ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠪᠤᠶ᠋ᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ ᠠᠮᠢᠳᠤᠷᠠᠯ ᠪᠠ ᠦᠨᠳᠦᠰᠦᠨ ᠦᠢ᠍ᠯᠡᠳᠪᠦᠷᠢᠯᠡᠯ᠎ᠢ ᠪᠠᠳᠣᠯᠠᠬᠤ ᠴᠠᠬᠢᠯᠭ᠋ᠠᠨ ᠨᠡᠪᠲᠡᠷᠡᠭᠦᠯᠵᠦ ᠳᠡᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2023-07-03

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶ᠋ᠢᠯᠠᠯ᠎ᠳᠤ᠄
   ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠤᠶ᠋ᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ ᠠᠮᠢᠳᠤᠷᠠᠯ ᠪᠠ ᠦᠨᠳᠦᠰᠦᠨ ᠦᠢ᠍ᠯᠡᠳᠪᠦᠷᠢᠯᠡᠯ᠎ᠢ ᠪᠠᠳᠣᠯᠠᠬᠤ ᠴᠠᠬᠢᠯᠭ᠋ᠠᠨ ᠨᠡᠪᠲᠡᠷᠡᠭᠦᠯᠵᠦ ᠲᠠᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠬᠦ ᠲᠥᠰᠦᠯ》᠎ᠢ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠤᠶ᠋ᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ ᠠᠮᠢᠳᠤᠷᠠᠯ ᠪᠠ ᠦᠨᠳᠦᠰᠦᠨ ᠦᠢ᠍ᠯᠡᠳᠪᠦᠷᠢᠯᠡᠯ᠎ᠢ ᠪᠠᠳᠣᠯᠠᠬᠤ ᠴᠠᠬᠢᠯᠭ᠋ᠠᠨ ᠨᠡᠪᠲᠡᠷᠡᠭᠦᠯᠵᠦ ᠲᠡᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠬᠦ ᠲᠥᠰᠦᠯ

   ᠪᠥᠬᠦ ᠣᠷᠣᠨ᠎ᠤ ᠪᠤᠶ᠋ᠢᠳᠠ ᠪᠦᠭᠯᠡᠭᠦᠦ ᠭᠠᠵᠠᠷ ᠤᠷᠤᠨ᠎ᠤ ᠲᠠᠷᠢᠶᠠᠴᠢᠨ ᠮᠠᠯᠴᠢᠨ ᠪᠣᠯᠤᠨ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ ᠵᠡᠷᠭᠡ ᠵᠢᠨ ᠴᠠᠬᠢᠯᠭ᠋ᠠᠨ ᠬᠡᠷᠡᠭᠯᠡᠬᠦ ᠠᠰᠠᠭᠤᠳᠠᠯ᠎ᠢ ᠨᠠᠩ ᠰᠠᠢ᠍ᠢ᠍ᠳᠣᠷ ᠨᠠᠩ ᠲᠦᠷᠭᠡᠨ ᠵᠶ᠋ᠠᠷ ᠰᠢᠢ᠍ᠳᠪᠦᠷᠢᠯᠡᠵᠦ᠂ ᠲᠡᠳᠡᠨ᠎ᠤ ᠦᠨᠳᠦᠰᠦᠨ ᠠᠮᠢᠳᠤᠷᠠᠯ ᠪᠠ ᠦᠨᠳᠦᠰᠦᠨ ᠦᠢ᠍ᠯᠡᠳᠪᠦᠷᠢᠯᠡᠯ᠎ᠤᠨ ᠴᠠᠬᠢᠯᠭ᠋ᠠᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠦᠨᠡᠨ ᠬᠦ᠌ ᠬᠠᠩᠭ᠋ᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠤᠶ᠋ᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ ᠠᠮᠢᠳᠤᠷᠠᠯ ᠪᠠ ᠦᠨᠳᠦᠰᠦᠨ ᠦᠢ᠍ᠯᠡᠳᠪᠦᠷᠢᠯᠡᠯ᠎ᠢ ᠪᠠᠲᠤᠯᠠᠬᠤ ᠴᠠᠬᠢᠯᠭ᠋ᠠᠨ ᠨᠡᠪᠲᠡᠷᠡᠭᠦᠯᠵᠦ ᠲᠠᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠬᠦ᠎ᠪᠠᠷ ᠲᠣᠭᠲᠠᠪᠠ᠃ ᠢᠨᠵᠧᠨᠧᠷᠢᠩ᠎ᠤᠨ ᠡᠯ᠎ᠡ ᠵᠦᠢ᠍ᠯ᠎ᠤᠨ ᠡᠭᠦᠷᠭᠡ ᠵᠢ ᠨᠠᠢ᠍ᠢ᠍ᠳᠠᠪᠤᠷᠢᠵᠢᠭᠤᠯᠤᠨ ᠪᠤᠳᠠᠳᠠᠢ᠍ᠢ᠍ᠵᠢᠭᠤᠯᠵᠦ᠂ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠳᠠᠢ᠎ᠲᠠᠢ ᠤᠶᠠᠯᠳᠤᠭᠤᠯᠵᠤ᠂ ᠲᠤᠰ ᠲᠥᠰᠦᠯ᠎ᠢ ᠲᠣᠭᠲᠠᠭ᠋ᠠᠪᠠ᠃

   ᠨᠢᠭᠡ᠂ ᠬᠡᠷᠡᠭᠵᠢᠭᠦᠯᠬᠦ ᠬᠠᠷᠠᠯᠲᠠ

   ᠪᠤᠶ᠋ᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ ᠠᠮᠢᠳᠤᠷᠠᠯ ᠪᠠ ᠦᠨᠳᠦᠰᠦᠨ ᠦᠢ᠍ᠯᠡᠳᠪᠦᠷᠢᠯᠡᠯ᠎ᠢ ᠪᠠᠲᠤᠯᠠᠬᠤ ᠴᠠᠬᠢᠯᠭ᠋ᠠᠨ ᠨᠡᠪᠲᠡᠷᠡᠭᠦᠯᠵᠦ ᠲᠠᠰ ᠳᠡᠪᠰᠢᠭᠦᠯᠬᠦ ᠢᠨᠵᠧᠨᠧᠷᠢᠩ᠎ᠢ ᠲᠦᠷᠭᠡᠭᠡᠨ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ᠎ᠤ ᠴᠠᠬᠢᠯᠭ᠋ᠠᠨ ᠬᠦᠴᠦᠨ᠎ᠤ ᠰᠠᠭᠤᠷᠢ ᠪᠡᠯᠡᠳᠬᠡᠮᠵᠢ ᠵᠢᠨ ᠳᠤᠲᠠᠭᠤᠳᠠᠯ᠎ᠢ ᠨᠥᠬᠦᠪᠥᠷᠢᠯᠡᠨ᠂ ᠪᠤᠶ᠋ᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢᠴᠢ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ᠎ᠤ ᠬᠦᠷᠳᠡᠭᠡᠮᠵᠢᠳᠣ ᠰᠡᠳᠬᠢᠯᠬᠡ᠂ ᠵᠤᠯ ᠵᠢᠷᠭ᠋ᠠᠯᠳᠤ ᠰᠡᠳᠬᠢᠯᠬᠡ᠂ ᠠᠮᠦᠷ ᠲᠦᠪᠰᠢᠨ ᠰᠡᠳᠬᠢᠯᠬᠡ ᠵᠢ ᠴᠢᠩᠭ᠋ᠠᠷᠠᠭᠤᠯᠤᠨ᠂ ᠲᠠᠷᠢᠶᠠᠯᠠᠬᠤ ᠮᠠᠯᠵᠢᠬᠤ ᠣᠷᠣᠨ᠎ᠤ ᠴᠠᠬᠢᠯᠭ᠋ᠠᠨ ᠬᠦᠴᠦᠨ᠎ᠤ ᠲᠤᠤᠷ᠎ᠤᠨ ᠰᠠᠭᠤᠷᠢ ᠪᠡᠯᠡᠳᠬᠡᠮᠵᠢ ᠵᠢᠨ ᠵᠡᠷᠭᠡ ᠲᠠᠰ ᠳᠡᠪᠰᠢᠬᠦ ᠵᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠠᠬᠢᠵᠢᠭᠦᠯᠦᠨ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠎ᠪᠠᠷ ᠴᠠᠬᠢᠯᠭ᠋ᠠᠨ ᠬᠦᠴᠦᠨ᠎ᠤ ᠪᠠᠲᠤᠯᠠᠭ᠎ᠠ ᠬᠠᠩᠭ᠋ᠠᠨ᠎ᠠ᠃

