ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠠᠮᠢᠶᠠᠷᠤᠯᠲᠠ ᠵᠢᠨ ᠠᠷᠭ᠎ᠠ
ᠨᠡᠶ᠋ᠢᠲᠡᠯᠡᠭᠰᠡᠨ ᠴᠠᠭ᠄ 2023-09-11

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

   ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠠᠮᠢᠶᠠᠷᠤᠯᠲᠠ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃


   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠠᠮᠢᠶᠠᠷᠤᠯᠲᠠ ᠵᠢᠨ ᠠᠷᠭ᠎ᠠ


   ᠨᠢᠭᠡᠳᠦᠭᠡᠷ ᠪᠦᠯᠦᠭ ᠶᠡᠷᠦᠩᠬᠡᠶ ᠲᠦᠷᠢᠮ

   ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯᠲᠠᠨ ᠠᠵᠢᠯᠴᠢᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠠᠮᠢᠶᠠᠷᠤᠯᠲᠠ ᠵᠢᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠬᠠᠤᠯᠢ》 《ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠪ ᠲᠠᠷᠬᠠᠭ᠋ᠠᠭᠰᠠᠨ [2020] 5 ᠳ᠋ᠤᠭ᠋ᠠᠷ ᠲᠣᠭ᠋ᠠᠲᠤ)᠂ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ》 (ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 735 ᠳ᠋ᠤᠭ᠋ᠠᠷ ᠲᠣᠭ᠋ᠠᠲᠤ) ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠲᠣᠰ ᠠᠷᠭ᠎ᠠ ᠵᠢ ᠲᠣᠭᠲᠠᠭ᠋ᠠᠪᠠ᠃

   ᠬᠤᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠍ᠢ᠍ᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠬᠥᠬᠡᠬᠤᠲᠠ᠎ᠳᠠᠬᠢ ᠲᠥᠪ᠎ᠤᠨ ᠰᠢᠭᠤᠳ ᠬᠠᠷᠢᠶ᠎ᠠ ᠪᠠᠢ᠍ᠢ᠍ᠭᠤᠯᠭ᠎ᠠ ᠪᠣᠯᠤᠨ ᠲᠥᠪ᠎ᠤᠨ ᠰᠢᠭᠤᠳ ᠬᠠᠷᠢᠶ᠎ᠠ ᠠᠵᠤ ᠠᠬᠤᠶ᠋ᠢᠯᠠᠯ᠎ᠤᠨ ᠥᠪᠡᠷᠲᠡᠭᠡᠨ ᠵᠠᠰᠠᠬᠤ ᠣᠷᠣᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠴᠢ ᠲᠡᠭᠦᠨ᠎ᠤ ᠠᠵᠢᠯᠳᠠᠨ ᠠᠵᠢᠯᠴᠢᠨ ᠲᠤᠰ ᠠᠷᠭ᠎ᠠ ᠵᠢᠨ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯᠳᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠨ᠎ᠠ᠃

   ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠪᠠᠶ᠋ᠢᠭᠤᠯᠤᠮᠵᠢ᠎ᠨᠢ ᠪᠦᠬᠦ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯᠳᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠠᠵᠢᠯ᠎ᠢ ᠨᠢᠭᠡᠳᠦᠯᠲᠡᠶ ᠤᠳᠤᠷᠢᠳᠬᠤ ᠪᠠ ᠵᠣᠬᠢᠶᠠᠨ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠦᠨᠳᠦᠰᠦᠨ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠲᠥᠰᠦᠪ ᠪᠠ ᠲᠥᠰᠦᠪ᠎ᠤᠨ ᠭᠦᠢ᠍ᠴᠡᠳᠬᠡᠯ᠎ᠢ ᠬᠤᠷᠢᠶᠠᠩᠭᠤᠶ᠋ᠢᠯᠠᠬᠤ ᠪᠠ ᠰᠠᠭᠤᠷᠢ ᠮᠥᠩᠭᠦ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠮᠵᠢᠯᠴᠠᠨ ᠰᠠᠶ᠋ᠢᠲᠤᠷ ᠬᠢᠨ᠎ᠠ; ᠥᠪᠡᠷᠲᠡᠭᠡᠨ ᠵᠠᠰᠠᠬᠤ ᠣᠷᠣᠨ᠎ᠤ ᠬᠢᠨᠠᠨ ᠪᠣᠳᠣᠬᠤ ᠰᠠᠯᠠᠭ᠎ᠠ ᠮᠥᠴᠢᠷ᠎ᠨᠢ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠣᠷᠣᠯᠭ᠎ᠠ ᠵᠠᠷᠤᠯᠭ᠎ᠠ ᠪᠠ ᠬᠠᠮᠢᠶᠠᠷᠤᠯᠲᠠ ᠵᠢᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠪᠣᠳᠣᠬᠤ ᠬᠡᠷᠡᠭᠲᠡᠢ; ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠠ ᠴᠡᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠲᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠢᠳᠡᠪᠬᠢᠲᠡᠶ᠎ᠪᠠᠷ ᠠᠬᠢᠭᠤᠯᠬᠤ ᠬᠡᠷᠡᠭᠲᠡᠶ; ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠣᠳᠠᠯ ᠬᠤᠷᠢᠶᠠᠬᠤ ᠵᠢ ᠬᠠᠷᠢᠭᠤᠴᠠᠨ᠎ᠠ; ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠲᠤᠬᠠᠶ᠋ᠢᠯᠠᠭᠰᠠᠨ ᠠᠵᠢᠯ᠂ ᠡᠳ᠋᠎ᠤᠨ ᠶᠠᠪᠤᠳᠠᠯ᠎ᠤᠨ ᠠᠮᠤᠷ ᠲᠦᠪᠰᠢᠨ᠂ ᠲᠦᠭᠰᠢᠭᠦᠷᠢ ᠵᠢᠨ ᠬᠠᠮᠢᠶᠠᠷᠤᠯᠲᠠ ᠪᠠ ᠲᠥᠰᠦᠪ᠎ᠤᠨ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠪᠦᠷᠢᠨᠰᠢᠬᠦᠯᠵᠦ᠂ ᠦᠢ᠍ᠯᠡᠴᠢᠯᠡᠭᠡᠨ᠎ᠤ ᠵᠥᠪᠯᠡᠯᠴᠡᠭᠡᠷ᠎ᠢ ᠬᠠᠮᠢᠶᠠᠷᠬᠤ᠂ ᠵᠠᠷᠤᠳᠠᠯ᠎ᠢ ᠬᠢᠨᠠᠨ ᠡᠵᠡᠮᠳᠡᠬᠦ᠂ ᠰᠠᠭᠤᠷᠢ ᠮᠥᠩᠭᠦ ᠰᠠᠯᠭ᠋ᠠᠨ ᠥᠭᠬᠦ᠂ ᠣᠯᠭᠤᠮᠵᠢ ᠵᠢ ᠬᠢᠨᠠᠨ ᠬᠠᠷᠭᠤᠭᠤᠯᠬᠤ ᠵᠢᠴᠢ ᠣᠯᠭᠤᠬᠤ ᠵᠡᠷᠭᠡ ᠠᠵᠢᠯ᠎ᠢ ᠰᠠᠶ᠋ᠢᠲᠤᠷ ᠬᠢᠬᠦ ᠵᠢᠨ ᠬᠠᠮᠲᠤ᠂ ᠨᠡᠶ᠋ᠢᠭᠡᠮ᠎ᠳᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠣᠷᠣᠯᠭ᠎ᠠ᠂ ᠵᠠᠷᠤᠯᠭ᠎ᠠ᠂ ᠦᠯᠡᠳᠡᠪᠦᠷᠢ ᠵᠡᠷᠭᠡ ᠵᠢᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠢᠯᠡ ᠪᠣᠯᠭ᠋ᠠᠵᠤ᠂ ᠨᠡᠶ᠋ᠢᠭᠡᠮ᠎ᠤᠨ ᠬᠢᠨᠠᠯᠲᠠ ᠲᠠᠯᠪᠢᠯᠳᠡ ᠵᠢ ᠬᠦᠯᠢᠶᠡᠬᠦ ᠬᠡᠷᠡᠭᠲᠡᠶ᠃

        ᠬᠤᠶᠠᠳᠤᠭ᠋ᠠᠷ ᠪᠦᠯᠦᠭ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ

   ᠳᠥᠷᠪᠡᠳᠦᠭᠡᠷ ᠵᠦᠢ᠍ᠯ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠣᠳᠠᠯ᠎ᠢ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠪᠣᠯᠣᠨ ᠳᠠᠭ᠋ᠠᠳᠬᠠᠯ᠎ᠳᠤ ᠣᠷᠣᠯᠴᠠᠭᠴᠢ ᠬᠠᠮᠲᠤ᠎ᠪᠠᠷ ᠲᠤᠰᠢᠶᠠᠨ᠎ᠠ᠃ ᠲᠤᠰᠢᠶᠠᠬᠤ ᠰᠠᠭᠤᠷᠢ ᠲᠤᠭ᠎ᠠ ᠵᠢ ᠤᠨ᠎ᠳᠤ᠎ᠪᠠᠨ ᠨᠢᠭᠡ ᠤᠳᠠᠭ᠎ᠠ ᠬᠠᠷᠭᠤᠭᠤᠯᠤᠨ ᠲᠣᠭᠲᠠᠭ᠋ᠠᠵᠤ᠂ ᠵᠢᠯ᠎ᠤᠨ ᠳᠣᠲᠣᠷ᠎ᠠ ᠲᠠᠬᠢᠵᠤ ᠲᠣᠬᠢᠷᠠᠭᠤᠯᠤᠯᠲᠠ ᠬᠢᠬᠦ ᠥᠬᠡᠶ᠃ ᠲᠤᠰᠢᠶᠠᠬᠤ ᠪᠠᠷᠢᠮᠵᠢᠶ᠎ᠠ᠎ᠨᠢ᠄

   (ᠨᠢᠭᠡ) ᠳᠠᠭ᠋ᠠᠳᠬᠠᠯ᠎ᠳᠤ ᠣᠷᠤᠯᠴᠠᠬᠤ ᠨᠢᠭᠡᠴᠢ᠎ᠨᠢ ᠳᠡᠭᠡᠷ᠎ᠡ ᠵᠢᠯ (ᠲᠤᠬᠠᠶ᠋ᠢᠯᠠᠭᠰᠠᠨ ᠠᠵᠢᠯ᠎ᠤᠨ ᠵᠢᠯ)᠎ᠤᠨ ᠠᠵᠢᠯᠲᠠᠨ ᠠᠵᠢᠯᠴᠢᠨ᠎ᠤ ᠴᠠᠯᠢᠩ᠎ᠤᠨ ᠶᠡᠷᠦᠩᠬᠡᠶ ᠲᠣᠭ᠋ᠠᠨ᠎ᠤ 7%᠎ᠪᠠᠷ ᠲᠤᠰᠢᠶᠠᠨ᠎ᠠ᠃

   (ᠬᠤᠶᠠᠷ) ᠳᠠᠭ᠋ᠠᠳᠬᠠᠯ᠎ᠳᠤ ᠣᠷᠣᠯᠴᠠᠭᠴᠢ ᠳᠡᠭᠡᠷ᠎ᠡ ᠵᠢᠯ (ᠲᠤᠬᠠᠶ᠋ᠢᠯᠠᠭᠰᠠᠨ ᠠᠵᠢᠯ᠎ᠤᠨ ᠵᠢᠯ)᠎ᠤᠨ ᠴᠠᠯᠢᠩ᠎ᠤᠨ ᠣᠷᠣᠯᠭ᠎ᠠ ᠵᠢᠨ 2% ᠵᠶ᠋ᠠᠷ ᠲᠤᠰᠢᠶᠠᠨ᠎ᠠ᠃

   (ᠭᠤᠷᠪᠠ) ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠲᠤᠰᠢᠶᠠᠬᠤ ᠵᠠᠷᠣᠳᠠᠯ᠎ᠤᠨ ᠨᠣᠷᠮ᠎ᠠ᠎ᠨᠢ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠬᠢᠭᠡᠳ ᠳᠠᠭ᠋ᠠᠳᠬᠠᠯ᠎ᠳᠤ ᠣᠷᠣᠯᠴᠠᠭᠴᠢ ᠵᠢᠨ ᠲᠤᠰᠢᠶᠠᠭᠰᠠᠨ ᠵᠠᠷᠣᠳᠠᠯ᠎ᠤᠨ ᠨᠣᠷᠮ᠎ᠠ ᠵᠢᠨ ᠨᠡᠶ᠋ᠢᠯᠡᠪᠦᠷᠢ ᠪᠣᠯᠤᠨ᠎ᠠ᠃

