ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ ᠨᠡᠶ᠋ᠢᠲᠡ 58 ᠱᠠᠩᠨᠠᠯ ᠬᠦᠷᠲᠡᠪᠡ
ᠨᠡᠶ᠋ᠢᠲᠡᠯᠡᠭᠰᠡᠨ ᠴᠠᠭ᠄ 2024-12-04

    11 á °á  á ·á Žá   ᠵᠢᠨ 30á Žá ¤ ᠡᠳᠦᠷ᠂ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠡᠭᠦᠰᠬᠦ ᠶᠣᠰᠣᠯᠠᠯ ᠬᠠᠶ᠋ᠢᠨᠠᠨ ᠮᠤᠵᠢ ᠵᠢᠨ ᠰᠠᠨᠶᠠ ᠬᠤᠲᠠ᠎ᠳᠤ ᠶᠠᠪᠤᠭᠳᠠᠪᠠ᠃ ᠳᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠦᠪᠦᠷ ᠮᠤᠩᠭᠤᠯ 286 ᠬᠦᠮᠦᠨ᠎ᠤ ᠲᠦᠯᠦᠭᠡᠯᠡᠭᠴᠢᠳ᠎ᠤᠨ ᠪᠦᠯᠬᠦᠮ᠎ᠢ ᠵᠤᠬᠢᠶᠠᠨ ᠪᠠᠶ᠋ᠢᠭᠤᠯᠵᠦ᠂ ᠲᠡᠪᠡᠭ᠂ ᠲᠡᠭᠦᠵᠢᠩ᠂ ᠬᠤᠯᠬᠤᠪᠴᠢ ᠨᠤᠮᠤ᠂ ᠲᠠᠳᠠᠭ᠎ᠠ᠂ ᠦᠨᠳᠦᠰᠦᠳᠡᠨ᠎ᠤ ᠵᠡᠪᠰᠡᠭ᠎ᠤᠨ ᠡᠷᠳᠡᠮ᠂ ᠦᠨᠳᠦᠰᠦᠳᠡᠨ᠎ᠤ ᠮᠠᠶᠢᠭ᠎ᠤᠨ ᠪᠦᠬᠡ ᠪᠠᠷᠢᠯᠳᠤᠬᠤ᠂ ᠦᠨᠳᠦᠰᠦᠳᠡᠨ᠎ᠤ ᠮᠤᠷᠢᠨ ᠮᠡᠷᠭᠡᠵᠢᠯ ᠪᠠ ᠦᠨᠳᠦᠰᠦᠳᠡᠨ᠎ᠤ ᠪᠡᠶ᠎ᠡ ᠴᠢᠬᠢᠷᠠᠭᠵᠢᠭᠤᠯᠬᠤ 8 ᠤᠷᠤᠯᠳᠤᠭ᠋ᠠᠨ᠎ᠤ ᠲᠦᠷᠦᠯ ᠵᠦᠢ᠍ᠯ᠎ᠳᠤ ᠤᠷᠤᠯᠴᠠᠵᠦ᠂ ᠴᠦ᠋ ᠪᠤᠯᠢᠶᠠᠯᠳᠤᠬᠤ᠂ ᠤᠯᠠᠮᠵᠢᠯᠠᠯᠳᠦ ᠪᠤᠢ᠌ᠺᠦ ᠪᠦᠮᠪᠦᠭᠡ᠂ ᠲᠡᠮᠡᠭᠡᠨ ᠪᠦᠮᠪᠦᠭᠡ ᠪᠠ ᠮᠤᠷᠢᠨ ᠲᠡᠭᠡᠷᠡᠬᠢ ᠦᠵᠡᠭᠦᠯᠭᠡ ᠵᠡᠷᠭᠡ 4 ᠦᠵᠡᠬᠦᠯᠭᠡ ᠵᠢᠨ ᠲᠦᠷᠦᠯ ᠵᠦᠢ᠍ᠯ᠎ᠳᠤ ᠤᠷᠤᠯᠴᠠᠭᠰᠠᠨ ᠪᠠᠢ᠌ᠨ᠎ᠡ᠃