   ᠬᠤᠶᠠᠷ᠂ ᠬᠡᠷᠡᠭᠵᠢᠭᠦᠯᠬᠦ ᠬᠡᠪᠴᠢᠶ᠎ᠡ

   ᠲᠣᠰ ᠤᠳᠠᠭ᠋ᠠᠨ᠎ᠤ ᠴᠠᠬᠢᠯᠭ᠋ᠠᠨ ᠨᠡᠪᠲᠡᠷᠡᠭᠦᠯᠵᠦ ᠲᠠᠰ ᠳᠡᠪᠰᠢᠭᠦᠯᠬᠦ ᠢᠨᠵᠧᠨᠧᠷᠢᠩ᠎ᠢ ᠪᠥᠬᠦ ᠣᠷᠣᠨ᠎ᠤ ᠪᠤᠶ᠋ᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ ᠵᠡᠷᠭᠡ᠎ᠳᠤ ᠬᠠᠨᠳᠤᠭᠤᠯᠤᠨ᠎ᠠ᠃ ᠳᠡᠭᠡᠷᠡᠬᠢ ᠬᠡᠷᠡᠭᠯᠡᠭᠴᠢᠳ ᠲᠣᠰ ᠲᠥᠰᠦᠯ ᠵᠢᠴᠢ ᠪᠣᠳᠠᠲᠠᠶ ᠪᠠᠶ᠋ᠢᠳᠠᠯ ᠵᠶ᠋ᠠᠨ ᠦᠨᠳᠦᠰᠦᠯᠡᠨ ᠴᠠᠬᠢᠯᠭ᠋ᠠᠨ ᠬᠦᠴᠦᠨ᠎ᠤ ᠲᠤᠤᠷ᠎ᠢ ᠤᠷᠲᠤᠳᠬᠠᠬᠤ ᠪᠤᠶᠤ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠢᠨᠵᠧᠨᠧᠷᠢᠩ᠎ᠢ ᠬᠡᠷᠩᠵᠢᠭᠦᠯᠣᠨ ᠴᠠᠬᠢᠯᠭ᠋ᠠᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠪᠠᠨ ᠬᠠᠩᠭ᠋ᠠᠬᠤ᠎ᠪᠠᠷ ᠰᠠᠶ᠋ᠢᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠵᠦ ᠪᠣᠯᠤᠨ᠎ᠠ᠃ ᠡᠭᠦᠨ᠎ᠤ ᠬᠠᠮᠳᠣ᠂ ᠪᠡᠯᠴᠢᠭᠡᠷᠯᠡᠭᠦᠯᠬᠦ ᠵᠢ ᠴᠠᠭ᠋ᠠᠵᠠᠯᠡᠨ ᠰᠡᠯᠭᠦᠨ ᠮᠠᠯᠵᠢᠬᠤ ᠣᠷᠣᠨ᠂ ᠨᠡᠭᠡᠭᠡᠯᠳᠡ ᠬᠢᠬᠦ ᠵᠢ ᠴᠠᠭ᠋ᠠᠵᠠᠯᠠᠬᠤ ᠣᠷᠣᠨ᠂ ᠠᠮᠢ ᠠᠬᠤᠢ ᠵᠢᠨ ᠤᠯᠠᠭ᠋ᠠᠨ ᠱᠤᠭᠤᠮ᠎ᠤᠨ ᠲᠤᠳᠤᠷ᠎ᠠ ᠠᠵᠤ ᠠᠮᠢᠳᠤᠷᠠᠵᠤ ᠪᠠᠢ᠍ᠢ᠍ᠭ᠎ᠠ ᠬᠡᠷᠩᠯᠡᠭᠴᠢᠳ᠎ᠢ ᠢᠳᠡᠪᠬᠢᠲᠡᠢ᠎ᠪᠠᠷ ᠬᠥᠳᠥᠯᠥᠨ ᠵᠢᠯᠤᠭᠤᠳᠴᠤ ᠪᠠᠢ᠍ᠢ᠍ᠭ᠋ᠠᠣᠨ ᠲᠡᠳᠡ ᠨᠠᠷ᠎ᠤᠨ ᠴᠠᠬᠢᠯᠭ᠋ᠠᠨ ᠬᠦᠴᠦᠨ᠎ᠤ ᠲᠣᠣᠷ ᠬᠠᠮᠤᠷᠤᠨᠨᠰᠠᠨ ᠣᠷᠣᠨ ᠲᠡᠢ᠍ᠢ᠍ᠰᠢ ᠨᠡᠬᠦᠬᠦ ᠵᠢ ᠵᠣᠷᠢᠬ᠍ᠵᠢᠭᠤᠯᠤᠨ᠎ᠠ; ᠨᠡᠭᠦᠬᠦ ᠰᠠᠨᠠᠭ᠎ᠠ ᠥᠬᠡᠶ᠂ ᠨᠡᠭᠦᠬᠦ ᠨᠥᠬᠦᠴᠡᠯ ᠪᠦᠷᠢᠯᠳᠣᠭᠡᠳᠣᠢ ᠬᠡᠷᠩᠯᠡᠭᠴᠢᠳ ᠵᠢᠴᠢ ᠠᠮᠢ ᠠᠬᠤᠶ ᠵᠢᠨ ᠬᠡᠪᠡᠷᠡᠭ ᠣᠷᠣᠨ᠎ᠳᠠᠬᠢ ᠬᠡᠷᠩᠯᠡᠭᠴᠢᠳ᠎ᠲᠤ ᠵᠠᠷᠴᠢᠮ ᠳᠡᠭᠡᠷ᠎ᠡ᠎ᠪᠠᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ ᠵᠶ᠋ᠠᠷ ᠳᠠᠮᠵᠢᠭᠤᠯᠤᠨ ᠴᠠᠬᠢᠯᠭ᠋ᠠᠨ ᠬᠠᠩᠭ᠋ᠠᠨ᠎ᠠ᠃