   (ᠳᠥᠷᠪᠡ) ᠥᠪᠡᠷᠲᠡᠭᠡᠨ ᠵᠠᠰᠠᠬᠤ ᠣᠷᠣᠨ᠎ᠤ ᠳᠡᠭᠡᠷ᠎ᠡ ᠵᠢᠯ᠎ᠤᠨ ᠬᠤᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠢ ᠪᠠ ᠬᠤᠪᠢ ᠵᠢᠨ ᠡᠵᠡᠩᠨᠡᠯᠲᠡ ᠵᠢᠨ ᠨᠢᠭᠡᠴᠢ ᠵᠢᠨ᠎ᠬᠢ ᠵᠢ ᠲᠣᠣᠬᠠᠢ᠍ᠢ᠍ᠯᠠᠵᠣ ᠪᠤᠳᠤᠭᠰᠠᠨ ᠪᠥᠬᠦ ᠰᠢᠰᠲ᠋ᠧᠮ᠎ᠤᠨ ᠬᠤᠲᠠ ᠪᠠᠯᠭ᠋ᠠᠰᠤ ᠵᠢᠨ ᠨᠢᠭᠡᠴᠢ ᠵᠢᠨ ᠠᠵᠢᠯ ᠣᠯᠤᠭᠰᠠᠳ᠎ᠤᠨ ᠳᠤᠮᠳᠠᠴᠢ ᠴᠠᠯᠢᠩ ᠵᠶ᠋ᠠᠷ ᠵᠢᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠵᠠᠷᠣᠳᠠᠯ᠎ᠢ ᠲᠤᠰᠢᠶᠠᠬᠤ ᠰᠠᠭᠤᠷᠢ ᠲᠣᠭ᠋ᠠᠨ᠎ᠤ ᠪᠠᠷᠢᠮᠵᠢᠶ᠎ᠠ ᠪᠣᠯᠭ᠋ᠠᠨ᠎ᠠ᠃ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠵᠢᠨ ᠠᠵᠢᠯᠲᠠᠨ ᠠᠵᠢᠯᠴᠢᠨ᠎ᠤ ᠳᠡᠭᠡᠷ᠎ᠡ ᠵᠢᠯ᠎ᠤᠨ ᠳᠤᠮᠳᠠᠴᠢ ᠴᠠᠯᠢᠩ᠎ᠨᠢ ᠥᠪᠡᠷᠲᠡᠭᠡᠨ ᠵᠠᠰᠠᠬᠤ ᠣᠷᠣᠨ᠎ᠤ ᠳᠡᠭᠡᠷ᠎ᠡ ᠵᠢᠯ᠎ᠤᠨ ᠬᠤᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠢ ᠪᠠ ᠬᠤᠪᠢ ᠵᠢᠨ ᠡᠵᠡᠩᠨᠡᠯᠲᠡ ᠵᠢᠨ ᠨᠢᠭᠡᠴᠢ ᠵᠢᠨ᠎ᠬᠢ ᠵᠢ ᠲᠣᠣᠬᠠᠢ᠍ᠢ᠍ᠯᠠᠵᠣ ᠪᠤᠳᠤᠭᠰᠠᠨ ᠪᠥᠬᠦ ᠰᠢᠰᠲ᠋ᠧᠮ᠎ᠤᠨ ᠬᠤᠲᠠ ᠪᠠᠯᠭ᠋ᠠᠰᠤ ᠵᠢᠨ ᠨᠢᠭᠡᠴᠢ ᠵᠢᠨ ᠠᠵᠢᠯ ᠣᠯᠤᠭᠰᠠᠳ᠎ᠤᠨ ᠳᠤᠮᠳᠠᠴᠢ ᠴᠠᠯᠢᠩ᠎ᠤᠨ 80%᠎ᠠᠴᠠ ᠲᠣᠣᠷ᠎ᠡ ᠪᠠᠢ᠍ᠢ᠍ᠪᠡᠯ᠂ 80%᠎ᠪᠠᠷ ᠵᠠᠷᠤᠳᠠᠯ ᠲᠤᠰᠢᠶᠠᠬᠤ ᠰᠠᠭᠤᠷᠢ ᠲᠤᠭ᠎ᠠ ᠪᠣᠯᠭ᠋ᠠᠨ᠎ᠠ; 300%᠎ᠠᠴᠠ ᠳᠡᠭᠡᠭᠰᠢ ᠪᠠᠢ᠍ᠢ᠍ᠪᠡᠯ᠂ 300%᠎ᠪᠠᠷ ᠵᠠᠷᠣᠳᠠᠯ ᠲᠤᠰᠢᠶᠠᠬᠤ ᠰᠠᠭᠤᠷᠢ ᠲᠤᠭ᠎ᠠ ᠪᠣᠯᠭ᠋ᠠᠨ᠎ᠠ᠃ ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠵᠠᠷᠣᠳᠠᠯ ᠲᠤᠰᠢᠶᠠᠬᠤ ᠰᠠᠭᠤᠷᠢ ᠲᠤᠭ᠎ᠠ ᠵᠢ ᠥᠪᠡᠷᠲᠡᠭᠡᠨ ᠵᠠᠰᠠᠬᠤ ᠣᠷᠣᠨ᠎ᠤ ᠳᠡᠭᠡᠷ᠎ᠡ ᠵᠢᠯ᠎ᠤᠨ ᠬᠤᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠢ ᠪᠠ ᠬᠤᠪᠢ ᠵᠢᠨ ᠡᠵᠡᠩᠨᠡᠯᠲᠡ ᠵᠢᠨ ᠨᠢᠭᠡᠴᠢ᠎ᠪᠠᠷ ᠨᠡᠮᠡᠵᠦ ᠪᠤᠳᠤᠭᠰᠠᠨ ᠪᠥᠬᠦ ᠰᠢᠰᠲ᠋ᠧᠮ᠎ᠤᠨ ᠬᠤᠲᠠ ᠪᠠᠯᠭ᠋ᠠᠰᠤ ᠵᠢᠨ ᠨᠢᠭᠡᠴᠢ ᠵᠢᠨ ᠠᠵᠢᠯ ᠣᠯᠤᠭᠰᠠᠳ᠎ᠤᠨ ᠳᠤᠮᠳᠠᠴᠢ ᠴᠠᠯᠢᠩ᠎ᠤᠨ 80%᠎ᠪᠠᠷ ᠬᠠᠷᠭᠤᠭᠤᠯᠤᠨ ᠲᠣᠭᠲᠠᠭ᠋ᠠᠨ᠎ᠠ᠃

   ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠳᠠᠭ᠋ᠠᠯᠳᠤᠨ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠣᠳᠠᠯ᠎ᠤᠨ ᠨᠣᠷᠮ᠎ᠠ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠤᠬᠢᠬᠤ ᠲᠤᠬᠢᠷᠠᠭᠤᠯᠤᠯᠲᠠ ᠬᠢᠨ᠎ᠡ᠃

   ᠲᠠᠪᠤᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠣᠨ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠪᠠᠭᠤᠵᠤ ᠠᠮᠠᠷᠠᠬᠤ ᠨᠥᠬᠦᠴᠡᠯ᠎ᠳᠤ ᠨᠡᠢ᠍ᠢ᠍ᠴᠡᠭᠰᠡᠨ᠎ᠤ ᠬᠠᠮᠲᠤ ᠳᠣᠣᠷᠠᠬᠢ ᠨᠥᠬᠦᠴᠡᠯ᠎ᠢ ᠪᠦᠷᠢᠳᠦᠭᠦᠯᠦᠭᠰᠡᠨ ᠪᠣᠯ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠣᠯᠭᠤᠮᠵᠢ ᠵᠢ ᠬᠦᠷᠳᠡᠵᠦ ᠪᠣᠯᠤᠨ᠎ᠠ᠃

   (ᠨᠢᠭᠡ) ᠨᠢᠭᠡᠴᠢ ᠵᠢᠨ ᠳᠠᠭ᠋ᠠᠳᠬᠠᠯ᠎ᠳᠤ ᠣᠷᠣᠯᠴᠠᠭᠰᠠᠳ᠃

  1. 2005 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠳ ᠡᠮᠴᠢᠯᠡᠭᠡᠨ᠎ᠤ ᠳᠠᠭ᠋ᠠᠳᠬᠠᠯ᠎ᠤᠨ ᠠᠵᠢᠯ᠎ᠠᠴᠠ᠎ᠪᠠᠨ ᠪᠠᠭᠤᠵᠤ ᠠᠮᠠᠷᠠᠬᠤ ᠭᠠᠷ ᠭᠦᠢ᠍ᠴᠡᠳᠬᠡᠯ ᠬᠢᠬᠦ᠎ᠳᠤ᠎ᠪᠠᠨ᠂ ᠵᠠᠯᠭ᠋ᠠᠭ᠎ᠠ᠎ᠪᠠᠷ ᠵᠠᠷᠣᠳᠠᠯ ᠲᠤᠰᠢᠶᠠᠭᠰᠠᠨ᠎ᠨᠢ ᠰᠢᠭᠤᠳ ᠭᠦᠢ᠍ᠴᠡᠳᠬᠡᠵᠦ ᠪᠣᠯᠤᠨ᠎ᠠ᠂ ᠵᠠᠷᠣᠳᠠᠯ ᠲᠤᠰᠢᠶᠠᠬᠤ᠎ᠪᠠᠨ ᠲᠠᠰᠤᠯᠳᠠᠭᠤᠯᠤᠭᠰᠠᠨ ᠪᠣᠯ ᠨᠢᠭᠡ ᠯᠡ ᠤᠳᠠᠭ᠎ᠠ᠎ᠪᠠᠷ ᠨᠥᠬᠦᠵᠦ ᠲᠤᠰᠢᠶᠠᠬᠤ ᠬᠡᠷᠡᠭᠲᠡᠶ᠂ ᠵᠠᠷᠣᠳᠠᠯ ᠲᠤᠰᠢᠶᠠᠭᠰᠠᠨ ᠵᠢᠯ ᠬᠤᠭᠤᠴᠠᠭ᠎ᠠ᠎ᠳᠤ ᠬᠢᠵᠠᠭ᠋ᠠᠷᠯᠠᠭᠳᠠᠬᠤ ᠦᠭᠡᠢ᠃

  2. 2005 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 2015 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠤᠨ ᠬᠤᠭᠤᠷᠣᠨᠳᠣᠬᠢ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠵᠠᠷᠣᠳᠠᠯ ᠲᠣᠰᠢᠶᠠᠭᠰᠠᠨ ᠵᠢᠯ ᠬᠤᠭᠤᠴᠠᠭ᠎ᠠ᠎ᠨᠢ ᠪᠦᠬᠦᠯᠢ 20 ᠵᠢᠯ ᠪᠣᠯᠣᠭᠰᠠᠨ ᠪᠠᠶ᠋ᠢᠬᠤ ᠬᠡᠷᠡᠭᠲᠡᠶ᠃ ᠠᠵᠢᠯ᠎ᠠᠴᠠ᠎ᠪᠠᠨ ᠪᠠᠭᠤᠵᠤ ᠠᠮᠠᠷᠠᠬᠤ ᠭᠠᠷᠳᠠᠮ ᠭᠦᠢ᠍ᠴᠡᠳᠬᠡᠬᠦ᠎ᠳᠤ᠂ ᠵᠠᠷᠣᠳᠠᠯ ᠲᠤᠰᠢᠶᠠᠭᠰᠠᠨ ᠪᠣᠳᠠᠲᠠᠶ ᠵᠢᠯ ᠬᠤᠭᠤᠴᠠᠭ᠎ᠠ᠎ᠨᠢ 20 ᠵᠢᠯ ᠬᠥᠷᠬᠦ ᠥᠬᠡᠶ ᠪᠣᠯ᠂ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠎ᠠᠴᠠ ᠲᠡᠭᠦᠨ᠎ᠤ ᠠᠵᠢᠯ᠎ᠠᠴᠠ᠎ᠪᠠᠨ ᠪᠠᠭᠤᠵᠤ ᠠᠮᠠᠷᠠᠬᠤ ᠦᠶ᠎ᠡ ᠵᠢᠨ ᠲᠤᠬᠠᠶ ᠵᠢᠨ ᠰᠠᠷ᠎ᠠ ᠵᠢᠨ ᠴᠠᠯᠢᠩ ᠵᠶ᠋ᠠᠷ ᠰᠠᠭᠤᠷᠢ ᠲᠤᠭ᠎ᠠ ᠪᠣᠯᠭ᠋ᠠᠬᠤ ᠪᠠ ᠲᠤᠬᠠᠶ ᠵᠢᠨ ᠵᠢᠯ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠨᠢᠭᠡᠴᠢ ᠵᠢᠨ ᠵᠠᠷᠣᠳᠠᠯ ᠲᠤᠰᠢᠶᠠᠬᠤ ᠬᠠᠷᠢᠴᠠᠯ ᠵᠶ᠋ᠠᠷ ᠳᠤᠲᠠᠵᠤ ᠪᠠᠶ᠋ᠢᠭ᠎ᠠ ᠪᠣᠳᠠᠲᠠᠶ ᠵᠠᠷᠣᠳᠠᠯ ᠲᠤᠰᠢᠶᠠᠬᠤ ᠰᠠᠷ᠎ᠠ ᠵᠢᠨ ᠲᠤᠭ᠎ᠠ ᠵᠢᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠣᠳᠠᠯ᠎ᠢ ᠨᠢᠭᠡ ᠯᠡ ᠤᠳᠠᠭ᠎ᠠ᠎ᠪᠠᠷ ᠨᠥᠬᠦᠨ ᠲᠤᠰᠢᠶᠠᠵᠤ᠂ ᠡᠨᠡ ᠬᠦ᠌ ᠵᠠᠷᠣᠳᠠᠯ᠎ᠢ ᠪᠦᠭᠦᠳᠡ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ᠎ᠳᠤ ᠣᠷᠣᠭᠤᠯᠵᠤ᠂ ᠬᠤᠪᠢ ᠬᠥᠮᠦᠨ᠎ᠤ ᠲᠠᠩᠰᠠᠨ ᠡᠷᠦᠬᠡ᠎ᠳᠤ ᠣᠷᠣᠭᠤᠯᠬᠤ ᠥᠬᠡᠶ᠃