    ᠮᠠᠨ᠎ᠤ ᠤᠷᠤᠨ᠎ᠤ ᠲᠠᠮᠢᠷᠴᠢᠳ ᠪᠥᠬᠦ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠤᠷᠤᠯᠳᠤᠭ᠋ᠠᠨ᠎ᠤ ᠲᠥᠷᠥᠯ ᠵᠦᠢ᠍ᠯ᠎ᠤᠨ ᠲᠠᠯ᠎ᠠ᠎ᠪᠠᠷ 6 ᠨᠢᠭᠡᠳᠦᠭᠡᠷ ᠳᠡᠰ᠎ᠤᠨ ᠱᠠᠩᠨᠠᠯ᠂ 23 ᠬᠤᠶᠠᠳᠤᠭ᠋ᠠᠷ ᠳᠡᠰ᠎ᠤᠨ ᠱᠠᠩᠨᠠᠯ ᠪᠠ 25 ᠭᠤᠷᠪᠠᠳᠤᠭ᠋ᠠᠷ ᠳᠡᠰ᠎ᠤᠨ ᠱᠠᠩᠨᠠᠯ᠎ᠢ ᠣᠯᠵᠤ᠂ ᠲᠣᠭᠯᠠᠯᠲᠠ ᠵᠢᠨ ᠲᠥᠷᠥᠯ ᠵᠦᠢ᠍ᠯ᠎ᠤᠨ ᠲᠠᠯ᠎ᠠ᠎ᠪᠠᠷ 2 ᠨᠢᠭᠡᠳᠦᠭᠡᠷ ᠳᠡᠰ᠎ᠤᠨ ᠱᠠᠩᠨᠠᠯ ᠪᠠ 2 ᠬᠤᠶᠠᠳᠤᠭ᠋ᠠᠷ ᠳᠡᠰ᠎ᠤᠨ ᠱᠠᠩᠨᠠᠯ ᠣᠯᠵᠤ᠂ ᠨᠡᠶ᠋ᠢᠲᠡ 58 ᠱᠠᠩᠨᠠᠯ ᠭᠥᠷᠳᠡᠪᠡ᠃


    ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠮᠠᠨ᠎ᠤ ᠣᠷᠣᠨ᠎ᠤ ᠲᠥᠯᠥᠭᠡᠯᠡᠭᠴᠢᠳ᠎ᠤᠨ ᠪᠦᠯᠬᠦᠮ ᠡᠯ᠎ᠡ ᠵᠦᠢ᠍ᠯ᠎ᠤᠨ ᠤᠷᠤᠯᠳᠤᠭ᠋ᠠᠨ᠎ᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠪᠡᠶ᠎ᠡ ᠵᠢᠨ ᠲᠠᠮᠢᠷ᠎ᠤᠨ ᠶᠣᠰᠣ ᠰᠤᠷᠲᠠᠬᠤᠨ᠎ᠤ ᠬᠡᠪ ᠰᠤᠷᠲᠠᠯ᠎ᠤᠨ ᠱᠠᠩᠨᠠᠯ ᠬᠦᠷᠳᠡᠵᠦ᠂ ᠰᠢᠨ᠎ᠡ á ´á  á ­ ᠦᠶ᠎ᠡ ᠵᠢᠨ ᠥᠪᠥᠷ ᠮᠣᠩᠭᠤᠯ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠠᠮᠢᠳᠤᠯᠢᠭ ᠦᠢ᠍ᠯᠡᠳᠦᠯᠭᠡ ᠵᠢᠴᠢ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠢᠯᠡᠷᠡᠭᠦᠯᠵᠦ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠪᠡᠶᠡᠯᠡᠭᠦᠯᠪᠡ᠃


    ᠲᠡᠭᠦᠰᠬᠦ ᠶᠣᠰᠣᠯᠠᠯ ᠳᠡᠭᠡᠷ᠎ᠡ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠤᠭ᠎ᠢ ᠲᠤᠰᠢᠶᠠᠬᠤ ᠪᠠ ᠬᠦᠯᠢᠶᠡᠨ ᠠᠪᠬᠤ ᠶᠣᠰᠣᠯᠠᠯ ᠶᠠᠪᠤᠭᠤᠯᠪᠠ᠃ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ 2027 ᠣᠨ᠎ᠳᠤ ᠬᠤᠨᠠᠨ ᠮᠣᠵᠢ᠎ᠳᠤ ᠶᠠᠪᠤᠭᠳᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠣᠯᠠᠨ ᠨᠡᠢ᠌ᠳᠡ ᠵᠢᠨ ᠮᠥᠰᠥ ᠴᠠᠰᠤᠨ᠎ᠤ ᠤᠯᠠᠷᠢᠯ᠎ᠤᠨ ᠡᠬᠢᠯᠡᠯᠲᠡ ᠵᠢᠨ ᠶᠣᠰᠣᠯᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
ᠪᠦᠬᠦ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶᠠᠨ᠎ᠤ ᠳᠠᠷᠤᠭ᠎ᠠ ᠵᠢᠨ ᠬᠤᠷᠠᠯ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ 《ᠵᠢᠷᠭᠤᠭ᠋ᠠᠨ ᠠᠵᠢᠯᠯᠠᠭ᠎ᠠ》 ᠵᠢ ᠰᠤᠳᠤᠯᠤᠨ ᠪᠠᠶ᠋ᠢᠷᠢᠯᠠᠭᠤᠯᠪᠠ
2024 ᠣᠨ᠄ ᠪᠡᠶ᠎ᠡ ᠵᠢᠨ ᠲᠠᠮᠢᠷ᠎ᠤᠨ ᠦᠢ᠍ᠯᠡᠰ᠎ᠤᠨ ᠭᠢᠯᠠᠯᠵᠠᠮ᠎ᠠ ᠰᠢᠨ᠎ᠡ ᠬᠠᠭᠤᠳᠠᠰᠤ ᠵᠢ ᠪᠢᠴᠢᠭᠯᠡᠯ᠎ᠡ
 
            