   ᠭᠤᠷᠪᠠ᠂ ᠠᠵᠢᠯ᠎ᠤᠨ ᠱᠠᠭ᠋ᠠᠷᠳᠠᠯᠭ᠎ᠠ

   (ᠨᠢᠭᠡ) ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ᠎ᠢ ᠪᠦᠬᠦ ᠬᠦᠴᠦᠨ ᠵᠶ᠋ᠠᠷ ᠬᠠᠮᠠᠭ᠋ᠠᠯᠠᠨ᠎ᠠ᠃ ᠪᠦᠬᠦ ᠣᠷᠣᠨ᠎ᠤ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠯᠬᠠᠪᠴᠢ ᠬᠡᠪᠡᠷᠡᠭ ᠵᠢᠴᠢ ᠮᠠᠯᠴᠢᠳ᠎ᠤᠨ ᠣᠷᠣᠨ ᠰᠠᠭᠤᠴᠨ ᠲᠠᠷᠠᠬᠠᠶ ᠪᠤᠲᠠᠷᠬᠠᠶ ᠪᠠᠶ᠋ᠢᠭ᠎ᠠ ᠪᠣᠳᠠᠲᠤ ᠪᠠᠶ᠋ᠢᠳᠠᠯ᠎ᠢ ᠭᠦᠢ᠍ᠴᠡᠳ ᠪᠣᠳᠣᠯᠬᠢᠯᠠᠨ᠂ 《ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ ᠵᠶ᠋ᠠᠷ ᠭᠤᠣᠯ ᠪᠣᠯᠭ᠋ᠠᠵᠤ᠂ ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ᠎ᠪᠠᠷ ᠬᠠᠪᠰᠤᠷᠤᠮᠵᠢ ᠪᠣᠯᠭ᠋ᠠᠬᠤ》 ᠵᠠᠷᠴᠢᠮ᠎ᠢ ᠪᠠᠷᠢᠮᠳᠠᠯᠠᠵᠦ᠂ ᠪᠤᠶ᠋ᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠣᠯᠤᠨ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠡᠷ᠎ᠤᠨ ᠴᠠᠬᠢᠯᠭ᠋ᠠᠨ ᠬᠡᠷᠡᠭᠯᠡᠬᠦ ᠠᠰᠠᠭᠤᠳᠠᠯ᠎ᠢ ᠲᠥᠷᠥᠯ ᠬᠤᠪᠢᠶᠠᠨ ᠰᠢᠢ᠍ᠳᠪᠦᠷᠢᠯᠡᠨ᠎ᠡ᠃ ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠲᠠᠯ᠎ᠠ᠎ᠪᠠᠷ᠂ ᠵᠠᠷᠴᠢᠮ ᠳᠡᠭᠡᠷ᠎ᠡ᠎ᠪᠠᠨ ᠠᠮᠢ ᠠᠬᠤᠶ ᠣᠷᠴᠢᠨ ᠲᠣᠭᠤᠷᠢᠨ᠎ᠢ ᠨᠥᠯᠥᠭᠡᠯᠡᠬᠦ ᠦᠭᠡᠶ ᠪᠠᠢ᠍ᠢ᠍ᠬᠤ᠂ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ ᠵᠢ ᠴᠢᠩᠭ᠎ᠠ ᠬᠢᠵᠠᠭ᠋ᠠᠷᠯᠠᠬᠤ ᠴᠢᠬᠤᠯᠠᠴᠢᠯᠠᠭ᠎ᠠ᠎ᠠᠴᠠ᠂ ᠴᠠᠬᠢᠯᠭ᠋ᠠᠨ ᠬᠦᠴᠦᠨ᠎ᠤ ᠲᠣᠣᠷ ᠨᠡᠪᠲᠡᠷᠡᠭᠰᠡᠨ᠎ᠤ ᠳᠠᠷᠠᠭ᠎ᠠ ᠬᠡᠷᠡᠭᠯᠡᠭᠴᠢ ᠵᠢᠨ ᠦᠵᠦᠭᠦᠷ᠎ᠤᠨ ᠴᠠᠬᠢᠯᠭ᠋ᠠᠨ ᠬᠦᠴᠦᠳᠡᠯ᠎ᠤᠨ ᠶᠠᠰᠤ ᠴᠢᠨᠠᠷ᠎ᠨᠢ ᠤᠯᠤᠰ᠎ᠤᠨ ᠬᠠᠮᠤᠭ᠎ᠤᠨ ᠰᠢᠨ᠎ᠡ ᠪᠠᠷᠢᠮᠵᠢᠶ᠎ᠠ᠎ᠳᠤ ᠬᠦᠷᠭᠦ ᠮᠥᠷᠲᠡᠭᠡᠨ ᠡᠷᠦᠬᠡ ᠪᠦᠷᠢ ᠵᠢᠨ ᠳᠤᠮᠳᠠᠴᠢ ᠪᠡᠯᠡ ᠣᠷᠣᠭᠤᠯᠤᠯᠲᠠ ᠵᠢ 20 ᠲᠦ᠍ᠮᠡᠨ ᠲᠥᠭᠦᠷᠢᠭ (20 ᠲᠦᠮᠡᠨ ᠲᠥᠭᠦᠷᠢᠭ ᠪᠠᠭᠲᠠᠨ᠎ᠠ)᠎ᠤᠨ ᠳᠣᠲᠣᠷ᠎ᠠ ᠪᠠᠶ᠋ᠢᠯᠭ᠋ᠠᠨ᠎ᠠ; ᠴᠠᠬᠢᠯᠭ᠋ᠠᠨ ᠬᠦᠴᠦᠨ᠎ᠤ ᠲᠤᠤᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠨᠥᠬᠦᠴᠡᠯ ᠪᠤᠯᠤᠮᠵᠢ ᠵᠢ ᠬᠠᠩᠭ᠋ᠠᠵᠤ ᠳᠡᠶ᠋ᠢᠯᠬᠦ ᠦᠭᠡᠶ ᠬᠡᠷᠩᠯᠡᠭᠴᠢᠳ᠎ᠲᠤ ᠭᠤᠤᠯᠳᠠᠭᠤ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠬᠡᠷᠡᠭᠵᠢᠭᠦᠯᠬᠦ᠎ᠪᠠᠷ ᠳᠠᠮᠵᠢᠭᠤᠯᠤᠨ ᠰᠢᠢ᠍ᠣᠡᠪᠣᠷᠢᠯᠡᠨ᠎ᠡ᠃

   (ᠬᠤᠶᠠᠷ) 《ᠬᠤᠶᠠᠷ ᠦᠨᠳᠦᠰᠦᠨ》᠎ᠢ ᠬᠠᠩᠭ᠋ᠠᠬᠤ᠎ᠪᠠᠷ ᠬᠠᠷᠠᠯᠲᠠ ᠪᠣᠯᠭ᠋ᠠᠬᠤ ᠵᠢ ᠪᠠᠷᠢᠮᠲᠠᠯᠠᠵᠤ᠂ ᠴᠠᠬᠢᠯᠭ᠋ᠠᠨ ᠬᠡᠷᠡᠭᠯᠡᠬᠦ ᠬᠡᠷᠡᠭᠴᠡᠭᠡ ᠵᠢ ᠠᠯᠢ ᠴᠢᠳᠠᠬᠤ᠎ᠪᠠᠷ ᠪᠠᠲᠤᠯᠠᠨ᠎ᠠ᠃ ᠪᠤᠶ᠋ᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ ᠠᠮᠢᠳᠤᠷᠠᠯ ᠪᠣᠯᠤᠨ ᠦᠨᠳᠦᠰᠦᠨ ᠦᠢ᠍ᠯᠡᠳᠪᠦᠷᠢᠯᠡᠯ᠎ᠢ ᠪᠠᠲᠤᠯᠠᠬᠤ᠎ᠳᠤ ᠰᠠᠭᠤᠷᠢᠯᠠᠨ᠂ ᠡᠩ᠎ᠤᠨ ᠭᠡᠷ᠎ᠤᠨ ᠴᠠᠬᠢᠯᠭ᠋ᠠᠨ ᠬᠡᠷᠡᠭᠰᠡᠯ᠎ᠢ ᠵᠡᠷᠭᠡ᠎ᠪᠠᠷ ᠬᠡᠷᠡᠭᠯᠡᠬᠦ ᠵᠢᠨ ᠬᠡᠷᠡᠭᠴᠡᠭᠡ ᠵᠢ ᠬᠠᠩᠭ᠋ᠠᠬᠤ ᠵᠢᠨ ᠬᠠᠮᠲᠤ᠂ ᠪᠠᠰᠠ ᠲᠠᠷᠢᠶᠠᠯᠠᠬᠤ ᠮᠠᠯᠵᠢᠬᠤ ᠡᠷᠦᠬᠡ ᠵᠢᠨ ᠡᠪᠡᠰᠦ ᠬᠡᠷᠴᠢᠬᠦ ᠵᠡᠷᠭᠡ ᠦᠨᠳᠦᠰᠦᠨ ᠦᠢ᠍ᠯᠡᠳᠪᠦᠷᠢᠯᠡᠯ᠎ᠤᠨ ᠬᠡᠷᠡᠭᠴᠡᠭᠡ ᠵᠢ ᠬᠠᠩᠭ᠋ᠠᠵᠤ᠂ ᠮᠠᠯᠵᠢᠬᠤ ᠣᠷᠣᠨ᠎ᠤ ᠠᠮᠢᠳᠤᠷᠠᠯ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠣᠨ᠎ᠡ᠃ ᠰᠢᠨ᠎ᠡ ᠡᠨᠧᠷᠭᠢ ᠵᠢᠨ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠰᠢᠨ᠎ᠡ᠎ᠪᠠᠷ ᠪᠠᠢ᠍ᠢ᠍ᠭᠤᠯᠬᠤ ᠪᠠ ᠲᠡᠰ ᠳᠡᠪᠰᠢᠭᠦᠯᠬᠦ ᠪᠠᠭᠲᠠᠭ᠋ᠠᠮᠵᠢ ᠵᠢᠨ ᠪᠠᠷᠢᠮᠵᠢᠶ᠎ᠠ ᠵᠢ 2 ᠺᠢᠯᠣᠸᠠᠲ ᠵᠶ᠋ᠠᠷ ᠨᠢᠭᠡᠳᠦᠯᠲᠡᠢ ᠲᠣᠭᠲᠠᠭ᠋ᠠᠵᠤ᠂ ᠵᠠᠷᠴᠢᠮ ᠳᠡᠭᠡᠷ᠎ᠡ᠎ᠪᠠᠨ ᠮᠠᠯᠵᠢᠬᠤ ᠡᠷᠦᠬᠡ ᠵᠢᠨ ᠤᠷᠲᠤ ᠬᠤᠭᠤᠴᠠᠭ᠎ᠠ᠎ᠪᠠᠷ ᠰᠠᠭᠤᠷᠢᠰᠢᠵᠤ ᠪᠠᠢ᠍ᠢ᠍ᠭ᠎ᠠ ᠣᠷᠣᠨ ᠰᠠᠭᠤᠴᠨ᠎ᠳᠤ ᠵᠦᠪᠬᠡᠨ ᠨᠢᠭᠡ ᠢᠵᠢ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ ᠬᠠᠩᠭ᠋ᠠᠵᠤ᠂ ᠣᠬᠤᠷᠬᠠᠨ ᠬᠤᠭᠤᠴᠠᠭ᠋ᠠᠨ᠎ᠳᠤ ᠪᠡᠯᠴᠢᠬᠡᠷᠯᠡᠬᠦᠯᠬᠦ ᠴᠡᠭ᠎ᠲᠤ ᠲᠣᠬᠢᠷᠠᠭᠤᠯᠬᠤ ᠦᠭᠡᠢ᠃