   (ᠬᠤᠶᠠᠷ) ᠠᠮᠢᠳᠤᠯᠢᠭ ᠵᠶ᠋ᠠᠷ ᠠᠵᠢᠯ ᠣᠯᠤᠭᠰᠠᠳ᠃

  2016 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠮᠦᠨ᠎ᠡ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠵᠠᠷᠣᠳᠠᠯ ᠲᠤᠰᠢᠶᠠᠬᠤ ᠵᠢᠯ ᠬᠤᠭᠤᠴᠠᠭ᠎ᠠ᠎ᠨᠢ ᠪᠦᠬᠦᠯᠢ 20 ᠵᠢᠯ ᠪᠣᠯᠣᠭᠰᠠᠨ ᠪᠠᠶ᠋ᠢᠬᠤ ᠬᠡᠷᠡᠭᠲᠡᠶ᠃ ᠵᠠᠷᠣᠳᠠᠯ ᠲᠤᠰᠢᠶᠠᠭᠰᠠᠨ ᠪᠣᠳᠠᠲᠠᠶ ᠵᠢᠯ ᠬᠤᠭᠤᠴᠠᠭ᠎ᠠ᠎ᠨᠢ 20 ᠵᠢᠯ ᠬᠦᠷᠬᠦ ᠦᠭᠡᠢ ᠪᠣᠯ᠂ ᠠᠵᠢᠯ᠎ᠠᠴᠠ᠎ᠪᠠᠨ ᠪᠠᠭᠤᠵᠤ ᠠᠮᠠᠷᠠᠬᠤ ᠭᠠᠷᠳᠠᠮ ᠭᠦᠢ᠍ᠴᠡᠳᠬᠡᠬᠦ ᠦᠶ᠎ᠡ ᠵᠢᠨ ᠳᠡᠭᠡᠷ᠎ᠡ ᠵᠢᠯ᠎ᠤᠨ ᠵᠠᠷᠣᠳᠠᠯ ᠲᠤᠰᠢᠶᠠᠭᠰᠠᠨ ᠪᠠᠷᠢᠮᠵᠢᠶ᠎ᠠ ᠶᠣᠰᠣᠭ᠋ᠠᠷ ᠦᠯᠡᠳᠡᠭᠰᠡᠨ ᠬᠤᠭᠤᠴᠠᠭ᠋ᠠᠨ᠎ᠤ ᠲᠤᠰᠢᠶᠠᠬᠤ ᠶᠣᠰᠣᠲᠠᠶ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠣᠳᠠᠯ᠎ᠢ ᠨᠢᠭᠡ ᠯᠡ ᠤᠳᠠᠭ᠎ᠠ᠎ᠳᠤ ᠲᠤᠰᠢᠶᠠᠨ᠎ᠠ᠂ ᠨᠢᠭᠡ ᠯᠡ ᠤᠳᠠᠭ᠎ᠠ᠎ᠳᠤ ᠨᠥᠬᠦᠵᠦ ᠲᠤᠰᠢᠶᠠᠬᠤ ᠦᠭᠡᠢ ᠪᠠᠢ᠍ᠢ᠍ᠭᠰᠠᠨ ᠴᠤ᠌ ᠪᠣᠯᠣᠨ᠎ᠠ᠂ ᠬᠤᠭᠤᠴᠠᠭ᠎ᠠ ᠶᠣᠰᠣᠭ᠋ᠠᠷ ᠵᠠᠷᠣᠳᠠᠯ ᠲᠤᠰᠢᠶᠠᠭ᠋ᠠᠳ ᠪᠦᠬᠦᠯᠢ 20 ᠵᠢᠯ ᠪᠣᠯᠤᠭᠰᠠᠨ᠎ᠤ ᠳᠠᠷᠠᠭ᠎ᠠ ᠡᠮᠴᠢᠯᠡᠭᠡᠨ᠎ᠤ ᠳᠠᠭ᠋ᠠᠳᠬᠠᠯ᠎ᠤᠨ ᠠᠵᠢᠯ᠎ᠠᠴᠠ᠎ᠪᠠᠨ ᠪᠠᠭᠤᠵᠤ ᠠᠮᠠᠷᠠᠬᠤ ᠭᠠᠷᠳᠠᠮ᠎ᠢ ᠭᠦᠢ᠍ᠴᠡᠳᠬᠡᠨ᠎ᠡ᠃

   (ᠭᠤᠷᠪᠠ) ᠳᠠᠭ᠋ᠠᠳᠬᠠᠯ᠎ᠳᠤ ᠣᠷᠣᠯᠴᠠᠭᠰᠠᠳ᠃

  2016 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠰᠡᠭᠦᠯᠡᠷ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠳ (ᠠᠮᠢᠳᠤᠯᠢᠭ ᠵᠶ᠋ᠠᠷ ᠠᠵᠢᠯ ᠣᠯᠤᠭᠰᠠᠳ᠎ᠢ ᠪᠠᠭᠲᠠᠭ᠋ᠠᠨ᠎ᠠ)᠂ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠬᠤᠪᠢ ᠬᠥᠮᠦᠨ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠪᠠᠭᠤᠵᠤ ᠠᠮᠠᠷᠠᠬᠤ ᠨᠠᠰᠤᠨ᠎ᠳᠤ ᠬᠦᠷᠦᠭᠰᠡᠨ ᠪᠥᠭᠡᠳ ᠵᠠᠷᠤᠳᠠᠯ ᠲᠤᠰᠢᠶᠠᠭᠰᠠᠨ ᠨᠡᠶ᠋ᠢᠲᠡ ᠵᠢᠯ ᠬᠤᠭᠤᠴᠠᠭ᠎ᠠ᠎ᠨᠢ ᠪᠦᠬᠦᠯᠢ 25 ᠵᠢᠯ ᠪᠣᠯᠣᠭᠰᠠᠨ ᠪᠣᠯ᠂ ᠠᠵᠢᠯ᠎ᠠᠴᠠ᠎ᠪᠠᠨ ᠪᠠᠭᠤᠵᠤ ᠠᠮᠠᠷᠠᠭᠰᠠᠨ᠎ᠤ ᠳᠠᠷᠠᠭ᠎ᠠ ᠳᠠᠭᠢᠵᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ ᠲᠤᠰᠢᠶᠠᠬᠤ ᠥᠬᠡᠶ ᠪᠠᠶ᠋ᠢᠵᠤ᠂ ᠲᠣᠭᠲᠠᠭ᠋ᠠᠯ ᠶᠣᠰᠣᠭ᠋ᠠᠷ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠣᠯᠭᠤᠮᠵᠢ ᠭᠥᠷᠳᠡᠨ᠎ᠡ᠃ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠪᠠᠭᠤᠵᠤ ᠠᠮᠠᠷᠠᠬᠤ ᠨᠠᠰᠤᠨ᠎ᠳᠤ ᠬᠦᠷᠴᠦ᠂ ᠵᠠᠷᠤᠳᠠᠯ ᠲᠤᠰᠢᠶᠠᠭᠰᠠᠨ ᠨᠡᠶ᠋ᠢᠲᠡ ᠵᠢᠯ ᠬᠤᠭᠤᠴᠠᠭ᠎ᠠ᠎ᠨᠢ ᠲᠣᠭᠲᠠᠭᠰᠠᠨ ᠵᠢᠯ᠎ᠤᠨ ᠬᠢᠵᠠᠭ᠋ᠠᠷ᠎ᠲᠤ ᠭᠦᠷᠦᠭᠰᠡᠨ ᠥᠬᠡᠶ ᠪᠣᠯ᠂ ᠳᠡᠭᠡᠷ᠎ᠡ ᠵᠢᠯ᠎ᠤᠨ ᠵᠠᠷᠤᠳᠠᠯ ᠲᠤᠰᠢᠶᠠᠭᠰᠠᠨ ᠪᠠᠷᠢᠮᠵᠢᠶ᠎ᠠ ᠶᠣᠰᠣᠭ᠋ᠠᠷ ᠦᠯᠡᠳᠡᠭᠰᠡᠨ ᠬᠤᠭᠤᠴᠠᠭ᠋ᠠᠨ᠎ᠤ ᠲᠤᠰᠢᠶᠠᠪᠠᠰᠤ ᠵᠣᠬᠢᠬᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠨᠢᠭᠡ ᠯᠡ ᠤᠳᠠᠭ᠎ᠠ᠎ᠪᠠᠷ ᠲᠤᠰᠢᠶᠠᠬᠤ ᠬᠡᠷᠡᠭᠲᠡᠢ᠃

   ᠵᠢᠷᠭᠤᠳᠤᠭ᠋ᠠᠷ ᠵᠦᠢ᠍ᠯ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠰᠠᠷ᠎ᠠ᠎ᠪᠠᠷ ᠲᠤᠰᠢᠶᠠᠨ᠎ᠠ᠂ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠡᠷᠬᠡᠪᠰᠢ ᠲᠣᠭᠲᠠᠭᠰᠠᠨ ᠴᠠᠭ᠎ᠲᠤ ᠭᠦᠢ᠍ᠴᠡᠳ ᠲᠤᠭ᠎ᠠ᠎ᠪᠠᠷ ᠳᠡᠭᠡᠭᠰᠢ ᠲᠤᠰᠢᠶᠠᠬᠤ ᠬᠡᠷᠡᠭᠲᠡᠶ᠃ ᠠᠵᠢᠯᠲᠠᠨ ᠠᠵᠢᠯᠴᠢᠨ᠎ᠤ ᠬᠤᠪᠢ ᠬᠥᠮᠦᠨ᠎ᠤ ᠲᠤᠰᠢᠶᠠᠬᠤ ᠬᠡᠰᠡᠭ᠎ᠢ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠎ᠨᠢ ᠴᠠᠯᠢᠩ᠎ᠠᠴᠠ᠎ᠨᠢ ᠰᠠᠭᠤᠯᠭ᠋ᠠᠨ ᠠᠪᠴᠤ ᠤᠷᠤᠯᠠᠨ ᠲᠤᠰᠢᠶᠠᠨ᠎ᠠ᠃

   ᠳᠣᠯᠣᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠎ᠨᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠬᠠᠤᠯᠢ》 ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠳᠠᠩᠰᠠᠯᠠᠭᠤᠯᠬᠤ ᠪᠠ ᠭᠤᠶᠤᠴᠢᠯᠠᠨ ᠮᠡᠳᠡᠭᠦᠯᠬᠦ ᠭᠠᠷᠳᠠᠮ᠎ᠢ ᠴᠠᠭ ᠲᠤᠬᠠᠶ᠎ᠳᠤ᠎ᠨᠢ ᠭᠦᠢ᠍ᠴᠡᠳᠬᠡᠬᠦ ᠬᠡᠷᠡᠭᠲᠡᠶ᠃ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠵᠢᠨ ᠳᠠᠩᠰᠠᠯᠠᠭᠤᠯᠤᠭᠰᠠᠨ ᠵᠦᠢ᠍ᠯᠡᠰ᠎ᠲᠤ᠎ᠨᠢ ᠬᠤᠪᠢᠷᠠᠯᠲᠠ ᠭᠠᠷᠤᠭᠰᠠᠨ ᠪᠤᠶᠤ ᠬᠠᠤᠯᠢ ᠶᠣᠰᠣᠭ᠋ᠠᠷ ᠳᠠᠭᠤᠰᠤᠭᠰᠠᠨ ᠦᠶ᠎ᠡ᠎ᠳᠤ᠂ ᠬᠤᠪᠢᠷᠠᠯᠲᠠ ᠭᠠᠷᠤᠭᠰᠠᠨ ᠪᠤᠶᠤ ᠳᠠᠭᠤᠰᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠴᠣᠩᠬᠤᠪᠴᠢ᠎ᠳᠤ ᠬᠦᠷᠴᠦ ᠬᠤᠪᠢᠷᠠᠭᠤᠯᠬᠤ ᠪᠤᠶᠤ ᠳᠠᠩᠰᠠᠯᠠᠭᠤᠯᠤᠭᠰᠠᠨ ᠵᠶ᠋ᠠᠨ ᠬᠦᠴᠦᠨ ᠦᠭᠡᠢ ᠪᠣᠯᠭ᠋ᠠᠬᠤ ᠬᠡᠷᠡᠭᠳᠡᠢ᠃

    ᠨᠠᠢ᠍ᠮᠠᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠵᠢ᠎ᠨᠢ ᠨᠠᠢ᠍ᠢ᠍ᠯᠡᠭᠦᠯᠭᠦ᠂ ᠰᠠᠯᠭ᠋ᠠᠬᠤ ᠪᠤᠶᠤ ᠪᠠᠢ᠍ᠢ᠍ᠭᠤᠯᠣᠮᠵᠢ ᠰᠣᠯᠢᠭᠰᠠᠨ ᠪᠣᠯ᠂ ᠬᠦᠯᠢᠶᠡᠨ ᠠᠪᠤᠭᠰᠠᠨ ᠪᠤᠶᠤ ᠵᠠᠯᠭ᠋ᠠᠮᠵᠢᠯᠠᠨ ᠠᠪᠤᠭᠰᠠᠨ ᠨᠢᠭᠡᠴᠢ᠎ᠨᠢ ᠡᠷᠬᠡᠪᠰᠢ ᠴᠠᠭ ᠲᠤᠬᠠᠶ᠎ᠳᠤ᠎ᠨᠢ ᠡᠮᠴᠢᠯᠡᠭᠡᠨ᠎ᠤ ᠳᠠᠭ᠋ᠠᠳᠬᠠᠯ᠎ᠤᠨ ᠶᠠᠪᠤᠳᠠᠯ᠎ᠢ ᠭᠠᠷᠳᠠᠨ ᠭᠦᠢ᠍ᠴᠡᠳᠬᠡᠬᠦ ᠴᠣᠩᠬᠤᠪᠴᠢ᠎ᠳᠤ ᠬᠦᠷᠴᠦ ᠬᠤᠯᠪᠣᠭᠳᠠᠯ ᠪᠦᠬᠦᠢ ᠬᠤᠪᠢᠷᠠᠭᠤᠯᠬᠤ ᠭᠠᠷᠳᠠᠮ᠎ᠢ ᠭᠦᠢ᠍ᠴᠡᠳᠬᠡᠬᠦ ᠵᠢᠨ ᠬᠠᠮᠲᠤ ᠦᠷᠢᠳᠣᠭ᠌ᠰᠡᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠂ ᠬᠦᠦ ᠮᠥᠩᠭᠦ ᠬᠢᠭᠡᠳ ᠬᠤᠭᠤᠴᠠᠭ᠎ᠠ ᠰᠠᠭ᠋ᠠᠲᠠᠭᠤᠯᠤᠭᠰᠠᠨ ᠲᠣᠷᠭ᠋ᠠᠭᠤᠯᠢ ᠵᠢᠨ ᠮᠥᠩᠭᠦ᠎ᠪᠠᠨ ᠲᠦᠯᠣᠵᠣ ᠳᠠᠭᠤᠰᠬᠠᠬᠤ ᠬᠡᠷᠡᠭᠲᠡᠶ᠃ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠬᠠᠤᠯᠢ》 ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠦᠷᠢᠳᠣᠭ᠌ᠰᠡᠨ ᠡᠳᠦᠷ᠎ᠠᠴᠠ ᠡᠬᠢᠯᠡᠨ᠂ ᠡᠳᠦᠷ ᠵᠶ᠋ᠠᠷ ᠪᠣᠳᠣᠵᠣ ᠲᠦᠮᠡᠨ ᠬᠤᠪᠢ ᠵᠢᠨ ᠲᠠᠪᠤ᠎ᠪᠠᠷ ᠬᠤᠭᠤᠴᠠᠭ᠎ᠠ ᠰᠠᠭ᠋ᠠᠲᠠᠭᠤᠯᠤᠭᠰᠠᠨ ᠲᠣᠷᠭ᠋ᠠᠭᠤᠯᠢ ᠵᠢᠨ ᠮᠥᠩᠭᠦ ᠨᠡᠮᠡᠵᠦ ᠬᠤᠷᠢᠶᠠᠨ᠎ᠠ᠃ ᠬᠤᠭᠤᠴᠠᠭ᠎ᠠ ᠰᠠᠭ᠋ᠠᠲᠠᠭᠤᠯᠤᠭᠰᠠᠨ ᠲᠣᠷᠭ᠋ᠠᠭᠤᠯᠢ ᠵᠢᠨ ᠮᠥᠩᠭᠦ ᠵᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ᠎ᠳᠤ ᠨᠠᠢ᠍ᠢ᠍ᠯᠡᠭᠦᠯᠵᠣ ᠣᠷᠣᠭᠤᠯᠤᠨ᠎ᠠ᠃ ᠬᠤᠭᠤᠴᠠᠭ᠎ᠠ ᠰᠠᠭ᠋ᠠᠲᠠᠭᠤᠯᠤᠭᠰᠠᠨ ᠲᠣᠷᠭ᠋ᠠᠭᠤᠯᠢ ᠵᠢᠨ ᠮᠥᠩᠭᠦ ᠵᠢ ᠬᠦᠯᠢᠶᠡᠨ ᠠᠪᠤᠭᠰᠠᠨ ᠨᠢᠭᠡᠴᠢ ᠪᠤᠶᠤ ᠵᠠᠯᠭ᠋ᠠᠮᠵᠢᠯᠠᠭᠰᠠᠨ ᠨᠢᠭᠡᠴᠢ᠎ᠠᠴᠠ ᠲᠤᠰᠢᠶᠠᠨ᠎ᠠ᠃

