ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠪᠡᠶ᠎ᠡ ᠵᠢᠨ ᠲᠠᠮᠢᠷ᠎ᠤᠨ ᠬᠦᠨᠳᠡᠯᠡᠨ᠎ᠠᠴᠠ ᠲᠠᠰᠤᠯᠬᠤ ᠲᠦᠷᠢᠮ
ᠨᠡᠶ᠋ᠢᠲᠡᠯᠡᠭᠰᠡᠨ ᠴᠠᠭ᠄ 2023-03-29

    《ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠳᠦᠷᠢᠮ》᠎ᠢ 2022 ᠣᠨ᠎ᠤ 12 á °á  á ·á Žá   ᠵᠢᠨ 22᠎ᠤᠨ ᠡᠳᠦᠷ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠬᠣᠶᠠᠳᠤᠭ᠋ᠠᠷ ᠤᠳᠠᠭ᠎ᠠ ᠵᠢᠨ ᠲᠣᠪᠴᠢᠶ᠎ᠠ ᠵᠢᠨ ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠣᠲᠣ ᠨᠡᠢ᠌ᠲᠡᠯᠡᠪᠡ᠂ 2023 ᠣᠨ᠎ᠤ 1 á °á  á ·á Žá   ᠵᠢᠨ 1á Žá ¤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
    ᠨᠢᠭᠡᠳᠦᠭᠡᠷ ᠪᠦᠯᠦᠭ   ᠶᠡᠷᠦᠩᠬᠡᠢ ᠳᠦᠷᠢᠮ
    ᠨᠢᠭᠡᠳᠦᠭᠡᠷ ᠵᠦᠢ᠍ᠯ ᠪᠡᠶ᠎ᠡ ᠵᠢᠨ ᠲᠠᠮᠢᠷ᠎ᠤᠨ ᠵᠢᠭᠤᠷᠠᠯᠳᠤᠭ᠋ᠠᠨ᠎ᠢ á ´á  á ­ ᠲᠤᠬᠠᠢ᠎ᠳᠤᠨᠢ᠂ ᠲᠥᠪ ᠭᠣᠣᠯᠴᠢ᠎ᠪᠠᠷ ᠰᠢᠢ᠍ᠳᠪᠦᠷᠢᠯᠡᠵᠦ᠂ ᠲᠤᠬᠠᠢ ᠵᠢᠨ ᠬᠥᠮᠥᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠥᠯᠥᠭᠡ᠂ 《ᠪᠥᠬᠥᠳᠡ ᠨᠠᠢ᠌ᠷᠠᠮᠳᠠᠬᠤ ᠳᠤᠮᠳᠠᠳᠤ á  á ·á  á ³ ᠤᠯᠤᠰ᠎ᠤᠨ ᠪᠡᠶ᠎ᠡ ᠵᠢᠨ ᠲᠠᠮᠢᠷ᠎ᠤᠨ ᠬᠠᠤᠯᠢ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢ ᠦᠨᠳᠦᠰᠦᠯᠡᠨ ᠲᠤᠰ ᠳᠦᠷᠢᠮ᠎ᠢ ᠲᠣᠭᠲᠠᠭ᠋ᠠᠪᠠ᠃
    ᠬᠣᠶᠠᠳᠤᠭ᠋ᠠᠷ ᠵᠦᠢ᠍ᠯ ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ     (ᠳᠣᠷᠣᠭᠰᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠭᠡᠵᠦ ᠲᠣᠪᠴᠢᠯᠠᠨ᠎ᠠ)᠎ᠤᠨ ᠪᠠᠢ᠌ᠭ᠎ᠠ ᠭᠠᠵᠠᠷ ᠪᠣᠯ ᠪᠥᠬᠥᠳᠡ ᠨᠠᠢ᠌ᠷᠠᠮᠳᠠᠬᠤ ᠳᠤᠮᠳᠠᠳᠤ á  á ·á  á ³ ᠤᠯᠤᠰ᠎ᠤᠨ ᠪᠡᠭᠡᠵᠢᠩ ᠬᠣᠲᠠ ᠪᠠᠢ᠌ᠵᠤ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ (ᠳᠣᠷᠣᠭᠰᠢ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠭᠡᠵᠦ ᠲᠣᠪᠴᠢᠯᠠᠨ᠎ᠠ)᠎ᠠᠴᠠ ᠵᠤᠬᠢᠶᠠᠨ ᠪᠠᠢ᠌ᠭᠤᠯᠤᠨ᠎ᠡ᠃
    ᠭᠤᠷᠪᠠᠳᠤᠭ᠋ᠠᠷ ᠵᠦᠢ᠍ᠯ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠳᠣᠣᠷ᠎ᠠ ᠵᠢᠭᠰᠠᠭ᠋ᠠᠭᠰᠠᠨ ᠬᠡᠷᠡᠭ᠎ᠢ ᠬᠦᠯᠢᠶᠡᠨ ᠠᠪᠤᠨ᠎ᠡ᠄
    (ᠨᠢᠭᠡ) ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠲᠠᠮᠢᠷᠴᠢᠳ᠎ᠤᠨ ᠬᠠᠮᠢᠶᠠᠷᠤᠯᠲᠠ ᠵᠢᠨ ᠨᠢᠭᠡᠴᠢ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠭᠴᠢ ᠵᠢᠨ ᠬᠥᠭᠡᠷᠦᠭᠦᠯᠬᠦ ᠡᠮ᠎ᠤᠨ ᠬᠠᠮᠢᠶᠠᠷᠤᠯᠲᠠ ᠪᠤᠶᠤ ᠪᠤᠰᠤᠳ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ á ­á  á ·á ­á ‹á  á ­á °á  á ¨ ᠤᠷᠤᠯᠳᠤᠭ᠋ᠠᠨ᠎ᠳᠤ ᠣᠷᠤᠯᠴᠠᠬᠤ ᠬᠢᠷᠢ ᠬᠡᠮ᠎ᠢ᠎ᠨᠢ ᠬᠠᠰᠤᠬᠤ᠂ ᠤᠷᠤᠯᠳᠤᠭ᠋ᠠᠨ᠎ᠤ ᠬᠢᠷᠢ ᠪᠦᠲᠦᠮᠵᠢ ᠵᠢ᠎ᠨᠢ ᠬᠠᠰᠤᠬᠤ᠂ ᠤᠷᠤᠯᠳᠤᠭ᠋ᠠᠨ᠎ᠢ ᠴᠠᠭ᠋ᠠᠵᠠᠯᠠᠬᠤ ᠵᠡᠷᠭᠡ ᠰᠢᠢ᠍ᠳᠪᠦᠷᠢᠯᠡᠬᠦ ᠲᠣᠭᠲᠠᠭ᠋ᠠᠯ᠎ᠢ ᠵᠥᠪᠰᠢᠶᠡᠷᠡᠬᠦ ᠦᠭᠡᠢ᠎ᠠᠴᠠ ᠪᠣᠯᠵᠤ ᠡᠭᠦᠰᠦᠭᠰᠡᠨ ᠵᠢᠭᠤᠷᠠᠯᠳᠤᠭ᠋ᠠᠨ;
    (ᠬᠣᠶᠠᠷ) ᠲᠠᠮᠢᠷᠴᠢᠨ᠎ᠢ ᠳᠠᠩᠰᠠᠯᠠᠭᠤᠯᠬᠤ᠂ ᠰᠣᠯᠢᠯᠴᠠᠬᠤ᠎ᠠᠴᠠ ᠪᠣᠯᠵᠤ ᠡᠭᠦᠰᠦᠭᠰᠡᠨ ᠵᠢᠭᠤᠷᠠᠯᠳᠤᠭ᠋ᠠᠨ;
    (ᠭᠤᠷᠪᠠ) ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢᠨ ᠳᠤᠮᠳᠠ ᠭᠠᠷᠤᠭᠰᠠᠨ ᠪᠤᠰᠤᠳ ᠵᠢᠭᠤᠷᠠᠯᠳᠤᠭ᠋ᠠᠨ᠃
    《ᠪᠥᠬᠥᠳᠡ ᠨᠠᠢ᠌ᠷᠠᠮᠳᠠᠬᠤ ᠳᠤᠮᠳᠠᠳᠤ á  á ·á  á ³ ᠤᠯᠤᠰ᠎ᠤᠨ ᠬᠥᠨᠳᠡᠯᠡᠨ᠎ᠠᠴᠠ ᠲᠠᠰᠤᠯᠬᠤ ᠬᠠᠤᠯᠢ》᠎ᠳᠤ ᠲᠣᠭᠲᠠᠭ᠋ᠠᠭᠰᠠᠨ ᠬᠥᠨᠳᠡᠯᠡᠨ᠎ᠠᠴᠠ ᠲᠠᠰᠤᠯᠵᠤ ᠪᠣᠯᠬᠤ ᠵᠢᠭᠤᠷᠠᠯᠳᠤᠭ᠋ᠠᠨ ᠪᠠ 《ᠪᠥᠬᠥᠳᠡ ᠨᠠᠢ᠌ᠷᠠᠮᠳᠠᠬᠤ ᠳᠤᠮᠳᠠᠳᠤ á  á ·á  á ³ ᠤᠯᠤᠰ᠎ᠤᠨ ᠬᠥᠳᠡᠯᠮᠦᠷᠢ ᠵᠢᠨ ᠮᠠᠷᠭᠤᠯᠳᠤᠭ᠋ᠠᠨ᠎ᠢ ᠡᠶᠡᠳᠡᠭᠦᠯᠬᠦ ᠪᠠ ᠬᠥᠨᠳᠡᠯᠡᠨ᠎ᠠᠴᠠ ᠲᠠᠰᠤᠯᠬᠤ ᠬᠠᠤᠯᠢ》᠎ᠳᠤ ᠲᠣᠭᠲᠠᠭ᠋ᠠᠭᠰᠠᠨ ᠬᠥᠳᠡᠯᠮᠦᠷᠢ ᠵᠢᠨ ᠮᠠᠷᠭᠤᠯᠳᠤᠭ᠋ᠠᠨ᠎ᠨᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠬᠡᠪᠴᠢᠶᠡᠨ᠎ᠳᠤ ᠪᠠᠭᠲᠠᠬᠤ ᠦᠭᠡᠢ᠃
    ᠳᠥᠷᠪᠡᠳᠦᠭᠡᠷ ᠵᠦᠢ᠍ᠯ ᠲᠤᠬᠠᠢ ᠵᠢᠨ ᠬᠥᠮᠥᠨ ᠬᠠᠮᠲᠤ᠎ᠪᠠᠷ ᠵᠠᠭᠤᠷᠠᠯᠳᠤᠭ᠋ᠠᠨ᠎ᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ   ᠵᠦᠪᠯᠡᠯ᠎ᠳᠤ ᠲᠤᠰᠢᠶᠠᠵᠤ ᠬᠥᠨᠳᠡᠯᠡᠨ᠎ᠠᠴᠠ ᠲᠠᠰᠤᠯᠤᠭᠤᠯᠤᠭᠰᠠᠨ ᠪᠠᠢ᠌ᠪᠠᠯ᠂ ᠲᠤᠰ ᠳᠦᠷᠢᠮ᠎ᠤᠨ ᠶᠣᠰᠣᠭ᠋ᠠᠷ ᠬᠥᠨᠳᠡᠯᠡᠨ᠎ᠠᠴᠠ ᠲᠠᠰᠤᠯᠬᠤ ᠵᠢ ᠵᠦᠪᠰᠢᠶᠡᠷᠡᠯ᠎ᠡ ᠭᠡᠵᠦ ᠦᠵᠡᠨ᠎ᠡ᠃
    ᠲᠤᠬᠠᠢ ᠵᠢᠨ ᠬᠥᠮᠥᠨ᠎ᠨᠢ ᠲᠤᠰ ᠳᠦᠷᠢᠮ᠎ᠤᠨ ᠶᠣᠰᠣᠭ᠋ᠠᠷ ᠬᠥᠨᠳᠡᠯᠡᠨ᠎ᠠᠴᠠ ᠲᠠᠰᠤᠯᠤᠭᠤᠯᠬᠤ᠎ᠪᠠᠷ ᠪᠣᠯᠵᠣᠨ ᠲᠣᠭᠲᠠᠭᠰᠠᠨ ᠪᠣᠯᠪᠠᠴᠤ ᠬᠥᠨᠳᠡᠯᠡᠨ᠎ᠠᠴᠠ ᠲᠠᠰᠤᠯᠬᠤ ᠪᠠᠢ᠌ᠭᠤᠯᠤᠮᠵᠢ ᠵᠢ ᠪᠣᠯᠵᠣᠨ ᠲᠣᠭᠲᠠᠭᠰᠠᠨ ᠦᠭᠡᠢ᠂ ᠡᠰᠡᠬᠦᠯ᠎ᠡ ᠲᠤᠬᠠᠢ ᠵᠢᠨ ᠬᠥᠮᠥᠨ᠎ᠤ ᠪᠣᠯᠵᠣᠨ ᠲᠣᠭᠲᠠᠭᠰᠠᠨ ᠬᠥᠨᠳᠡᠯᠡᠨ᠎ᠠᠴᠠ ᠲᠠᠰᠤᠯᠬᠤ ᠪᠠᠢ᠌ᠭᠤᠯᠤᠮᠵᠢ ᠵᠢᠨ ᠨᠡᠷᠡᠢ᠌ᠳᠦᠯ᠎ᠨᠢ ᠬᠡᠳᠦᠢ᠌ᠪᠡᠷ ᠣᠨᠣᠪᠴᠢ ᠦᠭᠡᠢ ᠪᠣᠯᠪᠠᠴᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠮᠥᠨ ᠭᠡᠵᠦ ᠲᠣᠭᠲᠠᠭ᠋ᠠᠵᠤ ᠴᠢᠳᠠᠪᠠᠯ᠂ ᠵᠢᠭᠤᠷᠠᠯᠳᠤᠭ᠋ᠠᠨ᠎ᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠳᠤ ᠲᠤᠰᠢᠶᠠᠵᠤ ᠬᠥᠨᠳᠡᠯᠡᠨ᠎ᠠᠴᠠ ᠲᠠᠰᠤᠯᠤᠭᠤᠯᠬᠤ ᠵᠢ ᠵᠥᠪᠰᠢᠶᠡᠷᠡᠭᠰᠡᠨ ᠵᠶ᠋ᠡᠷ ᠦᠵᠡᠨ᠎ᠡ᠃
    ᠲᠠᠪᠤᠳᠤᠭ᠋ᠠᠷ ᠵᠦᠢ᠍ᠯ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ 《ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》 (ᠳᠣᠷᠣᠭᠰᠢ 《ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》 ᠭᠡᠵᠦ ᠲᠣᠪᠴᠢᠯᠠᠨ᠎ᠠ)᠎ᠢ ᠭᠠᠷᠭ᠋ᠠᠬᠤ ᠵᠢᠨ ᠬᠠᠮᠳᠦ ᠵᠠᠷᠯᠠᠬᠤ ᠬᠡᠷᠡᠭᠳᠡᠢ᠃
    ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠨᠢ 《ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》᠎ᠲᠤ 《ᠬᠥᠭᠡᠷᠦᠭᠦᠯᠬᠦ ᠡᠮ᠎ᠢ ᠡᠰᠡᠷᠭᠦᠴᠡᠬᠦ ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》 ᠵᠡᠷᠭᠡ ᠲᠤᠰᠬᠠᠢ ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠲᠡᠪᠳᠡᠷ᠎ᠢ ᠲᠤᠬᠢᠷᠠᠭᠤᠯᠵᠦ ᠪᠤᠯᠤᠨ᠎ᠡ᠃
    ᠵᠢᠷᠭᠤᠳᠤᠭ᠋ᠠᠷ ᠵᠦᠢ᠍ᠯ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠬᠥᠨᠳᠡᠯᠡᠨ᠎ᠠᠴᠠ ᠲᠠᠰᠤᠯᠤᠭᠴᠢ᠎ᠨᠢ ᠲᠥᠪ ᠭᠣᠣᠯᠴᠢ ᠪᠠᠢ᠌ᠬᠤ ᠬᠡᠷᠡᠭᠲᠡᠢ ᠪᠦᠭᠡᠳ ᠲᠤᠤᠷᠡᠬᠢ ᠨᠥᠬᠥᠴᠡᠯ᠎ᠤᠳ᠎ᠤᠨ ᠨᠢᠭᠡ᠎ᠳᠤᠨᠢ ᠨᠡᠢ᠌ᠴᠡᠭᠰᠡᠨ ᠪᠠᠢ᠌ᠬᠤ ᠬᠡᠷᠡᠭᠲᠡᠢ᠄
    (ᠨᠢᠭᠡ) ᠬᠠᠤᠯᠢᠴᠢ ᠵᠢᠨ ᠠᠵᠢᠯ ᠡᠷᠬᠢᠯᠡᠭᠡᠳ ᠪᠦᠬᠦᠯᠢ ᠨᠠᠢ᠍ᠮᠠᠨ ᠵᠢᠯ ᠪᠣᠯᠤᠭᠰᠠᠨ;
    (ᠬᠣᠶᠠᠷ) ᠬᠠᠤᠯᠢ ᠵᠢᠨ ᠲᠤᠰᠢᠶᠠᠯᠲᠠᠨ᠎ᠤ ᠲᠤᠰᠢᠶᠠᠯ᠎ᠢ ᠪᠦᠬᠦᠯᠢ ᠨᠠᠢ᠍ᠮᠠᠨ ᠵᠢᠯ ᠬᠠᠷᠢᠭᠤᠴᠠᠵᠤ ᠥᠩᠭᠡᠷᠡᠭᠰᠡᠨ;
    (ᠭᠤᠷᠪᠠ) ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠪᠠᠷ ᠳᠠᠮᠵᠢᠭ᠋ᠠᠳ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠣᠯᠵᠤ᠂ ᠬᠥᠨᠳᠡᠯᠡᠨ᠎ᠠᠴᠠ ᠲᠠᠰᠤᠯᠬᠤ ᠠᠵᠢᠯ᠎ᠢ ᠪᠦᠬᠦᠯᠢ ᠨᠠᠢ᠍ᠮᠠᠨ ᠵᠢᠯ ᠬᠢᠭᠰᠡᠨ;
    (ᠲᠦᠷᠪᠡ) ᠬᠠᠤᠯᠢ ᠵᠢᠨ ᠤᠬᠠᠭ᠋ᠠᠨ᠂ ᠪᠡᠶ᠎ᠡ ᠵᠢᠨ ᠲᠠᠮᠢᠷ᠎ᠤᠨ ᠤᠬᠠᠭ᠋ᠠᠨ᠎ᠤ ᠰᠤᠳᠤᠯᠤᠯ ᠪᠤᠶᠤ ᠵᠢᠭ᠋ᠠᠨ ᠰᠤᠷᠭ᠋ᠠᠬᠤ ᠠᠵᠢᠯ ᠬᠢᠵᠦ ᠪᠠᠢ᠌ᠭ᠎ᠠ ᠪᠥᠭᠡᠳ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠪᠠᠢ᠌ᠬᠤ;
    (ᠲᠠᠪᠤ) ᠬᠠᠤᠯᠢ ᠴᠠᠭ᠋ᠠᠵᠠ ᠵᠢᠨ ᠮᠡᠳᠡᠯᠭᠡ᠎ᠲᠠᠢ ᠪᠥᠭᠡᠳ ᠪᠡᠶ᠎ᠡ ᠵᠢᠨ ᠲᠠᠮᠢᠷ᠎ᠤᠨ ᠪᠣᠳᠠᠲᠤ ᠠᠵᠢᠯ ᠬᠢᠭᠡᠳ ᠪᠦᠬᠦᠯᠢ ᠨᠠᠢ᠍ᠮᠠᠨ ᠵᠢᠯ ᠪᠣᠯᠤᠭᠰᠠᠨ᠃
    ᠨᠠᠢ᠍ᠮᠠᠳᠤᠭ᠋ᠠᠷ ᠵᠦᠢ᠍ᠯ ᠲᠤᠰ ᠳᠦᠷᠢᠮ᠎ᠳᠤ ᠲᠣᠭᠲᠠᠭ᠋ᠠᠭᠰᠠᠨ ᠬᠤᠭᠤᠴᠠᠭ᠎ᠠ ᠪᠤᠶᠤ ᠲᠤᠰ ᠳᠦᠷᠢᠮ᠎ᠢ ᠦᠨᠳᠦᠰᠦᠯᠡᠨ ᠲᠣᠭᠲᠠᠭ᠋ᠠᠭᠰᠠᠨ ᠬᠤᠭᠤᠴᠠᠭ᠎ᠠ ᠵᠢ ᠬᠤᠭᠤᠴᠠᠭ᠎ᠠ ᠡᠬᠢᠯᠡᠭᠰᠡᠨ᠎ᠤ ᠲᠠᠷᠠᠭ᠎ᠠ ᠡᠳᠦᠷ᠎ᠠᠴᠠ ᠡᠬᠢᠯᠡᠵᠦ ᠪᠤᠳᠤᠬᠤ ᠬᠡᠷᠡᠭᠲᠡᠢ᠃ ᠬᠤᠭᠤᠴᠠᠭ᠎ᠠ ᠡᠬᠢᠯᠡᠭᠰᠡᠨ ᠡᠳᠦᠷ᠎ᠢ ᠬᠤᠭᠤᠴᠠᠭ᠋ᠠᠨ᠎ᠳᠤ ᠣᠷᠣᠭᠤᠯᠵᠤ ᠪᠤᠳᠦᠬᠤ ᠦᠭᠡᠢ᠃
    ᠬᠡᠷᠪᠡ ᠬᠤᠭᠤᠴᠠᠭ᠎ᠠ ᠡᠬᠢᠯᠡᠭᠰᠡᠨ᠎ᠤ ᠲᠠᠷᠠᠭ᠎ᠠ ᠡᠳᠦᠷ᠎ᠨᠢ ᠬᠦᠷᠭᠡᠭᠰᠡᠨ ᠭᠠᠵᠠᠷ᠎ᠤᠨ ᠤᠯᠠᠨ ᠨᠡᠶ᠋ᠢᠲᠡ ᠵᠢᠨ ᠠᠮᠠᠷᠠᠯᠲᠠ ᠵᠢᠨ ᠡᠳᠦᠷ ᠪᠤᠶᠤ ᠠᠵᠢᠯ᠎ᠤᠨ ᠡᠳᠦᠷ ᠪᠤᠰᠤ ᠡᠳᠦᠷ ᠪᠠᠢ᠌ᠪᠠᠯ᠂ ᠲᠡᠭᠦᠨ᠎ᠤ ᠳᠠᠷᠠᠭ᠋ᠠᠬᠢ ᠨᠢᠭᠡᠳᠦᠭᠡᠷ ᠠᠵᠢᠯ᠎ᠤᠨ ᠡᠳᠦᠷ᠎ᠠᠴᠠ ᠡᠬᠢᠯᠡᠵᠦ ᠪᠤᠳᠤᠨ᠎ᠠ᠃ ᠬᠤᠭᠤᠴᠠᠭ᠎ᠠ ᠳᠦᠭᠦᠷᠦᠭᠰᠡᠨ ᠡᠳᠦᠷ᠎ᠨᠢ ᠤᠯᠠᠨ ᠨᠡᠶ᠋ᠢᠲᠡ ᠵᠢᠨ ᠠᠮᠠᠷᠠᠯᠲᠠ ᠵᠢᠨ ᠡᠳᠦᠷ ᠪᠤᠶᠤ ᠠᠵᠢᠯ᠎ᠤᠨ ᠡᠳᠦᠷ ᠪᠢᠰᠢ ᠪᠠᠢ᠌ᠪᠠᠯ᠂ ᠲᠡᠭᠦᠨ᠎ᠤ ᠳᠠᠷᠠᠭ᠋ᠠᠬᠢ ᠨᠢᠭᠡᠳᠦᠭᠡᠷ ᠠᠵᠢᠯ᠎ᠤᠨ ᠡᠳᠦᠷ ᠵᠶ᠋ᠡᠷ ᠬᠤᠭᠤᠴᠠᠭ᠎ᠠ ᠳᠦᠭᠦᠷᠦᠭᠰᠡᠨ ᠡᠳᠦᠷ ᠪᠣᠯᠭ᠋ᠠᠨ᠎ᠠ᠃
    ᠬᠤᠭᠤᠴᠠᠭ᠎ᠠ᠎ᠳᠤᠨᠢ ᠵᠡᠮ᠎ᠤᠨ ᠭᠤᠳᠦᠰ᠎ᠲᠠᠬᠢ á ´á  á ­á Žá ¢ ᠪᠠᠭᠲᠠᠭ᠋ᠠᠬᠤ ᠦᠭᠡᠢ᠂ ᠬᠥᠨᠳᠡᠯᠡᠨ᠎ᠠᠴᠠ ᠲᠠᠰᠤᠯᠤᠭᠰᠠᠨ ᠪᠢᠴᠢᠭ ᠬᠠᠷ᠎ᠠ᠂ ᠮᠡᠳᠡᠭᠳᠡᠯ᠂ ᠮᠠᠲ᠋ᠧᠷᠢᠶᠠᠯ᠎ᠢ ᠬᠤᠭᠤᠴᠠᠭ᠎ᠠ ᠳᠦᠭᠦᠷᠬᠦ᠎ᠠᠴᠠ ᠡᠮᠦᠨ᠎ᠡ ᠰᠢᠤᠳᠠᠨ᠎ᠳᠤ ᠲᠤᠰᠢᠶᠠᠭᠰᠠᠨ᠂ ᠲᠤᠰᠢᠶᠠᠨ ᠶᠠᠪᠤᠭᠤᠯᠤᠭᠰᠠᠨ ᠪᠠᠢ᠌ᠪᠠᠯ ᠬᠤᠭᠤᠴᠠᠭ᠎ᠠ ᠬᠡᠲᠦᠷᠡᠭᠰᠡᠨ ᠵᠶ᠋ᠡᠷ ᠪᠤᠳᠦᠬᠤ ᠦᠭᠡᠢ᠃
    ᠲᠤᠬᠠᠢ ᠵᠢᠨ ᠬᠥᠮᠥᠨ ᠡᠰᠡᠷᠭᠦᠴᠡᠰᠢ ᠦᠭᠡᠢ ᠬᠦᠴᠦᠨ ᠪᠤᠶᠤ ᠪᠤᠰᠤᠳ ᠵᠦᠢ ᠶᠣᠰᠣᠨ᠎ᠤ ᠰᠢᠯᠲᠠᠭ᠋ᠠᠨ᠎ᠠᠴᠠ ᠪᠣᠯᠵᠤ ᠬᠤᠭᠤᠴᠠᠭ᠎ᠠ ᠵᠢ ᠰᠠᠭ᠋ᠠᠲᠠᠭ᠋ᠠᠭᠰᠠᠨ ᠪᠠᠢ᠌ᠪᠠᠯ᠂ ᠬᠠᠷᠰᠢ á °á  á ­á ‹á  á ³ ᠠᠷᠢᠯᠤᠭᠰᠠᠨ᠎ᠤ ᠳᠠᠷᠠᠭ᠋ᠠᠬᠢ ᠲᠠᠪᠤᠨ ᠡᠳᠦᠷ᠎ᠤᠨ ᠳᠣᠲᠣᠷ᠎ᠠ ᠬᠣᠢ᠌ᠰᠢᠯᠠᠭᠤᠯᠬᠤ᠎ᠪᠠᠷ ᠭᠤᠶᠤᠴᠢᠯᠠᠵᠤ ᠪᠣᠯᠣᠨ᠎ᠠ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠡᠷᠬᠢᠯᠡᠭᠴᠢ (ᠳᠣᠷᠣᠭᠰᠢ ᠡᠷᠬᠢᠯᠡᠭᠴᠢ ᠭᠡᠵᠦ ᠲᠣᠪᠴᠢᠯᠠᠨ᠎ᠠ) ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠡᠭᠦᠨ᠎ᠤ ᠲᠤᠬᠠᠢ ᠲᠣᠭᠲᠠᠭ᠋ᠠᠯ ᠭᠠᠷᠭ᠋ᠠᠨ᠎ᠠ᠃
    ᠶᠢᠰᠦᠳᠦᠭᠡᠷ ᠵᠦᠢ᠍ᠯ ᠬᠥᠨᠳᠡᠯᠡᠨ᠎ᠠᠴᠠ ᠲᠠᠰᠤᠯᠬᠤ ᠪᠢᠴᠢᠭ ᠮᠠᠲ᠋ᠧᠷᠢᠶᠠᠯ᠎ᠢ ᠨᠢᠭᠤᠷᠳᠠᠨ ᠬᠦᠷᠭᠡᠬᠦ᠂ ᠰᠢᠤᠳᠠᠨ ᠵᠶ᠋ᠠᠷ ᠢᠯᠡᠭᠡᠬᠦ᠂ ᠹᠠᠺᠰ᠂ ᠡᠯᠧᠺᠲᠷᠣᠨ ᠰᠢᠤᠳᠠᠨ᠎ᠤ ᠵᠦᠢ᠍ᠯ ᠵᠡᠷᠭᠡ ᠬᠡᠯᠪᠡᠷᠢ᠎ᠪᠠᠷ ᠪᠤᠶᠤ ᠲᠤᠬᠠᠢ ᠵᠢᠨ ᠬᠥᠮᠥᠨ᠎ᠤ ᠪᠣᠯᠵᠣᠨ ᠲᠣᠭᠲᠠᠭᠰᠠᠨ ᠬᠡᠯᠪᠡᠷᠢ᠎ᠪᠠᠷ ᠲᠤᠬᠠᠢ ᠵᠢᠨ ᠬᠥᠮᠥᠨ ᠪᠤᠶᠤ ᠲᠡᠭᠦᠨ᠎ᠤ ᠬᠥᠨᠳᠡᠯᠡᠨ᠎ᠠᠴᠠ ᠲᠠᠰᠤᠯᠬᠤ ᠣᠷᠣᠯᠠᠭᠴᠢ᠎ᠳᠤ ᠬᠦᠷᠭᠡᠵᠦ ᠪᠣᠯᠣᠨ᠎ᠠ᠃ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠬᠡᠷᠡᠭ᠎ᠤᠨ ᠪᠣᠳᠠᠲᠠᠢ ᠪᠠᠢ᠌ᠳᠠᠯ᠎ᠢ ᠦᠨᠳᠦᠰᠦᠯᠡᠨ ᠵᠣᠬᠢᠰᠲᠠᠢ ᠬᠦᠷᠭᠡᠬᠦ á  á ·á ­á Žá   ᠮᠠᠶᠢᠭ᠎ᠢ ᠬᠡᠷᠡᠭᠯᠡᠬᠦ᠎ᠪᠠᠷ ᠲᠣᠭᠲᠠᠭ᠋ᠠᠬᠤ ᠡᠷᠬᠡ᠎ᠲᠠᠢ᠃
    ᠲᠤᠬᠠᠢ ᠵᠢᠨ ᠬᠥᠮᠥᠨ ᠪᠤᠶᠤ ᠲᠡᠭᠦᠨ᠎ᠤ ᠣᠷᠣᠯᠠᠭᠴᠢ᠎ᠳᠤ ᠬᠥᠨᠳᠡᠯᠡᠨ᠎ᠠᠴᠠ ᠲᠠᠰᠤᠯᠤᠭᠰᠠᠨ ᠪᠢᠴᠢᠭ ᠮᠠᠲ᠋ᠧᠷᠢᠶᠠᠯ᠎ᠢ ᠶᠠᠪᠤᠭᠤᠯᠬᠤ᠎ᠳᠠᠭᠠᠨ   ᠨᠢᠭᠤᠷᠳᠠᠨ ᠬᠦᠷᠭᠡᠭᠰᠡᠨ ᠪᠠᠢ᠌ᠪᠠᠯ᠂ ᠭᠥᠯᠢᠶᠡᠨ ᠠᠪᠤᠭᠴᠢ᠎ᠳᠤ ᠨᠢᠭᠤᠷ ᠳᠡᠭᠡᠷ᠎ᠡ᠎ᠨᠢ ᠬᠦᠷᠭᠡᠵᠦ ᠥᠭᠭᠦᠭᠰᠡᠨ᠎ᠢ ᠨᠢᠭᠡᠨᠲᠡ ᠬᠦᠷᠭᠡᠭᠰᠡᠨ ᠵᠶ᠋ᠡᠷ ᠪᠤᠳᠦᠨ᠎ᠡ; ᠰᠢᠤᠳᠠᠨ ᠵᠶ᠋ᠠᠷ ᠬᠦᠷᠭᠡᠭᠰᠡᠨ ᠪᠠᠢ᠌ᠪᠠᠯ᠂ ᠬᠦᠷᠭᠡᠯᠲᠡ ᠬᠦᠯᠢᠶᠡᠭᠴᠢ ᠵᠢᠨ ᠪᠡᠶ᠎ᠡ ᠵᠢᠨ ᠦᠨᠡᠮᠯᠡᠯ᠎ᠳᠤ ᠬᠠᠶᠢᠭ᠂ ᠡᠷᠦᠭᠡ ᠠᠮᠠ ᠵᠢᠨ ᠲᠠᠨᠭ᠌ᠰᠠ ᠵᠢᠨ ᠬᠠᠶᠢᠭ᠂ ᠣᠷᠣᠰᠢᠨ ᠰᠠᠭᠤᠵᠤ ᠪᠠᠢ᠌ᠭ᠎ᠠ ᠬᠠᠶᠢᠭ᠂ ᠡᠵᠡᠩᠨᠡᠯᠲᠡ ᠵᠢᠨ ᠬᠠᠶᠢᠭ᠂ ᠳᠠᠩᠰᠠᠯᠠᠭᠤᠯᠤᠭᠰᠠᠨ ᠬᠠᠶᠢᠭ᠂ ᠲᠤᠬᠠᠢ ᠵᠢᠨ ᠬᠥᠮᠥᠨ᠎ᠤ ᠪᠣᠯᠵᠣᠨ ᠲᠣᠭᠲᠠᠭᠰᠠᠨ ᠬᠦᠷᠭᠡᠯᠲᠡ ᠵᠢᠨ ᠬᠠᠶᠢᠭ ᠪᠤᠶᠤ ᠬᠠᠷᠢᠯᠴᠠᠬᠤ ᠬᠠᠶᠢᠭ᠎ᠤᠨ ᠨᠢᠭᠡ ᠵᠢ ᠲᠣᠳᠣᠷᠬᠠᠢ ᠲᠡᠮᠳᠡᠭᠯᠡᠭᠰᠡᠨ ᠪᠠᠢ᠌ᠪᠠᠯ᠂ ᠨᠢᠭᠡᠨᠲᠡ ᠬᠦᠷᠭᠡᠭᠰᠡᠨ ᠵᠶ᠋ᠡᠷ ᠪᠤᠳᠤᠨ᠎ᠠ; ᠹᠠᠺᠰ᠂ ᠡᠯᠧᠺᠲᠷᠣᠨ ᠰᠢᠤᠳᠠᠨ᠎ᠤ ᠵᠦᠢ᠍ᠯ ᠵᠡᠷᠭᠡ ᠬᠡᠯᠪᠡᠷᠢ᠎ᠪᠠᠷ ᠬᠦᠷᠭᠡᠭᠰᠡᠨ ᠪᠠᠢ᠌ᠪᠠᠯ᠂ ᠡᠯᠧᠺᠲᠷᠣᠨ ᠳᠠᠮᠵᠢᠭᠤᠯᠭ᠎ᠠ ᠵᠢᠨ ᠲᠡᠮᠳᠡᠭᠯᠡᠯ᠎ᠨᠢ ᠨᠢᠭᠡᠨᠲᠡ ᠢᠯᠡᠭᠡᠵᠦ ᠳᠠᠭᠤᠰᠤᠭᠰᠠᠨ᠎ᠢ ᠢᠯᠡᠷᠡᠭᠦᠯᠵᠦ ᠴᠢᠳᠠᠪᠠᠯ᠂ ᠳᠠᠷᠤᠢ ᠨᠢᠭᠡᠨᠲᠡ ᠬᠦᠷᠭᠡᠭᠰᠡᠨ ᠵᠶ᠋ᠡᠷ ᠪᠤᠳᠤᠨ᠎ᠠ᠃
    ᠲᠤᠰ ᠵᠦᠢ᠍ᠯ᠎ᠤᠨ ᠬᠣᠶᠠᠳᠤᠭ᠋ᠠᠷ ᠪᠠᠳᠠᠭ᠎ᠲᠤ ᠲᠣᠭᠲᠠᠭ᠋ᠠᠭᠰᠠᠨ á  á ·á ­á Žá   ᠮᠠᠶᠢᠭ ᠵᠶ᠋ᠠᠷ ᠬᠦᠷᠭᠡᠬᠦ ᠵᠢᠨ á  á ·á ­á Žá   ᠦᠭᠡᠢ ᠪᠠᠢ᠌ᠪᠠᠯ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠳᠤᠮᠳᠠᠳᠤ ᠤᠯᠤᠰ᠎ᠤᠨ ᠰᠢᠤᠳᠠᠨ᠎ᠤ ᠣᠨᠴᠠ ᠲᠦᠷᠭᠡᠨ ᠬᠦᠷᠭᠡᠯᠲᠡ᠂ ᠠᠯᠪᠠᠨ ᠭᠡᠷᠡᠴᠢᠯᠡᠭᠡ᠎ᠪᠠᠷ ᠬᠦᠷᠭᠡᠬᠦ᠂ ᠨᠠᠢ᠌ᠳᠠᠨ ᠬᠦᠷᠭᠡᠬᠦ ᠪᠠ ᠦᠯᠡᠳᠡᠭᠡᠨ ᠲᠠᠯᠪᠢᠵᠤ ᠬᠦᠷᠭᠡᠬᠦ ᠵᠡᠷᠭᠡ ᠬᠦᠷᠭᠡᠯᠲᠡ ᠵᠢᠨ ᠲᠡᠮᠳᠡᠭᠯᠡᠯ᠎ᠢ ᠬᠠᠩᠭ᠋ᠠᠵᠤ ᠳᠡᠶ᠋ᠢᠯᠬᠦ á  á ·á ­á Žá   ᠮᠠᠶᠢᠭ ᠵᠶ᠋ᠠᠷ ᠬᠦᠷᠭᠡᠯᠲᠡ ᠬᠦᠯᠢᠶᠡᠭᠴᠢ ᠵᠢᠨ ᠬᠠᠮᠤᠭ ᠰᠡᠭᠦᠯᠴᠢ ᠵᠢᠨ ᠨᠢᠭᠡ ᠬᠥᠮᠥᠨ᠎ᠤ ᠮᠡᠳᠡᠵᠦ ᠪᠠᠢ᠌ᠭ᠎ᠠ ᠪᠡᠶ᠎ᠡ ᠵᠢᠨ ᠦᠨᠡᠮᠯᠡᠯ᠎ᠤᠨ ᠬᠠᠶᠢᠭ᠂ ᠡᠷᠦᠭᠡ ᠠᠮᠠ ᠵᠢᠨ ᠲᠠᠨᠭ᠌ᠰᠠ ᠵᠢᠨ ᠬᠠᠶᠢᠭ᠂ ᠣᠷᠣᠰᠢᠨ ᠰᠠᠭᠤᠵᠤ ᠪᠠᠢ᠌ᠭ᠎ᠠ ᠬᠠᠶᠢᠭ᠂ ᠡᠵᠡᠩᠨᠡᠯᠲᠡ ᠵᠢᠨ ᠬᠠᠶᠢᠭ᠂ ᠳᠠᠩᠰᠠᠯᠠᠭᠤᠯᠤᠭᠰᠠᠨ ᠬᠠᠶᠢᠭ᠂ ᠲᠤᠬᠠᠢ ᠵᠢᠨ ᠬᠥᠮᠥᠨ᠎ᠤ ᠪᠣᠯᠵᠣᠨ ᠲᠣᠭᠲᠠᠭᠰᠠᠨ ᠬᠦᠷᠭᠡᠯᠲᠡ ᠵᠢᠨ ᠬᠠᠶᠢᠭ ᠪᠤᠶᠤ ᠬᠠᠷᠢᠯᠴᠠᠬᠤ ᠬᠠᠶᠢᠭ᠎ᠤᠨ ᠨᠢᠭᠡ ᠵᠢ ᠲᠣᠳᠣᠷᠬᠠᠢ ᠲᠡᠮᠳᠡᠭᠯᠡᠭᠰᠡᠨ ᠪᠠᠢ᠌ᠪᠠᠯ᠂ ᠳᠠᠷᠤᠢ ᠬᠦᠴᠦᠨ᠎ᠲᠠᠢ ᠬᠦᠷᠭᠡᠭᠰᠡᠨ ᠵᠶ᠋ᠡᠷ ᠪᠤᠳᠤᠨ᠎ᠠ᠃
    ᠠᠷᠪᠠᠳᠤᠭ᠋ᠠᠷ ᠵᠦᠢ᠍ᠯ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠵᠢᠭᠤᠷᠠᠯᠳᠤᠭ᠋ᠠᠨ᠎ᠢ ᠬᠦᠯᠢᠶᠡᠨ ᠠᠪᠤᠭᠰᠠᠨ ᠪᠤᠶᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠂ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠲᠣᠭᠲᠠᠭ᠋ᠠᠯ᠂ ᠲᠤᠰ ᠳᠦᠷᠢᠮ᠂ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠎ᠢ ᠵᠥᠷᠢᠴᠡᠭᠰᠡᠨ ᠵᠡᠷᠭᠡ ᠪᠠᠢ᠌ᠳᠠᠯ᠎ᠲᠠᠢ ᠪᠠᠢ᠌ᠬᠤ ᠵᠢ ᠲᠤᠬᠠᠢ ᠵᠢᠨ ᠬᠥᠮᠥᠨ ᠮᠡᠳᠡᠬᠦ ᠪᠤᠶᠤ ᠮᠡᠳᠡᠬᠦ ᠶᠣᠰᠣᠲᠠᠢ ᠪᠠᠢ᠌ᠲᠠᠯ᠎ᠠ ᠬᠥᠨᠳᠡᠯᠡᠨ᠎ᠠᠴᠠ ᠲᠠᠰᠤᠯᠬᠤ ᠠᠵᠢᠯᠯᠠᠭ᠎ᠠ᠎ᠳᠤ ᠮᠥᠨ ᠣᠷᠣᠯᠴᠠᠭᠰᠠᠨ ᠪᠤᠶᠤ ᠦᠷᠭᠦᠯᠵᠢᠯᠡᠨ ᠣᠷᠣᠯᠴᠠᠭᠰᠠᠨ ᠪᠥᠭᠡᠳ á ´á  á ­ ᠲᠤᠬᠠᠢ᠎ᠳᠤᠨᠢ ᠪᠢᠴᠢᠭ ᠵᠶ᠋ᠡᠷ ᠣᠨᠳᠣᠣ ᠰᠠᠨᠠᠯ ᠳᠤᠷᠠᠳᠤᠭᠰᠠᠨ ᠦᠭᠡᠢ ᠪᠠᠢ᠌ᠪᠠᠯ᠂ ᠲᠡᠭᠦᠨ᠎ᠤ ᠣᠨᠳᠣᠣ ᠰᠠᠨᠠᠯ ᠵᠶ᠋ᠠᠨ ᠬᠠᠶᠠᠬᠤ ᠡᠷᠬᠡ᠎ᠪᠠᠨ ᠬᠠᠶᠠᠭᠰᠠᠨ ᠵᠶ᠋ᠠᠷ ᠦᠵᠡᠨ᠎ᠡ᠃
    ᠬᠣᠶᠠᠳᠤᠭ᠋ᠠᠷ ᠪᠦᠯᠦᠭ   ᠬᠡᠷᠡᠭ ᠭᠥᠯᠢᠶᠡᠨ ᠠᠪᠬᠤ ᠦᠨᠳᠦᠰᠦ ᠪᠠᠷᠢᠮᠲᠠ ᠪᠠ ᠬᠠᠮᠢᠶᠠᠷᠬᠤ ᠡᠷᠬᠡ
    ᠠᠷᠪᠠᠨ ᠨᠢᠭᠡᠳᠦᠭᠡᠷ ᠵᠦᠢ᠍ᠯ ᠲᠤᠬᠠᠢ ᠵᠢᠨ ᠬᠥᠮᠥᠨ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ ᠵᠶ᠋ᠡᠨ ᠦᠨᠳᠦᠰᠦᠯᠡᠨ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠳᠤ ᠬᠥᠨᠳᠡᠯᠡᠨ᠎ᠠᠴᠠ ᠲᠠᠰᠤᠯᠬᠤ ᠵᠢ ᠭᠤᠶᠤᠴᠢᠯᠠᠵᠦ ᠪᠤᠯᠤᠨ᠎ᠡ᠃ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠎ᠲᠤ ᠭᠡᠷ᠎ᠡ᠎ᠳᠤ ᠲᠣᠭᠲᠠᠭ᠋ᠠᠭᠰᠠᠨ ᠬᠥᠨᠳᠡᠯᠡᠨ᠎ᠠᠴᠠ ᠲᠠᠰᠤᠯᠤᠭᠤᠯᠬᠤ ᠵᠦᠢ᠍ᠯ ᠵᠤᠷᠪᠤᠰ ᠪᠠ ᠵᠢᠭᠤᠷᠠᠯᠳᠤᠭ᠋ᠠᠨ ᠡᠭᠦᠰᠬᠦ᠎ᠠᠴᠠ ᠡᠮᠦᠨ᠎ᠡ ᠪᠤᠶᠤ ᠡᠭᠦᠰᠦᠭᠰᠡᠨ᠎ᠤ ᠲᠡᠷᠡᠭ᠎ᠠ ᠬᠡᠯᠡᠯᠴᠡᠨ ᠲᠣᠬᠢᠷᠠᠭᠰᠠᠨ ᠬᠥᠨᠳᠡᠯᠡᠨ᠎ᠠᠴᠠ ᠲᠠᠰᠤᠯᠤᠭᠤᠯᠬᠤ ᠰᠠᠨᠠᠭ᠎ᠠ᠎ᠪᠠᠨ ᠢᠯᠡᠳᠬᠡᠭᠰᠡᠨ ᠬᠡᠯᠡᠯᠴᠡᠭᠡᠷ ᠪᠠᠭᠲᠠᠨ᠎ᠠ᠃
    ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠎ᠲᠤ ᠪᠢᠴᠢᠭ᠎ᠤᠨ ᠬᠡᠯᠪᠡᠷᠢ ᠵᠢ ᠠᠪᠬᠤ ᠬᠡᠷᠡᠭᠲᠡᠢ᠃ ᠪᠢᠴᠢᠭ᠎ᠤᠨ ᠬᠡᠯᠪᠡᠷᠢ᠎ᠳᠤ á ­á ¡á ·á Žá ¡ ᠵᠢᠨ ᠪᠢᠴᠢᠭ᠂ ᠵᠠᠬᠢᠳᠠᠯ ᠴᠢᠮᠡᠭᠡ᠂ ᠡᠯᠸᠺᠲᠷᠤᠨ ᠳᠠᠮᠵᠢᠭᠤᠯᠭ᠎ᠠ᠂ ᠹᠠᠺᠰ᠂ ᠡᠯᠧᠺᠲᠷᠣᠨ ᠳ᠋ᠠᠢ᠌ᠲ᠋ᠠ ᠵᠢᠨ ᠰᠣᠯᠢᠯᠴᠠᠭ᠎ᠠ ᠪᠠ ᠢᠮᠸᠯ ᠵᠡᠷᠭᠡ ᠲᠡᠮᠳᠡᠭᠯᠡᠭᠰᠡᠨ ᠠᠭᠤᠯᠭ᠎ᠠ᠎ᠪᠠᠨ ᠢᠯᠡᠳᠬᠡᠵᠦ ᠪᠣᠯᠬᠤ ᠬᠡᠯᠪᠡᠷᠢ ᠪᠠᠭᠲᠠᠨ᠎ᠠ᠃
    ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠤᠨ ᠪᠢᠴᠢᠭ ᠪᠠ ᠬᠥᠨᠳᠡᠯᠡᠨ᠎ᠠᠴᠠ ᠲᠠᠰᠤᠯᠤᠭᠤᠯᠬᠤ ᠬᠠᠷᠢᠭᠤ ᠮᠠᠷᠭᠤᠬᠤ ᠪᠢᠴᠢᠭ᠎ᠢ ᠰᠣᠯᠢᠯᠴᠠᠬᠤ ᠦᠶ᠎ᠡ᠎ᠳᠤ ᠨᠢᠭᠡ ᠲᠠᠯ᠎ᠠ ᠵᠢᠨ ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠎ᠲᠠᠢ ᠭᠡᠵᠦ ᠪᠠᠢ᠌ᠲᠠᠯ᠎ᠠ ᠨᠦᠭᠦᠭᠡ ᠲᠠᠯ᠎ᠠ ᠵᠢᠨ ᠲᠤᠬᠠᠢ ᠵᠢᠨ ᠬᠥᠮᠥᠨ᠎ᠨᠢ ᠦᠭᠡᠶ᠋ᠢᠰᠬᠡᠬᠦ᠎ᠪᠠᠨ ᠢᠯᠡᠷᠬᠡᠢ᠌ᠯᠡᠭᠰᠡᠨ ᠦᠭᠡᠢ ᠪᠠᠢ᠌ᠪᠠᠯ᠂ ᠬᠥᠨᠳᠡᠯᠡᠨ᠎ᠠᠴᠠ ᠲᠠᠰᠤᠯᠤᠭᠤᠯᠬᠤ ᠪᠢᠴᠢᠭ᠎ᠤᠨ ᠬᠡᠯᠡᠯᠴᠡᠭᠡᠷ ᠪᠠᠢ᠌ᠬᠤ᠎ᠪᠠᠷ ᠦᠵᠡᠨ᠎ᠡ᠃
    ᠭᠡᠷ᠎ᠡ᠎ᠳᠠᠬᠢ ᠬᠥᠨᠳᠡᠯᠡᠨ᠎ᠠᠴᠠ ᠲᠠᠰᠤᠯᠤᠭᠤᠯᠬᠤ ᠵᠦᠢ᠍ᠯ ᠵᠤᠷᠪᠤᠰ᠎ᠨᠢ ᠭᠡᠷ᠎ᠡ᠎ᠳᠤ ᠬᠠᠷᠢᠶᠠᠯᠠᠭᠳᠠᠬᠤ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ ᠪᠣᠯᠣᠨ á ­á ¡á ·á Žá ¡ ᠵᠢᠨ ᠪᠤᠰᠤᠳ ᠵᠦᠢ᠍ᠯ ᠵᠤᠷᠪᠤᠰ᠎ᠤᠳ ᠬᠣᠭᠣᠷᠣᠨᠳᠤ᠎ᠪᠠᠨ ᠰᠠᠯᠵᠤ ᠲᠤᠰᠠᠭ᠋ᠠᠷ ᠤᠷᠤᠰᠢᠨ᠎ᠡ; á ­á ¡á ·á Žá ¡ ᠵᠢ ᠬᠤᠪᠢᠷᠠᠭᠤᠯᠬᠤ᠂ ᠴᠤᠴᠠᠯᠬᠤ᠂ ᠳᠠᠭᠤᠰᠬᠠᠬᠤ᠂ ᠰᠢᠯᠵᠢᠭᠦᠯᠦᠨ ᠥᠭᠬᠦ᠂ ᠬᠦᠴᠦᠨ ᠵᠶ᠋ᠡᠨ ᠠᠯᠳᠠᠬᠤ᠂ ᠬᠦᠴᠦᠨ᠎ᠲᠠᠢ ᠪᠣᠯᠣᠭ᠋ᠠᠳᠤᠢ᠂ ᠬᠦᠴᠦᠨ ᠦᠭᠡᠢ ᠪᠣᠯᠭ᠋ᠠᠭᠳᠠᠬᠤ ᠵᠢᠴᠢ ᠪᠠᠢ᠌ᠭᠤᠯᠤᠭᠳᠠᠬᠤ ᠡᠰᠡᠬᠦ᠎ᠨᠢ ᠴᠥᠮ ᠬᠥᠨᠳᠡᠯᠡᠨ᠎ᠠᠴᠠ ᠲᠠᠰᠤᠯᠤᠭᠤᠯᠬᠤ ᠵᠦᠢ᠍ᠯ ᠵᠤᠷᠪᠤᠰ ᠪᠤᠶᠤ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠎ᠤᠨ ᠬᠦᠴᠦᠨ᠎ᠢ ᠨᠥᠯᠥᠭᠡᠯᠡᠬᠦ ᠦᠭᠡᠢ᠃
    ᠠᠷᠪᠠᠨ ᠬᠣᠶᠠᠳᠤᠭ᠋ᠠᠷ ᠵᠦᠢ᠍ᠯ ᠲᠤᠬᠠᠢ ᠵᠢᠨ ᠬᠥᠮᠥᠨ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠳᠦᠷᠢᠮ ᠬᠢᠭᠡᠳ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠳᠦᠷᠢᠮ᠎ᠢ ᠦᠨᠳᠦᠰᠦᠯᠡᠨ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠢ ᠭᠤᠶᠤᠴᠢᠯᠠᠵᠦ ᠪᠤᠯᠤᠨ᠎ᠡ᠃
    ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠲᠦᠷᠢᠮ᠎ᠠᠴᠠ ᠡᠷᠬᠡ ᠣᠯᠭᠣᠵᠤ ᠲᠣᠭᠲᠠᠭ᠋ᠠᠭᠰᠠᠨ ᠬᠠᠮᠢᠶᠠᠷᠤᠯᠲᠠ ᠵᠢᠨ   ᠲᠦᠷᠢᠮ᠎ᠳᠠᠬᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠢ᠍ᠯ ᠵᠤᠷᠪᠤᠰ᠎ᠢ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠲᠦᠷᠢᠮ᠎ᠳᠠᠬᠢ ᠪᠡᠶ᠎ᠡ ᠵᠢᠨ ᠲᠠᠮᠢᠷ᠎ᠤᠨ ᠬᠦᠨᠳᠡᠯᠡᠨ᠎ᠠᠴᠠ ᠲᠠᠰᠤᠯᠬᠤ ᠵᠤᠷᠪᠤᠰ ᠭᠡᠵᠦ ᠦᠵᠡᠨ᠎ᠡ᠃
    ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠨᠡᠷ᠎ᠡ ᠮᠡᠳᠡᠭᠦᠯᠬᠦ ᠬᠦᠰᠦᠨᠦᠭᠲᠦ᠂ ᠤᠷᠤᠯᠳᠤᠭ᠋ᠠᠨ᠎ᠳᠤ ᠣᠷᠤᠯᠴᠠᠬᠤ ᠬᠡᠯᠡᠯᠴᠡᠭᠡᠷ ᠪᠤᠶᠤ ᠤᠷᠤᠯᠳᠤᠭ᠋ᠠᠨ᠎ᠤ ᠳᠦᠷᠢᠮ᠎ᠳᠠᠬᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠢ᠍ᠯ ᠵᠤᠷᠪᠤᠰ᠎ᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠳᠦᠷᠢᠮ᠎ᠳᠠᠬᠢ ᠪᠡᠶ᠎ᠡ ᠵᠢᠨ ᠲᠠᠮᠢᠷ᠎ᠤᠨ ᠪᠡᠶ᠎ᠡ ᠵᠢᠨ ᠲᠠᠮᠢᠷ᠎ᠤᠨ ᠬᠦᠨᠳᠡᠯᠡᠨ᠎ᠠᠴᠠ ᠲᠠᠰᠤᠯᠬᠤ ᠵᠤᠷᠪᠤᠰ ᠭᠡᠵᠦ ᠦᠵᠡᠨ᠎ᠡ᠃
    ᠠᠷᠪᠠᠨ ᠭᠤᠷᠪᠠᠳᠤᠭ᠋ᠠᠷ ᠵᠦᠢ᠍ᠯ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠲᠠᠮᠢᠷᠴᠢᠳ᠎ᠤᠨ ᠬᠠᠮᠢᠶᠠᠷᠤᠯᠲᠠ ᠵᠢᠨ ᠨᠢᠭᠡᠴᠢ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠵᠣᠬᠢᠶᠠᠨ ᠪᠠᠢ᠌ᠭᠤᠯᠤᠭᠴᠢ ᠵᠢᠨ ᠰᠢᠢ᠍ᠳᠪᠦᠷᠢᠯᠡᠭᠰᠡᠨ ᠲᠣᠭᠲᠠᠭ᠋ᠠᠯ ᠪᠤᠶᠤ ᠳᠣᠲᠣᠭ᠋ᠠᠳᠤ ᠵᠢᠨ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠪᠠᠢ᠌ᠭᠤᠯᠤᠮᠵᠢ ᠵᠢᠨ ᠰᠢᠢ᠍ᠳᠪᠦᠷᠢᠯᠡᠭᠰᠡᠨ ᠦᠷ᠎ᠡ ᠳ᠋ᠦᠩ᠎ᠢ ᠵᠥᠪᠰᠢᠶᠡᠷᠡᠬᠦ ᠦᠭᠡᠢ ᠪᠠᠢ᠌ᠪᠠᠯ᠂ ᠲᠤᠬᠠᠢ ᠵᠢᠨ ᠬᠥᠮᠥᠨ᠎ᠨᠢ ᠰᠢᠢ᠍ᠳᠪᠦᠷᠢᠯᠡᠭᠰᠡᠨ ᠲᠣᠭᠲᠠᠭ᠋ᠠᠯ ᠪᠤᠶᠤ ᠵᠠᠭᠤᠷᠠᠯᠳᠤᠭ᠋ᠠᠨ᠎ᠢ ᠰᠢᠢ᠍ᠳᠪᠦᠷᠢᠯᠡᠭᠰᠡᠨ ᠦᠷ᠎ᠡ ᠳ᠋ᠦᠩ᠎ᠢ ᠣᠯᠣᠭᠰᠠᠨ ᠡᠳᠦᠷ᠎ᠠᠴᠠ ᠡᠬᠢᠯᠡᠨ ᠬᠣᠷᠢᠨ ᠨᠢᠭᠡᠨ ᠡᠳᠦᠷ᠎ᠤᠨ ᠳᠣᠲᠣᠷ᠎ᠠ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠤᠭᠤᠯᠬᠤ᠎ᠪᠠᠷ ᠭᠤᠶᠤᠴᠢᠯᠠᠵᠤ ᠪᠣᠯᠣᠨ᠎ᠠ᠃
    ᠠᠷᠪᠠᠨ ᠳᠥᠷᠪᠡᠳᠦᠭᠡᠷ ᠵᠦᠢ᠍ᠯ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ᠎ᠳᠤ ᠳᠣᠲᠣᠭ᠋ᠠᠳᠤ ᠵᠢᠨ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠪᠠᠢ᠌ᠭᠤᠯᠤᠮᠵᠢ ᠪᠠᠢ᠌ᠬᠤ ᠦᠭᠡᠢ ᠪᠤᠶᠤ ᠳᠣᠲᠣᠭ᠋ᠠᠳᠤ ᠵᠢᠨ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠪᠠᠢ᠌ᠭᠤᠯᠤᠮᠵᠢ á ´á  á ­ ᠲᠤᠬᠠᠢ᠎ᠳᠤᠨᠢ ᠰᠢᠢ᠍ᠳᠪᠦᠷᠢᠯᠡᠭᠰᠡᠨ ᠦᠭᠡᠢ ᠪᠣᠯ ᠲᠤᠬᠠᠢ ᠵᠢᠨ ᠬᠥᠮᠥᠨ᠎ᠨᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠳᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠤᠭᠤᠯᠬᠤ᠎ᠪᠠᠷ ᠭᠤᠶᠤᠴᠢᠯᠠᠵᠤ ᠪᠣᠯᠣᠨ᠎ᠠ᠃
    ᠲᠤᠬᠠᠢ ᠵᠢᠨ ᠬᠥᠮᠥᠨ᠎ᠠᠴᠠ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠳᠣᠲᠣᠭ᠋ᠠᠳᠤ ᠵᠢᠨ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠪᠠᠢ᠌ᠭᠤᠯᠤᠮᠵᠢ᠎ᠨᠢ ᠵᠢᠭᠤᠷᠠᠯᠳᠤᠭ᠋ᠠᠨ᠎ᠢ á ´á  á ­ ᠲᠤᠬᠠᠢ᠎ᠳᠤᠨᠢ ᠰᠢᠢ᠍ᠳᠪᠦᠷᠢᠯᠡᠭᠰᠡᠨ ᠦᠭᠡᠢ ᠭᠡᠳᠡᠭ ᠵᠶ᠋ᠡᠷ ᠰᠢᠯᠲᠠᠭ᠋ᠠᠨ ᠪᠣᠯᠭ᠋ᠠᠵᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠤᠭᠤᠯᠬᠤ᠎ᠪᠠᠷ ᠭᠤᠶᠤᠴᠢᠯᠠᠵᠤ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠬᠢᠨᠠᠨ ᠪᠠᠢ᠌ᠴᠠᠭ᠋ᠠᠭᠰᠠᠨ᠎ᠤ ᠳᠠᠷᠠᠭ᠎ᠠ ᠪᠠᠢ᠌ᠳᠠᠯ᠎ᠨᠢ ᠦᠨᠡᠨ ᠪᠣᠳᠠᠲᠠᠢ ᠪᠥᠭᠡᠳ ᠬᠥᠨᠳᠡᠯᠡᠨ᠎ᠠᠴᠠ ᠲᠠᠰᠤᠯᠤᠭᠤᠯᠬᠤ᠎ᠪᠠᠷ ᠭᠤᠶᠤᠴᠢᠯᠠᠬᠤ ᠨᠥᠬᠥᠴᠡᠯ᠎ᠳᠤ ᠨᠡᠢ᠌ᠴᠡᠭᠰᠡᠨ ᠪᠤᠯ ᠬᠦᠯᠢᠶᠡᠨ ᠠᠪᠴᠦ ᠪᠤᠯᠤᠨ᠎ᠡ᠃
    ᠠᠷᠪᠠᠨ ᠲᠠᠪᠤᠳᠤᠭ᠋ᠠᠷ ᠵᠦᠢ᠍ᠯ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠨᠢ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠎ᠤᠨ ᠣᠷᠣᠰᠢᠬᠤ ᠪᠠ ᠬᠦᠴᠦᠨ᠎ᠲᠠᠢ ᠪᠠᠢ᠌ᠬᠤ ᠵᠢᠴᠢ ᠬᠥᠨᠳᠡᠯᠡᠨ᠎ᠠᠴᠠ ᠲᠠᠰᠤᠯᠬᠤ ᠬᠡᠷᠡᠭ᠎ᠤᠨ ᠬᠠᠷᠢᠶᠠᠯᠠᠯ᠎ᠤᠨ ᠡᠷᠬᠡ ᠵᠢᠨ ᠲᠤᠬᠠᠢ ᠲᠣᠭᠲᠠᠭ᠋ᠠᠯ ᠭᠠᠷᠭ᠋ᠠᠬᠤ ᠡᠷᠬᠡ᠎ᠲᠠᠢ᠂ ᠬᠥᠨᠳᠡᠯᠡᠨ᠎ᠠᠴᠠ ᠲᠠᠰᠤᠯᠬᠤ ᠲᠢᠩᠬᠢᠮ᠎ᠳᠤ ᠡᠷᠬᠡ ᠣᠯᠭᠣᠵᠤ ᠬᠠᠷᠢᠶᠠᠯᠠᠯ᠎ᠤᠨ ᠡᠷᠬᠡ ᠵᠢᠨ ᠲᠣᠭᠲᠠᠭ᠋ᠠᠯ ᠭᠠᠷᠭ᠋ᠠᠭᠤᠯᠵᠤ ᠴᠤ᠌ ᠪᠣᠯᠣᠨ᠎ᠠ᠃
    ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠦᠨᠭᠭᠡᠨ ᠲᠠᠯ᠎ᠠ ᠵᠢᠨ á ­á ¡á ·á ¡á ´á ¢ ᠪᠠᠷᠢᠮᠲᠠ ᠵᠢ ᠦᠨᠳᠦᠰᠦᠯᠡᠨ ᠬᠦᠴᠦᠨ᠎ᠲᠠᠢ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ ᠣᠷᠣᠰᠢᠵᠤ ᠪᠠᠢ᠌ᠨ᠎ᠠ ᠭᠡᠵᠦ ᠦᠵᠡᠪᠡᠯ᠂ ᠦᠨᠭᠭᠡᠨ ᠲᠠᠯ᠎ᠠ ᠵᠢᠨ á ­á ¡á ·á ¡á ´á ¢ ᠪᠠᠷᠢᠮᠲᠠ ᠵᠢ ᠦᠨᠳᠦᠰᠦᠯᠡᠨ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠬᠠᠷᠢᠶᠠᠯᠠᠬᠤ ᠡᠷᠬᠡ᠎ᠲᠠᠢ ᠲᠣᠭᠲᠠᠭ᠋ᠠᠯ ᠭᠠᠷᠭ᠋ᠠᠵᠤ᠂ ᠬᠥᠨᠳᠡᠯᠡᠨ᠎ᠠᠴᠠ ᠲᠠᠰᠤᠯᠬᠤ ᠵᠢᠷᠤᠮ᠎ᠢ ᠦᠷᠭᠦᠯᠵᠢᠯᠡᠨ ᠶᠠᠪᠤᠭᠳᠠᠭᠤᠯᠤᠨ᠎ᠠ᠃ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠦᠨᠭᠭᠡᠨ ᠲᠠᠯ᠎ᠠ ᠵᠢᠨ á ­á ¡á ·á ¡á ´á ¢ ᠪᠠᠷᠢᠮᠲᠠ ᠵᠢ ᠦᠨᠳᠦᠰᠦᠯᠡᠨ á ­á  á ·á ­á ‹á  á ­á °á  á ¨ ᠬᠠᠷᠢᠶᠠᠯᠠᠯ᠎ᠤᠨ ᠡᠷᠬᠡ ᠵᠢᠨ ᠲᠣᠭᠲᠠᠭ᠋ᠠᠯ᠎ᠨᠢ ᠲᠡᠭᠦᠨ᠎ᠤ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠰᠢᠭᠦᠬᠦ ᠶᠠᠪᠤᠴᠠ᠎ᠳᠤ ᠣᠯᠵᠤ ᠮᠡᠳᠡᠭᠰᠡᠨ ᠦᠨᠭᠭᠡᠨ ᠲᠠᠯ᠎ᠠ ᠵᠢᠨ á ­á ¡á ·á ¡á ´á ¢ ᠪᠠᠷᠢᠮᠲᠠ᠎ᠲᠠᠢ ᠨᠢᠭᠡᠳᠦᠯ ᠦᠭᠡᠢ ᠪᠣᠳᠠᠲᠤ ᠬᠡᠷᠡᠭ ᠪᠤᠶᠤ á ­á ¡á ·á ¡á ´á ¢ ᠪᠠᠷᠢᠮᠲᠠ ᠵᠢ ᠦᠨᠳᠦᠰᠦᠯᠡᠨ ᠬᠠᠷᠢᠶᠠᠯᠠᠯ᠎ᠤᠨ ᠡᠷᠬᠡ ᠵᠢᠨ ᠲᠣᠭᠲᠠᠭ᠋ᠠᠯ᠎ᠢ ᠲᠠᠬᠢᠵᠤ ᠭᠠᠷᠭ᠋ᠠᠬᠤ ᠵᠢ ᠬᠠᠷᠰᠢᠯᠠᠬᠤ ᠦᠭᠡᠢ᠃
    ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠣᠯᠭᠣᠭᠰᠠᠨ ᠡᠷᠬᠡ ᠵᠢ ᠦᠨᠳᠦᠰᠦᠯᠡᠨ ᠬᠠᠷᠢᠶᠠᠯᠠᠯ᠎ᠤᠨ ᠡᠷᠬᠡ ᠵᠢᠨ ᠲᠣᠭᠲᠠᠭ᠋ᠠᠯ ᠭᠠᠷᠭ᠋ᠠᠬᠤ᠎ᠳᠠᠭᠠᠨ ᠬᠥᠨᠳᠡᠯᠡᠨ᠎ᠠᠴᠠ ᠲᠠᠰᠤᠯᠬᠤ ᠵᠢᠷᠤᠮ᠎ᠤᠨ ᠶᠠᠪᠤᠭᠳᠠᠬᠤ ᠶᠠᠪᠤᠴᠠ᠎ᠳᠤ ᠠᠰ᠎ᠲᠤᠨᠢ ᠭᠠᠷᠭ᠋ᠠᠵᠤ ᠪᠣᠯᠣᠨ᠎ᠠ᠂ ᠲᠣᠭᠲᠠᠭ᠋ᠠᠯᠲᠠ ᠵᠢᠨ ᠪᠢᠴᠢᠭ᠎ᠲᠤ ᠬᠠᠮᠲᠤ᠎ᠳᠤᠨᠢ á ­á  á ·á ­á ‹á  á ­á °á  á ¨ ᠴᠤ᠌ ᠪᠣᠯᠣᠨ᠎ᠠ᠃
    ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ ᠪᠤᠶᠤ ᠬᠥᠨᠳᠡᠯᠡᠨ᠎ᠠᠴᠠ ᠲᠠᠰᠤᠯᠬᠤ ᠬᠡᠷᠡᠭ᠎ᠤᠨ ᠬᠠᠷᠢᠶᠠᠯᠠᠯ᠎ᠤᠨ ᠡᠷᠬᠡ᠎ᠳᠤ ᠣᠨᠳᠣᠣ ᠰᠠᠨᠠᠯ᠎ᠲᠠᠢ ᠪᠠᠢ᠌ᠪᠠᠯ᠂ ᠬᠠᠷᠢᠭᠤ ᠮᠠᠷᠭᠤᠬᠤ ᠬᠤᠭᠤᠴᠠᠭ᠎ᠠ ᠳᠦᠭᠦᠷᠬᠦ᠎ᠠᠴᠠ ᠡᠮᠦᠨ᠎ᠡ ᠪᠢᠴᠢᠭ᠎ᠤᠨ ᠬᠡᠯᠪᠡᠷᠢ᠎ᠪᠠᠷ ᠳᠤᠷᠠᠳᠬᠤ ᠬᠡᠷᠡᠭᠲᠡᠢ᠃ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ ᠪᠤᠶᠤ ᠬᠥᠨᠳᠡᠯᠡᠨ᠎ᠠᠴᠠ ᠲᠠᠰᠤᠯᠬᠤ ᠬᠡᠷᠡᠭ᠎ᠤᠨ ᠬᠠᠷᠢᠶᠠᠯᠠᠯ᠎ᠤᠨ ᠡᠷᠬᠡ᠎ᠳᠤ ᠣᠨᠳᠣᠣ ᠰᠠᠨᠠᠯ ᠳᠤᠷᠠᠳᠬᠤ᠎ᠨᠢ ᠬᠥᠨᠳᠡᠯᠡᠨ᠎ᠠᠴᠠ ᠲᠠᠰᠤᠯᠬᠤ ᠵᠢᠷᠤᠮ᠎ᠤᠨ ᠶᠠᠪᠤᠭᠳᠠᠬᠤ ᠵᠢ ᠨᠥᠯᠥᠭᠡᠯᠡᠬᠦ ᠦᠭᠡᠢ᠃ ᠬᠠᠷᠢᠶᠠᠯᠠᠯ᠎ᠤᠨ ᠡᠷᠬᠡ ᠵᠢᠨ ᠲᠤᠬᠠᠢ ᠣᠨᠳᠣᠣ ᠰᠠᠨᠠᠯ᠎ᠳᠤ ᠬᠥᠨᠳᠡᠯᠡᠨ᠎ᠠᠴᠠ ᠲᠠᠰᠤᠯᠬᠤ ᠬᠡᠷᠡᠭ᠎ᠤᠨ ᠪᠡᠶᠡᠴᠢ ᠴᠣᠭᠴᠠ ᠵᠢᠨ ᠬᠢᠷᠢ ᠬᠡᠮ᠎ᠲᠠᠢ ᠤᠨᠳᠤᠤ ᠰᠠᠨᠠᠯ᠎ᠲᠠᠢ ᠪᠠᠢ᠌ᠬᠤ ᠵᠢ ᠪᠠᠭᠳᠠᠭ᠋ᠠᠨ᠎ᠠ᠃
    ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠪᠤᠶᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠠᠴᠠ ᠡᠷᠬᠡ ᠣᠯᠭᠣᠭᠰᠠᠨ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠬᠠᠮᠢᠶᠠᠷᠬᠤ ᠡᠷᠬᠡ ᠦᠭᠡᠢ ᠲᠣᠭᠲᠠᠭ᠋ᠠᠯ á ­á  á ·á ­á ‹á  á ­á °á  á ¨ ᠪᠠᠢ᠌ᠪᠠᠯ ᠬᠡᠷᠡᠭ᠎ᠢ ᠬᠦᠴᠦᠨ ᠦᠭᠡᠢ ᠪᠣᠯᠭ᠋ᠠᠬᠤ ᠬᠡᠷᠡᠭᠲᠡᠢ᠃ ᠬᠡᠷᠡᠭ᠎ᠢ ᠬᠦᠴᠦᠨ ᠦᠭᠡᠢ ᠪᠣᠯᠭ᠋ᠠᠬᠤ ᠲᠣᠭᠲᠠᠭ᠋ᠠᠯ᠎ᠢ ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠬᠦ᠎ᠠᠴᠠ ᠡᠮᠦᠨ᠎ᠡ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠠᠴᠠ ᠭᠠᠷᠭ᠋ᠠᠵᠤ᠂ ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠭᠰᠡᠨ᠎ᠤ ᠳᠠᠷᠠᠭ᠎ᠠ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠭᠠᠷᠭ᠋ᠠᠬᠤ ᠵᠢᠨ ᠬᠠᠮᠲᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠲᠠᠮᠠᠭ᠎ᠠ ᠵᠢ ᠳᠠᠷᠤᠬᠤ ᠬᠡᠷᠡᠭᠲᠡᠢ᠃
    ᠭᠤᠷᠪᠠᠳᠤᠭ᠋ᠠᠷ ᠪᠦᠯᠦᠭ   ᠭᠤᠶᠤᠴᠢᠯᠠᠬᠤ ᠪᠠ ᠭᠥᠯᠢᠶᠡᠨ ᠠᠪᠴᠤ ᠰᠢᠢ᠍ᠳᠪᠦᠷᠢᠯᠡᠬᠦ
    ᠠᠷᠪᠠᠨ ᠵᠢᠷᠭᠤᠳᠤᠭ᠋ᠠᠷ ᠵᠦᠢ᠍ᠯ   ᠭᠤᠶᠤᠴᠢᠯᠠᠭᠴᠢ ᠲᠤᠰ ᠳᠦᠷᠢᠮ᠎ᠢ ᠦᠨᠳᠦᠰᠦᠯᠡᠨ ᠬᠥᠨᠳᠡᠯᠡᠨ᠎ᠠᠴᠠ ᠲᠠᠰᠤᠯᠤᠭᠤᠯᠬᠤ᠎ᠪᠠᠷ ᠭᠤᠶᠤᠴᠢᠯᠠᠬᠤ᠎ᠳᠠᠭᠠᠨ᠄
    (ᠨᠢᠭᠡ) ᠭᠤᠶᠤᠴᠢᠯᠠᠭᠴᠢ ᠪᠤᠶᠤ ᠲᠡᠭᠦᠨ᠎ᠤ ᠨᠠᠢ᠌ᠳᠠᠭᠰᠠᠨ ᠣᠷᠣᠯᠠᠭᠴᠢ᠎ᠠᠴᠠ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ   ᠵᠦᠪᠯᠡᠯ᠎ᠳᠤ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠤᠨ ᠪᠢᠴᠢᠭ ᠵᠶ᠋ᠡᠨ ᠲᠤᠰᠢᠶᠠᠨ᠎ᠠ᠃ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠤᠨ ᠪᠢᠴᠢᠭ᠎ᠲᠤ ᠲᠤᠤᠷᠡᠬᠢ ᠵᠦᠢ᠍ᠯ᠎ᠢ ᠲᠡᠮᠳᠡᠭᠯᠡᠨ ᠲᠤᠳᠤᠷᠬᠠᠢ᠌ᠯᠠᠬᠤ ᠬᠡᠷᠡᠭᠳᠡᠢ᠃
    1. ᠲᠤᠬᠠᠢ ᠵᠢᠨ ᠬᠥᠮᠥᠨ᠎ᠤ ᠣᠪᠣᠭ ᠨᠡᠷ᠎ᠡ᠂ ᠬᠦᠢ᠍ᠰᠦ᠂ ᠨᠠᠰᠤ᠂ ᠡᠷᠬᠢᠯᠡᠭᠰᠡᠨ ᠠᠵᠢᠯ᠂ ᠠᠵᠢᠯᠯᠠᠵᠤ ᠪᠠᠢ᠌ᠭ᠎ᠠ ᠨᠢᠭᠡᠴᠢ ᠪᠠ ᠣᠷᠣᠨ ᠰᠠᠭᠤᠴᠠ᠂ ᠬᠠᠤᠯᠢ ᠵᠢᠨ ᠬᠥᠮᠥᠨ ᠪᠤᠶᠤ ᠬᠠᠤᠯᠢ ᠵᠢᠨ ᠬᠥᠮᠥᠨ ᠪᠤᠰᠤ ᠵᠣᠬᠢᠶᠠᠨ ᠪᠠᠢ᠌ᠭᠤᠯᠤᠯᠲᠠ ᠵᠢᠨ ᠨᠡᠷᠡᠢ᠌ᠳᠦᠯ᠂ ᠣᠷᠣᠨ ᠰᠠᠭᠤᠴᠠ ᠪᠠ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠣᠣᠯ ᠬᠠᠷᠢᠭᠤᠴᠠᠯᠭ᠋ᠠᠲᠠᠨ᠎ᠤ ᠣᠪᠣᠭ ᠨᠡᠷ᠎ᠡ᠂ ᠲᠤᠰᠢᠶᠠᠯ ᠪᠠ ᠬᠠᠷᠢᠯᠴᠠᠬᠤ á  á ·á ­á Žá   ᠮᠠᠶᠢᠭ;
    2. ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ ᠪᠠ ᠦᠨᠳᠦᠰᠦᠯᠡᠭᠰᠡᠨ ᠪᠣᠳᠠᠲᠤ ᠶᠠᠪᠤᠳᠠᠯ᠂ ᠤᠴᠢᠷ ᠰᠢᠯᠲᠠᠭ᠋ᠠᠨ;
    3. á ­á ¡á ·á ¡á ´á ¢ ᠪᠠᠷᠢᠮᠲᠠ ᠪᠠ á ­á ¡á ·á ¡á ´á ¢ ᠪᠠᠷᠢᠮᠲᠠ ᠵᠢᠨ ᠢᠷᠡᠯᠲᠡ᠂ ᠭᠡᠷᠡᠴᠢᠯᠡᠭᠴᠢ ᠵᠢᠨ ᠣᠪᠣᠭ ᠨᠡᠷ᠎ᠡ ᠪᠠ ᠣᠷᠣᠨ ᠰᠠᠭᠤᠴᠠ ᠵᠢᠴᠢ ᠬᠠᠷᠢᠯᠴᠠᠬᠤ á  á ·á ­á Žá   ᠮᠠᠶᠢᠭ᠃
    (ᠬᠣᠶᠠᠷ) ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ ᠭᠠᠷᠭ᠋ᠠᠬᠤ᠎ᠳᠤ ᠦᠨᠳᠦᠰᠦᠯᠡᠭᠰᠡᠨ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠂ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠲᠦᠷᠢᠮ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠲᠦᠷᠢᠮ ᠵᠡᠷᠭᠡ ᠪᠢᠴᠢᠭ ᠮᠠᠲ᠋ᠧᠷᠢᠶᠠᠯ᠎ᠤᠨ ᠬᠠᠭᠤᠯᠪᠤᠷᠢ ᠳᠡᠪᠲᠡᠷ᠎ᠢ ᠳᠡᠪᠰᠢᠭᠦᠯᠦᠨ ᠲᠤᠰᠢᠶᠠᠬᠤ;
    (ᠭᠤᠷᠪᠠ) ᠭᠤᠶᠤᠴᠢᠯᠠᠭᠴᠢ ᠵᠢᠨ ᠪᠡᠶ᠎ᠡ ᠵᠢᠨ ᠬᠢᠷᠢ ᠬᠡᠮ᠎ᠢ ᠭᠡᠷᠡᠴᠢᠯᠡᠬᠦ ᠪᠢᠴᠢᠭ ᠮᠠᠲ᠋ᠧᠷᠢᠶᠠᠯ;
    (ᠲᠦᠷᠪᠡ) ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠰᠢᠢ᠍ᠳᠪᠦᠷᠢᠯᠡᠭᠰᠡᠨ ᠲᠣᠭᠲᠠᠭ᠋ᠠᠯ᠎ᠢ ᠵᠥᠪᠰᠢᠶᠡᠷᠡᠬᠦ ᠦᠭᠡᠢ ᠵᠢᠭᠤᠷᠠᠯᠳᠤᠭ᠋ᠠᠨ ᠪᠤᠯ ᠭᠤᠶᠤᠴᠢᠯᠠᠭᠴᠢ᠎ᠨᠢ ᠪᠠᠰᠠ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠰᠢᠢ᠍ᠳᠪᠦᠷᠢᠯᠡᠭᠰᠡᠨ ᠲᠣᠭᠲᠠᠭ᠋ᠠᠯ᠎ᠤᠨ ᠬᠠᠭᠤᠯᠪᠤᠷᠢ ᠳᠡᠪᠲᠡᠷ᠎ᠢ ᠲᠤᠰᠢᠶᠠᠬᠤ ᠬᠡᠷᠡᠭᠲᠡᠢ᠃
    ᠠᠷᠪᠠᠨ ᠳᠣᠯᠣᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ᠎ᠨᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠤᠨ ᠪᠢᠴᠢᠭ᠎ᠢ ᠣᠯᠣᠭᠰᠠᠨ ᠡᠳᠦᠷ᠎ᠠᠴᠠ ᠡᠬᠢᠯᠡᠨ᠎ᠡ᠃
    ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠤᠨ ᠪᠢᠴᠢᠭ᠎ᠢ ᠣᠯᠣᠭᠰᠠᠨ ᠡᠳᠦᠷ᠎ᠠᠴᠠ ᠡᠬᠢᠯᠡᠨ ᠲᠠᠪᠤᠨ ᠡᠳᠦᠷ᠎ᠤᠨ ᠳᠣᠲᠣᠷ᠎ᠠ ᠭᠥᠯᠢᠶᠡᠨ ᠠᠪᠴᠤ ᠰᠢᠢ᠍ᠳᠪᠦᠷᠢᠯᠡᠬᠦ ᠨᠥᠬᠥᠴᠡᠯ᠎ᠳᠤ ᠨᠡᠢ᠌ᠴᠡᠨ᠎ᠡ ᠭᠡᠵᠦ ᠦᠵᠡᠪᠡᠯ ᠭᠥᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ ᠲᠤᠬᠠᠢ ᠵᠢᠨ ᠬᠥᠮᠥᠨ᠎ᠳᠤ ᠮᠡᠳᠡᠭᠳᠡᠬᠦ ᠬᠡᠷᠡᠭᠲᠡᠢ; ᠭᠥᠯᠢᠶᠡᠨ ᠠᠪᠴᠤ ᠰᠢᠢ᠍ᠳᠪᠦᠷᠢᠯᠡᠬᠦ ᠨᠥᠬᠥᠴᠡᠯ᠎ᠳᠤ ᠨᠡᠶ᠋ᠢᠴᠡᠬᠦ ᠦᠭᠡᠢ ᠭᠡᠵᠦ ᠦᠵᠡᠪᠡᠯ᠂ ᠭᠥᠯᠢᠶᠡᠨ ᠠᠪᠴᠤ ᠰᠢᠢ᠍ᠳᠪᠦᠷᠢᠯᠡᠬᠦ ᠦᠭᠡᠢ ᠪᠠᠢ᠌ᠬᠤ᠎ᠪᠠᠨ ᠭᠤᠶᠤᠴᠢᠯᠠᠭᠴᠢ᠎ᠳᠤ ᠪᠢᠴᠢᠭ ᠵᠶ᠋ᠡᠷ ᠮᠡᠳᠡᠭᠳᠡᠬᠦ ᠵᠢᠨ ᠬᠠᠮᠲᠤ ᠤᠴᠢᠷ ᠰᠢᠯᠲᠠᠭ᠋ᠠᠨ ᠵᠶ᠋ᠠᠨ ᠲᠣᠳᠣᠷᠬᠠᠢ᠌ᠯᠠᠬᠤ ᠬᠡᠷᠡᠭᠲᠡᠢ᠃
    ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠤᠨ ᠪᠢᠴᠢᠭ᠎ᠢ ᠣᠯᠣᠭᠰᠠᠨ᠎ᠤ ᠲᠡᠷᠡᠭ᠎ᠠ᠂ ᠲᠤᠰ ᠲᠦᠷᠢᠮ᠎ᠤᠨ ᠠᠷᠪᠠᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠬᠦ ᠦᠭᠡᠢ ᠭᠡᠵᠦ ᠦᠵᠡᠪᠡᠯ᠂ ᠲᠤᠬᠠᠢ ᠵᠢᠨ ᠬᠥᠮᠥᠨ᠎ᠢ ᠬᠤᠭᠤᠴᠠᠭ᠎ᠠ ᠲᠣᠭᠲᠠᠭ᠋ᠠᠨ ᠨᠥᠬᠥᠪᠦᠷᠢᠯᠡᠨ ᠵᠠᠯᠠᠷᠠᠭᠤᠯᠤᠭᠤᠯᠬᠤ᠎ᠪᠠᠷ ᠱᠠᠭ᠋ᠠᠷᠳᠠᠵᠤ ᠪᠣᠯᠣᠨ᠎ᠠ; ᠬᠤᠭᠤᠴᠠᠭ᠎ᠠ ᠬᠡᠲᠦᠷᠡᠲᠡᠯ᠎ᠡ ᠨᠥᠬᠥᠪᠦᠷᠢᠯᠡᠨ ᠵᠠᠯᠠᠷᠠᠭᠤᠯᠬᠤ ᠦᠭᠡᠢ ᠪᠠᠢ᠌ᠪᠠᠯ᠂ ᠭᠤᠶᠤᠴᠢᠯᠠᠯ ᠵᠶ᠋ᠠᠨ ᠪᠤᠴᠠᠭ᠋ᠠᠭᠰᠠᠨ ᠵᠶ᠋ᠠᠷ ᠦᠵᠡᠨ᠎ᠡ᠂ ᠭᠤᠶᠤᠴᠢᠯᠠᠭᠴᠢ ᠵᠢᠨ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠤᠨ ᠪᠢᠴᠢᠭ ᠵᠢᠴᠢ ᠲᠡᠭᠦᠨ᠎ᠤ ᠳᠠᠭ᠋ᠠᠯᠳᠤᠭᠤᠯᠤᠯ᠎ᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠦᠯᠡᠳᠡᠭᠡᠨ ᠬᠠᠳᠠᠭ᠋ᠠᠯᠠᠬᠤ ᠦᠭᠡᠢ᠃
    ᠠᠷᠪᠠᠨ ᠨᠠᠢ᠍ᠮᠠᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠭᠥᠯᠢᠶᠡᠨ ᠠᠪᠤᠭᠰᠠᠨ᠎ᠤ ᠳᠠᠷᠠᠭ᠎ᠠ᠂ ᠲᠠᠪᠤᠨ ᠡᠳᠦᠷ᠎ᠤᠨ ᠳᠣᠲᠣᠷ᠎ᠠ ᠬᠥᠨᠳᠡᠯᠡᠨ᠎ᠠᠴᠠ ᠲᠠᠰᠤᠯᠤᠭᠤᠯᠬᠤ ᠮᠡᠳᠡᠭᠳᠡᠯ᠂ ᠬᠥᠨᠳᠡᠯᠡᠨ᠎ᠠᠴᠠ ᠲᠠᠰᠤᠯᠬᠤ ᠳᠦᠷᠢᠮ᠂ ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ᠎ᠢ ᠬᠣᠶᠠᠷ ᠡᠲᠡᠭᠡᠳ᠎ᠤᠨ ᠲᠤᠬᠠᠢ ᠵᠢᠨ ᠬᠥᠮᠥᠨ᠎ᠤ ᠬᠦᠮᠦᠨ ᠪᠦᠷᠢ᠎ᠳᠤ ᠨᠢᠭᠡ ᠬᠤᠪᠢ ᠶᠠᠪᠤᠭᠤᠯᠬᠤ ᠬᠡᠷᠡᠭᠳᠡᠢ; ᠭᠤᠶᠤᠴᠢᠯᠠᠭᠴᠢ ᠵᠢᠨ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠤᠨ ᠪᠢᠴᠢᠭ ᠵᠢᠴᠢ ᠲᠡᠭᠦᠨ᠎ᠤ ᠳᠠᠭ᠋ᠠᠯᠳᠤᠭᠤᠯᠤᠯ᠎ᠢ ᠴᠤ᠌ ᠭᠤᠶᠤᠴᠢᠯᠠᠭᠳᠠᠭᠴᠢ᠎ᠳᠤ ᠬᠠᠮᠲᠤ᠎ᠳᠤᠨᠢ ᠶᠠᠪᠤᠭᠤᠯᠵᠤ ᠥᠭᠬᠦ ᠬᠡᠷᠡᠭᠲᠡᠢ᠃
    ᠠᠷᠪᠠ ᠶᠢᠰᠦᠳᠦᠭᠡᠷ ᠵᠦᠢ᠍ᠯ   ᠭᠤᠶᠤᠴᠢᠯᠠᠭᠳᠠᠭᠴᠢ᠎ᠨᠢ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠤᠨ ᠪᠢᠴᠢᠭ᠎ᠤᠨ ᠬᠠᠭᠤᠯᠪᠤᠷᠢ ᠳᠡᠪᠲᠡᠷ᠎ᠢ ᠣᠯᠣᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠡᠳᠦᠷ᠎ᠤᠨ ᠳᠣᠲᠣᠷ᠎ᠠ ᠬᠠᠷᠢᠭᠤ ᠮᠠᠷᠭᠤᠬᠤ ᠪᠢᠴᠢᠭ ᠵᠶ᠋ᠡᠨ ᠲᠤᠰᠢᠶᠠᠬᠤ ᠬᠡᠷᠡᠭᠲᠡᠢ᠃ ᠭᠤᠶᠤᠴᠢᠯᠠᠭᠳᠠᠭᠴᠢ ᠦᠨᠡᠬᠡᠷ ᠵᠦᠢ ᠶᠣᠰᠣᠨ᠎ᠤ ᠤᠴᠢᠷ ᠰᠢᠯᠲᠠᠭ᠋ᠠᠨ᠎ᠲᠠᠢ ᠪᠠᠢ᠌ᠵᠤ ᠬᠤᠭᠤᠴᠠᠭ᠎ᠠ ᠵᠢ ᠤᠷᠲᠤᠳᠬᠠᠬᠤ᠎ᠪᠠᠷ ᠭᠤᠶᠤᠴᠢᠯᠠᠭᠰᠠᠨ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠲᠣᠭᠲᠠᠭ᠋ᠠᠯ ᠭᠠᠷᠭ᠋ᠠᠨ᠎ᠠ; ᠬᠥᠨᠳᠡᠯᠡᠨ᠎ᠠᠴᠠ ᠲᠠᠰᠤᠯᠬᠤ ᠲᠢᠩᠬᠢᠮ ᠬᠠᠷᠠᠬᠠᠨ ᠪᠦᠷᠢᠯᠳᠦᠭᠡᠳᠦᠢ ᠪᠠᠢ᠌ᠪᠠᠯ᠂ ᠡᠷᠬᠢᠯᠡᠭᠴᠢ᠎ᠠᠴᠠ ᠲᠣᠭᠲᠠᠭ᠋ᠠᠯ ᠭᠠᠷᠭ᠋ᠠᠨ᠎ᠠ᠃ ᠬᠥᠨᠳᠡᠯᠡᠨ᠎ᠠᠴᠠ ᠲᠠᠰᠤᠯᠬᠤ ᠲᠢᠩᠬᠢᠮ ᠬᠤᠭᠤᠴᠠᠭ᠎ᠠ ᠬᠡᠲᠦᠷᠡᠭᠦᠯᠦᠨ ᠲᠤᠰᠢᠶᠠᠭᠰᠠᠨ ᠬᠠᠷᠢᠭᠤ ᠮᠠᠷᠭᠤᠬᠤ ᠪᠢᠴᠢᠭ᠎ᠢ ᠭᠥᠯᠢᠶᠡᠨ ᠠᠪᠬᠤ ᠡᠰᠡᠬᠦ ᠵᠢ ᠲᠣᠭᠲᠠᠭ᠋ᠠᠬᠤ ᠡᠷᠬᠡ᠎ᠲᠠᠢ᠃
    ᠬᠠᠷᠢᠭᠤ ᠮᠠᠷᠭᠤᠬᠤ ᠪᠢᠴᠢᠭ᠎ᠢ ᠭᠤᠶᠤᠴᠢᠯᠠᠭᠳᠠᠭᠴᠢ ᠪᠤᠶᠤ ᠲᠡᠭᠦᠨ᠎ᠤ ᠨᠠᠢ᠌ᠳᠠᠭᠰᠠᠨ ᠣᠷᠣᠯᠠᠭᠴᠢ ᠲᠤᠰᠢᠶᠠᠨ᠎ᠠ᠂ ᠡᠭᠦᠨ᠎ᠳᠤ ᠳᠣᠣᠷ᠎ᠠ ᠵᠢᠭᠰᠠᠭ᠋ᠠᠭᠰᠠᠨ ᠠᠭᠤᠯᠭ᠎ᠠ ᠵᠢᠴᠢ ᠳᠠᠭ᠋ᠠᠯᠳᠤᠭᠤᠯᠤᠯ᠎ᠢ ᠪᠠᠭᠲᠠᠭ᠋ᠠᠬᠤ ᠬᠡᠷᠡᠭᠲᠡᠢ᠄
    (ᠨᠢᠭᠡ) ᠭᠤᠶᠤᠴᠢᠯᠠᠭᠳᠠᠭᠴᠢ ᠵᠢᠨ ᠣᠪᠣᠭ ᠨᠡᠷ᠎ᠡ ᠪᠤᠶᠤ ᠨᠡᠷᠡᠢ᠌ᠳᠦᠯ᠂ ᠣᠷᠣᠨ ᠰᠠᠭᠤᠴᠠ᠂ ᠡᠭᠦᠨ᠎ᠳᠤ ᠰᠢᠤᠳᠠᠨ ᠳ᠋ᠤᠭ᠋ᠠᠷ᠂ ᠤᠳᠠᠰᠦ᠂ ᠹᠠᠺᠰ᠂ ᠡᠯᠧᠺᠲᠷᠣᠨ ᠰᠢᠤᠳᠠᠨ ᠬᠠᠢ᠌ᠷᠴᠠᠭ ᠪᠤᠶᠤ ᠪᠤᠰᠤᠳ ᠡᠯᠧᠺᠲᠷᠣᠨ ᠮᠡᠳᠡᠭᠡ ᠬᠣᠯᠪᠣᠭ᠋ᠠᠨ᠎ᠤ á  á ·á ­á Žá   ᠮᠠᠶᠢᠭ ᠪᠠᠭᠲᠠᠨ᠎ᠠ;
    (ᠬᠣᠶᠠᠷ) ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠤᠨ ᠪᠢᠴᠢᠭ᠎ᠤᠨ ᠬᠠᠷᠢᠭᠤ ᠮᠠᠷᠭᠤᠯᠲᠠ ᠵᠢᠴᠢ ᠦᠨᠳᠦᠰᠦᠯᠡᠭᠰᠡᠨ ᠪᠣᠳᠠᠲᠤ ᠬᠡᠷᠡᠭ ᠪᠠ ᠤᠴᠢᠷ ᠰᠢᠯᠲᠠᠭ᠋ᠠᠨ;
    (ᠭᠤᠷᠪᠠ) ᠬᠠᠷᠢᠭᠤ ᠮᠠᠷᠭᠤᠬᠤ᠎ᠳᠤ ᠦᠨᠳᠦᠰᠦᠯᠡᠭᠰᠡᠨ á ­á ¡á ·á ¡á ´á ¢ ᠪᠠᠷᠢᠮᠲᠠ ᠵᠢᠨ ᠮᠠᠲ᠋ᠧᠷᠢᠶᠠᠯ ᠵᠢᠴᠢ ᠪᠤᠰᠤᠳ ᠭᠡᠷᠡᠴᠢᠯᠡᠬᠦ ᠪᠢᠴᠢᠭ ᠮᠠᠲ᠋ᠧᠷᠢᠶᠠᠯ᠃
    ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠬᠠᠷᠢᠭᠤ ᠮᠠᠷᠭᠤᠬᠤ ᠪᠢᠴᠢᠭ᠎ᠢ ᠣᠯᠣᠭᠰᠠᠨ᠎ᠤ ᠲᠡᠷᠡᠭ᠎ᠠ ᠲᠠᠪᠤᠨ ᠡᠳᠦᠷ᠎ᠤᠨ ᠳᠣᠲᠣᠷ᠎ᠠ ᠬᠠᠷᠢᠭᠤ ᠮᠠᠷᠭᠤᠬᠤ ᠪᠢᠴᠢᠭ᠎ᠤᠨ ᠬᠠᠭᠤᠯᠪᠤᠷᠢ ᠳᠡᠪᠲᠡᠷ᠎ᠢ ᠭᠤᠶᠤᠴᠢᠯᠠᠭᠴᠢ᠎ᠳᠤ ᠶᠠᠪᠤᠭᠤᠯᠵᠤ ᠥᠭᠬᠦ ᠬᠡᠷᠡᠭᠲᠡᠢ᠃ ᠭᠤᠶᠤᠴᠢᠯᠠᠭᠳᠠᠭᠴᠢ ᠬᠠᠷᠢᠭᠤ ᠮᠠᠷᠭᠤᠬᠤ ᠪᠢᠴᠢᠭ ᠳᠡᠪᠰᠢᠭᠦᠯᠦᠭᠰᠡᠨ ᠦᠭᠡᠢ ᠴᠦ᠍ ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ᠎ᠤᠨ ᠶᠠᠪᠤᠭᠳᠠᠬᠤ ᠵᠢ ᠨᠥᠯᠥᠭᠡᠯᠡᠬᠦ ᠦᠭᠡᠢ᠃
    ᠬᠣᠷᠢᠳᠤᠭ᠋ᠠᠷ ᠵᠦᠢ᠍ᠯ   ᠭᠤᠶᠤᠴᠢᠯᠠᠭᠳᠠᠭᠴᠢ ᠠᠳᠠᠯᠢ ᠨᠢᠭᠡ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠂ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠳᠦᠷᠢᠮ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠳᠦᠷᠢᠮ᠎ᠢ ᠦᠨᠳᠦᠰᠦᠯᠡᠨ ᠭᠡᠳᠡᠷᠬᠦ ᠭᠤᠶᠤᠴᠢᠯᠠᠯ ᠭᠠᠷᠭ᠋ᠠᠵᠤ ᠪᠣᠯᠣᠨ᠎ᠠ᠃ ᠬᠡᠳᠡᠷᠬᠦ ᠭᠤᠶᠤᠴᠢᠯᠠᠯ᠎ᠤᠨ ᠭᠤᠶᠤᠴᠢᠯᠠᠭᠳᠠᠭᠴᠢ᠎ᠨᠢ ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ᠎ᠤᠨ ᠭᠤᠶᠤᠴᠢᠯᠠᠭᠴᠢ᠎ᠪᠠᠷ ᠬᠢᠵᠠᠭ᠋ᠠᠷᠯᠠᠭᠳᠠᠨ᠎ᠠ᠃
    ᠭᠤᠶᠤᠴᠢᠯᠠᠭᠳᠠᠭᠴᠢ ᠬᠡᠳᠡᠷᠬᠦ ᠭᠤᠶᠤᠴᠢᠯᠠᠯ ᠭᠠᠷᠭ᠋ᠠᠬᠤ ᠭᠡᠪᠡᠯ᠂ ᠬᠥᠨᠳᠡᠯᠡᠨ᠎ᠠᠴᠠ ᠲᠠᠰᠤᠯᠤᠭᠤᠯᠬᠤ ᠮᠡᠳᠡᠭᠳᠡᠯ᠎ᠢ ᠣᠯᠣᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠡᠳᠦᠷ᠎ᠤᠨ ᠳᠣᠲᠣᠷ᠎ᠠ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠳᠤ ᠬᠡᠳᠡᠷᠬᠦ ᠭᠤᠶᠤᠴᠢᠯᠠᠯ ᠭᠠᠷᠭ᠋ᠠᠬᠤ ᠭᠤᠶᠤᠴᠢᠯᠠᠯ᠎ᠤᠨ ᠪᠢᠴᠢᠭ ᠵᠶ᠋ᠡᠨ ᠲᠤᠰᠢᠶᠠᠬᠤ ᠬᠡᠷᠡᠭᠲᠡᠢ᠃ ᠬᠤᠭᠤᠴᠠᠭ᠎ᠠ ᠬᠡᠳᠦᠷᠡᠨ ᠲᠤᠰᠢᠶᠠᠪᠠᠯ ᠭᠥᠯᠢᠶᠡᠨ ᠠᠪᠴᠤ ᠰᠢᠢ᠍ᠳᠪᠦᠷᠢᠯᠡᠬᠦ ᠡᠰᠡᠬᠦ ᠵᠢ ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠬᠦ᠎ᠠᠴᠠ ᠡᠮᠦᠨ᠎ᠡ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ   ᠵᠦᠪᠯᠡᠯ᠎ᠠᠴᠠ ᠲᠣᠭᠲᠠᠭ᠋ᠠᠨ᠎ᠠ᠂ ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠭᠰᠡᠨ᠎ᠤ ᠳᠠᠷᠠᠭ᠎ᠠ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠲᠣᠭᠲᠠᠭ᠋ᠠᠨ᠎ᠠ᠃
    ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ ᠭᠥᠯᠢᠶᠡᠨ ᠠᠪᠴᠤ ᠰᠢᠢ᠍ᠳᠪᠦᠷᠢᠯᠡᠬᠦ ᠵᠢ ᠵᠥᠪᠰᠢᠶᠡᠷᠡᠬᠦ ᠦᠭᠡᠢ ᠪᠠᠢ᠌ᠪᠠᠯ᠂ ᠲᠤᠬᠠᠢ ᠵᠢᠨ ᠬᠥᠮᠥᠨ᠎ᠨᠢ ᠬᠡᠳᠡᠷᠬᠦ ᠭᠤᠶᠤᠴᠢᠯᠠᠯ᠎ᠳᠤ ᠬᠣᠯᠪᠣᠭᠳᠠᠬᠤ ᠵᠦᠢ᠍ᠯ᠎ᠤᠨ ᠲᠤᠬᠠᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠺᠣᠮᠢᠰ᠎ᠲᠤ ᠣᠨᠳᠣᠣ ᠬᠡᠷᠡᠭ ᠵᠶ᠋ᠡᠷ ᠭᠤᠶᠤᠴᠢᠯᠠᠯ ᠭᠠᠷᠭ᠋ᠠᠵᠤ ᠪᠣᠯᠣᠨ᠎ᠠ᠃ ᠲᠤᠬᠠᠢ ᠵᠢᠨ ᠬᠥᠮᠥᠨ᠎ᠨᠢ ᠣᠨᠳᠣᠣ ᠬᠡᠷᠡᠭ᠎ᠲᠤ ᠭᠤᠶᠤᠴᠢᠯᠠᠯ á ­á  á ·á ­á ‹á  á ­á °á  á ¨ ᠴᠤ᠌ ᠲᠤᠰ ᠬᠡᠷᠡᠭ᠎ᠢ ᠰᠢᠭᠦᠬᠦ ᠵᠢ ᠨᠥᠯᠥᠭᠡᠯᠡᠬᠦ ᠦᠭᠡᠢ᠃
    ᠬᠡᠳᠡᠷᠬᠦ ᠭᠤᠶᠤᠴᠢᠯᠠᠯ᠎ᠢ ᠳᠤᠷᠠᠳᠬᠤ ᠪᠠ ᠭᠥᠯᠢᠶᠡᠨ ᠠᠪᠴᠤ ᠰᠢᠢ᠍ᠳᠪᠦᠷᠢᠯᠡᠬᠦ᠎ᠳᠡᠭᠡᠨ ᠲᠤᠰ ᠳᠦᠷᠢᠮ᠎ᠤᠨ ᠠᠷᠪᠠᠨ ᠵᠢᠷᠭᠤᠳᠤᠭ᠋ᠠᠷ ᠵᠦᠢ᠍ᠯ᠂ ᠠᠷᠪᠠᠨ ᠳᠣᠯᠣᠳᠤᠭ᠋ᠠᠷ ᠵᠦᠢ᠍ᠯ᠎ᠤᠨ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ ᠰᠢᠢ᠍ᠳᠪᠦᠷᠢᠯᠡᠨ᠎ᠡ᠃ ᠠᠳᠠᠯᠢ ᠨᠢᠭᠡᠨ ᠬᠡᠷᠡᠭ᠎ᠤᠨ ᠳᠣᠲᠣᠷᠠᠬᠢ ᠭᠤᠶᠤᠴᠢᠯᠠᠯ ᠪᠠ ᠬᠡᠳᠡᠷᠬᠦ ᠭᠤᠶᠤᠴᠢᠯᠠᠯ᠎ᠢ ᠨᠡᠢ᠌ᠯᠡᠭᠦᠯᠦᠨ ᠰᠢᠭᠦᠬᠦ ᠬᠡᠷᠡᠭᠲᠡᠢ᠃
    ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠨᠢ ᠬᠡᠳᠡᠷᠬᠦ ᠭᠤᠶᠤᠴᠢᠯᠠᠯ᠎ᠤᠨ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠭᠰᠡᠨ᠎ᠤ ᠳᠠᠷᠠᠭ᠎ᠠ ᠲᠠᠪᠤᠨ ᠡᠳᠦᠷ᠎ᠤᠨ ᠳᠣᠲᠣᠷ᠎ᠠ ᠬᠡᠳᠡᠷᠬᠦ ᠭᠤᠶᠤᠴᠢᠯᠠᠯ᠎ᠤᠨ ᠭᠤᠶᠤᠴᠢᠯᠠᠯ᠎ᠤᠨ ᠪᠢᠴᠢᠭ ᠪᠠ ᠬᠣᠯᠪᠣᠭᠳᠠᠯ ᠪᠦᠬᠦᠢ ᠮᠠᠲ᠋ᠧᠷᠢᠶᠠᠯ᠎ᠢ ᠬᠡᠳᠡᠷᠬᠦ ᠭᠤᠶᠤᠴᠢᠯᠠᠯ᠎ᠤᠨ ᠭᠤᠶᠤᠴᠢᠯᠠᠭᠳᠠᠭᠴᠢ᠎ᠳᠤ ᠬᠦᠷᠭᠡᠵᠦ ᠥᠭᠬᠦ ᠬᠡᠷᠡᠭᠲᠡᠢ᠃ ᠬᠡᠳᠡᠷᠬᠦ ᠭᠤᠶᠤᠴᠢᠯᠠᠬᠤ᠎ᠪᠠᠷ ᠭᠤᠶᠤᠴᠢᠯᠠᠭᠳᠠᠭᠴᠢ᠎ᠨᠢ ᠲᠤᠰ ᠳᠦᠷᠢᠮ᠎ᠤᠨ ᠠᠷᠪᠠ ᠶᠢᠰᠦᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ   ᠵᠦᠪᠯᠡᠯ᠎ᠳᠤ ᠬᠠᠷᠢᠭᠤ ᠮᠠᠷᠭᠤᠬᠤ ᠪᠢᠴᠢᠭ ᠪᠠ ᠬᠣᠯᠪᠣᠭᠳᠠᠯ ᠪᠦᠬᠦᠢ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠢ; ᠳᠡᠪᠰᠢᠭᠦᠯᠦᠭᠰᠡᠨ ᠦᠭᠡᠢ ᠴᠦ᠍ ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ ᠶᠠᠪᠤᠭᠳᠠᠬᠤ ᠵᠢ ᠨᠥᠯᠥᠭᠡᠯᠡᠬᠦ ᠦᠭᠡᠢ᠃
    ᠬᠡᠳᠡᠷᠬᠦ ᠭᠤᠶᠤᠴᠢᠯᠠᠭᠰᠠᠨ ᠪᠤᠰᠤᠳ ᠵᠦᠢ᠍ᠯᠡᠰ᠎ᠢ ᠲᠤᠰ ᠳᠦᠷᠢᠮ᠎ᠳᠠᠬᠢ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠤᠨ ᠲᠤᠬᠠᠢ ᠬᠣᠯᠪᠣᠭᠳᠠᠯ ᠪᠦᠬᠦᠢ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ ᠰᠢᠢ᠍ᠳᠪᠦᠷᠢᠯᠡᠨ᠎ᠡ᠃
    ᠬᠣᠷᠢᠨ ᠨᠢᠭᠡᠳᠦᠭᠡᠷ ᠵᠦᠢ᠍ᠯ   ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠤᠭᠤᠯᠬᠤ ᠮᠡᠳᠡᠭᠳᠡᠯ᠎ᠢ ᠣᠯᠣᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠡᠳᠦᠷ᠎ᠤᠨ ᠳᠣᠲᠣᠷ᠎ᠠ ᠬᠥᠨᠳᠡᠯᠡᠨ᠎ᠠᠴᠠ ᠲᠠᠰᠤᠯᠤᠭᠤᠯᠬᠤ᠎ᠪᠠᠷ ᠪᠢᠴᠢᠭ᠎ᠤᠨ ᠬᠡᠯᠪᠡᠷᠢ᠎ᠪᠠᠷ ᠭᠤᠶᠤᠴᠢᠯᠠᠬᠤ ᠪᠤᠶᠤ ᠬᠡᠳᠡᠷᠬᠦ ᠭᠤᠶᠤᠴᠢᠯᠠᠯ ᠵᠶ᠋ᠠᠨ ᠬᠤᠪᠢᠷᠠᠭᠤᠯᠵᠤ ᠪᠣᠯᠣᠨ᠎ᠠ᠃ ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠬᠦ᠎ᠠᠴᠠ ᠡᠮᠦᠨ᠎ᠡ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠭᠥᠯᠢᠶᠡᠨ ᠠᠪᠴᠤ ᠰᠢᠢ᠍ᠳᠪᠦᠷᠢᠯᠡᠨ᠎ᠡ᠂ ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠭᠰᠡᠨ᠎ᠤ ᠳᠠᠷᠠᠭ᠎ᠠ ᠬᠥᠨᠳᠡᠯᠡᠨ᠎ᠠᠴᠠ ᠲᠠᠰᠤᠯᠬᠤ ᠲᠢᠩᠬᠢᠮ ᠭᠥᠯᠢᠶᠡᠨ ᠠᠪᠴᠤ ᠰᠢᠢ᠍ᠳᠪᠦᠷᠢᠯᠡᠨ᠎ᠡ᠃ ᠬᠤᠭᠤᠴᠠᠭ᠎ᠠ ᠬᠡᠳᠦᠷᠡᠭᠰᠡᠨ᠎ᠤ ᠲᠠᠷᠠᠭ᠎ᠠ ᠳᠤᠷᠠᠳᠤᠭᠰᠠᠨ ᠪᠠᠢ᠌ᠪᠠᠯ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠭᠥᠯᠢᠶᠡᠨ ᠠᠪᠴᠤ ᠰᠢᠢ᠍ᠳᠪᠦᠷᠢᠯᠡᠬᠦ ᠡᠰᠡᠬᠦ᠎ᠪᠠᠨ ᠲᠣᠭᠲᠠᠭ᠋ᠠᠨ᠎ᠠ᠃
    ᠬᠥᠨᠳᠡᠯᠡᠨ᠎ᠠᠴᠠ ᠲᠠᠰᠤᠯᠤᠭᠤᠯᠬᠤ ᠵᠢ ᠬᠤᠪᠢᠷᠠᠭᠤᠯᠬᠤ ᠭᠤᠶᠤᠴᠢᠯᠠᠯ᠎ᠢ ᠳᠤᠷᠠᠳᠬᠤ᠂ ᠭᠥᠯᠢᠶᠡᠨ ᠠᠪᠴᠤ ᠰᠢᠢ᠍ᠳᠪᠦᠷᠢᠯᠡᠬᠦ᠂ ᠬᠠᠷᠢᠭᠤ ᠮᠠᠷᠭᠤᠬᠤ ᠵᠡᠷᠭᠡ ᠵᠦᠢ᠍ᠯᠡᠰ᠎ᠢ ᠲᠤᠰ ᠳᠦᠷᠢᠮ᠎ᠤᠨ ᠠᠷᠪᠠᠨ ᠵᠢᠷᠭᠤᠳᠤᠭ᠋ᠠᠷ ᠵᠦᠢ᠍ᠯ᠎ᠠᠴᠠ ᠠᠷᠪᠠ ᠶᠢᠰᠦᠳᠦᠭᠡᠷ ᠵᠦᠢ᠍ᠯ ᠬᠦᠷᠲᠡᠯᠡᠬᠢ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ ᠰᠢᠢ᠍ᠳᠪᠦᠷᠢᠯᠡᠨ᠎ᠡ᠃
    ᠬᠣᠷᠢᠨ ᠬᠣᠶᠠᠳᠤᠭ᠋ᠠᠷ ᠵᠦᠢ᠍ᠯ   ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠤᠨ ᠨᠢᠭᠡ᠎ᠳᠤᠨᠢ ᠨᠡᠢ᠌ᠴᠡᠭᠰᠡᠨ ᠪᠠᠢ᠌ᠪᠠᠯ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠠᠴᠠ ᠨᠢᠭᠡ ᠲᠠᠯ᠎ᠠ ᠵᠢᠨ ᠲᠤᠬᠠᠢ ᠵᠢᠨ ᠬᠥᠮᠥᠨ᠎ᠤ ᠭᠤᠶᠤᠴᠢᠯᠠᠯ ᠵᠶ᠋ᠠᠷ ᠬᠣᠶᠠᠷ ᠪᠤᠶᠤ ᠬᠣᠶᠠᠷ᠎ᠠᠴᠠ   ᠲᠡᠭᠡᠭᠰᠢᠬᠢ ᠬᠥᠨᠳᠡᠯᠡᠨ᠎ᠠᠴᠠ ᠲᠠᠰᠤᠯᠬᠤ ᠬᠡᠷᠡᠭ᠎ᠢ ᠨᠡᠢ᠌ᠯᠡᠭᠦᠯᠦᠭᠡᠳ ᠨᠢᠭᠡ ᠬᠡᠷᠡᠭ ᠪᠣᠯᠭ᠋ᠠᠵᠤ ᠰᠢᠭᠦᠬᠦ᠎ᠪᠠᠷ ᠲᠣᠭᠲᠠᠭ᠋ᠠᠵᠤ ᠪᠣᠯᠣᠨ᠎ᠠ:
    (ᠨᠢᠭᠡ) ᠡᠯ᠎ᠡ ᠬᠡᠷᠡᠭ᠎ᠢ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠢ ᠠᠳᠠᠯᠢ ᠨᠢᠭᠡᠨ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠎ᠢ ᠦᠨᠳᠦᠰᠦᠯᠡᠨ ᠲᠤᠷᠠᠳᠤᠭᠰᠠᠨ;
    (ᠬᠣᠶᠠᠷ) ᠡᠯ᠎ᠡ ᠬᠡᠷᠡᠭ᠎ᠢ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠢ ᠠᠳᠠᠯᠢ ᠨᠢᠭᠡᠨ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠳᠦᠷᠢᠮ ᠪᠤᠶᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠳᠦᠷᠢᠮ᠎ᠢ ᠦᠨᠳᠦᠰᠦᠯᠡᠨ ᠳᠤᠷᠠᠳᠤᠭᠰᠠᠨ ᠪᠥᠭᠡᠳ ᠬᠣᠯᠪᠣᠭᠳᠠᠬᠤ ᠲᠣᠭᠲᠠᠭ᠋ᠠᠯ᠎ᠨᠢ ᠠᠳᠠᠯᠢ ᠨᠢᠭᠡᠨ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ á ­á  á ·á ­á ‹á  á ­á °á  á ¨ ᠬᠣᠯᠪᠣᠭᠳᠠᠬᠤ ᠲᠣᠭᠲᠠᠭ᠋ᠠᠯ;
    (ᠭᠤᠷᠪᠠ) ᠡᠯ᠎ᠡ ᠬᠡᠷᠡᠭ᠎ᠢ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠢ ᠤᠯᠠᠨ ᠬᠤᠪᠢ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠎ᠢ ᠦᠨᠳᠦᠰᠦᠯᠡᠨ ᠳᠤᠷᠠᠳᠴᠤ᠂ ᠬᠡᠷᠡᠭ᠎ᠲᠤ ᠬᠣᠯᠪᠣᠭᠳᠠᠭᠰᠠᠨ ᠤᠯᠠᠨ ᠬᠤᠪᠢ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠎ᠤᠨ ᠠᠭᠤᠯᠭ᠎ᠠ᠎ᠨᠢ ᠠᠳᠠᠯᠢ ᠪᠤᠶᠤ ᠬᠠᠷᠢᠯᠴᠠᠨ ᠵᠣᠬᠢᠴᠠᠬᠤ ᠮᠥᠷᠲᠡᠭᠡᠨ ᠡᠯ᠎ᠡ ᠬᠡᠷᠡᠭ᠎ᠤᠨ ᠲᠤᠬᠠᠢ ᠵᠢᠨ ᠬᠥᠮᠥᠨ᠎ᠨᠢ ᠠᠳᠠᠯᠢ ᠪᠠᠢ᠌ᠵᠤ᠂ ᠬᠣᠯᠪᠣᠭᠳᠠᠭᠰᠠᠨ ᠬᠠᠤᠯᠢ ᠴᠠᠭ᠋ᠠᠵᠠ ᠵᠢᠨ ᠬᠠᠷᠢᠴᠠᠭ᠎ᠠ ᠵᠢᠨ ᠰᠢᠨᠵᠢ ᠴᠢᠨᠠᠷ᠎ᠨᠢ ᠠᠳᠠᠯᠢ ᠪᠠᠢ᠌ᠬᠤ;
    (ᠳᠥᠷᠪᠡ) ᠡᠯ᠎ᠡ ᠬᠡᠷᠡᠭ᠎ᠢ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠢ ᠤᠯᠠᠨ ᠬᠤᠪᠢ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠎ᠢ ᠦᠨᠳᠦᠰᠦᠯᠡᠨ ᠳᠤᠷᠠᠳᠴᠤ᠂ ᠬᠡᠷᠡᠭ᠎ᠲᠤ ᠬᠣᠯᠪᠣᠭᠳᠠᠭᠰᠠᠨ ᠤᠯᠠᠨ ᠬᠤᠪᠢ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠎ᠤᠨ ᠠᠭᠤᠯᠭ᠎ᠠ᠎ᠨᠢ ᠠᠳᠠᠯᠢ ᠪᠤᠶᠤ ᠬᠠᠷᠢᠯᠴᠠᠨ ᠵᠣᠬᠢᠴᠠᠬᠤ ᠮᠥᠷᠲᠡᠭᠡᠨ ᠬᠣᠯᠪᠣᠭᠳᠠᠭᠰᠠᠨ ᠤᠯᠠᠨ ᠬᠤᠪᠢ ᠭᠡᠷ᠎ᠡ᠎ᠪᠠᠷ ᠭᠣᠣᠯ ᠪᠣᠯᠭ᠋ᠠᠵᠤ ᠳᠠᠭ᠋ᠠᠯᠲᠠ á ­á ¡á ·á Žá ¡ ᠵᠢᠨ ᠬᠠᠷᠢᠴᠠᠭ᠎ᠠ᠎ᠲᠠᠢ ᠪᠠᠢ᠌ᠬᠤ;
    (ᠲᠠᠪᠤ) ᠡᠯ᠎ᠡ ᠬᠡᠷᠡᠭ᠎ᠢ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠢ ᠤᠯᠠᠨ ᠬᠤᠪᠢ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠎ᠢ ᠦᠨᠳᠦᠰᠦᠯᠡᠨ ᠳᠤᠷᠠᠳᠴᠤ᠂ ᠬᠡᠷᠡᠭ᠎ᠲᠤ ᠬᠣᠯᠪᠣᠭᠳᠠᠭᠰᠠᠨ ᠤᠯᠠᠨ ᠬᠤᠪᠢ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠎ᠤᠨ ᠠᠭᠤᠯᠭ᠎ᠠ᠎ᠨᠢ ᠠᠳᠠᠯᠢ ᠪᠤᠶᠤ ᠬᠠᠷᠢᠯᠴᠠᠨ ᠵᠣᠬᠢᠴᠠᠬᠤ ᠮᠥᠷᠲᠡᠭᠡᠨ ᠬᠣᠯᠪᠣᠭᠳᠠᠭᠰᠠᠨ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠰᠢᠢ᠍ᠳᠪᠦᠷᠢᠯᠡᠭᠰᠡᠨ ᠲᠣᠭᠲᠠᠭ᠋ᠠᠯ᠎ᠨᠢ ᠠᠳᠠᠯᠢ ᠨᠢᠭᠡᠨ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ á ­á  á ·á ­á ‹á  á ­á °á  á ¨ ᠠᠳᠠᠯᠢ ᠨᠢᠭᠡᠨ ᠲᠣᠭᠲᠠᠭ᠋ᠠᠯ;
    (ᠵᠢᠷᠭᠤᠭ᠎ᠠ) ᠡᠯ᠎ᠡ ᠬᠡᠷᠡᠭ᠎ᠤᠨ ᠲᠤᠬᠠᠢ ᠵᠢᠨ ᠬᠥᠮᠥᠨ ᠴᠥᠮ ᠨᠡᠢ᠌ᠯᠡᠭᠦᠯᠦᠨ ᠬᠥᠨᠳᠡᠯᠡᠨ᠎ᠠᠴᠠ ᠲᠠᠰᠤᠯᠬᠤ ᠵᠢ ᠵᠥᠪᠰᠢᠶᠡᠷᠡᠭᠰᠡᠨ᠃
    ᠲᠤᠰ ᠵᠦᠢ᠍ᠯ᠎ᠤᠨ ᠨᠢᠭᠡᠳᠦᠭᠡᠷ ᠪᠠᠳᠠᠭ᠎ᠢ ᠦᠨᠳᠦᠰᠦᠯᠡᠨ ᠨᠡᠢ᠌ᠯᠡᠭᠦᠯᠦᠨ ᠬᠥᠨᠳᠡᠯᠡᠨ᠎ᠠᠴᠠ ᠲᠠᠰᠤᠯᠬᠤ ᠦᠶ᠎ᠡ᠎ᠳᠤ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠨᠢ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠤ ᠰᠠᠨᠠᠯ᠂ ᠠᠳᠠᠯᠢ ᠪᠤᠰᠤ ᠬᠡᠷᠡᠭ᠎ᠤᠨ ᠬᠥᠨᠳᠡᠯᠡᠨ᠎ᠠᠴᠠ ᠲᠠᠰᠤᠯᠤᠭᠴᠢ ᠵᠢ ᠰᠣᠩᠭᠣᠨ ᠲᠣᠭᠲᠠᠭ᠋ᠠᠭᠰᠠᠨ ᠪᠤᠶᠤ ᠵᠢᠭ᠋ᠠᠨ ᠲᠣᠭᠲᠠᠭ᠋ᠠᠭᠰᠠᠨ ᠪᠠᠢ᠌ᠳᠠᠯ᠂ ᠬᠣᠯᠪᠣᠭᠳᠠᠯ ᠪᠦᠬᠦᠢ ᠬᠥᠨᠳᠡᠯᠡᠨ᠎ᠠᠴᠠ ᠲᠠᠰᠤᠯᠬᠤ ᠬᠡᠷᠡᠭ᠎ᠤᠨ ᠬᠣᠭᠣᠷᠣᠨᠳᠣᠬᠢ ᠬᠣᠯᠪᠣᠭᠳᠠᠬᠤ ᠴᠢᠨᠠᠷ ᠵᠡᠷᠭᠡ ᠬᠦᠴᠦᠨ ᠵᠦᠢ᠍ᠯ᠎ᠢ ᠪᠣᠳᠣᠯᠬᠢᠯᠠᠬᠤ ᠬᠡᠷᠡᠭᠲᠡᠢ᠃
    ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠨᠢ ᠠᠰᠲᠠᠭ᠋ᠠᠨ ᠪᠣᠯᠵᠣᠯ᠎ᠲᠠᠢ ᠪᠢᠰᠢ ᠪᠣᠯ ᠡᠯ᠎ᠡ ᠬᠡᠷᠡᠭ᠎ᠢ ᠬᠠᠮᠤᠭ᠎ᠤᠨ ᠲᠦᠷᠦᠭᠦᠨ᠎ᠳᠤ ᠬᠥᠨᠳᠡᠯᠡᠨ᠎ᠠᠴᠠ ᠲᠠᠰᠤᠯᠬᠤ ᠵᠢᠷᠤᠮ᠎ᠢ ᠡᠬᠢᠯᠡᠭᠰᠡᠨ ᠬᠡᠷᠡᠭ᠎ᠲᠤ ᠨᠡᠢ᠌ᠯᠡᠭᠦᠯᠦᠨ ᠣᠷᠣᠭᠤᠯᠬᠤ ᠬᠡᠷᠡᠭᠲᠡᠢ᠃
    ᠬᠥᠨᠳᠡᠯᠡᠨ᠎ᠠᠴᠠ ᠲᠠᠰᠤᠯᠬᠤ ᠬᠡᠷᠡᠭ᠎ᠢ ᠨᠡᠢ᠌ᠯᠡᠭᠦᠯᠦᠭᠰᠡᠨ᠎ᠤ ᠲᠡᠷᠡᠭ᠎ᠠ᠂ ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠬᠦ᠎ᠠᠴᠠ ᠡᠮᠦᠨ᠎ᠡ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠠᠴᠠ ᠬᠥᠨᠳᠡᠯᠡᠨ᠎ᠠᠴᠠ ᠲᠠᠰᠤᠯᠬᠤ ᠵᠢᠷᠤᠮ᠎ᠤᠨ ᠵᠦᠢ᠍ᠯᠡᠰ᠎ᠤᠨ ᠲᠤᠬᠠᠢ ᠲᠣᠭᠲᠠᠭ᠋ᠠᠯ ᠭᠠᠷᠭ᠋ᠠᠨ᠎ᠠ; ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠭᠰᠡᠨ᠎ᠤ ᠲᠡᠷᠡᠭ᠎ᠠ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠲᠣᠭᠲᠠᠭ᠋ᠠᠯ ᠭᠠᠷᠭ᠋ᠠᠨ᠎ᠠ᠃
    ᠬᠣᠷᠢᠨ ᠭᠤᠷᠪᠠᠳᠤᠭ᠋ᠠᠷ ᠵᠦᠢ᠍ᠯ   ᠬᠡᠷᠡᠭ᠎ᠲᠤ ᠬᠣᠶᠠᠷ ᠪᠤᠶᠤ ᠬᠣᠶᠠᠷ᠎ᠠᠴᠠ ᠳᠡᠭᠡᠭᠰᠢ ᠭᠤᠶᠤᠴᠢᠯᠠᠭᠴᠢ ᠪᠤᠶᠤ ᠭᠤᠶᠤᠴᠢᠯᠠᠭᠳᠠᠭᠴᠢ ᠪᠠᠢ᠌ᠪᠠᠯ᠂ ᠶᠠᠮᠠᠷᠪᠠ ᠲᠤᠬᠠᠢ ᠵᠢᠨ ᠬᠥᠮᠥᠨ ᠴᠥᠮ ᠠᠳᠠᠯᠢᠬᠠᠨ ᠬᠥᠨᠳᠡᠯᠡᠨ᠎ᠠᠴᠠ ᠲᠠᠰᠤᠯᠤᠭᠤᠯᠬᠤ ᠬᠡᠯᠡᠯᠴᠡᠭᠡᠷ᠂ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠳᠦᠷᠢᠮ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠳᠦᠷᠢᠮ᠎ᠢ ᠦᠨᠳᠦᠰᠦᠯᠡᠨ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ ᠭᠠᠷᠭ᠋ᠠᠵᠤ ᠪᠣᠯᠣᠨ᠎ᠠ᠃ ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠬᠦ᠎ᠠᠴᠠ ᠡᠮᠦᠨ᠎ᠡ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠠᠴᠠ ᠭᠥᠯᠢᠶᠡᠨ ᠠᠪᠴᠤ ᠰᠢᠢ᠍ᠳᠪᠦᠷᠢᠯᠡᠬᠦ ᠡᠰᠡᠬᠦ ᠵᠢ ᠲᠣᠭᠲᠠᠭ᠋ᠠᠨ᠎ᠠ᠂ ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠭᠰᠡᠨ᠎ᠤ ᠲᠡᠷᠡᠭ᠎ᠠ ᠬᠥᠨᠳᠡᠯᠡᠨ᠎ᠠᠴᠠ ᠲᠠᠰᠤᠯᠬᠤ ᠲᠢᠩᠬᠢᠮ ᠲᠣᠭᠲᠠᠭ᠋ᠠᠨ᠎ᠠ᠃
    ᠳᠡᠭᠡᠷ᠎ᠡ ᠳᠤᠷᠠᠳᠤᠭᠰᠠᠨ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠢ ᠳᠤᠷᠠᠳᠬᠤ᠂ ᠭᠥᠯᠢᠶᠡᠨ ᠠᠪᠴᠤ ᠰᠢᠢ᠍ᠳᠪᠦᠷᠢᠯᠡᠬᠦ᠂ ᠬᠠᠷᠢᠭᠤ ᠮᠠᠷᠭᠤᠬᠤ᠂ ᠬᠤᠪᠢᠷᠠᠭᠤᠯᠬᠤ ᠵᠡᠷᠭᠡ ᠵᠦᠢ᠍ᠯᠡᠰ᠎ᠢ ᠲᠤᠰ ᠳᠦᠷᠢᠮ᠎ᠤᠨ ᠠᠷᠪᠠᠨ ᠵᠢᠷᠭᠤᠳᠤᠭ᠋ᠠᠷ ᠵᠦᠢ᠍ᠯ᠎ᠠᠴᠠ ᠬᠣᠷᠢᠨ ᠨᠢᠭᠡᠳᠦᠭᠡᠷ ᠵᠦᠢ᠍ᠯ ᠬᠦᠷᠲᠡᠯᠡᠬᠢ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ ᠰᠢᠢ᠍ᠳᠪᠦᠷᠢᠯᠡᠨ᠎ᠡ᠃
      ᠬᠣᠷᠢᠨ ᠳᠥᠷᠪᠡᠳᠦᠭᠡᠷ ᠵᠦᠢ᠍ᠯ   ᠲᠤᠬᠠᠢ ᠵᠢᠨ ᠬᠥᠮᠥᠨ᠎ᠨᠢ ᠭᠤᠶᠤᠴᠢᠯᠠᠯ᠎ᠤᠨ ᠪᠢᠴᠢᠭ᠂ ᠬᠠᠷᠢᠭᠤ ᠮᠠᠷᠭᠤᠬᠤ ᠪᠢᠴᠢᠭ᠂ ᠬᠡᠳᠡᠷᠬᠦ ᠭᠤᠶᠤᠴᠢᠯᠠᠬᠤ ᠭᠤᠶᠤᠴᠢᠯᠠᠯ᠎ᠤᠨ ᠪᠢᠴᠢᠭ᠂ á ­á ¡á ·á ¡á ´á ¢ ᠪᠠᠷᠢᠮᠲᠠ ᠵᠢᠨ ᠮᠠᠲ᠋ᠧᠷᠢᠶᠠᠯ ᠵᠢᠴᠢ ᠪᠤᠰᠤᠳ ᠪᠢᠴᠢᠭ᠎ᠤᠨ ᠮᠠᠲ᠋ᠧᠷᠢᠶᠠᠯ ᠵᠶ᠋ᠠᠨ ᠲᠤᠰᠢᠶᠠᠬᠤ᠎ᠳᠠᠭᠠᠨ ᠨᠢᠭᠡ ᠬᠡᠯᠪᠡᠷᠢ ᠵᠢᠨ ᠲᠠᠪᠤᠨ ᠬᠤᠪᠢ ᠪᠠᠢ᠌ᠬᠤ ᠬᠡᠷᠡᠭᠲᠡᠢ᠃ ᠲᠤᠬᠠᠢ ᠵᠢᠨ ᠬᠥᠮᠥᠨ᠎ᠨᠢ ᠬᠣᠶᠠᠷ ᠡᠲᠡᠭᠡᠳ ᠵᠶ᠋ᠡᠷ ᠵᠣᠭᠰᠣᠬᠤ ᠦᠭᠡᠢ ᠪᠠᠢ᠌ᠪᠠᠯ᠂ ᠵᠣᠬᠢᠴᠠᠩᠭᠤᠢ ᠬᠤᠪᠢ ᠵᠢᠨ ᠲᠣᠭ᠎ᠠ ᠵᠢ ᠨᠡᠮᠡᠭᠳᠡᠭᠦᠯᠬᠦ ᠬᠡᠷᠡᠭᠲᠡᠢ; ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠪᠦᠷᠢᠯᠳᠦᠭᠦᠨ᠎ᠤ ᠲᠣᠭ᠎ᠠ᠎ᠨᠢ ᠨᠢᠭᠡ ᠬᠥᠮᠥᠨ ᠪᠠᠢ᠌ᠪᠠᠯ᠂ ᠬᠣᠶᠠᠷ ᠬᠤᠪᠢ ᠬᠠᠰᠤᠵᠤ ᠪᠣᠯᠣᠨ᠎ᠠ᠃
    ᠬᠣᠷᠢᠨ ᠲᠠᠪᠤᠳᠤᠭ᠋ᠠᠷ ᠵᠦᠢ᠍ᠯ   ᠲᠤᠬᠠᠢ ᠵᠢᠨ ᠬᠥᠮᠥᠨ᠎ᠨᠢ ᠳᠤᠮᠳᠠᠳᠤ ᠤᠯᠤᠰ᠎ᠤᠨ ᠪᠤᠶᠤ ᠭᠠᠳᠠᠭ᠋ᠠᠳᠤ ᠤᠯᠤᠰ᠎ᠤᠨ ᠬᠥᠨᠳᠡᠯᠡᠨ᠎ᠠᠴᠠ ᠲᠠᠰᠤᠯᠬᠤ ᠣᠷᠣᠯᠠᠭᠴᠢ᠎ᠳᠤ ᠨᠠᠢ᠌ᠳᠠᠵᠤ ᠬᠣᠯᠪᠣᠭᠳᠠᠯ ᠪᠦᠬᠦᠢ ᠬᠥᠨᠳᠡᠯᠡᠨ᠎ᠠᠴᠠ ᠲᠠᠰᠤᠯᠬᠤ ᠤᠴᠢᠷ ᠶᠠᠪᠤᠳᠠᠯ᠎ᠢ ᠰᠢᠢ᠍ᠳᠪᠦᠷᠢᠯᠡᠭᠦᠯᠵᠦ ᠪᠣᠯᠣᠨ᠎ᠠ᠃
    ᠲᠤᠬᠠᠢ ᠵᠢᠨ ᠬᠥᠮᠥᠨ ᠪᠤᠶᠤ ᠲᠡᠭᠦᠨ᠎ᠤ ᠬᠥᠨᠳᠡᠯᠡᠨ᠎ᠠᠴᠠ ᠲᠠᠰᠤᠯᠬᠤ ᠣᠷᠣᠯᠠᠭᠴᠢ᠎ᠨᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠳᠤ ᠪᠣᠳᠠᠲᠠᠢ ᠨᠠᠢ᠌ᠳᠠᠭᠰᠠᠨ ᠵᠦᠢ᠍ᠯ ᠪᠠ ᠡᠷᠬᠡ ᠵᠢᠨ ᠬᠡᠪᠴᠢᠶ᠎ᠡ ᠵᠢ ᠲᠣᠳᠣᠷᠬᠠᠢ ᠲᠡᠮᠳᠡᠭᠯᠡᠭᠰᠡᠨ ᠡᠷᠬᠡ ᠣᠯᠭᠣᠬᠤ ᠨᠠᠶ᠋ᠢᠳᠠᠯᠭ᠎ᠠ ᠵᠢᠨ ᠪᠢᠴᠢᠭ ᠵᠶ᠋ᠡᠨ ᠲᠤᠰᠢᠶᠠᠬᠤ ᠬᠡᠷᠡᠭᠲᠡᠢ᠃  
    ᠲᠤᠬᠠᠢ ᠵᠢᠨ ᠬᠥᠮᠥᠨ᠎ᠨᠢ ᠨᠢᠭᠡ᠎ᠠᠴᠠ ᠭᠤᠷᠪᠠᠨ ᠬᠥᠨᠳᠡᠯᠡᠨ᠎ᠠᠴᠠ ᠲᠠᠰᠤᠯᠬᠤ ᠣᠷᠣᠯᠠᠭᠴᠢ᠎ᠳᠤ ᠨᠠᠢ᠌ᠳᠠᠵᠤ ᠪᠣᠯᠣᠨ᠎ᠠ᠂ ᠭᠤᠶᠤᠴᠢᠯᠠᠭᠰᠠᠨ ᠪᠥᠭᠡᠳ ᠬᠥᠨᠳᠡᠯᠡᠨ᠎ᠠᠴᠠ ᠲᠠᠰᠤᠯᠬᠤ ᠲᠢᠩᠬᠢᠮ ᠵᠶ᠋ᠡᠷ ᠵᠥᠪᠰᠢᠶᠡᠷᠡᠭᠦᠯᠦᠭᠰᠡᠨ ᠪᠠᠢ᠌ᠪᠠᠯ᠂ ᠣᠷᠣᠯᠠᠬᠤ ᠬᠥᠮᠥᠨ᠎ᠤ ᠲᠣᠭ᠎ᠠ ᠵᠢ ᠵᠣᠬᠢᠰᠲᠠᠢ᠎ᠪᠠᠷ ᠨᠡᠮᠡᠭᠳᠡᠭᠦᠯᠵᠦ ᠪᠣᠯᠣᠨ᠎ᠠ᠃
    ᠬᠣᠷᠢᠨ ᠵᠢᠷᠭᠤᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠬᠡᠷᠡᠭ᠎ᠢ ᠰᠢᠢ᠍ᠳᠪᠦᠷᠢᠯᠡᠬᠦ᠎ᠪᠠᠷ ᠭᠥᠯᠢᠶᠡᠨ ᠠᠪᠤᠭᠰᠠᠨ᠎ᠤ ᠳᠠᠷᠠᠭ᠎ᠠ᠂ ᠭᠥᠯᠢᠶᠡᠨ ᠠᠪᠴᠤ ᠰᠢᠢ᠍ᠳᠪᠦᠷᠢᠯᠡᠬᠦ ᠶᠣᠰᠣ ᠦᠭᠡᠢ ᠭᠡᠳᠡᠭ᠎ᠢ ᠣᠯᠵᠤ ᠮᠠᠲᠠᠪᠠᠯ᠂ ᠬᠡᠷᠡᠭ᠎ᠢ ᠬᠦᠴᠦᠨ ᠦᠭᠡᠢ ᠪᠣᠯᠭ᠋ᠠᠬᠤ ᠬᠡᠷᠡᠭᠲᠡᠢ ᠪᠦᠭᠡᠳ ᠬᠡᠷᠡᠭ᠎ᠢ ᠬᠦᠴᠦᠨ ᠦᠭᠡᠢ ᠪᠣᠯᠭ᠋ᠠᠬᠤ᠎ᠪᠠᠷ ᠲᠣᠭᠲᠠᠭ᠋ᠠᠭᠰᠠᠨ᠎ᠤ ᠳᠠᠷᠠᠭ᠎ᠠ ᠲᠠᠪᠤᠨ ᠡᠳᠦᠷ᠎ᠤᠨ ᠳᠣᠲᠣᠷ᠎ᠠ ᠲᠣᠭᠲᠠᠭ᠋ᠠᠯ᠎ᠤᠨ ᠪᠢᠴᠢᠭ᠎ᠤᠨ ᠬᠡᠯᠪᠡᠷᠢ᠎ᠪᠠᠷ ᠲᠤᠬᠠᠢ ᠵᠢᠨ ᠬᠥᠮᠥᠨ᠎ᠳᠤ ᠮᠡᠳᠡᠭᠳᠡᠬᠦ ᠬᠡᠷᠡᠭᠲᠡᠢ᠃
    ᠲᠦᠷᠪᠡᠳᠦᠭᠡᠷ ᠪᠦᠯᠦᠭ     ᠬᠦᠨᠳᠡᠯᠡᠨ᠎ᠠᠴᠠ ᠲᠠᠰᠤᠯᠬᠤ ᠲᠢᠩᠬᠢᠮ
    ᠬᠣᠷᠢᠨ ᠳᠣᠯᠣᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠨᠢᠭᠡ ᠪᠤᠶᠤ ᠭᠤᠷᠪᠠᠨ ᠬᠥᠨᠳᠡᠯᠡᠨ᠎ᠠᠴᠠ ᠲᠠᠰᠤᠯᠤᠭᠴᠢ᠎ᠪᠠᠷ ᠪᠦᠷᠢᠯᠳᠦᠨ᠎ᠡ᠃
    ᠲᠤᠬᠠᠢ ᠵᠢᠨ ᠬᠥᠮᠥᠨ ᠠᠰᠲᠠᠭ᠋ᠠᠨ ᠪᠣᠯᠵᠣᠯ᠎ᠲᠠᠢ ᠪᠤᠶᠤ ᠲᠤᠰ ᠳᠦᠷᠢᠮ᠎ᠳᠤ ᠠᠰᠲᠠᠭ᠋ᠠᠨ ᠲᠣᠭᠲᠠᠭ᠋ᠠᠯ᠎ᠲᠠᠢ ᠪᠢᠰᠢ ᠪᠠᠢ᠌ᠪᠠᠯ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠭᠤᠷᠪᠠᠨ ᠬᠥᠨᠳᠡᠯᠡᠨ᠎ᠠᠴᠠ ᠲᠠᠰᠤᠯᠤᠭᠴᠢ᠎ᠪᠠᠷ ᠪᠦᠷᠢᠯᠳᠦᠨ᠎ᠡ᠃
    ᠬᠣᠷᠢᠨ ᠨᠠᠢ᠍ᠮᠠᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠭᠤᠷᠪᠠᠨ ᠬᠥᠨᠳᠡᠯᠡᠨ᠎ᠠᠴᠠ ᠲᠠᠰᠤᠯᠤᠭᠴᠢ᠎ᠪᠠᠷ ᠪᠦᠷᠢᠯᠳᠦᠭᠰᠡᠨ ᠪᠠᠢ᠌ᠪᠠᠯ᠂ ᠭᠤᠶᠤᠴᠢᠯᠠᠭᠴᠢ ᠪᠠ ᠭᠤᠶᠤᠴᠢᠯᠠᠭᠳᠠᠭᠴᠢ᠎ᠨᠢ ᠬᠥᠨᠳᠡᠯᠡᠨ᠎ᠠᠴᠠ ᠲᠠᠰᠤᠯᠤᠭᠤᠯᠬᠤ ᠮᠡᠳᠡᠭᠳᠡᠯ᠎ᠢ ᠣᠯᠣᠭᠰᠠᠨ᠎ᠤ ᠳᠠᠷᠠᠭ᠎ᠠ ᠠᠷᠪᠠᠨ ᠲᠠᠪᠤᠨ ᠡᠳᠦᠷ᠎ᠤᠨ ᠳᠣᠲᠣᠷ᠎ᠠ ᠲᠤᠰ ᠲᠤᠰ ᠰᠣᠩᠭᠣᠨ ᠲᠣᠭᠲᠠᠭ᠋ᠠᠬᠤ ᠪᠤᠶᠤ ᠡᠷᠬᠢᠯᠡᠭᠴᠢ᠎ᠳᠤ ᠨᠠᠢ᠌ᠳᠠᠵᠤ 《ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》᠎ᠠᠴᠠ ᠨᠢᠭᠡ ᠬᠥᠨᠳᠡᠯᠡᠨ᠎ᠠᠴᠠ ᠲᠠᠰᠤᠯᠤᠭᠴᠢ ᠵᠢ ᠵᠢᠭ᠋ᠠᠨ ᠲᠣᠭᠲᠠᠭ᠋ᠠᠯᠭ᠋ᠠᠬᠤ ᠬᠡᠷᠡᠭᠲᠡᠢ᠃ ᠲᠤᠬᠠᠢ ᠵᠢᠨ ᠬᠥᠮᠥᠨ᠎ᠨᠢ ᠳᠡᠭᠡᠷ᠎ᠡ ᠳᠤᠷᠠᠳᠤᠭᠰᠠᠨ ᠬᠤᠭᠤᠴᠠᠭ᠋ᠠᠨ᠎ᠤ ᠳᠣᠲᠣᠷ᠎ᠠ ᠡᠷᠬᠢᠯᠡᠭᠴᠢ ᠵᠢ ᠰᠣᠩᠭᠣᠨ ᠲᠣᠭᠲᠠᠭ᠋ᠠᠭᠰᠠᠨ ᠦᠭᠡᠢ ᠪᠤᠶᠤ ᠡᠷᠬᠢᠯᠡᠭᠴᠢ᠎ᠳᠤ ᠨᠠᠢ᠌ᠳᠠᠵᠤ ᠵᠢᠭ᠋ᠠᠨ ᠲᠣᠭᠲᠠᠭ᠋ᠠᠯᠭ᠋ᠠᠭᠰᠠᠨ ᠦᠭᠡᠢ ᠪᠠᠢ᠌ᠪᠠᠯ᠂ ᠡᠷᠬᠢᠯᠡᠭᠴᠢ᠎ᠠᠴᠠ ᠵᠢᠭ᠋ᠠᠨ ᠲᠣᠭᠲᠠᠭ᠋ᠠᠨ᠎ᠠ᠃
    ᠭᠤᠷᠪᠠᠳᠤᠭ᠋ᠠᠷ ᠨᠡᠷᠡᠰ ᠬᠥᠨᠳᠡᠯᠡᠨ᠎ᠠᠴᠠ ᠲᠠᠰᠤᠯᠤᠭᠴᠢ ᠵᠢ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠨᠢ ᠭᠤᠶᠤᠴᠢᠯᠠᠭᠳᠠᠭᠴᠢ ᠬᠥᠨᠳᠡᠯᠡᠨ᠎ᠠᠴᠠ ᠲᠠᠰᠤᠯᠤᠭᠤᠯᠬᠤ ᠮᠡᠳᠡᠭᠳᠡᠯ᠎ᠢ ᠣᠯᠣᠭᠰᠠᠨ᠎ᠤ ᠲᠡᠷᠡᠭ᠎ᠠ ᠠᠷᠪᠠᠨ ᠲᠠᠪᠤᠨ ᠡᠳᠦᠷ᠎ᠤᠨ ᠳᠣᠲᠣᠷ᠎ᠠ ᠬᠠᠮᠲᠤ᠎ᠪᠠᠷ ᠰᠣᠩᠭᠣᠨ ᠲᠣᠭᠲᠠᠭ᠋ᠠᠬᠤ ᠪᠤᠶᠤ ᠬᠠᠮᠲᠤ᠎ᠪᠠᠷ ᠡᠷᠬᠢᠯᠡᠭᠴᠢ᠎ᠳᠤ ᠨᠠᠢ᠌ᠳᠠᠵᠤ 《ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠲᠡᠡᠭᠰᠠ》᠎ᠠᠴᠠ ᠵᠢᠭ᠋ᠠᠨ ᠲᠣᠭᠲᠠᠭ᠋ᠠᠯᠭ᠋ᠠᠨ᠎ᠠ᠃ ᠭᠤᠷᠪᠠᠳᠤᠭ᠋ᠠᠷ ᠨᠡᠷᠡᠰ ᠬᠥᠨᠳᠡᠯᠡᠨ᠎ᠠᠴᠠ ᠲᠠᠰᠤᠯᠤᠭᠴᠢ᠎ᠨᠢ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠲᠦᠷᠦᠭᠦᠦ ᠬᠥᠨᠳᠡᠯᠡᠨ᠎ᠠᠴᠠ ᠲᠠᠰᠤᠯᠤᠭᠴᠢ ᠪᠣᠯᠣᠨ᠎ᠠ᠃
    ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠨᠢ ᠲᠤᠰ ᠲᠤᠰ᠎ᠲᠠᠭᠠᠨ ᠨᠢᠭᠡ᠎ᠠᠴᠠ ᠲᠠᠪᠤᠨ ᠵᠢᠱ᠌ᠢᠭᠳᠡᠭᠰᠡᠳ᠎ᠢ ᠲᠦᠷᠦᠭᠦᠦ ᠬᠥᠨᠳᠡᠯᠡᠨ᠎ᠠᠴᠠ ᠲᠠᠰᠤᠯᠤᠭᠴᠢ ᠵᠢᠨ ᠵᠢᠱ᠌ᠢᠭᠳᠡᠭᠴᠢ᠎ᠪᠠᠷ ᠲᠠᠨᠢᠯᠴᠠᠭᠤᠯᠵᠤ ᠪᠣᠯᠬᠤ ᠪᠥᠭᠡᠳ ᠲᠤᠰ ᠵᠦᠢ᠍ᠯ᠎ᠤᠨ ᠬᠣᠶᠠᠳᠤᠭ᠋ᠠᠷ ᠪᠠᠳᠠᠭ᠎ᠲᠤ ᠲᠣᠭᠲᠠᠭ᠋ᠠᠭᠰᠠᠨ ᠬᠤᠭᠤᠴᠠᠭ᠋ᠠᠨ᠎ᠳᠤ ᠲᠠᠨᠢᠯᠴᠠᠭᠤᠯᠤᠭᠰᠠᠨ ᠨᠡᠷᠡᠰ ᠵᠶ᠋ᠡᠨ ᠳᠡᠪᠰᠢᠭᠦᠯᠵᠦ ᠪᠣᠯᠣᠨ᠎ᠠ᠃ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠤ ᠲᠠᠨᠢᠯᠴᠠᠭᠤᠯᠤᠭᠰᠠᠨ ᠨᠡᠷᠡᠰ᠎ᠤᠨ ᠳᠣᠲᠣᠷᠠᠬᠢ ᠨᠢᠭᠡ ᠵᠢᠱ᠌ᠢᠭᠳᠡᠭᠴᠢ᠎ᠨᠢ ᠠᠳᠠᠯᠢ ᠪᠠᠢ᠌ᠪᠠᠯ᠂ ᠲᠤᠰ ᠵᠢᠱ᠌ᠢᠭᠳᠡᠭᠴᠢ᠎ᠨᠢ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠤ ᠬᠠᠮᠲᠤ᠎ᠪᠠᠷ ᠰᠣᠩᠭᠣᠨ ᠲᠣᠭᠲᠠᠭ᠋ᠠᠭᠰᠠᠨ ᠲᠦᠷᠦᠭᠦᠦ ᠬᠥᠨᠳᠡᠯᠡᠨ᠎ᠠᠴᠠ ᠲᠠᠰᠤᠯᠤᠭᠴᠢ ᠪᠣᠯᠣᠨ᠎ᠠ; ᠨᠢᠭᠡ᠎ᠠᠴᠠ ᠳᠡᠭᠡᠭᠰᠢ ᠵᠢᠱ᠌ᠢᠭᠳᠡᠭᠴᠢ᠎ᠨᠢ ᠠᠳᠠᠯᠢ ᠪᠠᠢ᠌ᠪᠠᠯ᠂ ᠡᠷᠬᠢᠯᠡᠭᠴᠢ᠎ᠠᠴᠠ ᠬᠡᠷᠡᠭ᠎ᠤᠨ ᠪᠣᠳᠠᠲᠤ ᠪᠠᠢ᠌ᠳᠠᠯ᠎ᠢ ᠦᠨᠳᠦᠰᠦᠯᠡᠨ ᠠᠳᠠᠯᠢ ᠵᠢᠱ᠌ᠢᠭᠳᠡᠭᠴᠢ ᠵᠢᠨ ᠳᠣᠲᠣᠷ᠎ᠠ᠎ᠠᠴᠠ ᠲᠦᠷᠦᠭᠦᠦ ᠬᠥᠨᠳᠡᠯᠡᠨ᠎ᠠᠴᠠ ᠲᠠᠰᠤᠯᠤᠭᠴᠢ ᠵᠢ ᠨᠢᠭᠡ ᠲᠣᠭᠲᠠᠭ᠋ᠠᠨ᠎ᠠ᠂ ᠲᠤᠰ ᠲᠦᠷᠦᠭᠦᠦ ᠬᠥᠨᠳᠡᠯᠡᠨ᠎ᠠᠴᠠ ᠲᠠᠰᠤᠯᠤᠭᠴᠢ᠎ᠨᠢ ᠮᠥᠨ ᠯᠡ ᠬᠣᠶᠠᠷ ᠡᠲᠡᠭᠡᠳ᠎ᠤᠨ ᠬᠠᠮᠲᠤ᠎ᠪᠠᠷ ᠰᠣᠩᠭᠣᠨ ᠲᠣᠭᠲᠠᠭ᠋ᠠᠭᠰᠠᠨ ᠲᠦᠷᠦᠭᠦᠦ ᠬᠥᠨᠳᠡᠯᠡᠨ᠎ᠠᠴᠠ ᠲᠠᠰᠤᠯᠤᠭᠴᠢ ᠪᠣᠯᠣᠨ᠎ᠠ; ᠲᠠᠨᠢᠯᠴᠠᠭᠤᠯᠤᠭᠰᠠᠨ ᠨᠡᠷᠡᠰ᠎ᠤᠨ ᠳᠣᠲᠣᠷ᠎ᠠ ᠠᠳᠠᠯᠢ ᠵᠢᠱ᠌ᠢᠭᠳᠡᠭᠴᠢ ᠪᠠᠢ᠌ᠬᠤ ᠦᠭᠡᠢ ᠦᠶ᠎ᠡ᠎ᠳᠤ᠂ ᠲᠦᠷᠦᠭᠦᠦ ᠬᠥᠨᠳᠡᠯᠡᠨ᠎ᠠᠴᠠ ᠲᠠᠰᠤᠯᠤᠭᠴᠢ ᠵᠢ ᠡᠷᠬᠢᠯᠡᠭᠴᠢ᠎ᠨᠢ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠤ ᠲᠠᠨᠢᠯᠴᠠᠭᠤᠯᠤᠭᠰᠠᠨ ᠨᠡᠷᠡᠰ᠎ᠠᠴᠠ ᠭᠠᠳᠠᠨᠠᠬᠢ 《ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》᠎ᠠᠴᠠ ᠠᠰ᠎ᠲᠤᠨᠢ ᠵᠢᠭ᠋ᠠᠨ ᠲᠣᠭᠲᠠᠭ᠋ᠠᠵᠤ ᠭᠠᠷᠭ᠋ᠠᠨ᠎ᠠ᠂ ᠭᠡᠪᠡᠴᠦ ᠲᠤᠰ ᠲᠦᠷᠦᠭᠦᠦ ᠬᠥᠨᠳᠡᠯᠡᠨ᠎ᠠᠴᠠ ᠲᠠᠰᠤᠯᠤᠭᠴᠢ ᠵᠢ ᠲᠠᠨᠢᠯᠴᠠᠭᠤᠯᠤᠭᠰᠠᠨ ᠦᠭᠡᠢ ᠲᠤᠬᠠᠢ ᠵᠢᠨ ᠬᠥᠮᠥᠨ᠎ᠤ ᠵᠥᠪᠰᠢᠶᠡᠷᠡᠯ᠎ᠢ ᠨᠢᠭᠡᠨᠲᠡ ᠣᠯᠣᠭᠰᠠᠨ ᠪᠠᠢ᠌ᠪᠠᠯ ᠡᠭᠦᠨ᠎ᠳᠤ ᠪᠠᠭᠲᠠᠬᠤ ᠦᠭᠡᠢ᠃
    ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠨᠢ ᠳᠡᠭᠡᠷ᠎ᠡ ᠳᠤᠷᠠᠳᠤᠭᠰᠠᠨ ᠲᠣᠭᠲᠠᠭ᠋ᠠᠯ ᠶᠣᠰᠣᠭ᠋ᠠᠷ ᠲᠦᠷᠦᠭᠦᠦ ᠬᠥᠨᠳᠡᠯᠡᠨ᠎ᠠᠴᠠ ᠲᠠᠰᠤᠯᠤᠭᠴᠢ ᠵᠢ ᠬᠠᠮᠲᠤ᠎ᠪᠠᠷ ᠰᠣᠩᠭᠣᠨ ᠲᠣᠭᠲᠠᠭ᠋ᠠᠵᠤ ᠴᠢᠳᠠᠭᠰᠠᠨ ᠦᠭᠡᠢ ᠪᠠᠢ᠌ᠪᠠᠯ᠂ ᠡᠷᠬᠢᠯᠡᠭᠴᠢ᠎ᠠᠴᠠ ᠲᠦᠷᠦᠭᠦᠦ ᠬᠥᠨᠳᠡᠯᠡᠨ᠎ᠠᠴᠠ ᠲᠠᠰᠤᠯᠤᠭᠴᠢ ᠵᠢ ᠵᠢᠭ᠋ᠠᠨ ᠲᠣᠭᠲᠠᠭ᠋ᠠᠨ᠎ᠠ᠃
    ᠬᠥᠭᠡᠷᠦᠭᠦᠯᠬᠦ ᠡᠮ᠎ᠢ ᠡᠰᠡᠷᠭᠦᠴᠡᠬᠦ᠎ᠲᠠᠢ ᠬᠣᠯᠪᠣᠭᠳᠠᠯ ᠪᠦᠬᠦᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ᠎ᠳᠤ ᠠᠳᠠᠭ᠎ᠲᠠᠭᠠᠨ ᠨᠢᠭᠡ ᠬᠠᠤᠯᠢ ᠵᠢᠨ ᠤᠬᠠᠭ᠋ᠠᠨ᠎ᠤ ᠠᠬᠤᠢ ᠪᠠᠢ᠌ᠳᠠᠯ ᠪᠤᠶᠤ ᠬᠠᠤᠯᠢ ᠴᠠᠭ᠋ᠠᠵᠠ ᠵᠢᠨ ᠲᠤᠰᠬᠠᠢ ᠮᠡᠷᠭᠡᠵᠢᠯ᠎ᠤᠨ ᠲᠤᠷᠰᠢᠯᠭ᠎ᠠ᠎ᠲᠠᠢ ᠬᠥᠨᠳᠡᠯᠡᠨ᠎ᠠᠴᠠ ᠲᠠᠰᠤᠯᠤᠭᠴᠢ ᠪᠠᠢ᠌ᠬᠤ ᠬᠡᠷᠡᠭᠲᠡᠢ᠃ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠨᠢ ᠲᠤᠰ ᠵᠦᠢ᠍ᠯ᠎ᠤᠨ ᠭᠤᠷᠪᠠᠳᠤᠭ᠋ᠠᠷ ᠪᠠᠳᠠᠭ᠂ ᠳᠥᠷᠪᠡᠳᠦᠭᠡᠷ ᠪᠠᠳᠠᠭ᠎ᠤᠨ ᠲᠣᠭᠲᠠᠭ᠋ᠠᠯ ᠶᠣᠰᠣᠭ᠋ᠠᠷ᠂ 《ᠬᠥᠭᠡᠷᠦᠭᠦᠯᠬᠦ ᠡᠮ᠎ᠢ ᠡᠰᠡᠷᠭᠦᠴᠡᠬᠦ ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》᠎ᠠᠴᠠ ᠠᠳᠠᠭ᠎ᠲᠠᠭᠠᠨ ᠨᠢᠭᠡ ᠬᠥᠨᠳᠡᠯᠡᠨ᠎ᠠᠴᠠ ᠲᠠᠰᠤᠯᠤᠭᠴᠢ ᠵᠢ ᠰᠣᠩᠭᠣᠬᠤ ᠬᠡᠷᠡᠭᠲᠡᠢ᠃
    ᠬᠣᠷᠢ ᠶᠢᠰᠦᠳᠦᠭᠡᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠨᠢᠭᠡ ᠬᠥᠨᠳᠡᠯᠡᠨ᠎ᠠᠴᠠ ᠲᠠᠰᠤᠯᠤᠭᠴᠢ᠎ᠪᠠᠷ ᠪᠦᠷᠢᠯᠳᠦᠭᠰᠡᠨ ᠪᠠᠢ᠌ᠪᠠᠯ᠂ ᠲᠤᠰ ᠳᠦᠷᠢᠮ᠎ᠤᠨ ᠬᠣᠷᠢᠨ ᠨᠠᠢ᠍ᠮᠠᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠎ᠠᠴᠠ ᠳᠥᠷᠪᠡᠳᠦᠭᠡᠷ ᠪᠠᠳᠠᠭ ᠬᠦᠷᠲᠡᠯᠡᠬᠢ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ ᠲᠤᠰᠠᠭ᠋ᠠᠷ ᠬᠥᠨᠳᠡᠯᠡᠨ᠎ᠠᠴᠠ ᠲᠠᠰᠤᠯᠤᠭᠴᠢ ᠵᠢ ᠰᠣᠩᠭᠣᠨ ᠲᠣᠭᠲᠠᠭ᠋ᠠᠬᠤ ᠪᠤᠶᠤ ᠵᠢᠭ᠋ᠠᠨ ᠲᠣᠭᠲᠠᠭ᠋ᠠᠨ᠎ᠠ᠃
    ᠬᠥᠭᠡᠷᠦᠭᠦᠯᠬᠦ ᠡᠮ᠎ᠢ ᠡᠰᠡᠷᠭᠦᠴᠡᠬᠦ᠎ᠳᠤ ᠬᠣᠯᠪᠣᠭᠳᠠᠬᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ᠎ᠳᠤ᠂ ᠲᠤᠰᠠᠭ᠋ᠠᠷ ᠬᠥᠨᠳᠡᠯᠡᠨ᠎ᠠᠴᠠ ᠲᠠᠰᠤᠯᠤᠭᠴᠢ᠎ᠨᠢ ᠬᠠᠤᠯᠢ ᠵᠢᠨ ᠤᠬᠠᠭ᠋ᠠᠨ᠎ᠤ ᠠᠬᠤᠢ ᠪᠠᠢ᠌ᠳᠠᠯ ᠪᠠ ᠬᠠᠤᠯᠢ ᠴᠠᠭ᠋ᠠᠵᠠ ᠵᠢᠨ ᠲᠤᠰᠬᠠᠢ ᠮᠡᠷᠭᠡᠵᠢᠯ᠎ᠤᠨ ᠲᠤᠷᠰᠢᠯᠭ᠎ᠠ᠎ᠲᠠᠢ ᠪᠠᠢ᠌ᠬᠤ ᠬᠡᠷᠡᠭᠲᠡᠢ᠃ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠨᠢ ᠲᠤᠰ ᠳᠦᠷᠢᠮ᠎ᠤᠨ ᠬᠣᠷᠢᠨ ᠨᠠᠢ᠍ᠮᠠᠳᠤᠭ᠋ᠠᠷ ᠵᠦᠢ᠍ᠯ᠎ᠤᠨ ᠭᠤᠷᠪᠠᠳᠤᠭ᠋ᠠᠷ ᠪᠠᠳᠠᠭ᠂ ᠳᠥᠷᠪᠡᠳᠦᠭᠡᠷ ᠪᠠᠳᠠᠭ᠎ᠤᠨ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ᠂ 《ᠬᠥᠭᠡᠷᠦᠭᠦᠯᠬᠦ ᠡᠮ᠎ᠢ ᠡᠰᠡᠷᠭᠦᠴᠡᠬᠦ ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》᠎ᠠᠴᠠ ᠨᠢᠭᠡ ᠬᠥᠨᠳᠡᠯᠡᠨ᠎ᠠᠴᠠ ᠲᠠᠰᠤᠯᠤᠭᠴᠢ ᠵᠢ ᠰᠣᠩᠭᠣᠬᠤ ᠬᠡᠷᠡᠭᠲᠡᠢ᠃
    ᠭᠤᠴᠢᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠬᠤ ᠬᠡᠷᠡᠭ᠎ᠤᠨ ᠭᠤᠶᠤᠴᠢᠯᠠᠭᠴᠢ᠂ ᠭᠤᠶᠤᠴᠢᠯᠠᠭᠳᠠᠭᠴᠢ᠎ᠨᠢ ᠬᠣᠶᠠᠷ ᠪᠤᠶᠤ ᠬᠣᠶᠠᠷ᠎ᠠᠴᠠ ᠳᠡᠭᠡᠭᠰᠢ ᠪᠠᠢ᠌ᠪᠠᠯ᠂ ᠭᠤᠶᠤᠴᠢᠯᠠᠭᠴᠢ᠂ ᠭᠤᠶᠤᠴᠢᠯᠠᠭᠳᠠᠭᠴᠢ᠎ᠨᠢ ᠲᠤᠰ ᠲᠤᠰ᠎ᠲᠠᠭᠠᠨ ᠵᠥᠪᠳᠡᠯᠴᠡᠵᠦ᠂ ᠬᠠᠮᠲᠤ᠎ᠪᠠᠷ ᠰᠣᠩᠭᠣᠨ ᠲᠣᠭᠲᠠᠭ᠋ᠠᠬᠤ ᠪᠤᠶᠤ ᠬᠠᠮᠲᠤ᠎ᠪᠠᠷ ᠡᠷᠬᠢᠯᠡᠭᠴᠢ᠎ᠳᠤ ᠨᠠᠢ᠌ᠳᠠᠵᠤ ᠨᠢᠭᠡ ᠬᠥᠨᠳᠡᠯᠡᠨ᠎ᠠᠴᠠ ᠲᠠᠰᠤᠯᠤᠭᠴᠢ ᠵᠢ ᠵᠢᠭ᠋ᠠᠨ ᠲᠣᠭᠲᠠᠭ᠋ᠠᠯᠭ᠋ᠠᠬᠤ ᠬᠡᠷᠡᠭᠲᠡᠢ᠃
    ᠲᠦᠷᠦᠭᠦᠦ ᠬᠥᠨᠳᠡᠯᠡᠨ᠎ᠠᠴᠠ ᠲᠠᠰᠤᠯᠤᠭᠴᠢ ᠪᠤᠶᠤ á ­á  á ­á ´á  á ­á ‹á  á · ᠬᠥᠨᠳᠡᠯᠡᠨ᠎ᠠᠴᠠ ᠲᠠᠰᠤᠯᠤᠭᠴᠢ ᠵᠢ ᠲᠤᠰ ᠲᠦᠷᠢᠮ᠎ᠤᠨ ᠬᠣᠷᠢᠨ ᠨᠠᠢ᠍ᠮᠠᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠎ᠠᠴᠠ ᠳᠥᠷᠪᠡᠳᠦᠭᠡᠷ ᠪᠠᠳᠠᠭ ᠬᠦᠷᠲᠡᠯᠡᠬᠢ ᠲᠣᠭᠲᠠᠭ᠋ᠠᠯ ᠶᠣᠰᠣᠭ᠋ᠠᠷ ᠰᠣᠩᠭᠣᠨ ᠲᠣᠭᠲᠠᠭ᠋ᠠᠬᠤ ᠪᠤᠶᠤ ᠵᠢᠭ᠋ᠠᠨ ᠲᠣᠭᠲᠠᠭ᠋ᠠᠬᠤ ᠬᠡᠷᠡᠭᠲᠡᠢ᠃ ᠭᠤᠶᠤᠴᠢᠯᠠᠭᠴᠢ᠂ ᠭᠤᠶᠤᠴᠢᠯᠠᠭᠳᠠᠭᠴᠢ ᠲᠤᠰ ᠳᠦᠷᠢᠮ᠎ᠤᠨ ᠬᠣᠷᠢᠨ ᠨᠠᠢ᠍ᠮᠠᠳᠤᠭ᠋ᠠᠷ ᠵᠦᠢ᠍ᠯ᠎ᠤᠨ ᠭᠤᠷᠪᠠᠳᠤᠭ᠋ᠠᠷ ᠪᠠᠳᠠᠭ᠎ᠤᠨ ᠲᠣᠭᠲᠠᠭ᠋ᠠᠯ ᠶᠣᠰᠣᠭ᠋ᠠᠷ ᠲᠦᠷᠦᠭᠦᠦ ᠬᠥᠨᠳᠡᠯᠡᠨ᠎ᠠᠴᠠ ᠲᠠᠰᠤᠯᠤᠭᠴᠢ ᠪᠤᠶᠤ ᠲᠤᠰᠠᠭ᠋ᠠᠷ ᠬᠥᠨᠳᠡᠯᠡᠨ᠎ᠠᠴᠠ ᠲᠠᠰᠤᠯᠤᠭᠴᠢ ᠵᠢ ᠰᠣᠩᠭᠣᠨ ᠲᠣᠭᠲᠠᠭ᠋ᠠᠬᠤ᠎ᠳᠠᠭᠠᠨ ᠬᠠᠮᠲᠤ᠎ᠪᠠᠷ ᠵᠥᠪᠳᠡᠯᠴᠡᠵᠦ᠂ ᠬᠠᠮᠲᠤ᠎ᠪᠠᠷ ᠰᠣᠩᠭᠣᠨ ᠲᠣᠭᠲᠠᠭ᠋ᠠᠭᠰᠠᠨ ᠵᠢᠱ᠌ᠢᠭᠳᠡᠭᠰᠡᠳ᠎ᠤᠨ ᠨᠡᠷᠡᠰ᠎ᠢ ᠳᠡᠪᠰᠢᠭᠦᠯᠦᠨ ᠲᠤᠰᠢᠶᠠᠬᠤ ᠬᠡᠷᠡᠭᠲᠡᠢ᠃
    ᠬᠡᠷᠪᠡ ᠭᠤᠶᠤᠴᠢᠯᠠᠭᠴᠢ᠂ ᠭᠤᠶᠤᠴᠢᠯᠠᠭᠳᠠᠭᠴᠢ᠎ᠨᠢ ᠬᠥᠨᠳᠡᠯᠡᠨ᠎ᠠᠴᠠ ᠲᠠᠰᠤᠯᠤᠭᠤᠯᠬᠤ ᠮᠡᠳᠡᠭᠳᠡᠯ᠎ᠢ ᠣᠯᠣᠭᠰᠠᠨ᠎ᠤ ᠲᠠᠷᠠᠭ᠎ᠠ ᠠᠷᠪᠠᠨ ᠲᠠᠪᠤᠨ ᠡᠳᠦᠷ᠎ᠤᠨ ᠳᠣᠲᠣᠷ᠎ᠠ ᠬᠠᠮᠲᠤ᠎ᠪᠠᠷ ᠰᠣᠩᠭᠣᠨ ᠲᠣᠭᠲᠠᠭ᠋ᠠᠭᠰᠠᠨ ᠪᠤᠶᠤ ᠬᠠᠮᠲᠤ᠎ᠪᠠᠷ ᠡᠷᠬᠢᠯᠡᠭᠴᠢ᠎ᠳᠤ ᠨᠠᠢ᠌ᠳᠠᠵᠤ ᠨᠢᠭᠡ ᠬᠥᠨᠳᠡᠯᠡᠨ᠎ᠠᠴᠠ ᠲᠠᠰᠤᠯᠤᠭᠴᠢ ᠵᠢ ᠵᠢᠭ᠋ᠠᠨ ᠲᠣᠭᠲᠠᠭ᠋ᠠᠯᠭ᠋ᠠᠵᠤ ᠴᠢᠳᠠᠭᠰᠠᠨ ᠦᠭᠡᠢ ᠪᠠᠢ᠌ᠪᠠᠯ᠂ ᠡᠷᠬᠢᠯᠡᠭᠴᠢ᠎ᠠᠴᠠ ᠭᠤᠷᠪᠠᠨ ᠬᠥᠨᠳᠡᠯᠡᠨ᠎ᠠᠴᠠ ᠲᠠᠰᠤᠯᠤᠭᠴᠢ ᠵᠢ ᠵᠢᠭ᠋ᠠᠨ ᠲᠣᠭᠲᠠᠭ᠋ᠠᠵᠤ ᠬᠥᠨᠳᠡᠯᠡᠨ᠎ᠠᠴᠠ ᠲᠠᠰᠤᠯᠬᠤ ᠲᠢᠩᠬᠢᠮ᠎ᠢ ᠪᠦᠷᠢᠯᠳᠦᠭᠦᠯᠬᠦ ᠵᠢᠨ ᠬᠠᠮᠲᠤ ᠲᠡᠭᠦᠨ᠎ᠤ ᠳᠣᠲᠣᠷ᠎ᠠ᠎ᠠᠴᠠ ᠨᠢᠭᠡ ᠬᠥᠮᠥᠨ᠎ᠢ ᠲᠦᠷᠦᠭᠦᠦ ᠬᠥᠨᠳᠡᠯᠡᠨ᠎ᠠᠴᠠ ᠲᠠᠰᠤᠯᠤᠭᠴᠢ᠎ᠪᠠᠷ ᠲᠣᠭᠲᠠᠭ᠋ᠠᠨ᠎ᠠ᠃
    ᠭᠤᠴᠢᠨ ᠨᠢᠭᠡᠳᠦᠭᠡᠷ ᠵᠦᠢ᠍ᠯ   ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠨᠢ ᠬᠥᠨᠳᠡᠯᠡᠨ᠎ᠠᠴᠠ ᠲᠠᠰᠤᠯᠬᠤ ᠲᠢᠩᠬᠢᠮ᠎ᠢ ᠪᠦᠷᠢᠯᠳᠦᠭᠦᠯᠦᠭᠰᠡᠨ ᠡᠳᠦᠷ᠎ᠠᠴᠠ ᠡᠬᠢᠯᠡᠨ ᠲᠠᠪᠤᠨ ᠡᠳᠦᠷ᠎ᠤᠨ ᠳᠣᠲᠣᠷ᠎ᠠ ᠲᠢᠩᠬᠢᠮ ᠪᠠᠢ᠌ᠭᠤᠯᠤᠭᠰᠠᠨ ᠪᠠᠢ᠌ᠳᠠᠯ ᠵᠶ᠋ᠠᠨ ᠲᠤᠬᠠᠢ ᠵᠢᠨ ᠬᠥᠮᠥᠨ᠎ᠳᠤ ᠪᠢᠴᠢᠭ ᠵᠶ᠋ᠡᠷ ᠮᠡᠳᠡᠭᠳᠡᠬᠦ ᠬᠡᠷᠡᠭᠲᠡᠢ᠃
    ᠭᠤᠴᠢᠨ ᠬᠣᠶᠠᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠤᠭᠴᠢ᠎ᠨᠢ ᠰᠢᠭᠦᠬᠦ ᠲᠢᠩᠬᠢᠮ᠎ᠤᠨ ᠵᠣᠬᠢᠶᠠᠨ ᠪᠠᠶ᠋ᠢᠭᠤᠯᠬᠤ ᠮᠡᠳᠡᠭᠳᠡᠯ᠎ᠢ ᠣᠯᠣᠭᠰᠠᠨ᠎ᠤ ᠲᠠᠷᠠᠭ᠎ᠠ ᠢᠯᠡᠷᠬᠡᠢ᠌ᠯᠡᠯᠲᠡ ᠵᠢᠨ ᠪᠢᠴᠢᠭ᠎ᠲᠤ ᠭᠠᠷ᠎ᠤᠨ ᠦᠰᠦᠭ ᠵᠢᠷᠤᠵᠤ᠂ ᠪᠡᠶ᠎ᠡ᠎ᠪᠠᠨ ᠳᠠᠭ᠋ᠠᠭ᠋ᠠᠬᠤ᠂ ᠲᠥᠪ ᠭᠣᠣᠯᠴᠢ᠎ᠪᠠᠷ ᠬᠥᠨᠳᠡᠯᠡᠨ᠎ᠠᠴᠠ ᠲᠠᠰᠤᠯᠬᠤ᠎ᠪᠠᠷ ᠠᠮᠠᠯᠠᠬᠤ ᠬᠡᠷᠡᠭᠲᠡᠢ ᠪᠥᠭᠡᠳ ᠲᠡᠭᠦᠨ᠎ᠤ ᠣᠯᠵᠤ ᠮᠡᠳᠡᠭᠰᠡᠨ ᠪᠡᠶ᠎ᠡ᠎ᠪᠠᠨ ᠳᠠᠭ᠋ᠠᠭ᠋ᠠᠬᠤ ᠴᠢᠨᠠᠷ᠂ ᠲᠥᠪ ᠭᠣᠣᠯᠴᠢ ᠴᠢᠨᠠᠷ᠎ᠲᠤ ᠵᠦᠢ ᠵᠣᠬᠢᠰᠲᠠᠢ ᠰᠡᠵᠢᠭᠯᠡᠯ ᠡᠭᠦᠰᠬᠡᠵᠦ ᠮᠡᠳᠡᠬᠦ ᠪᠠᠢ᠌ᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠪᠢᠴᠢᠭ ᠵᠶ᠋ᠡᠷ ᠨᠡᠢ᠌ᠲᠡᠯᠡᠬᠦ ᠬᠡᠷᠡᠭᠲᠡᠢ᠃
    ᠬᠥᠨᠳᠡᠯᠡᠨ᠎ᠠᠴᠠ ᠲᠠᠰᠤᠯᠤᠭᠴᠢ᠎ᠠᠴᠠ ᠨᠡᠢ᠌ᠲᠡᠯᠡᠬᠦ ᠶᠣᠰᠣᠲᠠᠢ ᠪᠠᠢ᠌ᠳᠠᠯ᠎ᠨᠢ ᠵᠠᠢ᠌ᠯᠠᠬᠤ ᠶᠣᠰᠣᠲᠠᠢ ᠤᠴᠢᠷ ᠰᠢᠯᠲᠠᠭ᠋ᠠᠨ᠎ᠢ ᠭᠦᠢ᠍ᠴᠡᠳ ᠪᠦᠷᠢᠯᠳᠦᠭᠦᠯᠵᠦ ᠴᠢᠳᠠᠨ᠎ᠠ ᠭᠡᠵᠦ ᠦᠵᠡᠭᠰᠡᠨ ᠪᠠᠢ᠌ᠪᠠᠯ ᠰᠠᠨᠠᠭ᠋ᠠᠴᠢᠯᠠᠭ᠎ᠠ᠎ᠠᠴᠠ᠎ᠪᠠᠨ ᠵᠠᠢ᠌ᠯᠠᠬᠤ ᠬᠡᠷᠡᠭᠲᠡᠢ᠃
    ᠨᠡᠢ᠌ᠲᠡᠯᠡᠬᠦ ᠶᠣᠰᠣᠲᠠᠢ ᠪᠠᠢ᠌ᠳᠠᠯ᠎ᠨᠢ ᠢᠯᠡᠷᠬᠡᠢ᠌ᠯᠡᠯᠲᠡ ᠵᠢᠨ ᠪᠢᠴᠢᠭ᠎ᠲᠤ ᠭᠠᠷ᠎ᠤᠨ ᠦᠰᠦᠭ ᠵᠢᠷᠤᠭᠰᠠᠨ᠎ᠤ ᠳᠠᠷᠠᠭ᠎ᠠ ᠢᠯᠡᠷᠡᠭᠰᠡᠨ ᠪᠠᠢ᠌ᠪᠠᠯ᠂ ᠬᠥᠨᠳᠡᠯᠡᠨ᠎ᠠᠴᠠ ᠲᠠᠰᠤᠯᠤᠭᠴᠢ á ´á  á ­ ᠲᠤᠬᠠᠢ᠎ᠳᠤᠨᠢ ᠰᠠᠨᠠᠭ᠋ᠠᠴᠢᠯᠠᠭ᠎ᠠ᠎ᠠᠴᠠ᠎ᠪᠠᠨ ᠪᠢᠴᠢᠭ ᠵᠶ᠋ᠡᠷ ᠨᠡᠢ᠌ᠲᠡᠯᠡᠬᠦ ᠬᠡᠷᠡᠭᠲᠡᠢ᠃
    ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠨᠢ ᠨᠡᠢ᠌ᠲᠡᠯᠡᠬᠦ ᠤᠴᠢᠷ ᠶᠠᠪᠤᠳᠠᠯ ᠣᠷᠣᠰᠢᠵᠤ ᠪᠠᠢ᠌ᠬᠤ ᠢᠯᠡᠷᠬᠡᠢ᠌ᠯᠡᠯᠲᠡ ᠵᠢᠨ ᠪᠢᠴᠢᠭ᠎ᠢ ᠣᠯᠣᠭᠰᠠᠨ᠎ᠤ ᠲᠠᠷᠠᠭ᠎ᠠ᠂ ᠲᠤᠬᠠᠢ ᠵᠢᠨ ᠬᠥᠮᠥᠨ᠎ᠳᠤ á ´á  á ­ ᠲᠤᠬᠠᠢ᠎ᠳᠤᠨᠢ ᠶᠠᠪᠤᠭᠤᠯᠵᠤ ᠥᠭᠬᠦ ᠬᠡᠷᠡᠭᠲᠡᠢ᠃
      ᠭᠤᠴᠢᠨ ᠭᠤᠷᠪᠠᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠤᠭᠴᠢ᠎ᠳᠤ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ ᠵᠠᠢ᠌ᠯᠠᠬᠤ ᠬᠡᠷᠡᠭᠲᠡᠢ᠂ ᠲᠤᠬᠠᠢ ᠵᠢᠨ ᠬᠥᠮᠥᠨ ᠴᠦ᠍ ᠵᠠᠢ᠌ᠯᠠᠭᠤᠯᠬᠤ ᠭᠤᠶᠤᠴᠢᠯᠠᠯ ᠭᠠᠷᠭ᠋ᠠᠬᠤ ᠡᠷᠬᠡ᠎ᠲᠠᠢ᠄
     ï¼ˆá ¨á ¢á ­á ¡ï¼‰ ᠲᠤᠰ ᠬᠡᠷᠡᠭ᠎ᠤᠨ ᠲᠤᠬᠠᠢ ᠵᠢᠨ ᠬᠥᠮᠥᠨ ᠪᠤᠶᠤ ᠲᠤᠬᠠᠢ ᠵᠢᠨ ᠬᠥᠮᠥᠨ ᠪᠠ ᠣᠷᠣᠯᠠᠭᠴᠢ ᠵᠢᠨ ᠣᠢ᠌ᠷ᠎ᠠ ᠲᠦᠷᠦᠯ ᠰᠡᠳᠦᠠ;
     ï¼ˆá ¬á £á ¶á  á ·ï¼‰ ᠬᠥᠨᠳᠡᠯᠡᠨ᠎ᠠᠴᠠ ᠲᠠᠰᠤᠯᠤᠭᠴᠢ ᠪᠤᠶᠤ ᠲᠡᠭᠦᠨ᠎ᠤ ᠣᠢ᠌ᠷ᠎ᠠ ᠲᠦᠷᠦᠯ ᠰᠡᠳᠦᠠ᠎ᠨᠢ ᠲᠤᠰ ᠬᠡᠷᠡᠭ᠎ᠯᠦᠭᠡ ᠠᠰᠢᠭ ᠬᠣᠣᠷ᠎ᠤᠨ ᠬᠠᠷᠢᠴᠠᠭ᠎ᠠ᠎ᠲᠠᠢ ᠪᠠᠢ᠌ᠬᠤ;
     ï¼ˆá ­á ¤á ·á ªá  ï¼‰ ᠲᠤᠰ ᠬᠡᠷᠡᠭ᠎ᠤᠨ ᠲᠤᠬᠠᠢ ᠵᠢᠨ ᠬᠥᠮᠥᠨ᠂ ᠣᠷᠣᠯᠠᠭᠴᠢ᠎ᠲᠠᠢ ᠪᠤᠰᠤᠳ ᠬᠠᠷᠢᠴᠠᠭ᠎ᠠ᠎ᠲᠠᠢ ᠪᠠᠢ᠌ᠵᠤ᠂ ᠭᠣᠣᠯᠴᠢ᠎ᠪᠠᠷ ᠬᠥᠨᠳᠡᠯᠡᠨ᠎ᠠᠴᠠ ᠲᠠᠰᠤᠯᠬᠤ ᠵᠢ ᠨᠥᠯᠥᠭᠡᠯᠡᠵᠦ ᠮᠡᠳᠡᠬᠦ;
     ï¼ˆá ²á ¦á ·á ªá ¡ï¼‰ ᠲᠤᠬᠠᠢ ᠵᠢᠨ ᠬᠥᠮᠥᠨ ᠪᠠ ᠣᠷᠣᠯᠠᠭᠴᠢ᠎ᠲᠠᠢ ᠳᠤᠷ᠎ᠠ᠎ᠪᠠᠷ ᠵᠶ᠋ᠠᠨ ᠠᠭᠤᠯᠵᠠᠬᠤ ᠪᠤᠶᠤ ᠲᠤᠬᠠᠢ ᠵᠢᠨ ᠬᠥᠮᠥᠨ ᠪᠠ ᠣᠷᠣᠯᠠᠭᠴᠢ ᠵᠢᠨ ᠳᠠᠶ᠋ᠢᠯᠠᠯᠭ᠎ᠠ᠎ᠳᠤ ᠣᠷᠣᠯᠴᠠᠨ ᠪᠡᠯᠡᠭ᠎ᠢ᠎ᠨᠢ ᠭᠥᠯᠢᠶᠡᠨ ᠠᠪᠬᠤ;
    (ᠲᠠᠪᠤ) ᠭᠣᠣᠯᠴᠢ᠎ᠪᠠᠷ ᠬᠥᠨᠳᠡᠯᠡᠨ᠎ᠠᠴᠠ ᠲᠠᠰᠤᠯᠬᠤ ᠵᠢ ᠨᠥᠯᠥᠭᠡᠯᠡᠬᠦ ᠪᠤᠰᠤᠳ ᠪᠠᠢ᠌ᠳᠠᠯ᠃
    ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠤᠭᠴᠢ᠎ᠳᠤ ᠵᠠᠢ᠌ᠯᠠᠭᠤᠯᠬᠤ ᠭᠤᠶᠤᠴᠢᠯᠠᠯ ᠭᠠᠷᠭ᠋ᠠᠬᠤ᠎ᠳᠠᠭᠠᠨ ᠵᠠᠢ᠌ᠯᠠᠭᠤᠯᠬᠤ ᠤᠴᠢᠷ ᠰᠢᠯᠲᠠᠭ᠋ᠠᠨ᠎ᠢ ᠮᠡᠳᠡᠭᠰᠡᠨ᠎ᠤ ᠳᠠᠷᠠᠭ᠎ᠠ ᠠᠷᠪᠠᠨ ᠡᠳᠦᠷ᠎ᠤᠨ ᠳᠣᠲᠣᠷ᠎ᠠ ᠮᠥᠷᠲᠡᠭᠡᠨ ᠠᠩᠬᠠᠳᠤᠭ᠋ᠠᠷ ᠤᠳᠠᠭ᠋ᠠᠨ᠎ᠤ ᠲᠢᠩᠬᠢᠮ᠎ᠤᠨ ᠰᠢᠭᠦᠯᠲᠡ ᠡᠬᠢᠯᠡᠬᠦ᠎ᠠᠴᠠ ᠡᠮᠦᠨ᠎ᠡ ᠳᠤᠷᠠᠳᠬᠤ ᠬᠡᠷᠡᠭᠲᠡᠢ; ᠠᠩᠬᠠᠳᠤᠭ᠋ᠠᠷ ᠤᠳᠠᠭ᠋ᠠᠨ᠎ᠤ ᠲᠢᠩᠬᠢᠮ᠎ᠤᠨ ᠰᠢᠭᠦᠯᠲᠡ ᠡᠬᠢᠯᠡᠭᠰᠡᠨ᠎ᠤ ᠲᠠᠷᠠᠭ᠎ᠠ á °á  á ¶á ¢ ᠵᠠᠢ᠌ᠯᠠᠭᠤᠯᠬᠤ ᠤᠴᠢᠷ ᠰᠢᠯᠲᠠᠭ᠋ᠠᠨ᠎ᠢ ᠮᠡᠳᠡᠭᠰᠡᠨ ᠪᠠᠢ᠌ᠪᠠᠯ᠂ ᠲᠤᠰ ᠤᠴᠢᠷ ᠰᠢᠯᠲᠠᠭ᠋ᠠᠨ᠎ᠢ ᠮᠡᠳᠡᠭᠰᠡᠨ᠎ᠤ ᠲᠠᠷᠠᠭ᠎ᠠ ᠠᠷᠪᠠᠨ ᠡᠳᠦᠷ᠎ᠤᠨ ᠳᠣᠲᠣᠷ᠎ᠠ ᠲᠤᠷᠠᠳᠬᠤ ᠬᠡᠷᠡᠭᠳᠡᠢ᠃
    ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠤᠭᠴᠢ ᠵᠢᠨ ᠲᠤᠰ ᠳᠦᠷᠢᠮ᠎ᠤᠨ ᠭᠤᠴᠢᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠨᠡᠢ᠌ᠲᠡᠯᠡᠭᠰᠡᠨ ᠤᠴᠢᠷ ᠶᠠᠪᠤᠳᠠᠯ ᠵᠶ᠋ᠠᠷ ᠰᠢᠯᠲᠠᠭ᠋ᠠᠨ ᠪᠣᠯᠭ᠋ᠠᠵᠤ ᠵᠠᠢ᠌ᠯᠠᠭᠤᠯᠬᠤ ᠭᠤᠶᠤᠴᠢᠯᠠᠯ á ­á  á ·á ­á ‹á  á ­á °á  á ¨ ᠪᠠᠢ᠌ᠪᠠᠯ᠂ ᠬᠥᠨᠳᠡᠯᠡᠨ᠎ᠠᠴᠠ ᠲᠠᠰᠤᠯᠤᠭᠴᠢ ᠵᠢᠨ ᠮᠡᠳᠡᠭᠡ ᠵᠠᠩᠭᠢ ᠵᠢ ᠨᠡᠢ᠌ᠲᠡᠯᠡᠬᠦ ᠢᠯᠡᠷᠬᠡᠢ᠌ᠯᠡᠯᠲᠡ ᠵᠢᠨ ᠪᠢᠴᠢᠭ᠎ᠢ ᠣᠯᠣᠭᠰᠠᠨ᠎ᠤ ᠲᠠᠷᠠᠭ᠎ᠠ ᠠᠷᠪᠠᠨ ᠡᠳᠦᠷ᠎ᠤᠨ ᠳᠣᠲᠣᠷ᠎ᠠ ᠳᠤᠷᠠᠳᠬᠤ ᠬᠡᠷᠡᠭᠲᠡᠢ; ᠬᠤᠭᠤᠴᠠᠭ᠎ᠠ ᠬᠡᠲᠦᠷᠡᠲᠡᠯ᠎ᠡ ᠳᠤᠷᠠᠳᠤᠭᠰᠠᠨ ᠦᠭᠡᠢ ᠪᠠᠢ᠌ᠪᠠᠯ᠂ ᠬᠥᠨᠳᠡᠯᠡᠨ᠎ᠠᠴᠠ ᠲᠠᠰᠤᠯᠤᠭᠴᠢ ᠵᠢᠨ ᠨᠢᠭᠡᠨᠲᠡ ᠨᠡᠢ᠌ᠲᠡᠯᠡᠭᠰᠡᠨ ᠤᠴᠢᠷ ᠶᠠᠪᠤᠳᠠᠯ ᠵᠶ᠋ᠠᠷ ᠰᠢᠯᠲᠠᠭ ᠪᠣᠯᠭ᠋ᠠᠵᠤ ᠵᠠᠢ᠌ᠯᠠᠭᠤᠯᠬᠤ ᠭᠤᠶᠤᠴᠢᠯᠠᠯ ᠭᠠᠷᠭ᠋ᠠᠵᠤ ᠪᠣᠯᠬᠤ ᠦᠭᠡᠢ᠃
    ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠪᠦᠷᠢᠯᠳᠦᠭᠦᠨ᠎ᠢ ᠣᠯᠵᠤ ᠮᠡᠳᠡᠭᠰᠡᠨ᠎ᠤ ᠲᠡᠷᠡᠭ᠎ᠠ ᠤᠷᠢᠭᠰᠠᠨ ᠣᠷᠣᠯᠠᠭᠴᠢ᠎ᠨᠢ ᠬᠥᠨᠳᠡᠯᠡᠨ᠎ᠠᠴᠠ ᠲᠠᠰᠤᠯᠤᠭᠴᠢ᠎ᠲᠠᠢ ᠵᠠᠢ᠌ᠯᠠᠪᠠᠯ ᠵᠣᠬᠢᠬᠤ ᠪᠠᠢ᠌ᠳᠠᠯ᠎ᠢ ᠪᠤᠢ ᠪᠣᠯᠭ᠋ᠠᠭᠰᠠᠨ ᠪᠠᠢ᠌ᠪᠠᠯ᠂ ᠡᠭᠦᠨ᠎ᠤ ᠲᠤᠬᠠᠢ ᠵᠠᠢ᠌ᠯᠠᠭᠤᠯᠬᠤ᠎ᠪᠠᠷ ᠭᠤᠶᠤᠴᠢᠯᠠᠬᠤ ᠡᠷᠬᠡ᠎ᠪᠠᠨ ᠬᠠᠶᠠᠭᠰᠠᠨ ᠵᠶ᠋ᠠᠷ ᠦᠵᠡᠨ᠎ᠡ᠂ ᠭᠡᠪᠡᠴᠦ ᠪᠤᠰᠤᠳ ᠲᠤᠬᠠᠢ ᠵᠢᠨ ᠬᠥᠮᠥᠨ᠎ᠤ ᠡᠭᠦᠨ᠎ᠤ ᠲᠤᠬᠠᠢ ᠵᠠᠢ᠌ᠯᠠᠭᠤᠯᠬᠤ᠎ᠪᠠᠷ ᠭᠤᠶᠤᠴᠢᠯᠠᠬᠤ ᠡᠷᠬᠡ ᠵᠢ ᠨᠥᠯᠥᠭᠡᠯᠡᠬᠦ ᠦᠭᠡᠢ᠃
    ᠵᠠᠢ᠌ᠯᠠᠭᠤᠯᠬᠤ ᠭᠤᠶᠤᠴᠢᠯᠠᠯ᠎ᠢ ᠪᠢᠴᠢᠭ᠎ᠤᠨ ᠬᠡᠯᠪᠡᠷᠢ᠎ᠪᠠᠷ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠳᠤ ᠳᠤᠷᠠᠳᠴᠤ᠂ ᠤᠴᠢᠷ ᠰᠢᠯᠲᠠᠭ᠋ᠠᠨ ᠵᠶ᠋ᠠᠨ ᠲᠣᠳᠣᠷᠬᠠᠢ᠌ᠯᠠᠬᠤ ᠵᠢᠨ ᠬᠠᠮᠲᠤ ᠬᠣᠯᠪᠣᠭᠳᠠᠯ ᠪᠦᠬᠦᠢ á ­á ¡á ·á ¡á ´á ¢ ᠪᠠᠷᠢᠮᠲᠠ ᠵᠢ ᠬᠠᠩᠭ᠋ᠠᠬᠤ ᠬᠡᠷᠡᠭᠲᠡᠢ᠃ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠲᠤᠬᠠᠢ ᠵᠢᠨ ᠬᠥᠮᠥᠨ᠎ᠤ ᠵᠠᠢ᠌ᠯᠠᠭᠤᠯᠬᠤ ᠭᠤᠶᠤᠴᠢᠯᠠᠯ᠎ᠤᠨ ᠪᠢᠴᠢᠭ᠎ᠢ ᠣᠯᠣᠭᠰᠠᠨ᠎ᠤ ᠲᠡᠷᠡᠭ᠎ᠠ᠂ ᠪᠤᠰᠤᠳ ᠲᠤᠬᠠᠢ ᠵᠢᠨ ᠬᠥᠮᠥᠨ ᠪᠠ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠪᠦᠬᠦ ᠪᠦᠷᠢᠯᠳᠦᠭᠦᠨ᠎ᠳᠤ ᠲᠡᠷᠡ ᠳᠠᠷᠤᠢ᠎ᠳᠤᠨᠢ ᠰᠢᠯᠵᠢᠭᠦᠯᠦᠨ ᠲᠤᠰᠢᠶᠠᠬᠤ ᠵᠢᠨ ᠬᠠᠮᠲᠤ ᠰᠠᠨᠠᠯ ᠰᠣᠨᠣᠰᠬᠤ ᠬᠡᠷᠡᠭᠲᠡᠢ᠃
    ᠬᠡᠷᠪᠡ ᠨᠢᠭᠡ ᠲᠠᠯ᠎ᠠ ᠵᠢᠨ ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠤᠭᠴᠢ ᠵᠢ ᠵᠠᠢ᠌ᠯᠠᠭᠤᠯᠬᠤ᠎ᠪᠠᠷ ᠭᠤᠶᠤᠴᠢᠯᠠᠵᠤ᠂ ᠨᠦᠭᠦᠭᠡ ᠲᠠᠯ᠎ᠠ ᠵᠢᠨ ᠲᠤᠬᠠᠢ ᠵᠢᠨ ᠬᠥᠮᠥᠨ᠎ᠨᠢ ᠵᠠᠢ᠌ᠯᠠᠭᠤᠯᠬᠤ ᠭᠤᠶᠤᠴᠢᠯᠠᠯ᠎ᠢ ᠵᠥᠪᠰᠢᠶᠡᠷᠡᠭᠰᠡᠨ᠂ ᠡᠰᠡᠬᠦᠯ᠎ᠡ ᠵᠠᠢ᠌ᠯᠠᠭᠤᠯᠬᠤ᠎ᠪᠠᠷ ᠭᠤᠶᠤᠴᠢᠯᠠᠭᠳᠠᠭᠰᠠᠨ ᠬᠥᠨᠳᠡᠯᠡᠨ᠎ᠠᠴᠠ ᠲᠠᠰᠤᠯᠤᠭᠴᠢ᠎ᠨᠢ ᠲᠤᠰ ᠬᠥᠨᠳᠡᠯᠡᠨ᠎ᠠᠴᠠ ᠲᠠᠰᠤᠯᠬᠤ ᠬᠡᠷᠡᠭ᠎ᠤᠨ ᠬᠥᠨᠳᠡᠯᠡᠨ᠎ᠠᠴᠠ ᠲᠠᠰᠤᠯᠤᠭᠴᠢ ᠵᠢᠨ ᠲᠤᠰᠢᠶᠠᠯ᠎ᠢ ᠲᠠᠬᠢᠵᠤ ᠡᠭᠦᠷᠭᠡᠯᠡᠬᠦ ᠦᠭᠡᠢ ᠭᠡᠵᠦ ᠰᠠᠨᠠᠭ᠋ᠠᠴᠢᠯᠠᠭ᠎ᠠ᠎ᠠᠴᠠ᠎ᠪᠠᠨ ᠳᠤᠷᠠᠳᠤᠭᠰᠠᠨ ᠪᠠᠢ᠌ᠪᠠᠯ᠂ ᠲᠤᠰ ᠬᠥᠨᠳᠡᠯᠡᠨ᠎ᠠᠴᠠ ᠲᠠᠰᠤᠯᠤᠭᠴᠢ᠎ᠨᠢ ᠲᠤᠰ ᠬᠡᠷᠡᠭ᠎ᠢ ᠰᠢᠬᠦᠬᠦ ᠬᠥᠨᠳᠡᠯᠡᠨ᠎ᠠᠴᠠ ᠲᠠᠰᠤᠯᠤᠭᠴᠢ ᠵᠢᠨ ᠲᠤᠰᠢᠶᠠᠯ᠎ᠢ ᠲᠠᠬᠢᠵᠤ ᠡᠭᠦᠷᠭᠡᠯᠡᠬᠦ ᠦᠭᠡᠢ᠃ ᠳᠡᠭᠡᠷ᠎ᠡ ᠳᠤᠷᠠᠳᠤᠭᠰᠠᠨ ᠪᠠᠢ᠌ᠳᠠᠯ᠎ᠨᠢ ᠲᠤᠬᠠᠢ ᠵᠢᠨ ᠬᠥᠮᠥᠨ᠎ᠤ ᠵᠠᠢ᠌ᠯᠠᠭᠤᠯᠬᠤ᠎ᠪᠠᠷ ᠳᠤᠷᠠᠳᠤᠭᠰᠠᠨ ᠤᠴᠢᠷ ᠰᠢᠯᠲᠠᠭ᠋ᠠᠨ᠎ᠨᠢ ᠵᠦᠢ ᠶᠣᠰᠣᠨ᠎ᠳᠤ ᠨᠡᠢ᠌ᠴᠡᠨ᠎ᠡ á ­á ¡á °á ¡á ¨ ᠦᠭᠡ ᠪᠢᠰᠢ᠃
    ᠲᠤᠰ ᠵᠦᠢ᠍ᠯ᠎ᠤᠨ ᠵᠢᠷᠭᠤᠳᠤᠭ᠋ᠠᠷ ᠪᠠᠳᠠᠭ᠎ᠲᠤ ᠲᠣᠭᠲᠠᠭ᠋ᠠᠭᠰᠠᠨ ᠪᠠᠢ᠌ᠳᠠᠯ᠎ᠢ ᠭᠠᠷᠭ᠋ᠠᠪᠠᠯ᠂ ᠬᠥᠨᠳᠡᠯᠡᠨ᠎ᠠᠴᠠ ᠲᠠᠰᠤᠯᠤᠭᠴᠢ ᠵᠢ ᠵᠠᠢ᠌ᠯᠠᠭᠤᠯᠬᠤ ᠡᠰᠡᠬᠦ ᠵᠢ ᠡᠷᠬᠢᠯᠡᠭᠴᠢ᠎ᠠᠴᠠ ᠡᠴᠦᠰ᠎ᠤᠨ ᠲᠣᠭᠲᠠᠭ᠋ᠠᠯ ᠭᠠᠷᠭ᠋ᠠᠨ᠎ᠠ᠃
    ᠬᠥᠨᠳᠡᠯᠡᠨ᠎ᠠᠴᠠ ᠲᠠᠰᠤᠯᠬᠤ ᠨᠠᠷᠢᠨ ᠪᠢᠴᠢᠭᠡᠴᠢ᠂ ᠣᠷᠴᠢᠭᠤᠯᠤᠭᠴᠢ᠂ ᠰᠢᠯᠭ᠋ᠠᠨ ᠲᠣᠭᠲᠠᠭ᠋ᠠᠭᠴᠢ᠂ ᠬᠠᠢ᠌ᠨ ᠰᠢᠯᠭ᠋ᠠᠭᠴᠢ ᠵᠢᠨ ᠵᠠᠢ᠌ᠯᠠᠬᠤ᠎ᠳᠤ ᠲᠤᠰ ᠵᠦᠢ᠍ᠯ᠎ᠤᠨ ᠲᠣᠭᠲᠠᠭ᠋ᠠᠯ᠎ᠢ ᠯᠠᠪᠯᠠᠯᠲᠠ ᠪᠣᠯᠭ᠋ᠠᠵᠤ ᠬᠡᠷᠡᠭᠯᠡᠨ᠎ᠡ᠃
    ᠭᠤᠴᠢᠨ ᠳᠥᠷᠪᠡᠳᠦᠭᠡᠷ ᠵᠦᠢ᠍ᠯ   ᠬᠥᠨᠳᠡᠯᠡᠨ᠎ᠠᠴᠠ ᠲᠠᠰᠤᠯᠤᠭᠴᠢ ᠵᠠᠢ᠌ᠯᠠᠭᠰᠠᠨ᠂ ᠰᠠᠨᠠᠭ᠋ᠠᠴᠢᠯᠠᠭ᠎ᠠ᠎ᠠᠴᠠ᠎ᠪᠠᠨ ᠤᠬᠤᠷᠢᠨ ᠭᠠᠷᠤᠭᠰᠠᠨ ᠪᠤᠶᠤ ᠪᠤᠰᠤᠳ ᠣᠨᠴᠠᠭ᠋ᠠᠶ ᠰᠢᠯᠲᠠᠭ᠋ᠠᠨ᠎ᠠᠴᠠ ᠪᠣᠯᠵᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ ᠴᠢᠳᠠᠬᠤ ᠦᠭᠡᠢ ᠪᠣᠯᠤᠭᠰᠠᠨ ᠪᠠᠢ᠌ᠪᠠᠯ ᠲᠡᠭᠦᠨ᠎ᠢ ᠰᠣᠯᠢᠬᠤ ᠬᠡᠷᠡᠭᠲᠡᠢ᠃
    ᠬᠥᠨᠳᠡᠯᠡᠨ᠎ᠠᠴᠠ ᠲᠠᠰᠤᠯᠤᠭᠴᠢ᠎ᠨᠢ ᠬᠠᠤᠯᠢ ᠴᠠᠭ᠋ᠠᠵᠠ ᠵᠢᠨ ᠲᠠᠯ᠎ᠠ᠎ᠪᠠᠷ ᠪᠤᠶᠤ ᠬᠡᠷᠡᠭ ᠳᠡᠭᠡᠷ᠎ᠡ᠎ᠪᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠴᠢᠳᠠᠬᠤ ᠦᠭᠡᠢ᠂ ᠡᠰᠡᠬᠦᠯ᠎ᠡ ᠲᠤᠰ ᠲᠦᠷᠢᠮ᠎ᠤᠨ ᠱᠠᠭ᠋ᠠᠷᠳᠠᠯᠭ᠎ᠠ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ   ᠦᠭᠡᠢ ᠪᠠᠢ᠌ᠪᠠᠯ᠂ ᠡᠷᠬᠢᠯᠡᠭᠴᠢ᠎ᠠᠴᠠ ᠲᠡᠭᠦᠨ᠎ᠢ ᠰᠣᠯᠢᠬᠤ᠎ᠪᠠᠷ ᠲᠣᠭᠲᠠᠭ᠋ᠠᠬᠤ ᠡᠷᠬᠡ᠎ᠲᠠᠢ ᠪᠥᠭᠡᠳ ᠬᠣᠶᠠᠷ ᠲᠠᠯ᠎ᠠ ᠵᠢᠨ ᠲᠤᠬᠠᠢ ᠵᠢᠨ ᠬᠥᠮᠥᠨ ᠪᠠ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠪᠦᠬᠦ ᠪᠦᠷᠢᠯᠳᠦᠭᠦᠨ᠎ᠳᠤ ᠰᠠᠨᠠᠯ ᠵᠶ᠋ᠠᠨ ᠪᠢᠴᠢᠭ ᠵᠶ᠋ᠡᠷ ᠳᠤᠷᠠᠳᠬᠤ ᠲᠣᠬᠢᠶᠠᠯ ᠣᠯᠭᠣᠬᠤ ᠡᠷᠬᠡ᠎ᠲᠠᠢ᠃
    ᠰᠣᠯᠢᠭᠳᠠᠭᠰᠠᠨ ᠬᠥᠨᠳᠡᠯᠡᠨ᠎ᠠᠴᠠ ᠲᠠᠰᠤᠯᠤᠭᠴᠢ ᠵᠢ ᠤᠤᠯ᠎ᠨᠢ ᠲᠤᠬᠠᠢ ᠵᠢᠨ ᠬᠥᠮᠥᠨ ᠵᠢᠭ᠋ᠠᠨ ᠲᠣᠭᠲᠠᠭ᠋ᠠᠭᠰᠠᠨ ᠪᠠᠢ᠌ᠪᠠᠯ᠂ ᠲᠤᠬᠠᠢ ᠵᠢᠨ ᠬᠥᠮᠥᠨ᠎ᠨᠢ ᠤᠤᠯ᠎ᠤᠨ ᠵᠢᠭ᠋ᠠᠨ ᠲᠣᠭᠲᠠᠭ᠋ᠠᠭᠰᠠᠨ ᠬᠥᠨᠳᠡᠯᠡᠨ᠎ᠠᠴᠠ ᠲᠠᠰᠤᠯᠤᠭᠴᠢ ᠵᠢᠨ á  á ·á ­á Žá   ᠮᠠᠶᠢᠭ ᠵᠶ᠋ᠠᠷ ᠮᠡᠳᠡᠭᠳᠡᠯ᠎ᠢ ᠣᠯᠣᠭᠰᠠᠨ ᠡᠳᠦᠷ᠎ᠠᠴᠠ ᠡᠬᠢᠯᠡᠨ ᠲᠠᠪᠤᠨ ᠡᠳᠦᠷ᠎ᠤᠨ ᠳᠣᠲᠣᠷ᠎ᠠ ᠳᠠᠬᠢᠵᠤ ᠵᠢᠭ᠋ᠠᠨ ᠲᠣᠭᠲᠠᠭ᠋ᠠᠬᠤ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠳᠠᠬᠢᠵᠤ ᠵᠢᠭ᠋ᠠᠨ ᠲᠣᠭᠲᠠᠭ᠋ᠠᠭᠰᠠᠨ ᠦᠭᠡᠢ ᠪᠠᠢ᠌ᠪᠠᠯ᠂ ᠡᠷᠬᠢᠯᠡᠭᠴᠢ᠎ᠠᠴᠠ ᠵᠢᠭ᠋ᠠᠨ ᠲᠣᠭᠲᠠᠭ᠋ᠠᠨ᠎ᠠ; ᠤᠤᠯ᠎ᠨᠢ ᠡᠷᠬᠢᠯᠡᠭᠴᠢ᠎ᠠᠴᠠ ᠵᠢᠭ᠋ᠠᠨ ᠲᠣᠭᠲᠠᠭ᠋ᠠᠵᠤ ᠪᠠᠢ᠌ᠭᠰᠠᠨ ᠪᠣᠯ ᠡᠷᠬᠢᠯᠡᠭᠴᠢ᠎ᠠᠴᠠ ᠠᠰ᠎ᠲᠤᠨᠢ ᠵᠢᠭ᠋ᠠᠨ ᠲᠣᠭᠲᠠᠭ᠋ᠠᠨ᠎ᠠ᠃
