠷᠤᠭᠴᠢ ᠡᠯᠰᠡᠵᠦ ᠪᠣᠯᠤᠨ᠎ᠠ; ᠲᠤᠪᠤᠶ᠋ᠢᠮ᠎ᠠ ᠬᠤᠪᠢ ᠨᠡᠮᠡᠷᠢ ᠦᠵᠡᠭᠦᠯᠦᠭᠰᠡᠨ ᠮᠡᠷᠭᠡᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠢᠨᠠᠨ ᠰᠢᠯᠭ᠋ᠠᠭ᠋ᠠᠳ ᠬᠢᠷᠢ ᠲᠡᠩᠴᠡᠪᠡᠯ ᠳᠦᠷᠢᠮ᠎ᠠᠴᠠ ᠳᠠᠪᠠᠭᠤᠯᠤᠨ ᠡᠯᠰᠡᠵᠦ ᠪᠣᠯᠤᠨ᠎ᠠ᠃
    ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠯᠪᠤᠭᠳᠠᠬᠤ ᠰᠠᠯᠠᠭ᠎ᠠ ᠮᠥᠴᠢᠷ᠎ᠲᠠᠢ ᠬᠠᠮᠲᠤᠷᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠨᠢᠭᠡᠳᠦᠯᠲᠡᠶ ᠰᠤᠷᠤᠭᠴᠢ ᠡᠯᠰᠡᠬᠦ ᠲᠠᠪᠴᠠᠩ᠎ᠢ ᠪᠠᠶ᠋ᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠬᠦ ᠰᠤᠷᠭ᠋ᠠᠭᠤᠯᠢ ᠵᠢᠴᠢ ᠲᠤᠰᠬᠠᠶ ᠮᠡᠷᠭᠡᠵᠢᠯ᠎ᠤᠨ ᠪᠠᠶ᠋ᠢᠷᠢᠯᠠᠭᠤᠯᠤᠯᠲᠠ᠂ ᠰᠤᠷᠤᠭᠴᠢ ᠡᠯᠰᠡᠭᠰᠡᠨ ᠪᠠᠶ᠋ᠢᠳᠠᠯ ᠵᠡᠷᠭᠡ ᠮᠡᠳᠡᠭᠡ ᠵᠠᠩᠭᠢ ᠵᠢ ᠬᠤᠷᠢᠶᠠᠩᠭᠤᠶ᠋ᠢᠯᠠᠨ ᠨᠡᠶ᠋ᠢᠲᠡᠯᠡᠵᠦ᠂ ᠪᠠᠶ᠋ᠢᠴᠠᠭ᠋ᠠᠨ ᠯᠠᠪᠯᠠᠬᠤ᠂ ᠨᠡᠷ᠎ᠡ ᠮᠡᠳᠡᠭᠦᠯᠬᠦ ᠵᠡᠷᠭᠡ ᠦᠢ᠍ᠯᠡᠴᠢᠯᠡᠭᠡ ᠵᠢ ᠬᠠᠩᠭ᠋ᠠᠨ᠎ᠠ᠃
    ᠭᠤᠴᠢᠨ ᠨᠠᠢ᠍ᠮᠠᠳᠤᠭ᠋ᠠᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ᠎ᠬᠢᠨ ᠰᠤᠷᠭ᠋ᠠᠭᠤᠯᠢ ᠵᠢᠨ ᠰᠤᠷᠲᠠᠯ ᠰᠤᠷᠤᠯᠴᠠᠬᠤ ᠰᠤᠷᠲᠠᠯ᠂ ᠪᠠᠭᠰᠢ ᠵᠢᠨ ᠮᠣᠷᠠᠯ ᠰᠤᠷᠲᠠᠯ᠎ᠤᠨ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠰᠠᠶ᠋ᠢᠨ ᠰᠠᠶ᠋ᠢᠬᠠᠨ ᠰᠤᠷᠤᠯᠴᠠᠬᠤ ᠣᠷᠴᠢᠨ ᠲᠣᠭᠤᠷᠢᠨ᠎ᠢ ᠪᠣᠶ ᠪᠣᠯᠭ᠋ᠠᠵᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠪᠠᠲᠤᠯᠠᠬᠤ ᠬᠡᠷᠡᠭᠲᠡᠶ᠃
    ᠭᠤᠴᠢ ᠶᠢᠰᠦᠳᠦᠭᠡᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ᠎ᠬᠢᠨ ᠠᠵᠢᠯ ᠣᠯᠵᠤ ᠦᠢ᠍ᠯᠡᠰ ᠪᠣᠰᠬᠠᠬᠤ ᠵᠢ ᠠᠬᠢᠭᠤᠯᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠣᠯᠠᠨ ᠵᠦᠢ᠍ᠯ᠎ᠤᠨ ᠬᠡᠯᠪᠡᠷᠢ᠎ᠪᠠᠷ ᠰᠤᠷᠤᠭᠴᠢᠳ᠎ᠲᠤ ᠠᠵᠢᠯ ᠮᠡᠷᠭᠡᠵᠢᠯ᠎ᠢ ᠲᠥᠯᠦᠪᠵᠢᠭᠦᠯᠬᠦ᠂ ᠠᠵᠢᠯ ᠮᠡᠷᠭᠡᠵᠢᠯ᠎ᠢ ᠣᠶ᠋ᠢᠯᠠᠭ᠋ᠠᠭᠤᠯᠬᠤ᠂ ᠠᠵᠢᠯ ᠡᠷᠢᠬᠦ ᠵᠢ ᠵᠢᠯᠣᠭᠤᠳᠬᠤ ᠵᠡᠷᠭᠡ ᠠᠵᠢᠯ ᠣᠯᠵᠤ ᠦᠢ᠍ᠯᠡᠰ ᠪᠣᠰᠬᠠᠬᠤ ᠦᠢ᠍ᠯᠡᠴᠢᠯᠡᠭᠡ ᠵᠢ ᠬᠠᠩᠭ᠋ᠠᠵᠤ᠂ ᠰᠤᠷᠤᠭᠴᠢᠳ᠎ᠤᠨ ᠠᠵᠢᠯ ᠣᠯᠵᠤ ᠦᠢ᠍ᠯᠡᠰ ᠪᠣᠰᠬᠠᠬᠤ ᠴᠢᠳᠠᠪᠤᠷᠢ ᠵᠢ ᠨᠡᠮᠡᠭᠳᠡᠭᠦᠯᠬᠦ ᠬᠡᠷᠡᠭᠲᠡᠶ᠃
    ᠳᠥᠴᠢᠳᠦᠭᠡᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠬᠦ᠎ᠳᠤ᠎ᠪᠠᠨ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠴᠢᠬᠤᠯᠠᠴᠢᠯᠠᠵᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠬᠡᠷᠡᠭᠵᠢᠭᠦᠯᠬᠦ ᠬᠡᠷᠡᠭᠲᠡᠢ᠃
    ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠨᠢ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ ᠵᠡᠷᠭᠡ᠎ᠯᠦᠭᠡ ᠬᠠᠮᠲᠤ᠎ᠪᠠᠷ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ ᠵᠢ ᠡᠷᠬᠢᠯᠡᠬᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠦᠯᠦᠭᠯᠡᠯ᠎ᠢ ᠵᠣᠬᠢᠶᠠᠨ ᠪᠠᠶ᠋ᠢᠭᠤᠯᠬᠤ᠂ ᠵᠠᠬᠢᠶᠠᠯᠠᠭ᠎ᠠ᠎ᠪᠠᠷ ᠬᠥᠮᠦᠵᠢᠭᠦᠯᠬᠦ ᠵᠡᠷᠭᠡ ᠣᠯᠠᠨ ᠵᠦᠢ᠍ᠯ᠎ᠤᠨ ᠬᠡᠯᠪᠡᠷᠢ ᠮᠠᠶᠢᠭ ᠵᠶ᠋ᠠᠷ ᠳᠠᠮᠵᠢᠭᠤᠯᠤᠨ ᠬᠤᠷᠰᠢᠶᠠᠯᠠᠵᠤ ᠪᠣᠯᠤᠨ᠎ᠠ᠃
    ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢ ᠡᠯᠰᠡᠵᠦ ᠠᠵᠢᠯ ᠣᠯᠭᠤᠬᠤ᠂ ᠴᠢᠳᠠᠪᠤᠷᠢᠲᠠᠨ᠎ᠢ ᠬᠥᠮᠦᠵᠢᠭᠦᠯᠬᠦ ᠲᠥᠰᠦᠯ ᠲᠣᠭᠲᠠᠭ᠋ᠠᠬᠤ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ᠂ ᠲᠤᠰᠬᠠᠶ ᠮᠡᠷᠭᠡᠵᠢᠯ᠎ᠤᠨ ᠲᠥᠯᠥᠪᠵᠢᠭᠦᠯᠭᠡ᠂ ᠬᠢᠴᠢᠶᠡᠯ᠎ᠤᠨ ᠲᠣᠬᠢᠷᠠᠭᠤᠯᠤᠯᠲᠠ᠂ ᠵᠢᠭ᠋ᠠᠬᠤ ᠮᠠᠲ᠋ᠧᠷᠢᠶᠠᠯ᠎ᠤᠨ ᠨᠡᠭᠡᠭᠡᠯᠲᠡ᠂ ᠵᠢᠭ᠋ᠠᠨ ᠰᠤᠷᠭ᠋ᠠᠯᠲᠠ ᠵᠢᠨ ᠵᠢᠷᠤᠭ ᠲᠥᠯᠥᠪᠯᠡᠭᠡ᠂ ᠵᠢᠭ᠋ᠠᠨ ᠰᠤᠷᠭ᠋ᠠᠯᠲᠠ ᠵᠢᠨ ᠬᠡᠷᠡᠭᠵᠢᠭᠦᠯᠦᠯᠲᠡ᠂ ᠴᠢᠨᠠᠷ ᠴᠢᠨᠰᠠᠭ᠎ᠠ ᠵᠢᠨ ᠦᠨᠡᠯᠡᠯᠲᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠮᠡᠷᠭᠡᠵᠢᠯ᠎ᠤᠨ ᠦᠢ᠍ᠯᠡᠴᠢᠯᠡᠭᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢᠴᠢ ᠮᠡᠷᠭᠡᠵᠢᠯ᠎ᠤᠨ ᠤᠷ᠎ᠠ ᠴᠢᠳᠠᠪᠤᠷᠢ ᠵᠢᠨ ᠰᠢᠨ᠎ᠡ ᠵᠢ ᠡᠭᠦᠳᠬᠦ ᠲᠠᠪᠴᠠᠩ᠂ ᠲᠤᠰᠬᠠᠶ᠋ᠢᠵᠢᠭᠰᠠᠨ ᠮᠡᠷᠭᠡᠵᠢᠯ᠎ᠢ ᠰᠢᠯᠵᠢᠭᠦᠯᠬᠦ ᠪᠠᠶ᠋ᠢᠭᠤᠯᠤᠮᠵᠢ᠂ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠬᠤᠯᠪᠤᠭᠳᠠᠬᠤ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ ᠵᠡᠷᠭᠡ᠎ᠯᠦᠭᠡ ᠬᠠᠮᠲᠤᠷᠠᠯᠴᠠᠭ᠋ᠠᠨ᠎ᠤ ᠲᠣᠭᠲᠠᠴᠠ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠬᠠᠮᠲᠤᠷᠠᠯᠴᠠᠭ᠎ᠠ ᠥᠷᠨᠢᠭᠦᠯᠬᠦ᠎ᠳᠤ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠵᠢᠨ ᠡᠷᠬᠡ ᠪᠠ ᠡᠭᠦᠷᠭᠡ ᠵᠢ ᠲᠣᠳᠣᠷᠬᠠᠶ᠋ᠢᠯᠠᠬᠤ ᠬᠡᠷᠡᠭᠲᠡᠢ᠃
    ᠳᠥᠴᠢᠨ ᠨᠢᠭᠡᠳᠦᠭᠡᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠥᠷᠨᠢᠭᠦᠯᠵᠦ᠂ ᠨᠡᠶ᠋ᠢᠭᠡᠮ᠎ᠤᠨ ᠦᠢ᠍ᠯᠡᠴᠢᠯᠡᠭᠡ ᠬᠠᠩᠭ᠋ᠠᠬᠤ ᠪᠤᠶᠤ ᠳᠠᠳᠤᠯᠭ᠎ᠠ ᠪᠣᠯᠪᠠᠰᠤᠷᠠᠯ ᠬᠢᠬᠦ᠎ᠪᠠᠷ ᠵᠣᠷᠢᠯᠭ᠎ᠠ ᠪᠣᠯᠭ᠋ᠠᠨ ᠠᠵᠤ ᠠᠬᠤᠶ᠋ᠢᠯᠠᠯ ᠡᠷᠬᠢᠯᠡᠵᠦ᠂ ᠡᠵᠡᠩᠨᠡᠯᠲᠡ ᠵᠢᠨ ᠠᠵᠢᠯᠯᠠᠭ᠎ᠠ ᠥᠷᠨᠢᠭᠦᠯᠦᠭᠡᠳ ᠣᠯᠤᠭᠰᠠᠨ ᠣᠷᠣᠯᠭ᠎ᠠ ᠵᠢ ᠰᠤᠷᠭ᠋ᠠᠭᠤᠯᠢ ᠡᠷᠬᠢᠯᠡᠬᠦ ᠨᠥᠬᠦᠴᠡᠯ ᠵᠶ᠋ᠠᠨ ᠰᠠᠶ᠋ᠢᠵᠢᠷᠠᠭᠤᠯᠬᠤ᠎ᠳᠤ ᠬᠡᠷᠡᠭᠯᠡᠨ᠎ᠡ; ᠣᠷᠣᠯᠭ᠎ᠠ ᠵᠢᠨ ᠵᠣᠬᠢᠬᠤ ᠬᠠᠷᠢᠴᠠᠯ᠎ᠢ ᠪᠠᠭᠰᠢ᠂ ᠠᠵᠤ ᠠᠬᠤᠶ᠋ᠢᠯᠠᠯ᠎ᠤᠨ ᠲᠤᠰᠬᠠᠶ ᠮᠡᠷᠭᠡᠵᠢᠯᠲᠡᠨ᠂ ᠭᠠᠳᠠᠨ᠎ᠠ᠎ᠠᠴᠠ ᠤᠷᠢᠭᠳᠠᠭᠴᠢ ᠪᠠ ᠰᠤᠷᠭ᠋ᠠᠨ ᠬᠥᠮᠦᠵᠢᠯ ᠬᠦᠷᠲᠡᠭᠴᠢ ᠵᠢᠨ ᠬᠥᠳᠡᠯᠮᠦᠷᠢ ᠵᠢᠨ ᠬᠥᠯᠥᠰᠥ ᠣᠯᠭᠤᠮᠵᠢ ᠵᠢ ᠥᠭᠬᠦ᠎ᠳᠤ ᠬᠡᠷᠡᠭᠯᠡᠵᠦ ᠪᠣᠯᠤᠨ᠎ᠠ᠂ ᠪᠠᠰᠠ ᠬᠢᠷᠢ ᠪᠦᠲᠦᠮᠵᠢ ᠵᠢᠨ ᠴᠠᠯᠢᠩ᠎ᠤᠨ ᠢᠷᠡᠯᠲᠡ ᠪᠣᠯᠭ᠋ᠠᠵᠤ᠂ ᠤᠯᠤᠰ᠎ᠤᠨ ᠲᠣᠭᠲᠠᠭ᠋ᠠᠯ᠎ᠳᠤ ᠨᠡᠶ᠋ᠢᠴᠡᠪᠡᠯ ᠬᠢᠷᠢ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ ᠵᠢᠨ ᠬᠢᠵᠠᠭ᠋ᠠᠷᠯᠠᠯ᠎ᠢ ᠬᠦᠯᠢᠶᠡᠬᠦ ᠦᠭᠡᠶ ᠪᠠᠶ᠋ᠢᠵᠤ ᠪᠣᠯᠤᠨ᠎ᠠ᠃
    ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠡᠮᠦᠨᠡᠬᠢ ᠵᠤᠷᠪᠤᠰ᠎ᠲᠤ ᠲᠣᠭᠲᠠᠭ᠋ᠠᠭᠰᠠᠨ ᠠᠵᠢᠯᠯᠠᠭ᠎ᠠ ᠵᠢ ᠬᠢᠬᠦ᠎ᠳᠤ ᠤᠯᠤᠰ᠎ᠤᠨ ᠬᠤᠯᠪᠤᠭᠳᠠᠬᠤ ᠲᠣᠭᠲᠠᠭ᠋ᠠᠯ᠎ᠳᠤ ᠨᠡᠶ᠋ᠢᠴᠡᠪᠡᠯ᠂ ᠬᠤᠯᠪᠤᠭᠳᠠᠬᠤ ᠭᠠᠶ᠋ᠢᠯᠢ ᠪᠠ ᠰᠦᠢ᠍ᠳᠬᠡᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠷᠲᠡᠨ᠎ᠡ᠃
    ᠳᠥᠴᠢᠨ ᠬᠤᠶᠠᠳᠤᠭ᠋ᠠᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ᠎ᠬᠢᠨ ᠳᠣᠭᠲᠠᠭᠰᠠᠨ ᠰᠦᠢ᠍ᠳᠬᠡᠯ ᠬᠤᠷᠢᠶᠠᠬᠤ ᠪᠠᠷᠢᠮᠵᠢᠶ᠎ᠠ ᠪᠠ á  á ·á ­á Žá   ᠵᠢᠨ ᠶᠣᠰᠤ᠎ᠪᠠᠷ ᠰᠤᠷᠤᠯᠭ᠎ᠠ ᠵᠢᠨ ᠰᠦᠢ᠍ᠳᠬᠡᠯ ᠪᠠ ᠪᠤᠰᠤᠳ ᠴᠢᠬᠤᠯᠠ ᠪᠦᠬᠦᠢ ᠰᠦᠢ᠍ᠳᠬᠡᠯ᠎ᠢ ᠬᠤᠷᠢᠶᠠᠨ᠎ᠠ; ᠤᠯᠤᠰ᠎ᠠᠴᠠ ᠲᠣᠭᠲᠠᠭ᠋ᠠᠭᠰᠠᠨ ᠨᠥᠬᠦᠴᠡᠯ᠎ᠳᠤ ᠨᠡᠶ᠋ᠢᠴᠡᠭᠰᠡᠨ ᠪᠣᠯ ᠬᠠᠰᠤᠵᠤ ᠬᠡᠯᠲᠦᠷᠢᠭᠦᠯᠬᠦ ᠬᠡᠷᠡᠭᠲᠡᠶ; ᠠᠵᠢᠯ ᠲᠠᠨᠢᠯᠴᠠᠭᠤᠯᠬᠤ᠂ ᠳᠠᠳᠤᠯᠭ᠎ᠠ ᠪᠣᠯᠪᠠᠰᠤᠷᠠᠯ ᠬᠢᠬᠦ ᠵᠡᠷᠭᠡ ᠨᠡᠷ᠎ᠡ᠎ᠪᠠᠷ ᠬᠠᠤᠯᠢ ᠵᠢ ᠵᠥᠷᠢᠴᠡᠨ ᠰᠦᠢ᠍ᠳᠭᠡᠯ ᠬᠤᠷᠢᠶᠠᠵᠤ ᠪᠣᠯᠬᠤ ᠥᠬᠡᠶ᠃
    ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠂ ᠠᠵᠢᠯ ᠮᠡᠷᠭᠡᠵᠢᠯ᠎ᠤᠨ ᠰᠤᠷᠭ᠋ᠠᠭᠤᠯᠢ ᠨᠡᠶ᠋ᠢᠭᠡᠮ᠎ᠳᠤ ᠬᠠᠨᠳᠤᠭᠤᠯᠤᠨ ᠪᠣᠯᠪᠠᠰᠤᠷᠠᠭᠤᠯᠤᠯ ᠥᠷᠨᠢᠭᠦᠯᠦᠭᠰᠡᠨ ᠪᠣᠯ ᠤᠯᠤᠰ᠎ᠤᠨ ᠬᠤᠯᠪᠤᠭᠳᠠᠬᠤ ᠲᠣᠭᠲᠠᠭ᠋ᠠᠯ ᠶᠣᠰᠤ᠎ᠪᠠᠷ ᠰᠦᠢ᠍ᠳᠬᠡᠯ ᠬᠤᠷᠢᠶᠠᠨ᠎ᠠ᠃
    ᠳᠥᠴᠢᠨ ᠭᠤᠷᠪᠠᠳᠤᠭ᠋ᠠᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ᠎ᠬᠢᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠦᠨᠡᠯᠡᠬᠦ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ ᠵᠡᠷᠭᠡ ᠵᠢ ᠰᠢᠩᠭᠡᠭᠡᠨ ᠠᠪᠴᠤ ᠦᠨᠡᠯᠡᠬᠦ᠎ᠳᠤ ᠣᠷᠣᠯᠴᠠᠭᠤᠯᠬᠤ ᠵᠢᠨ ᠬᠠᠮᠲᠤ ᠬᠤᠯᠪᠤᠭᠳᠠᠬᠤ ᠮᠡᠳᠡᠭᠡ ᠵᠠᠩᠭᠢ ᠵᠢ ᠳᠠᠷᠤᠢ᠎ᠳᠤ᠎ᠨᠢ ᠢᠯᠡ ᠪᠣᠯᠭ᠋ᠠᠵᠤ᠂ ᠰᠤᠷᠭ᠋ᠠᠨ ᠬᠥᠮᠦᠵᠢᠯ᠎ᠢ ᠬᠢᠨᠠᠨ ᠵᠢᠯᠣᠭᠤᠳᠬᠤ ᠪᠠ ᠨᠡᠶ᠋ᠢᠭᠡᠮ᠎ᠤᠨ ᠬᠢᠨᠠᠯᠲᠠ ᠲᠠᠯᠪᠢᠬᠤ ᠵᠢ ᠬᠦᠯᠢᠶᠡᠬᠦ ᠬᠡᠷᠡᠭᠲᠡᠶ᠃
    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠬᠤᠯᠪᠤᠭᠳᠠᠬᠤ ᠰᠠᠯᠠᠭ᠎ᠠ ᠮᠥᠴᠢᠷ᠂ ᠠᠵᠢᠯ ᠲᠦᠷᠦᠯ᠎ᠤᠨ ᠵᠣᠬᠢᠶᠠᠨ ᠪᠠᠶ᠋ᠢᠭᠤᠯᠤᠯᠲᠠ᠎ᠲᠠᠢ ᠬᠠᠮᠲᠤᠷᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠨᠴᠠᠯᠢᠭ᠎ᠲᠤ ᠨᠡᠶ᠋ᠢᠴᠡᠭᠰᠡᠨ ᠴᠢᠨᠠᠷ ᠴᠢᠨᠰᠠᠭ᠎ᠠ ᠵᠢ ᠦᠨᠡᠯᠡᠬᠦ ᠳᠣᠭᠲᠠᠯᠴᠠᠭ᠎ᠠ ᠵᠢ ᠪᠠᠶ᠋ᠢᠭᠤᠯᠵᠤ᠂ ᠠᠵᠢᠯ ᠲᠦᠷᠦᠯ᠎ᠤᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ ᠪᠠ ᠭᠤᠷᠪᠠᠳᠠᠬᠢ ᠡᠲᠡᠭᠡᠳ᠎ᠤᠨ ᠲᠤᠰᠬᠠᠢ ᠮᠡᠷᠭᠡᠵᠢᠯ᠎ᠤᠨ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠬᠤ ᠪᠤᠶᠤ ᠨᠠᠶ᠋ᠢᠳᠠᠵᠤ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ ᠵᠢ ᠦᠨᠡᠯᠡᠨ ᠵᠢᠱ᠌ᠢᠬᠦ ᠵᠢᠨ ᠬᠠᠮᠲᠤ ᠦᠨᠡᠯᠡᠨ ᠵᠢᠱ᠌ᠢᠭᠰᠡᠨ ᠦᠷ᠎ᠡ ᠳ᠋ᠦᠩ᠎ᠢ ᠳᠠᠷᠤᠢ᠎ᠳᠤ᠎ᠨᠢ ᠢᠯᠡ ᠪᠣᠯᠭ᠋ᠠᠬᠤ ᠬᠡᠷᠡᠭᠲᠡᠢ᠃
    ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢᠨ ᠦᠨᠡᠯᠡᠯᠲᠡ᠎ᠨᠢ ᠠᠵᠢᠯ ᠣᠯᠭᠤᠬᠤ ᠤᠳᠤᠷᠢᠳᠤᠮᠵᠢ ᠵᠢ ᠲᠣᠪᠤᠶ᠋ᠢᠯᠭ᠋ᠠᠵᠤ᠂ ᠰᠤᠷᠭ᠋ᠠᠨ ᠬᠥᠮᠦᠵᠢᠯ ᠬᠦᠷᠲᠡᠭᠰᠡᠳ᠎ᠤᠨ ᠡᠷᠬᠢᠯᠡᠭᠰᠡᠨ ᠠᠵᠢᠯ᠎ᠤᠨ ᠶᠣᠰᠣ ᠮᠣᠷᠠᠯ᠂ ᠤᠷ᠎ᠠ ᠴᠢᠳᠠᠪᠤᠷᠢ ᠵᠢᠨ ᠬᠢᠷᠢ ᠬᠡᠮᠵᠢᠶ᠎ᠡ᠂ ᠠᠵᠢᠯ ᠣᠯᠬᠤ ᠴᠢᠨᠠᠷ ᠴᠢᠨᠰᠠᠭ᠎ᠠ᠎ᠪᠠᠷ ᠴᠢᠬᠤᠯᠠ ᠭᠦᠢ᠍ᠴᠡᠳᠬᠡᠬᠦ ᠲᠤᠭ᠎ᠠ ᠪᠣᠯᠭ᠋ᠠᠵᠤ᠂ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠬᠥᠲᠥᠯᠥᠨ ᠵᠢᠯᠣᠭᠤᠳᠴᠤ ᠥᠨᠳᠥᠷ ᠮᠡᠳᠡᠯᠭᠡ ᠪᠣᠯᠪᠠᠰᠤᠷᠠᠯ᠎ᠲᠠᠢ ᠮᠡᠷᠭᠡᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠲᠡᠶ᠃
    ᠬᠤᠯᠪᠤᠭᠳᠠᠬᠤ ᠰᠠᠯᠠᠭ᠎ᠠ ᠮᠥᠴᠢᠷ᠎ᠤᠨ᠎ᠬᠢᠨ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠶᠣᠰᠤ᠎ᠪᠠᠷ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ᠃

           ᠲᠠᠪᠤᠳᠤᠭ᠋ᠠᠷ ᠪᠦᠯᠦᠭ   ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ

                              ᠪᠠᠭᠰᠢ ᠪᠠ ᠰᠤᠷᠭ᠋ᠠᠨ ᠬᠥᠮᠦᠵᠢᠯ ᠬᠦᠷᠳᠡᠭᠴᠢᠦᠠ

    ᠳᠥᠴᠢᠨ ᠳᠥᠷᠪᠡᠳᠦᠭᠡᠷ ᠵᠦᠢ᠍ᠯ ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠡᠷᠬᠡ ᠵᠢ ᠪᠠᠲᠤᠯᠠᠵᠤ᠂ ᠲᠤᠰᠬᠠᠢ ᠮᠡᠷᠭᠡᠵᠢᠯ᠎ᠤᠨ ᠬᠡᠪ ᠴᠢᠨᠠᠷ ᠪᠠ ᠨᠡᠶ᠋ᠢᠭᠡᠮ᠎ᠤᠨ ᠪᠠᠶ᠋ᠢᠷᠢ ᠰᠠᠭᠤᠷᠢ ᠵᠢ ᠳᠡᠭᠡᠭᠰᠢᠯᠡᠭᠦᠯᠦᠨ᠎ᠡ᠃
    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠤᠭᠳᠠᠬᠤ ᠰᠠᠯᠠᠭ᠎ᠠ ᠮᠥᠴᠢᠷ᠎ᠤᠨ᠎ᠬᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠭᠰᠢ ᠵᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ᠎ᠢ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢᠨ ᠲᠥᠯᠥᠪᠵᠢᠭᠦᠯᠭᠡ᠎ᠳᠤ᠎ᠪᠠᠨ ᠣᠷᠣᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠡᠩᠨᠡᠭᠡ ᠵᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬ᠋ᠥᠭᠵᠢᠭᠦᠯᠦᠯᠲᠡ ᠵᠢᠨ ᠬᠡᠷᠡᠭᠴᠡᠭᠡ᠎ᠳᠤ ᠵᠣᠬᠢᠴᠠᠭᠤᠯᠬᠤ ᠵᠢ ᠪᠠᠲᠤᠯᠠᠬᠤ ᠬᠡᠷᠡᠭᠲᠡᠢ᠃
    ᠳᠥᠴᠢᠨ ᠲᠠᠪᠤᠳᠤᠭ᠋ᠠᠷ ᠵᠦᠢ᠍ᠯ ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠭᠰᠢ ᠵᠢ ᠬᠥᠮᠦᠵᠢᠭᠦᠯᠦᠨ ᠪᠣᠯᠪᠠᠰᠤᠷᠠᠭᠤᠯᠬᠤ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
    ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ á  á ·á ­á Žá   ᠬᠡᠮᠵᠢᠶ᠎ᠡ ᠠᠪᠴᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠲᠤᠰᠬᠠᠶ᠋ᠢᠵᠢᠭᠰᠠᠨ ᠬᠥᠮᠦᠵᠢᠯ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠲᠤᠰᠬᠠᠶ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠳᠡᠭᠡᠳᠦ ᠰᠤᠷᠭ᠋ᠠᠭᠤᠯᠢ ᠪᠠᠶ᠋ᠢᠭᠤᠯᠬᠤ ᠵᠢ ᠵᠣᠷᠢᠭᠵᠢᠭᠤᠯᠵᠤ᠂ ᠳᠡᠭᠡᠳᠦ ᠰᠤᠷᠭ᠋ᠠᠭᠤᠯᠢ᠎ᠠᠴᠠ ᠬᠤᠯᠪᠤᠭᠳᠠᠬᠤ ᠲᠤᠰᠬᠠᠶ ᠮᠡᠷᠭᠡᠵᠢᠯ ᠪᠠᠶ᠋ᠢᠭᠤᠯᠬᠤ ᠵᠢ ᠳᠡᠮᠵᠢᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠭᠰᠢ ᠵᠢ ᠬᠥᠮᠦᠵᠢᠭᠦᠯᠬᠦ ᠬᠡᠷᠡᠭᠲᠡᠶ; ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ ᠬᠠᠮᠲᠤ᠎ᠪᠠᠷ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠭᠰᠢ ᠵᠢ ᠬᠥᠮᠦᠵᠢᠭᠦᠯᠬᠦ ᠪᠠ ᠪᠣᠯᠪᠠᠰᠤᠷᠠᠭᠤᠯᠬᠤ᠎ᠳᠤ ᠣᠷᠣᠯᠴᠠᠬᠤ ᠵᠢ ᠵᠣᠷᠢᠭᠵᠢᠭᠤᠯᠤᠨ᠎ᠠ᠃