   ᠶᠢᠰᠦᠳᠦᠭᠡᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠠᠵᠢᠯ ᠰᠢᠯᠵᠢᠭᠰᠡᠨ᠂ ᠨᠠᠰᠤ ᠪᠠᠷᠠᠭᠰᠠᠨ ᠪᠤᠶᠤ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠎ᠯᠦᠭᠡ ᠵᠢᠨ ᠬᠥᠳᠡᠯᠮᠦᠷᠢ ᠵᠢᠨ ᠬᠠᠷᠢᠴᠠᠭ᠎ᠠ ᠳᠠᠭᠤᠰᠣᠭᠰᠠᠨ᠎ᠠᠴᠠ ᠪᠣᠯᠣᠭ᠋ᠠᠣᠨ ᠲᠤᠰᠢᠶᠠᠪᠠᠰᠤ ᠵᠣᠬᠢᠬᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ ᠵᠶ᠋ᠠᠨ ᠲᠤᠰᠢᠶᠠᠵᠤ ᠳᠠᠭᠤᠰᠬᠠᠬᠤ ᠵᠢᠨ ᠬᠠᠮᠲᠤ᠂ 30 ᠡᠳᠦᠷ᠎ᠤᠨ ᠳᠣᠲᠣᠷ᠎ᠠ ᠡᠮᠴᠢᠯᠡᠭᠡᠨ᠎ᠤ ᠳᠠᠭ᠋ᠠᠳᠬᠠᠯ᠎ᠤᠨ ᠶᠠᠪᠤᠳᠠᠯ᠎ᠢ ᠭᠠᠷᠳᠠᠨ ᠭᠦᠢ᠍ᠴᠡᠳᠬᠡᠬᠦ ᠴᠣᠩᠬᠤᠪᠴᠢ᠎ᠳᠤ ᠬᠦᠷᠴᠦ ᠰᠢᠯᠵᠢᠭᠦᠯᠬᠦ᠂ ᠬᠦᠴᠦᠨ ᠥᠭᠡᠢ ᠪᠣᠯᠭ᠋ᠠᠬᠤ ᠵᠡᠷᠭᠡ ᠭᠠᠷᠳᠠᠮ ᠭᠦᠢ᠍ᠴᠡᠳᠬᠡᠬᠦ ᠬᠡᠷᠡᠭᠲᠡᠶ᠃ ᠬᠡᠷᠪᠡ ᠴᠠᠭ ᠲᠤᠬᠠᠶ᠎ᠳᠤ᠎ᠨᠢ ᠭᠦᠢ᠍ᠴᠡᠣᠡᠭᠡᠭᠦ ᠦᠭᠡᠢ ᠪᠣᠯ ᠪᠤᠢ ᠪᠦᠬᠦᠢ ᠡᠮᠴᠢᠯᠡᠭᠡᠨ᠎ᠤ ᠵᠠᠷᠤᠳᠠᠯ᠎ᠢ ᠣᠣᠯ᠎ᠤᠨ ᠨᠢᠭᠡᠴᠢ᠎ᠠᠴᠠ ᠡᠭᠦᠷᠭᠡᠯᠡᠨ᠎ᠡ᠃

   ᠠᠷᠪᠠᠳᠤᠭ᠋ᠠᠷ ᠵᠦᠢ᠍ᠯ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠬᠠᠰᠤᠵᠤ ᠬᠡᠯᠲᠦᠷᠢᠭᠦᠯᠵᠦ ᠪᠣᠯᠬᠤ ᠦᠭᠡᠢ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠳ ᠶᠠᠮᠠᠷ ᠨᠢᠭᠡᠨ ᠰᠢᠯᠲᠠᠭ᠋ᠠᠨ ᠵᠶ᠋ᠠᠷ ᠲᠤᠰᠢᠶᠠᠬᠤ ᠵᠢ ᠲᠡᠪᠴᠢᠬᠦ ᠪᠤᠶᠤ ᠳᠤᠲᠠᠭᠤ ᠲᠤᠰᠢᠶᠠᠵᠤ ᠪᠣᠯᠬᠤ ᠦᠭᠡᠢ᠃

   ᠠᠷᠪᠠᠨ ᠨᠢᠭᠡᠳᠦᠭᠡᠷ ᠵᠦᠢ᠍ᠯ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠨᠡᠶ᠋ᠢᠭᠡᠮ᠎ᠠᠴᠠ ᠨᠢᠭᠡᠳᠦᠯᠲᠡᠶ ᠲᠥᠯᠥᠪᠯᠡᠬᠦ ᠪᠠ ᠬᠤᠪᠢ ᠬᠥᠮᠦᠨ᠎ᠤ ᠳᠠᠩᠰᠠᠨ ᠡᠷᠦᠭᠡ ᠵᠢ ᠤᠶᠠᠯᠳᠤᠭᠤᠯᠬᠤ ᠠᠷᠭ᠎ᠠ ᠵᠢ ᠬᠡᠷᠡᠭᠵᠢᠭᠦᠯᠦᠨ᠎ᠡ᠃ ᠳᠠᠭ᠋ᠠᠳᠬᠠᠯ᠎ᠳᠤ ᠣᠷᠣᠯᠴᠠᠭᠰᠠᠳ᠎ᠤᠨ ᠲᠤᠰᠢᠶᠠᠭᠰᠠᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ ᠪᠦ᠍ᠬᠦᠨ᠎ᠢ ᠬᠤᠪᠢ ᠬᠥᠮᠦᠨ᠎ᠤ ᠲᠠᠩᠰᠠᠨ ᠡᠷᠦᠬᠡ᠎ᠳᠤ ᠪᠤᠳᠤᠵᠤ ᠣᠷᠣᠭᠤᠯᠤᠨ᠎ᠠ᠂ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠵᠢᠨ ᠲᠤᠰᠢᠶᠠᠭᠰᠠᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ ᠪᠦᠬᠦᠨ᠎ᠢ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠪᠠᠶ᠋ᠢᠭᠤᠯᠬᠤ᠎ᠳᠤ ᠬᠡᠷᠡᠭᠯᠡᠨ᠎ᠡ᠃

   ᠠᠷᠪᠠᠨ ᠬᠤᠶᠠᠳᠤᠭ᠋ᠠᠷ ᠵᠦᠢ᠍ᠯ ᠠᠵᠢᠯ᠎ᠳᠤ ᠪᠠᠶ᠋ᠢᠭ᠎ᠠ ᠠᠵᠢᠯᠲᠠᠨ ᠠᠵᠢᠯᠴᠢᠨ᠎ᠤ ᠬᠤᠪᠢ ᠬᠥᠮᠦᠨ᠎ᠤ ᠲᠠᠩᠰᠠᠨ ᠡᠷᠦᠬᠡ᠎ᠳᠤ᠂ ᠲᠣᠰ ᠬᠥᠮᠦᠨ᠎ᠤ ᠳᠠᠭ᠋ᠠᠳᠬᠠᠯ᠎ᠳᠤ ᠣᠷᠣᠯᠴᠠᠵᠤ ᠵᠠᠷᠤᠳᠠᠯ ᠲᠤᠰᠢᠶᠠᠬᠤ ᠰᠠᠭᠤᠷᠢ ᠲᠤᠭ᠎ᠠ ᠵᠢᠨ 2% ᠵᠶ᠋ᠠᠷ ᠲᠤᠰᠢᠶᠠᠭᠰᠠᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠪᠤᠳᠤᠵᠤ ᠣᠷᠣᠭᠤᠯᠤᠨ᠎ᠠ᠃ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠬᠤᠪᠢ ᠬᠥᠮᠦᠨ᠎ᠤ ᠲᠠᠩᠰᠠᠨ ᠡᠷᠦᠬᠡ᠎ᠳᠤ᠂ 2021 ᠣᠨ᠎ᠤ ᠪᠥᠬᠦ ᠣᠷᠣᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠤᠮᠳᠠᠴᠢ ᠮᠥᠩᠭᠦ᠎ᠪᠠᠷ ᠰᠠᠭᠤᠷᠢ ᠲᠤᠭ᠎ᠠ ᠪᠣᠯᠭ᠋ᠠᠵᠤ᠂ 2%᠎ᠤᠨ ᠬᠠᠷᠢᠴᠠᠯ ᠵᠶ᠋ᠠᠷ ᠲᠣᠭᠲᠠᠭᠰᠠᠨ ᠨᠣᠷᠮ᠎ᠠ᠎ᠪᠠᠷ ᠬᠤᠪᠢ ᠬᠥᠮᠦᠨ᠎ᠤ ᠲᠠᠩᠰᠠᠨ ᠡᠷᠦᠬᠡ᠎ᠳᠤ᠎ᠨᠢ ᠬᠤᠪᠢᠶᠠᠷᠢᠯᠠᠨ ᠣᠷᠣᠭᠤᠯᠤᠨ᠎ᠠ᠃

   ᠠᠷᠪᠠᠨ ᠭᠤᠷᠪᠠᠳᠤᠭ᠋ᠠᠷ ᠵᠦᠢ᠍ᠯ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠪᠠ ᠬᠤᠪᠢ ᠬᠥᠮᠦᠨ᠎ᠤ ᠳᠠᠩᠰᠠᠨ ᠡᠷᠦᠬᠡ ᠵᠢᠨ ᠥᠪᠡᠷ ᠥᠪᠡᠷᠰᠡᠳ᠎ᠤᠨ᠎ᠬᠢᠨ ᠲᠥᠯᠥᠬᠦ ᠬᠡᠪᠴᠢᠶ᠎ᠡ᠎ᠪᠠᠨ ᠬᠤᠪᠢᠶᠠᠷᠢᠯᠠᠨ ᠰᠠᠯᠭ᠋ᠠᠵᠣ᠂ ᠣᠷᠣᠯᠭ᠎ᠠ᠎ᠪᠠᠷ ᠵᠠᠷᠤᠯᠭ᠎ᠠ ᠵᠢ ᠲᠣᠭᠲᠠᠭ᠋ᠠᠬᠤ᠂ ᠣᠷᠣᠯᠭ᠎ᠠ ᠵᠠᠷᠤᠯᠭ᠎ᠠ ᠵᠢ ᠲᠡᠩᠴᠡᠭᠦᠷᠢᠰᠢᠭᠦᠯᠬᠦ᠂ ᠪᠠᠭ᠎ᠠ ᠰᠠᠭ᠎ᠠ ᠦᠯᠡᠳᠡᠪᠦᠷᠢ᠎ᠲᠠᠢ ᠪᠠᠶ᠋ᠢᠯᠭ᠋ᠠᠬᠤ ᠵᠠᠷᠴᠢᠮ ᠶᠣᠰᠣᠭ᠋ᠠᠷ ᠰᠠᠯᠭ᠋ᠠᠨ ᠬᠠᠮᠢᠶᠠᠷᠴᠤ᠂ ᠲᠤᠰ ᠲᠤᠰ᠎ᠲᠤ᠎ᠨᠢ ᠲᠣᠭ᠋ᠠᠴᠠᠭ᠎ᠠ ᠬᠢᠵᠣ᠂ ᠬᠠᠷᠢᠯᠴᠠᠨ ᠰᠢᠬᠠᠨ ᠡᠵᠡᠯᠡᠵᠦ ᠪᠣᠯᠬᠤ ᠦᠭᠡᠢ᠃

   ᠠᠷᠪᠠᠨ ᠳᠥᠷᠪᠡᠳᠦᠭᠡᠷ ᠵᠦᠢ᠍ᠯ ᠬᠤᠪᠢ ᠬᠥᠮᠦᠨ᠎ᠤ ᠲᠠᠩᠰᠠᠨ ᠡᠷᠦᠭᠡ ᠵᠢ ᠭᠤᠣᠯᠳᠠᠭᠤ ᠳᠣᠣᠷᠠᠬᠢ ᠵᠦᠢ᠍ᠯᠡᠰ᠎ᠢ ᠲᠦᠯᠦᠬᠦ᠎ᠳᠤ ᠬᠡᠷᠡᠭᠯᠡᠨ᠎ᠡ᠄