    ᠲᠤᠬᠠᠢ ᠵᠢᠨ ᠬᠥᠮᠥᠨ ᠠᠰᠲᠠᠭ᠋ᠠᠨ ᠪᠣᠯᠵᠣᠯ᠎ᠲᠠᠢ ᠪᠠᠢ᠌ᠬᠤ ᠵᠢ ᠭᠠᠷᠭ᠋ᠠᠪᠠᠯ᠂ ᠬᠥᠨᠳᠡᠯᠡᠨ᠎ᠠᠴᠠ ᠲᠠᠰᠤᠯᠤᠭᠴᠢ ᠵᠢ ᠰᠣᠯᠢᠭᠰᠠᠨ᠎ᠤ ᠲᠠᠷᠠᠭ᠎ᠠ᠂ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠡᠭᠦᠨ᠎ᠠᠴᠠ ᠡᠮᠦᠨ᠎ᠡ ᠨᠢᠭᠡᠨᠲᠡ ᠶᠠᠪᠤᠭᠤᠯᠤᠭᠰᠠᠨ ᠪᠦᠬᠦ ᠰᠢᠭᠦᠯᠲᠡ ᠵᠢᠨ ᠠᠵᠢᠯ᠎ᠤᠨ ᠲᠠᠷᠠᠭ᠋ᠠᠯᠠᠯ᠎ᠢ ᠪᠤᠶᠤ ᠬᠡᠰᠡᠭ ᠰᠢᠭᠦᠯᠲᠡ ᠵᠢᠨ ᠠᠵᠢᠯ᠎ᠤᠨ ᠲᠠᠷᠠᠭ᠋ᠠᠯᠠᠯ᠎ᠢ ᠲᠠᠬᠢᠵᠤ ᠶᠠᠪᠤᠭᠳᠠᠭᠤᠯᠬᠤ ᠴᠢᠬᠤᠯᠠᠲᠠᠢ ᠡᠰᠡᠬᠦ ᠵᠢ ᠲᠣᠭᠲᠠᠭ᠋ᠠᠨ᠎ᠠ᠃ ᠬᠥᠨᠳᠡᠯᠡᠨ᠎ᠠᠴᠠ ᠲᠠᠰᠤᠯᠬᠤ ᠲᠢᠩᠬᠢᠮ ᠪᠦᠬᠦ ᠰᠢᠭᠦᠯᠲᠡ ᠵᠢᠨ ᠠᠵᠢᠯ᠎ᠤᠨ ᠲᠠᠷᠠᠭ᠋ᠠᠯᠠᠯ á Žá ¢ ᠳᠠᠬᠢᠵᠤ ᠶᠠᠪᠤᠭᠳᠠᠭᠤᠯᠬᠤ᠎ᠪᠠᠷ ᠲᠣᠭᠲᠠᠭ᠋ᠠᠭᠰᠠᠨ ᠪᠠᠢ᠌ᠪᠠᠯ᠂ ᠲᠣᠭᠲᠠᠭ᠋ᠠᠯᠲᠠ ᠭᠠᠷᠭ᠋ᠠᠬᠤ ᠬᠤᠭᠤᠴᠠᠭ᠎ᠠ ᠵᠢ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠰᠢᠭᠦᠯᠲᠡ ᠵᠢᠨ ᠠᠵᠢᠯ᠎ᠤᠨ ᠲᠠᠷᠠᠭ᠋ᠠᠯᠠᠯ᠎ᠢ ᠳᠠᠬᠢᠵᠤ ᠶᠠᠪᠤᠭᠳᠠᠭᠤᠯᠬᠤ᠎ᠪᠠᠷ ᠲᠣᠭᠲᠠᠭ᠋ᠠᠭᠰᠠᠨ ᠡᠳᠦᠷ᠎ᠠᠴᠠ ᠡᠬᠢᠯᠡᠵᠦ ᠪᠤᠳᠤᠨ᠎ᠠ᠃
    ᠭᠤᠴᠢᠨ ᠲᠠᠪᠤᠳᠤᠭ᠋ᠠᠷ ᠵᠦᠢ᠍ᠯ   ᠬᠠᠮᠤᠭ ᠰᠡᠭᠦᠯᠴᠢ ᠵᠢᠨ ᠨᠢᠭᠡ ᠤᠳᠠᠭ᠎ᠠ ᠵᠢᠨ ᠲᠢᠩᠬᠢᠮ ᠨᠡᠭᠡᠭᠡᠵᠦ ᠳᠠᠭᠤᠰᠤᠭᠰᠠᠨ᠎ᠤ ᠲᠠᠷᠠᠭ᠎ᠠ᠂ ᠬᠡᠷᠪᠡ ᠭᠤᠷᠪᠠᠨ ᠬᠥᠮᠥᠨ᠎ᠤ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠳᠣᠲᠣᠷᠠᠬᠢ ᠨᠢᠭᠡ ᠬᠥᠨᠳᠡᠯᠡᠨ᠎ᠠᠴᠠ ᠲᠠᠰᠤᠯᠤᠭᠴᠢ᠎ᠨᠢ ᠣᠨᠴᠠᠭ᠋ᠠᠶ ᠰᠢᠯᠲᠠᠭ᠋ᠠᠨ᠎ᠠᠴᠠ ᠪᠣᠯᠵᠤ ᠬᠠᠮᠲᠤᠷᠠᠨ ᠵᠥᠪᠯᠡᠬᠦ᠎ᠳᠤ ᠣᠷᠣᠯᠴᠠᠵᠤ ᠴᠢᠳᠠᠬᠤ ᠦᠭᠡᠢ ᠪᠥᠭᠡᠳ ᠲᠣᠭᠲᠠᠭ᠋ᠠᠯᠲᠠ ᠭᠠᠷᠭ᠋ᠠᠵᠤ ᠴᠢᠳᠠᠬᠤ ᠦᠭᠡᠢ ᠪᠠᠢ᠌ᠪᠠᠯ᠂ ᠡᠷᠬᠢᠯᠡᠭᠴᠢ᠎ᠨᠢ ᠲᠤᠰ ᠳᠦᠷᠢᠮ᠎ᠤᠨ ᠭᠤᠴᠢᠨ ᠳᠥᠷᠪᠡᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠲᠤᠰ ᠬᠥᠨᠳᠡᠯᠡᠨ᠎ᠠᠴᠠ ᠲᠠᠰᠤᠯᠤᠭᠴᠢ ᠵᠢ ᠣᠷᠣᠯᠠᠵᠤ ᠪᠣᠯᠣᠨ᠎ᠠ; ᠭᠡᠪᠡᠴᠦ ᠬᠣᠶᠠᠷ ᠲᠠᠯ᠎ᠠ ᠵᠢᠨ ᠲᠤᠬᠠᠢ ᠵᠢᠨ ᠬᠥᠮᠥᠨ ᠵᠢᠴᠢ ᠡᠷᠬᠢᠯᠡᠭᠴᠢ ᠵᠢᠨ ᠵᠥᠪᠰᠢᠶᠡᠷᠡᠯ᠎ᠢ ᠣᠯᠣᠭᠰᠠᠨ᠎ᠤ ᠲᠡᠷᠡᠭ᠎ᠠ᠂ ᠪᠤᠰᠤᠳ ᠬᠣᠶᠠᠷ ᠬᠥᠨᠳᠡᠯᠡᠨ᠎ᠠᠴᠠ ᠲᠠᠰᠤᠯᠤᠭᠴᠢ᠎ᠨᠢ ᠪᠠᠰᠠ ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ᠎ᠢ ᠦᠷᠭᠦᠯᠵᠢᠯᠡᠨ ᠶᠠᠪᠤᠭᠤᠯᠵᠤ᠂ ᠲᠣᠭᠲᠠᠭ᠋ᠠᠯ ᠪᠤᠶᠤ ᠲᠣᠭᠲᠠᠭ᠋ᠠᠯᠲᠠ ᠭᠠᠷᠭ᠋ᠠᠵᠤ ᠪᠣᠯᠣᠨ᠎ᠠ᠃
    ᠲᠠᠪᠤᠳᠤᠭ᠋ᠠᠷ ᠪᠦᠯᠦᠭ   ᠰᠢᠭᠦᠨ ᠰᠢᠢ᠍ᠳᠪᠦᠷᠢᠯᠡᠬᠦ
    ᠭᠤᠴᠢᠨ ᠵᠢᠷᠭᠤᠳᠤᠭ᠋ᠠᠷ ᠵᠦᠢ᠍ᠯ   ᠲᠤᠬᠠᠢ ᠵᠢᠨ ᠬᠥᠮᠥᠨ ᠠᠰᠲᠠᠭ᠋ᠠᠨ ᠪᠣᠯᠵᠣᠯ᠎ᠲᠠᠢ ᠪᠢᠰᠢ ᠪᠣᠯ ᠬᠥᠨᠳᠡᠯᠡᠨ᠎ᠠᠴᠠ ᠲᠠᠰᠤᠯᠬᠤ ᠲᠢᠩᠬᠢᠮ ᠵᠣᠬᠢᠰᠲᠠᠢ á  á ·á ­á Žá   ᠮᠠᠶᠢᠭ ᠵᠶ᠋ᠠᠷ ᠬᠡᠷᠡᠭ᠎ᠢ ᠰᠢᠭᠦᠬᠦ᠎ᠪᠠᠷ ᠲᠣᠭᠲᠠᠭ᠋ᠠᠬᠤ ᠡᠷᠬᠡ᠎ᠲᠠᠢ᠃ ᠶᠠᠮᠠᠷᠪᠠ ᠪᠠᠢ᠌ᠳᠠᠯ᠎ᠤᠨ ᠳᠣᠣᠷ᠎ᠠ᠂ ᠬᠥᠨᠳᠡᠯᠡᠨ᠎ᠠᠴᠠ ᠲᠠᠰᠤᠯᠬᠤ ᠲᠢᠩᠬᠢᠮ ᠴᠥᠮ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠳᠤ ᠡᠷᠬᠡ ᠲᠡᠭᠰᠢ ᠲᠥᠪ ᠭᠣᠣᠯᠴᠢ᠎ᠪᠠᠷ ᠬᠠᠨᠳᠤᠵᠤ᠂ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠳᠤ ᠲᠣᠭ᠋ᠠᠴᠢᠯᠲᠠ ᠬᠢᠬᠦ ᠪᠠ ᠮᠠᠷᠭᠤᠯᠳᠤᠬᠤ ᠵᠦᠢ ᠵᠣᠬᠢᠰᠲᠠᠢ ᠲᠣᠬᠢᠶᠠᠯ ᠣᠯᠭᠣᠬᠤ ᠬᠡᠷᠡᠭᠲᠡᠢ᠃
    ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠵᠠᠷᠴᠢᠮ ᠳᠡᠭᠡᠷ᠎ᠡ᠎ᠪᠠᠨ ᠬᠡᠷᠡᠭ᠎ᠢ ᠲᠢᠩᠬᠢᠮ ᠨᠡᠭᠡᠭᠡᠵᠦ ᠰᠢᠭᠦᠬᠦ ᠬᠡᠷᠡᠭᠲᠡᠢ᠂ ᠲᠢᠩᠬᠢᠮ ᠨᠡᠭᠡᠭᠡᠬᠦ á  á ·á ­á Žá   ᠮᠠᠶᠢᠭ᠎ᠢ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠬᠡᠷᠡᠭ᠎ᠤᠨ ᠪᠣᠳᠠᠲᠠᠢ ᠪᠠᠢ᠌ᠳᠠᠯ᠎ᠢ ᠦᠨᠳᠦᠰᠦᠯᠡᠨ ᠲᠣᠭᠲᠠᠭ᠋ᠠᠵᠤ ᠪᠣᠯᠣᠨ᠎ᠠ᠃
    ᠲᠤᠬᠠᠢ ᠵᠢᠨ ᠬᠥᠮᠥᠨ᠎ᠨᠢ ᠲᠢᠩᠬᠢᠮ ᠨᠡᠭᠡᠭᠡᠬᠦ ᠦᠭᠡᠢ ᠭᠡᠵᠦ ᠪᠣᠯᠵᠣᠨ ᠲᠣᠭᠲᠠᠭᠰᠠᠨ ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠲᠢᠩᠬᠢᠮ ᠨᠡᠭᠡᠭᠡᠵᠦ ᠰᠢᠭᠦᠬᠦ ᠴᠢᠬᠤᠯᠠ ᠦᠭᠡᠢ ᠭᠡᠵᠦ ᠦᠵᠡᠭᠰᠡᠨ ᠪᠥᠭᠡᠳ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠤ ᠵᠥᠪᠰᠢᠶᠡᠷᠡᠯ᠎ᠢ ᠣᠯᠣᠭᠰᠠᠨ ᠪᠠᠢ᠌ᠪᠠᠯ᠂ ᠲᠤᠬᠠᠢ ᠵᠢᠨ ᠬᠥᠮᠥᠨ᠎ᠤ ᠲᠤᠰᠢᠶᠠᠭᠰᠠᠨ ᠪᠢᠴᠢᠭ ᠮᠠᠲ᠋ᠧᠷᠢᠶᠠᠯ᠎ᠢ ᠦᠨᠳᠦᠰᠦᠯᠡᠨ ᠪᠢᠴᠢᠭ ᠵᠶ᠋ᠡᠷ ᠰᠢᠭᠦᠵᠦ ᠪᠣᠯᠣᠨ᠎ᠠ᠃
    ᠭᠤᠴᠢᠨ ᠳᠣᠯᠣᠳᠤᠭ᠋ᠠᠷ ᠵᠦᠢ᠍ᠯ   ᠲᠤᠬᠠᠢ ᠵᠢᠨ ᠲᠠᠯᠠᠪᠠᠢ ᠵᠢᠨ ᠲᠢᠩᠬᠢᠮ ᠨᠡᠭᠡᠭᠡᠬᠦ ᠠᠵᠢᠯ᠎ᠢ ᠡᠩ᠎ᠤᠨ ᠪᠠᠢ᠌ᠳᠠᠯ᠎ᠳᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠪᠠᠢ᠌ᠭ᠎ᠠ ᠭᠠᠵᠠᠷ᠎ᠲᠤ ᠶᠠᠪᠤᠠᠠᠳᠠᠭᠤᠯᠤᠨ᠎ᠡ᠃ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ   ᠵᠦᠪᠯᠡᠯ ᠵᠶ᠋ᠠᠷ ᠬᠢᠨᠠᠨ ᠪᠠᠢ᠌ᠴᠠᠭ᠋ᠠᠯᠭ᠋ᠠᠵᠤ ᠵᠥᠪᠰᠢᠶᠡᠷᠡᠭᠦᠯᠪᠡᠯ᠂ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠥᠪᠡᠰᠦᠪᠡᠨ ᠰᠣᠩᠭᠣᠬᠤ ᠪᠤᠶᠤ ᠲᠤᠬᠠᠢ ᠵᠢᠨ ᠬᠥᠮᠥᠨ᠎ᠤ ᠪᠣᠯᠵᠣᠭ᠎ᠠ ᠵᠢ ᠦᠨᠳᠦᠰᠦᠯᠡᠨ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠪᠠᠢ᠌ᠭ᠎ᠠ ᠭᠠᠵᠠᠷ᠎ᠠᠴᠠ ᠪᠤᠰᠤᠳ ᠭᠠᠵᠠᠷ᠎ᠲᠤ ᠲᠢᠩᠬᠢᠮ ᠨᠡᠭᠡᠭᠡᠬᠦ ᠡᠷᠬᠡ᠎ᠲᠠᠢ᠃
    ᠲᠤᠬᠠᠢ ᠵᠢᠨ ᠬᠥᠮᠥᠨ᠎ᠨᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠪᠠᠢ᠌ᠭ᠎ᠠ ᠭᠠᠵᠠᠷ᠎ᠠᠴᠠ ᠪᠤᠰᠤᠳ ᠭᠠᠵᠠᠷ᠎ᠲᠤ ᠲᠤᠬᠠᠢ ᠵᠢᠨ ᠭᠠᠵᠠᠷ᠎ᠲᠤᠨᠢ ᠲᠢᠩᠬᠢᠮ ᠨᠡᠭᠡᠭᠡᠬᠦ᠎ᠪᠠᠷ ᠪᠣᠯᠵᠣᠨ ᠲᠣᠭᠲᠠᠭᠰᠠᠨ ᠪᠠᠢ᠌ᠪᠠᠯ᠂ ᠡᠭᠦᠨ᠎ᠠᠴᠠ ᠪᠣᠯᠤᠭᠰᠠᠨ ᠵᠠᠷᠤᠳᠠᠯ᠎ᠢ ᠡᠭᠦᠷᠭᠡᠯᠡᠨ᠎ᠡ᠃ ᠲᠤᠬᠠᠢ ᠵᠢᠨ ᠬᠥᠮᠥᠨ᠎ᠨᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠲᠣᠭᠲᠠᠭ᠋ᠠᠭᠰᠠᠨ ᠬᠤᠭᠤᠴᠠᠭ᠋ᠠᠨ ᠳᠣᠲᠣᠷ᠎ᠠ ᠪᠣᠯᠵᠣᠨ ᠲᠣᠭᠲᠠᠭᠰᠠᠨ ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠲᠣᠭᠲᠠᠭ᠋ᠠᠭᠰᠠᠨ ᠬᠠᠷᠢᠴᠠᠯ ᠶᠣᠰᠣᠭ᠋ᠠᠷ ᠳᠡᠭᠡᠷ᠎ᠡ ᠳᠤᠷᠠᠳᠤᠭᠰᠠᠨ ᠵᠠᠷᠤᠳᠠᠯ᠎ᠢ ᠤᠷᠢᠳᠴᠢᠯᠠᠨ ᠲᠤᠰᠢᠶᠠᠬᠤ ᠬᠡᠷᠡᠭᠲᠡᠢ; ᠤᠷᠢᠳᠴᠢᠯᠠᠨ ᠲᠤᠰᠢᠶᠠᠭᠰᠠᠨ ᠦᠭᠡᠢ ᠪᠠᠢ᠌ᠪᠠᠯ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠪᠠᠢ᠌ᠭ᠎ᠠ ᠭᠠᠵᠠᠷ᠎ᠲᠤ ᠮᠥᠨ ᠯᠡ ᠲᠤᠬᠠᠢ ᠵᠢᠨ ᠲᠠᠯᠠᠪᠤᠷ᠎ᠲᠤ ᠲᠢᠩᠬᠢᠮ ᠨᠡᠭᠡᠭᠡᠵᠦ ᠰᠢᠭᠦᠨ᠎ᠡ᠃
    ᠭᠤᠴᠢᠨ ᠨᠠᠢ᠍ᠮᠠᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠬᠤ ᠵᠢ ᠢᠯᠠ᠎ᠪᠠᠷ ᠶᠠᠪᠤᠭᠤᠯᠬᠤ ᠦᠭᠡᠢ᠂ ᠭᠡᠪᠡᠴᠦ ᠲᠤᠰ ᠲᠦᠷᠢᠮ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ᠃
    ᠢᠯᠡ᠎ᠪᠠᠷ ᠰᠢᠭᠦᠬᠦ ᠦᠭᠡᠢ ᠬᠡᠷᠡᠭ᠎ᠲᠤ᠂ ᠬᠣᠶᠠᠷ ᠲᠠᠯ᠎ᠠ ᠵᠢᠨ ᠲᠤᠬᠠᠢ ᠵᠢᠨ ᠬᠥᠮᠥᠨ ᠵᠢᠴᠢ ᠲᠡᠭᠦᠨ᠎ᠤ ᠬᠥᠨᠳᠡᠯᠡᠨ᠎ᠠᠴᠠ ᠲᠠᠰᠤᠯᠬᠤ ᠣᠷᠣᠯᠠᠭᠴᠢ᠂ ᠬᠥᠨᠳᠡᠯᠡᠨ᠎ᠠᠴᠠ ᠲᠠᠰᠤᠯᠤᠭᠴᠢ᠂ ᠭᠡᠷᠡᠴᠢᠯᠡᠭᠴᠢ᠂ ᠣᠷᠴᠢᠭᠤᠯᠤᠭᠴᠢ᠂ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠠᠰᠠᠭᠤᠨ ᠯᠠᠪᠯᠠᠬᠤ ᠲᠤᠰᠬᠠᠢ ᠮᠡᠷᠭᠡᠵᠢᠯᠲᠡᠨ ᠪᠠ ᠰᠢᠯᠭ᠋ᠠᠨ ᠲᠣᠭᠲᠠᠭ᠋ᠠᠭᠴᠢ ᠵᠢᠴᠢ ᠪᠤᠰᠤᠳ ᠬᠣᠯᠪᠣᠭᠳᠠᠯ ᠪᠦᠬᠦᠢ ᠬᠥᠮᠥᠰ ᠴᠥᠮ ᠬᠡᠷᠡᠭ᠎ᠤᠨ ᠪᠣᠳᠠᠲᠤ ᠴᠣᠭᠴᠠ ᠪᠠ   ᠠᠵᠢᠯ᠎ᠤᠨ ᠲᠠᠷᠠᠭ᠋ᠠᠯᠠᠯ᠎ᠤᠨ ᠬᠣᠯᠪᠣᠭᠳᠠᠯ ᠪᠦᠬᠦᠢ ᠪᠠᠢ᠌ᠳᠠᠯ᠎ᠢ ᠭᠠᠳᠠᠭᠰᠢ ᠵᠠᠳᠠᠷᠠᠭᠤᠯᠵᠤ ᠪᠣᠯᠬᠤ ᠦᠭᠡᠢ᠃
    ᠲᠤᠬᠠᠢ ᠵᠢᠨ ᠬᠥᠮᠥᠨ ᠵᠢᠴᠢ ᠲᠡᠭᠦᠨ᠎ᠤ ᠨᠠᠢ᠌ᠳᠠᠭᠰᠠᠨ ᠣᠷᠣᠯᠠᠭᠴᠢ᠎ᠨᠢ ᠲᠢᠩᠬᠢᠮ᠎ᠤᠨ ᠰᠢᠭᠦᠯᠲᠡ ᠵᠢᠨ ᠲᠡᠮᠳᠡᠭᠯᠡᠯ᠎ᠢ ᠰᠡᠭᠦᠳᠡᠷᠯᠡᠭᠦᠯᠬᠦ᠂ ᠪᠠᠭᠤᠯᠭ᠋ᠠᠨ ᠠᠪᠬᠤ᠎ᠪᠠᠷ ᠪᠢᠴᠢᠭ ᠵᠶ᠋ᠡᠷ ᠭᠤᠶᠤᠴᠢᠯᠠᠭᠰᠠᠨ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ ᠵᠥᠪᠰᠢᠶᠡᠷᠡᠬᠦ ᠬᠡᠷᠡᠭᠲᠡᠢ᠂ ᠭᠡᠪᠡᠴᠦ ᠲᠢᠩᠬᠢᠮ᠎ᠤᠨ ᠰᠢᠭᠦᠯᠲᠡ ᠵᠢᠨ ᠲᠡᠮᠳᠡᠭᠯᠡᠯ᠎ᠢ ᠪᠠᠭᠤᠯᠭ᠋ᠠᠨ ᠠᠪᠤᠭᠰᠠᠨ ᠲᠤᠬᠠᠢ ᠵᠢᠨ ᠬᠥᠮᠥᠨ᠂ ᠣᠷᠣᠯᠠᠭᠴᠢ᠎ᠨᠢ ᠠᠮᠠᠯᠠᠯᠲᠠ ᠵᠢᠨ ᠪᠢᠴᠢᠭ ᠲᠣᠭᠲᠠᠭ᠋ᠠᠵᠤ᠂ ᠲᠢᠩᠬᠢᠮ᠎ᠤᠨ ᠰᠢᠭᠦᠯᠲᠡ ᠵᠢᠨ ᠨᠢᠭᠤᠴᠠ ᠵᠢ ᠬᠠᠮᠠᠭ᠋ᠠᠯᠠᠬᠤ ᠬᠡᠷᠡᠭᠲᠡᠢ᠂ ᠭᠠᠳᠠᠭᠰᠢ ᠵᠠᠳᠠᠷᠠᠭᠤᠯᠵᠤ ᠪᠣᠯᠬᠤ ᠦᠭᠡᠢ᠃
    ᠭᠤᠴᠢ ᠶᠢᠰᠦᠳᠦᠭᠡᠷ ᠵᠦᠢ᠍ᠯ   ᠲᠤᠬᠠᠢ ᠵᠢᠨ ᠬᠥᠮᠥᠨ ᠢᠯᠡ ᠪᠣᠯᠭ᠋ᠠᠬᠤ᠎ᠪᠠᠷ ᠪᠣᠯᠵᠣᠨ ᠲᠣᠭᠲᠠᠭᠰᠠᠨ ᠪᠠᠢ᠌ᠪᠠᠯ᠂ ᠡᠷᠬᠢᠯᠡᠭᠴᠢ᠎ᠪᠠᠷ ᠬᠢᠨᠠᠨ ᠪᠠᠢ᠌ᠴᠠᠭ᠋ᠠᠯᠭ᠋ᠠᠭ᠋ᠠᠳ ᠤᠯᠤᠰ᠎ᠤᠨ ᠨᠢᠭᠤᠴᠠ᠂ ᠬᠡᠷᠡᠭ᠎ᠤᠨ ᠭᠠᠳᠠᠨᠠᠬᠢ ᠬᠥᠮᠥᠨ᠎ᠤ ᠬᠤᠳᠠᠯᠳᠤᠭ᠋ᠠᠨ᠎ᠤ ᠨᠢᠭᠤᠴᠠ ᠪᠠ ᠬᠤᠪᠢ ᠬᠥᠮᠥᠨ᠎ᠤ ᠨᠢᠭᠤᠴᠠ᠎ᠳᠤ ᠬᠣᠯᠪᠣᠭᠳᠠᠬᠤ ᠦᠭᠡᠢ ᠭᠡᠵᠦ ᠦᠵᠡᠪᠡᠯ᠂ ᠪᠡᠶ᠎ᠡ ᠵᠢᠨ ᠲᠠᠮᠢᠷ᠎ᠤᠨ ᠬᠥᠨᠳᠡᠯᠡᠨ᠎ᠤ ᠲᠠᠰᠤᠯᠤᠯᠲᠠ ᠵᠢ ᠢᠯᠡ᠎ᠪᠠᠷ ᠶᠠᠪᠤᠭᠤᠯᠵᠤ ᠪᠣᠯᠣᠨ᠎ᠠ᠃
    ᠬᠥᠭᠡᠷᠦᠭᠦᠯᠬᠦ ᠡᠮ᠎ᠢ ᠡᠰᠡᠷᠭᠦᠴᠡᠬᠦ᠎ᠳᠤ ᠬᠣᠯᠪᠣᠭᠳᠠᠬᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠶᠠᠪᠤᠴᠠ᠎ᠳᠤ᠂ ᠲᠠᠮᠢᠷᠴᠢᠨ ᠪᠤᠶᠤ ᠪᠤᠰᠤᠳ ᠪᠠᠢ᠌ᠭ᠋ᠠᠯᠢ ᠬᠥᠮᠥᠨ᠎ᠤ ᠲᠤᠬᠠᠢ ᠵᠢᠨ ᠬᠥᠮᠥᠨ ᠢᠯᠡ᠎ᠪᠠᠷ ᠰᠢᠭᠦᠯᠭᠡᠬᠦ᠎ᠪᠠᠷ ᠭᠤᠶᠤᠴᠢᠯᠠᠭᠰᠠᠨ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ ᠢᠯᠡ᠎ᠪᠠᠷ ᠰᠢᠭᠦᠬᠦ ᠬᠡᠷᠡᠭᠲᠡᠢ᠃ ᠤᠯᠤᠰ᠎ᠤᠨ ᠨᠢᠭᠤᠴᠠ᠂ ᠬᠤᠪᠢ ᠬᠥᠮᠥᠨ᠎ᠤ ᠨᠢᠭᠤᠴᠠ᠎ᠳᠤ ᠬᠣᠯᠪᠣᠭᠳᠠᠭᠰᠠᠨ ᠪᠤᠶᠤ ᠢᠯᠡ᠎ᠪᠠᠷ ᠰᠢᠭᠦᠬᠦ᠎ᠳᠤ ᠲᠣᠬᠢᠷᠠᠮᠵᠢ ᠦᠭᠡᠢ ᠪᠤᠰᠤᠳ ᠪᠠᠢ᠌ᠳᠠᠯ᠎ᠲᠠᠢ ᠬᠡᠷᠡᠭ ᠡᠭᠦᠨ᠎ᠳᠤ ᠪᠠᠭᠲᠠᠬᠤ ᠦᠭᠡᠢ᠃
    ᠢᠯᠡ᠎ᠪᠠᠷ ᠰᠢᠭᠦᠬᠦ ᠬᠡᠷᠡᠭ᠎ᠢ ᠤᠯᠠᠨ ᠨᠡᠶ᠋ᠢᠲᠡ᠎ᠪᠠᠷ ᠵᠶ᠋ᠡᠨ ᠰᠤᠯᠠ ᠰᠣᠨᠣᠰᠬᠤ ᠵᠢ ᠵᠥᠪᠰᠢᠶᠡᠷᠡᠬᠦ ᠪᠤᠶᠤ ᠰᠦᠯᠵᠢᠶᠡᠨ᠎ᠤ ᠸᠸᠳᠢᠤ᠋ ᠬᠡᠯᠪᠡᠷᠢ᠎ᠪᠠᠷ ᠰᠢᠭᠤᠳ ᠨᠡᠪᠲᠡᠷᠡᠭᠦᠯᠬᠦ ᠵᠡᠷᠭᠡ ᠬᠡᠯᠪᠡᠷᠢ᠎ᠪᠠᠷ ᠭᠠᠳᠠᠭᠰᠢ ᠢᠯᠡ ᠪᠣᠯᠭ᠋ᠠᠬᠤ ᠬᠡᠷᠡᠭᠲᠡᠢ᠃
    ᠳᠥᠴᠢᠳᠦᠭᠡᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠠᠩᠬᠠᠳᠠᠭᠴᠢ ᠰᠢᠭᠦᠯᠲᠡ ᠡᠬᠢᠯᠡᠬᠦ᠎ᠠᠴᠠ ᠠᠷᠪᠠᠨ ᠡᠳᠦᠷ᠎ᠤᠨ ᠡᠮᠦᠨ᠎ᠡ᠂ ᠰᠢᠭᠦᠯᠲᠡ ᠡᠬᠢᠯᠡᠬᠦ ᠡᠳᠦᠷ ᠬᠤᠭᠤᠴᠠᠭ᠎ᠠ᠂ ᠭᠠᠵᠠᠷ ᠵᠶ᠋ᠠᠨ ᠬᠣᠶᠠᠷ ᠡᠲᠡᠭᠡᠳ᠎ᠤᠨ ᠲᠤᠬᠠᠢ ᠵᠢᠨ ᠬᠥᠮᠥᠨ᠎ᠳᠤ ᠪᠢᠴᠢᠭ ᠵᠶ᠋ᠡᠷ ᠮᠡᠳᠡᠭᠳᠡᠬᠦ ᠬᠡᠷᠡᠭᠲᠡᠢ᠃
    ᠲᠤᠬᠠᠢ ᠵᠢᠨ ᠬᠥᠮᠥᠨ᠎ᠨᠢ ᠵᠦᠢ ᠶᠣᠰᠣᠨ᠎ᠤ ᠤᠴᠢᠷ ᠰᠢᠯᠲᠠᠭ᠋ᠠᠨ᠎ᠲᠠᠢ ᠪᠠᠢ᠌ᠪᠠᠯ᠂ ᠲᠢᠩᠬᠢᠮ ᠨᠡᠭᠡᠭᠡᠵᠦ ᠰᠢᠭᠦᠬᠦ᠎ᠠᠴᠠ ᠲᠠᠪᠤᠨ ᠡᠳᠦᠷ᠎ᠤᠨ ᠡᠮᠦᠨ᠎ᠡ ᠲᠢᠩᠬᠢᠮ ᠨᠡᠭᠡᠭᠡᠬᠦ ᠵᠢ ᠤᠷᠢᠳᠴᠢᠯᠠᠭᠤᠯᠬᠤ ᠪᠤᠶᠤ ᠬᠣᠢ᠌ᠰᠢᠯᠠᠭᠤᠯᠬᠤ᠎ᠪᠠᠷ ᠭᠤᠶᠤᠴᠢᠯᠠᠬᠤ ᠬᠡᠷᠡᠭᠲᠡᠢ ᠪᠥᠭᠡᠳ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠡᠭᠦᠨ᠎ᠤ ᠲᠤᠬᠠᠢ ᠲᠣᠭᠲᠠᠭ᠋ᠠᠯ ᠭᠠᠷᠭ᠋ᠠᠬᠤ ᠬᠡᠷᠡᠭᠲᠡᠢ᠃
    ᠳᠥᠴᠢᠨ ᠨᠢᠭᠡᠳᠦᠭᠡᠷ ᠵᠦᠢ᠍ᠯ   ᠭᠤᠶᠤᠴᠢᠯᠠᠭᠴᠢ ᠪᠢᠴᠢᠭ᠎ᠤᠨ ᠮᠡᠳᠡᠭᠳᠡᠯ᠎ᠢ ᠣᠯᠣᠭᠰᠠᠨ ᠪᠠᠢ᠌ᠲᠠᠯ᠎ᠠ ᠵᠦᠢ ᠶᠣᠰᠣᠨ᠎ᠤ ᠤᠴᠢᠷ ᠰᠢᠯᠲᠠᠭ᠋ᠠᠨ ᠦᠭᠡᠢ᠎ᠪᠠᠷ ᠲᠢᠩᠬᠢᠮ᠎ᠳᠤ ᠣᠴᠢᠭᠰᠠᠨ ᠦᠭᠡᠢ ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠵᠥᠪᠰᠢᠶᠡᠷᠡᠯ ᠦᠭᠡᠢ᠎ᠪᠠᠷ ᠰᠢᠭᠦᠯᠲᠡ ᠵᠢᠨ ᠳᠤᠮᠳᠠ᠎ᠠᠴᠠ á ­á  á ·á ´á ¤ ᠶᠠᠪᠤᠭᠰᠠᠨ ᠪᠠᠢ᠌ᠪᠠᠯ᠂ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ ᠵᠶ᠋ᠠᠨ ᠪᠤᠴᠠᠭ᠋ᠠᠭᠰᠠᠨ ᠵᠶ᠋ᠠᠷ ᠦᠵᠡᠵᠦ ᠪᠣᠯᠣᠨ᠎ᠠ᠃ ᠭᠤᠶᠤᠴᠢᠯᠠᠭᠳᠠᠭᠴᠢ ᠬᠡᠳᠡᠷᠬᠦ ᠭᠤᠶᠤᠴᠢᠯᠠᠯ á ­á  á ·á ­á ‹á  á ­á °á  á ¨ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠭᠤᠶᠤᠴᠢᠯᠠᠭᠳᠠᠭᠴᠢ ᠵᠢᠨ ᠬᠡᠳᠡᠷᠬᠦ ᠭᠤᠶᠤᠴᠢᠯᠠᠯ᠎ᠢ ᠰᠠᠭ᠋ᠠᠲᠠᠯ᠎ᠲᠠᠢ᠎ᠪᠠᠷ ᠰᠢᠭᠦᠬᠦ ᠵᠢ ᠨᠥᠯᠥᠭᠡᠯᠡᠬᠦ ᠦᠭᠡᠢ᠃
    ᠭᠤᠶᠤᠴᠢᠯᠠᠭᠳᠠᠭᠴᠢ ᠪᠢᠴᠢᠭ᠎ᠤᠨ ᠮᠡᠳᠡᠭᠳᠡᠯ᠎ᠢ ᠣᠯᠣᠭᠰᠠᠨ ᠪᠠᠢ᠌ᠲᠠᠯ᠎ᠠ ᠵᠦᠢ ᠶᠣᠰᠣᠨ᠎ᠤ ᠤᠴᠢᠷ ᠰᠢᠯᠲᠠᠭ᠋ᠠᠨ ᠦᠭᠡᠢ᠎ᠪᠠᠷ ᠲᠢᠩᠬᠢᠮ᠎ᠳᠤ ᠣᠴᠢᠭᠰᠠᠨ ᠦᠭᠡᠢ ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠵᠥᠪᠰᠢᠶᠡᠷᠡᠯ ᠦᠭᠡᠢ᠎ᠪᠠᠷ ᠰᠢᠭᠦᠯᠲᠡ ᠵᠢᠨ ᠳᠤᠮᠳᠠ᠎ᠠᠴᠠ á ­á  á ·á ´á ¤ ᠶᠠᠪᠤᠭᠰᠠᠨ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ ᠰᠠᠭ᠋ᠠᠲᠠᠯ᠎ᠲᠠᠢ᠎ᠪᠠᠷ ᠰᠢᠭᠦᠵᠦ ᠪᠣᠯᠣᠨ᠎ᠠ᠃ ᠭᠤᠶᠤᠴᠢᠯᠠᠭᠳᠠᠭᠴᠢ ᠬᠡᠳᠡᠷᠬᠦ ᠭᠤᠶᠤᠴᠢᠯᠠᠯ á ­á  á ·á ­á ‹á  á ­á °á  á ¨ ᠪᠠᠢ᠌ᠪᠠᠯ᠂ ᠬᠡᠳᠡᠷᠬᠦ ᠭᠤᠶᠤᠴᠢᠯᠠᠯ ᠵᠶ᠋ᠠᠨ ᠪᠤᠴᠠᠭ᠋ᠠᠭᠰᠠᠨ ᠵᠶ᠋ᠠᠷ ᠪᠤᠳᠤᠨ᠎ᠠ᠃
    ᠳᠥᠴᠢᠨ ᠬᠣᠶᠠᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠬᠤ ᠨᠠᠷᠢᠨ ᠪᠢᠴᠢᠭᠡᠴᠢ ᠲᠢᠩᠬᠢᠮ᠎ᠤᠨ ᠰᠢᠭᠦᠯᠲᠡ ᠵᠢᠨ ᠪᠠᠢ᠌ᠳᠠᠯ᠎ᠢ ᠦᠨᠳᠦᠰᠦᠯᠡᠨ ᠲᠢᠩᠬᠢᠮ᠎ᠤᠨ ᠰᠢᠭᠦᠯᠲᠡ ᠵᠢᠨ ᠲᠡᠮᠳᠡᠭᠯᠡᠯ ᠬᠢᠬᠦ ᠬᠡᠷᠡᠭᠲᠡᠢ᠃ ᠲᠤᠬᠠᠢ ᠵᠢᠨ ᠬᠥᠮᠥᠨ ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠶᠡᠳᠡᠭᠦᠯᠦᠭᠰᠡᠨ ᠪᠠᠢ᠌ᠳᠠᠯ᠎ᠢ ᠲᠢᠩᠬᠢᠮ᠎ᠤᠨ ᠰᠢᠭᠦᠯᠲᠡ ᠵᠢᠨ ᠲᠡᠮᠳᠡᠭᠯᠡᠯ᠎ᠳᠤ ᠲᠡᠮᠳᠡᠭᠯᠡᠬᠦ ᠦᠭᠡᠢ ᠪᠠᠢ᠌ᠵᠤ ᠪᠣᠯᠣᠨ᠎ᠠ᠃
    ᠲᠢᠩᠬᠢᠮ᠎ᠤᠨ ᠰᠢᠭᠦᠯᠲᠡ ᠵᠢᠨ ᠲᠡᠮᠳᠡᠭᠯᠡᠯ᠎ᠳᠤ ᠬᠥᠨᠳᠡᠯᠡᠨ᠎ᠠᠴᠠ ᠲᠠᠰᠤᠯᠤᠭᠴᠢ᠂ ᠬᠥᠨᠳᠡᠯᠡᠨ᠎ᠠᠴᠠ ᠲᠠᠰᠤᠯᠬᠤ ᠨᠠᠷᠢᠨ ᠪᠢᠴᠢᠭᠡᠴᠢ᠂ ᠲᠤᠬᠠᠢ ᠵᠢᠨ ᠬᠥᠮᠥᠨ ᠪᠠ ᠬᠥᠨᠳᠡᠯᠡᠨ᠎ᠠᠴᠠ ᠲᠠᠰᠤᠯᠬᠤ᠎ᠳᠤ ᠣᠷᠣᠯᠴᠠᠭᠰᠠᠨ ᠪᠤᠰᠤᠳ ᠬᠥᠮᠥᠨ ᠭᠠᠷ᠎ᠤᠨ ᠦᠰᠦᠭ ᠵᠢᠷᠤᠬᠤ ᠪᠤᠶᠤ ᠲᠠᠮᠠᠭ᠎ᠠ᠎ᠪᠠᠨ ᠳᠠᠷᠤᠨ᠎ᠠ᠃
    ᠲᠤᠬᠠᠢ ᠵᠢᠨ ᠬᠥᠮᠥᠨ ᠪᠠ ᠬᠥᠨᠳᠡᠯᠡᠨ᠎ᠠᠴᠠ ᠲᠠᠰᠤᠯᠬᠤ᠎ᠳᠤ ᠣᠷᠣᠯᠴᠠᠭᠰᠠᠨ ᠪᠤᠰᠤᠳ ᠬᠥᠮᠥᠨ ᠲᠢᠩᠬᠢᠮ᠎ᠤᠨ ᠰᠢᠭᠦᠯᠲᠡ ᠵᠢᠨ ᠲᠡᠮᠳᠡᠭᠯᠡᠯ᠎ᠳᠤ ᠥᠪᠡᠷ᠎ᠤᠨ ᠲᠣᠭ᠋ᠠᠴᠢᠯᠲᠠ ᠵᠢᠨ ᠲᠡᠮᠳᠡᠭᠯᠡᠯ᠎ᠢ ᠣᠷᠬᠢᠭᠳᠠᠭᠤᠯᠤᠭᠰᠠᠨ ᠪᠤᠶᠤ ᠪᠤᠷᠤᠭᠤᠳᠠᠭᠤᠯᠤᠭᠰᠠᠨ ᠵᠦᠢ᠍ᠯ ᠪᠠᠢ᠌ᠨ᠎ᠠ ᠭᠡᠵᠦ ᠦᠵᠡᠪᠡᠯ᠂ ᠬᠥᠨᠳᠡᠯᠡᠨ᠎ᠠᠴᠠ ᠲᠠᠰᠤᠯᠬᠤ ᠲᠢᠩᠬᠢᠮ᠎ᠳᠤ ᠨᠥᠬᠥᠪᠦᠷᠢᠯᠡᠨ ᠵᠠᠯᠠᠷᠠᠭᠤᠯᠤᠭᠤᠯᠬᠤ᠎ᠪᠠᠷ ᠭᠤᠶᠤᠴᠢᠯᠠᠵᠤ ᠪᠣᠯᠣᠨ᠎ᠠ᠃
    ᠲᠤᠬᠠᠢ ᠵᠢᠨ ᠬᠥᠮᠥᠨ ᠪᠤᠶᠤ ᠬᠥᠨᠳᠡᠯᠡᠨ᠎ᠠᠴᠠ ᠲᠠᠰᠤᠯᠬᠤ᠎ᠳᠤ ᠣᠷᠣᠯᠴᠠᠭᠰᠠᠨ ᠪᠤᠰᠤᠳ ᠬᠥᠮᠥᠨ ᠲᠢᠩᠬᠢᠮ᠎ᠤᠨ ᠰᠢᠭᠦᠯᠲᠡ ᠵᠢᠨ ᠲᠡᠮᠳᠡᠭᠯᠡᠯ᠎ᠳᠤ ᠭᠠᠷ᠎ᠤᠨ ᠦᠰᠦᠭ ᠵᠢᠷᠤᠬᠤ ᠪᠤᠶᠤ ᠲᠠᠮᠠᠭ᠎ᠠ᠎ᠪᠠᠨ ᠳᠠᠷᠤᠬᠤ ᠵᠢ ᠲᠡᠪᠴᠢᠪᠡᠯ᠂ ᠲᠢᠩᠬᠢᠮ᠎ᠤᠨ ᠰᠢᠭᠦᠯᠲᠡ ᠵᠢᠨ ᠲᠡᠮᠳᠡᠭᠯᠡᠯ᠎ᠳᠤ ᠬᠣᠯᠪᠣᠭᠳᠠᠯ ᠪᠦᠬᠦᠢ ᠪᠠᠢ᠌ᠳᠠᠯ᠎ᠢ ᠪᠢᠴᠢᠵᠦ ᠣᠷᠣᠭᠤᠯᠬᠤ ᠬᠡᠷᠡᠭᠲᠡᠢ ᠪᠥᠭᠡᠳ ᠬᠥᠨᠳᠡᠯᠡᠨ᠎ᠠᠴᠠ ᠲᠠᠰᠤᠯᠤᠭᠴᠢ᠂ ᠬᠥᠨᠳᠡᠯᠡᠨ᠎ᠠᠴᠠ ᠲᠠᠰᠤᠯᠬᠤ ᠨᠠᠷᠢᠨ ᠪᠢᠴᠢᠭᠡᠴᠢ ᠭᠠᠷ᠎ᠤᠨ ᠦᠰᠦᠭ ᠵᠢᠷᠤᠬᠤ ᠬᠡᠷᠡᠭᠲᠡᠢ᠃
    ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠵᠡᠷᠭᠡᠴᠡᠭᠡ ᠲᠡᠭᠤ ᠰᠢᠩᠭᠡᠭᠡᠯᠲᠡ ᠳᠦᠷᠰᠦ ᠰᠢᠩᠭᠡᠭᠡᠯᠲᠡ ᠵᠢᠨ á  á ·á ­á Žá   ᠮᠠᠶᠢᠭ ᠵᠶ᠋ᠠᠷ ᠲᠢᠩᠬᠢᠮ᠎ᠤᠨ ᠰᠢᠭᠦᠯᠲᠡ ᠵᠢ ᠲᠡᠮᠳᠡᠭᠯᠡᠬᠦ᠎ᠪᠠᠷ ᠲᠣᠭᠲᠠᠭ᠋ᠠᠵᠤ ᠪᠣᠯᠬᠤ ᠪᠥᠭᠡᠳ ᠲᠢᠩᠬᠢᠮ᠎ᠤᠨ ᠰᠢᠭᠦᠯᠲᠡ᠎ᠠᠴᠠ ᠡᠮᠦᠨ᠎ᠡ ᠲᠤᠬᠠᠢ ᠵᠢᠨ ᠬᠥᠮᠥᠨ᠎ᠳᠤ ᠮᠡᠳᠡᠭᠳᠡᠨ᠎ᠡ᠃
    ᠳᠥᠴᠢᠨ ᠭᠤᠷᠪᠠᠳᠤᠭ᠋ᠠᠷ ᠵᠦᠢ᠍ᠯ   ᠲᠤᠬᠠᠢ ᠵᠢᠨ ᠬᠥᠮᠥᠨ ᠥᠪᠡᠷ᠎ᠤᠨ ᠵᠣᠷᠢᠯᠲᠠ᠎ᠳᠠᠭᠠᠨ á ­á ¡á ·á ¡á ´á ¢ ᠳᠤᠷᠠᠳᠬᠤ ᠬᠠᠷᠢᠭᠤᠴᠠᠯᠭ᠎ᠠ ᠡᠭᠦᠷᠭᠡᠯᠡᠨ᠎ᠡ᠃
    ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠲᠠᠮᠢᠷᠴᠢᠳ᠎ᠤᠨ ᠬᠠᠮᠢᠶᠠᠷᠤᠯᠲᠠ ᠵᠢᠨ ᠨᠢᠭᠡᠴᠢ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠵᠣᠬᠢᠶᠠᠨ ᠪᠠᠢ᠌ᠭᠤᠯᠤᠭᠴᠢ ᠵᠢᠨ ᠰᠢᠢ᠍ᠳᠪᠦᠷᠢᠯᠡᠭᠰᠡᠨ ᠲᠣᠭᠲᠠᠭ᠋ᠠᠯ᠎ᠢ ᠵᠥᠪᠰᠢᠶᠡᠷᠡᠬᠦ ᠦᠭᠡᠢ᠎ᠠᠴᠠ ᠪᠣᠯᠵᠤ ᠬᠥᠨᠳᠡᠯᠡᠨ᠎ᠠᠴᠠ ᠲᠠᠰᠤᠯᠤᠭᠤᠯᠬᠤ᠎ᠪᠠᠷ ᠭᠤᠶᠤᠴᠢᠯᠠᠭᠰᠠᠨ ᠬᠡᠷᠡᠭ᠎ᠲᠤ ᠲᠤᠬᠠᠢ ᠵᠢᠨ ᠬᠥᠮᠥᠨ᠎ᠨᠢ á ­á ¡á ·á ¡á ´á ¢ ᠳᠤᠷᠠᠳᠬᠤ᠎ᠠᠴᠠ ᠭᠠᠳᠠᠨ᠎ᠠ᠂ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠲᠠᠮᠢᠷᠴᠢᠳ᠎ᠤᠨ ᠬᠠᠮᠢᠶᠠᠷᠤᠯᠲᠠ ᠵᠢᠨ ᠨᠢᠭᠡᠴᠢ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠵᠣᠬᠢᠶᠠᠨ ᠪᠠᠢ᠌ᠭᠤᠯᠤᠭᠴᠢ ᠴᠤ᠌ ᠲᠡᠭᠦᠨ᠎ᠤ ᠰᠢᠢ᠍ᠳᠪᠦᠷᠢᠯᠡᠭᠰᠡᠨ ᠲᠣᠭᠲᠠᠭ᠋ᠠᠯ᠎ᠤᠨ ᠦᠨᠳᠦᠰᠦ ᠪᠠᠷᠢᠮᠲᠠ᠎ᠳᠤ á ­á ¡á ·á ¡á ´á ¢ ᠳᠤᠷᠠᠳᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
    ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠲᠤᠬᠠᠢ ᠵᠢᠨ ᠬᠥᠮᠥᠨ᠎ᠤ á ­á ¡á ·á ¡á ´á ¢ ᠪᠠᠷᠢᠮᠲᠠ ᠲᠤᠰᠢᠶᠠᠬᠤ ᠬᠤᠭᠤᠴᠠᠭ᠎ᠠ ᠵᠢ ᠲᠣᠭᠲᠠᠭ᠋ᠠᠵᠤ ᠪᠣᠯᠣᠨ᠎ᠠ᠃ ᠲᠤᠬᠠᠢ ᠵᠢᠨ ᠬᠥᠮᠥᠨ᠎ᠨᠢ ᠲᠣᠭᠲᠠᠭᠰᠠᠨ ᠬᠤᠭᠤᠴᠠᠭ᠋ᠠᠨ᠎ᠤ ᠳᠣᠲᠣᠷ᠎ᠠ á ­á ¡á ·á ¡á ´á ¢ ᠪᠠᠷᠢᠮᠲᠠ᠎ᠪᠠᠨ ᠲᠤᠰᠢᠶᠠᠬᠤ ᠬᠡᠷᠡᠭᠲᠡᠢ᠃ ᠬᠤᠭᠤᠴᠠᠭ᠎ᠠ   ᠬᠡᠳᠦᠷᠡᠭᠡᠳ ᠲᠤᠰᠢᠶᠠᠪᠠᠯ ᠬᠥᠨᠳᠡᠯᠡᠨ᠎ᠠᠴᠠ ᠲᠠᠰᠤᠯᠬᠤ ᠲᠢᠩᠬᠢᠮ ᠭᠥᠯᠢᠶᠡᠨ ᠠᠪᠬᠤ ᠦᠭᠡᠢ ᠪᠠᠢ᠌ᠵᠤ ᠪᠣᠯᠣᠨ᠎ᠠ᠃ ᠲᠤᠬᠠᠢ ᠵᠢᠨ ᠬᠥᠮᠥᠨ á ­á ¡á ·á ¡á ´á ¢ ᠪᠠᠷᠢᠮᠲᠠ ᠳᠤᠷᠠᠳᠬᠤ ᠬᠤᠭᠤᠴᠠᠭ᠋ᠠᠨ᠎ᠤ ᠳᠣᠲᠣᠷ᠎ᠠ á ­á ¡á ·á ¡á ´á ¢ ᠪᠠᠷᠢᠮᠲᠠ ᠵᠢᠨ ᠮᠠᠲ᠋ᠧᠷᠢᠶᠠᠯ ᠵᠶ᠋ᠠᠨ ᠲᠤᠰᠢᠶᠠᠬᠤ᠎ᠳᠤ ᠦᠨᠡᠬᠡᠷ ᠬᠦᠴᠢᠷᠲᠡᠢ ᠪᠠᠢ᠌ᠪᠠᠯ᠂ ᠬᠤᠭᠤᠴᠠᠭ᠎ᠠ ᠳᠦᠭᠦᠷᠬᠦ᠎ᠠᠴᠠ ᠡᠮᠦᠨ᠎ᠡ á ­á ¡á ·á ¡á ´á ¢ ᠪᠠᠷᠢᠮᠲᠠ ᠳᠤᠷᠠᠳᠬᠤ ᠬᠤᠭᠤᠴᠠᠭ᠎ᠠ ᠵᠢ ᠤᠷᠲᠤᠳᠬᠠᠬᠤ᠎ᠪᠠᠷ ᠭᠤᠶᠤᠴᠢᠯᠠᠵᠤ ᠪᠣᠯᠣᠨ᠎ᠠ᠃ ᠤᠷᠲᠤᠳᠬᠠᠬᠤ ᠡᠰᠡᠬᠦ ᠵᠢ ᠬᠥᠨᠳᠡᠯᠡᠨ᠎ᠠᠴᠠ ᠲᠠᠰᠤᠯᠬᠤ ᠲᠢᠩᠬᠢᠮ ᠲᠣᠭᠲᠠᠭ᠋ᠠᠨ᠎ᠠ᠃
    ᠲᠤᠬᠠᠢ ᠵᠢᠨ ᠬᠥᠮᠥᠨ᠎ᠨᠢ ᠲᠣᠭᠲᠠᠭ᠋ᠠᠭᠰᠠᠨ ᠬᠤᠭᠤᠴᠠᠭ᠋ᠠᠨ᠎ᠤ ᠳᠣᠲᠣᠷ᠎ᠠ á ­á ¡á ·á ¡á ´á ¢ ᠪᠠᠷᠢᠮᠲᠠ᠎ᠪᠠᠨ ᠲᠤᠰᠢᠶᠠᠵᠤ ᠴᠢᠳᠠᠭᠰᠠᠨ ᠦᠭᠡᠢ᠂ ᠡᠰᠡᠬᠦᠯ᠎ᠡ á ­á ¡á ·á ¡á ´á ¢ ᠪᠠᠷᠢᠮᠲᠠ ᠲᠤᠰᠢᠶᠠᠭᠰᠠᠨ ᠪᠣᠯᠪᠠᠴᠤ ᠵᠣᠷᠢᠯᠲᠠ᠎ᠪᠠᠨ ᠭᠡᠷᠡᠴᠢᠯᠡᠵᠦ ᠴᠢᠳᠠᠭᠰᠠᠨ ᠦᠭᠡᠢ ᠪᠠᠢ᠌ᠪᠠᠯ᠂ á ­á ¡á ·á ¡á ´á ¢ ᠳᠤᠷᠠᠳᠬᠤ ᠬᠠᠷᠢᠭᠤᠴᠠᠯᠭ᠎ᠠ᠎ᠲᠠᠢ ᠲᠤᠬᠠᠢ ᠵᠢᠨ ᠬᠥᠮᠥᠨ ᠡᠭᠦᠨ᠎ᠠᠴᠠ ᠪᠣᠯᠤᠭᠰᠠᠨ ᠦᠷ᠎ᠡ ᠤᠷᠰᠢᠭ᠎ᠢ ᠡᠭᠦᠷᠭᠡᠯᠡᠨ᠎ᠡ᠃
    ᠳᠥᠴᠢᠨ ᠳᠥᠷᠪᠡᠳᠦᠭᠡᠷ ᠵᠦᠢ᠍ᠯ   ᠲᠢᠩᠬᠢᠮ ᠨᠡᠭᠡᠭᠡᠵᠦ ᠰᠢᠭᠦᠬᠦ ᠬᠡᠷᠡᠭ᠎ᠤᠨ ᠲᠢᠩᠬᠢᠮ᠎ᠤᠨ ᠰᠢᠭᠦᠯᠲᠡ᠎ᠠᠴᠠ ᠡᠮᠦᠨ᠎ᠡ ᠨᠢᠭᠡᠨᠲᠡ ᠰᠣᠯᠢᠯᠴᠠᠭᠰᠠᠨ á ­á ¡á ·á ¡á ´á ¢ ᠪᠠᠷᠢᠮᠲᠠ ᠵᠢ ᠲᠢᠩᠬᠢᠮ᠎ᠤᠨ ᠰᠢᠭᠦᠯᠲᠡ ᠵᠢᠨ ᠪᠠᠢ᠌ᠴᠠᠭ᠋ᠠᠯᠲᠠ᠎ᠳᠤ á ­á  á ·á ­á ‹á  á ¨ ᠦᠵᠡᠭᠦᠯᠵᠦ᠂ ᠲᠤᠬᠠᠢ ᠵᠢᠨ ᠬᠥᠮᠥᠨ ᠵᠶ᠋ᠡᠷ ᠬᠠᠷᠢᠯᠴᠠᠨ ᠲᠤᠯᠭ᠋ᠠᠨ ᠭᠡᠷᠡᠴᠢᠯᠡᠭᠦᠯᠬᠦ ᠬᠡᠷᠡᠭᠲᠡᠢ᠃
    ᠬᠡᠷᠡᠭ᠎ᠤᠨ á ­á ¡á ·á ¡á ´á ¢ ᠪᠠᠷᠢᠮᠲᠠ᠎ᠨᠢ ᠨᠡᠯᠢᠶᠡᠳ ᠤᠯᠠᠨ ᠪᠥᠭᠡᠳ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠴᠢᠬᠤᠯᠠᠲᠠᠢ ᠭᠡᠵᠦ ᠦᠵᠡᠪᠡᠯ᠂ ᠲᠢᠩᠬᠢᠮ᠎ᠤᠨ ᠰᠢᠭᠦᠯᠲᠡ᠎ᠠᠴᠠ ᠡᠮᠦᠨ᠎ᠡ ᠲᠦᠷᠦᠭᠦᠦ ᠬᠥᠨᠳᠡᠯᠡᠨ᠎ᠠᠴᠠ ᠲᠠᠰᠤᠯᠤᠭᠴᠢ᠂ ᠲᠤᠰᠠᠭ᠋ᠠᠷ ᠬᠥᠨᠳᠡᠯᠡᠨ᠎ᠠᠴᠠ ᠲᠠᠰᠤᠯᠤᠭᠴᠢ ᠪᠤᠶᠤ ᠬᠥᠨᠳᠡᠯᠡᠨ᠎ᠠᠴᠠ ᠲᠠᠰᠤᠯᠬᠤ ᠨᠠᠷᠢᠨ ᠪᠢᠴᠢᠭᠡᠴᠢ᠎ᠳᠤ ᠨᠠᠢ᠌ᠳᠠᠵᠤ ᠲᠤᠬᠠᠢ ᠵᠢᠨ ᠬᠥᠮᠥᠨ᠎ᠢ ᠴᠤᠭᠯᠠᠭᠤᠯᠤᠨ ᠲᠢᠩᠬᠢᠮ ᠨᠡᠭᠡᠭᠡᠬᠦ᠎ᠠᠴᠠ ᠡᠮᠦᠨ᠎ᠡ ᠲᠤᠯᠭ᠋ᠠᠨ ᠭᠡᠷᠡᠴᠢᠯᠡᠭᠦᠯᠵᠦ ᠪᠣᠯᠣᠨ᠎ᠠ᠃ ᠲᠢᠩᠬᠢᠮ᠎ᠤᠨ ᠰᠢᠭᠦᠯᠲᠡ᠎ᠠᠴᠠ ᠡᠮᠦᠨ᠎ᠡ ᠲᠤᠯᠭ᠋ᠠᠨ ᠭᠡᠷᠡᠴᠢᠯᠡᠭᠰᠡᠨ á ­á ¡á ·á ¡á ´á ¢ ᠪᠠᠷᠢᠮᠲᠠ ᠵᠢ ᠬᠥᠨᠳᠡᠯᠡᠨ᠎ᠠᠴᠠ ᠲᠠᠰᠤᠯᠬᠤ ᠲᠢᠩᠬᠢᠮ ᠲᠢᠩᠬᠢᠮ᠎ᠤᠨ ᠰᠢᠭᠦᠯᠲᠡ ᠵᠢᠨ ᠪᠠᠢ᠌ᠴᠠᠭ᠋ᠠᠯᠲᠠ᠎ᠳᠤ ᠲᠣᠳᠣᠷᠬᠠᠢ᠌ᠯᠠᠭᠰᠠᠨ᠎ᠤ ᠲᠡᠷᠡᠭ᠎ᠠ᠂ ᠲᠡᠬᠢᠵᠦ á ­á  á ·á ­á ‹á  á ¨ ᠦᠵᠡᠭᠦᠯᠬᠦ ᠦᠭᠡᠢ ᠪᠤᠶᠤ ᠲᠤᠯᠭ᠋ᠠᠨ ᠭᠡᠷᠡᠴᠢᠯᠡᠭᠦᠯᠬᠦ ᠦᠭᠡᠢ ᠪᠠᠢ᠌ᠵᠤ ᠪᠣᠯᠣᠨ᠎ᠠ᠃