   (ᠭᠤᠷᠪᠠ) ᠬᠡᠷᠡᠭᠯᠡᠭᠴᠢ ᠵᠢᠨ ᠰᠠᠨᠠᠮᠵᠢ ᠵᠢ ᠬᠦᠨᠳᠦᠳᠬᠡᠬᠦ᠎ᠪᠠᠷ ᠵᠠᠷᠴᠢᠮ ᠪᠣᠯᠭ᠋ᠠᠬᠤ ᠵᠢ ᠪᠠᠷᠢᠮᠲᠠᠯᠠᠨ᠂ ᠴᠠᠬᠢᠯᠭ᠋ᠠᠨ ᠬᠡᠷᠡᠭᠯᠡᠬᠦ ᠠᠰᠠᠭᠤᠳᠠᠯ᠎ᠢ ᠰᠢᠢ᠍ᠳᠪᠦᠷᠢᠯᠡᠬᠦ᠎ᠳᠤ ᠲᠤᠰᠠᠯᠠᠨ᠎ᠠ᠃ ᠲᠠᠷᠢᠶᠠᠯᠠᠬᠤ ᠮᠠᠯᠵᠢᠬᠤ ᠡᠷᠦᠬᠡ ᠵᠢᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠰᠢᠨ᠎ᠡ᠎ᠪᠠᠷ ᠪᠠᠶ᠋ᠢᠭᠤᠯᠬᠤ᠂ ᠲᠠᠰ ᠳᠡᠪᠰᠢᠭᠦᠯᠬᠦ᠎ᠪᠠᠷ ᠭᠤᠶᠤᠴᠢᠯᠠᠨ ᠮᠡᠳᠡᠭᠦᠯᠣᠭ᠌ᠰᠡᠨ᠎ᠳᠤ ᠬᠡᠷᠡᠭᠰᠡᠬᠦ ᠪᠠᠯᠠ ᠮᠥᠩᠭᠦ ᠵᠢ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ ᠪᠣᠯᠤᠨ ᠬᠡᠷᠡᠭᠯᠡᠭᠴᠢ ᠬᠠᠮᠲᠤ᠎ᠪᠠᠷ ᠠᠷᠭ᠋ᠠᠴᠠᠭ᠋ᠠᠨ᠎ᠠ; ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠤᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠰᠢᠨ᠎ᠡ᠎ᠪᠠᠷ ᠪᠠᠶ᠋ᠢᠭᠤᠯᠬᠤ᠂ ᠲᠠᠰ ᠳᠡᠪᠰᠢᠭᠦᠯᠬᠦ᠎ᠪᠠᠷ ᠭᠤᠶᠤᠴᠢᠯᠠᠨ ᠮᠡᠳᠡᠭᠦᠯᠣᠭ᠌ᠰᠡᠨ᠎ᠳᠤ ᠬᠡᠷᠡᠭᠰᠡᠬᠦ ᠪᠠᠯᠠ ᠮᠥᠩᠭᠦ ᠵᠢ ᠴᠦᠮ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ᠂ ᠡᠬᠡ ᠤᠯᠤᠰ᠎ᠤᠨ ᠤᠮᠠᠷᠠᠲᠤ ᠵᠢᠨ ᠬᠢᠯᠢ ᠬᠢᠵᠠᠭ᠋ᠠᠷ᠎ᠤᠨ ᠠᠮᠤᠷ ᠲᠣᠭᠲᠠᠭᠤᠨ ᠨᠠᠶ᠋ᠢᠳᠠᠪᠤᠷᠢᠲᠠᠶ ᠪᠠᠶ᠋ᠢᠬᠤ ᠵᠢ ᠪᠥᠬᠦ ᠬᠦᠴᠦᠨ ᠵᠶ᠋ᠠᠷ ᠪᠠᠲᠤᠯᠠᠨ᠎ᠠ᠃

   ᠳᠥᠷᠪᠡ᠂ ᠠᠵᠢᠯ᠎ᠤᠨ ᠲᠣᠬᠢᠷᠠᠭᠤᠯᠤᠯᠲᠠ

   (ᠨᠢᠭᠡ) ᠬᠡᠷᠡᠭᠴᠡᠭᠡ ᠱᠠᠭ᠋ᠠᠷᠳᠠᠯᠭ᠎ᠠ ᠵᠢᠨ ᠪᠠᠢ᠍ᠢ᠍ᠳᠠᠯ᠎ᠢ ᠦᠢ᠍ᠯᠠᠭ᠋ᠠᠬᠤ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ᠂ ᠥᠪᠥᠷ ᠮᠣᠩᠭᠤᠯ᠎ᠤᠨ ᠡᠨᠧᠷᠭᠢ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠎ᠲᠠᠢ ᠬᠠᠮᠲᠤᠷᠠᠨ᠂ ᠡᠷᠦᠬᠡ ᠳᠠᠷᠠᠭ᠋ᠠᠯᠠᠨ ᠬᠡᠷᠡᠭᠴᠡᠭᠡ ᠱᠠᠭ᠋ᠠᠷᠳᠠᠯᠭ᠎ᠠ ᠵᠢᠨ ᠪᠠᠢ᠍ᠢ᠍ᠳᠠᠯ᠎ᠢ ᠦᠢ᠍ᠯᠠᠭ᠋ᠠᠬᠤ ᠠᠵᠢᠯ ᠦᠷᠨᠢᠭᠦᠯᠣᠨ᠎ᠡ᠃ ᠡᠷᠦᠬᠡ᠎ᠳᠤ ᠭᠦᠨᠵᠡᠭᠡᠢ᠍ᠢ᠍ᠷᠡᠨ ᠦᠢ᠍ᠯᠠᠭ᠋ᠠᠭᠰᠠᠨ ᠪᠠᠶ᠋ᠢᠳᠠᠯ ᠵᠶ᠋ᠠᠨ ᠦᠨᠳᠣᠰᠣᠯᠡᠵᠣ ᠴᠠᠬᠢᠯᠭ᠋ᠠᠨ ᠬᠦᠴᠦᠨ᠎ᠤ ᠲᠤᠤᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ᠎ᠤᠨ ᠡᠬᠡ ᠲᠠᠩᠰᠠ ᠪᠠ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠪᠠᠶ᠋ᠢᠭᠤᠯᠤᠯᠲᠠ ᠵᠢᠨ ᠡᠬᠡ ᠲᠠᠩᠰᠠ ᠪᠠᠢ᠍ᠢ᠍ᠭᠤᠯᠵᠣ᠂ ᠴᠠᠬᠢᠯᠭ᠋ᠠᠨ ᠬᠦᠴᠦᠨ᠎ᠤ ᠲᠤᠤᠷ᠎ᠤᠨ ᠺᠣᠮᠫᠠᠨᠢ᠎ᠨᠢ 《ᠴᠠᠬᠢᠯᠭ᠋ᠠᠨ ᠬᠦᠴᠦᠨ᠎ᠤ ᠲᠤᠤᠷ᠎ᠢ ᠤᠷᠲᠤᠳᠬᠠᠨ ᠴᠠᠬᠢᠯᠭ᠋ᠠᠨ ᠬᠠᠩᠭ᠋ᠠᠬᠤ ᠲᠥᠰᠦᠯ》᠎ᠢ ᠲᠦᠷᠭᠡᠬᠡᠨ ᠨᠠᠶ᠋ᠢᠷᠠᠭᠤᠯᠤᠨ ᠵᠣᠬᠢᠶᠠᠵᠤ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠎ᠳᠤ ᠮᠡᠳᠡᠭᠦᠯᠵᠦ ᠳᠠᠩᠰᠠᠯᠠᠭᠤᠯᠤᠨ᠎ᠠ; ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ 《ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠪᠥᠲᠥᠭᠡᠨ ᠪᠠᠢ᠍ᠢ᠍ᠭᠤᠯᠵᠦ᠂ ᠲᠠᠰ ᠳᠡᠪᠰᠢᠭᠦᠯᠬᠦ ᠲᠥᠰᠦᠯ》 (ᠲᠥᠰᠦᠯ᠎ᠳᠤ᠎ᠪᠠᠨ ᠬᠠᠷᠠᠯᠳᠡ ᠡᠭᠦᠷᠭᠡ᠂ ᠪᠥᠲᠥᠭᠡᠨ ᠪᠠᠢ᠍ᠢ᠍ᠭᠤᠯᠬᠤ ᠪᠠ ᠠᠵᠢᠯᠯᠠᠭᠤᠯᠣᠨ ᠪᠠᠲᠤᠯᠠᠬᠤ ᠵᠢᠨ ᠪᠠᠯᠠ ᠮᠦᠩᠭᠦᠨ᠎ᠤ ᠬᠡᠷᠡᠭᠴᠡᠭᠡ ᠱᠠᠭ᠋ᠠᠷᠳᠠᠯᠭ᠎ᠠ᠂ ᠪᠣᠳᠠᠲᠠᠶ ᠬᠡᠷᠡᠭᠵᠢᠭᠦᠯᠬᠦ ᠲᠥᠯᠥᠪᠯᠡᠭᠡ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠪᠠ ᠪᠠᠲᠤᠯᠠᠬᠤ ᠠᠷᠭ᠎ᠠ ᠬᠡᠮᠵᠢᠶ᠎ᠡ ᠵᠡᠷᠭᠡ᠎ᠪᠠᠨ ᠲᠣᠳᠣᠷᠬᠠᠶ᠋ᠢᠯᠠᠬᠤ ᠬᠡᠷᠩᠲᠠᠢ)᠎ᠢ ᠨᠠᠢ᠍ᠢ᠍ᠷᠠᠭᠤᠯᠵᠣ ᠵᠣᠬᠢᠶᠠᠨ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠎ᠳᠤ ᠮᠡᠳᠡᠭᠦᠯᠵᠣ ᠳᠠᠩᠰᠠᠯᠠᠭᠤᠯᠬᠤ ᠬᠡᠷᠡᠭᠲᠡᠶ᠃