   (ᠨᠢᠭᠡ) ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠡᠭᠦᠰᠦᠭᠰᠡᠨ ᠬᠤᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢᠨ ᠲᠣᠭᠲᠠᠭ᠋ᠠᠯ᠎ᠤᠨ ᠬᠡᠪᠴᠢᠶᠡᠨ᠎ᠳᠤ ᠨᠡᠶ᠋ᠢᠴᠡᠭᠰᠡᠨ ᠡᠮ ᠡᠮᠨᠡᠯᠭᠡ ᠵᠢᠨ ᠵᠠᠷᠤᠳᠠᠯ;

   (ᠬᠤᠶᠠᠷ) ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠵᠢᠨ ᠡᠬᠢᠯᠡᠵᠦ ᠲᠦᠯᠣᠭᠦ ᠪᠠᠷᠢᠮᠵᠢᠶ᠎ᠠ᠎ᠠᠴᠠ ᠳᠣᠷᠣᠭᠰᠢᠬᠢ ᠡᠮᠴᠢᠯᠡᠭᠡᠨ᠎ᠤ ᠵᠠᠷᠤᠳᠠᠯ;

   (ᠭᠤᠷᠪᠠ) ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠵᠢᠨ ᠡᠬᠢᠯᠡᠵᠦ ᠲᠦᠯᠣᠭᠦ ᠪᠠᠷᠢᠮᠵᠢᠶ᠎ᠠ᠎ᠠᠴᠠ ᠳᠡᠭᠡᠭᠰᠢ᠂ ᠲᠦᠯᠦᠵᠦ ᠥᠭᠬᠦ ᠬᠠᠮᠤᠭ᠎ᠤᠨ ᠶᠡᠭᠡ ᠬᠢᠵᠠᠭ᠋ᠠᠷ ᠲᠤᠭ᠎ᠠ᠎ᠠᠴᠠ ᠳᠣᠷᠣᠭᠰᠢᠬᠢ ᠬᠤᠪᠢ ᠬᠥᠮᠦᠨ᠎ᠤ ᠡᠭᠦᠷᠭᠡᠯᠡᠬᠦ ᠡᠮᠴᠢᠯᠡᠭᠡᠨ᠎ᠤ ᠵᠠᠷᠤᠳᠠᠯ᠃ ᠬᠤᠪᠢ ᠬᠥᠮᠦᠨ᠎ᠤ ᠲᠠᠩᠰᠠᠨ ᠡᠷᠤᠭᠡ ᠵᠢᠨ ᠲᠦᠯᠤᠵᠤ ᠭᠦᠢ᠍ᠴᠡᠬᠦ ᠦᠭᠡᠢ ᠬᠡᠰᠡᠭ᠎ᠢ ᠲᠤᠰ ᠬᠥᠮᠦᠨ᠎ᠨᠢ ᠪᠡᠯᠡᠨ ᠵᠣᠭᠤᠰ ᠵᠶ᠋ᠠᠷ ᠥᠪᠡᠷ ᠵᠶ᠋ᠠᠨ ᠲᠦᠯᠦᠨ᠎ᠠ;

   (ᠳᠥᠷᠪᠡ) ᠤᠯᠤᠰ᠂ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠭ᠋ᠠᠭᠰᠠᠨ ᠬᠤᠪᠢ ᠬᠥᠮᠦᠨ᠎ᠤ ᠲᠠᠩᠰᠠᠨ ᠡᠷᠦᠬᠡ᠎ᠪᠠᠷ ᠳᠥᠯᠥᠵᠦ ᠪᠣᠯᠬᠤ ᠪᠤᠰᠤᠳ ᠵᠠᠷᠤᠳᠠᠯ᠃

   ᠠᠷᠪᠠᠨ ᠲᠠᠪᠤᠳᠤᠭ᠋ᠠᠷ ᠵᠦᠢ᠍ᠯ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠵᠢ ᠭᠤᠣᠯᠳᠠᠭᠤ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠡᠮᠨᠡᠯᠭᠡ᠎ᠳᠤ ᠰᠠᠭᠤᠬᠤ᠂ ᠪᠠᠴᠢᠮ ᠠᠪᠤᠷᠠᠯᠳᠠ ᠬᠢᠬᠦ᠂ ᠵᠥᠪᠰᠢᠶᠡᠷᠡᠭᠦᠯᠦᠭᠰᠡᠨ ᠡᠭᠦᠳᠡᠨ ᠡᠮᠨᠡᠯᠭᠡ ᠵᠢᠨ ᠣᠨᠴᠠᠭ᠋ᠠᠢ ᠠᠷᠬᠠᠭ ᠡᠪᠡᠳᠴᠢᠨ ᠪᠠ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠬᠦ ᠡᠮ᠂ ᠡᠩ᠎ᠤᠨ ᠡᠭᠦᠳᠡᠨ ᠡᠮᠨᠡᠯᠭᠡ ᠵᠢᠨ ᠨᠢᠭᠡᠳᠦᠯᠲᠡᠶ ᠲᠦᠯᠦᠪᠯᠡᠬᠦ ᠵᠡᠷᠭᠡ ᠬᠤᠯᠪᠣᠭᠳᠠᠯ ᠪᠥᠬᠦᠢ ᠲᠥᠷᠥ ᠵᠢᠨ ᠪᠤᠳᠤᠯᠭ᠎ᠠ ᠵᠢᠨ ᠲᠣᠭᠲᠠᠭ᠋ᠠᠭᠰᠠᠨ ᠬᠡᠪᠴᠢᠶᠡᠨ᠎ᠳᠤ ᠨᠡᠶ᠋ᠢᠴᠡᠬᠦ ᠡᠮᠴᠢᠯᠡᠭᠡᠨ᠎ᠤ ᠵᠠᠷᠤᠳᠠᠯ᠎ᠢ ᠲᠥᠯᠥᠬᠦ᠎ᠳᠤ ᠬᠡᠷᠡᠭᠯᠡᠨ᠎ᠡ᠃

   ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠡᠮ ᠬᠡᠷᠡᠭᠯᠡᠬᠦ ᠬᠡᠪᠴᠢᠶ᠎ᠡ᠂ ᠣᠨᠣᠰᠢᠯᠠᠨ ᠡᠮᠨᠡᠬᠦ ᠲᠥᠷᠥᠯ ᠵᠦᠢ᠍ᠯ ᠪᠠ ᠡᠮᠴᠢᠯᠡᠭᠡᠨ᠎ᠤ ᠦᠢ᠍ᠯᠡᠴᠢᠯᠡᠭᠡᠨ᠎ᠤ ᠪᠡᠯᠡᠳᠬᠡᠮᠵᠢ ᠵᠢᠨ ᠬᠡᠪᠴᠢᠶ᠎ᠡ᠎ᠠᠴᠠ ᠳᠠᠪᠠᠭᠰᠠᠨ ᠵᠠᠷᠤᠳᠠᠯ᠎ᠢ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ᠎ᠠᠴᠠ ᠲᠦᠯᠦᠬᠦ ᠥᠬᠡᠶ᠃ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠵᠢᠨ ᠨᠢᠭᠡ ᠵᠢᠯ᠎ᠤᠨ ᠳᠣᠲᠣᠷ᠎ᠠ ᠳᠥᠯᠥᠵᠦ ᠳᠡᠶ᠋ᠢᠯᠬᠦ ᠡᠮᠴᠢᠯᠡᠭᠡᠨ᠎ᠤ ᠵᠠᠷᠤᠳᠠᠯ᠎ᠤᠨ ᠬᠠᠮᠤᠭ᠎ᠤᠨ ᠶᠡᠭᠡ ᠬᠢᠵᠠᠭ᠋ᠠᠷ ᠲᠤᠭ᠎ᠠ᠎ᠨᠢ 20.5 ᠲᠦᠮᠡᠨ ᠲᠥᠭᠦᠷᠢᠭ ᠪᠣᠯᠤᠨ᠎ᠠ᠃

   ᠠᠷᠪᠠᠨ ᠵᠢᠷᠭᠤᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠨᠢᠭᠡ ᠵᠢᠯ᠎ᠤᠨ ᠳᠣᠲᠣᠷ᠎ᠠ ᠠᠩᠬ᠎ᠠ ᠤᠳᠠᠭ᠎ᠠ ᠡᠮᠨᠡᠯᠭᠡ᠎ᠳᠤ ᠰᠠᠭᠤᠬᠤ ᠪᠤᠶᠤ ᠪᠠᠴᠢᠮ ᠠᠪᠤᠷᠠᠯᠳᠠ ᠬᠢᠬᠦ᠎ᠳᠤ᠂ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠵᠢᠨ ᠡᠬᠢᠯᠡᠵᠦ ᠳᠥᠯᠥᠬᠦ ᠪᠠᠷᠢᠮᠵᠢᠶ᠎ᠠ᠎ᠨᠢ᠄ ᠭᠤᠷᠪᠠᠳᠤᠭ᠋ᠠᠷ ᠳᠡᠰ᠎ᠤᠨ ᠬᠥᠬᠡ ᠲᠠᠰ᠂ ᠣᠨᠴᠠ ᠲᠠᠰ᠎ᠤᠨ ᠡᠮᠨᠡᠯᠭᠡ ᠵᠢᠨ ᠬᠤᠷᠢᠶ᠎ᠠ᠎ᠨᠢ 600 ᠲᠥᠭᠦᠷᠢᠭ᠂ ᠭᠤᠷᠪᠠᠳᠤᠭ᠋ᠠᠷ ᠳᠡᠰ᠎ᠤᠨ ᠬᠥᠬᠡᠭᠴᠢᠨ ᠲᠠᠰ᠂ ᠤᠯᠠᠭ᠋ᠠᠨ ᠲᠠᠰ᠂ ᠲᠠᠰ ᠥᠬᠡᠶ ᠡᠮᠨᠡᠯᠭᠡ ᠵᠢᠨ ᠬᠤᠷᠢᠶ᠎ᠠ᠎ᠨᠢ 400 ᠲᠥᠭᠦᠷᠢᠭ᠂ ᠬᠤᠶᠠᠳᠤᠭ᠋ᠠᠷ ᠳᠡᠰ᠎ᠤᠨ ᠬᠥᠬᠡ ᠲᠠᠰ ᠵᠢᠴᠢ ᠲᠡᠭᠦᠨ᠎ᠠᠴᠠ ᠳᠣᠷᠣᠭᠰᠢᠬᠢ ᠡᠮᠨᠡᠯᠭᠡ ᠵᠢᠨ ᠬᠤᠷᠢᠶ᠎ᠠ᠎ᠨᠢ 300 ᠲᠥᠭᠦᠷᠢᠭ ᠪᠣᠯᠤᠨ᠎ᠠ᠃ ᠨᠢᠭᠡ ᠵᠢᠯ᠎ᠤᠨ ᠳᠣᠲᠣᠷ᠎ᠠ ᠣᠯᠠᠨ ᠤᠳᠠᠭ᠎ᠠ ᠡᠮᠨᠡᠯᠭᠡ᠎ᠳᠤ ᠰᠠᠭᠤᠭᠰᠠᠳ᠎ᠤᠨ ᠬᠤᠶᠠᠳᠠᠬᠢ ᠤᠳᠠᠭ᠎ᠠ ᠡᠮᠨᠡᠯᠭᠡ᠎ᠳᠤ ᠰᠠᠭᠤᠭᠰᠠᠨ᠎ᠠᠴᠠ ᠡᠬᠢᠯᠡᠵᠦ ᠳᠥᠯᠥᠬᠦ ᠪᠠᠷᠢᠮᠵᠢᠶ᠎ᠠ ᠵᠢ ᠠᠩᠬ᠎ᠠ ᠤᠳᠠᠭ᠎ᠠ ᠡᠮᠨᠡᠯᠭᠡ᠎ᠳᠤ ᠰᠠᠭᠤᠭᠰᠠᠨ᠎ᠠᠴᠠ ᠡᠬᠢᠯᠡᠵᠦ ᠳᠥᠯᠥᠬᠦ ᠪᠠᠷᠢᠮᠵᠢᠶ᠎ᠠ ᠵᠢᠨ ᠰᠠᠭᠤᠷᠢᠨ ᠳᠡᠭᠡᠷ᠎ᠡ ᠳᠡᠰ ᠳᠠᠷᠠᠭ᠋ᠠᠯᠠᠨ 20%᠎ᠪᠠᠷ ᠪᠠᠭᠤᠷᠠᠭᠤᠯᠤᠨ᠎ᠠ᠂ ᠭᠡᠪᠡᠴᠦ ᠬᠠᠮᠤᠭ᠎ᠤᠨ ᠪᠠᠭ᠎ᠠ᠎ᠳᠤ᠎ᠪᠠᠨ ᠲᠣᠰ ᠲᠣᠰ 400᠂ 300᠂ 200 ᠲᠥᠭᠦᠷᠢᠭ᠎ᠠᠴᠠ ᠳᠣᠤᠷ᠎ᠠ ᠪᠠᠶ᠋ᠢᠯᠭ᠋ᠠᠵᠤ ᠪᠣᠯᠬᠤ ᠥᠬᠡᠶ᠃

   ᠲᠦᠷᠭᠡᠨ ᠡᠮᠨᠡᠯᠭᠡ᠎ᠠᠴᠠ ᠰᠢᠭᠤᠳ ᠰᠢᠯᠵᠢᠭᠦᠯᠵᠦ ᠡᠮᠨᠡᠯᠭᠡ᠎ᠳᠤ ᠰᠠᠭᠤᠯᠭ᠋ᠠᠨ ᠡᠮᠨᠡᠭᠦᠯᠦᠭᠰᠡᠨ ᠪᠣᠯ᠂ ᠡᠬᠢᠯᠡᠵᠦ ᠲᠦᠯᠦᠬᠦ ᠬᠢᠵᠠᠭ᠋ᠠᠷ ᠱᠤᠭᠤᠮ ᠵᠶ᠋ᠠᠷ᠎ᠨᠢ ᠨᠠᠢ᠍ᠢ᠍ᠯᠡᠭᠦᠯᠦᠨ ᠪᠤᠳᠤᠵᠤ ᠰᠠᠭᠤᠯᠭ᠋ᠠᠨ ᠬᠠᠰᠤᠨ᠎ᠠ᠃