    ᠲᠤᠬᠠᠢ ᠵᠢᠨ ᠬᠥᠮᠥᠨ᠎ᠤ ᠲᠤᠬᠠᠢ ᠵᠢᠨ ᠲᠢᠩᠬᠢᠮ᠎ᠳᠤ ᠪᠤᠶᠤ ᠲᠢᠩᠬᠢᠮ᠎ᠤᠨ ᠰᠢᠭᠦᠯᠲᠡ ᠳᠠᠭᠤᠰᠤᠭᠰᠠᠨ᠎ᠤ ᠲᠠᠷᠠᠭ᠎ᠠ ᠲᠤᠰᠢᠶᠠᠭᠰᠠᠨ á ­á ¡á ·á ¡á ´á ¢ ᠪᠠᠷᠢᠮᠲᠠ ᠵᠢᠨ ᠮᠠᠲ᠋ᠧᠷᠢᠶᠠᠯ᠎ᠢ ᠬᠥᠨᠳᠡᠯᠡᠨ᠎ᠠᠴᠠ ᠲᠠᠰᠤᠯᠬᠤ ᠲᠢᠩᠬᠢᠮ ᠭᠥᠯᠢᠶᠡᠨ ᠠᠪᠬᠤ᠎ᠪᠠᠷ ᠲᠣᠭᠲᠠᠭ᠋ᠠᠭᠰᠠᠨ ᠪᠣᠯᠪᠠᠴᠤ ᠲᠠᠬᠢᠵᠤ ᠲᠢᠩᠬᠢᠮ ᠨᠡᠭᠡᠭᠡᠬᠦ ᠦᠭᠡᠢ ᠪᠠᠢ᠌ᠪᠠᠯ᠂ ᠲᠤᠬᠠᠢ ᠵᠢᠨ ᠬᠥᠮᠥᠨ᠎ᠢ ᠵᠢᠭ᠋ᠠᠨ ᠲᠣᠭᠲᠠᠭ᠋ᠠᠭᠰᠠᠨ ᠬᠤᠭᠤᠴᠠᠭ᠋ᠠᠨ᠎ᠤ ᠳᠣᠲᠣᠷ᠎ᠠ ᠲᠤᠯᠭ᠋ᠠᠨ ᠭᠡᠷᠡᠴᠢᠯᠡᠭᠦᠯᠦᠭᠰᠡᠨ ᠰᠠᠨᠠᠯ ᠵᠶ᠋ᠠᠨ ᠪᠢᠴᠢᠭ ᠵᠶ᠋ᠡᠷ ᠲᠤᠰᠢᠶᠠᠯᠭ᠋ᠠᠬᠤ᠎ᠪᠠᠷ ᠱᠠᠭ᠋ᠠᠷᠳᠠᠵᠤ ᠪᠣᠯᠣᠨ᠎ᠠ᠃
    ᠪᠢᠴᠢᠭ ᠵᠶ᠋ᠡᠷ ᠰᠢᠭᠦᠭᠰᠡᠨ ᠬᠡᠷᠡᠭ᠎ᠢ ᠪᠢᠴᠢᠭ ᠵᠶ᠋ᠡᠷ ᠲᠤᠯᠭ᠋ᠠᠨ ᠭᠡᠷᠡᠴᠢᠯᠡᠭᠦᠯᠬᠦ ᠬᠡᠷᠡᠭᠲᠡᠢ᠂ ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠵᠢᠭ᠋ᠠᠨ ᠲᠣᠭᠲᠠᠭ᠋ᠠᠭᠰᠠᠨ ᠬᠤᠭᠤᠴᠠᠭ᠋ᠠᠨ᠎ᠤ ᠳᠣᠲᠣᠷ᠎ᠠ ᠲᠤᠯᠭ᠋ᠠᠨ ᠭᠡᠷᠡᠴᠢᠯᠡᠭᠦᠯᠦᠭᠰᠡᠨ ᠪᠢᠴᠢᠭ᠎ᠤᠨ ᠰᠠᠨᠠᠯ ᠵᠶ᠋ᠠᠨ ᠲᠤᠰᠢᠶᠠᠬᠤ ᠬᠡᠷᠡᠭᠲᠡᠢ᠃
    ᠪᠢᠴᠢᠭ᠎ᠤᠨ ᠬᠡᠯᠪᠡᠷᠢ᠎ᠪᠠᠷ ᠲᠤᠯᠭ᠋ᠠᠨ ᠭᠡᠷᠡᠴᠢᠯᠡᠭᠦᠯᠦᠭᠰᠡᠨ ᠪᠠᠢ᠌ᠪᠠᠯ᠂ ᠲᠤᠬᠠᠢ ᠵᠢᠨ ᠬᠥᠮᠥᠨ᠎ᠨᠢ á ­á ¡á ·á ¡á ´á ¢ ᠪᠠᠷᠢᠮᠲᠠ ᠵᠢᠨ ᠤᠭ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ᠂ ᠬᠠᠷᠭᠤᠭᠤᠯᠬᠤ᠎ᠪᠠᠷ ᠱᠠᠭ᠋ᠠᠷᠳᠠᠬᠤ ᠡᠷᠬᠡ᠎ᠲᠠᠢ᠃
    ᠳᠥᠴᠢᠨ ᠲᠠᠪᠤᠳᠤᠭ᠋ᠠᠷ ᠵᠦᠢ᠍ᠯ   ᠲᠤᠬᠠᠢ ᠵᠢᠨ ᠬᠥᠮᠥᠨ᠎ᠨᠢ ᠭᠡᠷᠡᠴᠢᠯᠡᠭᠴᠢ ᠵᠢ ᠰᠢᠭᠦᠯᠲᠡ᠎ᠳᠤ ᠣᠷᠣᠯᠴᠠᠭᠤᠯᠤᠨ ᠭᠡᠷᠡᠴᠢᠯᠡᠭᠦᠯᠬᠦ᠎ᠪᠠᠷ ᠭᠤᠶᠤᠴᠢᠯᠠᠬᠤ᠎ᠳᠤ ᠬᠦᠷᠪᠡᠯ᠂ ᠪᠢᠴᠢᠭ᠎ᠤᠨ ᠬᠡᠯᠪᠡᠷᠢ᠎ᠪᠠᠷ ᠳᠤᠷᠠᠳᠬᠤ ᠬᠡᠷᠡᠭᠲᠡᠢ᠂ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠡᠭᠦᠨ᠎ᠤ ᠲᠤᠬᠠᠢ ᠲᠣᠭᠲᠠᠭ᠋ᠠᠯ ᠭᠠᠷᠭ᠋ᠠᠬᠤ ᠬᠡᠷᠡᠭᠲᠡᠢ᠃ ᠪᠢᠴᠢᠭ᠎ᠤᠨ ᠭᠤᠶᠤᠴᠢᠯᠠᠯ᠎ᠳᠤ ᠭᠡᠷᠡᠴᠢᠯᠡᠭᠴᠢ ᠵᠢᠨ ᠪᠡᠶ᠎ᠡ ᠵᠢᠨ ᠬᠢᠷᠢ ᠬᠡᠮ᠎ᠤᠨ ᠮᠡᠳᠡᠭᠡ ᠵᠠᠩᠭᠢ᠂ ᠬᠠᠷᠢᠯᠴᠠᠬᠤ á  á ·á ­á Žá   ᠮᠠᠶᠢᠭ᠂ ᠭᠡᠷᠡᠴᠢᠯᠡᠬᠦ ᠠᠭᠤᠯᠭ᠎ᠠ᠂ ᠭᠡᠷᠡᠴᠢᠯᠡᠬᠦ ᠠᠭᠤᠯᠭ᠎ᠠ ᠬᠢᠭᠡᠳ ᠭᠡᠷᠡᠴᠢᠯᠡᠬᠦ ᠵᠦᠢ᠍ᠯᠡᠰ᠎ᠤᠨ ᠬᠣᠯᠪᠣᠭᠳᠠᠯᠲᠤ ᠴᠢᠨᠠᠷ ᠵᠢᠴᠢ ᠭᠡᠷᠡᠴᠢᠯᠡᠭᠴᠢ ᠵᠢᠨ ᠰᠢᠭᠦᠯᠲᠡ᠎ᠳᠤ ᠣᠷᠤᠯᠴᠠᠬᠤ ᠵᠢᠨ ᠴᠢᠬᠤᠯᠠ ᠴᠢᠨᠠᠷ ᠵᠡᠷᠭᠡ ᠠᠭᠤᠯᠭ᠎ᠠ ᠵᠢ ᠪᠠᠭᠲᠠᠭ᠋ᠠᠬᠤ ᠬᠡᠷᠡᠭᠲᠡᠢ ᠪᠥᠭᠡᠳ ᠭᠡᠷᠡᠴᠢᠯᠡᠭᠴᠢ ᠵᠢᠨ ᠪᠡᠶ᠎ᠡ ᠵᠢᠨ ᠬᠢᠷᠢ ᠬᠡᠮ᠎ᠢ ᠭᠡᠷᠡᠴᠢᠯᠡᠬᠦ ᠪᠢᠴᠢᠭ ᠮᠠᠲ᠋ᠧᠷᠢᠶᠠᠯ᠎ᠢ ᠳᠠᠭ᠋ᠠᠯᠳᠤᠭᠤᠯᠬᠤ ᠬᠡᠷᠡᠭᠲᠡᠢ᠃ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠭᠡᠷᠡᠴᠢᠯᠡᠭᠴᠢ ᠵᠢᠨ ᠰᠢᠭᠦᠯᠲᠡ᠎ᠳᠤ ᠣᠷᠣᠯᠴᠠᠨ ᠭᠡᠷᠡᠴᠢᠯᠡᠬᠦ ᠵᠢ ᠵᠥᠪᠰᠢᠶᠡᠷᠡᠭᠰᠡᠨ ᠪᠠᠢ᠌ᠪᠠᠯ᠂ ᠲᠤᠬᠠᠢ ᠵᠢᠨ ᠬᠥᠮᠥᠨ᠎ᠤ ᠬᠠᠩᠭ᠋ᠠᠭᠰᠠᠨ ᠬᠠᠷᠢᠯᠴᠠᠬᠤ á  á ·á ­á Žá   ᠮᠠᠶᠢᠭ᠎ᠢ ᠦᠨᠳᠦᠰᠦᠯᠡᠨ ᠭᠡᠷᠡᠴᠢᠯᠡᠭᠴᠢ ᠵᠢ ᠰᠢᠭᠦᠯᠲᠡ᠎ᠳᠤ ᠣᠷᠣᠯᠴᠠᠭᠤᠯᠬᠤ᠎ᠪᠠᠷ ᠮᠡᠳᠡᠭᠳᠡᠵᠦ ᠪᠣᠯᠣᠨ᠎ᠠ᠃
    ᠭᠡᠷᠡᠴᠢᠯᠡᠭᠴᠢ ᠰᠢᠭᠦᠯᠲᠡ᠎ᠳᠤ ᠣᠷᠣᠯᠴᠠᠨ ᠭᠡᠷᠡᠴᠢᠯᠡᠬᠦ ᠦᠶ᠎ᠡ᠎ᠳᠤ᠂ ᠬᠥᠨᠳᠡᠯᠡᠨ᠎ᠠᠴᠠ ᠲᠠᠰᠤᠯᠬᠤ ᠲᠢᠩᠬᠢᠮ᠂ ᠲᠤᠬᠠᠢ ᠵᠢᠨ ᠬᠥᠮᠥᠨ᠎ᠨᠢ ᠭᠡᠷᠡᠴᠢᠯᠡᠬᠦ ᠠᠭᠤᠯᠭ᠎ᠠ ᠵᠢᠨ ᠲᠤᠬᠠᠢ ᠭᠡᠷᠡᠴᠢᠯᠡᠭᠴᠢ᠎ᠠᠴᠠ ᠠᠰᠠᠭᠤᠯᠲᠠ ᠠᠰᠠᠭᠤᠵᠤ ᠪᠣᠯᠣᠨ᠎ᠠ᠂ ᠭᠡᠷᠡᠴᠢᠯᠡᠭᠴᠢ ᠦᠨᠡᠨ ᠮᠥᠨ ᠵᠶ᠋ᠡᠷ᠎ᠨᠢ ᠬᠠᠷᠢᠭᠤᠯᠲᠠ ᠥᠭᠬᠦ ᠬᠡᠷᠡᠭᠲᠡᠢ᠃
    ᠳᠥᠴᠢᠨ ᠵᠢᠷᠭᠤᠳᠤᠭ᠋ᠠᠷ ᠵᠦᠢ᠍ᠯ   ᠲᠤᠬᠠᠢ ᠵᠢᠨ ᠬᠥᠮᠥᠨ᠎ᠨᠢ ᠪᠣᠳᠠᠲᠤ ᠶᠠᠪᠤᠳᠠᠯ᠎ᠢ ᠪᠠᠢ᠌ᠴᠠᠭ᠋ᠠᠨ ᠲᠣᠳᠣᠯᠠᠬᠤ ᠲᠤᠰᠬᠠᠢ ᠴᠢᠨᠠᠷᠲᠠᠢ ᠠᠰᠠᠭᠤᠳᠠᠯ᠎ᠤᠨ ᠲᠤᠬᠠᠢ ᠰᠢᠯᠭ᠋ᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠵᠤ ᠪᠣᠯᠣᠨ᠎ᠠ᠃ ᠲᠤᠬᠠᠢ ᠵᠢᠨ ᠬᠥᠮᠥᠨ᠎ᠨᠢ ᠰᠢᠯᠭ᠋ᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠪᠠᠯ᠂ ᠪᠢᠴᠢᠭ᠎ᠤᠨ ᠭᠤᠶᠤᠴᠢᠯᠠᠯ ᠵᠢᠴᠢ ᠴᠢᠬᠤᠯᠠ ᠪᠦᠬᠦᠢ ᠭᠡᠷᠡᠴᠢᠯᠡᠬᠦ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠢ᠃ ᠰᠢᠯᠭ᠋ᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠭᠰᠠᠨ ᠵᠦᠢ᠍ᠯ᠎ᠨᠢ ᠭᠡᠷᠡᠴᠢᠯᠡᠬᠦ᠎ᠪᠠᠷ ᠪᠠᠢ᠌ᠭ᠎ᠠ ᠪᠣᠳᠠᠲᠤ ᠶᠠᠪᠤᠳᠠᠯ᠎ᠲᠠᠢ ᠬᠣᠯᠪᠣᠭ᠎ᠠ ᠦᠭᠡᠢ ᠪᠤᠶᠤ ᠭᠡᠷᠡᠴᠢᠯᠡᠬᠦ᠎ᠪᠠᠷ ᠪᠠᠢ᠌ᠭ᠎ᠠ ᠪᠣᠳᠠᠲᠤ ᠶᠠᠪᠤᠳᠠᠯ᠎ᠢ ᠭᠡᠷᠡᠴᠢᠯᠡᠬᠦ᠎ᠳᠤ ᠤᠳᠬ᠎ᠠ ᠠᠭᠤᠯᠭ᠎ᠠ ᠦᠭᠡᠢ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ ᠵᠥᠪᠰᠢᠶᠡᠷᠡᠬᠦ ᠦᠭᠡᠢ ᠪᠠᠢ᠌ᠵᠤ ᠪᠣᠯᠣᠨ᠎ᠠ᠃ ᠲᠤᠬᠠᠢ ᠵᠢᠨ ᠬᠥᠮᠥᠨ᠎ᠨᠢ ᠭᠤᠶᠤᠴᠢᠯᠠᠯ á ­á  á ·á ­á ‹á  á ­á °á  á ¨ ᠦᠭᠡᠢ ᠪᠣᠯᠪᠠᠴᠤ ᠬᠥᠨᠳᠡᠯᠡᠨ᠎ᠠᠴᠠ ᠲᠠᠰᠤᠯᠬᠤ ᠲᠢᠩᠬᠢᠮ ᠰᠢᠯᠭ᠋ᠠᠨ ᠲᠣᠭᠲᠠᠭ᠋ᠠᠬᠤ ᠴᠢᠬᠤᠯᠠᠲᠠᠢ ᠭᠡᠵᠦ ᠦᠵᠡᠪᠡᠯ᠂ ᠰᠢᠯᠭ᠋ᠠᠨ ᠲᠣᠭᠲᠠᠭ᠋ᠠᠯᠲᠠ ᠬᠢᠬᠦ᠎ᠪᠠᠷ ᠲᠣᠭᠲᠠᠭ᠋ᠠᠵᠤ ᠪᠣᠯᠣᠨ᠎ᠠ᠃
    ᠲᠤᠬᠠᠢ ᠵᠢᠨ ᠬᠥᠮᠥᠨ᠎ᠨᠢ ᠰᠢᠯᠭ᠋ᠠᠨ ᠲᠣᠭᠲᠠᠭ᠋ᠠᠯᠲᠠ ᠬᠢᠯᠭᠡᠬᠦ᠎ᠪᠠᠷ ᠭᠤᠶᠤᠴᠢᠯᠠᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠵᠦᠢ ᠵᠣᠬᠢᠰᠲᠠᠢ ᠬᠤᠭᠤᠴᠠᠭ᠋ᠠᠨ᠎ᠤ ᠳᠣᠲᠣᠷ᠎ᠠ ᠲᠣᠭᠲᠠᠭ᠋ᠠᠯ ᠭᠠᠷᠭ᠋ᠠᠬᠤ ᠬᠡᠷᠡᠭᠲᠡᠢ᠃ ᠬᠥᠨᠳᠡᠯᠡᠨ᠎ᠠᠴᠠ ᠲᠠᠰᠤᠯᠬᠤ ᠲᠢᠩᠬᠢᠮ ᠰᠢᠯᠭ᠋ᠠᠨ ᠲᠣᠭᠲᠠᠭ᠋ᠠᠯᠲᠠ ᠬᠢᠬᠦ᠎ᠪᠠᠷ ᠲᠣᠭᠲᠠᠭ᠋ᠠᠭᠰᠠᠨ ᠪᠠᠢ᠌ᠪᠠᠯ᠂ ᠲᠤᠬᠠᠢ ᠵᠢᠨ ᠬᠥᠮᠥᠨ᠎ᠳᠤ ᠮᠡᠳᠡᠭᠳᠡᠵᠦ ᠲᠣᠭᠲᠠᠭᠰᠠᠨ ᠬᠤᠭᠤᠴᠠᠭ᠋ᠠᠨ᠎ᠤ ᠳᠣᠲᠣᠷ᠎ᠠ ᠰᠢᠯᠭ᠋ᠠᠨ ᠲᠣᠭᠲᠠᠭ᠋ᠠᠬᠤ ᠪᠠᠢ᠌ᠭᠤᠯᠤᠮᠵᠢ ᠵᠢ ᠰᠣᠩᠭᠣᠨ ᠲᠣᠭᠲᠠᠭ᠋ᠠᠯᠭ᠋ᠠᠬᠤ ᠵᠢᠨ ᠬᠠᠮᠲᠤ ᠰᠢᠯᠭ᠋ᠠᠨ ᠲᠣᠭᠲᠠᠭ᠋ᠠᠬᠤ ᠵᠦᠢ᠍ᠯᠡᠰ᠎ᠢ ᠮᠡᠳᠡᠭᠳᠡᠬᠦ ᠬᠡᠷᠡᠭᠲᠡᠢ᠃ ᠲᠤᠬᠠᠢ ᠵᠢᠨ ᠬᠥᠮᠥᠨ᠎ᠨᠢ ᠰᠢᠯᠭ᠋ᠠᠨ ᠲᠣᠭᠲᠠᠭ᠋ᠠᠬᠤ ᠪᠠᠢ᠌ᠭᠤᠯᠤᠮᠵᠢ ᠵᠢ ᠰᠣᠩᠭᠣᠨ ᠲᠣᠭᠲᠠᠭ᠋ᠠᠬᠤ ᠵᠢᠨ ᠬᠠᠮᠲᠤ ᠰᠢᠯᠭ᠋ᠠᠨ ᠲᠣᠭᠲᠠᠭ᠋ᠠᠬᠤ ᠴᠢᠬᠤᠯᠠᠲᠠᠢ ᠵᠦᠢ᠍ᠯ᠎ᠢ ᠲᠣᠭᠲᠠᠭ᠋ᠠᠭᠰᠠᠨ᠎ᠤ ᠳᠠᠷᠠᠭ᠎ᠠ᠂ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠰᠢᠯᠭ᠋ᠠᠨ ᠲᠣᠭᠲᠠᠭ᠋ᠠᠬᠤ ᠪᠠᠢ᠌ᠭᠤᠯᠤᠮᠵᠢ᠎ᠳᠤ ᠨᠢᠭᠡᠳᠦᠯᠲᠡᠢ ᠨᠠᠢ᠌ᠳᠠᠨ᠎ᠠ᠃
    ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠲᠣᠭᠲᠠᠭ᠋ᠠᠭᠰᠠᠨ ᠬᠤᠭᠤᠴᠠᠭ᠋ᠠᠨ ᠳᠣᠲᠣᠷ᠎ᠠ ᠵᠣᠬᠢᠴᠠᠩᠭᠤᠢ ᠬᠢᠷᠢ ᠬᠡᠮ ᠪᠦᠬᠦᠢ ᠰᠢᠯᠭ᠋ᠠᠨ ᠲᠣᠭᠲᠠᠭ᠋ᠠᠬᠤ ᠪᠠᠢ᠌ᠭᠤᠯᠤᠮᠵᠢ ᠵᠢ ᠬᠠᠮᠲᠤ᠎ᠪᠠᠷ ᠰᠣᠩᠭᠣᠨ ᠲᠣᠭᠲᠠᠭ᠋ᠠᠬᠤ ᠪᠤᠶᠤ ᠰᠢᠯᠭ᠋ᠠᠨ ᠲᠣᠭᠲᠠᠭ᠋ᠠᠬᠤ ᠪᠠᠢ᠌ᠭᠤᠯᠤᠮᠵᠢ ᠵᠢ ᠰᠣᠩᠭᠣᠬᠤ ᠳᠦᠷᠢᠮ᠎ᠢ ᠬᠠᠮᠲᠤ᠎ᠪᠠᠷ ᠲᠣᠭᠲᠠᠭ᠋ᠠᠬᠤ ᠬᠡᠷᠡᠭᠲᠡᠢ᠃ ᠲᠤᠬᠠᠢ ᠵᠢᠨ ᠬᠥᠮᠥᠨ᠎ᠨᠢ ᠰᠠᠨᠠᠯ ᠨᠢᠭᠡᠳᠦᠭᠰᠡᠨ ᠦᠭᠡᠢ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠵᠢᠭ᠋ᠠᠨ ᠲᠣᠭᠲᠠᠭ᠋ᠠᠨ᠎ᠠ᠃
    ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠲᠣᠭᠲᠠᠭ᠋ᠠᠭᠰᠠᠨ ᠬᠠᠷᠢᠴᠠᠯ ᠪᠠ ᠬᠤᠭᠤᠴᠠᠭ᠎ᠠ ᠶᠣᠰᠣᠭ᠋ᠠᠷ ᠰᠢᠯᠭ᠋ᠠᠨ ᠲᠣᠭᠲᠠᠭ᠋ᠠᠬᠤ ᠵᠠᠷᠤᠳᠠᠯ᠎ᠢ ᠤᠷᠢᠳᠴᠢᠯᠠᠨ ᠲᠤᠰᠢᠶᠠᠬᠤ ᠬᠡᠷᠡᠭᠲᠡᠢ᠃ ᠬᠥᠨᠳᠡᠯᠡᠨ᠎ᠠᠴᠠ ᠲᠠᠰᠤᠯᠬᠤ ᠲᠢᠩᠬᠢᠮ ᠴᠢᠬᠤᠯᠠᠲᠠᠢ ᠭᠡᠵᠦ ᠦᠵᠡᠭᠡᠳ ᠰᠢᠯᠭ᠋ᠠᠨ ᠲᠣᠭᠲᠠᠭ᠋ᠠᠯᠲᠠ ᠬᠢᠬᠦ᠎ᠪᠠᠷ ᠲᠣᠭᠲᠠᠭ᠋ᠠᠭᠰᠠᠨ᠎ᠢ ᠭᠠᠷᠭ᠋ᠠᠪᠠᠯ᠂ ᠲᠤᠬᠠᠢ ᠵᠢᠨ ᠬᠥᠮᠥᠨ᠎ᠨᠢ ᠵᠢᠭ᠋ᠠᠨ ᠲᠣᠭᠲᠠᠭ᠋ᠠᠭᠰᠠᠨ ᠬᠤᠭᠤᠴᠠᠭ᠋ᠠᠨ᠎ᠤ ᠳᠣᠲᠣᠷ᠎ᠠ ᠰᠢᠯᠭ᠋ᠠᠨ ᠲᠣᠭᠲᠠᠭ᠋ᠠᠯᠲᠠ ᠵᠢᠨ ᠵᠠᠷᠤᠳᠠᠯ᠎ᠢ ᠤᠷᠢᠳᠴᠢᠯᠠᠨ ᠲᠤᠰᠢᠶᠠᠭᠰᠠᠨ ᠦᠭᠡᠢ ᠪᠠᠢ᠌ᠪᠠᠯ᠂ ᠰᠢᠯᠭ᠋ᠠᠨ ᠲᠣᠭᠲᠠᠭ᠋ᠠᠯᠲᠠ ᠬᠢᠬᠦ ᠦᠭᠡᠢ᠃ ᠰᠢᠯᠭ᠋ᠠᠨ ᠲᠣᠭᠲᠠᠭ᠋ᠠᠬᠤ ᠵᠠᠷᠤᠳᠠᠯ᠎ᠤᠨ ᠬᠠᠮᠤᠭ ᠡᠴᠦᠰ᠎ᠤᠨ ᠡᠭᠦᠷᠭᠡᠯᠡᠬᠦ ᠪᠡᠶᠡᠴᠢ ᠴᠣᠭᠴᠠ ᠪᠠ ᠬᠠᠷᠢᠴᠠᠯ᠎ᠢ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠲᠣᠭᠲᠠᠭ᠋ᠠᠯᠲᠠ ᠭᠠᠷᠭ᠋ᠠᠬᠤ᠎ᠳᠠᠭᠠᠨ ᠲᠣᠭᠲᠠᠭ᠋ᠠᠨ᠎ᠠ᠃
    ᠳᠥᠴᠢᠨ ᠳᠣᠯᠣᠳᠤᠭ᠋ᠠᠷ ᠵᠦᠢ᠍ᠯ   ᠲᠤᠬᠠᠢ ᠵᠢᠨ ᠬᠥᠮᠥᠨ᠎ᠨᠢ ᠬᠣᠯᠪᠣᠭᠳᠠᠯ ᠪᠦᠬᠦᠢ ᠲᠤᠰᠬᠠᠢ ᠮᠡᠷᠭᠡᠵᠢᠯ᠎ᠤᠨ ᠠᠵᠢᠯᠲᠠᠨ᠎ᠤ ᠲᠤᠰᠬᠠᠢ ᠮᠡᠷᠭᠡᠵᠢᠯ᠎ᠤᠨ ᠰᠠᠨᠠᠯ᠎ᠢ ᠰᠣᠨᠣᠰᠬᠤ᠎ᠪᠠᠷ ᠭᠤᠶᠤᠴᠢᠯᠠᠭᠰᠠᠨ ᠪᠠᠢ᠌ᠪᠠᠯ᠂ ᠳᠡᠪᠰᠢᠭᠦᠯᠦᠭᠰᠡᠨ ᠪᠢᠴᠢᠭ᠎ᠤᠨ ᠭᠤᠶᠤᠴᠢᠯᠠᠯ᠎ᠳᠠᠭᠠᠨ ᠬᠣᠯᠪᠣᠭᠳᠠᠯ ᠪᠦᠬᠦᠢ ᠲᠤᠰᠬᠠᠢ ᠮᠡᠷᠭᠡᠵᠢᠯ᠎ᠤᠨ ᠠᠵᠢᠯᠲᠠᠨ᠎ᠤ ᠮᠡᠳᠡᠭᠡ ᠵᠠᠩᠭᠢ᠂ ᠬᠠᠷᠢᠯᠴᠠᠬᠤ á  á ·á ­á Žá   ᠮᠠᠶᠢᠭ ᠵᠢᠴᠢ ᠭᠡᠷᠡᠴᠢᠯᠡᠬᠦ᠎ᠪᠠᠷ ᠪᠠᠢ᠌ᠭ᠎ᠠ ᠲᠤᠰᠬᠠᠢ ᠮᠡᠷᠭᠡᠵᠢᠯ᠎ᠤᠨ ᠴᠢᠨᠠᠷᠲᠠᠢ ᠠᠰᠠᠭᠤᠳᠠᠯ ᠵᠡᠷᠭᠡ ᠠᠭᠤᠯᠭ᠎ᠠ ᠵᠢ ᠲᠣᠳᠣᠷᠬᠠᠢ᠌ᠯᠠᠬᠤ ᠵᠢᠨ ᠬᠠᠮᠲᠤ ᠬᠣᠯᠪᠣᠭᠳᠠᠯ ᠪᠦᠬᠦᠢ ᠲᠤᠰᠬᠠᠢ ᠮᠡᠷᠭᠡᠵᠢᠯ᠎ᠤᠨ ᠠᠵᠢᠯᠲᠠᠨ᠎ᠤ ᠪᠡᠶ᠎ᠡ ᠵᠢ ᠭᠡᠷᠡᠴᠢᠯᠡᠬᠦ ᠪᠢᠴᠢᠭ ᠮᠠᠲ᠋ᠧᠷᠢᠶᠠᠯ ᠵᠢᠴᠢ ᠬᠣᠯᠪᠣᠭᠳᠠᠯ ᠪᠦᠬᠦᠢ ᠲᠤᠰᠬᠠᠢ ᠮᠡᠷᠭᠡᠵᠢᠯ᠎ᠤᠨ ᠬᠢᠷᠢ ᠬᠡᠮᠵᠢᠶ᠎ᠡ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ᠎ᠢ ᠳᠠᠭ᠋ᠠᠯᠳᠤᠭᠤᠯᠬᠤ ᠬᠡᠷᠡᠭᠲᠡᠢ᠃ ᠲᠤᠬᠠᠢ ᠵᠢᠨ ᠬᠥᠮᠥᠨ᠎ᠤ ᠭᠤᠶᠤᠴᠢᠯᠠᠯ᠎ᠢ ᠭᠥᠯᠢᠶᠡᠨ ᠠᠪᠬᠤ ᠡᠰᠡᠬᠦ ᠵᠢ ᠬᠥᠨᠳᠡᠯᠡᠨ᠎ᠠᠴᠠ ᠲᠠᠰᠤᠯᠬᠤ ᠲᠢᠩᠬᠢᠮ ᠲᠣᠭᠲᠠᠭ᠋ᠠᠨ᠎ᠠ᠃
    ᠬᠥᠨᠳᠡᠯᠡᠨ᠎ᠠᠴᠠ ᠲᠠᠰᠤᠯᠬᠤ ᠲᠢᠩᠬᠢᠮ ᠲᠤᠰᠬᠠᠢ ᠮᠡᠷᠭᠡᠵᠢᠯ᠎ᠤᠨ ᠰᠠᠨᠠᠯ᠎ᠢ ᠰᠣᠨᠣᠰᠬᠤ᠎ᠳᠠᠭᠠᠨ ᠲᠢᠩᠬᠢᠮ᠎ᠤᠨ ᠰᠢᠭᠦᠯᠲᠡ ᠵᠢᠨ ᠪᠠᠢ᠌ᠴᠠᠭ᠋ᠠᠯᠲᠠ ᠵᠢᠨ ᠠᠵᠢᠯ᠎ᠤᠨ ᠲᠠᠷᠠᠭ᠋ᠠᠯᠠᠯ ᠳᠤᠮᠳᠠ ᠶᠠᠪᠤᠭᠳᠠᠭᠤᠯᠵᠤ᠂ ᠲᠤᠬᠠᠢ ᠵᠢᠨ ᠬᠥᠮᠥᠨ᠎ᠢ ᠵᠣᠬᠢᠶᠠᠨ ᠪᠠᠢ᠌ᠭᠤᠯᠵᠤ ᠰᠢᠭᠦᠯᠲᠡ᠎ᠳᠤ ᠣᠷᠣᠯᠴᠠᠭᠰᠠᠨ ᠲᠤᠰᠬᠠᠢ ᠮᠡᠷᠭᠡᠵᠢᠯ᠎ᠤᠨ ᠠᠵᠢᠯᠲᠠᠨ᠎ᠠᠴᠠ ᠯᠠᠪᠯᠠᠨ ᠠᠰᠠᠭᠤᠬᠤ ᠬᠡᠷᠡᠭᠲᠡᠢ; ᠲᠤᠬᠠᠢ ᠵᠢᠨ ᠬᠥᠮᠥᠨ᠎ᠤ ᠲᠤᠰ ᠲᠤᠰ᠎ᠤᠨ ᠭᠤᠶᠤᠴᠢᠯᠠᠭᠰᠠᠨ ᠲᠤᠰᠬᠠᠢ ᠮᠡᠷᠭᠡᠵᠢᠯ᠎ᠤᠨ ᠠᠵᠢᠯᠲᠠᠨ ᠰᠢᠯᠭ᠋ᠠᠨ ᠲᠣᠭᠲᠠᠭ᠋ᠠᠭᠰᠠᠨ ᠰᠠᠨᠠᠯ ᠪᠤᠶᠤ ᠲᠤᠰᠬᠠᠢ ᠮᠡᠷᠭᠡᠵᠢᠯ᠎ᠤᠨ ᠴᠢᠨᠠᠷᠲᠠᠢ ᠠᠰᠠᠭᠤᠳᠠᠯ᠎ᠤᠨ ᠲᠤᠬᠠᠢ ᠨᠢᠭᠤᠷ ᠲᠤᠯᠭ᠋ᠠᠵᠤ ᠪᠣᠯᠣᠨ᠎ᠠ᠃ ᠲᠤᠬᠠᠢ ᠵᠢᠨ ᠬᠥᠮᠥᠨ ᠵᠶ᠋ᠡᠷ ᠰᠠᠨᠠᠯ ᠨᠢᠭᠡᠲᠡᠢ ᠵᠥᠪᠰᠢᠶᠡᠷᠡᠭᠦᠯᠦᠭᠡᠳ ᠪᠢᠴᠢᠭ ᠵᠶ᠋ᠡᠷ ᠲᠤᠯᠭ᠋ᠠᠨ ᠭᠡᠷᠡᠴᠢᠯᠡᠭᠦᠯᠦᠭᠰᠡᠨ ᠴᠦ᠍ ᠪᠣᠯᠣᠨ᠎ᠠ᠃
    ᠬᠣᠯᠪᠣᠭᠳᠠᠯ ᠪᠦᠬᠦᠢ ᠲᠤᠰᠬᠠᠢ ᠮᠡᠷᠭᠡᠵᠢᠯ᠎ᠤᠨ ᠠᠵᠢᠯᠲᠠᠨ ᠰᠢᠯᠭ᠋ᠠᠨ ᠲᠣᠭᠲᠠᠭ᠋ᠠᠭᠰᠠᠨ ᠰᠠᠨᠠᠯ ᠪᠤᠶᠤ ᠲᠤᠰᠬᠠᠢ ᠮᠡᠷᠭᠡᠵᠢᠯ᠎ᠤᠨ ᠴᠢᠨᠠᠷᠲᠠᠢ ᠠᠰᠠᠭᠤᠳᠠᠯ᠎ᠠᠴᠠ ᠭᠠᠳᠠᠨᠠᠬᠢ ᠰᠢᠭᠦᠬᠦ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ᠃
    ᠬᠣᠯᠪᠣᠭᠳᠠᠯ ᠪᠦᠬᠦᠢ ᠲᠤᠰᠬᠠᠢ ᠮᠡᠷᠭᠡᠵᠢᠯ᠎ᠤᠨ ᠠᠵᠢᠯᠲᠠᠨ᠎ᠤ ᠰᠢᠭᠦᠯᠲᠡ᠎ᠳᠤ ᠣᠷᠤᠯᠴᠠᠬᠤ ᠵᠠᠷᠤᠳᠠᠯ᠎ᠢ ᠭᠤᠶᠤᠴᠢᠯᠠᠯ á ­á  á ·á ­á ‹á  á ­á °á  á ¨ ᠲᠤᠬᠠᠢ ᠵᠢᠨ ᠬᠥᠮᠥᠨ ᠥᠪᠡᠰᠦᠪᠡᠨ ᠡᠭᠦᠷᠭᠡᠯᠡᠨ᠎ᠡ᠃
    ᠳᠥᠴᠢᠨ ᠨᠠᠢ᠍ᠮᠠᠳᠤᠭ᠋ᠠᠷ ᠵᠦᠢ᠍ᠯ   ᠲᠤᠤᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠬᠥᠨᠳᠡᠯᠡᠨ᠎ᠠᠴᠠ ᠲᠠᠰᠤᠯᠬᠤ   ᠠᠵᠢᠯ᠎ᠤᠨ ᠲᠠᠷᠠᠭ᠋ᠠᠯᠠᠯ᠎ᠢ ᠲᠤᠷᠭᠤᠨ ᠵᠣᠭᠰᠣᠭ᠋ᠠᠵᠤ ᠪᠣᠯᠣᠨ᠎ᠠ᠄
    (ᠨᠢᠭᠡ) ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠨᠢ ᠬᠠᠮᠲᠤ᠎ᠪᠠᠷ ᠭᠤᠶᠤᠴᠢᠯᠠᠭᠰᠠᠨ ᠪᠤᠶᠤ ᠨᠢᠭᠡ ᠲᠠᠯ᠎ᠠ ᠵᠢᠨ ᠲᠤᠬᠠᠢ ᠵᠢᠨ ᠬᠥᠮᠥᠨ᠎ᠨᠢ ᠭᠤᠶᠤᠴᠢᠯᠠᠭᠰᠠᠨ ᠪᠠᠢ᠌ᠲᠠᠯ᠎ᠠ ᠪᠤᠰᠤᠳ ᠲᠤᠬᠠᠢ ᠵᠢᠨ ᠬᠥᠮᠥᠨ᠎ᠨᠢ á ¡á °á ¡ ᠡᠰᠡᠷᠭᠦᠴᠡᠭᠰᠡᠨ;
     ï¼ˆá ¬á £á ¶á  á ·ï¼‰ ᠲᠤᠬᠠᠢ ᠵᠢᠨ ᠬᠥᠮᠥᠨ᠎ᠨᠢ ᠡᠰᠡᠷᠭᠦᠴᠡᠰᠢ ᠦᠭᠡᠢ ᠬᠦᠴᠦᠨ᠎ᠠᠴᠠ ᠪᠣᠯᠵᠤ ᠬᠥᠨᠳᠡᠯᠡᠨ᠎ᠠᠴᠠ ᠲᠠᠰᠤᠯᠬᠤ᠎ᠳᠤ ᠣᠷᠣᠯᠴᠠᠵᠤ ᠴᠢᠳᠠᠬᠤ ᠦᠭᠡᠢ ᠪᠣᠯᠤᠭᠰᠠᠨ;
    (ᠭᠤᠷᠪᠠ) ᠲᠤᠰ ᠬᠡᠷᠡᠭ᠎ᠢ ᠰᠢᠭᠦᠬᠦ᠎ᠳᠤ ᠲᠠᠰᠤᠯᠤᠭ᠋ᠠᠳᠤᠢ ᠪᠤᠰᠤᠳ ᠵᠦᠢ᠍ᠯᠡᠰ ᠵᠶ᠋ᠡᠷ ᠦᠨᠳᠦᠰᠦ ᠪᠠᠷᠢᠮᠲᠠ ᠪᠣᠯᠭ᠋ᠠᠬᠤ ᠴᠢᠬᠤᠯᠠᠲᠠᠢ ᠪᠠᠢ᠌ᠬᠤ;
     ï¼ˆá ²á ¦á ·á ªá ¡ï¼‰ ᠪᠤᠰᠤᠳ ᠣᠨᠴᠠᠭ᠋ᠠᠶ ᠪᠠᠢ᠌ᠳᠠᠯ᠎ᠲᠠᠢ ᠪᠠᠢ᠌ᠵᠤ ᠬᠥᠨᠳᠡᠯᠡᠨ᠎ᠠᠴᠠ ᠲᠠᠰᠤᠯᠬᠤ ᠵᠢᠷᠤᠮ᠎ᠢ ᠲᠤᠷᠭᠤᠠ ᠵᠣᠭᠰᠤᠭ᠋ᠠᠬᠤ ᠴᠢᠬᠤᠯᠠᠲᠠᠢ ᠪᠠᠢ᠌ᠬᠤ᠃
    ᠳᠥᠴᠢ ᠶᠢᠰᠦᠳᠦᠭᠡᠷ ᠵᠦᠢ᠍ᠯ   ᠳᠤᠷᠭᠤᠨ ᠵᠣᠭᠰᠤᠭ᠋ᠠᠬᠤ ᠪᠠᠢ᠌ᠳᠠᠯ ᠠᠷᠢᠯᠤᠭᠰᠠᠨ᠎ᠤ ᠳᠠᠷᠠᠭ᠎ᠠ᠂ ᠠᠯᠢ ᠨᠢᠭᠡ ᠲᠠᠯ᠎ᠠ ᠵᠢᠨ ᠲᠤᠬᠠᠢ ᠵᠢᠨ ᠬᠥᠮᠥᠨ᠎ᠨᠢ ᠴᠦ᠍ ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ᠎ᠢ ᠰᠡᠷᠭᠦᠭᠡᠬᠦ᠎ᠪᠠᠷ ᠭᠤᠶᠤᠴᠢᠯᠠᠬᠤ ᠪᠤᠶᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠂ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠰᠡᠷᠭᠦᠭᠡᠬᠦ ᠴᠢᠬᠤᠯᠠᠲᠠᠢ ᠭᠡᠵᠦ ᠦᠵᠡᠪᠡᠯ᠂ ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ᠎ᠢ ᠰᠡᠷᠭᠦᠭᠡᠵᠦ ᠪᠣᠯᠣᠨ᠎ᠠ᠃
    ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ᠎ᠢ ᠵᠣᠭᠰᠤᠭ᠋ᠠᠬᠤ ᠪᠠ ᠰᠡᠷᠭᠦᠭᠡᠬᠦ ᠵᠢ ᠬᠥᠨᠳᠡᠯᠡᠨ᠎ᠠᠴᠠ ᠲᠠᠰᠤᠯᠬᠤ ᠲᠢᠩᠬᠢᠮ ᠲᠣᠭᠲᠠᠭ᠋ᠠᠨ᠎ᠠ; ᠬᠥᠨᠳᠡᠯᠡᠨ᠎ᠠᠴᠠ ᠲᠠᠰᠤᠯᠬᠤ ᠲᠢᠩᠬᠢᠮ ᠬᠠᠷᠠᠬᠠᠨ ᠪᠦᠷᠢᠯᠳᠦᠭᠡᠳᠦᠢ ᠪᠠᠢ᠌ᠪᠠᠯ᠂ ᠡᠷᠬᠢᠯᠡᠭᠴᠢ᠎ᠠᠴᠠ ᠲᠣᠭᠲᠠᠭ᠋ᠠᠨ᠎ᠠ᠃
    ᠲᠠᠪᠢᠳᠤᠭ᠋ᠠᠷ ᠵᠦᠢ᠍ᠯ   ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠤᠭᠤᠯᠬᠤ ᠪᠦᠬᠦ ᠭᠤᠶᠤᠴᠢᠯᠠᠯ ᠪᠤᠶᠤ ᠬᠥᠨᠳᠡᠯᠡᠨ᠎ᠠᠴᠠ ᠲᠠᠰᠤᠯᠤᠭᠤᠯᠬᠤ ᠪᠦᠬᠦ ᠬᠡᠳᠡᠷᠬᠦ ᠭᠤᠶᠤᠴᠢᠯᠠᠯ ᠵᠶ᠋ᠠᠨ ᠪᠤᠴᠠᠭ᠋ᠠᠨ ᠠᠪᠴᠤ ᠪᠣᠯᠣᠨ᠎ᠠ᠃ ᠭᠤᠶᠤᠴᠢᠯᠠᠭᠴᠢ ᠬᠥᠨᠳᠡᠯᠡᠨ᠎ᠠᠴᠠ ᠲᠠᠰᠤᠯᠤᠭᠤᠯᠬᠤ ᠪᠦᠬᠦ ᠭᠤᠶᠤᠴᠢᠯᠠᠯ ᠵᠶ᠋ᠠᠨ ᠪᠤᠴᠠᠭ᠋ᠠᠭᠰᠠᠨ ᠴᠤ᠌ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠭᠤᠶᠤᠴᠢᠯᠠᠭᠳᠠᠭᠴᠢ ᠵᠢᠨ ᠬᠥᠨᠳᠡᠯᠡᠨ᠎ᠠᠴᠠ ᠲᠠᠰᠤᠯᠤᠭᠤᠯᠬᠤ ᠭᠡᠲᠡᠷᠭᠦ ᠭᠤᠶᠤᠴᠢᠯᠠᠯ᠎ᠢ ᠰᠢᠭᠦᠬᠦ ᠪᠠ ᠲᠠᠰᠤᠯᠤᠨ ᠲᠣᠭᠲᠠᠭ᠋ᠠᠬᠤ ᠵᠢ ᠨᠥᠯᠥᠭᠡᠯᠡᠬᠦ ᠦᠭᠡᠢ᠃ ᠭᠤᠶᠤᠴᠢᠯᠠᠭᠳᠠᠭᠴᠢ᠎ᠨᠢ ᠬᠥᠨᠳᠡᠯᠡᠨ᠎ᠠᠴᠠ ᠲᠠᠰᠤᠯᠤᠭᠤᠯᠬᠤ ᠪᠦᠬᠦ ᠬᠡᠳᠡᠷᠬᠦ ᠭᠤᠶᠤᠴᠢᠯᠠᠯ ᠵᠶ᠋ᠠᠨ ᠪᠤᠴᠠᠭ᠋ᠠᠭᠰᠠᠨ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠭᠤᠶᠤᠴᠢᠯᠠᠭᠴᠢ ᠵᠢᠨ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠢ ᠰᠢᠭᠦᠬᠦ ᠪᠠ ᠲᠠᠰᠤᠯᠤᠨ ᠲᠣᠭᠲᠠᠭ᠋ᠠᠬᠤ ᠵᠢ ᠨᠥᠯᠥᠭᠡᠯᠡᠬᠦ ᠦᠭᠡᠢ᠃
    ᠲᠤᠬᠠᠢ ᠵᠢᠨ ᠬᠥᠮᠥᠨ᠎ᠤ ᠲᠤᠰ ᠪᠡᠶ᠎ᠡ ᠵᠢᠨ ᠰᠢᠯᠲᠠᠭ᠋ᠠᠨ᠎ᠠᠴᠠ ᠪᠣᠯᠵᠤ ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ᠎ᠢ ᠶᠠᠪᠤᠭᠳᠠᠭᠤᠯᠵᠤ ᠴᠢᠳᠠᠬᠤ ᠦᠭᠡᠢ ᠪᠣᠯᠭ᠋ᠠᠭᠰᠠᠨ ᠪᠠᠢ᠌ᠪᠠᠯ᠂ ᠲᠡᠭᠦᠨ᠎ᠤ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ ᠵᠶ᠋ᠠᠨ ᠪᠤᠴᠠᠭ᠋ᠠᠭᠰᠠᠨ ᠪᠤᠶᠤ ᠬᠡᠳᠡᠷᠬᠦ ᠭᠤᠶᠤᠴᠢᠯᠠᠯ ᠵᠶ᠋ᠠᠨ ᠪᠤᠴᠠᠭ᠋ᠠᠭᠰᠠᠨ ᠵᠶ᠋ᠠᠷ ᠦᠵᠡᠵᠦ ᠪᠤᠯᠤᠨ᠎ᠡ᠃
    ᠲᠤᠬᠠᠢ ᠵᠢᠨ ᠬᠥᠮᠥᠨ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ ᠵᠶ᠋ᠠᠨ ᠪᠤᠴᠠᠭ᠋ᠠᠭᠰᠠᠨ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠬᠦ᠎ᠠᠴᠠ ᠡᠮᠦᠨ᠎ᠡ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠠᠴᠠ ᠲᠣᠭᠲᠠᠭ᠋ᠠᠵᠤ᠂ ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠭᠰᠡᠨ᠎ᠤ ᠳᠠᠷᠠᠭ᠎ᠠ ᠬᠥᠨᠳᠡᠯᠡᠨ᠎ᠠᠴᠠ ᠲᠠᠰᠤᠯᠬᠤ ᠲᠢᠩᠬᠢᠮ ᠲᠣᠭᠲᠠᠭ᠋ᠠᠨ᠎ᠠ᠃
    ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ ᠪᠠ ᠭᠡᠳᠡᠷᠬᠦ ᠭᠤᠶᠤᠴᠢᠯᠠᠯ ᠵᠶ᠋ᠠᠨ ᠪᠦᠬᠦᠠ᠎ᠢ ᠪᠤᠴᠠᠭ᠋ᠠᠭᠰᠠᠨ ᠪᠠᠢ᠌ᠪᠠᠯ᠂ ᠬᠡᠷᠡᠭ᠎ᠢ ᠬᠦᠴᠦᠨ   ᠦᠭᠡᠢ ᠪᠣᠯᠭ᠋ᠠᠵᠤ ᠪᠣᠯᠣᠨ᠎ᠠ᠃ ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠬᠦ᠎ᠠᠴᠠ ᠡᠮᠦᠨ᠎ᠡ ᠬᠡᠷᠡᠭ᠎ᠢ ᠬᠦᠴᠦᠨ ᠦᠭᠡᠢ ᠪᠣᠯᠭ᠋ᠠᠭᠰᠠᠨ ᠪᠠᠢ᠌ᠪᠠᠯ᠂ ᠡᠷᠬᠢᠯᠡᠭᠴᠢ᠎ᠠᠴᠠ ᠬᠡᠷᠡᠭ᠎ᠢ ᠬᠦᠴᠦᠨ ᠦᠭᠡᠢ ᠪᠣᠯᠭ᠋ᠠᠬᠤ ᠲᠣᠭᠲᠠᠭ᠋ᠠᠯ ᠭᠠᠷᠭ᠋ᠠᠨ᠎ᠠ; ᠬᠥᠨᠳᠡᠯᠡᠨ᠎ᠠᠴᠠ ᠲᠠᠰᠤᠯᠬᠤ ᠲᠢᠩᠬᠢᠮ ᠪᠦᠷᠢᠯᠳᠦᠭᠰᠡᠨ᠎ᠤ ᠲᠡᠷᠡᠭ᠎ᠠ ᠬᠡᠷᠡᠭ᠎ᠢ ᠬᠦᠴᠦᠨ ᠦᠭᠡᠢ ᠪᠣᠯᠭ᠋ᠠᠭᠰᠠᠨ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠬᠡᠷᠡᠭ᠎ᠢ ᠬᠦᠴᠦᠨ ᠦᠭᠡᠢ ᠪᠣᠯᠭ᠋ᠠᠬᠤ ᠲᠣᠭᠲᠠᠭ᠋ᠠᠯ ᠭᠠᠷᠭ᠋ᠠᠨ᠎ᠠ᠃ á ­á  á ·á ­á ‹á  á ­á °á  á ¨ ᠬᠡᠷᠡᠭ᠎ᠢ ᠬᠦᠴᠦᠨ ᠦᠭᠡᠢ ᠪᠣᠯᠭ᠋ᠠᠬᠤ ᠲᠣᠭᠲᠠᠭ᠋ᠠᠯ᠎ᠳᠤ ᠴᠥᠮ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠲᠠᠮᠠᠭ᠎ᠠ ᠵᠢ ᠳᠠᠷᠤᠬᠤ ᠬᠡᠷᠡᠭᠲᠡᠢ᠃
    ᠲᠡᠪᠢᠠ ᠨᠢᠭᠡᠳᠦᠭᠡᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ ᠳᠤᠮᠳᠠ ᠬᠡᠷᠡᠭ᠎ᠢ ᠡᠶᠡᠳᠡᠭᠦᠯᠵᠦ ᠪᠣᠯᠣᠨ᠎ᠠ᠂ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠨᠢ ᠴᠦ᠍ ᠥᠪᠡᠰᠦᠪᠡᠨ ᠡᠶᠡᠳᠡᠵᠦ ᠪᠣᠯᠣᠨ᠎ᠠ᠃
    ᠬᠥᠭᠡᠷᠦᠭᠦᠯᠬᠦ ᠡᠮ᠎ᠢ ᠡᠰᠡᠷᠭᠦᠴᠡᠬᠦ᠎ᠲᠠᠢ ᠬᠣᠯᠪᠣᠭᠳᠠᠯ ᠪᠦᠬᠦᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ᠎ᠳᠤ᠂ ᠬᠥᠨᠳᠡᠯᠡᠨ᠎ᠠᠴᠠ ᠲᠠᠰᠤᠯᠬᠤ ᠲᠢᠩᠬᠢᠮ ᠡᠶᠡᠳᠡᠭᠦᠯᠬᠦ ᠪᠤᠶᠤ ᠲᠤᠬᠠᠢ ᠵᠢᠨ ᠬᠥᠮᠥᠨ᠎ᠨᠢ ᠥᠪᠡᠷ ᠵᠶ᠋ᠡᠨ ᠡᠶᠡᠳᠡᠬᠦ᠎ᠳᠤ ᠪᠠᠰᠠ ᠳᠤᠮᠳᠠᠳᠤ ᠤᠯᠤᠰ᠎ᠤᠨ ᠬᠥᠭᠡᠷᠦᠭᠦᠯᠬᠦ ᠡᠮ᠎ᠢ ᠡᠰᠡᠷᠭᠦᠴᠡᠬᠦ ᠲᠥᠪ᠎ᠤᠨ ᠵᠥᠪᠰᠢᠶᠡᠷᠡᠯ᠎ᠢ ᠣᠯᠬᠤ ᠬᠡᠷᠡᠭᠲᠡᠢ᠃
    ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠤ ᠵᠥᠪᠰᠢᠶᠡᠷᠡᠯ᠎ᠢ ᠣᠯᠣᠭᠰᠠᠨ᠎ᠤ ᠳᠠᠷᠠᠭ᠎ᠠ ᠲᠡᠭᠦᠨ᠎ᠤ ᠲᠣᠬᠢᠷᠠᠮᠵᠢᠲᠠᠢ ᠭᠡᠵᠦ ᠦᠵᠡᠭᠰᠡᠨ á  á ·á ­á Žá   ᠮᠠᠶᠢᠭ ᠵᠶ᠋ᠠᠷ ᠡᠶᠡᠳᠡᠭᠦᠯᠵᠦ ᠪᠣᠯᠣᠨ᠎ᠠ᠃
    ᠡᠶᠡᠳᠡᠭᠦᠯᠬᠦ ᠶᠠᠪᠤᠴᠠ᠎ᠳᠤ᠂ ᠠᠯᠢ ᠨᠢᠭᠡ ᠲᠠᠯ᠎ᠠ ᠵᠢᠨ ᠲᠤᠬᠠᠢ ᠵᠢᠨ ᠬᠥᠮᠥᠨ᠎ᠨᠢ ᠴᠦ᠍ ᠡᠶᠡᠳᠡᠭᠦᠯᠭᠡ ᠵᠢ ᠳᠠᠭᠤᠰᠬᠠᠬᠤ᠎ᠪᠠᠷ ᠳᠤᠷᠠᠳᠤᠭᠰᠠᠨ ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠨᠢᠭᠡᠨᠲᠡ ᠡᠶᠡᠳᠡᠭᠦᠯᠦᠭᠡᠳ ᠪᠦᠲᠦᠬᠦ ᠪᠣᠯᠣᠯᠴᠠᠭ᠎ᠠ ᠦᠭᠡᠢ ᠪᠣᠯᠤᠭᠰᠠᠨ ᠭᠡᠵᠦ ᠦᠵᠡᠭᠰᠡᠨ ᠦᠶ᠎ᠡ᠎ᠳᠤ᠂ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠡᠶᠡᠳᠡᠭᠦᠯᠭᠡ ᠵᠢ ᠳᠠᠭᠤᠰᠬᠠᠬᠤ ᠬᠡᠷᠡᠭᠲᠡᠢ᠃
    ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠡᠶᠡᠳᠡᠭᠦᠯᠭᠡ᠎ᠪᠠᠷ ᠡᠶᠡᠳᠡᠭᠰᠡᠨ ᠪᠤᠶᠤ ᠥᠪᠡᠷ ᠵᠶ᠋ᠡᠨ ᠡᠶᠡᠳᠡᠭᠰᠡᠨ ᠪᠠᠢ᠌ᠪᠠᠯ᠂ ᠡᠶᠡᠳᠡᠬᠦ ᠬᠡᠯᠡᠯᠴᠡᠭᠡᠷ ᠲᠣᠭᠲᠠᠭ᠋ᠠᠬᠤ ᠬᠡᠷᠡᠭᠲᠡᠢ᠃
    ᠲᠤᠬᠠᠢ ᠵᠢᠨ ᠬᠥᠮᠥᠨ ᠡᠶᠡᠳᠡᠭᠦᠯᠬᠦ᠎ᠪᠠᠷ ᠳᠠᠮᠵᠢᠭ᠋ᠠᠳ ᠡᠶᠡᠳᠡᠬᠦ ᠬᠡᠯᠡᠯᠴᠡᠭᠡᠷ ᠲᠣᠬᠢᠷᠠᠭᠰᠠᠨ ᠪᠤᠶᠤ ᠥᠪᠡᠰᠦᠪᠡᠨ ᠲᠣᠬᠢᠷᠠᠭᠰᠠᠨ ᠪᠠᠢ᠌ᠪᠠᠯ᠂ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ ᠪᠤᠶᠤ ᠬᠡᠳᠡᠷᠬᠦ ᠭᠤᠶᠤᠴᠢᠯᠠᠯ ᠵᠶ᠋ᠠᠨ ᠪᠤᠴᠠᠭ᠋ᠠᠵᠤ ᠪᠣᠯᠣᠨ᠎ᠠ᠂ ᠪᠠᠰᠠ ᠬᠥᠨᠳᠡᠯᠡᠨ᠎ᠠᠴᠠ ᠲᠠᠰᠤᠯᠬᠤ ᠲᠢᠩᠬᠢᠮ᠎ᠳᠤ ᠲᠤᠬᠠᠢ ᠵᠢᠨ ᠬᠥᠮᠥᠨ᠎ᠤ ᠡᠶᠡᠳᠡᠬᠦ ᠬᠡᠯᠡᠯᠴᠡᠭᠡᠷ᠎ᠤᠨ ᠠᠭᠤᠯᠭ᠎ᠠ ᠵᠢ ᠦᠨᠳᠦᠰᠦᠯᠡᠨ ᠲᠣᠭᠲᠠᠭ᠋ᠠᠯᠲᠠ ᠵᠢᠨ ᠪᠢᠴᠢᠭ ᠭᠠᠷᠭ᠋ᠠᠭᠤᠯᠬᠤ ᠪᠤᠶᠤ ᠡᠶᠡᠳᠡᠭᠦᠯᠭᠡ ᠵᠢᠨ ᠪᠢᠴᠢᠭ ᠬᠢᠯᠭᠡᠬᠦ᠎ᠪᠠᠷ ᠭᠤᠶᠤᠴᠢᠯᠠᠵᠤ ᠪᠣᠯᠣᠨ᠎ᠠ᠃
    ᠲᠤᠬᠠᠢ ᠵᠢᠨ ᠬᠥᠮᠥᠨ ᠡᠶᠡᠳᠡᠭᠦᠯᠭᠡ ᠵᠢᠨ ᠪᠢᠴᠢᠭ ᠬᠢᠯᠭᠡᠬᠦ᠎ᠪᠠᠷ ᠭᠤᠶᠤᠴᠢᠯᠠᠭᠰᠠᠨ ᠪᠠᠢ᠌ᠪᠠᠯ᠂ ᠡᠶᠡᠳᠡᠭᠦᠯᠭᠡ ᠵᠢᠨ ᠪᠢᠴᠢᠭ᠎ᠲᠤ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ ᠪᠠ ᠲᠤᠬᠠᠢ ᠵᠢᠨ ᠬᠥᠮᠥᠨ᠎ᠤ ᠪᠢᠴᠢᠭ᠎ᠤᠨ ᠡᠶᠡᠳᠡᠬᠦ ᠬᠡᠯᠡᠯᠴᠡᠭᠡᠷ᠎ᠤᠨ ᠠᠭᠤᠯᠭ᠎ᠠ ᠵᠢ ᠲᠣᠳᠣᠷᠬᠠᠢ ᠪᠢᠴᠢᠵᠦ᠂ ᠬᠥᠨᠳᠡᠯᠡᠨ᠎ᠠᠴᠠ ᠲᠠᠰᠤᠯᠤᠭᠴᠢ ᠭᠠᠷ᠎ᠤᠨ ᠦᠰᠦᠭ ᠵᠢᠷᠤᠬᠤ ᠵᠢᠨ ᠬᠠᠮᠲᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ   ᠵᠦᠪᠯᠡᠯ᠎ᠤᠨ ᠲᠠᠮᠠᠭ᠎ᠠ ᠵᠢ ᠳᠠᠷᠤᠵᠤ᠂ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠳᠤ ᠬᠦᠷᠭᠡᠭᠰᠡᠨ᠎ᠤ ᠲᠡᠷᠡᠭ᠎ᠠ ᠬᠠᠤᠯᠢ ᠵᠢᠨ ᠬᠦᠴᠦᠨ᠎ᠲᠠᠢ ᠪᠣᠯᠣᠨ᠎ᠠ᠃
    ᠡᠶᠡᠳᠡᠭᠦᠯᠦᠭᠡᠳ ᠪᠦᠲᠦᠭᠰᠡᠨ ᠦᠭᠡᠢ ᠪᠠᠢ᠌ᠪᠡᠯ᠂ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ᠎ᠢ ᠦᠷᠭᠦᠯᠵᠢᠯᠡᠨ ᠶᠠᠪᠤᠭᠳᠠᠭᠤᠯᠬᠤ ᠵᠢᠨ ᠬᠠᠮᠲᠤ ᠲᠣᠭᠲᠠᠭ᠋ᠠᠯᠲᠠ ᠭᠠᠷᠭ᠋ᠠᠬᠤ ᠬᠡᠷᠡᠭᠲᠡᠢ᠂ ᠶᠠᠮᠠᠷᠪᠠ ᠨᠢᠭᠡ ᠲᠠᠯ᠎ᠠ ᠵᠢᠨ ᠲᠤᠬᠠᠢ ᠵᠢᠨ ᠬᠥᠮᠥᠨ᠎ᠨᠢ ᠴᠥᠮ ᠲᠡᠭᠦᠨ᠎ᠤ ᠳᠠᠷᠠᠭ᠋ᠠᠬᠢ ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ᠂ ᠬᠠᠤᠯᠢ ᠴᠠᠭ᠋ᠠᠵᠠ ᠵᠢᠨ ᠲᠠᠷᠠᠭ᠋ᠠᠯᠠᠯ ᠵᠢᠴᠢ ᠪᠤᠰᠤᠳ ᠶᠠᠮᠠᠷᠪᠠ ᠲᠠᠷᠠᠭ᠋ᠠᠯᠠᠯ᠎ᠤᠨ ᠳᠤᠮᠳᠠ ᠨᠦᠭᠦᠭᠡ ᠲᠠᠯ᠎ᠠ ᠵᠢᠨ ᠲᠤᠬᠠᠢ ᠵᠢᠨ ᠬᠥᠮᠥᠨ ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠡᠶᠡᠳᠡᠭᠦᠯᠬᠦ ᠶᠠᠪᠤᠴᠠ᠎ᠳᠤ ᠳᠤᠷᠠᠳᠤᠭᠰᠠᠨ ᠰᠠᠨᠠᠯ᠂ ᠳᠤᠷᠠᠳᠤᠭᠰᠠᠨ ᠦᠵᠡᠯᠲᠡ᠂ á ­á  á ·á ­á ‹á  á ­á °á  á ¨ ᠲᠣᠭ᠋ᠠᠴᠢᠯᠲᠠ᠂ ᠵᠥᠪᠰᠢᠶᠡᠷᠡᠬᠦ ᠪᠤᠶᠤ ᠦᠭᠡᠶ᠋ᠢᠰᠬᠡᠬᠦ᠎ᠪᠠᠨ ᠢᠯᠡᠳᠬᠡᠭᠰᠡᠨ ᠰᠠᠨᠠᠭᠤᠯᠭ᠎ᠠ ᠪᠤᠶᠤ ᠵᠣᠷᠢᠯᠲᠠ ᠵᠢ á ¡á °á ¢ ᠲᠠᠲᠠᠵᠤ᠂ ᠲᠡᠭᠦᠨ᠎ᠤ ᠭᠤᠶᠤᠴᠢᠯᠠᠯ᠂ ᠬᠠᠷᠢᠭᠤ ᠮᠠᠷᠭᠤᠬᠤ ᠪᠤᠶᠤ ᠬᠡᠳᠡᠷᠬᠦ ᠭᠤᠶᠤᠴᠢᠯᠠᠬᠤ ᠵᠢᠨ ᠦᠨᠳᠦᠰᠦ ᠪᠠᠷᠢᠮᠲᠠ ᠪᠣᠯᠭ᠋ᠠᠵᠤ ᠪᠣᠯᠬᠤ ᠦᠭᠡᠢ᠃
    ᠵᠢᠷᠭᠤᠳᠤᠭ᠋ᠠᠷ ᠪᠦᠯᠦᠭ   ᠲᠤᠭᠳᠠᠭ᠋ᠠᠯ ᠪᠠ ᠲᠠᠰᠤᠯᠤᠯᠳᠠ
    ᠲᠠᠪᠢᠨ ᠬᠣᠶᠠᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠬᠢᠭᠡᠳ ᠬᠥᠨᠳᠡᠯᠡᠨ᠎ᠠᠴᠠ ᠲᠠᠰᠤᠯᠬᠤ ᠲᠢᠩᠬᠢᠮ ᠬᠡᠷᠡᠭ᠎ᠢ ᠰᠢᠭᠦᠬᠦ ᠶᠠᠪᠤᠴᠠ᠎ᠳᠤ ᠬᠣᠯᠪᠣᠭᠳᠠᠭᠰᠠᠨ ᠠᠵᠢᠯ᠎ᠤᠨ ᠲᠠᠷᠠᠭ᠋ᠠᠯᠠᠯ᠎ᠤᠨ ᠵᠦᠢ᠍ᠯᠡᠰ᠎ᠤᠨ ᠲᠤᠬᠠᠢ ᠲᠣᠭᠲᠠᠭ᠋ᠠᠯ ᠭᠠᠷᠭ᠋ᠠᠵᠤ ᠪᠣᠯᠣᠨ᠎ᠠ᠃
    ᠲᠤᠬᠠᠢ ᠵᠢᠨ ᠬᠥᠮᠥᠨ᠎ᠨᠢ ᠰᠠᠨᠠᠯ ᠨᠢᠭᠡᠲᠡᠢ ᠵᠥᠪᠰᠢᠶᠡᠷᠡᠭᠰᠡᠨ ᠪᠤᠶᠤ ᠪᠤᠰᠤᠳ ᠬᠥᠨᠳᠡᠯᠡᠨ᠎ᠠᠴᠠ ᠲᠠᠰᠤᠯᠤᠭᠴᠢ ᠵᠢᠨ ᠡᠷᠬᠡ ᠣᠯᠭᠣᠯᠲᠠ᠎ᠪᠠᠷ ᠲᠦᠷᠦᠭᠦᠦ ᠬᠥᠨᠳᠡᠯᠡᠨ᠎ᠠᠴᠠ ᠲᠠᠰᠤᠯᠤᠭᠴᠢ᠎ᠨᠢ   ᠠᠵᠢᠯ᠎ᠤᠨ ᠲᠠᠷᠠᠭ᠋ᠠᠯᠠᠯ᠎ᠤᠨ ᠵᠦᠢ᠍ᠯᠡᠰ᠎ᠤᠨ ᠲᠤᠬᠠᠢ ᠲᠣᠭᠲᠠᠭ᠋ᠠᠯ ᠭᠠᠷᠭ᠋ᠠᠵᠤ ᠪᠣᠯᠣᠨ᠎ᠠ᠃
    ᠲᠣᠭᠲᠠᠭ᠋ᠠᠯ᠎ᠨᠢ á ­á  á ·á ­á ‹á  á ­á °á  á ¨ ᠡᠳᠦᠷ᠎ᠠᠴᠠ ᠡᠬᠢᠯᠡᠨ ᠬᠠᠤᠯᠢ ᠵᠢᠨ ᠬᠦᠴᠦᠨ᠎ᠲᠠᠢ ᠪᠣᠯᠣᠨ᠎ᠠ᠃
    ᠲᠠᠪᠢᠨ ᠭᠤᠷᠪᠠᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ ᠬᠡᠷᠡᠭ᠎ᠤᠨ ᠪᠣᠳᠠᠲᠤ ᠶᠠᠪᠤᠳᠠᠯ᠎ᠢ ᠦᠨᠳᠦᠰᠦᠯᠡᠵᠦ᠂ ᠬᠠᠤᠯᠢ ᠴᠠᠭ᠋ᠠᠵᠠ ᠵᠢᠴᠢ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠳᠦᠷᠢᠮ᠎ᠢ ᠦᠨᠳᠦᠰᠦᠯᠡᠵᠦ᠂ ᠲᠥᠪ ᠭᠣᠣᠯᠴᠢ ᠵᠦᠢ ᠵᠣᠬᠢᠰᠲᠠᠢ᠂ ᠪᠡᠶ᠎ᠡ᠎ᠪᠠᠨ ᠳᠠᠭ᠋ᠠᠭ᠋ᠠᠵᠤ ᠲᠥᠪ ᠭᠣᠣᠯᠴᠢ᠎ᠪᠠᠷ ᠲᠠᠰᠤᠯᠤᠯᠳᠠ ᠭᠠᠷᠭ᠋ᠠᠬᠤ ᠬᠡᠷᠡᠭᠲᠡᠢ᠃
    ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠭᠤᠷᠪᠠᠨ ᠨᠡᠷᠡᠰ ᠬᠥᠨᠳᠡᠯᠡᠨ᠎ᠠᠴᠠ ᠲᠠᠰᠤᠯᠤᠭᠴᠢ᠎ᠪᠠᠷ ᠪᠦᠷᠢᠯᠳᠦᠭᠰᠡᠨ ᠪᠠᠢ᠌ᠪᠠᠯ᠂ ᠲᠣᠭᠲᠠᠭ᠋ᠠᠯ᠂   ᠲᠠᠰᠤᠯᠤᠯᠳᠠ ᠭᠠᠷᠭ᠋ᠠᠬᠤ᠎ᠠᠴᠠ᠎ᠪᠠᠨ ᠡᠮᠦᠨ᠎ᠡ ᠬᠠᠮᠲᠤᠷᠠᠨ ᠵᠥᠪᠯᠡᠬᠦ ᠬᠡᠷᠡᠭᠲᠡᠢ ᠪᠥᠭᠡᠳ ᠣᠯᠠᠩᠬᠢ ᠲᠣᠭ᠋ᠠᠨ᠎ᠤ ᠬᠥᠨᠳᠡᠯᠡᠨ᠎ᠠᠴᠠ ᠲᠠᠰᠤᠯᠤᠭᠴᠢ ᠵᠢᠨ ᠰᠠᠨᠠᠯ ᠵᠶ᠋ᠠᠷ ᠲᠣᠭᠲᠠᠭ᠋ᠠᠬᠤ ᠬᠡᠷᠡᠭᠲᠡᠢ; ᠣᠯᠠᠩᠬᠢ ᠲᠣᠭ᠋ᠠᠲᠠᠨ᠎ᠤ ᠰᠠᠨᠠᠯ᠎ᠢ ᠪᠦᠷᠢᠯᠳᠦᠭᠦᠯᠵᠦ ᠴᠢᠳᠠᠬᠤ ᠦᠭᠡᠢ ᠪᠠᠢ᠌ᠪᠠᠯ᠂ ᠲᠦᠷᠦᠭᠦᠦ ᠬᠥᠨᠳᠡᠯᠡᠨ᠎ᠠᠴᠠ ᠲᠠᠰᠤᠯᠤᠭᠴᠢ ᠵᠢᠨ ᠰᠠᠨᠠᠯ ᠵᠶ᠋ᠠᠷ ᠭᠠᠷᠭ᠋ᠠᠬᠤ ᠬᠡᠷᠡᠭᠲᠡᠢ᠃
    ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠨᠢᠭᠡ ᠬᠥᠨᠳᠡᠯᠡᠨ᠎ᠠᠴᠠ ᠲᠠᠰᠤᠯᠤᠭᠴᠢ᠎ᠪᠠᠷ ᠪᠦᠷᠢᠯᠳᠦᠭᠰᠡᠨ ᠪᠠᠢ᠌ᠪᠠᠯ᠂ ᠲᠣᠭᠲᠠᠭ᠋ᠠᠯ᠂   ᠲᠠᠰᠤᠯᠤᠯᠳᠠ ᠵᠢ ᠲᠤᠰᠠᠭ᠋ᠠᠷ ᠬᠥᠨᠳᠡᠯᠡᠨ᠎ᠠᠴᠠ ᠲᠠᠰᠤᠯᠤᠭᠴᠢ ᠭᠠᠷᠭ᠋ᠠᠨ᠎ᠠ᠃
    ᠲᠡᠪᠢᠠ ᠳᠥᠷᠪᠡᠳᠦᠭᠡᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ ᠲᠠᠰᠤᠯᠤᠯᠳᠠ ᠭᠠᠷᠭ᠋ᠠᠬᠤ᠎ᠳᠠᠭᠠᠨ ᠲᠠᠰᠤᠯᠤᠯᠳᠠ ᠵᠢᠨ ᠪᠢᠴᠢᠭ ᠵᠣᠬᠢᠶᠠᠬᠤ ᠬᠡᠷᠡᠭᠲᠡᠢ᠃ ᠲᠠᠰᠤᠯᠤᠯᠳᠠ ᠵᠢᠨ ᠪᠢᠴᠢᠭ᠎ᠲᠤ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠂ ᠬᠡᠷᠡᠭ᠎ᠤᠨ ᠪᠣᠳᠠᠲᠤ ᠶᠠᠪᠤᠳᠠᠯ᠂ ᠲᠠᠰᠤᠯᠤᠯᠳᠠ ᠵᠢᠨ ᠤᠴᠢᠷ ᠰᠢᠯᠲᠠᠭ᠋ᠠᠨ᠂ ᠲᠠᠰᠤᠯᠤᠯᠳᠠ ᠵᠢᠨ ᠦᠷ᠎ᠡ ᠳ᠋ᠦᠩ᠂ ᠬᠥᠨᠳᠡᠯᠡᠨ᠎ᠠᠴᠠ ᠲᠠᠰᠤᠯᠬᠤ ᠵᠠᠷᠤᠳᠠᠯ᠎ᠢ ᠡᠭᠦᠷᠭᠡᠯᠡᠬᠦ᠂ ᠲᠠᠰᠤᠯᠤᠯᠳᠠ á ­á  á ·á ­á ‹á  á ­á °á  á ¨ ᠡᠳᠦᠷ ᠬᠤᠭᠤᠴᠠᠭ᠎ᠠ ᠪᠠ ᠬᠤᠭᠤᠴᠠᠭ᠎ᠠ ᠬᠡᠲᠦᠷᠡᠭᠦᠯᠦᠨ ᠭᠦᠢ᠍ᠴᠡᠳᠬᠡᠭᠰᠡᠨ᠎ᠤ ᠬᠠᠤᠯᠢ ᠴᠠᠭ᠋ᠠᠵᠠ ᠵᠢᠨ ᠦᠷ᠎ᠡ ᠳ᠋ᠦᠩ᠎ᠢ ᠲᠣᠳᠣᠷᠬᠠᠢ ᠪᠢᠴᠢᠬᠦ ᠬᠡᠷᠡᠭᠲᠡᠢ᠃ ᠲᠤᠬᠠᠢ ᠵᠢᠨ ᠬᠥᠮᠥᠨ᠎ᠤ ᠬᠡᠯᠡᠯᠴᠡᠨ ᠲᠣᠬᠢᠷᠠᠭᠰᠠᠨ ᠡᠶᠡᠳᠡᠬᠦ ᠬᠡᠯᠡᠯᠴᠡᠭᠡᠷ᠎ᠢ ᠦᠨᠳᠦᠰᠦᠯᠡᠨ á ­á  á ·á ­á ‹á  á ­á °á  á ¨ ᠲᠠᠰᠤᠯᠤᠯᠳᠠ ᠪᠤᠶᠤ ᠲᠤᠬᠠᠢ ᠵᠢᠨ ᠬᠥᠮᠥᠨ᠎ᠨᠢ ᠠᠰᠲᠠᠭ᠋ᠠᠨ ᠪᠣᠯᠵᠣᠯ᠎ᠲᠠᠢ ᠪᠠᠢ᠌ᠪᠠᠯ᠂ ᠬᠣᠯᠪᠣᠭᠳᠠᠯ ᠪᠦᠬᠦᠢ ᠬᠡᠷᠡᠭ᠎ᠤᠨ ᠪᠣᠳᠠᠲᠤ ᠶᠠᠪᠤᠳᠠᠯ᠂ ᠲᠠᠰᠤᠯᠤᠯᠳᠠ á ­á  á ·á ­á ‹á  á ­á °á  á ¨ ᠤᠴᠢᠷ ᠰᠢᠯᠲᠠᠭ᠋ᠠᠨ ᠵᠶ᠋ᠠᠨ ᠲᠣᠳᠣᠷᠬᠠᠢ ᠪᠢᠴᠢᠬᠦ ᠦᠭᠡᠢ ᠪᠠᠢ᠌ᠵᠤ ᠪᠣᠯᠣᠨ᠎ᠠ᠃
    ᠬᠥᠨᠳᠡᠯᠡᠨ᠎ᠠᠴᠠ ᠲᠠᠰᠤᠯᠬᠤ ᠲᠢᠩᠬᠢᠮ᠎ᠤᠨ á ­á  á ·á ­á ‹á  á ­á °á  á ¨ ᠲᠣᠭᠲᠠᠭ᠋ᠠᠯ᠎ᠤᠨ ᠪᠢᠴᠢᠭ᠂ ᠲᠠᠰᠤᠯᠤᠯᠳᠠ ᠵᠢᠨ ᠪᠢᠴᠢᠭ᠂ ᠡᠶᠡᠳᠡᠭᠦᠯᠭᠡ ᠵᠢᠨ ᠪᠢᠴᠢᠭ᠎ᠲᠤ ᠬᠥᠨᠳᠡᠯᠡᠨ᠎ᠠᠴᠠ ᠲᠠᠰᠤᠯᠤᠭᠴᠢ ᠭᠠᠷ᠎ᠤᠨ ᠦᠰᠦᠭ ᠵᠢᠷᠤᠵᠤ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠲᠠᠮᠠᠭ᠎ᠠ ᠵᠢ ᠳᠠᠷᠤᠬᠤ ᠬᠡᠷᠡᠭᠲᠡᠢ᠃ ᠠᠳᠠᠯᠢ ᠪᠤᠰᠤ ᠰᠠᠨᠠᠯ᠎ᠲᠠᠢ ᠬᠥᠨᠳᠡᠯᠡᠨ᠎ᠠᠴᠠ ᠲᠠᠰᠤᠯᠤᠭᠴᠢ ᠭᠠᠷ᠎ᠤᠨ ᠦᠰᠦᠭ ᠵᠢᠷᠤᠵᠤ ᠪᠣᠯᠣᠨ᠎ᠠ᠂ ᠵᠢᠷᠤᠬᠤ   ᠦᠭᠡᠢ ᠪᠠᠢ᠌ᠵᠤ ᠴᠤ᠌ ᠪᠣᠯᠣᠨ᠎ᠠ᠃ ᠭᠠᠷ᠎ᠤᠨ ᠦᠰᠦᠭ ᠵᠢᠷᠤᠭᠰᠠᠨ ᠦᠭᠡᠢ ᠬᠥᠨᠳᠡᠯᠡᠨ᠎ᠠᠴᠠ ᠲᠠᠰᠤᠯᠤᠭᠴᠢ ᠪᠢᠴᠢᠭ᠎ᠤᠨ ᠰᠠᠨᠠᠯ ᠭᠠᠷᠭ᠋ᠠᠵᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠳᠤ ᠲᠤᠰᠢᠶᠠᠵᠤ ᠲᠡᠡᠭᠰᠡᠠ᠎ᠳᠤ ᠣᠷᠣᠭᠤᠯᠬᠤ ᠬᠡᠷᠡᠭᠲᠡᠢ᠂ ᠲᠤᠰ ᠪᠢᠴᠢᠭ᠎ᠤᠨ ᠰᠠᠨᠠᠯ᠎ᠨᠢ ᠲᠣᠭᠲᠠᠭ᠋ᠠᠯ᠎ᠤᠨ ᠪᠢᠴᠢᠭ᠂ ᠲᠠᠰᠤᠯᠤᠯᠳᠠ ᠵᠢᠨ ᠪᠢᠴᠢᠭ᠎ᠤᠨ ᠪᠦᠷᠢᠯᠳᠦᠭᠦᠨ ᠬᠡᠰᠡᠭ ᠪᠣᠯᠵᠤ ᠪᠦᠷᠢᠯᠳᠦᠬᠦ ᠦᠭᠡᠢ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠠᠴᠠ ᠲᠤᠰ ᠪᠢᠴᠢᠭ᠎ᠤᠨ ᠰᠠᠨᠠᠯ᠎ᠢ ᠲᠣᠭᠲᠠᠭ᠋ᠠᠯ᠎ᠤᠨ ᠪᠢᠴᠢᠭ᠂ ᠲᠠᠰᠤᠯᠤᠯᠳᠠ ᠵᠢᠨ ᠪᠢᠴᠢᠭ᠎ᠤᠨ ᠠᠷᠤ᠎ᠳᠤ ᠳᠠᠭ᠋ᠠᠯᠳᠤᠭᠤᠯᠬᠤ ᠡᠰᠡᠬᠦ ᠵᠢ ᠲᠣᠭᠲᠠᠭ᠋ᠠᠨ᠎ᠠ᠃
    ᠲᠡᠪᠢᠠ ᠲᠠᠪᠤᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠲᠢᠩᠬᠢᠮ ᠪᠠᠢ᠌ᠭᠤᠯᠤᠭᠰᠠᠨ᠎ᠤ ᠳᠠᠷᠠᠭ᠋ᠠᠬᠢ ᠭᠤᠷᠪᠠᠨ á °á  á ·á Žá   ᠵᠢᠨ ᠳᠣᠲᠣᠷ᠎ᠠ ᠲᠠᠰᠤᠯᠤᠯᠳᠠ ᠭᠠᠷᠭ᠋ᠠᠬᠤ ᠬᠡᠷᠡᠭᠲᠡᠢ᠃
    ᠣᠨᠴᠠᠭ᠋ᠠᠶ ᠪᠠᠢ᠌ᠳᠠᠯ᠎ᠠᠴᠠ ᠪᠣᠯᠵᠤ ᠤᠷᠲᠤᠳᠬᠠᠬᠤ ᠴᠢᠬᠤᠯᠠᠲᠠᠢ ᠪᠠᠢ᠌ᠪᠠᠯ᠂ ᠲᠦᠷᠦᠭᠦᠦ ᠬᠥᠨᠳᠡᠯᠡᠨ᠎ᠠᠴᠠ ᠲᠠᠰᠤᠯᠤᠭᠴᠢ ᠪᠤᠶᠤ ᠲᠤᠰᠠᠭ᠋ᠠᠷ ᠬᠥᠨᠳᠡᠯᠡᠨ᠎ᠠᠴᠠ ᠲᠠᠰᠤᠯᠤᠭᠴᠢ ᠬᠤᠭᠤᠴᠠᠭ᠎ᠠ ᠳᠦᠭᠦᠷᠬᠦ᠎ᠠᠴᠠ ᠡᠮᠦᠨ᠎ᠡ ᠪᠢᠴᠢᠭ ᠵᠶ᠋ᠡᠷ ᠭᠤᠶᠤᠴᠢᠯᠠᠯ ᠭᠠᠷᠭ᠋ᠠᠵᠤ᠂ ᠡᠷᠬᠢᠯᠡᠭᠴᠢ᠎ᠪᠠᠷ ᠵᠥᠪᠰᠢᠶᠡᠷᠡᠭᠦᠯᠦᠭᠡᠳ ᠵᠣᠬᠢᠰᠲᠠᠢ᠎ᠪᠠᠷ ᠤᠷᠲᠤᠳᠬᠠᠵᠤ ᠪᠣᠯᠣᠨ᠎ᠠ᠃
    ᠰᠢᠯᠭ᠋ᠠᠨ ᠲᠣᠭᠲᠠᠭ᠋ᠠᠬᠤ ᠬᠤᠭᠤᠴᠠᠭ᠎ᠠ᠂ ᠲᠤᠷᠭᠤᠨ ᠵᠣᠭᠰᠤᠭ᠋ᠠᠬᠤ ᠬᠤᠭᠤᠴᠠᠭ᠎ᠠ᠂ ᠠᠯᠪᠠᠨ ᠵᠠᠷ᠎ᠤᠨ ᠬᠤᠭᠤᠴᠠᠭ᠎ᠠ᠂ ᠲᠤᠰᠬᠠᠢ ᠮᠡᠷᠭᠡᠵᠢᠯᠲᠡᠨ ᠵᠶ᠋ᠡᠷ ᠵᠥᠪᠯᠡᠯᠭᠡ ᠠᠪᠤᠭᠤᠯᠬᠤ᠎ᠪᠠᠷ ᠳᠡᠪᠰᠢᠭᠦᠯᠬᠦ ᠬᠤᠭᠤᠴᠠᠭ᠋ᠠᠨ᠎ᠳᠤ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠤ ᠲᠢᠩᠬᠢᠮ ᠨᠡᠭᠡᠭᠡᠵᠦ ᠰᠢᠭᠦᠬᠦ ᠬᠤᠭᠤᠴᠠᠭ᠎ᠠ ᠵᠢ ᠤᠷᠲᠤᠳᠬᠠᠬᠤ᠎ᠪᠠᠷ ᠬᠠᠮᠲᠤ᠎ᠪᠠᠷ ᠭᠤᠶᠤᠴᠢᠯᠠᠭᠰᠠᠨ ᠪᠤᠶᠤ ᠡᠶᠡᠳᠡᠭᠦᠯᠬᠦ᠂ ᠡᠶᠡᠳᠡᠬᠦ ᠵᠢ ᠬᠠᠮᠲᠤ᠎ᠪᠠᠷ ᠭᠤᠶᠤᠴᠢᠯᠠᠭᠰᠠᠨ á ´á  á ­á Žá ¢ ᠡᠭᠦᠨ᠎ᠳᠤ ᠪᠤᠳᠤᠵᠤ ᠣᠷᠣᠭᠤᠯᠬᠤ ᠦᠭᠡᠢ᠃
    ᠲᠡᠪᠢᠠ ᠵᠢᠷᠭᠤᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠴᠢᠬᠤᠯᠠ᠎ᠲᠠᠢ ᠭᠡᠵᠦ ᠦᠵᠡᠭᠰᠡᠨ ᠪᠤᠶᠤ ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠬᠤ ᠲᠢᠩᠬᠢᠮ ᠵᠶ᠋ᠡᠷ ᠵᠥᠪᠰᠢᠶᠡᠷᠡᠭᠦᠯᠬᠦ᠎ᠪᠠᠷ ᠭᠤᠶᠤᠴᠢᠯᠠᠭᠰᠠᠨ ᠦᠶ᠎ᠡ᠎ᠳᠤ᠂ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠡᠴᠦᠰ᠎ᠤᠨ ᠲᠠᠰᠤᠯᠤᠯᠳᠠ ᠭᠠᠷᠭ᠋ᠠᠬᠤ᠎ᠠᠴᠠ ᠡᠮᠦᠨ᠎ᠡ ᠵᠠᠷᠢᠮ ᠭᠤᠶᠤᠴᠢᠯᠠᠭᠰᠠᠨ ᠵᠦᠢ᠍ᠯ᠎ᠤᠨ ᠲᠤᠬᠠᠢ ᠬᠡᠰᠡᠭ ᠲᠠᠰᠤᠯᠤᠯᠳᠠ ᠭᠠᠷᠭ᠋ᠠᠵᠤ ᠪᠣᠯᠣᠨ᠎ᠠ᠃
    ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠴᠢᠬᠤᠯᠠᠲᠠᠢ ᠭᠡᠵᠦ ᠦᠵᠡᠭᠰᠡᠨ ᠪᠤᠶᠤ ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠬᠤ ᠲᠢᠩᠬᠢᠮ ᠵᠶ᠋ᠡᠷ ᠵᠥᠪᠰᠢᠶᠡᠷᠡᠭᠦᠯᠬᠦ᠎ᠪᠠᠷ ᠭᠤᠶᠤᠴᠢᠯᠠᠭᠰᠠᠨ ᠦᠶ᠎ᠡ᠎ᠳᠤ᠂ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠬᠡᠷᠡᠭ᠎ᠤᠨ ᠠᠵᠢᠯ᠎ᠤᠨ ᠲᠠᠷᠠᠭ᠋ᠠᠯᠠᠯ᠎ᠤᠨ ᠠᠰᠠᠭᠤᠳᠠᠯ ᠪᠤᠶᠤ ᠪᠣᠳᠠᠲᠤ ᠴᠣᠭᠴᠠ ᠵᠢᠨ ᠠᠰᠠᠭᠤᠳᠠᠯ᠎ᠤᠨ ᠲᠤᠬᠠᠢ ᠵᠠᠪᠰᠠᠷ᠎ᠤᠨ ᠲᠠᠰᠤᠯᠤᠯᠳᠠ ᠭᠠᠷᠭ᠋ᠠᠵᠤ ᠪᠣᠯᠣᠨ᠎ᠠ᠃
    ᠲᠤᠬᠠᠢ ᠵᠢᠨ ᠬᠥᠮᠥᠨ᠎ᠨᠢ ᠬᠡᠰᠡᠭ ᠲᠣᠭᠲᠠᠭ᠋ᠠᠯᠲᠠ ᠪᠤᠶᠤ ᠵᠠᠪᠰᠠᠷ᠎ᠤᠨ ᠲᠣᠭᠲᠠᠭ᠋ᠠᠯᠲᠠ ᠵᠢ ᠭᠦᠢ᠍ᠴᠡᠳᠬᠡᠬᠦ ᠬᠡᠷᠡᠭᠲᠡᠢ᠃ ᠲᠤᠬᠠᠢ ᠵᠢᠨ ᠬᠥᠮᠥᠨ ᠭᠦᠢ᠍ᠴᠡᠳᠬᠡᠬᠦ ᠦᠭᠡᠢ ᠪᠠᠢ᠌ᠭᠰᠠᠨ ᠴᠤ᠌ ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ᠎ᠤᠨ ᠶᠠᠪᠤᠭᠳᠠᠬᠤ ᠪᠠ ᠡᠴᠦᠰ᠎ᠤᠨ ᠲᠠᠰᠤᠯᠤᠯᠳᠠ ᠭᠠᠷᠭ᠋ᠠᠬᠤ ᠵᠢ ᠨᠥᠯᠥᠭᠡᠯᠡᠬᠦ ᠦᠭᠡᠢ᠃
    ᠲᠡᠪᠢᠠ ᠳᠣᠯᠣᠳᠤᠭ᠋ᠠᠷ ᠵᠦᠢ᠍ᠯ   ᠲᠠᠰᠤᠯᠤᠯᠳᠠ ᠵᠢᠨ ᠪᠢᠴᠢᠭ᠎ᠨᠢ á ­á  á ·á ­á ‹á  á ­á °á  á ¨ ᠡᠳᠦᠷ᠎ᠠᠴᠠ ᠡᠬᠢᠯᠡᠨ ᠬᠠᠤᠯᠢ ᠵᠢᠨ ᠬᠦᠴᠦᠨ᠎ᠲᠠᠢ ᠪᠣᠯᠣᠨ᠎ᠠ᠃
      ᠲᠠᠰᠤᠯᠤᠯᠳᠠ᠎ᠶᠢᠨ ᠪᠢᠴᠢᠭ᠎ᠢ ᠭᠠᠷᠭ᠋ᠠᠭᠰᠠᠨ᠎ᠤ ᠲᠡᠷᠡᠭ᠎ᠠ᠂ ᠲᠤᠬᠠᠢ ᠵᠢᠨ ᠬᠥᠮᠥᠨ᠎ᠨᠢ ᠲᠠᠰᠤᠯᠤᠯᠳᠠ ᠵᠢᠨ ᠪᠢᠴᠢᠭ᠎ᠲᠤ ᠲᠣᠭᠲᠠᠭ᠋ᠠᠭᠰᠠᠨ ᠭᠦᠢ᠍ᠴᠡᠳᠬᠡᠬᠦ ᠬᠤᠭᠤᠴᠠᠭ᠎ᠠ ᠶᠣᠰᠣᠭ᠋ᠠᠷ ᠲᠠᠰᠤᠯᠤᠯᠳᠠ ᠵᠢ ᠭᠦᠢ᠍ᠴᠡᠳᠬᠡᠬᠦ ᠬᠡᠷᠡᠭᠲᠡᠢ; ᠭᠦᠢ᠍ᠴᠡᠳᠬᠡᠬᠦ ᠬᠤᠭᠤᠴᠠᠭ᠎ᠠ ᠵᠢ ᠲᠣᠭᠲᠠᠭ᠋ᠠᠭᠰᠠᠨ ᠦᠭᠡᠢ ᠪᠠᠢ᠌ᠪᠠᠯ᠂ ᠲᠡᠷᠡ ᠳᠠᠷᠤᠢ᠎ᠳᠤᠨᠢ ᠭᠦᠢ᠍ᠴᠡᠳᠬᠡᠬᠦ ᠬᠡᠷᠡᠭᠲᠡᠢ᠃ ᠠᠯᠢ ᠨᠢᠭᠡ ᠲᠠᠯ᠎ᠠ᠎ᠨᠢ ᠴᠦ᠍ ᠭᠦᠢ᠍ᠴᠡᠳᠬᠡᠬᠦ ᠦᠭᠡᠢ ᠪᠠᠢ᠌ᠪᠠᠯ᠂ ᠲᠤᠬᠠᠢ ᠵᠢᠨ ᠬᠥᠮᠥᠨ᠎ᠨᠢ 《ᠪᠥᠬᠥᠳᠡ ᠨᠠᠢ᠌ᠷᠠᠮᠳᠠᠬᠤ ᠳᠤᠮᠳᠠᠳᠤ á  á ·á  á ³ ᠤᠯᠤᠰ᠎ᠤᠨ ᠢᠷᠭᠡᠨ᠎ᠤ ᠵᠠᠷᠭᠤ ᠵᠢᠨ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶᠠᠷᠬᠤ ᠡᠷᠬᠡ ᠪᠦᠬᠦᠢ ᠠᠷᠠᠳ᠎ᠤᠨ ᠰᠢᠭᠦᠬᠦ ᠬᠣᠷᠢᠶᠠᠨ᠎ᠳᠤ ᠠᠯᠪᠡᠳᠡᠠ ᠭᠦᠢ᠍ᠴᠡᠳᠬᠡᠭᠦᠯᠬᠦ᠎ᠪᠠᠷ ᠭᠤᠶᠤᠴᠢᠯᠠᠵᠤ ᠪᠣᠯᠣᠨ᠎ᠠ᠃
    ᠲᠠᠪᠢᠨ ᠨᠠᠢ᠍ᠮᠠᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ ᠲᠠᠰᠤᠯᠤᠯᠳᠠ ᠵᠢᠨ ᠪᠢᠴᠢᠭ᠎ᠲᠡᠭᠡᠨ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠤ ᠡᠭᠦᠷᠭᠡᠯᠡᠬᠦ ᠶᠣᠰᠣᠲᠠᠢ ᠬᠥᠨᠳᠡᠯᠡᠨ᠎ᠠᠴᠠ ᠲᠠᠰᠤᠯᠬᠤ ᠵᠠᠷᠤᠳᠠᠯ ᠪᠠ ᠪᠣᠳᠠᠲᠠᠢ ᠡᠭᠦᠰᠦᠭᠰᠡᠨ ᠪᠤᠰᠤᠳ ᠵᠠᠷᠤᠳᠠᠯ᠎ᠢ ᠲᠣᠭᠲᠠᠭ᠋ᠠᠬᠤ ᠡᠷᠬᠡ᠎ᠲᠠᠢ᠂ ᠡᠭᠦᠨ᠎ᠳᠤ ᠬᠢᠨᠠᠨ ᠲᠣᠭᠲᠠᠭ᠋ᠠᠬᠤ ᠵᠠᠷᠤᠳᠠᠯ᠂ ᠦᠨᠡᠯᠡᠨ ᠵᠢᠱ᠌ᠢᠬᠦ ᠵᠠᠷᠤᠳᠠᠯ᠂ ᠬᠢᠨᠠᠨ ᠪᠤᠳᠤᠬᠤ ᠵᠠᠷᠤᠳᠠᠯ᠂ ᠵᠠᠮ᠎ᠤᠨ ᠵᠠᠷᠤᠳᠠᠯ᠂ ᠠᠯᠪᠠᠨ ᠭᠡᠷᠡᠴᠢᠯᠡᠭᠡ ᠵᠢᠨ ᠵᠠᠷᠤᠳᠠᠯ ᠪᠠ ᠬᠠᠤᠯᠢᠴᠢ ᠵᠢᠨ ᠵᠠᠷᠤᠳᠠᠯ ᠵᠡᠷᠭᠡ ᠵᠢ ᠪᠠᠭᠳᠠᠭ᠋ᠠᠬᠤ ᠪᠦᠭᠡᠳ ᠬᠢᠵᠠᠭ᠋ᠠᠷᠯᠠᠭᠳᠠᠬᠤ ᠦᠭᠡᠢ᠃
    ᠲᠤᠬᠠᠢ ᠵᠢᠨ ᠬᠥᠮᠥᠨ ᠠᠰᠲᠠᠭ᠋ᠠᠨ ᠪᠣᠯᠵᠣᠯ᠎ᠲᠠᠢ ᠵᠢ ᠭᠠᠷᠭ᠋ᠠᠪᠠᠯ᠂ ᠬᠥᠨᠳᠡᠯᠡᠨ᠎ᠠᠴᠠ ᠲᠠᠰᠤᠯᠬᠤ ᠵᠠᠷᠤᠳᠠᠯ᠎ᠢ ᠵᠠᠷᠴᠢᠮ ᠳᠡᠭᠡᠷ᠎ᠡ᠎ᠪᠠᠨ ᠵᠠᠷᠭᠤ ᠢᠯᠠᠭᠳᠠᠭᠰᠠᠨ ᠲᠤᠬᠠᠢ ᠵᠢᠨ ᠬᠥᠮᠥᠨ ᠡᠭᠦᠷᠭᠡᠯᠡᠨ᠎ᠡ; ᠲᠤᠬᠠᠢ ᠵᠢᠨ ᠬᠥᠮᠥᠨ᠎ᠤ ᠨᠢᠭᠡ ᠬᠡᠰᠡᠭ᠎ᠨᠢ ᠵᠠᠷᠭᠤ ᠢᠯᠠᠵᠤ᠂ ᠨᠢᠭᠡ ᠬᠡᠰᠡᠭ᠎ᠨᠢ ᠵᠠᠷᠭᠤ ᠢᠯᠠᠭᠳᠠᠭᠰᠠᠨ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠪᠣᠳᠠᠲᠠᠢ ᠪᠠᠢ᠌ᠳᠠᠯ᠎ᠢ ᠦᠨᠳᠦᠰᠦᠯᠡᠨ ᠲᠤᠰ ᠲᠤᠰ᠎ᠤᠨ ᠡᠭᠦᠷᠭᠡᠯᠡᠬᠦ ᠬᠠᠷᠢᠴᠠᠯ᠎ᠢ ᠲᠣᠭᠲᠠᠭ᠋ᠠᠨ᠎ᠠ᠃ ᠥᠪᠡᠰᠦᠪᠡᠨ ᠡᠶᠡᠳᠡᠬᠦ ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ ᠵᠶ᠋ᠡᠷ ᠡᠶᠡᠳᠡᠭᠦᠯᠦᠨ ᠬᠡᠷᠡᠭ᠎ᠢ ᠳᠠᠭᠤᠰᠬᠠᠭᠰᠠᠨ ᠪᠠᠢ᠌ᠪᠠᠯ᠂ ᠲᠤᠬᠠᠢ ᠵᠢᠨ ᠬᠥᠮᠥᠨ᠎ᠨᠢ ᠲᠤᠰ ᠲᠤᠰ᠎ᠤᠨ ᠡᠭᠦᠷᠭᠡᠯᠡᠬᠦ ᠬᠠᠷᠢᠴᠠᠯ᠎ᠢ ᠵᠥᠪᠳᠡᠯᠴᠡᠨ ᠲᠣᠭᠲᠠᠭ᠋ᠠᠵᠤ ᠪᠣᠯᠣᠨ᠎ᠠ᠃
    ᠲᠤᠬᠠᠢ ᠵᠢᠨ ᠬᠥᠮᠥᠨ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠭᠡᠳ ᠬᠡᠷᠡᠭ᠎ᠢ ᠰᠢᠭᠦᠬᠦ ᠠᠵᠢᠯ᠎ᠤᠨ ᠲᠠᠷᠠᠭ᠋ᠠᠯᠠᠯ᠎ᠢ ᠤᠳᠠᠭ᠋ᠠᠰᠢᠷᠠᠭᠤᠯᠤᠭᠰᠠᠨ ᠪᠠᠢ᠌ᠪᠠᠯ᠂ ᠲᠡᠭᠦᠨ᠎ᠤ ᠬᠥᠨᠳᠡᠯᠡᠨ᠎ᠠᠴᠠ ᠲᠠᠰᠤᠯᠬᠤ ᠵᠠᠷᠤᠳᠠᠯ᠎ᠢ ᠡᠭᠦᠷᠭᠡᠯᠡᠬᠦ᠎ᠳᠤ ᠡᠮᠦᠨᠡᠬᠢ ᠪᠠᠳᠠᠭ᠎ᠤᠨ ᠲᠣᠭᠲᠠᠭ᠋ᠠᠯ᠎ᠳᠤ ᠬᠢᠵᠠᠭ᠋ᠠᠷᠯᠠᠭᠳᠠᠬᠤ ᠦᠭᠡᠢ᠃   ᠠᠵᠢᠯ᠎ᠤᠨ ᠲᠠᠷᠠᠭ᠋ᠠᠯᠠᠯ᠎ᠢ ᠤᠳᠠᠭ᠋ᠠᠰᠢᠷᠠᠭᠤᠯᠤᠭᠰᠠᠨ᠎ᠠᠴᠠ ᠪᠣᠯᠵᠤ ᠪᠤᠰᠤᠳ ᠵᠠᠷᠤᠳᠠᠯ᠎ᠢ ᠡᠭᠦᠰᠬᠡᠭᠰᠡᠨ ᠪᠤᠶᠤ ᠨᠡᠮᠡᠭᠳᠡᠭᠦᠯᠦᠭᠰᠡᠨ ᠪᠠᠢ᠌ᠪᠠᠯ᠂ ᠲᠤᠬᠠᠢ ᠵᠢᠨ ᠬᠥᠮᠥᠨ᠎ᠨᠢ ᠪᠠᠰᠠ ᠪᠤᠰᠤᠳ ᠵᠣᠬᠢᠴᠠᠩᠭᠤᠢ ᠵᠠᠷᠤᠳᠠᠯ᠎ᠢ ᠡᠭᠦᠷᠭᠡᠯᠡᠬᠦ ᠬᠡᠷᠡᠭᠲᠡᠢ᠃
    ᠲᠠᠪᠢ ᠶᠢᠰᠦᠳᠦᠭᠡᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ ᠲᠠᠰᠤᠯᠤᠯᠳᠠ ᠵᠢᠨ ᠪᠢᠴᠢᠭ᠎ᠢ ᠭᠠᠷᠭ᠋ᠠᠬᠤ᠎ᠠᠴᠠ ᠡᠮᠦᠨ᠎ᠡ ᠲᠠᠰᠤᠯᠤᠯᠳᠠ ᠵᠢᠨ ᠪᠢᠴᠢᠭ᠎ᠤᠨ ᠲᠥᠰᠥᠯ᠎ᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠳᠤ ᠳᠡᠪᠰᠢᠭᠦᠯᠵᠦ ᠬᠢᠨᠠᠭᠤᠯᠬᠤ ᠬᠡᠷᠡᠭᠲᠡᠢ᠃ ᠬᠥᠨᠳᠡᠯᠡᠨ᠎ᠠᠴᠠ ᠲᠠᠰᠤᠯᠬᠤ ᠲᠢᠩᠬᠢᠮ᠎ᠤᠨ ᠪᠡᠶ᠎ᠡ᠎ᠪᠠᠨ ᠳᠠᠭ᠋ᠠᠭ᠋ᠠᠬᠤ ᠴᠢᠨᠠᠷ᠎ᠢ ᠦᠯᠦ ᠨᠥᠯᠥᠭᠡᠯᠡᠬᠦ ᠤᠷᠢᠲᠠᠯ᠎ᠤᠨ ᠳᠣᠣᠷ᠎ᠠ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠠᠴᠠ ᠲᠠᠰᠤᠯᠤᠯᠳᠠ ᠵᠢᠨ ᠪᠢᠴᠢᠭ᠎ᠲᠤ ᠬᠡᠯᠪᠡᠷᠢ ᠵᠢᠨ ᠬᠢᠨᠠᠨ ᠪᠠᠢ᠌ᠴᠠᠭ᠋ᠠᠯᠲᠠ ᠬᠢᠬᠦ ᠵᠢᠨ ᠬᠠᠮᠲᠤ ᠵᠣᠬᠢᠴᠠᠩᠭᠤᠢ ᠵᠠᠰᠠᠪᠤᠷᠢ ᠣᠷᠣᠭᠤᠯᠵᠤ ᠪᠣᠯᠣᠨ᠎ᠠ᠂ ᠪᠠᠰᠠ ᠬᠥᠨᠳᠡᠯᠡᠨ᠎ᠠᠴᠠ ᠲᠠᠰᠤᠯᠬᠤ ᠲᠢᠩᠬᠢᠮ᠎ᠳᠤ ᠪᠣᠳᠠᠲᠤ ᠴᠣᠭᠴᠠ ᠵᠢᠨ ᠠᠰᠠᠭᠤᠳᠠᠯ᠎ᠢ ᠠᠩᠬᠠᠷᠬᠤ ᠵᠢ ᠰᠠᠨᠠᠭᠤᠯᠵᠤ ᠪᠣᠯᠣᠨ᠎ᠠ᠃
    ᠵᠢᠷᠠᠳᠤᠭ᠋ᠠᠷ ᠵᠦᠢ᠍ᠯ   ᠲᠠᠰᠤᠯᠤᠯᠳᠠ ᠵᠢᠨ ᠪᠢᠴᠢᠭ᠎ᠲᠠᠬᠢ ᠦᠰᠦᠭ ᠪᠢᠴᠢᠭ᠂ ᠲᠡᠮᠳᠡᠭ᠂ ᠵᠢᠷᠤᠭ ᠬᠦᠰᠦᠨᠦᠭᠲᠦ᠂ ᠪᠣᠳᠣᠯᠭ᠎ᠠ᠂ ᠳᠠᠷᠤᠮᠠᠯᠯᠠᠭᠰᠠᠨ᠎ᠨᠢ ᠪᠤᠷᠤᠭᠤᠳᠠᠭᠰᠠᠨ ᠪᠤᠶᠤ ᠡᠭᠦᠨ᠎ᠲᠠᠢ ᠠᠳᠠᠯᠢᠪᠲᠤᠷ ᠪᠤᠷᠤᠭᠤᠳᠠᠭᠰᠠᠨ ᠪᠠᠢ᠌ᠪᠠᠯ ᠬᠥᠨᠳᠡᠯᠡᠨ᠎ᠠᠴᠠ ᠲᠠᠰᠤᠯᠬᠤ ᠲᠢᠩᠬᠢᠮ ᠵᠠᠯᠠᠷᠠᠭᠤᠯᠬᠤ ᠬᠡᠷᠡᠭᠲᠡᠢ᠃
    ᠲᠤᠬᠠᠢ ᠵᠢᠨ ᠬᠥᠮᠥᠨ᠎ᠤ ᠬᠥᠨᠳᠡᠯᠡᠨ᠎ᠠᠴᠠ ᠲᠠᠰᠤᠯᠤᠭᠤᠯᠬᠤ᠎ᠪᠠᠷ ᠭᠤᠶᠤᠴᠢᠯᠠᠭᠰᠠᠨ ᠵᠦᠢ᠍ᠯ᠎ᠳᠤ ᠲᠠᠰᠤᠯᠤᠯᠳᠠ ᠭᠠᠷᠭ᠋ᠠᠬᠤ ᠵᠢ ᠣᠷᠬᠢᠭᠳᠠᠭᠤᠯᠤᠭᠰᠠᠨ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ ᠨᠥᠬᠥᠪᠦᠷᠢ ᠲᠠᠰᠤᠯᠤᠯᠳᠠ ᠭᠠᠷᠭ᠋ᠠᠬᠤ ᠬᠡᠷᠡᠭᠲᠡᠢ᠃ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠲᠢᠩᠬᠢᠮ ᠨᠡᠭᠡᠭᠡᠵᠦ ᠰᠢᠭᠦᠬᠦ ᠴᠢᠬᠤᠯᠠᠲᠠᠢ ᠭᠡᠵᠦ ᠦᠵᠡᠪᠡᠯ᠂ ᠲᠠᠰᠤᠯᠤᠯᠳᠠ ᠵᠢ ᠣᠷᠬᠢᠭᠳᠠᠭᠤᠯᠤᠭᠰᠠᠨ ᠵᠦᠢ᠍ᠯᠡᠰ᠎ᠢ ᠲᠢᠩᠬᠢᠮ ᠨᠡᠭᠡᠭᠡᠵᠦ ᠰᠢᠭᠦᠵᠦ ᠪᠣᠯᠣᠨ᠎ᠠ᠃
    ᠲᠤᠬᠠᠢ ᠵᠢᠨ ᠬᠥᠮᠥᠨ᠎ᠨᠢ ᠲᠠᠰᠤᠯᠤᠯᠳᠠ ᠵᠢᠨ ᠪᠢᠴᠢᠭ᠎ᠢ ᠣᠯᠣᠭᠰᠠᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ ᠬᠥᠨᠳᠡᠯᠡᠨ᠎ᠠᠴᠠ ᠲᠠᠰᠤᠯᠬᠤ ᠲᠢᠩᠬᠢᠮ᠎ᠳᠤ ᠨᠥᠬᠥᠪᠦᠷᠢᠯᠡᠨ ᠵᠠᠯᠠᠷᠠᠭᠤᠯᠤᠭᠤᠯᠬᠤ ᠪᠤᠶᠤ ᠨᠥᠬᠥᠪᠦᠷᠢ ᠲᠠᠰᠤᠯᠤᠯᠳᠠ ᠭᠠᠷᠭ᠋ᠠᠭᠤᠯᠬᠤ᠎ᠪᠠᠷ ᠭᠤᠶᠤᠴᠢᠯᠠᠵᠤ ᠪᠣᠯᠣᠨ᠎ᠠ᠃
    ᠬᠥᠨᠳᠡᠯᠡᠨ᠎ᠠᠴᠠ ᠲᠠᠰᠤᠯᠬᠤ ᠲᠢᠩᠬᠢᠮ᠎ᠤᠨ á ­á  á ·á ­á ‹á  á ­á °á  á ¨ ᠨᠥᠬᠥᠪᠦᠷᠢᠯᠡᠨ ᠵᠠᠯᠠᠷᠠᠭᠤᠯᠤᠭᠰᠠᠨ ᠪᠤᠶᠤ ᠨᠥᠬᠥᠪᠦᠷᠢᠯᠡᠨ ᠵᠠᠯᠠᠷᠠᠭᠤᠯᠤᠭᠰᠠᠨ ᠲᠠᠰᠤᠯᠤᠯᠳᠠ᠎ᠨᠢ ᠤᠤᠯ ᠲᠣᠭᠲᠠᠭ᠋ᠠᠯᠲᠠ ᠵᠢᠨ ᠪᠢᠴᠢᠭ᠎ᠤᠨ ᠪᠦᠷᠢᠯᠳᠦᠭᠦᠨ ᠬᠡᠰᠡᠭ ᠪᠣᠯᠣᠨ᠎ᠠ᠃
    ᠲᠣᠭᠲᠠᠭ᠋ᠠᠯ᠎ᠤᠨ ᠪᠢᠴᠢᠭ᠂ ᠡᠶᠡᠳᠡᠭᠦᠯᠭᠡ ᠵᠢᠨ ᠪᠢᠴᠢᠭ᠎ᠢ ᠨᠥᠬᠥᠪᠦᠷᠢᠯᠡᠨ ᠵᠠᠯᠠᠷᠠᠭᠤᠯᠬᠤ᠎ᠳᠤ ᠲᠤᠰ ᠵᠦᠢ᠍ᠯ᠎ᠤᠨ ᠲᠣᠭᠲᠠᠭ᠋ᠠᠯ᠎ᠢ ᠯᠠᠪᠯᠠᠯᠲᠠ ᠪᠣᠯᠭ᠋ᠠᠵᠤ ᠬᠡᠷᠡᠭᠯᠡᠨ᠎ᠡ᠃
    ᠵᠢᠷᠠᠨ ᠨᠢᠭᠡᠳᠦᠭᠡᠷ ᠵᠦᠢ᠍ᠯ   ᠠᠷᠠᠳ᠎ᠤᠨ ᠰᠢᠭᠦᠬᠦ ᠬᠣᠷᠢᠶ᠎ᠠ ᠲᠡᠬᠢᠵᠦ ᠬᠥᠨᠳᠡᠯᠡᠨ᠎ᠠᠴᠠ ᠲᠠᠰᠤᠯᠤᠭᠤᠯᠬᠤ᠎ᠪᠠᠷ ᠮᠡᠳᠡᠭᠳᠡᠭᠰᠡᠨ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ ᠲᠡᠬᠢᠵᠦ ᠰᠢᠭᠦᠬᠦ ᠬᠡᠷᠡᠭᠲᠡᠢ ᠪᠥᠭᠡᠳ ᠲᠠᠰᠤᠯᠤᠯᠳᠠ ᠭᠠᠷᠭ᠋ᠠᠬᠤ ᠬᠡᠷᠡᠭᠲᠡᠢ᠃