   (ᠬᠤᠶᠠᠷ) ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ᠃ 2023 ᠣᠨ᠎ᠤ 8 ᠳ᠋ᠤᠭ᠋ᠠᠷ ᠰᠠᠷ᠎ᠠ᠎ᠠᠴᠠ ᠡᠬᠢᠯᠡᠨ 2024 ᠣᠨ᠎ᠤ ᠰᠡᠭᠦᠯᠴᠢ ᠪᠣᠯᠲᠠᠯ᠎ᠠ᠂ ᠪᠤᠶ᠋ᠢᠳᠠ ᠪᠦᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ ᠠᠮᠢᠳᠤᠷᠠᠯ ᠪᠠ ᠦᠨᠳᠦᠰᠦᠨ ᠦᠢ᠍ᠯᠡᠳᠪᠦᠷᠢᠯᠡᠯ᠎ᠢ ᠪᠠᠲᠤᠯᠠᠬᠤ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ᠎ᠢ ᠲᠥᠪᠯᠡᠷᠡᠭᠦᠯᠦᠨ ᠪᠡᠶᠡᠯᠡᠭᠦᠯᠦᠨ᠎ᠡ᠃ ᠡᠭᠦᠨ᠎ᠳᠤ᠂ 2023 ᠣᠨ᠎ᠤ 9 ᠳ᠋ᠤᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠬᠡᠷᠡᠭᠴᠡᠭᠡ ᠱᠠᠭ᠋ᠠᠷᠳᠠᠯᠭ᠎ᠠ ᠵᠢᠨ ᠪᠠᠢ᠍ᠢ᠍ᠳᠠᠯ᠎ᠢ ᠦᠢ᠍ᠯᠠᠭ᠋ᠠᠬᠤ ᠠᠵᠢᠯ᠎ᠢ ᠪᠡᠶᠡᠯᠡᠭᠦᠯᠵᠦ᠂ ᠴᠠᠬᠢᠯᠭ᠋ᠠᠨ ᠬᠦᠴᠦᠨ᠎ᠤ ᠲᠤᠤᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ ᠪᠣᠯᠣᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠰᠢᠨ᠎ᠡ᠎ᠪᠠᠷ ᠪᠠᠶ᠋ᠢᠭᠤᠯᠬᠤ ᠪᠤᠶᠤ ᠲᠠᠰ ᠳᠡᠪᠰᠢᠭᠦᠯᠦᠨ 2 ᠺᠢᠯᠣᠸᠠᠲ ᠪᠣᠯᠭ᠋ᠠᠬᠤ ᠬᠡᠷᠡᠭᠵᠢᠭᠦᠯᠬᠦ ᠲᠥᠰᠦᠯ ᠵᠢᠴᠢ ᠢᠨᠵᠧᠨᠧᠷᠢᠩ᠎ᠤᠨ ᠡᠬᠡ ᠲᠠᠩᠰᠠ ᠵᠢ ᠪᠦᠷᠢᠯᠳᠦᠭᠦᠯᠦᠨ᠎ᠡ; 2023 ᠣᠨ᠎ᠤ 10 ᠳ᠋ᠤᠭ᠋ᠠᠷ ᠰᠠᠷ᠎ᠠ᠎ᠠᠴᠠ 2024 ᠣᠨ᠎ᠤ 12 ᠳ᠋ᠤᠭ᠋ᠠᠷ ᠰᠠᠷ᠎ᠠ ᠪᠣᠯᠲᠠᠯ᠎ᠠ᠂ ᠴᠠᠬᠢᠯᠭ᠋ᠠᠨ ᠲᠤᠤᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ ᠪᠣᠯᠣᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠪᠥᠲᠥᠭᠡᠨ ᠪᠠᠢ᠍ᠢ᠍ᠭᠤᠯᠣᠯᠳᠡ ᠵᠢᠨ ᠪᠦᠬᠦ ᠡᠭᠦᠷᠭᠡ᠎ᠪᠠᠨ ᠪᠡᠶᠡᠯᠡᠭᠦᠯᠣᠨ᠎ᠡ᠃

   (ᠭᠤᠷᠪᠠ) ᠢᠨᠵᠧᠨᠧᠷᠢᠩ᠎ᠢ ᠬᠡᠷᠡᠭᠵᠢᠭᠦᠯᠬᠦ᠃ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠰᠢᠨ᠎ᠡ᠎ᠪᠠᠷ ᠪᠠᠶ᠋ᠢᠭᠤᠯᠬᠤ ᠪᠤᠶᠤ ᠲᠡᠰ ᠳᠡᠪᠰᠢᠭᠦᠯᠬᠦ ᠢᠨᠵᠧᠨᠧᠷᠢᠩ᠎ᠢ ᠨᠢᠭᠡᠳᠦᠯᠲᠡᠢ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠵᠡᠷᠭᠡ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶᠢᠭ ᠵᠶ᠋ᠠᠷ ᠬᠡᠷᠡᠭᠵᠢᠭᠦᠯᠬᠦ ᠭᠤᠣᠯ ᠴᠣᠭᠴᠠ ᠵᠢ ᠲᠣᠭᠲᠠᠭ᠋ᠠᠨ᠎ᠠ᠃ ᠨᠡᠶ᠋ᠢᠲᠡ ᠵᠢᠨ ᠠᠰᠠᠷᠠᠮᠵᠢ ᠵᠢᠨ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠤᠨ ᠬᠡᠷᠡᠭᠵᠢᠭᠦᠯᠬᠦ ᠴᠢᠨᠠᠷ ᠴᠢᠨᠰᠠᠭ᠎ᠠ ᠪᠠ ᠬᠡᠷᠡᠭᠵᠢᠭᠦᠯᠬᠦ ᠠᠬᠢᠴᠠ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ᠎ᠪᠠᠷ ᠳᠠᠮᠵᠢᠭᠤᠯᠣᠨ ᠢᠨᠵᠧᠨᠧᠷᠢᠩ᠎ᠢ ᠬᠡᠷᠡᠭᠵᠢᠭᠦᠯᠬᠦ ᠭᠤᠤᠯ ᠴᠣᠭᠴᠠ ᠵᠢ ᠲᠣᠭᠲᠠᠭ᠋ᠠᠬᠤ᠎ᠳᠤ᠎ᠪᠠᠨ᠂ ᠠᠳᠠᠯᠢ ᠠᠵᠢᠯ ᠲᠥᠷᠥᠯ᠎ᠤᠨ ᠨᠥᠬᠦᠴᠡᠯ ᠳᠤᠤᠷ᠎ᠠ ᠲᠠᠷᠢᠶᠠᠯᠠᠬᠤ ᠮᠠᠯᠵᠢᠬᠤ ᠣᠷᠣᠨ ᠪᠠ ᠲᠠᠷᠢᠶᠠᠴᠢᠨ ᠮᠠᠯᠴᠢᠨ᠂ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠤᠨ ᠴᠠᠬᠢᠯᠭ᠋ᠠᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠦᠢ᠍ᠯᠠᠭ᠋ᠠᠬᠤ᠂ ᠨᠡᠶ᠋ᠢᠭᠡᠮ᠎ᠤᠨ ᠬᠠᠷᠢᠭᠤᠴᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠭᠦ᠂ ᠵᠢᠷᠤᠭᠯᠠᠨ ᠲᠥᠯᠥᠪᠯᠡᠬᠦ᠂ ᠪᠦᠲᠦᠭᠡᠨ ᠪᠠᠶ᠋ᠢᠭᠤᠯᠬᠤ᠂ ᠪᠠᠷᠢᠯᠭ᠎ᠠ ᠪᠠᠷᠢᠬᠤ ᠪᠠ ᠠᠵᠢᠯᠯᠠᠭᠤᠯᠵᠤ ᠪᠠᠲᠤᠯᠠᠬᠤ ᠵᠢ ᠨᠢᠭᠡ ᠴᠣᠭᠴᠠᠵᠢᠭᠤᠯᠬᠤ ᠴᠢᠳᠠᠪᠤᠷᠢ᠎ᠲᠠᠢ ᠠᠵᠤ ᠠᠬᠤᠶ᠋ᠢᠯᠠᠯ᠎ᠢ ᠤᠷᠢᠳ ᠵᠶ᠋ᠠᠷ ᠪᠣᠳᠣᠯᠬᠢᠯᠠᠨ᠎ᠠ᠃ ᠴᠠᠬᠢᠯᠭ᠋ᠠᠨ ᠬᠦᠴᠦᠨ᠎ᠤ ᠲᠤᠤᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ᠎ᠢ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠤᠤᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ᠎ᠠᠴᠠ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃

   (ᠳᠥᠷᠪᠡ) ᠪᠠᠯᠠ ᠮᠦᠩᠭᠦᠨ᠎ᠤ ᠢᠷᠡᠯᠲᠡ᠃ ᠲᠠᠷᠢᠶᠠᠯᠠᠬᠤ ᠮᠠᠯᠵᠢᠬᠤ ᠡᠷᠦᠬᠡ ᠵᠢᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠢᠨᠵᠧᠨᠧᠷᠢᠩ᠎ᠢ ᠰᠢᠨ᠎ᠡ᠎ᠪᠠᠷ ᠪᠠᠶ᠋ᠢᠭᠤᠯᠬᠤ ᠪᠤᠶᠤ ᠳᠡᠰ ᠳᠡᠪᠰᠢᠭᠦᠯᠬᠦ᠎ᠪᠠᠷ ᠭᠤᠶᠤᠴᠢᠯᠠᠨ ᠮᠡᠳᠡᠭᠦᠯᠣᠭ᠌ᠰᠡᠨ᠎ᠳᠤ ᠬᠡᠷᠡᠭᠰᠡᠬᠦ ᠪᠡᠯᠡ ᠮᠥᠩᠭᠦ ᠵᠢ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠡᠷᠡᠭᠯᠡᠭᠴᠢ 70%᠄ 15%᠄ 15%᠎ᠪᠠᠷ ᠵᠠᠷᠤᠳᠠᠯ᠎ᠢ ᠬᠤᠪᠢᠶᠠᠨ ᠡᠭᠦᠷᠭᠡᠯᠡᠨ᠎ᠡ; ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠤᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠰᠢᠨ᠎ᠡ᠎ᠪᠠᠷ ᠪᠠᠶ᠋ᠢᠭᠤᠯᠬᠤ ᠪᠤᠶᠤ ᠳᠡᠰ ᠳᠡᠪᠰᠢᠭᠦᠯᠬᠦ᠎ᠪᠠᠷ ᠭᠤᠶᠣᠴᠢᠯᠠᠨ ᠮᠡᠳᠡᠭᠦᠯᠣᠭ᠌ᠰᠡᠨ᠎ᠳᠤ ᠬᠡᠷᠡᠭᠰᠡᠬᠦ ᠪᠠᠯᠠ ᠮᠥᠩᠭᠦ ᠵᠢ ᠴᠦᠮ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠪᠠᠲᠤᠯᠠᠨ᠎ᠠ᠃ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠥᠮᠴᠢᠯᠡᠬᠦ ᠡᠷᠬᠡ ᠵᠢ ᠬᠡᠷᠡᠭᠯᠡᠭᠴᠢᠳ᠎ᠲᠤ ᠬᠠᠷᠢᠶᠠᠯᠠᠭᠤᠯᠣᠨ᠎ᠡ᠃ ᠴᠠᠬᠢᠯᠭ᠋ᠠᠨ ᠬᠦᠴᠦᠨ᠎ᠤ ᠲᠤᠤᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠪᠠᠯᠠ ᠮᠥᠩᠭᠦ ᠵᠢ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠤᠤᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ᠎ᠠᠴᠠ ᠬᠥᠳᠡᠭᠡ ᠲᠣᠰᠬᠤᠨ᠎ᠤ ᠴᠠᠬᠢᠯᠭ᠋ᠠᠨ ᠬᠦᠴᠦᠨ᠎ᠤ ᠲᠤᠤᠷ᠎ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠎ᠤᠨ ᠲᠥᠪ᠎ᠤᠨ ᠲᠥᠰᠦᠪ᠎ᠲᠠᠬᠢ ᠪᠠᠯᠠ ᠮᠥᠩᠭᠦ ᠵᠢ ᠭᠤᠶᠤᠴᠢᠯᠠᠬᠤ ᠪᠤᠶᠤ ᠥᠪᠡᠰᠦᠪᠡᠨ ᠪᠠᠯᠠ ᠮᠥᠩᠭᠦ ᠴᠤᠭᠯᠠᠭᠤᠯᠬᠤ᠎ᠪᠠᠷ ᠳᠠᠮᠵᠢᠭᠤᠯᠤᠨ ᠰᠢᠢ᠍ᠳᠪᠦᠷᠢᠯᠡᠨ᠎ᠡ᠃

   (ᠲᠠᠪᠤ) ᠢᠨᠵᠧᠨᠧᠷᠢᠩ᠎ᠢ ᠠᠵᠢᠯᠯᠠᠭᠤᠯᠵᠤ ᠪᠠᠲᠤᠯᠠᠬᠤ᠃ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠠᠵᠢᠯᠯᠠᠭᠤᠯᠤᠨ ᠪᠠᠳᠤᠯᠠᠬᠤ ᠠᠵᠢᠯ᠎ᠢ᠂ ᠠᠰᠢᠬᠯᠠᠯᠲᠠ᠎ᠳᠤ ᠣᠷᠣᠭᠤᠯᠤᠨ ᠴᠢᠨᠠᠷ᠎ᠢ ᠪᠠᠲᠤᠯᠠᠬᠤ ᠬᠤᠭᠤᠴᠠᠭ᠋ᠠᠨ᠎ᠳᠤ ᠲᠥᠬᠦᠭᠡᠷᠦᠮᠵᠢ ᠬᠠᠩᠭ᠋ᠠᠭᠰᠠᠨ ᠬᠤᠳᠠᠯᠳᠤᠭ᠋ᠠᠴᠢᠨ ᠳᠠᠭ᠋ᠠᠭ᠋ᠠᠨ ᠡᠭᠦᠷᠭᠡᠯᠡᠵᠦ᠂ ᠠᠰᠢᠬᠯᠠᠯᠲᠠ᠎ᠳᠤ ᠣᠷᠣᠭᠤᠯᠤᠨ ᠴᠢᠨᠠᠷ᠎ᠢ ᠪᠠᠲᠤᠯᠠᠬᠤ ᠬᠤᠭᠤᠴᠠᠭ᠋ᠠᠨ᠎ᠠᠴᠠ ᠭᠠᠳᠠᠨ᠎ᠠ ᠪᠣᠯᠣᠭᠰᠠᠨ᠎ᠢ᠎ᠨᠢ ᠳᠠᠭ᠋ᠠᠭ᠋ᠠᠴᠢᠯᠠᠯᠲᠠ ᠣᠯᠤᠭᠰᠠᠨ ᠢᠨᠵᠧᠨᠧᠷᠢᠩ᠎ᠢ ᠬᠡᠷᠡᠭᠵᠢᠭᠦᠯᠬᠦ ᠭᠤᠤᠯ ᠴᠣᠭᠴᠠ ᠳᠠᠭ᠋ᠠᠭ᠋ᠠᠨ ᠡᠭᠦᠷᠭᠡᠯᠡᠵᠦ᠂ ᠠᠵᠢᠯᠯᠠᠭᠤᠯᠵᠤ ᠪᠠᠲᠤᠯᠠᠬᠤ ᠪᠠᠯᠠ ᠮᠦᠩᠭᠦᠨ᠎ᠤ ᠬᠡᠷᠡᠭᠴᠡᠭᠡ ᠱᠠᠭ᠋ᠠᠷᠳᠠᠯᠭ᠎ᠠ ᠵᠢ ᠪᠣᠯ ᠪᠠᠢ᠍ᠢ᠍ᠴᠠᠭ᠋ᠠᠨ ᠦᠢ᠍ᠯᠠᠭ᠋ᠠᠭᠰᠠᠨ ᠠᠵᠢᠯ ᠵᠶ᠋ᠠᠨ ᠦᠨᠳᠦᠰᠦᠯᠡᠨ 《ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠪᠦᠲᠦᠭᠡᠨ ᠪᠠᠢ᠍ᠢ᠍ᠭᠤᠯᠬᠤ᠂ ᠳᠡᠰ ᠳᠡᠪᠰᠢᠭᠦᠯᠬᠦ ᠲᠥᠰᠦᠯ》᠎ᠳᠤ᠎ᠪᠠᠨ ᠵᠢᠭᠰᠠᠭ᠋ᠠᠨ ᠣᠷᠣᠭᠤᠯᠤᠨ᠎ᠠ᠃ ᠴᠠᠬᠢᠯᠭ᠋ᠠᠨ ᠬᠦᠴᠣᠨ᠎ᠤ ᠲᠤᠤᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ᠎ᠤᠨ ᠠᠵᠢᠯᠯᠠᠭᠤᠯᠵᠤ ᠪᠠᠲᠤᠯᠠᠬᠤ ᠠᠵᠢᠯ᠎ᠢ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠤᠤᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ ᠬᠠᠷᠢᠭᠤᠴᠠᠨ᠎ᠠ᠃