    ᠠᠵᠤ ᠦᠢ᠍ᠯᠡᠰ ᠪᠣᠯᠤᠨ ᠰᠤᠷᠭ᠋ᠠᠨ ᠬᠥᠮᠦᠵᠢᠯ᠎ᠢ ᠠᠭᠤᠰᠬᠠᠭᠰᠠᠨ ᠠᠵᠤ ᠠᠬᠤᠶ᠋ᠢᠯᠠᠯ᠂ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠶ᠋ᠢᠯᠠᠯ᠎ᠤᠳ ᠵᠣᠬᠢᠬᠤ ᠬᠠᠷᠢᠴᠠᠯ ᠵᠶ᠋ᠠᠷ ᠠᠵᠢᠯ᠎ᠤᠨ ᠪᠠᠶ᠋ᠢᠷᠢ ᠳᠣᠭᠢᠷᠠᠭᠤᠯᠵᠤ᠂ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠪᠠᠭᠰᠢ ᠨᠠᠷ᠎ᠤᠨ ᠦᠢ᠍ᠯᠡᠳᠦᠯᠭᠡ᠎ᠳᠤ ᠣᠷᠣᠯᠴᠠᠬᠤ ᠵᠢ ᠭᠥᠯᠢᠶᠡᠨ ᠠᠪᠬᠤ ᠬᠡᠷᠡᠭᠲᠡᠶ᠃
    ᠳᠥᠴᠢᠨ ᠵᠢᠷᠭᠤᠳᠤᠭ᠋ᠠᠷ ᠵᠦᠢ᠍ᠯ ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠨᠴᠠᠯᠢᠭ ᠪᠠ ᠬᠥᠭᠵᠢᠯᠲᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠠᠭᠰᠢ ᠵᠢᠨ ᠠᠵᠢᠯ᠎ᠤᠨ ᠪᠠᠶ᠋ᠢᠷᠢ ᠵᠢᠨ ᠪᠠᠶ᠋ᠢᠷᠢᠯᠠᠭᠤᠯᠤᠯᠲᠠ ᠪᠠ ᠲᠤᠰᠢᠶᠠᠯ (ᠮᠡᠷᠭᠡᠵᠢᠯ᠎ᠤᠨ ᠴᠣᠯᠠ) ᠲᠣᠭᠲᠠᠭ᠋ᠠᠬᠤ ᠪᠠ ᠤᠷᠢᠬᠤ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
    ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠬᠢᠴᠢᠶᠡᠯ᠎ᠤᠨ ᠪᠠᠭᠰᠢ (ᠳᠠᠳᠤᠯᠭ᠎ᠠ ᠵᠢ ᠵᠢᠭ᠋ᠠᠨ ᠵᠢᠯᠣᠭᠤᠳᠬᠤ ᠪᠠᠭᠰᠢ ᠵᠢ ᠪᠠᠭᠲᠠᠭ᠋ᠠᠨ᠎ᠠ)᠎ᠨᠢ ᠵᠣᠬᠢᠬᠤ ᠵᠢᠯ᠎ᠤᠨ ᠬᠠᠷᠠᠭ᠋ᠠᠯᠵᠠᠭᠰᠠᠨ ᠠᠵᠢᠯ᠎ᠤᠨ ᠳᠤᠷᠰᠢᠯᠭ᠎ᠠ ᠎ᠲᠠᠢ ᠪᠤᠶᠤ ᠦᠢ᠍ᠯᠡᠳᠦᠯᠭᠡ ᠵᠢᠨ ᠲᠤᠷᠰᠢᠯᠭ᠎ᠠ᠎ᠲᠠᠢ ᠪᠠᠶ᠋ᠢᠵᠤ᠂ ᠵᠣᠬᠢᠬᠤ ᠤᠷ᠎ᠠ ᠴᠢᠳᠠᠪᠤᠷᠢ ᠵᠢᠨ ᠬᠢᠷᠢ ᠲᠦᠪᠰᠢᠨ᠎ᠳᠤ ᠬᠦᠷᠦᠭᠰᠡᠨ ᠪᠠᠶ᠋ᠢᠬᠤ ᠬᠡᠷᠡᠭᠲᠡᠶ᠃
    ᠨᠥᠬᠦᠴᠡᠯ ᠪᠦᠷᠢᠳᠦᠭᠰᠡᠨ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ ᠵᠢᠨ ᠡᠵᠡᠩᠨᠡᠯᠲᠡ ᠬᠠᠮᠢᠶᠠᠷᠤᠯᠲᠠ ᠪᠠ ᠲᠤᠰᠬᠠᠢ ᠮᠡᠷᠭᠡᠵᠢᠯ᠎ᠤᠨ ᠠᠵᠢᠯᠳᠠᠨ ᠵᠢᠴᠢ ᠲᠤᠰᠬᠠᠢ ᠮᠡᠷᠭᠡᠵᠢᠯ᠎ᠤᠨ ᠮᠡᠳᠡᠯᠭᠡ᠎ᠲᠠᠢ ᠪᠤᠶᠤ ᠣᠨᠴᠠᠭ᠋ᠠᠢ ᠤᠷ᠎ᠠ ᠴᠢᠳᠠᠪᠤᠷᠢ᠎ᠲᠠᠢ ᠪᠤᠰᠤᠳ ᠠᠵᠢᠯᠳᠠᠨ ᠰᠤᠷᠭ᠋ᠠᠨ ᠬᠥᠮᠦᠵᠢᠭᠦᠯᠬᠦ ᠪᠠ ᠵᠢᠭ᠋ᠠᠨ ᠰᠤᠷᠭ᠋ᠠᠬᠤ ᠴᠢᠳᠠᠪᠤᠷᠢ ᠵᠢᠨ ᠪᠣᠯᠪᠠᠰᠤᠷᠠᠭᠤᠯᠤᠯ᠎ᠳᠤ ᠬᠢᠷᠢ ᠲᠡᠩᠴᠡᠭᠰᠡᠨ ᠪᠣᠯ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠤᠰᠬᠠᠢ ᠲᠤᠰᠢᠶᠠᠯ᠎ᠤᠨ ᠪᠤᠶᠤ ᠲᠤᠰᠢᠶᠠᠯ ᠬᠠᠪᠰᠤᠷᠭ᠋ᠠᠭᠰᠠᠨ ᠲᠤᠰᠬᠠᠢ ᠮᠡᠷᠭᠡᠵᠢᠯ᠎ᠤᠨ ᠬᠢᠴᠢᠶᠡᠯ᠎ᠤᠨ ᠪᠠᠭᠰᠢ ᠪᠤᠯᠵᠤ ᠪᠣᠯᠤᠨ᠎ᠠ; ᠪᠠᠭᠰᠢ ᠵᠢᠨ ᠬᠢᠷᠢ ᠬᠡᠮ᠎ᠢ ᠣᠯᠤᠭᠰᠠᠨ ᠪᠣᠯ ᠲᠡᠭᠦᠨ᠎ᠤ ᠮᠡᠷᠭᠡᠵᠢᠯ᠎ᠤᠨ ᠴᠣᠯᠠ ᠵᠢ ᠦᠨᠳᠦᠰᠦᠯᠡᠨ ᠵᠣᠬᠢᠬᠤ ᠪᠠᠭᠰᠢ ᠵᠢᠨ ᠲᠤᠰᠢᠶᠠᠯ᠎ᠳᠤ ᠤᠷᠢᠵᠤ ᠪᠣᠯᠤᠨ᠎ᠠ᠃ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠬᠢᠴᠢᠶᠡᠯ᠎ᠤᠨ ᠪᠠᠭᠰᠢ ᠵᠢᠨ ᠬᠢᠷᠢ ᠬᠡᠮ᠎ᠢ ᠤᠯᠬᠤ᠎ᠳᠤ ᠪᠠᠶ᠋ᠢᠳᠠᠯ᠎ᠢ ᠦᠵᠡᠵᠦ ᠰᠤᠷᠤᠯᠭ᠎ᠠ ᠵᠢᠨ ᠨᠠᠮᠲᠠᠷ᠎ᠤᠨ ᠱᠠᠭ᠋ᠠᠷᠳᠠᠯᠭ᠎ᠠ ᠵᠢ ᠪᠠᠭᠤᠷᠠᠭᠤᠯᠵᠤ ᠪᠣᠯᠤᠨ᠎ᠠ᠃
    ᠳᠥᠴᠢᠨ ᠳᠣᠯᠣᠳᠤᠭ᠋ᠠᠷ ᠵᠦᠢ᠍ᠯ ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢᠲᠤ á ¶á ¡á ­á ¡ ᠮᠠᠰᠲ᠋ᠧᠷ᠂ ᠬᠥᠳᠡᠯᠮᠦᠷᠢ ᠵᠢᠨ ᠵᠢᠱ᠌ᠢᠶᠡᠴᠢ᠂ ᠤᠷᠠᠨ ᠳᠠᠷᠬᠠᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭ᠋ᠠᠮᠵᠢᠯᠠᠭᠴᠢ ᠵᠡᠷᠭᠡ ᠳᠡᠭᠡᠳᠦ ᠳᠡᠰ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠤᠷᠢᠵᠤ᠂ ᠲᠤᠰᠬᠠᠢ ᠪᠤᠶᠤ ᠲᠤᠰᠢᠶᠠᠯ ᠬᠠᠪᠰᠤᠷᠭ᠋ᠠᠭᠰᠠᠨ ᠲᠤᠰᠬᠠᠢ ᠮᠡᠷᠭᠡᠵᠢᠯ᠎ᠤᠨ ᠬᠢᠴᠢᠶᠡᠯ᠎ᠤᠨ ᠪᠠᠭᠰᠢ ᠪᠣᠯᠭ᠋ᠠᠵᠤ᠂ ᠠᠵᠢᠯᠯᠠᠬᠤ ᠲᠠᠰᠤᠭ ᠪᠠᠶ᠋ᠢᠭᠤᠯᠬᠤ ᠵᠡᠷᠭᠡ á  á ·á ­á Žá   ᠮᠠᠶᠢᠭ ᠵᠶ᠋ᠠᠷ ᠳᠠᠮᠵᠢᠭᠤᠯᠤᠨ ᠴᠢᠳᠠᠪᠤᠷᠢᠲᠠᠨ᠎ᠢ ᠬᠥᠮᠦᠵᠢᠭᠦᠯᠬᠦ᠂ ᠮᠡᠷᠭᠡᠵᠢᠯ᠎ᠢ ᠨᠡᠭᠡᠭᠡᠨ ᠬᠥᠭᠵᠢᠭᠦᠯᠬᠦ᠂ ᠤᠷ᠎ᠠ ᠴᠢᠳᠠᠪᠤᠷᠢ ᠵᠢ ᠤᠯᠠᠮᠵᠢᠯᠠᠨ ᠵᠠᠯᠭ᠋ᠠᠮᠵᠢᠯᠠᠬᠤ ᠵᠡᠷᠭᠡ ᠠᠵᠢᠯ᠎ᠳᠤ ᠣᠷᠣᠯᠴᠠᠭᠤᠯᠬᠤ ᠵᠢ ᠵᠣᠷᠢᠭᠵᠢᠭᠤᠯᠤᠨ᠎ᠠ᠃
    ᠳᠥᠴᠢᠨ ᠨᠠᠢ᠍ᠮᠠᠳᠤᠭ᠋ᠠᠷ ᠵᠦᠢ᠍ᠯ ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠠᠭᠰᠢ ᠠᠵᠢᠯᠳᠡᠠ ᠠᠵᠢᠯᠴᠢᠨ᠎ᠢ ᠲᠤᠬᠢᠷᠡᠭᠤᠯᠬᠤ ᠦᠨᠳᠦᠰᠦᠨ ᠪᠠᠷᠢᠮᠵᠢᠶ᠎ᠠ ᠵᠢ ᠲᠣᠭᠲᠠᠭ᠋ᠠᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠦᠨᠳᠦᠰᠦᠨ ᠪᠠᠷᠢᠮᠵᠢᠶ᠎ᠠ ᠵᠢ ᠦᠨᠳᠦᠰᠦᠯᠡᠨ ᠲᠤᠰ ᠭᠠᠵᠠᠷ ᠣᠷᠣᠨ᠎ᠤ᠎ᠪᠠᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠠᠭᠰᠢ ᠠᠵᠢᠯᠲᠠᠨ ᠠᠵᠢᠯᠴᠢᠨ᠎ᠢ ᠲᠣᠬᠢᠷᠠᠭᠤᠯᠬᠤ ᠪᠠᠷᠢᠮᠵᠢᠶ᠎ᠠ ᠵᠢ ᠳᠣᠭᠲᠠᠭ᠋ᠠᠨ᠎ᠠ᠃
    ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠠᠭᠰᠢ ᠠᠵᠢᠯᠲᠠᠨ ᠠᠵᠢᠯᠴᠢᠨ᠎ᠢ ᠲᠣᠬᠢᠷᠠᠭᠤᠯᠬᠤ ᠪᠠᠷᠢᠮᠵᠢᠶ᠎ᠠ᠂ ᠰᠤᠷᠭ᠋ᠠᠭᠤᠯᠢ ᠡᠷᠬᠢᠯᠡᠬᠦ ᠬᠡᠪᠴᠢᠶ᠎ᠡ ᠵᠡᠷᠭᠡ ᠵᠢ ᠦᠨᠳᠦᠰᠦᠯᠡᠨ᠂ ᠠᠯᠪᠠᠨ᠎ᠠᠴᠠ ᠡᠷᠬᠢᠯᠡᠭᠰᠡᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠠᠭᠰᠢ ᠠᠵᠢᠯᠲᠠᠨ ᠠᠵᠢᠯᠴᠢᠨ᠎ᠤ ᠬᠡᠪᠴᠢᠶ᠎ᠡ ᠵᠢ ᠲᠣᠭᠲᠠᠭ᠋ᠠᠬᠤ ᠬᠡᠷᠡᠭᠲᠡᠶ᠂ ᠡᠭᠦᠨ᠎ᠳᠤ ᠵᠣᠬᠢᠬᠤ ᠬᠠᠷᠢᠴᠠᠯ᠎ᠢ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠨᠡᠶ᠋ᠢᠭᠡᠮ᠎ᠳᠤ ᠬᠠᠨᠳᠤᠭᠤᠯᠤᠨ ᠲᠤᠰᠬᠠᠶ ᠮᠡᠷᠭᠡᠵᠢᠯ᠎ᠤᠨ ᠠᠵᠢᠯᠲᠠᠨ᠂ ᠤᠷ᠎ᠠ ᠴᠢᠳᠠᠪᠤᠷᠢᠲᠤ ᠴᠢᠳᠠᠪᠤᠷᠢᠲᠠᠨ᠎ᠢ ᠢᠯᠡ᠎ᠪᠠᠷ ᠤᠷᠢᠵᠤ ᠲᠤᠰᠬᠠᠶ ᠪᠤᠶᠤ ᠲᠤᠰᠢᠶᠠᠯ ᠬᠠᠪᠰᠤᠷᠭ᠋ᠠᠭᠰᠠᠨ ᠪᠠᠭᠰᠢ ᠪᠣᠯᠭ᠋ᠠᠨ ᠬᠡᠷᠡᠭᠯᠡᠵᠦ ᠪᠣᠯᠤᠨ᠎ᠠ᠃
    ᠳᠥᠴᠢ ᠶᠢᠰᠦᠳᠦᠭᠡᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢᠳ ᠬᠠᠤᠯᠢ ᠴᠠᠭ᠋ᠠᠵᠠ᠂ ᠬᠠᠤᠯᠢ ᠳᠦᠷᠢᠮ ᠪᠣᠯᠤᠨ ᠰᠤᠷᠤᠭᠴᠢ ᠵᠢᠨ ᠦᠢ᠍ᠯᠡ ᠠᠵᠢᠯᠯᠠᠭ᠋ᠠᠨ᠎ᠤ ᠳᠦᠷᠢᠮᠵᠢᠯ᠎ᠢ ᠵᠢᠷᠤᠮᠯᠠᠨ᠂ ᠰᠠᠶ᠋ᠢᠨ ᠰᠠᠶ᠋ᠢᠬᠠᠨ ᠠᠵᠢᠯ ᠮᠡᠷᠭᠡᠵᠢᠯ᠎ᠤᠨ ᠶᠣᠰᠣ ᠮᠣᠷᠠᠯ᠂ ᠠᠵᠢᠯ ᠮᠡᠷᠭᠡᠵᠢᠯ᠎ᠤᠨ ᠵᠣᠷᠢᠭ ᠰᠠᠨᠠᠭ᠎ᠠ ᠪᠣᠯᠤᠨ ᠦᠢ᠍ᠯᠡ ᠠᠵᠢᠯᠯᠠᠭ᠋ᠠᠨ᠎ᠤ ᠳᠠᠳᠬᠠᠯ᠎ᠲᠠᠢ ᠪᠣᠯᠵᠣ᠂ ᠴᠢᠷᠮᠠᠶ᠋ᠢᠨ ᠰᠤᠷᠤᠯᠴᠠᠵᠤ᠂ ᠳᠣᠭᠲᠠᠭᠰᠠᠨ ᠰᠤᠷᠤᠯᠴᠠᠬᠤ ᠡᠭᠦᠷᠭᠡ᠎ᠪᠠᠨ ᠪᠡᠶᠡᠯᠡᠭᠦᠯᠦᠨ᠂ ᠱᠠᠭ᠋ᠠᠷᠳᠠᠯᠭ᠎ᠠ ᠶᠣᠰᠤ᠎ᠪᠠᠷ ᠳᠠᠳᠤᠯᠭ᠎ᠠ ᠪᠣᠯᠪᠠᠰᠤᠷᠠᠯ᠎ᠳᠤ ᠣᠷᠣᠯᠴᠠᠵᠤ᠂ ᠮᠡᠷᠭᠡᠵᠢᠯ᠎ᠤᠨ ᠤᠷ᠎ᠠ ᠴᠢᠳᠠᠪᠤᠷᠢ ᠵᠢ ᠡᠵᠡᠮᠰᠢᠬᠦ ᠬᠡᠷᠡᠭᠲᠡᠶ᠃
    ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ᠎ᠪᠠᠷ ᠬᠠᠮᠠᠭ᠋ᠠᠯᠠᠨ᠎ᠠ᠃
    ᠲᠠᠪᠢᠳᠤᠭ᠋ᠠᠷ ᠵᠦᠢ᠍ᠯ ᠤᠯᠤᠰ᠎ᠠᠴᠠ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ ᠵᠢᠨ᠎ᠬᠢᠨ ᠳᠠᠳᠤᠯᠭ᠎ᠠ ᠬᠢᠬᠦ ᠠᠵᠢᠯ᠎ᠤᠨ ᠪᠠᠶ᠋ᠢᠷᠢ ᠲᠣᠬᠢᠷᠠᠭᠤᠯᠵᠤ᠂ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠰᠤᠷᠤᠭᠴᠢᠳ᠎ᠤᠨ ᠳᠠᠳᠤᠯᠭ᠎ᠠ ᠬᠢᠬᠦ ᠵᠢ ᠬᠦᠯᠢᠶᠡᠨ ᠠᠪᠬᠤ ᠵᠢ ᠵᠣᠷᠢᠭᠵᠢᠭᠤᠯᠤᠨ᠎ᠠ᠃ ᠳᠠᠳᠤᠯᠭ᠎ᠠ ᠵᠢ ᠬᠦᠯᠢᠶᠡᠨ ᠠᠪᠤᠭᠰᠠᠨ ᠨᠢᠭᠡᠴᠢ᠎ᠨᠢ ᠰᠤᠷᠤᠭᠴᠢᠳ᠎ᠤᠨ ᠳᠠᠳᠤᠯᠭ᠎ᠠ ᠵᠢᠨ ᠬᠤᠭᠤᠴᠠᠭ᠋ᠠᠨ᠎ᠳᠤ᠎ᠪᠠᠨ ᠲᠣᠭᠲᠠᠭ᠋ᠠᠯ ᠶᠣᠰᠤ᠎ᠪᠠᠷ ᠠᠮᠠᠷᠠᠯᠲᠠ ᠪᠠ ᠠᠮᠠᠷᠠᠯᠲᠠ ᠵᠢᠨ ᠴᠢᠯᠦᠭᠡ ᠵᠢ ᠡᠳ᠋ᠯᠡᠬᠦ᠂ ᠬᠥᠳᠡᠯᠮᠦᠷᠢ ᠵᠢᠨ ᠠᠶᠤᠯ ᠦᠭᠡᠢ ᠪᠠᠶ᠋ᠢᠳᠠᠯ ᠪᠠ ᠡᠷᠡᠭᠦᠯ ᠬᠠᠮᠠᠭ᠋ᠠᠯᠠᠯ᠎ᠤᠨ ᠬᠠᠮᠠᠭ᠋ᠠᠯᠠᠯᠲᠠ ᠬᠦᠷᠲᠡᠬᠦ᠂ ᠬᠤᠯᠪᠤᠭᠳᠠᠬᠤ ᠳᠠᠭ᠋ᠠᠳᠬᠠᠯ᠎ᠳᠤ ᠣᠷᠣᠯᠴᠠᠬᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠢᠯᠤᠭᠤᠳᠤᠯᠭ᠎ᠠ ᠵᠢ ᠬᠦᠯᠢᠶᠡᠬᠦ ᠵᠡᠷᠭᠡ ᠡᠷᠬᠡ ᠵᠢ ᠪᠠᠲᠤᠯᠠᠬᠤ ᠬᠡᠷᠡᠭᠲᠡᠢ; ᠠᠵᠢᠯ᠎ᠤᠨ ᠪᠠᠶ᠋ᠢᠷᠢ᠎ᠳᠤ á ­á  á ·á ´á ¤ ᠳᠠᠳᠤᠯᠭ᠎ᠠ ᠬᠢᠭᠰᠡᠨ ᠪᠣᠯ ᠳᠠᠳᠤᠯᠭ᠎ᠠ ᠬᠢᠬᠦ ᠬᠡᠯᠡᠯᠴᠡᠭᠡᠷ ᠲᠣᠭᠲᠠᠭ᠋ᠠᠵᠤ᠂ ᠵᠣᠬᠢᠬᠤ ᠬᠥᠳᠡᠯᠮᠦᠷᠢ ᠵᠢᠨ ᠬᠥᠯᠥᠰᠥ ᠬᠠᠷᠠᠮᠵᠢ ᠥᠭᠬᠦ ᠬᠡᠷᠡᠭᠲᠡᠢ᠃
    ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠳᠠᠳᠤᠯᠭ᠎ᠠ ᠪᠣᠯᠪᠠᠰᠤᠷᠠᠯ᠎ᠤᠨ ᠰᠤᠷᠤᠭᠴᠢᠳ᠎ᠲᠤ ᠬᠢᠬᠦ ᠵᠢᠯᠣᠭᠤᠳᠣᠯᠭ᠎ᠠ᠎ᠪᠠᠨ ᠴᠢᠩᠭ᠋ᠠᠳᠬᠠᠵᠤ᠂ ᠠᠶᠤᠯ ᠥᠬᠡᠶ ᠦᠢ᠍ᠯᠡᠳᠪᠦᠷᠢᠯᠡᠯ᠎ᠤᠨ ᠬᠥᠮᠦᠵᠢᠯ᠎ᠢ ᠴᠢᠩᠭ᠋ᠠᠳᠬᠠᠵᠤ᠂ ᠳᠠᠳᠤᠯᠭ᠎ᠠ ᠬᠢᠬᠦ ᠨᠢᠭᠡᠴᠢ᠎ᠯᠦᠭᠡ ᠵᠥᠪᠳᠡᠯᠴᠡᠵᠦ ᠰᠤᠷᠤᠭᠴᠢᠳ᠎ᠤᠨ ᠰᠣᠷᠣᠭᠰᠠᠨ ᠲᠤᠰᠬᠠᠶ ᠮᠡᠷᠭᠡᠵᠢᠯ᠎ᠯᠦᠭᠡ ᠳᠣᠭᠢᠷᠠᠯᠴᠠᠭᠰᠠᠨ ᠠᠵᠢᠯ᠎ᠤᠨ ᠪᠠᠶ᠋ᠢᠷᠢ᠎ᠳᠤ ᠳᠣᠭᠢᠷᠠᠭᠤᠯᠵᠤ᠂ ᠳᠠᠳᠤᠯᠭ᠎ᠠ ᠪᠣᠯᠪᠠᠰᠤᠷᠠᠯ᠎ᠤᠨ ᠠᠭᠤᠯᠭ᠎ᠠ ᠪᠠ ᠪᠠᠷᠢᠮᠵᠢᠶ᠎ᠠ ᠵᠢ ᠲᠣᠳᠣᠷᠬᠠᠶ᠋ᠢᠯᠠᠬᠤ ᠬᠡᠷᠡᠭᠲᠡᠶ᠂ ᠰᠤᠷᠤᠭᠴᠢᠳ ᠵᠶ᠋ᠠᠷ ᠰᠣᠷᠣᠭᠰᠠᠨ ᠲᠤᠰᠬᠠᠶ ᠮᠡᠷᠭᠡᠵᠢᠯ᠎ᠲᠠᠢ᠎ᠨᠢ ᠬᠤᠯᠪᠤᠭᠳᠠᠬᠤ ᠥᠬᠡᠶ ᠳᠠᠳᠤᠯᠭ᠎ᠠ ᠪᠣᠯᠪᠠᠰᠤᠷᠠᠯ ᠬᠢᠯᠭᠡᠬᠦ᠎ᠪᠠᠷ ᠲᠣᠬᠢᠷᠠᠭᠤᠯᠵᠤ ᠪᠣᠯᠬᠤ ᠥᠬᠡᠶ᠂ ᠬᠤᠯᠪᠤᠭᠳᠠᠬᠤ ᠲᠣᠭᠲᠠᠭ᠋ᠠᠯ᠎ᠢ ᠵᠥᠷᠢᠴᠡᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠬᠥᠳᠡᠯᠮᠦᠷᠢ ᠦᠢ᠍ᠯᠡᠴᠢᠯᠡᠭᠡ ᠲᠣᠮᠢᠯᠠᠬᠤ ᠨᠢᠭᠡᠴᠢ᠂ ᠡᠰᠡᠬᠦᠯ᠎ᠡ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡ᠂ ᠬᠥᠳᠡᠯᠮᠦᠷᠢ ᠦᠢ᠍ᠯᠡᠴᠢᠯᠡᠭᠡ ᠲᠣᠮᠢᠯᠠᠬᠤ ᠲᠤᠬᠠᠶ᠋ᠢᠯᠠᠭᠰᠠᠨ ᠠᠵᠢᠯ᠎ᠢ ᠬᠠᠤᠯᠢ ᠪᠤᠰᠤ᠎ᠪᠠᠷ ᠡᠷᠭᠢᠯᠡᠵᠦ ᠪᠠᠶ᠋ᠢᠭ᠎ᠠ ᠨᠢᠭᠡᠴᠢ ᠪᠤᠶᠤ ᠬᠤᠪᠢ ᠬᠥᠮᠦᠨ᠎ᠤ ᠵᠣᠬᠢᠶᠠᠨ ᠪᠠᠶ᠋ᠢᠭᠤᠯᠬᠤ᠎ᠪᠠᠷ ᠳᠠᠮᠵᠢᠭᠤᠯᠤᠨ ᠰᠤᠷᠤᠭᠴᠢᠳ᠎ᠤᠨ ᠳᠠᠳᠤᠯᠭ᠎ᠠ ᠪᠣᠯᠪᠠᠰᠤᠷᠠᠯ᠎ᠢ ᠳᠣᠭᠢᠷᠠᠭᠤᠯᠤᠨ ᠬᠠᠮᠢᠶᠠᠷᠴᠤ ᠪᠣᠯᠬᠤ ᠥᠬᠡᠶ᠃
    ᠲᠡᠪᠢᠠ ᠨᠢᠭᠡᠳᠦᠭᠡᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠬᠦᠷᠳᠡᠬᠦ᠎ᠳᠤ ᠬᠠᠷᠠᠭ᠋ᠠᠯᠵᠠᠭᠰᠠᠨ ᠰᠤᠷᠤᠯᠭ᠎ᠠ ᠵᠢᠨ ᠱᠠᠭ᠋ᠠᠷᠳᠠᠯᠭ᠎ᠠ᠎ᠳᠤ ᠬᠦᠷᠦᠭᠰᠡᠠ ᠪᠥᠭᠡᠳ ᠰᠤᠷᠭ᠋ᠠᠭᠤᠯᠢ ᠵᠢᠨ ᠬᠢᠨᠠᠨ ᠰᠢᠯᠭ᠋ᠠᠯᠲᠠ᠎ᠳᠤ ᠬᠢᠷᠢ ᠲᠡᠩᠴᠡᠪᠡᠯ ᠬᠠᠷᠠᠭ᠋ᠠᠯᠵᠠᠭᠰᠠᠨ ᠰᠤᠷᠤᠯᠭ᠎ᠠ ᠵᠢᠨ ᠦᠨᠡᠮᠯᠡᠯ ᠣᠯᠭᠤᠨ᠎ᠠ;
    ᠠᠵᠢᠯ ᠮᠡᠷᠭᠡᠵᠢᠯ᠎ᠤᠨ ᠪᠣᠯᠪᠠᠰᠤᠷᠠᠭᠤᠯᠤᠯ ᠭᠦᠷᠲᠡᠬᠦ᠎ᠳᠤ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠪᠤᠶᠤ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠬᠢᠨᠠᠨ ᠰᠢᠯᠭ᠋ᠠᠯᠲᠠ᠎ᠳᠤ ᠬᠢᠷᠢ ᠲᠡᠩᠴᠡᠪᠡᠯ ᠬᠠᠷᠠᠭ᠋ᠠᠯᠵᠠᠭᠰᠠᠨ ᠪᠣᠯᠪᠠᠰᠤᠷᠠᠭᠤᠯᠤᠯ᠎ᠤᠨ ᠦᠨᠡᠮᠯᠡᠯ ᠣᠯᠭᠤᠨ᠎ᠠ; ᠤᠯᠤᠰ᠎ᠤᠨ ᠲᠣᠭᠲᠠᠭ᠋ᠠᠯ᠎ᠳᠤ ᠨᠡᠶ᠋ᠢᠴᠡᠭᠰᠡᠨ ᠲᠤᠰᠬᠠᠢ ᠪᠠᠶ᠋ᠢᠭᠤᠯᠤᠮᠵᠢ ᠵᠢᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠪᠣᠯ ᠬᠠᠷᠠᠭ᠋ᠠᠯᠵᠠᠭᠰᠠᠨ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠪᠤᠶᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠤᠨ ᠦᠨᠡᠮᠯᠡᠯ ᠣᠯᠭᠤᠨ᠎ᠠ᠃ ᠰᠤᠷᠤᠯᠭ᠎ᠠ ᠵᠢᠨ ᠦᠨᠡᠮᠯᠡᠯ᠂ ᠪᠣᠯᠪᠠᠰᠤᠷᠠᠭᠤᠯᠤᠯ᠎ᠤᠨ ᠦᠨᠡᠮᠯᠡᠯ᠂ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠤᠨ ᠦᠨᠡᠮᠯᠡᠯ᠎ᠢ ᠤᠯᠤᠰ᠎ᠤᠨ ᠬᠤᠯᠪᠤᠭᠳᠠᠬᠤ ᠲᠣᠭᠲᠠᠭ᠋ᠠᠯ ᠶᠣᠰᠤ᠎ᠪᠠᠷ ᠰᠤᠷᠭ᠋ᠠᠨ ᠬᠥᠮᠦᠵᠢᠯ ᠬᠦᠷᠳᠡᠭᠴᠢ ᠵᠢᠨ ᠠᠵᠢᠯ ᠡᠷᠬᠢᠯᠡᠬᠦ á ­á ¡á ·á ¡á ´á ¢ ᠪᠠᠷᠢᠮᠲᠠ ᠪᠣᠯᠭ᠋ᠠᠨ᠎ᠠ᠃ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ ᠭᠦᠷᠲᠡᠵᠦ ᠣᠯᠤᠭᠰᠠᠨ ᠠᠵᠢᠯ᠎ᠤᠨ ᠮᠡᠷᠭᠡᠵᠢᠯ ᠴᠢᠳᠠᠪᠤᠷᠢ ᠵᠢᠨ ᠳᠡᠰ᠎ᠤᠨ ᠦᠨᠡᠮᠯᠡᠯ᠂ ᠪᠣᠯᠪᠠᠰᠤᠷᠠᠭᠤᠯᠤᠯ᠎ᠤᠨ ᠦᠨᠡᠮᠯᠡᠯ ᠵᠡᠷᠭᠡ ᠰᠤᠷᠤᠯᠴᠠᠭᠰᠠᠨ ᠦᠷ᠎ᠡ ᠪᠦᠲᠦᠭᠡᠯ᠎ᠢ ᠠᠵᠢᠯ ᠮᠡᠷᠭᠡᠵᠢᠯ᠎ᠤᠨ ᠰᠤᠷᠭ᠋ᠠᠭᠤᠯᠢ᠎ᠪᠠᠷ ᠭᠡᠷᠡᠴᠢᠯᠡᠭᠦᠯᠵᠦ ᠬᠠᠷᠠᠭ᠋ᠠᠯᠵᠠᠭᠰᠠᠨ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠬᠤᠪᠢ ᠪᠣᠯᠭ᠋ᠠᠨ ᠬᠤᠪᠢᠷᠠᠭᠤᠯᠵᠤ ᠪᠣᠯᠤᠨ᠎ᠠ; ᠬᠠᠷᠠᠭ᠋ᠠᠯᠵᠠᠭᠰᠠᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠯᠭ᠎ᠠ ᠵᠢᠨ ᠱᠠᠭ᠋ᠠᠷᠳᠠᠯᠭ᠎ᠠ᠎ᠳᠤ ᠬᠦᠷᠦᠭᠰᠡᠨ ᠪᠣᠯ ᠬᠠᠷᠠᠭ᠋ᠠᠯᠵᠠᠭᠰᠠᠨ ᠰᠤᠷᠤᠯᠭ᠎ᠠ ᠵᠢᠨ ᠦᠨᠡᠮᠯᠡᠯ ᠣᠯᠵᠤ ᠪᠣᠯᠤᠨ᠎ᠠ᠃ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠂ ᠰᠤᠷᠤᠯᠭ᠎ᠠ ᠵᠢᠨ ᠬᠢᠷᠢ ᠬᠡᠮᠵᠢᠶ᠎ᠡ᠎ᠨᠢ ᠤᠯᠤᠰ᠎ᠠᠴᠠ ᠲᠣᠭᠲᠠᠭ᠋ᠠᠭᠰᠠᠨ ᠡᠷᠳᠡᠮ᠎ᠤᠨ ᠴᠣᠯᠠ ᠵᠢᠨ ᠪᠠᠷᠢᠮᠵᠢᠶ᠎ᠠ᠎ᠳᠤ ᠬᠦᠷᠦᠭᠰᠡᠨ ᠪᠣᠯ ᠬᠠᠤᠯᠢ ᠶᠣᠰᠤ᠎ᠪᠠᠷ ᠬᠠᠷᠠᠭ᠋ᠠᠯᠵᠠᠭᠰᠠᠨ ᠡᠷᠳᠡᠮ᠎ᠤᠨ ᠴᠣᠯᠠ ᠭᠤᠶᠤᠴᠢᠯᠠᠵᠤ ᠪᠣᠯᠤᠨ᠎ᠠ᠃