      ᠲᠤᠯᠤᠳᠤᠭ᠋ᠠᠷ ᠪᠦᠯᠦᠭ   ᠤᠨᠴᠠᠭ᠋ᠠᠢ ᠠᠵᠢᠯ᠎ᠤᠨ ᠲᠠᠷᠠᠭ᠋ᠠᠯᠠᠯ
    ᠵᠢᠷᠠᠨ ᠬᠣᠶᠠᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠴᠢᠬᠤᠯᠠ ᠶᠡᠬᠡ ᠠᠵᠢᠯᠯᠠᠭ᠎ᠠ ᠵᠢᠨ ᠬᠤᠭᠤᠴᠠᠭ᠋ᠠᠨ᠎ᠳᠤ ᠡᠭᠦᠰᠦᠭᠰᠡᠨ ᠪᠤᠶᠤ ᠡᠬᠢᠯᠡᠬᠦ ᠶᠣᠰᠣᠯᠠᠯ᠎ᠠᠴᠠ ᠡᠮᠦᠨ᠎ᠡ ᠠᠷᠪᠠᠨ ᠡᠳᠦᠷ᠎ᠤᠨ ᠳᠣᠲᠣᠷ᠎ᠠ ᠲᠡᠷᠡ ᠳᠠᠷᠤᠢ᠎ᠳᠤᠨᠢ ᠰᠢᠢ᠍ᠳᠪᠦᠷᠢᠯᠡᠬᠦ ᠴᠢᠬᠤᠯᠠᠲᠠᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠵᠢᠭᠤᠷᠠᠯᠳᠤᠭ᠋ᠠᠨ᠎ᠳᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠲᠤᠰᠬᠠᠢ   ᠠᠵᠢᠯ᠎ᠤᠨ ᠲᠠᠷᠠᠭ᠋ᠠᠯᠠᠯ᠎ᠤᠨ ᠳᠦᠷᠢᠮ᠎ᠢ ᠬᠡᠷᠡᠭᠯᠡᠨ᠎ᠡ᠃
    ᠵᠢᠷᠠᠨ ᠭᠤᠷᠪᠠᠳᠤᠭ᠋ᠠᠷ ᠵᠦᠢ᠍ᠯ   ᠴᠢᠬᠤᠯᠠ ᠶᠡᠬᠡ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠵᠣᠬᠢᠶᠠᠨ ᠪᠠᠶ᠋ᠢᠭᠤᠯᠬᠤ   ᠵᠦᠪᠯᠡᠯ᠎ᠤᠨ ᠤᠷᠢᠯᠭ᠎ᠠ᠎ᠪᠠᠷ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠤᠷᠤᠯᠳᠤᠭ᠋ᠠᠨ᠎ᠤ ᠠᠵᠢᠯᠯᠠᠭ᠎ᠠ ᠵᠢᠨ ᠬᠤᠭᠤᠴᠠᠭ᠋ᠠᠨ᠎ᠳᠤ 《ᠤᠨᠴᠠᠭ᠋ᠠᠢ ᠠᠵᠢᠯ᠎ᠤᠨ ᠲᠠᠷᠠᠭ᠋ᠠᠯᠠᠯ᠎ᠤᠨ ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》 ᠭᠠᠷᠭ᠋ᠠᠵᠤ᠂ ᠲᠡᠷᠡ ᠳᠠᠷᠤᠢ᠎ᠳᠤᠨᠢ ᠰᠢᠢ᠍ᠳᠪᠦᠷᠢᠯᠡᠬᠦ ᠴᠢᠬᠤᠯᠠᠲᠠᠢ ᠵᠢᠭᠤᠷᠠᠯᠳᠤᠭ᠋ᠠᠨ᠎ᠢ ᠬᠥᠨᠳᠡᠯᠡᠨ᠎ᠠᠴᠠ ᠲᠠᠰᠤᠯᠤᠭᠤᠯᠵᠤ ᠰᠢᠢ᠍ᠳᠪᠦᠷᠢᠯᠡᠨ᠎ᠡ᠃
    《ᠤᠨᠴᠠᠭ᠋ᠠᠢ ᠠᠵᠢᠯ᠎ᠤᠨ ᠲᠠᠷᠠᠭ᠋ᠠᠯᠠᠯ᠎ᠤᠨ ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》᠎ᠢ 《ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》᠎ᠤᠨ ᠳᠣᠲᠣᠷ᠎ᠠ᠎ᠠᠴᠠ ᠶᠢᠰᠦ᠎ᠠᠴᠠ ᠠᠷᠪᠠᠨ ᠬᠣᠶᠠᠷ ᠬᠥᠮᠥᠨ᠎ᠢ ᠰᠣᠩᠭᠣᠨ ᠲᠣᠭᠲᠠᠭ᠋ᠠᠵᠤ ᠪᠦᠷᠢᠯᠳᠦᠭᠦᠯᠦᠨ᠎ᠡ᠂ ᠡᠭᠦᠨ᠎ᠳᠤ 《ᠬᠥᠭᠡᠷᠦᠭᠦᠯᠬᠦ ᠡᠮ᠎ᠢ ᠡᠰᠡᠷᠭᠦᠴᠡᠬᠦ ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》᠎ᠤᠨ ᠳᠣᠲᠣᠷᠠᠬᠢ ᠭᠤᠷᠪᠠᠨ ᠬᠥᠮᠥᠨ᠎ᠢ ᠪᠠᠭᠲᠠᠭ᠋ᠠᠭᠰᠠᠨ ᠪᠠᠢ᠌ᠬᠤ ᠬᠡᠷᠡᠭᠲᠡᠢ᠃
    ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠪᠠᠢ᠌ᠳᠠᠯ᠎ᠢ ᠦᠨᠳᠦᠰᠦᠯᠡᠨ᠂ ᠴᠢᠬᠤᠯᠠ ᠶᠡᠬᠡ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠤᠭᠤᠴᠠᠭ᠋ᠠᠨ᠎ᠳᠤ 《ᠣᠨᠴᠠᠭ᠋ᠠᠶ ᠠᠵᠢᠯ᠎ᠤᠨ ᠲᠠᠷᠠᠭ᠋ᠠᠯᠠᠯ᠎ᠤᠨ ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》᠎ᠲᠤ ᠲᠣᠬᠢᠷᠠᠭᠤᠯᠤᠯᠲᠠ ᠬᠢᠨ᠎ᠡ᠃
    ᠵᠢᠷᠠᠨ ᠳᠥᠷᠪᠡᠳᠦᠭᠡᠷ ᠵᠦᠢ᠍ᠯ   ᠤᠨᠴᠠᠭ᠋ᠠᠢ ᠠᠵᠢᠯ᠎ᠤᠨ ᠲᠠᠷᠠᠭ᠋ᠠᠯᠠᠯ᠎ᠤᠨ ᠳᠤᠮᠳᠠ᠂ ᠬᠥᠨᠳᠡᠯᠡᠨ᠎ᠠᠴᠠ ᠲᠠᠰᠤᠯᠬᠤ ᠪᠢᠴᠢᠭ ᠮᠠᠲ᠋ᠧᠷᠢᠶᠠᠯ᠎ᠢ ᠡᠩ᠎ᠤᠨ ᠪᠠᠢ᠌ᠳᠠᠯ᠎ᠳᠤ ᠡᠯᠧᠺᠲᠷᠣᠨ ᠰᠢᠤᠳᠠᠨ᠎ᠤ ᠵᠦᠢ᠍ᠯ᠂ ᠤᠳᠠᠰᠦ ᠵᠡᠷᠭᠡ ᠬᠡᠯᠪᠡᠷᠢ᠎ᠪᠠᠷ ᠲᠤᠬᠠᠢ ᠵᠢᠨ ᠬᠥᠮᠥᠨ ᠪᠤᠶᠤ ᠲᠡᠭᠦᠨ᠎ᠤ ᠬᠥᠨᠳᠡᠯᠡᠨ᠎ᠠᠴᠠ ᠲᠠᠰᠤᠯᠬᠤ ᠣᠷᠣᠯᠠᠭᠴᠢ᠎ᠳᠤ ᠬᠦᠷᠭᠡᠵᠦ᠂ ᠤᠳᠠᠰᠦ ᠵᠢᠨ ᠬᠡᠯᠪᠡᠷᠢ᠎ᠪᠠᠷ ᠬᠦᠷᠭᠡᠭᠰᠡᠨ ᠪᠠᠢ᠌ᠪᠠᠯ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠬᠥᠨᠳᠡᠯᠡᠨ᠎ᠠᠴᠠ ᠲᠠᠰᠤᠯᠬᠤ ᠪᠢᠴᠢᠭ᠎ᠤᠨ ᠪᠢᠴᠢᠭ ᠮᠠᠲ᠋ᠧᠷᠢᠶᠠᠯ᠎ᠢ ᠳᠠᠷᠠᠭ᠎ᠠ᠎ᠳᠤᠨᠢ ᠨᠥᠬᠥᠪᠦᠷᠢᠯᠡᠨ ᠢᠯᠡᠭᠡᠬᠦ ᠬᠡᠷᠡᠭᠲᠡᠢ᠃
    ᠵᠢᠷᠠᠨ ᠲᠠᠪᠤᠳᠤᠭ᠋ᠠᠷ ᠵᠦᠢ᠍ᠯ   ᠭᠤᠶᠤᠴᠢᠯᠠᠭᠴᠢ ᠣᠨᠴᠠᠭ᠋ᠠᠶ ᠠᠵᠢᠯ᠎ᠤᠨ ᠲᠠᠷᠠᠭ᠋ᠠᠯᠠᠯ᠎ᠢ ᠦᠨᠳᠦᠰᠦᠯᠡᠨ ᠬᠥᠨᠳᠡᠯᠡᠨ᠎ᠠᠴᠠ ᠲᠠᠰᠤᠯᠤᠭᠤᠯᠬᠤ᠎ᠪᠠᠷ ᠭᠤᠶᠤᠴᠢᠯᠠᠬᠤ ᠦᠶ᠎ᠡ᠎ᠳᠤ᠂ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠤᠨ ᠪᠢᠴᠢᠭ᠎ᠲᠤ ᠲᠤᠰ ᠳᠦᠷᠢᠮ᠎ᠤᠨ ᠠᠷᠪᠠᠨ ᠵᠢᠷᠭᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠠᠭᠤᠯᠭ᠎ᠠ ᠵᠢ ᠲᠣᠳᠣᠷᠬᠠᠢ ᠪᠢᠴᠢᠬᠦ᠎ᠠᠴᠠ ᠭᠠᠳᠠᠨ᠎ᠠ ᠪᠠᠰᠠ ᠭᠤᠶᠤᠴᠢᠯᠠᠭᠴᠢ ᠪᠠ ᠭᠤᠶᠤᠴᠢᠯᠠᠭᠳᠠᠭᠴᠢ ᠵᠢᠨ ᠴᠢᠬᠤᠯᠠ ᠶᠡᠬᠡ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠤᠭᠤᠴᠠᠭ᠋ᠠᠨ᠎ᠳᠠᠬᠢ ᠬᠠᠶᠢᠭ᠎ᠢ ᠲᠣᠳᠣᠷᠬᠠᠢ ᠪᠢᠴᠢᠬᠦ ᠬᠡᠷᠡᠭᠲᠡᠢ᠃
    ᠵᠢᠷᠠᠨ ᠵᠢᠷᠭᠤᠳᠤᠭ᠋ᠠᠷ ᠵᠦᠢ᠍ᠯ   ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠭᠥᠯᠢᠶᠡᠨ ᠠᠪᠤᠭᠰᠠᠨ᠎ᠤ ᠳᠠᠷᠠᠭ᠎ᠠ᠂ ᠡᠷᠬᠢᠯᠡᠭᠴᠢ᠎ᠨᠢ 《ᠤᠨᠴᠠᠭ᠋ᠠᠢ ᠠᠵᠢᠯ᠎ᠤᠨ ᠲᠠᠷᠠᠭ᠋ᠠᠯᠠᠯ᠎ᠤᠨ ᠬᠥᠨᠳᠡᠯᠡᠨ᠎ᠠᠴᠠ ᠲᠠᠰᠤᠯᠤᠭᠴᠢ ᠵᠢᠨ ᠨᠡᠷᠡᠰ᠎ᠤᠨ ᠳᠡᠪᠲᠡᠷ》᠎ᠤᠨ ᠳᠣᠲᠣᠷ᠎ᠠ᠎ᠠᠴᠠ ᠭᠤᠷᠪᠠᠨ ᠨᠡᠷᠡᠰ ᠬᠥᠨᠳᠡᠯᠡᠨ᠎ᠠᠴᠠ ᠲᠠᠰᠤᠯᠤᠭᠴᠢ ᠵᠢ ᠵᠢᠭ᠋ᠠᠨ ᠲᠣᠭᠲᠠᠭ᠋ᠠᠵᠤ ᠬᠥᠨᠳᠡᠯᠡᠨ᠎ᠠᠴᠠ ᠲᠠᠰᠤᠯᠬᠤ ᠲᠢᠩᠬᠢᠮ᠎ᠢ ᠪᠦᠷᠢᠯᠳᠦᠭᠦᠯᠬᠦ ᠵᠢᠨ ᠬᠠᠮᠲᠤ ᠲᠦᠷᠦᠭᠦᠦ ᠬᠥᠨᠳᠡᠯᠡᠨ᠎ᠠᠴᠠ ᠲᠠᠰᠤᠯᠤᠭᠴᠢ ᠵᠢ ᠬᠠᠮᠲᠤ᠎ᠳᠤᠨᠢ ᠵᠢᠭ᠋ᠠᠨ ᠲᠣᠭᠲᠠᠭ᠋ᠠᠬᠤ ᠬᠡᠷᠡᠭᠲᠡᠢ᠃ ᠬᠥᠭᠡᠷᠦᠭᠦᠯᠬᠦ ᠡᠮ᠎ᠢ ᠡᠰᠡᠷᠭᠦᠴᠡᠬᠦ᠎ᠲᠠᠢ ᠬᠣᠯᠪᠣᠭᠳᠠᠯ ᠪᠦᠬᠦᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ᠎ᠳᠤ᠂ ᠬᠥᠭᠡᠷᠦᠭᠦᠯᠬᠦ ᠡᠮ᠎ᠢ ᠡᠰᠡᠷᠭᠦᠴᠡᠬᠦ ᠬᠥᠨᠳᠡᠯᠡᠨ᠎ᠠᠴᠠ ᠲᠠᠰᠤᠯᠤᠭᠴᠢ ᠠᠳᠠᠭ᠎ᠲᠠᠭᠠᠨ ᠨᠢᠭᠡ ᠪᠠᠢ᠌ᠬᠤ ᠬᠡᠷᠡᠭᠲᠡᠢ ᠪᠥᠭᠡᠳ ᠬᠠᠤᠯᠢ ᠵᠢᠨ ᠤᠬᠠᠭ᠋ᠠᠨ᠎ᠤ ᠠᠬᠤᠢ ᠪᠠᠢ᠌ᠳᠠᠯ ᠪᠤᠶᠤ ᠬᠠᠤᠯᠢ ᠴᠠᠭ᠋ᠠᠵᠠ ᠵᠢᠨ ᠲᠤᠰᠬᠠᠢ ᠮᠡᠷᠭᠡᠵᠢᠯ᠎ᠤᠨ ᠲᠤᠷᠰᠢᠯᠭ᠎ᠠ᠎ᠲᠠᠢ ᠬᠥᠨᠳᠡᠯᠡᠨ᠎ᠠᠴᠠ ᠲᠠᠰᠤᠯᠤᠭᠴᠢ ᠨᠢᠭᠡ ᠪᠠᠢ᠌ᠬᠤ ᠬᠡᠷᠡᠭᠲᠡᠢ᠃
    ᠬᠡᠷᠪᠡ ᠪᠠᠢ᠌ᠳᠠᠯ᠎ᠨᠢ ᠲᠣᠬᠢᠷᠠᠮᠵᠢᠲᠠᠢ ᠪᠣᠯ ᠡᠷᠬᠢᠯᠡᠭᠴᠢ᠎ᠠᠴᠠ á ­á  á ­á ´á  á ­á ‹á  á · ᠬᠥᠨᠳᠡᠯᠡᠨ᠎ᠠᠴᠠ ᠲᠠᠰᠤᠯᠤᠭᠴᠢ ᠵᠢ ᠵᠢᠭ᠋ᠠᠨ ᠲᠣᠭᠲᠠᠭ᠋ᠠᠵᠤ ᠪᠣᠯᠣᠨ᠎ᠠ᠃ ᠬᠥᠭᠡᠷᠦᠭᠦᠯᠬᠦ ᠡᠮ᠎ᠢ ᠡᠰᠡᠷᠭᠦᠴᠡᠬᠦ᠎ᠲᠠᠢ ᠬᠣᠯᠪᠣᠭᠳᠠᠬᠤ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ᠎ᠳᠤ᠂ ᠲᠤᠰᠠᠭ᠋ᠠᠷ ᠬᠥᠨᠳᠡᠯᠡᠨ᠎ᠠᠴᠠ ᠲᠠᠰᠤᠯᠤᠭᠴᠢ᠎ᠨᠢ ᠬᠠᠤᠯᠢ ᠵᠢᠨ ᠤᠬᠠᠭ᠋ᠠᠨ᠎ᠤ ᠠᠬᠤᠢ ᠪᠠᠢ᠌ᠳᠠᠯ ᠪᠤᠶᠤ ᠬᠠᠤᠯᠢ ᠴᠠᠭ᠋ᠠᠵᠠ ᠵᠢᠨ ᠲᠤᠰᠬᠠᠢ ᠮᠡᠷᠭᠡᠵᠢᠯ᠎ᠤᠨ ᠲᠤᠷᠰᠢᠯᠭ᠎ᠠ᠎ᠲᠠᠢ ᠬᠥᠭᠡᠷᠦᠭᠦᠯᠬᠦ ᠡᠮ᠎ᠢ ᠡᠰᠡᠷᠭᠦᠴᠡᠬᠦ ᠬᠥᠨᠳᠡᠯᠡᠨ᠎ᠠᠴᠠ ᠲᠠᠰᠤᠯᠤᠭᠴᠢ ᠪᠠᠢ᠌ᠬᠤ ᠬᠡᠷᠡᠭᠲᠡᠢ᠃
    ᠵᠢᠷᠠᠨ ᠳᠣᠯᠣᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠤᠭᠴᠢ᠎ᠨᠢ ᠰᠢᠭᠦᠬᠦ ᠲᠢᠩᠬᠢᠮ᠎ᠤᠨ ᠵᠣᠬᠢᠶᠠᠨ ᠪᠠᠶ᠋ᠢᠭᠤᠯᠬᠤ ᠮᠡᠳᠡᠭᠳᠡᠯ᠎ᠢ ᠣᠯᠣᠭᠰᠠᠨ᠎ᠤ ᠲᠡᠷᠡᠭ᠎ᠠ᠂ ᠲᠡᠭᠦᠨ᠎ᠤ ᠣᠯᠵᠤ ᠮᠡᠳᠡᠭᠰᠡᠨ ᠪᠡᠶ᠎ᠡ᠎ᠪᠠᠨ ᠳᠠᠭ᠋ᠠᠭ᠋ᠠᠭᠰᠠᠨ ᠴᠢᠨᠠᠷ᠂ ᠲᠥᠪ ᠭᠣᠣᠯᠴᠢ ᠴᠢᠨᠠᠷ᠎ᠲᠤ ᠵᠦᠢ ᠵᠣᠬᠢᠰᠲᠠᠢ ᠰᠡᠵᠢᠭᠯᠡᠯ ᠡᠭᠦᠰᠬᠡᠵᠦ ᠮᠡᠳᠡᠬᠦ ᠶᠠᠮᠠᠷᠪᠠ ᠪᠠᠢ᠌ᠳᠠᠯ᠎ᠢ ᠲᠡᠷᠡ ᠳᠠᠷᠤᠢ᠎ᠳᠤᠨᠢ ᠪᠢᠴᠢᠭ ᠵᠶ᠋ᠡᠷ ᠨᠡᠢ᠌ᠲᠡᠯᠡᠬᠦ ᠬᠡᠷᠡᠭᠲᠡᠢ ᠪᠥᠭᠡᠳ ᠡᠢ᠌ᠮᠦ ᠪᠠᠢ᠌ᠳᠠᠯ ᠣᠷᠣᠰᠢᠵᠤ ᠪᠠᠢ᠌ᠬᠤ ᠦᠶ᠎ᠡ᠎ᠳᠤ ᠲᠡᠷᠡ ᠳᠠᠷᠤᠢ᠎ᠳᠤᠨᠢ ᠵᠠᠢ᠌ᠯᠠᠬᠤ ᠬᠡᠷᠡᠭᠲᠡᠢ᠃
    ᠲᠤᠬᠠᠢ ᠵᠢᠨ ᠬᠥᠮᠥᠨ᠎ᠨᠢ ᠬᠥᠨᠳᠡᠯᠡᠨ᠎ᠠᠴᠠ ᠲᠠᠰᠤᠯᠤᠭᠴᠢ᠎ᠳᠤ ᠵᠠᠢ᠌ᠯᠠᠬᠤ ᠪᠠᠢ᠌ᠳᠠᠯ ᠣᠷᠣᠰᠢᠵᠤ ᠪᠠᠢ᠌ᠬᠤ ᠵᠢ ᠮᠡᠳᠡᠬᠦ ᠪᠤᠶᠤ ᠮᠡᠳᠡᠬᠦ ᠶᠣᠰᠣᠲᠠᠢ ᠦᠶ᠎ᠡ᠎ᠳᠤ ᠲᠡᠷᠡ ᠳᠠᠷᠤᠢ᠎ᠳᠤᠨᠢ ᠵᠠᠢ᠌ᠯᠠᠭᠤᠯᠬᠤ᠎ᠪᠠᠷ ᠳᠤᠷᠠᠳᠬᠤ ᠬᠡᠷᠡᠭᠲᠡᠢ᠃
    ᠡᠷᠬᠢᠯᠡᠭᠴᠢ᠎ᠨᠢ ᠲᠤᠬᠠᠢ ᠵᠢᠨ ᠬᠥᠮᠥᠨ᠎ᠤ ᠳᠤᠷᠠᠳᠤᠭᠰᠠᠨ ᠵᠠᠢ᠌ᠯᠠᠭᠤᠯᠬᠤ ᠭᠤᠶᠤᠴᠢᠯᠠᠯ᠎ᠤᠨ ᠲᠤᠬᠠᠢ ᠲᠡᠷᠡ ᠳᠠᠷᠤᠢ᠎ᠳᠤᠨᠢ ᠲᠣᠭᠲᠠᠭ᠋ᠠᠯ ᠭᠠᠷᠭ᠋ᠠᠬᠤ ᠬᠡᠷᠡᠭᠲᠡᠢ᠃ ᠪᠠᠢ᠌ᠳᠠᠯ᠎ᠢ ᠵᠥᠪᠰᠢᠶᠡᠷᠡᠬᠦ ᠦᠶ᠎ᠡ᠎ᠳᠤ᠂ ᠡᠷᠬᠢᠯᠡᠭᠴᠢ ᠲᠣᠭᠲᠠᠭ᠋ᠠᠯ ᠭᠠᠷᠭ᠋ᠠᠬᠤ᠎ᠠᠴᠠ᠎ᠪᠠᠨ ᠡᠮᠦᠨ᠎ᠡ ᠬᠣᠯᠪᠣᠭᠳᠠᠯ ᠪᠦᠬᠦᠢ ᠲᠤᠬᠠᠢ ᠵᠢᠨ ᠬᠥᠮᠥᠨ ᠪᠠ ᠬᠥᠨᠳᠡᠯᠡᠨ᠎ᠠᠴᠠ ᠲᠠᠰᠤᠯᠤᠭᠴᠢ ᠵᠢᠨ ᠰᠠᠨᠠᠯ᠎ᠢ ᠰᠣᠨᠣᠰᠬᠤ ᠬᠡᠷᠡᠭᠲᠡᠢ᠃
    ᠵᠢᠷᠠᠨ ᠨᠠᠢ᠍ᠮᠠᠳᠤᠭ᠋ᠠᠷ ᠵᠦᠢ᠍ᠯ   ᠠᠳᠠᠯᠢ ᠨᠢᠭᠡᠨ ᠤᠷᠤᠯᠳᠤᠭ᠋ᠠᠨ᠎ᠤ ᠳᠦᠷᠢᠮ᠎ᠢ ᠦᠨᠳᠦᠰᠦᠯᠡᠨ ᠭᠤᠶᠤᠴᠢᠯᠠᠭᠰᠠᠨ ᠬᠥᠨᠳᠡᠯᠡᠨ᠎ᠠᠴᠠ ᠲᠠᠰᠤᠯᠬᠤ᠎ᠳᠤ᠂ ᠬᠡᠷᠪᠡ ᠤᠨᠴᠠᠭ᠋ᠠᠢ ᠠᠵᠢᠯ᠎ᠤᠨ ᠲᠠᠷᠠᠭ᠋ᠠᠯᠠᠯ᠎ᠢ ᠬᠡᠷᠡᠭᠯᠡᠬᠦ ᠤᠷᠢᠳᠠᠪᠠᠷ ᠲᠠᠰᠤᠯᠤᠭ᠋ᠠᠳᠤᠢ ᠪᠤᠰᠤᠳ ᠬᠡᠷᠡᠭ᠎ᠲᠠᠢ ᠬᠣᠯᠪᠣᠭᠳᠠᠯ᠎ᠲᠠᠢ ᠪᠠᠢ᠌ᠪᠠᠯ᠂ ᠡᠷᠬᠢᠯᠡᠭᠴᠢ᠎ᠠᠴᠠ ᠬᠣᠢ᠌ᠨᠠᠬᠢ ᠭᠤᠶᠤᠴᠢᠯᠠᠯ᠎ᠢ ᠤᠷᠢᠳᠠᠪᠠᠷ ᠭᠤᠶᠤᠴᠢᠯᠠᠭᠰᠠᠨ ᠬᠥᠨᠳᠡᠯᠡᠨ᠎ᠠᠴᠠ ᠲᠠᠰᠤᠯᠬᠤ ᠲᠢᠩᠬᠢᠮ᠎ᠳᠤ ᠲᠣᠮᠢᠯᠠᠵᠤ ᠨᠡᠢ᠌ᠯᠡᠭᠦᠯᠦᠨ ᠲᠠᠰᠤᠯᠤᠭᠤᠯᠬᠤ᠎ᠪᠠᠷ ᠲᠣᠭᠲᠠᠭ᠋ᠠᠵᠤ ᠪᠣᠯᠣᠨ᠎ᠠ᠃
    ᠡᠷᠬᠢᠯᠡᠭᠴᠢ᠎ᠨᠢ ᠲᠤᠰ ᠵᠦᠢ᠍ᠯ᠎ᠤᠨ ᠨᠢᠭᠡᠳᠦᠭᠡᠷ ᠪᠠᠳᠠᠭ᠎ᠤᠨ ᠲᠣᠮᠢᠯᠠᠯᠲᠠ ᠵᠢ ᠲᠣᠭᠲᠠᠭ᠋ᠠᠬᠤ᠎ᠳᠠᠭᠠᠨ ᠬᠣᠶᠠᠷ ᠬᠡᠷᠡᠭ᠎ᠤᠨ ᠬᠣᠭᠣᠷᠣᠨᠳᠣᠬᠢ ᠬᠠᠷᠢᠴᠠᠭ᠎ᠠ᠂ ᠤᠷᠢᠳᠤᠬᠢ ᠬᠡᠷᠡᠭ᠎ᠤᠨ ᠠᠬᠢᠴᠠ ᠵᠢ ᠪᠠᠭᠲᠠᠭ᠋ᠠᠭᠰᠠᠨ ᠪᠤᠢ ᠪᠦᠬᠦᠢ ᠪᠠᠢ᠌ᠳᠠᠯ᠎ᠢ ᠠᠯᠢ ᠴᠢᠳᠠᠬᠤ᠎ᠪᠠᠷ ᠪᠣᠳᠣᠯᠬᠢᠯᠠᠬᠤ ᠬᠡᠷᠡᠭᠲᠡᠢ᠃
    ᠵᠢᠷᠠ ᠶᠢᠰᠦᠳᠦᠭᠡᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠵᠣᠬᠢᠰᠲᠠᠢ ᠭᠡᠵᠦ ᠦᠵᠡᠭᠰᠡᠨ á  á ·á ­á Žá   ᠮᠠᠶᠢᠭ ᠵᠶ᠋ᠠᠷ ᠵᠶ᠋ᠠᠨ ᠬᠥᠨᠳᠡᠯᠡᠨ᠎ᠠᠴᠠ ᠲᠠᠰᠤᠯᠬᠤ ᠵᠢᠷᠤᠮ᠎ᠢ ᠵᠣᠬᠢᠶᠠᠨ ᠪᠠᠶ᠋ᠢᠭᠤᠯᠬᠤ ᠬᠡᠷᠡᠭᠲᠡᠢ᠃
    ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠭᠥᠯᠢᠶᠡᠨ ᠠᠪᠤᠭᠰᠠᠨ᠎ᠤ ᠳᠠᠷᠠᠭ᠎ᠠ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠳᠤ ᠲᠢᠩᠬᠢᠮ ᠨᠡᠭᠡᠭᠡᠬᠦ ᠮᠡᠳᠡᠭᠳᠡᠯ᠎ᠢ ᠲᠡᠷᠡ ᠳᠠᠷᠤᠢ᠎ᠳᠤᠨᠢ ᠶᠠᠪᠤᠭᠤᠯᠬᠤ ᠬᠡᠷᠡᠭᠲᠡᠢ᠃ ᠭᠤᠶᠤᠴᠢᠯᠠᠭᠳᠠᠭᠴᠢ᠎ᠳᠤ ᠶᠠᠪᠤᠭᠤᠯᠤᠭᠰᠠᠨ ᠲᠢᠩᠬᠢᠮ ᠨᠡᠭᠡᠭᠡᠬᠦ ᠮᠡᠳᠡᠭᠳᠡᠯ᠎ᠳᠤ ᠭᠤᠶᠤᠴᠢᠯᠠᠯ᠎ᠤᠨ ᠪᠢᠴᠢᠭ᠎ᠤᠨ ᠬᠠᠭᠤᠯᠪᠤᠷᠢ ᠳᠡᠪᠲᠡᠷ᠎ᠢ ᠳᠠᠭ᠋ᠠᠯᠳᠤᠭᠤᠯᠬᠤ ᠬᠡᠷᠡᠭᠲᠡᠢ᠃
    ᠬᠥᠨᠳᠡᠯᠡᠨ᠎ᠠᠴᠠ ᠲᠠᠰᠤᠯᠬᠤ ᠲᠢᠩᠬᠢᠮ ᠲᠢᠩᠬᠢᠮ᠎ᠤᠨ ᠰᠢᠭᠦᠯᠲᠡ ᠵᠢᠨ ᠦᠶ᠎ᠡ᠎ᠳᠤ ᠬᠣᠶᠠᠷ ᠲᠠᠯ᠎ᠠ ᠵᠢᠨ ᠲᠤᠬᠠᠢ ᠵᠢᠨ ᠬᠥᠮᠥᠨ᠎ᠤ ᠰᠠᠨᠠᠯ᠎ᠢ ᠰᠣᠨᠣᠰᠬᠤ ᠬᠡᠷᠡᠭᠲᠡᠢ᠃ ᠬᠡᠷᠪᠡ ᠪᠣᠳᠠᠲᠤ ᠶᠠᠪᠤᠳᠠᠯ᠎ᠨᠢ ᠲᠣᠳᠣᠷᠬᠠᠢ᠂ á ­á ¡á ·á ¡á ´á ¢ ᠪᠠᠷᠢᠮᠲᠠ᠎ᠨᠢ ᠪᠦᠷᠢᠨ ᠭᠦᠢ᠍ᠴᠡᠳ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ ᠲᠢᠩᠬᠢᠮ᠎ᠤᠨ ᠰᠢᠭᠦᠯᠲᠡ ᠬᠢᠬᠦ ᠦᠭᠡᠢ᠎ᠪᠠᠷ ᠲᠣᠭᠲᠠᠭ᠋ᠠᠵᠤ ᠪᠣᠯᠬᠤ ᠪᠥᠭᠡᠳ ᠲᠡᠷᠡ ᠳᠠᠷᠤᠢ᠎ᠳᠤᠨᠢ ᠲᠠᠰᠤᠯᠤᠯᠳᠠ ᠭᠠᠷᠭ᠋ᠠᠵᠤ ᠪᠣᠯᠣᠨ᠎ᠠ᠃
    ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠵᠣᠬᠢᠰᠲᠠᠢ á  á ·á ­á Žá   ᠬᠡᠮᠵᠢᠶ᠎ᠡ ᠠᠪᠴᠤ á ­á ¡á ·á ¡á ´á ¢ ᠠᠪᠬᠤ᠂ á ­á ¡á ·á ¡á ´á ¢ ᠳᠤᠷᠠᠳᠬᠤ᠂ ᠲᠤᠯᠭ᠋ᠠᠨ ᠭᠡᠷᠡᠴᠢᠯᠡᠬᠦ ᠵᠡᠷᠭᠡ á ­á ¡á ·á ¡á ´á ¢ ᠪᠠᠷᠢᠮᠲᠠ᠎ᠲᠠᠢ ᠬᠣᠯᠪᠣᠭᠳᠠᠬᠤ ᠬᠥᠨᠳᠡᠯᠡᠨ᠎ᠠᠴᠠ ᠲᠠᠰᠤᠯᠬᠤ ᠠᠵᠢᠯ᠎ᠤᠨ ᠲᠠᠷᠠᠭ᠋ᠠᠯᠠᠯ᠎ᠢ ᠲᠦᠯᠬᠢᠨ ᠠᠬᠢᠭᠤᠯᠵᠤ ᠪᠣᠯᠣᠨ᠎ᠠ᠃
    ᠲᠤᠬᠠᠢ ᠵᠢᠨ ᠬᠥᠮᠥᠨ ᠲᠢᠩᠬᠢᠮ᠎ᠤᠨ ᠰᠢᠭᠦᠯᠲᠡ᠎ᠳᠤ ᠣᠷᠣᠯᠴᠠᠭᠰᠠᠨ ᠦᠭᠡᠢ ᠪᠠᠢ᠌ᠪᠠᠯ᠂ ᠬᠥᠨᠳᠡᠯᠡᠨ᠎ᠠᠴᠠ ᠲᠠᠰᠤᠯᠬᠤ ᠲᠢᠩᠬᠢᠮ ᠰᠠᠭ᠋ᠠᠲᠠᠯ᠎ᠲᠠᠢ᠎ᠪᠠᠷ ᠰᠢᠭᠦᠵᠦ ᠪᠣᠯᠣᠨ᠎ᠠ᠃
    ᠳᠠᠯᠠᠳᠤᠭ᠋ᠠᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ ᠭᠠᠷᠭ᠋ᠠᠭᠰᠠᠨ᠎ᠤ ᠲᠡᠷᠡᠭ᠎ᠠ ᠬᠣᠷᠢᠨ ᠲᠦᠷᠪᠡᠨ ᠴᠠᠭ᠎ᠤᠨ ᠳᠣᠲᠣᠷ᠎ᠠ ᠲᠠᠰᠤᠯᠤᠯᠳᠠ ᠭᠠᠷᠭ᠋ᠠᠬᠤ ᠬᠡᠷᠡᠭᠲᠡᠢ᠃ ᠦᠨᠡᠬᠡᠷ ᠣᠨᠴᠠᠭ᠋ᠠᠶ ᠪᠠᠢ᠌ᠳᠠᠯ᠎ᠲᠠᠢ ᠪᠠᠢ᠌ᠪᠠᠯ᠂ ᠡᠷᠬᠢᠯᠡᠭᠴᠢ᠎ᠠᠴᠠ ᠲᠠᠰᠤᠯᠤᠯᠳᠠ ᠭᠠᠷᠭ᠋ᠠᠬᠤ ᠬᠤᠭᠤᠴᠠᠭ᠎ᠠ ᠵᠢ ᠵᠣᠬᠢᠰᠲᠠᠢ᠎ᠪᠠᠷ ᠤᠷᠲᠤᠳᠬᠠᠵᠤ ᠪᠣᠯᠣᠨ᠎ᠠ᠃
    ᠲᠡᠯᠡᠠ ᠨᠢᠭᠡᠳᠦᠭᠡᠷ ᠵᠦᠢ᠍ᠯ   ᠬᠥᠨᠳᠡᠯᠡᠨ᠎ᠠᠴᠠ ᠲᠠᠰᠤᠯᠬᠤ ᠲᠢᠩᠬᠢᠮ᠎ᠤᠨ á ­á  á ·á ­á ‹á  á ­á °á  á ¨ ᠲᠠᠰᠤᠯᠤᠯᠳᠠ ᠪᠣᠯ ᠡᠴᠦᠰ᠎ᠤᠨ ᠲᠠᠰᠤᠯᠤᠯᠳᠠ ᠮᠥᠨ᠂ ᠲᠠᠰᠤᠯᠤᠯᠳᠠ á ­á  á ·á ­á ‹á  á ­á °á  á ¨ ᠡᠳᠦᠷ᠎ᠠᠴᠠ ᠡᠬᠢᠯᠡᠨ ᠬᠠᠤᠯᠢ ᠵᠢᠨ ᠬᠦᠴᠦᠨ᠎ᠲᠠᠢ ᠪᠣᠯᠣᠨ᠎ᠠ᠃
      ᠲᠠᠰᠤᠯᠤᠯᠳᠠ ᠭᠠᠷᠭ᠋ᠠᠭᠰᠠᠨ᠎ᠤ ᠳᠠᠷᠠᠭ᠎ᠠ ᠲᠤᠬᠠᠢ ᠵᠢᠨ ᠬᠥᠮᠥᠨ᠎ᠳᠤ ᠲᠡᠷᠡ ᠳᠠᠷᠤᠢ᠎ᠳᠤᠨᠢ ᠮᠡᠳᠡᠭᠳᠡᠬᠦ ᠬᠡᠷᠡᠭᠲᠡᠢ᠃ ᠬᠥᠨᠳᠡᠯᠡᠨ᠎ᠠᠴᠠ ᠲᠠᠰᠤᠯᠬᠤ ᠲᠢᠩᠬᠢᠮ᠎ᠨᠢ ᠵᠥᠪᠬᠡᠨ ᠲᠤᠬᠠᠢ ᠵᠢᠨ ᠬᠥᠮᠥᠨ᠎ᠳᠤ ᠳᠠᠰᠤᠯᠤᠯᠳᠠ ᠵᠢᠨ ᠦᠷ᠎ᠡ ᠳ᠋ᠦᠩ᠎ᠢ ᠮᠡᠳᠡᠭᠳᠡᠵᠦ ᠪᠣᠯᠣᠨ᠎ᠠ᠂ ᠭᠡᠪᠡᠴᠦ ᠳᠠᠰᠤᠯᠤᠯᠳᠠ á ­á  á ·á ­á ‹á  á ­á °á  á ¨ ᠠᠷᠪᠠᠨ ᠲᠠᠪᠤᠨ ᠡᠳᠦᠷ᠎ᠤᠨ ᠳᠣᠲᠣᠷ᠎ᠠ ᠤᠴᠢᠷ ᠰᠢᠯᠲᠠᠭ᠋ᠠᠨ ᠵᠶ᠋ᠠᠨ ᠨᠥᠬᠥᠪᠦᠷᠢᠯᠡᠨ ᠲᠣᠳᠣᠷᠬᠠᠢ᠌ᠯᠠᠬᠤ ᠬᠡᠷᠡᠭᠲᠡᠢ᠃
    ᠳᠠᠯᠠᠨ ᠬᠣᠶᠠᠳᠤᠭ᠋ᠠᠷ ᠵᠦᠢ᠍ᠯ   ᠭᠤᠶᠤᠴᠢᠯᠠᠭᠴᠢ ᠵᠢᠨ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠂ ᠵᠢᠭᠤᠷᠠᠯᠳᠤᠭ᠋ᠠᠨ᠎ᠤ ᠰᠢᠨᠵᠢ ᠴᠢᠨᠠᠷ᠂ ᠪᠤᠳᠤᠯᠢᠶᠠᠨᠲᠤ ᠴᠢᠨᠠᠷ ᠪᠠ ᠪᠠᠴᠢᠮ ᠴᠢᠨᠠᠷ᠂ ᠲᠤᠬᠠᠢ ᠵᠢᠨ ᠬᠥᠮᠥᠨ᠎ᠤ ᠲᠢᠩᠬᠢᠮ᠎ᠤᠨ ᠰᠢᠭᠦᠯᠲᠡ᠎ᠳᠤ ᠣᠷᠤᠯᠴᠠᠬᠤ ᠡᠷᠬᠡ ᠵᠡᠷᠭᠡ ᠬᠡᠷᠡᠭ᠎ᠤᠨ ᠪᠤᠶ ᠪᠦᠬᠦᠢ ᠪᠠᠢ᠌ᠳᠠᠯ᠎ᠢ ᠶᠡᠷᠦᠩᠬᠡᠢ᠌ᠯᠡᠨ ᠪᠣᠳᠣᠯᠬᠢᠯᠠᠭᠰᠠᠨ᠎ᠤ ᠳᠠᠷᠠᠭ᠎ᠠ᠂ ᠬᠥᠨᠳᠡᠯᠡᠨ᠎ᠠᠴᠠ ᠲᠠᠰᠤᠯᠬᠤ ᠲᠢᠩᠬᠢᠮ ᠡᠴᠦᠰ᠎ᠤᠨ ᠲᠠᠰᠤᠯᠤᠯᠲᠠ ᠭᠠᠷᠭ᠋ᠠᠵᠤ ᠪᠣᠯᠬᠤ ᠮᠥᠷᠲᠡᠭᠡᠨ ᠪᠠᠰᠠ ᠵᠠᠭᠤᠷᠠᠯᠳᠤᠭ᠋ᠠᠨ᠎ᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠳᠤ ᠰᠢᠯᠵᠢᠭᠦᠯᠦᠨ ᠥᠭᠴᠦ ᠡᠩ᠎ᠤᠨ ᠠᠵᠢᠯ᠎ᠤᠨ ᠲᠠᠷᠠᠭ᠋ᠠᠯᠠᠯ ᠵᠶ᠋ᠠᠷ ᠬᠥᠨᠳᠡᠯᠡᠨ᠎ᠠᠴᠠ ᠲᠠᠰᠤᠯᠤᠭᠤᠯᠵᠤ ᠪᠣᠯᠣᠨ᠎ᠠ᠂ ᠪᠠᠰᠠ ᠵᠠᠭᠤᠷᠠᠯᠳᠤᠭ᠋ᠠᠨ᠎ᠤ ᠬᠡᠰᠡᠭ᠎ᠲᠤ ᠲᠠᠰᠤᠯᠤᠯᠲᠠ ᠭᠠᠷᠭ᠋ᠠᠭᠤᠯᠵᠤ᠂ ᠵᠠᠭᠤᠷᠠᠯᠳᠤᠭ᠋ᠠᠨ᠎ᠤ ᠰᠢᠢ᠍ᠳᠪᠦᠷᠢᠯᠡᠭᠡᠳᠦᠢ ᠬᠡᠰᠡᠭ᠎ᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ   ᠵᠦᠪᠯᠡᠯ᠎ᠳᠤ ᠰᠢᠯᠵᠢᠭᠦᠯᠦᠨ ᠥᠭᠴᠦ ᠡᠩ᠎ᠤᠨ ᠠᠵᠢᠯ᠎ᠤᠨ ᠲᠠᠷᠠᠭ᠋ᠠᠯᠠᠯ ᠵᠶ᠋ᠠᠷ ᠬᠥᠨᠳᠡᠯᠡᠨ᠎ᠠᠴᠠ ᠲᠠᠰᠤᠯᠤᠭᠤᠯᠵᠤ ᠪᠣᠯᠣᠨ᠎ᠠ᠃
    ᠡᠩ᠎ᠤᠨ ᠠᠵᠢᠯ᠎ᠤᠨ ᠲᠠᠷᠠᠭ᠋ᠠᠯᠠᠯ᠎ᠳᠤ ᠰᠢᠯᠵᠢᠭᠦᠯᠦᠨ ᠲᠤᠰᠢᠶᠠᠭᠰᠠᠨ᠎ᠤ ᠳᠠᠷᠠᠭ᠎ᠠ᠂ ᠮᠥᠨ ᠯᠡ ᠤᠤᠯ᠎ᠤᠨ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠬᠥᠨᠳᠡᠯᠡᠨ᠎ᠠᠴᠠ ᠲᠠᠰᠤᠯᠵᠤ᠂ ᠬᠥᠨᠳᠡᠯᠡᠨ᠎ᠠᠴᠠ ᠲᠠᠰᠤᠯᠬᠤ ᠬᠤᠭᠤᠴᠠᠭ᠎ᠠ ᠵᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠥᠨᠳᠡᠯᠡᠨ᠎ᠠᠴᠠ ᠲᠠᠰᠤᠯᠬᠤ ᠤᠨᠴᠠᠭ᠋ᠠᠢ ᠠᠵᠢᠯ᠎ᠤᠨ ᠲᠠᠷᠠᠭ᠋ᠠᠯᠠᠯ᠎ᠤᠨ ᠬᠡᠷᠡᠭ᠎ᠢ ᠭᠥᠯᠢᠶᠡᠨ ᠠᠪᠤᠭᠰᠠᠨ ᠡᠳᠦᠷ᠎ᠠᠴᠠ ᠡᠬᠢᠯᠡᠨ ᠪᠤᠳᠤᠨ᠎ᠡ᠃
    ᠲᠠᠯᠠᠨ ᠭᠤᠷᠪᠠᠳᠤᠭ᠋ᠠᠷ ᠵᠦᠢ᠍ᠯ   ᠲᠤᠰ ᠪᠦᠯᠦᠭ᠎ᠲᠤ ᠲᠣᠭᠲᠠᠭ᠋ᠠᠭᠰᠠᠨ ᠦᠭᠡᠢ ᠵᠦᠢ᠍ᠯᠡᠰ᠎ᠲᠤ ᠲᠤᠰ ᠳᠦᠷᠢᠮ᠎ᠤᠨ ᠪᠤᠰᠤᠳ ᠲᠣᠭᠲᠠᠭ᠋ᠠᠯ᠎ᠢ ᠬᠡᠷᠡᠭᠯᠡᠨ᠎ᠡ᠃
    ᠨᠠᠢ᠍ᠮᠠᠳᠤᠭ᠋ᠠᠷ ᠪᠦᠯᠦᠭ   ᠲᠠᠭ᠋ᠠᠯᠳᠤᠭᠤᠯᠤᠯ ᠳᠦᠷᠢᠮ
    ᠳᠠᠯᠠᠨ ᠳᠥᠷᠪᠡᠳᠦᠭᠡᠷ ᠵᠦᠢ᠍ᠯ   ᠲᠤᠬᠠᠢ ᠵᠢᠨ ᠬᠥᠮᠥᠨ᠎ᠨᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠳᠤ ᠲᠦᠷ ᠴᠠᠭ᠎ᠤᠨ á  á ·á ­á Žá   ᠬᠡᠮᠵᠢᠶ᠎ᠡ ᠠᠪᠬᠤ᠎ᠪᠠᠷ ᠭᠤᠶᠤᠴᠢᠯᠠᠵᠤ ᠪᠣᠯᠣᠨ᠎ᠠ᠂ ᠪᠣᠳᠠᠲᠠᠢ ᠵᠢᠷᠤᠮ᠎ᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ   ᠵᠦᠪᠯᠡᠯ᠎ᠠᠴᠠ ᠲᠣᠭᠲᠠᠭ᠋ᠠᠨ᠎ᠠ᠃
    ᠳᠠᠯᠠᠨ ᠲᠠᠪᠤᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠬᠥᠨᠳᠡᠯᠡᠨ᠎ᠠᠴᠠ ᠲᠠᠰᠤᠯᠬᠤ ᠦᠭᠡ ᠬᠡᠯᠡ᠎ᠨᠢ ᠬᠢᠲᠠᠳ ᠬᠡᠯᠡ ᠪᠣᠯᠣᠨ᠎ᠠ᠃
    ᠲᠤᠬᠠᠢ ᠵᠢᠨ ᠬᠥᠮᠥᠨ᠎ᠨᠢ ᠠᠩᠭ᠍ᠯᠢ ᠬᠡᠯᠡ᠎ᠪᠠᠷ ᠬᠥᠨᠳᠡᠯᠡᠨ᠎ᠠᠴᠠ ᠲᠠᠰᠤᠯᠬᠤ ᠬᠡᠯᠡ ᠪᠣᠯᠭ᠋ᠠᠬᠤ᠎ᠪᠠᠷ ᠪᠣᠯᠵᠣᠨ ᠲᠣᠭᠲᠠᠵᠤ ᠪᠣᠯᠣᠨ᠎ᠠ᠃
    ᠲᠤᠬᠠᠢ ᠵᠢᠨ ᠬᠥᠮᠥᠨ ᠬᠥᠨᠳᠡᠯᠡᠨ᠎ᠠᠴᠠ ᠲᠠᠰᠤᠯᠬᠤ ᠬᠡᠯᠡ ᠵᠢ ᠪᠤᠰᠤᠳ ᠬᠡᠯᠡ᠎ᠪᠠᠷ ᠪᠣᠯᠵᠣᠨ ᠲᠣᠭᠲᠠᠭᠰᠠᠨ ᠪᠠᠢ᠌ᠪᠠᠯ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ᠎ᠠᠴᠠ ᠬᠡᠷᠡᠭ᠎ᠤᠨ ᠪᠣᠳᠠᠲᠠᠢ ᠪᠠᠢ᠌ᠳᠠᠯ᠎ᠢ ᠦᠨᠳᠦᠰᠦᠯᠡᠵᠦ ᠲᠣᠭᠲᠠᠭ᠋ᠠᠨ᠎ᠠ᠃
    ᠲᠤᠬᠠᠢ ᠵᠢᠨ ᠬᠥᠮᠥᠨ᠎ᠤ ᠲᠤᠰᠢᠶᠠᠭᠰᠠᠨ ᠡᠯ᠎ᠡ ᠵᠦᠢ᠍ᠯ᠎ᠤᠨ ᠪᠢᠴᠢᠭ ᠮᠠᠲᠸᠷᠢᠶᠡᠯ᠂ ᠪᠢᠴᠢᠭ᠎ᠤᠨ á ­á ¡á ·á ¡á ´á ¢ ᠵᠢ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ ᠪᠤᠶᠤ ᠬᠥᠨᠳᠡᠯᠡᠨ᠎ᠠᠴᠠ ᠲᠠᠰᠤᠯᠬᠤ ᠲᠢᠩᠬᠢᠮ ᠴᠢᠬᠤᠯᠠ᠎ᠲᠠᠢ ᠭᠡᠵᠦ ᠦᠵᠡᠪᠡᠯ᠂ ᠵᠣᠬᠢᠴᠠᠩᠭᠤᠢ ᠬᠢᠲᠠᠳ ᠬᠡᠯᠡᠨ᠎ᠤ ᠣᠷᠴᠢᠭᠤᠯᠭ᠎ᠠ ᠵᠢᠨ ᠳᠡᠪᠲᠡᠷ ᠪᠤᠶᠤ ᠪᠤᠰᠤᠳ ᠬᠡᠯᠡᠨ᠎ᠤ ᠣᠷᠴᠢᠭᠤᠯᠭ᠎ᠠ ᠵᠢᠨ ᠳᠡᠪᠲᠡᠷ ᠬᠠᠩᠭ᠋ᠠᠯᠭ᠋ᠠᠬᠤ᠎ᠪᠠᠷ ᠲᠤᠬᠠᠢ ᠵᠢᠨ ᠬᠥᠮᠥᠨ᠎ᠳᠤ ᠱᠠᠭ᠋ᠠᠷᠳᠠᠵᠤ ᠪᠣᠯᠣᠨ᠎ᠠ᠃
    ᠲᠢᠩᠬᠢᠮ᠎ᠤᠨ ᠰᠢᠭᠦᠯᠲᠡ ᠵᠢᠨ ᠦᠶ᠎ᠡ᠎ᠳᠤ ᠲᠤᠬᠠᠢ ᠵᠢᠨ ᠬᠥᠮᠥᠨ ᠪᠤᠶᠤ ᠲᠡᠭᠦᠨ᠎ᠤ ᠣᠷᠣᠯᠠᠭᠴᠢ᠂ ᠭᠡᠷᠡᠴᠢᠯᠡᠭᠴᠢ᠎ᠳᠤ ᠣᠷᠴᠢᠭᠤᠯᠬᠤ ᠴᠢᠬᠤᠯᠠᠲᠠᠢ ᠪᠠᠢ᠌ᠪᠠᠯ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠠᠴᠠ ᠣᠷᠴᠢᠭᠤᠯᠤᠭᠴᠢ ᠬᠠᠩᠭ᠋ᠠᠵᠤ ᠪᠣᠯᠣᠨ᠎ᠠ᠂ ᠲᠤᠬᠠᠢ ᠵᠢᠨ ᠬᠥᠮᠥᠨ ᠥᠪᠡᠰᠦᠪᠡᠨ ᠣᠷᠴᠢᠭᠤᠯᠤᠭᠴᠢ ᠬᠠᠩᠭ᠋ᠠᠭᠰᠠᠨ ᠴᠤ᠌ ᠪᠣᠯᠣᠨ᠎ᠠ᠃ ᠣᠷᠴᠢᠭᠤᠯᠭ᠎ᠠ ᠵᠢᠨ ᠵᠠᠷᠤᠳᠠᠯ᠎ᠢ ᠲᠤᠬᠠᠢ ᠵᠢᠨ ᠬᠥᠮᠥᠨ ᠥᠪᠡᠷ ᠵᠶ᠋ᠡᠨ ᠡᠭᠦᠷᠭᠡᠯᠡᠨ᠎ᠡ᠃
    ᠳᠠᠯᠠᠨ ᠵᠢᠷᠭᠤᠳᠤᠭ᠋ᠠᠷ ᠵᠦᠢ᠍ᠯ   ᠲᠤᠬᠠᠢ ᠵᠢᠨ ᠬᠥᠮᠥᠨ ᠲᠣᠭᠲᠠᠭ᠋ᠠᠯ ᠶᠣᠰᠣᠭ᠋ᠠᠷ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠰᠦᠢ᠍ᠳᠬᠡᠯ ᠲᠤᠰᠢᠶᠠᠬᠤ ᠬᠡᠷᠡᠭᠲᠡᠢ᠃
    ᠳᠠᠯᠠᠨ ᠳᠣᠯᠣᠳᠤᠭ᠋ᠠᠷ ᠵᠦᠢ᠍ᠯ   ᠲᠤᠰ ᠳᠦᠷᠢᠮ᠎ᠳᠤ ᠲᠣᠭᠲᠠᠭ᠋ᠠᠭᠰᠠᠨ 《ᠨᠢᠭᠡ ᠡᠳᠦᠷ》 《ᠬᠣᠶᠠᠷ ᠡᠳᠦᠷ》 《ᠭᠤᠷᠪᠠᠨ ᠡᠳᠦᠷ》 《ᠲᠠᠪᠤᠨ ᠡᠳᠦᠷ》 《ᠠᠷᠪᠠᠨ ᠡᠳᠦᠷ》 《ᠠᠷᠪᠠᠨ ᠲᠠᠪᠤᠨ ᠡᠳᠦᠷ》 ᠭᠡᠳᠡᠭ᠎ᠨᠢ ᠠᠵᠢᠯ᠎ᠤᠨ ᠡᠳᠦᠷ᠎ᠢ ᠵᠢᠭ᠋ᠠᠵᠤ᠂ 《ᠬᠣᠷᠢᠨ ᠨᠢᠭᠡᠨ ᠡᠳᠦᠷ》 《ᠭᠤᠴᠢᠨ ᠡᠳᠦᠷ》 ᠭᠡᠳᠡᠭ᠎ᠨᠢ ᠪᠠᠢ᠌ᠭ᠋ᠠᠯᠢ ᠵᠢᠨ ᠡᠳᠦᠷ᠎ᠢ ᠵᠢᠭ᠋ᠠᠵᠤ ᠪᠠᠢ᠌ᠨ᠎ᠠ᠃
    ᠲᠠᠯᠠᠨ ᠨᠠᠢ᠍ᠮᠠᠳᠤᠭ᠋ᠠᠷ ᠵᠦᠢ᠍ᠯ   ᠲᠤᠰ ᠳᠦᠷᠢᠮ᠎ᠢ 2023 ᠣᠨ᠎ᠤ 1 á °á  á ·á Žá   ᠵᠢᠨ 1á Žá ¤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
    ᠲᠤᠰ ᠳᠦᠷᠢᠮ᠎ᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ᠂ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠬᠤ ᠵᠦᠪᠯᠡᠯ᠎ᠤᠨ ᠭᠥᠯᠢᠶᠡᠨ ᠠᠪᠴᠤ ᠰᠢᠢ᠍ᠳᠪᠦᠷᠢᠯᠡᠬᠦ ᠬᠡᠷᠡᠭ᠎ᠲᠤ ᠲᠤᠰ ᠳᠦᠷᠢᠮ᠎ᠢ ᠬᠡᠷᠡᠭᠯᠡᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠪᠦᠬᠦᠳᠠ ᠨᠡᠶ᠋ᠢᠷᠡᠮᠳᠡᠬᠤ ᠲᠤᠮᠳᠡᠳᠦ ᠠᠷᠡᠦᠠ ᠤᠯᠦᠰ᠎ᠤᠨ ᠤᠯᠦᠰ᠎ᠤᠨ ᠲᠤᠬ᠎ᠤᠨ ᠬᠠᠦᠯᠢ
 
            