   ᠲᠠᠪᠤ᠂ ᠪᠠᠳᠣᠯᠠᠬᠤ ᠠᠷᠭ᠎ᠠ ᠬᠡᠮᠵᠢᠶ᠎ᠡ

   (ᠨᠢᠭᠡ) ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠴᠢᠩᠭ᠋ᠠᠳᠬᠠᠨ᠎ᠠ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠮᠠᠯᠵᠢᠬᠤ ᠡᠷᠦᠬᠡ ᠵᠢᠨ ᠰᠠᠭᠤᠷᠢᠰᠢᠭᠰᠠᠨ ᠭᠠᠵᠠᠷ ᠬᠢᠭᠡᠳ ᠬᠤᠪᠢᠰᠬᠠᠭᠤᠷ᠎ᠤᠨ ᠥᠷᠲᠡᠭᠡ᠎ᠯᠦᠭᠡ ᠵᠢᠨ ᠵᠠᠶ ᠵᠢᠴᠢ ᠴᠠᠬᠢᠯᠭ᠋ᠠᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠂ ᠲᠠᠰ ᠳᠡᠪᠰᠢᠭᠦᠯᠬᠦ ᠬᠦᠰᠡᠯ ᠡᠷᠡᠮᠡᠯᠵᠡᠯ ᠵᠡᠷᠭᠡ ᠪᠠᠶ᠋ᠢᠳᠠᠯ᠎ᠢ᠎ᠨᠢ ᠦᠨᠳᠦᠰᠦᠯᠡᠨ᠂ 2023 ᠣᠨ᠎ᠤ 9 ᠳ᠋ᠤᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ 《ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠪᠥᠲᠥᠭᠡᠨ ᠪᠠᠢ᠍ᠢ᠍ᠭᠤᠯᠬᠤ᠂ ᠲᠠᠰ ᠳᠡᠪᠰᠢᠭᠦᠯᠬᠦ ᠲᠥᠰᠦᠯ》᠎ᠢ ᠨᠠᠶ᠋ᠢᠷᠠᠭᠤᠯᠤᠨ ᠵᠣᠬᠢᠶᠠᠵᠤ ᠳᠠᠭᠤᠰᠬᠤ ᠵᠢᠨ ᠬᠠᠮᠲᠤ᠂ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠤᠭᠰᠠᠷᠠᠭᠤᠯᠬᠤ ᠪᠣᠶᠤ ᠳᠡᠰ ᠳᠡᠪᠰᠢᠭᠦᠯᠬᠦ᠎ᠪᠠᠷ ᠲᠥᠯᠥᠪᠯᠡᠵᠦ ᠪᠠᠢ᠍ᠢ᠍ᠭ᠎ᠠ ᠬᠡᠷᠡᠭᠯᠡᠭᠴᠢᠳ᠎ᠲᠠᠢ ᠵᠦᠪᠯᠡᠯᠴᠡᠭᠡᠷ ᠲᠣᠭᠲᠠᠬᠤ ᠬᠠᠮᠢᠶ᠎ᠠ ᠪᠥᠬᠦᠶ ᠠᠵᠢᠯ᠎ᠢ ᠰᠠᠶ᠋ᠢᠲᠤᠷ ᠬᠢᠵᠦ᠂ ᠤᠭᠰᠠᠷᠠᠬᠤ ᠪᠣᠯᠣᠨ ᠪᠠᠭᠲᠠᠭ᠋ᠠᠮᠵᠢ ᠵᠢ ᠲᠠᠰ ᠳᠡᠪᠰᠢᠭᠦᠯᠬᠦ᠎ᠪᠠᠷ ᠪᠠᠢ᠍ᠢ᠍ᠬᠤ ᠪᠠ ᠬᠡᠷᠡᠭᠯᠡᠭᠴᠢ ᠵᠢᠨ ᠪᠠᠯᠠ ᠭᠠᠷᠭ᠋ᠠᠬᠤ ᠲᠤᠭ᠎ᠠ ᠵᠢᠴᠢ ᠰᠦᠢ᠍ᠳᠬᠡᠯ ᠲᠤᠰᠢᠶᠠᠬᠤ ᠬᠤᠭᠤᠴᠠᠭ᠎ᠠ ᠬᠢᠵᠠᠭ᠋ᠠᠷ ᠵᠡᠷᠭᠡ ᠬᠠᠮᠢᠶ᠎ᠠ ᠪᠥᠬᠦᠶ ᠠᠭᠤᠯᠭ᠎ᠠ ᠵᠢ ᠲᠣᠳᠣᠷᠬᠠᠶ᠋ᠢᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠡᠨᠧᠷᠭᠢ ᠵᠢᠨ ᠲᠣᠪᠴᠢᠶ᠎ᠠ᠎ᠨᠢ 《ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠪᠥᠲᠥᠭᠡᠨ ᠪᠠᠢ᠍ᠢ᠍ᠭᠤᠯᠬᠤ᠂ ᠲᠠᠰ ᠳᠡᠪᠰᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ 1 ᠰᠠᠷ᠎ᠠ ᠵᠢᠨ ᠳᠣᠲᠣᠷ᠎ᠠ ᠲᠥᠷᠥᠯ ᠵᠦᠢ᠍ᠯ᠎ᠤᠨ ᠪᠠᠯᠠ ᠮᠦᠩᠭᠦᠨ᠎ᠤ ᠬᠠᠮᠢᠶᠠᠷᠤᠯᠲᠠ ᠵᠢᠨ ᠠᠷᠭ᠎ᠠ ᠵᠢ ᠰᠤᠳᠤᠯᠤᠨ ᠲᠣᠭᠲᠠᠭ᠋ᠠᠬᠤ ᠬᠡᠷᠡᠭᠲᠡᠶ᠃