    ᠲᠡᠪᠢᠠ ᠬᠤᠶᠠᠳᠤᠭ᠋ᠠᠷ ᠵᠦᠢ᠍ᠯ ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢᠳ᠎ᠢ ᠱᠠᠩᠨᠠᠨ ᠬᠥᠬᠢᠭᠦᠯᠬᠦ ᠪᠠ ᠳᠡᠳᠬᠦᠨ ᠲᠤᠰᠠᠯᠠᠬᠤ ᠲᠦᠷᠢᠮ᠎ᠢ ᠪᠠᠶ᠋ᠢᠭᠤᠯᠵᠤ᠂ ᠣᠨᠴᠠᠭ᠋ᠠᠢ ᠰᠢᠯᠢᠳᠡᠭ ᠰᠤᠷᠤᠭᠴᠢ ᠵᠢ ᠱᠠᠩᠨᠠᠨ ᠬᠥᠬᠢᠭᠦᠯᠵᠦ᠂ ᠠᠵᠤ ᠠᠬᠤᠢ ᠵᠢᠨ ᠲᠠᠯ᠎ᠠ᠎ᠪᠠᠷ ᠬᠦᠴᠢᠷᠳᠡᠯᠲᠡᠢ ᠰᠤᠷᠤᠭᠴᠢ ᠵᠢ ᠳᠡᠳᠬᠦᠨ ᠲᠤᠰᠠᠯᠠᠬᠤ ᠵᠢᠨ ᠬᠠᠮᠲᠤ ᠪᠡᠷᠬᠡ ᠬᠠᠲᠠᠭᠤᠵᠢᠯᠲᠠᠢ᠂ ᠣᠨᠴᠠᠭ᠋ᠠᠢ ᠠᠵᠢᠯ ᠲᠦᠷᠦᠯ ᠵᠡᠷᠭᠡ ᠲᠤᠰᠬᠠᠢ ᠮᠡᠷᠭᠡᠵᠢᠯ᠎ᠤᠨ ᠰᠤᠷᠤᠭᠴᠢ᠎ᠳᠤ ᠵᠣᠬᠢᠰᠲᠠᠢ᠎ᠪᠠᠷ ᠬᠡᠯᠪᠠᠶ᠋ᠢᠯᠭᠡᠨ᠎ᠡ᠃ ᠤᠯᠤᠰ᠎ᠠᠴᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠎ᠢ ᠦᠨᠳᠦᠰᠦᠯᠡᠨ ᠱᠠᠩᠨᠠᠬᠤ ᠪᠠ ᠳᠡᠳᠬᠦᠨ ᠲᠤᠰᠠᠯᠠᠬᠤ ᠪᠠᠷᠢᠮᠵᠢᠶ᠎ᠠ᠎ᠳᠤ ᠳᠠᠷᠤᠢ᠎ᠳᠤ᠎ᠨᠢ ᠲᠣᠬᠢᠷᠠᠭᠤᠯᠤᠨ᠎ᠠ᠃
    ᠤᠯᠤᠰ᠎ᠠᠴᠠ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠴᠢ á  á ·á  á ³ ᠢᠷᠭᠡᠨ ᠬᠤᠪᠢ ᠬᠥᠮᠦᠨ᠎ᠤ ᠤᠯᠤᠰ᠎ᠤᠨ ᠬᠤᠯᠪᠤᠭᠳᠠᠬᠤ ᠲᠣᠭᠲᠠᠭ᠋ᠠᠯ ᠶᠣᠰᠤ᠎ᠪᠠᠷ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ᠂ ᠰᠤᠷᠤᠯᠭ᠎ᠠ ᠵᠢᠨ ᠲᠡᠳᠬᠦᠮᠵᠢ ᠵᠢᠨ ᠮᠥᠩᠭᠦ ᠵᠢ ᠪᠠᠶ᠋ᠢᠭᠤᠯᠵᠤ᠂ ᠰᠢᠯᠢᠳᠡᠭ ᠰᠤᠷᠤᠭᠴᠢ ᠵᠢ ᠱᠠᠩᠨᠠᠨ ᠬᠥᠬᠢᠭᠦᠯᠵᠦ᠂ ᠠᠵᠤ ᠠᠬᠤᠢ᠎ᠨᠢ ᠬᠦᠴᠢᠷᠳᠡᠯᠲᠡᠢ ᠰᠤᠷᠤᠭᠴᠢ ᠵᠢ ᠳᠡᠳᠬᠦᠨ ᠲᠤᠰᠠᠯᠠᠬᠤ ᠵᠢ ᠳᠡᠮᠵᠢᠨ᠎ᠡ᠃
    ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ᠎ᠬᠢᠨ ᠤᠯᠤᠰ᠎ᠤᠨ ᠬᠤᠯᠪᠤᠭᠳᠠᠬᠤ ᠲᠣᠭᠲᠠᠭ᠋ᠠᠯ ᠶᠣᠰᠤ᠎ᠪᠠᠷ ᠠᠵᠢᠯ ᠦᠢ᠍ᠯᠡᠰ᠎ᠤᠨ ᠣᠷᠣᠯᠭ᠎ᠠ ᠪᠤᠶᠤ ᠰᠤᠷᠤᠯᠭ᠎ᠠ ᠵᠢᠨ ᠰᠦᠢ᠍ᠳᠬᠡᠯ᠎ᠤᠨ ᠣᠷᠣᠯᠭ᠎ᠠ ᠵᠢᠨ ᠳᠣᠲᠣᠷ᠎ᠠ᠎ᠠᠴᠠ ᠵᠣᠬᠢᠬᠤ ᠬᠠᠷᠢᠴᠠᠯ ᠵᠶ᠋ᠠᠷ ᠪᠡᠯᠡ ᠮᠥᠩᠭᠦ ᠭᠠᠷᠭ᠋ᠠᠵᠤ᠂ ᠰᠤᠷᠤᠭᠴᠢ ᠵᠢ ᠱᠠᠩᠨᠠᠬᠤ ᠪᠠ ᠲᠤᠰᠠᠯᠠᠬᠤ᠎ᠳᠤ ᠬᠡᠷᠡᠭᠯᠡᠨ᠎ᠡ᠃
    ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠤᠯᠪᠤᠭᠳᠠᠬᠤ ᠰᠠᠯᠠᠭ᠎ᠠ ᠮᠥᠴᠢᠷ᠎ᠤᠨ᠎ᠬᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠳᠡᠳᠬᠦᠨ ᠲᠤᠰᠠᠯᠠᠬᠤ ᠪᠡᠯᠡ ᠮᠥᠩᠭᠦᠨ᠎ᠤ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠳᠡᠳᠬᠦᠨ ᠲᠤᠰᠠᠯᠠᠬᠤ ᠪᠡᠯᠡ ᠮᠥᠩᠭᠦᠨ᠎ᠤ ᠬᠠᠮᠢᠶᠠᠷᠤᠯᠲᠠ ᠪᠠ ᠬᠡᠷᠡᠭᠯᠡᠯᠲᠡ ᠵᠢ ᠳᠦᠷᠢᠮᠵᠢᠭᠦᠯᠦᠨ᠎ᠡ᠃
    ᠲᠠᠪᠢᠨ ᠭᠤᠷᠪᠠᠳᠤᠭ᠋ᠠᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢ ᠰᠤᠷᠭ᠋ᠠᠭᠤᠯᠢ ᠳᠡᠪᠰᠢᠬᠦ᠂ ᠠᠵᠢᠯ ᠣᠯᠬᠤ᠂ ᠠᠵᠢᠯ ᠮᠡᠷᠭᠡᠵᠢᠯ᠎ᠤᠨ ᠬᠥᠭᠵᠢᠯᠲᠡ ᠵᠡᠷᠭᠡ ᠲᠠᠯ᠎ᠠ᠎ᠪᠠᠷ ᠠᠳᠠᠯᠢ ᠳᠡᠰ᠎ᠤᠨ ᠡᠩ᠎ᠤᠨ ᠰᠤᠷᠭ᠋ᠠᠭᠤᠯᠢ ᠵᠢᠨ ᠰᠤᠷᠤᠭᠴᠢ᠎ᠲᠠᠢ ᠠᠳᠠᠯᠢ ᠲᠡᠭᠰᠢ ᠲᠣᠬᠢᠶᠠᠯ᠎ᠲᠠᠢ᠃
    ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠬᠦ ᠡᠩ᠎ᠤᠨ ᠳᠡᠭᠡᠳᠦ ᠰᠤᠷᠭ᠋ᠠᠭᠤᠯᠢ ᠰᠤᠷᠤᠭᠴᠢ ᠡᠯᠰᠡᠬᠦ ᠲᠥᠯᠥᠪᠯᠡᠭᠡ᠎ᠳᠤ᠎ᠪᠠᠨ ᠵᠣᠬᠢᠬᠤ ᠬᠠᠷᠢᠴᠠᠯ ᠲᠣᠭᠲᠠᠭ᠋ᠠᠬᠤ ᠪᠤᠶᠤ ᠲᠤᠰᠠᠭ᠋ᠠᠷ ᠰᠢᠯᠭ᠋ᠠᠬᠤ á  á ·á ­á Žá   ᠵᠢ ᠠᠪᠴᠤ ᠠᠵᠢᠯ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠎ᠢ ᠲᠤᠰᠬᠠᠶ᠋ᠢᠯᠠᠨ ᠡᠯᠰᠡᠬᠦ ᠬᠡᠷᠡᠭᠲᠡᠢ᠃
    ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠷᠬᠡ ᠲᠡᠭᠰᠢ᠎ᠪᠠᠷ ᠠᠵᠢᠯ ᠣᠯᠭᠤᠬᠤ ᠣᠷᠴᠢᠨ ᠲᠣᠭᠤᠷᠢᠨ᠎ᠢ ᠡᠭᠦᠳᠬᠦ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠠᠵᠢᠯ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠎ᠤᠨ ᠡᠷᠬᠡ ᠲᠡᠭᠰᠢ᠎ᠪᠠᠷ ᠠᠵᠢᠯ ᠣᠯᠬᠤ᠂ ᠡᠷᠬᠡ ᠲᠡᠭᠰᠢ᠎ᠪᠠᠷ ᠥᠷᠢᠰᠥᠯᠳᠦᠬᠦ ᠵᠢ ᠬᠠᠷᠰᠢᠯᠠᠬᠤ ᠰᠢᠯᠭ᠋ᠠᠭᠤᠯᠬᠤ᠂ ᠡᠯᠰᠡᠬᠦ᠂ ᠤᠷᠢᠬᠤ ᠨᠥᠬᠦᠴᠡᠯ ᠲᠣᠬᠢᠷᠠᠭᠤᠯᠵᠤ ᠪᠣᠯᠬᠤ ᠦᠭᠡᠶ᠃ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠳ ᠮᠡᠷᠭᠡᠵᠢᠯ᠎ᠤᠨ ᠤᠷ᠎ᠠ ᠴᠢᠳᠠᠪᠤᠷᠢ ᠵᠢᠨ ᠠᠵᠢᠯ᠎ᠤᠨ ᠪᠠᠶ᠋ᠢᠷᠢ᠎ᠳᠤ ᠠᠵᠢᠯᠲᠠᠨ ᠡᠯᠰᠡᠬᠦ᠂ ᠤᠷᠢᠬᠤ᠎ᠳᠤ᠎ᠪᠠᠨ ᠮᠡᠷᠭᠡᠵᠢᠯ᠎ᠤᠨ ᠤᠷ᠎ᠠ ᠴᠢᠳᠠᠪᠤᠷᠢ ᠵᠢᠨ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠮᠡᠷᠭᠡᠵᠢᠯ᠎ᠤᠨ ᠤᠷ᠎ᠠ ᠴᠢᠳᠠᠪᠤᠷᠢ ᠵᠢᠨ ᠬᠢᠷᠢ ᠬᠡᠮᠵᠢᠶ᠎ᠡ ᠵᠢ ᠡᠯᠰᠡᠬᠦ᠂ ᠤᠷᠢᠬᠤ ᠵᠢᠨ ᠴᠢᠬᠤᠯᠠ ᠨᠥᠬᠦᠴᠡᠯ ᠪᠣᠯᠭ᠋ᠠᠬᠤ ᠬᠡᠷᠡᠭᠲᠡᠢ᠃ ᠠᠵᠢᠯ ᠦᠢ᠍ᠯᠡᠰ᠎ᠤᠨ ᠨᠢᠭᠡᠴᠢ᠎ᠠᠴᠠ ᠢᠯᠡ᠎ᠪᠠᠷ ᠠᠵᠢᠯᠲᠠᠨ ᠡᠯᠰᠡᠬᠦ ᠶᠠᠪᠤᠴᠠ᠎ᠳᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠤᠨ ᠱᠠᠭ᠋ᠠᠷᠳᠠᠯᠭ᠎ᠠ᠎ᠲᠠᠢ ᠠᠵᠢᠯ᠎ᠤᠨ ᠪᠠᠶ᠋ᠢᠷᠢ᠎ᠳᠤ ᠰᠤᠷᠤᠯᠭ᠎ᠠ ᠵᠢᠨ ᠨᠠᠮᠲᠠᠷ᠎ᠤᠨ ᠱᠠᠭ᠋ᠠᠷᠳᠠᠯᠭ᠎ᠠ ᠵᠢ ᠵᠣᠬᠢᠬᠤ ᠬᠡᠮᠵᠢᠶ᠎ᠡ᠎ᠪᠠᠷ ᠪᠠᠭᠤᠷᠠᠭᠤᠯᠵᠤ ᠪᠣᠯᠤᠨ᠎ᠠ᠃

           ᠵᠢᠷᠭᠤᠳᠤᠭ᠋ᠠᠷ ᠪᠦᠯᠦᠭ   ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠲᠤᠯᠠᠭ᠎ᠠ

    ᠲᠠᠪᠢᠨ ᠳᠥᠷᠪᠡᠳᠦᠭᠡᠷ ᠵᠦᠢ᠍ᠯ ᠤᠯᠤᠰ᠎ᠠᠴᠠ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠡᠯᠡ ᠣᠷᠣᠭᠤᠯᠤᠯᠲᠠ ᠵᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠬᠡᠷᠡᠭᠴᠡᠭᠡ᠎ᠲᠠᠢ ᠵᠣᠬᠢᠴᠠᠭᠤᠯᠵᠤ᠂ ᠣᠯᠠᠨ ᠵᠦᠢ᠍ᠯ᠎ᠤᠨ á  á ·á ­á Žá   ᠵᠠᠮ ᠵᠶ᠋ᠠᠷ ᠳᠠᠮᠵᠢᠭᠤᠯᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠥᠭᠵᠢᠭᠦᠯᠬᠦ ᠪᠡᠯᠡ ᠮᠥᠩᠭᠦ ᠵᠢ ᠬᠠᠤᠯᠢ ᠶᠣᠰᠤ᠎ᠪᠠᠷ ᠴᠤᠭᠯᠠᠭᠤᠯᠬᠤ ᠵᠢ ᠵᠣᠷᠢᠭᠵᠢᠭᠤᠯᠤᠨ᠎ᠠ᠃
    ᠲᠠᠪᠢᠨ ᠲᠠᠪᠤᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠠᠵᠢᠯ᠎ᠤᠨ ᠡᠷᠬᠡ ᠪᠣᠯᠤᠨ ᠵᠠᠷᠤᠯᠭ᠎ᠠ ᠵᠢᠨ ᠬᠠᠷᠢᠭᠤᠴᠠᠯᠭ᠎ᠠ᠎ᠪᠠᠨ ᠬᠠᠷᠢᠯᠴᠠᠨ ᠲᠣᠬᠢᠷᠠᠭᠤᠯᠬᠤ ᠵᠠᠷᠴᠢᠮ ᠶᠣᠰᠤ᠎ᠪᠠᠷ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠬᠢᠯᠡᠬᠦ ᠬᠡᠪᠴᠢᠶ᠎ᠡ᠂ ᠬᠥᠮᠦᠵᠢᠭᠦᠯᠬᠦ ᠥᠪᠡᠷ᠎ᠤᠨ ᠥᠷᠲᠡᠭ ᠪᠣᠯᠤᠨ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ ᠵᠡᠷᠭᠡ ᠵᠢ ᠦᠨᠳᠦᠰᠦᠯᠡᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠢ ᠨᠠᠶ᠋ᠢᠳᠠᠪᠤᠷᠢᠵᠢᠭᠤᠯᠬᠤ ᠵᠢᠨ ᠬᠠᠮᠲᠤ ᠲᠥᠰᠦᠪ᠎ᠤᠨ ᠬᠢᠷᠢ ᠪᠦᠲᠦᠮᠵᠢ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠡᠯᠡ ᠮᠥᠩᠭᠦ ᠬᠡᠷᠡᠭᠯᠡᠬᠦ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠶ᠃
    ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠲᠤᠰ ᠭᠠᠵᠠᠷ ᠣᠷᠣᠨ᠎ᠤ᠎ᠪᠠᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢ ᠨᠢᠭᠡ ᠪᠦᠷᠢ ᠵᠢᠨ ᠳᠤᠮᠳᠠᠴᠢ ᠵᠠᠷᠤᠳᠠᠯ᠎ᠤᠨ ᠪᠠᠷᠢᠮᠵᠢᠶ᠎ᠠ ᠪᠤᠶᠤ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠪᠠᠷᠢᠮᠵᠢᠶ᠎ᠠ ᠵᠢ ᠲᠣᠭᠲᠠᠭ᠋ᠠᠬᠤ ᠬᠡᠷᠡᠭᠲᠡᠶ᠃ ᠠᠵᠢᠯ ᠮᠡᠷᠭᠡᠵᠢᠯ᠎ᠤᠨ ᠰᠤᠷᠭ᠋ᠠᠭᠤᠯᠢ ᠡᠷᠬᠢᠯᠡᠭᠰᠡᠳ ᠰᠤᠷᠤᠭᠴᠢ ᠨᠢᠭᠡ ᠪᠦᠷᠢ ᠵᠢᠨ ᠳᠤᠮᠳᠠᠴᠢ ᠵᠠᠷᠤᠳᠠᠯ᠎ᠤᠨ ᠪᠠᠷᠢᠮᠵᠢᠶ᠎ᠠ ᠪᠤᠶᠤ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠪᠠᠷᠢᠮᠵᠢᠶ᠎ᠠ ᠶᠣᠰᠤ᠎ᠪᠠᠷ ᠵᠠᠷᠤᠳᠠᠯ᠎ᠢ ᠬᠤᠭᠤᠴᠠᠭ᠋ᠠᠨ᠎ᠳᠤ᠎ᠪᠠᠨ ᠭᠦᠢ᠍ᠴᠡᠳ ᠲᠤᠭ᠎ᠠ᠎ᠪᠠᠷ ᠰᠠᠯᠭ᠋ᠠᠨ ᠥᠭᠴᠦ᠂ ᠰᠤᠷᠭ᠋ᠠᠭᠤᠯᠢ ᠡᠷᠬᠢᠯᠡᠬᠦ ᠨᠥᠬᠦᠴᠡᠯ ᠵᠶ᠋ᠠᠨ ᠲᠠᠰᠤᠷᠠᠯᠲᠠ ᠤᠢ᠍ᠭᠡᠢ ᠰᠠᠶ᠋ᠢᠵᠢᠷᠠᠭᠤᠯᠬᠤ ᠬᠡᠷᠡᠭᠲᠡᠶ᠃ ᠰᠤᠷᠤᠯᠭ᠎ᠠ ᠵᠢᠨ ᠰᠦᠢ᠍ᠳᠬᠡᠯ᠂ ᠨᠡᠶ᠋ᠢᠭᠡᠮ᠎ᠤᠨ ᠦᠢ᠍ᠯᠡᠴᠢᠯᠡᠭᠡᠨ᠎ᠤ ᠣᠷᠣᠯᠭ᠎ᠠ᠎ᠪᠠᠷ ᠰᠤᠷᠤᠭᠴᠢ ᠵᠢᠨ ᠳᠤᠮᠳᠠᠴᠢ ᠰᠠᠯᠭ᠋ᠠᠨ ᠥᠭᠬᠦ ᠵᠣᠭᠤᠰ᠎ᠢ ᠲᠤᠯᠭ᠋ᠠᠨ ᠪᠣᠳᠣᠵᠤ ᠪᠣᠯᠬᠤ ᠦᠭᠡᠶ᠃
    ᠠᠷᠠᠳ᠎ᠠᠴᠠ ᠡᠷᠬᠢᠯᠡᠭᠰᠡᠨ ᠠᠵᠢᠯ ᠮᠡᠷᠭᠡᠵᠢᠯ᠎ᠤᠨ ᠰᠤᠷᠭ᠋ᠠᠭᠤᠯᠢ ᠡᠷᠬᠢᠯᠡᠭᠰᠡᠳ ᠠᠳᠠᠯᠢ ᠳᠡᠰ᠎ᠤᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢ ᠨᠢᠭᠡ ᠪᠦᠷᠢ ᠵᠢᠨ ᠳᠤᠮᠳᠠᠴᠢ ᠵᠠᠷᠤᠳᠠᠯ᠎ᠤᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ᠂ ᠣᠯᠠᠨ ᠵᠦᠢ᠍ᠯ᠎ᠤᠨ á  á ·á ­á Žá   ᠵᠠᠮ ᠵᠶ᠋ᠠᠷ ᠳᠠᠮᠵᠢᠭᠤᠯᠤᠨ ᠵᠠᠷᠤᠳᠠᠯ ᠴᠤᠭᠯᠠᠭᠤᠯᠬᠤ ᠬᠡᠷᠡᠭᠲᠡᠶ᠃
    ᠡᠳ᠋᠎ᠤᠨ ᠵᠠᠰᠠᠭ᠎ᠤᠨ ᠲᠤᠰᠬᠠᠶ ᠵᠦᠢ᠍ᠯ ᠵᠶ᠋ᠠᠷ ᠲᠣᠬᠢᠷᠠᠭᠤᠯᠤᠭᠰᠠᠨ᠂ ᠨᠡᠶ᠋ᠢᠭᠡᠮ᠎ᠤᠨ᠎ᠬᠢᠨ᠎ᠤ ᠲᠤᠰᠠᠯᠠᠨ ᠬᠦᠷᠭᠡᠭᠰᠡᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠳᠤ ᠬᠡᠷᠡᠭᠯᠡᠬᠦ᠎ᠪᠠᠷ ᠳᠣᠭᠲᠠᠭ᠋ᠠᠭᠰᠠᠨ ᠵᠠᠷᠤᠳᠠᠯ᠎ᠢ ᠶᠠᠮᠠᠷᠪᠠ ᠵᠣᠬᠢᠶᠠᠨ ᠪᠠᠶ᠋ᠢᠭᠤᠯᠤᠯᠲᠠ ᠪᠣᠯᠤᠨ ᠬᠤᠪᠢ ᠬᠥᠮᠦᠨ ᠨᠡᠭᠦᠯᠭᠡᠨ ᠬᠡᠷᠡᠭᠯᠡᠬᠦ ᠪᠠ ᠳᠠᠷᠤᠵᠤ ᠦᠯᠡᠳᠡᠭᠡᠵᠦ ᠪᠣᠯᠬᠤ ᠦᠭᠡᠶ᠃
    ᠲᠠᠪᠢᠨ ᠵᠢᠷᠭᠤᠳᠤᠭ᠋ᠠᠷ ᠵᠦᠢ᠍ᠯ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠣᠷᠣᠨ ᠨᠤᠲᠤᠭ᠎ᠤᠨ ᠰᠤᠷᠭ᠋ᠠᠨ ᠬᠥᠮᠦᠵᠢᠯ᠎ᠤᠨ ᠨᠡᠮᠡᠯᠲᠡ ᠵᠡᠷᠭᠡ ᠵᠠᠷᠤᠳᠠᠯ᠎ᠢ ᠲᠤᠬᠢᠷᠠᠭᠤᠯᠬᠤ᠎ᠳᠤ᠎ᠪᠠᠨ ᠲᠡᠭᠦᠨ᠎ᠤ ᠳᠣᠲᠣᠷᠠᠬᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠳᠤ ᠬᠡᠷᠡᠭᠯᠡᠵᠦ ᠪᠣᠯᠬᠤ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠨ ᠬᠡᠷᠡᠭᠯᠡᠬᠦ ᠬᠡᠷᠡᠭᠲᠡᠢ; ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠠᠭᠤᠷᠢ ᠮᠥᠩᠭᠦᠨ᠎ᠤ ᠦᠢ᠍ᠯᠡᠳᠦᠯ᠎ᠢ ᠪᠠᠳᠠᠷᠠᠭᠤᠯᠵᠤ᠂ ᠠᠵᠢᠯᠳᠠᠨ ᠠᠵᠢᠯᠴᠢᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠲᠡᠮᠵᠢᠨ᠎ᠠ᠃
    ᠲᠠᠪᠢᠨ ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠥᠳᠡᠭᠡ ᠲᠣᠰᠬᠤᠨ᠎ᠳᠤ ᠬᠠᠨᠳᠤᠭᠤᠯᠤᠭᠰᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠡᠯᠡ ᠣᠷᠣᠭᠤᠯᠤᠯᠲᠠ᠎ᠪᠠᠨ ᠨᠡᠮᠡᠭᠳᠡᠭᠦᠯᠵᠦ᠂ ᠬᠥᠳᠡᠭᠡ ᠲᠣᠰᠬᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠭᠡᠭᠡᠯᠲᠡ᠂ ᠮᠡᠷᠭᠡᠵᠢᠯ᠎ᠤᠨ ᠳᠡᠯᠭᠡᠷᠡᠭᠦᠯᠦᠯᠲᠡ ᠵᠢᠨ ᠵᠠᠷᠤᠳᠠᠯ᠎ᠢ ᠬᠥᠳᠡᠭᠡ ᠲᠣᠰᠬᠤᠨ᠎ᠤ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠳᠤ ᠵᠣᠬᠢᠰᠲᠠᠢ ᠬᠡᠷᠡᠭᠯᠡᠵᠦ ᠪᠣᠯᠤᠨ᠎ᠠ᠃
    ᠲᠡᠪᠢᠠ ᠨᠠᠢ᠍ᠮᠠᠳᠤᠭ᠋ᠠᠷ ᠵᠦᠢ᠍ᠯ ᠠᠵᠤ ᠠᠬᠤᠶ᠋ᠢᠯᠠᠯ ᠡᠷᠬᠡᠪᠰᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠣᠭᠲᠠᠭ᠋ᠠᠭᠰᠠᠨ ᠪᠠᠷᠢᠮᠵᠢᠶ᠎ᠠ ᠵᠢ ᠦᠨᠳᠦᠰᠦᠯᠡᠨ᠂ ᠠᠵᠢᠯᠳᠡᠠ ᠠᠵᠢᠯᠴᠢᠨ᠎ᠤ ᠴᠠᠯᠢᠩ᠎ᠤᠨ ᠪᠦᠬᠦ ᠲᠣᠭ᠋ᠠᠨ᠎ᠤ ᠵᠣᠬᠢᠬᠤ ᠬᠠᠷᠢᠴᠠᠯ ᠵᠶ᠋ᠠᠷ ᠠᠵᠢᠯᠳᠡᠠ ᠠᠵᠢᠯᠴᠢᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ á ­á  á ·á ­á ‹á  á ¨ ᠠᠪᠴᠤ ᠬᠡᠷᠡᠭᠯᠡᠨ᠎ᠡ᠃ ᠠᠵᠢᠯᠲᠠᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ ᠵᠢ ᠡᠷᠬᠢᠯᠡᠬᠦ᠂ ᠲᠤᠰ ᠨᠢᠭᠡᠴᠢ ᠵᠢᠨ ᠵᠶ᠋ᠠᠨ ᠠᠵᠢᠯᠲᠠᠨ ᠠᠵᠢᠯᠴᠢᠨ ᠪᠣᠯᠤᠨ ᠡᠯᠰᠡᠬᠦ᠎ᠪᠠᠷ ᠪᠠᠶ᠋ᠢᠭ᠎ᠠ ᠬᠥᠮᠦᠰ ᠎ᠲᠤ ᠠᠵᠢᠯ ᠮᠡᠷᠭᠡᠵᠢᠯ᠎ᠤᠨ ᠬᠥᠮᠦᠵᠢᠯ᠎ᠢ ᠥᠷᠨᠢᠭᠦᠯᠬᠦ ᠵᠡᠷᠭᠡ ᠵᠦᠢ ᠵᠣᠬᠢᠰᠲᠠᠶ ᠵᠦᠢ᠍ᠯ᠎ᠳᠤ ᠬᠡᠷᠡᠭᠯᠡᠵᠦ ᠪᠣᠯᠤᠨ᠎ᠠ᠂ ᠡᠭᠦᠨ᠎ᠳᠤ ᠠᠵᠤ ᠠᠬᠤᠶ᠋ᠢᠯᠠᠯ᠎ᠤᠨ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠳᠤ ᠬᠡᠷᠡᠭᠯᠡᠬᠦ ᠵᠠᠷᠤᠳᠠᠯ᠎ᠢ ᠤᠯᠤᠰ᠎ᠠᠴᠠ ᠲᠣᠭᠲᠠᠭ᠋ᠠᠭᠰᠠᠨ ᠬᠠᠷᠢᠴᠠᠯ᠎ᠳᠤ ᠬᠦᠷᠦᠭᠦᠯᠬᠦ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠠᠵᠢᠯᠲᠠᠨ ᠠᠵᠢᠯᠴᠢᠨ᠎ᠢ ᠠᠵᠢᠯ ᠮᠡᠷᠭᠡᠵᠢᠯ᠎ᠤᠨ ᠰᠤᠷᠭ᠋ᠠᠭᠤᠯᠢ ᠪᠤᠶᠤ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠳᠤ ᠲᠣᠬᠢᠷᠠᠭᠤᠯᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠬᠦᠷᠲᠡᠭᠡᠪᠡᠯ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠬᠦᠷᠲᠡᠵᠦ ᠪᠠᠶ᠋ᠢᠭ᠎ᠠ ᠬᠤᠭᠤᠴᠠᠭ᠋ᠠᠨ᠎ᠳᠤ ᠬᠠᠤᠯᠢ ᠶᠣᠰᠤ᠎ᠪᠠᠷ ᠴᠠᠯᠢᠩ ᠣᠯᠭᠤᠵᠤ᠂ ᠬᠠᠮᠢᠶ᠎ᠠ ᠪᠦᠬᠦᠢ ᠣᠯᠭᠤᠮᠵᠢ ᠵᠢ ᠪᠠᠲᠤᠯᠠᠬᠤ ᠬᠡᠷᠡᠭᠲᠡᠶ᠃
    ᠠᠵᠤ ᠠᠬᠤᠶ᠋ᠢᠯᠠᠯ᠎ᠨᠢ ᠦᠢ᠍ᠯᠡᠳᠪᠦᠷᠢᠯᠡᠯ ᠪᠣᠯᠤᠨ ᠵᠢᠭ᠋ᠠᠨ ᠰᠤᠷᠭ᠋ᠠᠯᠲᠠ ᠵᠢᠨ ᠴᠢᠳᠠᠮᠵᠢ᠎ᠲᠠᠢ ᠠᠵᠤ ᠦᠢ᠍ᠯᠡᠰ ᠪᠣᠯᠤᠨ ᠵᠢᠭ᠋ᠠᠨ ᠰᠤᠷᠭ᠋ᠠᠯᠲᠠ ᠵᠢ ᠠᠭᠤᠰᠬᠠᠭᠰᠠᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ ᠪᠠᠶ᠋ᠢᠭᠤᠯᠤᠭᠰᠠᠨ᠎ᠠᠴᠠ ᠪᠣᠢ ᠪᠣᠯᠤᠭᠰᠠᠨ ᠵᠠᠷᠤᠳᠠᠯ᠎ᠢ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠵᠣᠬᠢᠬᠤ ᠬᠡᠷᠡᠭᠯᠡᠬᠦ ᠭᠠᠵᠠᠷ᠂ ᠨᠡᠶ᠋ᠢᠲᠡ ᠵᠢᠨ ᠬᠡᠷᠡᠭᠯᠡᠭᠡᠨ᠎ᠤ ᠠᠵᠢᠯ ᠦᠢ᠍ᠯᠡᠰ᠎ᠤᠨ ᠵᠠᠷᠤᠳᠠᠯ ᠵᠡᠷᠭᠡ ᠵᠢᠨ ᠬᠠᠷᠠᠭ᠋ᠠᠯᠵᠠᠯ ᠵᠶ᠋ᠠᠷ ᠯᠠᠪᠯᠠᠯᠲᠠ ᠪᠣᠯᠭ᠋ᠠᠵᠤ ᠪᠣᠯᠤᠨ᠎ᠠ᠃
    ᠲᠠᠪᠢ ᠶᠢᠰᠦᠳᠦᠭᠡᠷ ᠵᠦᠢ᠍ᠯ ᠤᠯᠤᠰ᠎ᠠᠴᠠ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ᠎ᠬᠢᠨ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠬᠤ᠎ᠪᠠᠷ ᠳᠠᠮᠵᠢᠭᠤᠯᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠳᠡᠮᠵᠢᠬᠦ ᠵᠢ ᠵᠣᠷᠢᠭᠵᠢᠭᠤᠯᠤᠨ᠎ᠠ᠃