ᠠᠷᠪᠠᠨ ᠳᠣᠯᠣᠳᠤᠭ᠋ᠠᠷ ᠵᠦᠢ᠍ᠯ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠳ᠎ᠤᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠨᠡᠯᠭᠡ᠎ᠳᠤ ᠰᠠᠭᠤᠭᠰᠠᠨ ᠣᠷᠣ ᠵᠢᠨ ᠵᠠᠷᠤᠳᠠᠯ᠎ᠤᠨ ᠨᠢᠭᠡᠳᠦᠯᠲᠡᠶ ᠲᠦᠯᠣᠪᠯᠡᠭᠦ᠎ᠳᠤ ᠣᠷᠣᠭᠤᠯᠬᠤ ᠬᠡᠰᠡᠭ᠎ᠢ ᠬᠠᠮᠤᠭ᠎ᠤᠨ ᠢᠯᠡᠭᠦᠦ᠎ᠳᠤ᠎ᠪᠠᠨ ᠳᠣᠣᠷᠠᠬᠢ ᠪᠠᠷᠢᠮᠵᠢᠶ᠎ᠠ᠎ᠠᠴᠠ ᠬᠡᠲᠦᠷᠡᠭᠦᠯᠵᠦ ᠪᠣᠯᠬᠤ ᠦᠭᠡᠢ᠄

   (ᠨᠢᠭᠡ) ᠡᠩ᠎ᠤᠨ ᠡᠪᠡᠳᠴᠢᠲᠡᠨ᠎ᠤ ᠦᠷᠦᠭᠡ᠎ᠳᠤ᠂ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠤᠷᠢᠶ᠎ᠠ ᠡᠳᠦᠷ ᠪᠦᠷᠢ 40 ᠲᠥᠭᠦᠷᠢᠭ᠂ ᠬᠤᠶᠠᠳᠤᠭ᠋ᠠᠷ ᠳᠡᠰ᠎ᠤᠨ ᠡᠮᠨᠡᠯᠭᠡ ᠵᠢᠨ ᠬᠤᠷᠢᠶ᠎ᠠ ᠡᠳᠦᠷ ᠪᠦᠷᠢ 30 ᠲᠥᠭᠦᠷᠢᠭ᠂ ᠨᠢᠭᠡᠳᠦᠭᠡᠷ ᠳᠡᠰ᠎ᠤᠨ ᠡᠮᠨᠡᠯᠭᠡ ᠵᠢᠨ ᠬᠤᠷᠢᠶ᠎ᠠ ᠡᠳᠦᠷ ᠪᠦᠷᠢ 20 ᠲᠥ᠋ᠭᠦᠷᠢᠭ;

   (ᠬᠤᠶᠠᠷ) ᠡᠮᠴᠢᠯᠡᠭᠡᠨ᠎ᠤ ᠬᠠᠷᠠᠭ᠋ᠠᠯᠵᠠᠯ ᠭᠥᠷᠳᠡᠭᠰᠡᠳ ᠡᠳᠦᠷ ᠪᠦᠷᠢ 100 ᠲᠥᠭᠦᠷᠢᠭ;

   (ᠭᠤᠷᠪᠠ) ᠪᠤᠰᠤᠳ ᠡᠪᠡᠳᠴᠢᠲᠡᠨ᠎ᠤ ᠥᠷᠥᠭᠡ᠎ᠳᠤ᠂ ᠡᠪᠡᠳᠴᠢᠲᠡᠨ᠎ᠤ ᠣᠷᠣ ᠵᠢᠨ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠠᠷᠢᠮᠵᠢᠶ᠎ᠠ ᠶᠣᠰᠣᠭ᠋ᠠᠷ ᠬᠡᠷᠡᠭᠵᠢᠭᠦᠯᠦᠨ᠎ᠡ᠃

   ᠣᠷᠣ ᠵᠢᠨ ᠵᠠᠷᠤᠳᠠᠯ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠭᠰᠡᠨ᠎ᠤ ᠳᠠᠷᠠᠭ᠎ᠠ᠂ ᠡᠮᠨᠡᠯᠭᠡ᠎ᠳᠤ ᠰᠠᠭᠤᠭᠰᠠᠨ ᠪᠣᠳᠠᠲᠠᠶ ᠡᠪᠡᠳᠴᠢᠲᠡᠨ᠎ᠤ ᠣᠷᠣ ᠵᠢᠨ ᠵᠠᠷᠤᠳᠠᠯ᠎ᠨᠢ ᠲᠣᠭᠲᠠᠭ᠋ᠠᠭᠰᠠᠨ ᠲᠦᠯᠦᠬᠦ ᠪᠠᠷᠢᠮᠵᠢᠶ᠎ᠠ᠎ᠠᠴᠠ ᠦᠨᠳᠣᠷ ᠪᠠᠢ᠍ᠢ᠍ᠪᠡᠯ᠂ ᠲᠣᠭᠲᠠᠭ᠋ᠠᠯ ᠶᠣᠰᠣᠭ᠋ᠠᠷ ᠲᠦᠯᠦᠨ᠎ᠡ; ᠲᠣᠭᠲᠠᠭ᠋ᠠᠭᠰᠠᠨ ᠲᠦᠯᠦᠬᠦ ᠪᠠᠷᠢᠮᠵᠢᠶ᠎ᠠ᠎ᠠᠴᠠ ᠲᠣᠣᠷ᠎ᠡ ᠪᠠᠢ᠍ᠢ᠍ᠪᠡᠯ᠂ ᠪᠣᠳᠠᠲᠠᠶ ᠵᠠᠷᠤᠳᠠᠯ ᠵᠶ᠋ᠠᠷ᠎ᠨᠢ ᠲᠦᠯᠦᠨ᠎ᠡ᠃

   ᠠᠷᠪᠠᠨ ᠨᠠᠢ᠍ᠮᠠᠳᠤᠭ᠋ᠠᠷ ᠵᠦᠢ᠍ᠯ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠵᠢᠨ ᠡᠬᠢᠯᠡᠵᠦ ᠳᠥᠯᠥᠬᠦ ᠪᠠᠷᠢᠮᠵᠢᠶ᠎ᠠ᠎ᠠᠴᠠ ᠳᠡᠭᠡᠭᠰᠢ᠂ ᠬᠠᠮᠤᠭ ᠶᠡᠭᠡ ᠳᠥᠯᠥᠬᠦ ᠬᠢᠵᠠᠭ᠋ᠠᠷ ᠲᠤᠭ᠎ᠠ᠎ᠠᠴᠠ ᠳᠣᠷᠣᠭᠰᠢᠬᠢ ᠬᠡᠰᠡᠭ᠎ᠢ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠪᠣᠯᠤᠨ ᠳᠠᠭ᠋ᠠᠳᠬᠠᠯ᠎ᠳᠤ ᠣᠷᠣᠯᠴᠠᠭᠰᠠᠳ᠎ᠠᠴᠠ 《ᠬᠡᠰᠡᠭᠯᠡᠨ ᠪᠣᠳᠤᠵᠤ᠂ ᠬᠤᠷᠠᠮᠳᠤᠭᠤᠯᠤᠨ ᠲᠦᠯᠦᠬᠦ》 ᠠᠷᠭ᠎ᠠ᠎ᠪᠠᠷ ᠬᠠᠷᠢᠴᠠᠯ ᠶᠣᠰᠣᠭ᠋ᠠᠷ ᠳᠥᠯᠥᠨ᠎ᠡ᠃

    ᠡᠭᠦᠳᠡᠨ ᠡᠮᠨᠡᠯᠭᠡ ᠪᠠ ᠪᠠᠴᠢᠮ ᠡᠮᠴᠢᠯᠡᠭᠡ (ᠭᠤᠷᠪᠠᠨ ᠡᠳᠦᠷ᠎ᠤᠨ ᠲᠤᠲᠣᠷ᠎ᠠ᠎ᠪᠠᠷ ᠬᠢᠵᠠᠭ᠋ᠠᠷᠯᠠᠨ᠎ᠠ)᠎ᠳᠤ ᠡᠭᠦᠰᠦᠭᠰᠡᠨ 《ᠭᠤᠷᠪᠠᠨ ᠭᠠᠷᠴᠠᠭ》᠎ᠲᠤ ᠨᠠᠢ᠍ᠢ᠍ᠴᠡᠭᠦ ᠡᠮᠴᠢᠯᠡᠭᠡᠨ᠎ᠤ ᠵᠠᠷᠤᠳᠠᠯ᠎ᠤᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠵᠢᠨ ᠳᠥᠯᠥᠬᠦ ᠬᠠᠷᠢᠴᠠᠯ᠎ᠨᠢ 70% ᠪᠣᠯᠤᠨ᠎ᠠ;

   (ᠬᠤᠶᠠᠷ) ᠬᠠᠮᠤᠭ᠎ᠤᠨ ᠶᠡᠭᠡ ᠲᠥᠯᠥᠬᠦ ᠬᠢᠵᠠᠭ᠋ᠠᠷ ᠲᠤᠭ᠎ᠠ᠎ᠠᠴᠠ ᠳᠡᠭᠡᠭᠰᠢᠬᠢ ᠡᠮᠴᠢᠯᠡᠭᠡᠨ᠎ᠤ ᠵᠠᠷᠤᠳᠠᠯ᠎ᠢ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ ᠪᠠᠶ᠋ᠢᠭᠤᠯᠬᠤ ᠠᠷᠭ᠎ᠠ᠎ᠪᠠᠷ ᠰᠢᠢ᠍ᠳᠪᠦᠷᠢᠯᠡᠨ᠎ᠡ;

   (ᠭᠤᠷᠪᠠ) ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠵᠢᠨ ᠡᠬᠢᠯᠡᠵᠦ ᠳᠥᠯᠥᠬᠦ ᠪᠠᠷᠢᠮᠵᠢᠶ᠎ᠠ᠂ ᠳᠥᠯᠥᠬᠦ ᠬᠠᠷᠢᠴᠠᠯ᠂ ᠬᠠᠮᠤᠭ᠎ᠤᠨ ᠥᠨᠳᠥᠷ ᠳᠥᠯᠥᠬᠦ ᠬᠢᠵᠠᠭ᠋ᠠᠷ ᠲᠤᠭ᠎ᠠ ᠵᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠡᠮᠴᠢᠯᠡᠭᠡᠨ᠎ᠤ ᠬᠡᠷᠡᠭᠯᠡᠭᠡᠨ᠎ᠤ ᠬᠢᠷᠢ ᠲᠦᠪᠰᠢᠨ᠎ᠤ ᠬᠤᠪᠢᠷᠠᠯᠲᠠ᠎ᠲᠠᠢ ᠳᠠᠭ᠋ᠠᠯᠳᠣᠭᠤᠯᠣᠨ ᠵᠣᠬᠢᠬᠤ ᠲᠤᠬᠢᠷᠠᠭᠤᠯᠤᠯᠲᠠ ᠬᠢᠵᠤ ᠪᠣᠯᠣᠨ᠎ᠠ;

   (ᠳᠥᠷᠪᠡ) ᠳᠣᠤᠷ᠎ᠠ ᠵᠢᠭᠰᠠᠭ᠋ᠠᠭᠰᠠᠨ ᠡᠮᠴᠢᠯᠡᠭᠡᠨ᠎ᠤ ᠵᠠᠷᠤᠳᠠᠯ᠎ᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠳᠥᠯᠥᠬᠦ ᠬᠡᠪᠴᠢᠶᠡᠨ᠎ᠳᠤ ᠣᠷᠣᠭᠤᠯᠬᠤ ᠥᠬᠡᠶ᠄

  1. ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠮᠥᠩᠭᠦ᠎ᠠᠴᠠ ᠳᠥᠯᠥᠬᠦ ᠶᠣᠰᠣᠲᠠᠶ ᠵᠠᠷᠤᠳᠠᠯ;

  2. ᠭᠤᠷᠪᠠᠳᠠᠬᠢ ᠬᠥᠮᠦᠨ ᠡᠭᠦᠷᠭᠡᠯᠡᠬᠦ ᠶᠣᠰᠣᠲᠠᠶ ᠵᠠᠷᠤᠳᠠᠯ;

  3. ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠠᠴᠠ ᠡᠭᠦᠷᠭᠡᠯᠡᠬᠦ ᠶᠣᠰᠣᠲᠠᠢ ᠵᠠᠷᠤᠳᠠᠯ;

  4. ᠬᠢᠯᠢ ᠵᠢᠨ ᠭᠠᠳᠠᠨ᠎ᠠ ᠡᠮᠨᠡᠭᠦᠯᠦᠭᠰᠡᠨ ᠵᠠᠷᠤᠳᠠᠯ;

  5. ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠤᠯᠲᠠ᠂ ᠪᠡᠶ᠎ᠡ ᠰᠤᠪᠢᠯᠠᠯᠲᠠ ᠡᠷᠡᠭᠦᠯᠵᠢᠯ᠎ᠤᠨ ᠬᠡᠷᠡᠭᠯᠡᠭᠡ᠂ ᠡᠷᠡᠭᠦᠯ ᠮᠡᠨᠳᠦ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠵᠠᠷᠤᠳᠠᠯ;