   (ᠬᠤᠶᠠᠷ) ᠪᠠᠳᠣᠯᠠᠬᠤ ᠠᠵᠢᠯ᠎ᠢ ᠰᠠᠶ᠋ᠢᠲᠤᠷ ᠬᠢᠨ᠎ᠡ᠃ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠪᠥᠲᠥᠭᠡᠨ ᠪᠠᠶ᠋ᠢᠭᠤᠯᠤᠯᠲᠠ ᠵᠢᠨ ᠪᠠᠯᠠ ᠮᠥᠩᠭᠦ ᠵᠢ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠬᠤᠪᠢᠳᠠᠨ ᠡᠭᠦᠷᠭᠡᠯᠡᠬᠦ ᠬᠠᠷᠢᠴᠠᠯ ᠶᠣᠰᠣᠭ᠋ᠠᠷ ᠣᠨ᠎ᠤ ᠡᠳ᠋᠎ᠤᠨ ᠵᠠᠰᠠᠭ᠎ᠤᠨ ᠲᠥᠰᠦᠪ᠎ᠲᠤ᠎ᠪᠠᠨ ᠣᠷᠣᠭᠤᠯᠤᠨ ᠪᠠᠲᠤᠯᠠᠬᠤ ᠵᠢᠨ ᠬᠠᠮᠲᠤ᠂ 2023 ᠣᠨ᠎ᠤ 10 ᠳ᠋ᠤᠭ᠋ᠠᠷ ᠰᠠᠷ᠎ᠠ᠎ᠠᠴᠠ 12 ᠳ᠋ᠤᠭ᠋ᠠᠷ ᠰᠠᠷ᠎ᠠ ᠪᠣᠯᠲᠠᠯᠠᠬᠢ ᠢᠨᠵᠧᠨᠧᠷᠢᠩ᠎ᠳᠤ ᠬᠡᠷᠡᠭᠰᠡᠬᠦ ᠪᠠᠯᠠ ᠮᠥᠩᠭᠦ ᠵᠢ ᠲᠦᠷᠭᠡᠬᠡᠨ ᠵᠣᠬᠢᠶᠠᠨ ᠪᠠᠶ᠋ᠢᠭᠤᠯᠵᠤ ᠨᠠᠢ᠍ᠢ᠍ᠳᠠᠪᠣᠷᠢᠵᠢᠭᠤᠯᠬᠤ ᠬᠡᠷᠩᠲᠠᠢ᠃ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠬᠡᠷᠡᠭᠵᠢᠭᠦᠯᠬᠦ ᠭᠤᠤᠯ ᠴᠣᠭᠴᠠ᠎ᠨᠢ ᠡᠬᠢ ᠪᠠᠶᠠᠯᠢᠭ᠎ᠤᠨ ᠨᠥᠬᠦᠴᠡᠯ ᠪᠠ ᠠᠳᠠᠯᠢ ᠪᠤᠰᠤ ᠬᠡᠷᠡᠭᠯᠡᠭᠴᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠵᠦᠶ ᠵᠣᠬᠢᠰᠲᠠᠶ ᠲᠥᠰᠦᠯ᠂ ᠲᠡᠷᠢᠭᠦᠨ᠎ᠤ ᠪᠠᠷᠢᠮᠵᠢᠶ᠎ᠠ᠎ᠪᠠᠨ ᠲᠣᠷᠠᠣᠡᠴᠣ᠂ ᠲᠥᠬᠦᠭᠡᠷᠦᠮᠵᠢ ᠵᠢᠨ ᠳᠠᠭ᠋ᠠᠭ᠋ᠠᠴᠢᠯᠠᠯᠲᠠ ᠵᠠᠷᠯᠠᠬᠤ ᠪᠠ ᠪᠠᠷᠢᠯᠭ᠎ᠠ ᠵᠢᠨ ᠠᠵᠢᠯ᠎ᠢ ᠵᠣᠬᠢᠶᠠᠨ ᠪᠠᠢ᠍ᠢ᠍ᠭᠤᠯᠤᠨ ᠦᠷᠨᠢᠭᠦᠯᠬᠦ ᠬᠡᠷᠡᠭᠲᠡᠢ᠃

   (ᠭᠤᠷᠪᠠ) ᠬᠢᠨᠠᠯᠲᠠ ᠬᠠᠮᠢᠶᠠᠷᠤᠯᠲᠠ᠎ᠪᠠᠨ ᠴᠢᠩᠭ᠋ᠠᠷᠠᠭᠤᠯᠤᠨ᠎ᠠ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠮᠦᠷᠳᠡᠨ ᠳᠠᠭ᠋ᠠᠵᠤ ᠬᠢᠨᠠᠨ ᠪᠣᠳᠣᠯᠲᠡ ᠬᠢᠭᠦ ᠠᠵᠢᠯ ᠵᠶ᠋ᠠᠨ ᠴᠢᠩᠭ᠋ᠠᠷᠠᠭᠤᠯᠵᠤ᠂ ᠲᠥᠬᠦᠭᠡᠷᠦᠮᠵᠢ ᠬᠤᠳᠠᠯᠳᠤᠨ ᠠᠪᠬᠤ᠂ ᠢᠨᠵᠧᠨᠧᠷᠢᠩ᠎ᠤᠨ ᠬᠠᠮᠢᠶᠠᠷᠤᠯᠲᠠ᠂ ᠪᠠᠢ᠍ᠢ᠍ᠭᠤᠯᠣᠯᠳᠡ ᠵᠢᠨ ᠠᠵᠢᠯ᠎ᠤᠨ ᠴᠢᠨᠠᠷ ᠴᠢᠨᠰᠠᠭ᠎ᠠ᠂ ᠪᠡᠯᠡ ᠮᠦᠩᠭᠦᠨ᠎ᠤ ᠬᠠᠮᠢᠶᠠᠷᠤᠯᠲᠠ ᠪᠣᠯᠤᠨ ᠬᠡᠷᠡᠭᠯᠡᠯᠲᠡ ᠵᠡᠷᠭᠡ ᠵᠢ ᠪᠠᠭᠲᠠᠭ᠋ᠠᠭᠰᠠᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠪᠦᠬᠦ ᠶᠠᠪᠤᠴᠠ᠎ᠳᠤ ᠬᠢᠨᠠᠯᠲᠠ ᠲᠠᠯᠪᠢᠬᠤ ᠬᠡᠷᠡᠭᠲᠡᠶ᠃ ᠢᠨᠵᠧᠨᠧᠷᠢᠩ᠎ᠤᠨ ᠠᠵᠢᠯ ᠳᠠᠭᠤᠰᠤᠭᠰᠠᠨ᠎ᠤ ᠳᠠᠷᠠᠭ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠢ ᠵᠣᠬᠢᠶᠠᠨ ᠪᠠᠢ᠍ᠢ᠍ᠭᠤᠯᠵᠤ ᠪᠠᠢ᠍ᠢ᠍ᠭ᠋ᠠᠳ ᠴᠠᠬᠢᠯᠭ᠋ᠠᠨ ᠬᠦᠴᠦᠨ᠎ᠤ ᠲᠣᠣᠷ᠎ᠤᠨ ᠠᠵᠤ ᠠᠬᠤᠶ᠋ᠢᠯᠠᠯ᠂ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠬᠡᠷᠡᠭᠵᠢᠭᠦᠯᠬᠦ ᠭᠤᠣᠯ ᠴᠣᠭᠴᠠ᠎ᠯᠤᠭ᠎ᠠ ᠬᠠᠮᠲᠤᠷᠠᠨ ᠢᠨᠵᠧᠨᠧᠷᠢᠩ᠎ᠢ ᠰᠢᠯᠭ᠋ᠠᠨ ᠬᠤᠷᠢᠶᠠᠵᠣ᠂ ᠠᠵᠢᠯ ᠳᠠᠭᠤᠰᠣᠭᠰᠠᠨ ᠢᠨᠵᠧᠨᠧᠷᠢᠩ᠎ᠢ ᠰᠢᠯᠭ᠋ᠠᠨ ᠬᠤᠷᠢᠶᠠᠬᠤ᠂ ᠠᠵᠢᠯ ᠳᠠᠭᠤᠰᠤᠭᠰᠠᠨ ᠡᠳ᠋᠎ᠤᠨ ᠶᠠᠪᠤᠳᠠᠯ᠎ᠤᠨ ᠲᠥᠰᠦᠪ᠎ᠤᠨ ᠭᠦᠢ᠍ᠴᠡᠳᠬᠡᠯ ᠵᠢᠴᠢ ᠢᠨᠵᠧᠨᠧᠷᠢᠩ᠎ᠤᠨ ᠬᠢᠨᠠᠨ ᠪᠣᠳᠣᠯᠲᠠ ᠵᠢᠨ ᠮᠡᠳᠡᠭᠦᠯᠦᠯᠲᠡ ᠵᠢ ᠪᠦᠷᠢᠯᠳᠣᠭᠦᠯᠵᠣ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠬᠢᠨᠠᠨ ᠪᠣᠳᠣᠬᠤ ᠲᠢᠩᠬᠢᠮ᠎ᠳᠤ ᠮᠡᠳᠡᠭᠦᠯᠭᠦ ᠬᠡᠷᠡᠭᠲᠡᠶ᠃ ᠡᠭᠦᠨ᠎ᠤ ᠬᠠᠮᠲᠤ᠂ ᠡᠯ᠎ᠡ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ᠎ᠨᠢ ᠪᠠᠯᠠ ᠮᠦᠩᠭᠦᠨ᠎ᠤ ᠬᠠᠮᠢᠶᠠᠷᠴᠤ ᠬᠡᠷᠡᠭᠯᠡᠭᠰᠡᠨ ᠪᠠᠶ᠋ᠢᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠳᠤ ᠴᠠᠭ ᠲᠤᠬᠠᠶ᠎ᠳᠤ᠎ᠨᠢ ᠮᠡᠳᠡᠭᠦᠯᠭᠦ ᠬᠡᠷᠡᠭᠲᠡᠶ᠃


ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
 
            