    ᠵᠢᠷᠠᠳᠤᠭ᠋ᠠᠷ ᠵᠦᠢ᠍ᠯ ᠤᠯᠤᠰ᠎ᠠᠴᠠ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠴᠢ á  á ·á  á ³ ᠢᠷᠭᠡᠨ ᠬᠤᠪᠢ ᠬᠥᠮᠦᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢ ᠳᠡᠳᠬᠦᠨ ᠲᠤᠰᠠᠯᠠᠬᠤ ᠵᠢ ᠵᠣᠷᠢᠭᠵᠢᠭᠤᠯᠵᠤ᠂ ᠬᠢᠯᠢ ᠵᠢᠨ ᠭᠠᠳᠠᠨᠠᠬᠢ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠡᠳ᠋ ᠮᠥᠩᠭᠦ᠎ᠪᠠᠷ ᠳᠡᠳᠬᠦᠨ ᠲᠤᠰᠠᠯᠠᠬᠤ ᠪᠠ ᠪᠡᠯᠡᠭᠯᠡᠨ ᠬᠦᠷᠭᠡᠬᠦ ᠵᠢ ᠵᠣᠷᠢᠭᠵᠢᠭᠤᠯᠤᠨ᠎ᠠ᠃ ᠬᠠᠩᠭ᠋ᠠᠭᠰᠠᠨ ᠳᠡᠳᠬᠦᠮᠵᠢ ᠪᠠ ᠬᠦᠷᠭᠡᠯᠲᠡ ᠵᠢ ᠡᠷᠬᠡᠪᠰᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠳᠤ ᠬᠡᠷᠡᠭᠯᠡᠬᠦ ᠬᠡᠷᠡᠭᠲᠡᠶ᠃
    ᠵᠢᠷᠠᠨ ᠨᠢᠭᠡᠳᠦᠭᠡᠷ ᠵᠦᠢ᠍ᠯ ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠂ ᠵᠢᠭ᠋ᠠᠬᠤ ᠮᠠᠲ᠋ᠧᠷᠢᠶᠠᠯ ᠪᠠ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠨᠡᠭᠡᠭᠡᠨ ᠬᠥᠭᠵᠢᠭᠦᠯᠦᠯᠲᠡ ᠥᠷᠨᠢᠭᠦᠯᠬᠦ ᠵᠢ ᠵᠣᠷᠢᠭᠵᠢᠭᠤᠯᠤᠨ ᠳᠡᠮᠵᠢᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠣᠷᠣᠨ ᠪᠦᠰᠡ ᠠᠯᠤᠰᠯᠠᠨ᠂ ᠠᠵᠢᠯ ᠲᠦᠷᠦᠯ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠢ ᠠᠬᠢᠭᠤᠯᠤᠨ᠎ᠠ᠃
    ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠨᠴᠠᠯᠢᠭ ᠪᠠ ᠴᠢᠳᠠᠮᠵᠢ ᠵᠢ ᠲᠤᠰᠬᠠᠬᠤ ᠮᠡᠳᠡᠭᠡ ᠵᠠᠩᠭᠢ ᠵᠢᠨ   ᠪᠦᠷᠢᠳᠬᠡᠯ   ᠪᠠ   ᠬᠠᠮᠢᠶᠠᠷᠤᠯᠲᠠ   ᠵᠢᠨ ᠳᠣᠭᠲᠠᠯᠴᠠᠭ᠎ᠠ ᠵᠢ   ᠠᠯᠬᠤᠮ   ᠠᠯᠬᠤᠮ ᠵᠶ᠋ᠠᠷ ᠪᠠᠶ᠋ᠢᠭᠤᠯᠤᠨ᠎ᠠ᠃
    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠤᠯᠪᠤᠭᠳᠠᠬᠤ ᠰᠠᠯᠠᠭ᠎ᠠ ᠮᠥᠴᠢᠷ᠎ᠤᠨ᠎ᠬᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡ ᠪᠠ ᠪᠠᠲᠤᠯᠠᠭ᠋ᠠᠨ᠎ᠤ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠠᠵᠢᠯᠴᠢᠨ᠎ᠤ ᠡᠪᠯᠡᠯ ᠵᠡᠷᠭᠡ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ᠂ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ᠂ ᠰᠤᠷᠭ᠋ᠠᠭᠤᠯᠢ ᠵᠡᠷᠭᠡ ᠵᠢ ᠵᠣᠬᠢᠶᠠᠨ ᠪᠠᠶ᠋ᠢᠭᠤᠯᠤᠨ ᠬᠥᠳᠥᠯᠥᠨ ᠵᠢᠯᠣᠭᠤᠳᠴᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠳᠤᠯᠭ᠋ᠠᠨ᠂ ᠤᠬᠠᠭᠤᠯᠤᠨ ᠳᠡᠯᠭᠡᠷᠡᠭᠦᠯᠬᠦ᠂ ᠴᠢᠳᠠᠪᠤᠷᠢᠲᠠᠨ᠎ᠤ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠵᠡᠷᠭᠡ ᠠᠵᠢᠯᠯᠠᠭ᠎ᠠ ᠵᠢ ᠥᠷᠨᠢᠭᠦᠯᠬᠦ ᠬᠡᠷᠡᠭᠲᠡᠢ᠃
    ᠵᠢᠷᠠᠨ ᠬᠤᠶᠠᠳᠤᠭ᠋ᠠᠷ ᠵᠦᠢ᠍ᠯ ᠰᠣᠨᠢᠨ ᠮᠡᠳᠡᠭᠡᠨ᠎ᠤ ᠵᠠᠭᠤᠴᠢᠯᠠᠭᠤᠷ ᠪᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠤᠯᠪᠤᠭᠳᠠᠬᠤ ᠲᠠᠯ᠎ᠠ ᠵᠢᠨ᠎ᠬᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢ ᠢᠳᠡᠪᠬᠢᠲᠡᠢ ᠥᠷᠨᠢᠭᠦᠯᠵᠦ᠂ ᠮᠡᠷᠭᠡᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠤ ᠦᠰᠦᠨ ᠪᠤᠶ᠋ᠢᠵᠢᠵᠤ ᠴᠢᠳᠠᠪᠤᠷᠢᠲᠠᠨ ᠪᠣᠯᠤᠭᠰᠠᠨ ᠨᠡᠶ᠋ᠢᠲᠡᠯᠢᠭ ᠦᠢ᠍ᠯᠡ ᠠᠵᠢᠯᠯᠠᠭ᠎ᠠ ᠵᠢ ᠪᠠᠳᠠᠷᠠᠭᠤᠯᠵᠤ᠂ ᠬᠥᠮᠦᠨ ᠪᠣᠯᠭ᠋ᠠᠨ ᠴᠢᠳᠠᠪᠤᠷᠢᠲᠠᠨ ᠪᠣᠯᠬᠤ᠎ᠪᠠᠷ ᠴᠢᠷᠮᠠᠶ᠋ᠢᠬᠤ᠂ ᠬᠥᠮᠦᠨ ᠪᠣᠯᠭ᠋ᠠᠨ ᠴᠢᠳᠠᠪᠤᠷᠢᠲᠠᠨ ᠪᠤᠯᠵᠤ ᠪᠣᠯᠬᠤ᠂ ᠬᠥᠮᠦᠨ ᠪᠣᠯᠭ᠋ᠠᠨ ᠡᠷᠳᠡᠮ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠬᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃

               ᠳᠣᠯᠣᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ

    ᠵᠢᠷᠠᠨ ᠭᠤᠷᠪᠠᠳᠤᠭ᠋ᠠᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯᠯᠠᠭ᠋ᠠᠨ᠎ᠤ ᠶᠠᠪᠤᠴᠠ᠎ᠳᠤ       《ᠪᠦᠭᠦᠳᠡ ᠨᠠᠶ᠋ᠢᠷᠠᠮᠳᠠᠬᠤ ᠳᠤᠮᠳᠠᠳᠤ á  á ·á  á ³ ᠤᠯᠤᠰ᠎ᠤᠨ ᠰᠤᠷᠭ᠋ᠠᠨ ᠬᠥᠮᠦᠵᠢᠯ᠎ᠤᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ á  á ·á  á ³ ᠤᠯᠤᠰ᠎ᠤᠨ ᠬᠥᠳᠡᠯᠮᠦᠷᠢ ᠵᠢᠨ ᠬᠠᠤᠯᠢ》 ᠵᠡᠷᠭᠡ ᠬᠤᠯᠪᠤᠭᠳᠠᠬᠤ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠵᠥᠷᠢᠴᠡᠭᠰᠡᠨ ᠪᠣᠯ ᠬᠤᠯᠪᠤᠭᠳᠠᠬᠤ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠤ᠎ᠪᠠᠷ ᠰᠢᠢ᠍ᠳᠭᠡᠨ᠎ᠡ᠃
    ᠵᠢᠷᠠᠨ ᠳᠥᠷᠪᠡᠳᠦᠭᠡᠷ ᠵᠦᠢ᠍ᠯ ᠠᠵᠤ ᠠᠬᠤᠶ᠋ᠢᠯᠠᠯ ᠲᠤᠰ ᠬᠠᠤᠯᠢ ᠵᠢᠨ ᠲᠣᠭᠲᠠᠭ᠋ᠠᠯ ᠶᠣᠰᠤ᠎ᠪᠠᠷ ᠲᠤᠰ ᠨᠢᠭᠡᠴᠢ ᠵᠢᠨ ᠵᠶ᠋ᠠᠨ ᠠᠵᠢᠯᠲᠠᠨ ᠠᠵᠢᠯᠴᠢᠨ ᠪᠠ ᠡᠯᠰᠡᠬᠦ᠎ᠪᠠᠷ ᠪᠡᠯᠡᠳᠬᠡᠵᠦ ᠪᠠᠶ᠋ᠢᠭ᠎ᠠ ᠬᠥᠮᠦᠰ᠎ᠲᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠬᠦᠷᠲᠡᠭᠡᠭᠰᠡᠨ ᠦᠭᠡᠢ᠂ ᠠᠵᠢᠯᠲᠠᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠭᠠᠷᠭ᠋ᠠᠵᠤ ᠠᠪᠤᠭᠰᠠᠨ ᠪᠠ ᠬᠡᠷᠡᠭᠯᠡᠭᠰᠡᠨ ᠦᠭᠡᠢ ᠪᠣᠯ ᠬᠤᠯᠪᠤᠭᠳᠠᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ; ᠵᠠᠯᠠᠷᠠᠭᠤᠯᠬᠤ ᠵᠢ ᠲᠡᠪᠴᠢᠭᠰᠡᠨ ᠪᠣᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠲᠡᠭᠦᠨ᠎ᠤ ᠡᠭᠦᠷᠭᠡᠯᠡᠪᠡᠰᠦ ᠵᠣᠬᠢᠬᠤ ᠠᠵᠢᠯᠳᠠᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠬᠤᠷᠢᠶᠠᠨ ᠠᠪᠴᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠳᠤ ᠬᠡᠷᠡᠭᠯᠡᠨ᠎ᠡ᠃