  6. ᠤᠯᠤᠰ᠎ᠠᠴᠠ ᠲᠣᠭᠲᠠᠭ᠋ᠠᠭᠰᠠᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ᠎ᠠᠴᠠ ᠲᠥᠯᠥᠬᠦ ᠦᠭᠡᠢ ᠪᠤᠰᠤᠳ ᠵᠠᠷᠤᠳᠠᠯ᠃ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠴᠢᠬᠤᠯᠠ á ¶á ¡á ­á ¡ ᠨᠥᠯᠥᠭᠡ᠎ᠲᠠᠢ ᠪᠣᠯ᠂ ᠬᠠᠤᠯᠢ ᠎ᠪᠠᠷ   ᠲᠣᠭᠲᠠᠭ᠋ᠠᠭᠰᠠᠨ   ᠵᠢᠷᠤᠮ ᠵᠶ᠋ᠠᠷ   ᠳᠠᠮᠵᠢᠭᠤᠯᠤᠨ   ᠲᠦᠷ   á ´á  á ­ ᠎ᠤᠨ   ᠲᠤᠬᠢᠷᠠᠭᠤᠯᠤᠯᠳᠠ   ᠬᠢᠵᠦ ᠪᠣᠯᠤᠨ᠎ᠠ᠃

   ᠡᠮᠴᠢᠯᠡᠭᠡᠨ᠎ᠤ ᠵᠠᠷᠤᠳᠠᠯ᠎ᠢ ᠬᠠᠤᠯᠢ ᠶᠣᠰᠣᠭ᠋ᠠᠷ ᠭᠤᠷᠪᠠᠳᠠᠬᠢ ᠬᠥᠮᠦᠨ ᠡᠭᠦᠷᠭᠡᠯᠡᠬᠦ ᠶᠣᠰᠣᠲᠠᠢ ᠪᠠᠢ᠍ᠢ᠍ᠵᠤ᠂ ᠭᠤᠷᠪᠠᠳᠠᠬᠢ ᠬᠥᠮᠦᠨ ᠲᠥᠯᠥᠬᠦ ᠦᠭᠡᠢ ᠪᠤᠶᠤ ᠭᠤᠷᠪᠠᠳᠠᠬᠢ ᠬᠥᠮᠦᠨ᠎ᠢ ᠲᠣᠭᠲᠠᠭ᠋ᠠᠬᠤ ᠵᠢᠨ ᠠᠷᠭ᠎ᠠ ᠦᠭᠡᠢ ᠪᠣᠯ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ᠎ᠠᠴᠠ ᠤᠷᠢᠳ ᠵᠶ᠋ᠠᠷ ᠲᠥᠯᠥᠨ᠎ᠡ᠃ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ᠎ᠠᠴᠠ ᠤᠷᠢᠳ ᠵᠶ᠋ᠠᠷ ᠲᠥᠯᠥᠭᠰᠡᠨ᠎ᠤ ᠳᠠᠷᠠᠭ᠎ᠠ᠂ ᠭᠤᠷᠪᠠᠳᠠᠬᠢ ᠬᠥᠮᠦᠨ᠎ᠠᠴᠠ ᠲᠥᠯᠥᠪᠦᠷᠢ ᠨᠡᠬᠡᠮᠵᠢᠯᠡᠬᠦ ᠡᠷᠬᠡ᠎ᠲᠠᠢ᠃

   ᠠᠷᠪᠠ ᠶᠢᠰᠦᠳᠦᠭᠡᠷ ᠵᠦᠢ᠍ᠯ ᠮᠤᠵᠢ ᠠᠯᠤᠰᠯᠠᠨ ᠲᠦᠷ ᠴᠠᠭ ᠭᠠᠳᠠᠭᠰᠢ ᠭᠠᠷᠬᠤ᠎ᠪᠠᠷ ᠪᠦᠷᠢᠳᠭᠡᠨ ᠳᠠᠩᠰᠠᠯᠠᠭᠤᠯᠤᠭᠰᠠᠨ ᠬᠥᠮᠦᠰ᠎ᠤᠨ ᠡᠪᠡᠳᠴᠢᠨ ᠦᠵᠡᠭᠦᠯᠦᠭᠰᠡᠨ ᠡᠮᠨᠡᠯᠭᠡ ᠵᠢᠨ ᠬᠤᠷᠢᠶ᠎ᠠ᠎ᠨᠢ ᠣᠨᠳᠣᠤ ᠭᠠᠵᠠᠷ᠎ᠲᠤ ᠡᠮᠨᠡᠭᠦᠯᠬᠦ ᠵᠢᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠲᠡᠭᠦᠨ᠎ᠤ ᠡᠮᠨᠡᠯᠭᠡ᠎ᠳᠤ ᠰᠠᠭᠤᠭᠰᠠᠨ ᠡᠮᠴᠢᠯᠡᠭᠡᠨ᠎ᠤ ᠵᠠᠷᠤᠳᠠᠯ᠎ᠤᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠵᠢᠨ ᠳᠥᠯᠥᠬᠦ ᠬᠠᠷᠢᠴᠠᠯ᠎ᠢ ᠠᠷᠪᠠᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠤᠨ ᠰᠠᠭᠤᠷᠢᠨ ᠳᠡᠭᠡᠷ᠎ᠡ 5% ᠪᠠᠭᠤᠷᠠᠭᠤᠯᠤᠨ᠎ᠠ᠃

   ᠬᠤᠷᠢᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠬᠥᠬᠡᠭᠴᠢᠨ ᠲᠥᠷᠥᠯ᠎ᠤᠨ ᠡᠮ᠎ᠤᠨ ᠵᠦᠢ᠍ᠯ᠎ᠢ ᠬᠡᠷᠡᠭᠯᠡᠭᠰᠡᠨ ᠪᠠ ᠦᠨᠳᠦᠰᠦᠨ ᠡᠮᠴᠢᠯᠡᠭᠡᠨ᠎ᠤ ᠳᠠᠭ᠋ᠠᠳᠬᠠᠯ ᠵᠶ᠋ᠠᠷ ᠬᠡᠰᠡᠭ ᠵᠠᠷᠤᠳᠠᠯ᠎ᠢ ᠳᠥᠯᠥᠵᠦ ᠣᠨᠣᠰᠢᠯᠠᠨ ᠡᠮᠨᠡᠬᠦ ᠲᠥᠷᠥᠯ ᠵᠦᠢ᠍ᠯ ᠵᠶ᠋ᠠᠷ ᠡᠮᠨᠡᠭᠦᠯᠦᠭᠰᠡᠨ᠎ᠳᠤ᠂ ᠲᠦᠷᠭᠡᠨ ᠠᠪᠤᠷᠬᠠᠤ᠂ ᠪᠠᠴᠢᠮ ᠠᠪᠤᠷᠬᠠᠤ ᠬᠤᠭᠤᠴᠠᠭ᠋ᠠᠨ᠎ᠳᠤ ᠡᠮᠴᠢ ᠵᠢᠨ ᠵᠢᠭ᠋ᠠᠪᠤᠷᠢ᠎ᠪᠠᠷ ᠴᠢᠰᠤᠨ᠎ᠤ ᠪᠦᠲᠦᠭᠡᠭᠳᠡᠬᠦᠨ᠂ ᠤᠭᠤᠷᠠᠭ᠎ᠤᠨ ᠲᠥᠷᠥᠯ᠎ᠤᠨ ᠪᠦᠲᠦᠭᠡᠭᠳᠡᠬᠦᠨ᠎ᠢ ᠬᠡᠷᠡᠭᠯᠡᠭᠰᠡᠨ ᠪᠣᠯ᠂ ᠲᠠᠷᠡ ᠬᠦ᠌ ᠵᠠᠷᠤᠳᠠᠯ᠎ᠢ ᠴᠥᠮ ᠲᠣᠰ ᠬᠥᠮᠦᠨ᠎ᠨᠢ ᠥᠪᠡᠷ ᠵᠶ᠋ᠠᠨ 10% ᠵᠢ᠎ᠨᠢ ᠬᠠᠷᠢᠭᠤᠴᠠᠵᠤ᠂ ᠦᠯᠡᠳᠡᠭᠰᠡᠨ ᠬᠡᠰᠡᠭ᠎ᠢ᠎ᠨᠢ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠪᠠ ᠬᠤᠪᠢ ᠬᠥᠮᠦᠨ ᠲᠣᠭᠲᠠᠭ᠋ᠠᠭᠰᠠᠨ ᠬᠠᠷᠢᠴᠠᠯ ᠵᠶ᠋ᠠᠷ ᠳᠥᠯᠥᠨ᠎ᠡ᠃

   ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠥᠪᠡᠷ ᠵᠶ᠋ᠠᠨ ᠳᠥᠯᠥᠬᠦ ᠬᠠᠷᠢᠴᠠᠯ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠦᠯᠡᠳᠡᠭᠰᠡᠨ ᠬᠡᠰᠡᠭ᠎ᠢ᠎ᠨᠢ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠪᠠ ᠬᠤᠪᠢ ᠬᠥᠮᠦᠨ ᠲᠣᠭᠲᠠᠭ᠋ᠠᠭᠰᠠᠨ ᠬᠠᠷᠢᠴᠠᠯ ᠵᠶ᠋ᠠᠷ ᠳᠥᠯᠥᠨ᠎ᠡ᠃

   ᠬᠤᠷᠢᠨ ᠨᠢᠭᠡᠳᠦᠭᠡᠷ ᠵᠦᠢ᠍ᠯ ᠮᠤᠵᠢ ᠠᠯᠤᠰᠯᠠᠨ ᠣᠨᠳᠣᠤ ᠭᠠᠵᠠᠷ᠎ᠲᠤ ᠣᠷᠳᠣ ᠬᠤᠭᠤᠴᠠᠭ᠎ᠠ᠎ᠪᠠᠷ ᠰᠠᠭᠤᠷᠢᠰᠢᠭᠰᠠᠳ ᠣᠨᠳᠣᠤ ᠭᠠᠵᠠᠷ᠎ᠲᠤ ᠡᠮᠨᠡᠭᠦᠯᠬᠦ᠎ᠪᠠᠷ ᠪᠦᠷᠢᠳᠭᠡᠨ ᠳᠠᠩᠰᠠᠯᠠᠭᠤᠯᠤᠭᠰᠠᠨ᠎ᠤ ᠳᠠᠷᠠᠭ᠎ᠠ᠂ ᠡᠮᠨᠡᠭᠦᠯᠣᠭ᠌ᠰᠡᠨ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠎ᠤᠨ ᠴᠡᠭ ᠲᠣᠭᠲᠠᠭ᠋ᠠᠭᠰᠠᠨ ᠡᠮᠨᠡᠯᠭᠡ ᠵᠢᠨ ᠬᠤᠷᠢᠶ᠎ᠠ ᠵᠢᠴᠢ ᠴᠡᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠡᠮᠨᠡᠭᠦᠯᠵᠦ ᠡᠮ ᠵᠠᠯᠠᠵᠤ ᠪᠣᠯᠤᠨ᠎ᠠ᠃ ᠡᠮᠨᠡᠯᠭᠡ᠎ᠳᠤ ᠰᠠᠭᠤᠭᠰᠠᠨ ᠡᠮᠴᠢᠯᠡᠭᠡᠨ᠎ᠤ ᠵᠠᠷᠤᠳᠠᠯ ᠵᠶ᠋ᠠᠨ ᠰᠠᠭᠤᠭᠰᠠᠨ ᠡᠮᠨᠡᠯᠭᠡ ᠵᠢᠨ ᠬᠤᠷᠢᠶᠠᠨ᠎ᠳᠤ᠎ᠪᠠᠨ ᠴᠠᠭ ᠲᠤᠬᠠᠶ᠎ᠳᠤ᠎ᠨᠢ ᠳᠠᠩᠰᠠᠨ᠎ᠠᠴᠠ ᠲᠠᠶ᠋ᠢᠯᠤᠨ᠎ᠠ᠂ ᠳᠠᠩᠰᠠᠨ᠎ᠠᠴᠠ ᠰᠢᠭᠤᠳ ᠲᠠᠶ᠋ᠢᠯᠵᠤ ᠳᠡᠶ᠋ᠢᠯᠦᠭᠰᠡᠨ ᠦᠭᠡᠢ ᠡᠮᠴᠢᠯᠡᠭᠡᠨ᠎ᠤ ᠵᠠᠷᠤᠳᠠᠯ᠎ᠢ ᠲᠤᠰ ᠬᠥᠮᠦᠨ᠎ᠨᠢ ᠣᠷᠣᠯᠠᠨ ᠥᠭᠭᠦᠨ᠎ᠡ᠂ ᠡᠮᠨᠡᠭᠦᠯᠵᠦ ᠳᠠᠭᠤᠰᠤᠭᠰᠠᠨ᠎ᠤ ᠳᠠᠷᠠᠭ᠎ᠠ᠂ ᠬᠦᠴᠦᠨ ᠪᠦᠬᠦᠢ ᠪᠠᠷᠢᠮᠲᠠ᠎ᠪᠠᠨ ᠠᠪᠴᠤ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠴᠣᠩᠬᠤᠪᠴᠢ᠎ᠳᠤ ᠬᠦᠷᠴᠦ ᠳᠠᠩᠰᠠ ᠲᠠᠶ᠋ᠢᠯᠬᠤ ᠭᠠᠷᠳᠠᠮ᠎ᠢ ᠭᠦᠢ᠍ᠴᠡᠳᠭᠡᠨ᠎ᠡ᠃