    ᠵᠢᠷᠠᠨ ᠲᠠᠪᠤᠳᠤᠭ᠋ᠠᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯᠯᠠᠭ᠋ᠠᠨ᠎ᠤ ᠶᠠᠪᠤᠴᠠ᠎ᠳᠤ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠭᠰᠡᠨ ᠪᠣᠯ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ; ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ᠎ᠨᠢ ᠳᠣᠣᠷ᠎ᠠ ᠪᠤᠶᠤ ᠬᠠᠮᠢᠶᠠᠷᠤᠯᠲᠠ᠎ᠨᠢ ᠡᠮᠬᠢ ᠵᠠᠮᠪᠠᠷᠠᠭ᠎ᠠ ᠤᠢ᠍ᠭᠡᠢ᠎ᠠᠴᠠ ᠪᠤᠯᠵᠦ ᠬᠦᠨᠳᠦ ᠨᠣᠴᠢᠲᠠᠢ ᠤᠷᠰᠢᠭ ᠲᠠᠲᠠᠭᠰᠠᠨ ᠪᠣᠯ ᠵᠠᠷᠯᠢᠭᠳᠠᠵᠤ ᠰᠤᠷᠦᠬ᠍ᠴᠢ ᠡᠯᠰᠡᠬᠦ ᠵᠢ ᠲᠦᠷ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠴᠡᠭᠴᠡᠯᠡᠭᠦᠯᠦᠨ᠎ᠡ; ᠬᠤᠭᠤᠴᠠᠭ᠎ᠠ ᠬᠡᠲᠦᠷᠡᠲᠡᠯ᠎ᠡ ᠴᠡᠭᠴᠡᠯᠡᠭᠰᠡᠨ ᠦᠭᠡᠢ ᠪᠤᠶᠤ ᠴᠡᠭᠴᠡᠯᠡᠭᠡᠳ ᠱᠠᠭ᠋ᠠᠷᠳᠠᠯᠭ᠎ᠠ᠎ᠳᠤ ᠬᠦᠷᠦᠭᠰᠡᠨ ᠦᠭᠡᠢ ᠪᠣᠯ ᠰᠤᠷᠭ᠋ᠠᠭᠤᠯᠢ ᠡᠷᠬᠢᠯᠡᠬᠦ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠬᠤ ᠪᠤᠶᠤ ᠰᠤᠷᠭ᠋ᠠᠭᠤᠯᠢ ᠡᠷᠬᠢᠯᠡᠬᠦ ᠵᠢ ᠵᠠᠷᠯᠢᠭᠳᠠᠨ ᠵᠣᠭᠰᠣᠭ᠋ᠠᠨ᠎ᠠ᠃ ᠵ᠊
    ᠵᠷᠠᠨ ᠵᠢᠷᠭᠤᠳᠤᠭ᠋ᠠᠷ ᠵᠦᠢ᠍ᠯ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠰᠤᠷᠤᠭᠴᠢᠳ᠎ᠤᠨ ᠳᠠᠳᠤᠯᠭ᠎ᠠ ᠵᠢ ᠬᠦᠯᠢᠶᠡᠨ ᠠᠪᠤᠭᠰᠠᠨ ᠨᠢᠭᠡᠴᠢ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠰᠤᠷᠤᠭᠴᠢᠳ᠎ᠤᠨ ᠠᠮᠠᠷᠠᠯᠲᠠ ᠪᠠ ᠠᠮᠠᠷᠠᠯᠲᠠ ᠵᠢᠨ ᠴᠢᠯᠥᠭᠡ ᠠᠪᠬᠤ᠂ ᠬᠥᠳᠡᠯᠮᠦᠷᠢ ᠵᠢᠨ ᠠᠶᠤᠯ ᠦᠭᠡᠢ ᠪᠠᠶ᠋ᠢᠳᠠᠯ ᠪᠠ ᠡᠷᠡᠭᠦᠯ ᠬᠠᠮᠠᠭ᠋ᠠᠯᠠᠯ᠎ᠤᠨ ᠬᠠᠮᠠᠭ᠋ᠠᠯᠠᠯᠲᠠ ᠵᠢ ᠣᠯᠬᠤ᠂ ᠬᠤᠯᠪᠤᠭᠳᠠᠬᠤ ᠳᠠᠭ᠋ᠠᠳᠬᠠᠯ᠎ᠳᠤ ᠣᠷᠣᠯᠴᠠᠬᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠢᠯᠤᠭᠤᠳᠤᠯᠭ᠎ᠠ ᠵᠢ ᠬᠦᠯᠢᠶᠡᠬᠦ ᠵᠡᠷᠭᠡ ᠡᠷᠬᠡ᠎ᠳᠤ ᠬᠠᠯᠳᠠᠭᠰᠠᠨ ᠪᠣᠯ ᠬᠠᠤᠯᠢ ᠶᠣᠰᠤ᠎ᠪᠠᠷ ᠵᠣᠬᠢᠰᠲᠠᠢ ᠬᠠᠤᠯᠢ ᠵᠢᠨ ᠬᠠᠷᠢᠭᠤᠴᠠᠯᠭ᠎ᠠ ᠡᠭᠦᠷᠭᠡᠯᠡᠨ᠎ᠡ᠃
    ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠬᠥᠳᠡᠯᠮᠦᠷᠢ ᠦᠢ᠍ᠯᠡᠴᠢᠯᠡᠭᠡ ᠲᠣᠮᠢᠯᠠᠬᠤ ᠨᠢᠭᠡᠴᠢ ᠪᠤᠶᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡ᠂ ᠬᠥᠳᠡᠯᠮᠦᠷᠢ ᠦᠢ᠍ᠯᠡᠴᠢᠯᠡᠭᠡ ᠲᠣᠮᠢᠯᠠᠬᠤ ᠲᠤᠬᠠᠶ᠋ᠢᠯᠠᠭᠰᠠᠨ ᠠᠵᠢᠯ᠎ᠢ ᠬᠠᠤᠯᠢ ᠪᠤᠰᠤ᠎ᠪᠠᠷ ᠬᠢᠵᠦ ᠪᠠᠶ᠋ᠢᠭ᠎ᠠ ᠨᠢᠭᠡᠴᠢ ᠪᠤᠶᠤ ᠬᠤᠪᠢ ᠬᠥᠮᠦᠨ᠎ᠤ ᠵᠣᠬᠢᠶᠠᠨ ᠪᠠᠶ᠋ᠢᠭᠤᠯᠬᠤ᠎ᠪᠠᠷ ᠳᠠᠮᠵᠢᠭᠤᠯᠤᠨ ᠰᠤᠷᠤᠭᠴᠢᠳ᠎ᠤᠨ ᠳᠠᠳᠤᠯᠭ᠎ᠠ ᠪᠣᠯᠪᠠᠰᠤᠷᠠᠯ ᠬᠢᠬᠦ ᠵᠢ ᠲᠤᠬᠢᠷᠠᠭᠤᠯᠤᠨ ᠬᠠᠮᠢᠶᠠᠷᠤᠭᠰᠠᠨ ᠪᠣᠯ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠋ᠠᠨ᠎ᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠵᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠵᠢ᠎ᠨᠢ ᠬᠤᠷᠢᠶᠠᠨ ᠠᠪᠴᠤ᠂ ᠬᠠᠤᠯᠢ ᠵᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠵᠢᠨ ᠨᠢᠭᠡ ᠲᠠᠬᠢᠨ᠎ᠠᠴᠠ ᠳᠡᠭᠡᠭᠰᠢ ᠲᠠᠪᠤᠨ ᠲᠠᠬᠢᠨ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ; ᠬᠠᠤᠯᠢ ᠵᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ᠎ᠨᠢ ᠲᠦᠮᠡᠨ ᠲᠥᠭᠦᠷᠢᠭ᠎ᠲᠤ ᠬᠦᠷᠬᠦ ᠦᠭᠡᠢ ᠪᠣᠯ ᠲᠦᠮᠡᠨ ᠲᠥᠭᠦᠷᠢᠭ ᠵᠶ᠋ᠠᠷ ᠪᠤᠳᠤᠨ᠎ᠠ᠃
    ᠡᠮᠦᠨᠡᠬᠢ ᠪᠠᠳᠠᠭ᠎ᠲᠤ ᠲᠣᠭᠲᠠᠭ᠋ᠠᠭᠰᠠᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠬᠥᠳᠡᠯᠮᠦᠷᠢ ᠦᠢ᠍ᠯᠡᠴᠢᠯᠡᠭᠡ ᠲᠣᠮᠢᠯᠠᠬᠤ ᠨᠢᠭᠡᠴᠢ ᠪᠤᠶᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡ᠂ ᠬᠥᠳᠡᠯᠮᠦᠷᠢ ᠦᠢ᠍ᠯᠡᠴᠢᠯᠡᠭᠡ ᠲᠣᠮᠢᠯᠠᠬᠤ ᠲᠤᠬᠠᠶ᠋ᠢᠯᠠᠭᠰᠠᠨ ᠠᠵᠢᠯ᠎ᠢ ᠬᠠᠤᠯᠢ ᠪᠤᠰᠤ᠎ᠪᠠᠷ ᠡᠷᠬᠢᠯᠡᠭᠰᠡᠨ ᠨᠢᠭᠡᠴᠢ ᠪᠤᠶᠤ ᠬᠤᠪᠢ ᠬᠥᠮᠦᠨ᠎ᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠋ᠠᠨ᠎ᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠵᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠵᠢ᠎ᠨᠢ ᠬᠤᠷᠢᠶᠠᠨ ᠠᠪᠴᠤ᠂ ᠬᠠᠤᠯᠢ ᠵᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠵᠢᠨ ᠨᠢᠭᠡ ᠳᠠᠬᠢᠨ᠎ᠠᠴᠠ ᠳᠡᠭᠡᠭᠰᠢ ᠲᠠᠪᠤᠨ ᠳᠠᠬᠢᠨ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ; ᠬᠠᠤᠯᠢ ᠵᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ᠎ᠨᠢ ᠲᠦᠮᠡᠨ ᠲᠥᠭᠦᠷᠢᠭ᠎ᠲᠤ ᠬᠦᠷᠬᠦ ᠦᠭᠡᠢ ᠪᠣᠯ ᠲᠦᠮᠡᠨ ᠲᠥᠭᠦᠷᠢᠭ ᠵᠶ᠋ᠠᠷ ᠪᠤᠳᠤᠨ᠎ᠠ᠃
    ᠵᠢᠷᠠᠨ ᠳᠣᠯᠣᠳᠤᠭ᠋ᠠᠷ ᠵᠦᠢ᠍ᠯ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠋ᠠᠨ᠎ᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ᠎ᠤᠨ ᠠᠵᠢᠯᠳᠠᠨ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠨ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠵᠤ᠂ ᠬᠤᠪᠢ ᠵᠢᠨ ᠨᠠᠶ᠋ᠢᠷ᠎ᠢ ᠪᠣᠳᠤᠵᠤ ᠬᠠᠤᠯᠢ ᠶᠣᠰᠣ ᠵᠢ ᠵᠥᠷᠢᠴᠡᠭᠰᠡᠨ ᠪᠣᠯ ᠬᠠᠤᠯᠢ ᠶᠣᠰᠤ᠎ᠪᠠᠷ ᠰᠢᠢ᠍ᠳᠭᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠣᠯ ᠬᠠᠤᠯᠢ ᠶᠣᠰᠤ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

            ᠨᠠᠢ᠍ᠮᠠᠳᠤᠭ᠋ᠠᠷ ᠪᠦᠯᠦᠭ     ᠳᠠᠭ᠋ᠠᠯᠳᠤᠭᠤᠯᠤᠭᠰᠠᠨ ᠲᠦᠷᠢᠮ

    ᠵᠢᠷᠠᠨ ᠨᠠᠢ᠍ᠮᠠᠳᠤᠭ᠋ᠠᠷ ᠵᠦᠢ᠍ᠯ ᠬᠢᠯᠢ ᠵᠢᠨ ᠭᠠᠳᠠᠨᠠᠬᠢ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ ᠬᠢᠯᠢ ᠵᠢᠨ ᠳᠣᠲᠣᠷ᠎ᠠ ᠠᠵᠢᠯ ᠮᠡᠷᠭᠡᠵᠢᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠪᠠᠶ᠋ᠢᠭᠤᠯᠬᠤ᠎ᠳᠤ ᠲᠤᠰ ᠬᠠᠤᠯᠢ ᠵᠢ ᠬᠡᠷᠡᠭᠯᠡᠨ᠎ᠡ; ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠣᠯ ᠳᠤᠰᠬᠠᠢ ᠵᠢᠨ ᠲᠣᠭᠲᠠᠭ᠋ᠠᠯ᠎ᠢ ᠵᠢᠷᠤᠮᠯᠠᠨ᠎ᠠ᠃
    ᠵᠢᠷᠠ ᠶᠢᠰᠦᠳᠦᠭᠡᠷ ᠵᠦᠢ᠍ᠯ ᠲᠤᠰ ᠬᠠᠤᠯᠢ ᠵᠢ 2022 ᠣᠨ᠎ᠤ 5 á °á  á ·á Žá   ᠵᠢᠨ 1á Žá ¤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃  

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠰᠤᠷᠭ᠋ᠠᠨ ᠬᠦᠮᠦᠵᠢᠯ᠎ᠤᠨ ᠲᠢᠩᠭᠢᠮ
          
ᠬᠠᠮᠢᠶ᠎ᠡ ᠪᠦᠬᠦᠢ ᠰᠣᠨᠢᠨ
ᠪᠡᠶ᠎ᠡ ᠵᠢᠨ ᠲᠠᠮᠢᠷ᠎ᠤᠨ ᠬᠦᠨᠳᠡᠯᠡᠨ᠎ᠠᠴᠠ ᠲᠠᠰᠤᠯᠬᠤ ᠲᠦᠷᠢᠮ
ᠪᠦᠬᠦᠳᠠ ᠨᠡᠶ᠋ᠢᠷᠡᠮᠳᠡᠬᠤ ᠲᠤᠮᠳᠡᠳᠦ ᠠᠷᠡᠦᠠ ᠤᠯᠦᠰ᠎ᠤᠨ ᠤᠯᠦᠰ᠎ᠤᠨ ᠲᠤᠬ᠎ᠤᠨ ᠬᠠᠦᠯᠢ
 
            