   ᠬᠤᠷᠢᠨ ᠬᠤᠶᠠᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠮᠤᠵᠢ ᠠᠯᠤᠰᠯᠠᠨ ᠠᠯᠪᠠᠨ ᠠᠵᠢᠯ ᠵᠶ᠋ᠠᠷ ᠭᠠᠳᠠᠭᠰᠢ ᠭᠠᠷᠬᠤ ᠪᠤᠶᠤ ᠲᠦᠷᠦᠯ ᠰᠠᠳᠤᠨ ᠵᠶ᠋ᠠᠨ ᠡᠷᠭᠢᠵᠦ ᠦᠵᠡᠬᠦ ᠬᠤᠭᠤᠴᠠᠭ᠋ᠠᠨ᠎ᠳᠤ ᠲᠦᠷᠭᠡᠨ ᠡᠪᠡᠳᠴᠢᠨ᠎ᠳᠤ ᠭᠡᠨᠡᠳᠲᠡ ᠨᠡᠷᠪᠡᠭᠳᠡᠪᠡᠯ᠂ ᠡᠭᠦᠰᠦᠭᠰᠡᠨ ᠡᠮᠴᠢᠯᠡᠭᠡᠨ᠎ᠤ ᠵᠠᠷᠤᠳᠠᠯ᠎ᠢ ᠬᠦᠴᠦᠨ ᠪᠦᠬᠦᠢ ᠪᠠᠷᠢᠮᠲᠠ᠂ ᠣᠨᠣᠰᠢᠯᠠᠭᠰᠠᠨ ᠪᠢᠴᠢᠭ᠂ ᠡᠪᠡᠳᠴᠢᠨ᠎ᠤ ᠲᠡᠦᠬᠡ ᠮᠠᠲ᠋ᠧᠷᠢᠶᠠᠯ ᠵᠶ᠋ᠠᠨ ᠠᠪᠴᠤ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠴᠣᠩᠬᠤᠪᠴᠢ᠎ᠳᠤ ᠬᠦᠷᠴᠦ ᠳᠠᠩᠰᠠ ᠲᠠᠶ᠋ᠢᠯᠬᠤ ᠭᠠᠷᠳᠠᠮ᠎ᠢ ᠭᠦᠢ᠍ᠴᠡᠳᠭᠡᠨ᠎ᠡ᠃ ᠡᠮᠨᠡᠯᠭᠡ᠎ᠳᠤ ᠰᠠᠭᠤᠭᠰᠠᠨ ᠡᠮᠴᠢᠯᠡᠭᠡᠨ᠎ᠤ ᠵᠠᠷᠤᠳᠠᠯ᠎ᠤᠨ ᠲᠠᠩᠰᠠ ᠲᠠᠶ᠋ᠢᠯᠬᠤ ᠪᠠᠷᠢᠮᠵᠢᠶ᠎ᠠ ᠵᠢ ᠠᠷᠪᠠᠨ ᠨᠠᠢ᠍ᠮᠠᠳᠤᠭ᠋ᠠᠷ ᠵᠦᠢ᠍ᠯ᠎ᠤᠨ ᠰᠠᠭᠤᠷᠢᠨ ᠳᠡᠭᠡᠷ᠎ᠡ 5%᠎ᠪᠠᠷ ᠪᠠᠭᠤᠷᠠᠭᠤᠯᠤᠨ᠎ᠠ᠃

   ᠥᠪᠡᠷᠲᠡᠭᠡᠨ ᠵᠠᠰᠠᠬᠤ ᠣᠷᠣᠨ᠎ᠤ ᠬᠡᠪᠴᠢᠶᠠᠨ᠎ᠳᠤ ᠠᠯᠪᠠᠨ ᠠᠵᠢᠯ ᠵᠶ᠋ᠠᠷ ᠭᠠᠳᠠᠭᠰᠢ ᠭᠠᠷᠬᠤ᠂ ᠲᠥᠷᠥᠯ ᠰᠠᠳᠤᠨ ᠵᠶ᠋ᠠᠨ ᠡᠷᠭᠢᠵᠦ ᠦᠵᠡᠬᠦ᠎ᠳᠤ ᠭᠡᠨᠡᠳᠲᠡ ᠵᠢᠨ ᠡᠪᠡᠳᠴᠢᠨ᠎ᠳᠤ ᠨᠡᠷᠪᠡᠭᠳᠡᠭᠰᠡᠨ ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠵᠠᠷᠤᠳᠠᠯ᠎ᠢ ᠠᠷᠪᠠᠨ ᠨᠠᠢ᠍ᠮᠠᠳᠤᠭ᠋ᠠᠷ ᠵᠦᠢ᠍ᠯ᠎ᠤᠨ ᠲᠠᠩᠰᠠ ᠲᠠᠶ᠋ᠢᠯᠬᠤ ᠬᠠᠷᠢᠴᠠᠯ ᠵᠶ᠋ᠠᠷ ᠭᠦᠢ᠍ᠴᠡᠳᠬᠡᠨ᠎ᠡ᠃ ᠡᠭᠦᠰᠦᠭᠰᠡᠨ ᠡᠮᠴᠢᠯᠡᠭᠡᠨ᠎ᠤ ᠵᠠᠷᠤᠳᠠᠯ᠎ᠢ ᠬᠦᠴᠦᠨ ᠪᠦᠬᠦᠢ ᠪᠠᠷᠢᠮᠲᠠ᠂ ᠣᠨᠣᠰᠢᠯᠠᠭᠰᠠᠨ ᠪᠢᠴᠢᠭ᠂ ᠡᠪᠡᠳᠴᠢᠨ᠎ᠤ ᠲᠡᠦᠬᠡ ᠮᠠᠲ᠋ᠧᠷᠢᠶᠠᠯ ᠵᠶ᠋ᠠᠨ ᠠᠪᠴᠤ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠴᠣᠩᠬᠤᠪᠴᠢ᠎ᠳᠤ ᠬᠦᠷᠴᠦ ᠳᠠᠩᠰᠠ ᠲᠠᠶ᠋ᠢᠯᠬᠤ ᠭᠠᠷᠳᠠᠮ᠎ᠢ ᠭᠦᠢ᠍ᠴᠡᠳᠭᠡᠨ᠎ᠡ᠃

   ᠬᠤᠷᠢᠨ ᠭᠤᠷᠪᠠᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠨ ᠨᠢᠭᠡᠴᠢ (ᠠᠮᠢᠳᠤᠯᠢᠭ ᠵᠶ᠋ᠠᠷ ᠠᠵᠢᠯ ᠣᠯᠤᠭᠰᠠᠳ)᠎ᠨᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠳᠤ ᠦᠷᠢᠳᠣᠭ᠌ᠰᠡᠨ ᠪᠠᠢ᠍ᠢ᠍ᠪᠡᠯ᠂ ᠵᠠᠷᠤᠳᠠᠯ ᠥᠷᠢᠲᠦᠭᠰᠡᠨ ᠲᠤᠰ ᠰᠠᠷ᠎ᠠ᠎ᠠᠴᠠ ᠡᠬᠢᠯᠡᠨ ᠡᠭᠦᠰᠬᠡᠭᠰᠡᠨ ᠡᠮᠴᠢᠯᠡᠭᠡᠨ᠎ᠤ ᠵᠠᠷᠤᠳᠠᠯ᠎ᠢ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ᠎ᠠᠴᠠ ᠲᠦᠯᠦᠬᠦ ᠵᠢ ᠲᠦᠷ ᠵᠣᠭᠰᠣᠭ᠋ᠠᠵᠤ᠂ ᠦᠷᠢᠳᠣᠭ᠌ᠰᠡᠨ ᠵᠠᠷᠤᠳᠠᠯ ᠵᠶ᠋ᠠᠨ ᠨᠥᠬᠦᠵᠦ ᠲᠤᠰᠢᠶᠠᠭᠰᠠᠨ᠎ᠤ ᠳᠠᠷᠠᠭ᠎ᠠ ᠳᠠᠩᠰᠠ ᠲᠠᠶ᠋ᠢᠯᠬᠤ ᠭᠠᠷᠳᠠᠮ ᠭᠦᠢ᠍ᠴᠡᠳᠬᠡᠵᠦ ᠪᠣᠯᠤᠨ᠎ᠠ᠃

   ᠬᠤᠷᠢᠨ ᠳᠥᠷᠪᠡᠳᠦᠭᠡᠷ ᠵᠦᠢ᠍ᠯ ᠨᠡᠶ᠋ᠢᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠦᠨ᠎ᠤ ᠪᠠᠩᠬᠢ ᠵᠢᠨ ᠬᠠᠳᠠᠭ᠋ᠠᠯᠠᠮᠵᠢ᠎ᠳᠤ ᠬᠦᠦ ᠮᠥᠩᠭᠦ ᠵᠢ ᠨᠢᠭᠡᠳᠦᠯᠲᠡᠶ ᠪᠤᠳᠤᠬᠤ ᠠᠷᠭ᠎ᠠ ᠵᠢ ᠬᠡᠷᠡᠭᠵᠢᠭᠦᠯᠦᠨ᠎ᠡ᠃ ᠣᠷᠣᠯᠭ᠎ᠠ ᠵᠢᠨ ᠳᠠᠩᠰᠠᠨ ᠡᠷᠦᠬᠡ ᠪᠠ ᠵᠠᠷᠤᠯᠭ᠎ᠠ ᠵᠢᠨ ᠳᠠᠩᠰᠠᠨ ᠡᠷᠦᠬᠡ᠎ᠳᠤ ᠬᠠᠳᠠᠭ᠋ᠠᠯᠠᠭᠰᠠᠨ ᠬᠤᠭᠤᠴᠠᠭ᠎ᠠ ᠦᠭᠡᠶ ᠬᠠᠳᠠᠭ᠋ᠠᠯᠠᠮᠵᠢ᠎ᠳᠤ ᠬᠠᠷᠠᠭ᠋ᠠᠯᠵᠠᠯ᠎ᠤᠨ ᠬᠦᠦ ᠮᠥᠩᠭᠦ ᠵᠢᠨ ᠨᠣᠷᠮ᠎ᠠ ᠵᠢ ᠬᠡᠷᠡᠭᠵᠢᠭᠦᠯᠵᠦ᠂ ᠭᠤᠷᠪᠠᠨ ᠰᠠᠷ᠎ᠠ᠎ᠪᠠᠷ ᠪᠦᠬᠦᠯᠢ᠎ᠪᠠᠷ ᠬᠠᠳᠠᠭ᠋ᠠᠯᠠᠵᠤ ᠪᠦᠬᠦᠯᠢ᠎ᠪᠠᠷ ᠭᠠᠷᠭ᠋ᠠᠨ ᠠᠪᠬᠤ ᠲᠣᠭᠲᠠᠮᠠᠯ ᠬᠤᠭᠤᠴᠠᠭ᠋ᠠᠲᠤ ᠬᠠᠳᠠᠭ᠋ᠠᠯᠠᠮᠵᠢ ᠵᠢᠨ ᠪᠠᠷᠢᠮᠵᠢᠶᠠᠲᠤ ᠬᠦᠦ ᠮᠥᠩᠭᠦ ᠵᠢᠨ ᠨᠣᠷᠮ᠎ᠠ᠎ᠪᠠᠷ ᠬᠦᠦ ᠮᠥᠩᠭᠦ ᠵᠢ ᠪᠤᠳᠤᠨ᠎ᠠ᠃ ᠡᠳ᠋᠎ᠤᠨ ᠵᠠᠰᠠᠭ᠎ᠤᠨ ᠲᠤᠰᠬᠠᠶ ᠳᠠᠩᠰᠠᠨ᠎ᠳᠤ ᠬᠠᠳᠠᠭ᠋ᠠᠯᠠᠭᠰᠠᠨ ᠬᠠᠳᠠᠭ᠋ᠠᠯᠠᠮᠵᠢ ᠵᠢᠨ ᠬᠦᠦ ᠮᠥᠩᠭᠦ ᠵᠢᠨ ᠨᠣᠷᠮ᠎ᠠ ᠵᠢ ᠠᠳᠠᠯᠢ ᠬᠤᠭᠤᠴᠠᠭ᠋ᠠᠨ᠎ᠤ ᠰᠠᠭᠤᠭ᠋ᠠᠯᠢ ᠠᠷᠠᠳ᠎ᠤᠨ ᠬᠠᠳᠠᠭ᠋ᠠᠯᠠᠮᠵᠢ ᠵᠢᠨ ᠬᠦᠦ ᠮᠥᠩᠭᠦ ᠵᠢᠨ ᠨᠣᠷᠮ᠎ᠠ᠎ᠲᠠᠢ ᠬᠠᠷᠢᠴᠠᠭᠤᠯᠤᠨ ᠬᠠᠮᠢᠶᠠᠷᠤᠨ᠎ᠠ᠃

   ᠬᠤᠷᠢᠨ ᠲᠠᠪᠤᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ᠎ᠤᠨ ᠬᠤᠪᠢ ᠬᠥᠮᠦᠨ᠎ᠤ ᠲᠠᠩᠰᠠᠨ ᠡᠷᠦᠭᠡ ᠵᠢᠨ ᠡᠭᠡ ᠮᠥᠩᠭᠦ ᠪᠠ ᠬᠦᠦ ᠮᠥᠩᠭᠦ ᠪᠣᠯ ᠬᠤᠪᠢ ᠵᠢᠨ ᠥᠮᠴᠢ ᠪᠠᠢ᠍ᠢ᠍ᠵᠤ᠂ ᠲᠡᠭᠦᠨ᠎ᠢ ᠳ᠋ᠦᠩᠨᠡᠨ ᠰᠢᠯᠵᠢᠭᠦᠯᠦᠨ ᠬᠡᠷᠡᠭᠯᠡᠬᠦ ᠪᠠ ᠬᠠᠤᠯᠢ ᠶᠣᠰᠣᠭ᠋ᠠᠷ ᠵᠠᠯᠭ᠋ᠠᠮᠵᠢᠯᠠᠵᠤ ᠪᠣᠯᠤᠨ᠎ᠠ᠃

   ᠬᠤᠷᠢᠨ ᠵᠢᠷᠭᠤᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠡᠵᠡᠩᠨᠡᠯᠲᠡ ᠵᠢᠨ ᠪᠠᠶ᠋ᠢᠳᠠᠯ᠎ᠳᠤ ᠬᠢᠨᠠᠯᠲᠠ ᠲᠠᠯᠪᠢᠬᠤ ᠡᠷᠬᠡ᠎ᠲᠠᠢ᠂ ᠪᠠᠰᠠ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠪᠠ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠬᠤᠪᠢ ᠬᠥᠮᠦᠨ᠎ᠤ ᠳᠠᠩᠰᠠᠨ ᠡᠷᠦᠬᠡ ᠵᠢᠨ ᠪᠡᠯᠡ ᠮᠥᠩᠭᠦ ᠵᠢᠨ ᠣᠷᠣᠯᠭ᠎ᠠ ᠵᠠᠷᠤᠯᠭ᠎ᠠ ᠵᠢᠨ ᠪᠠᠶ᠋ᠢᠳᠠᠯ ᠵᠶ᠋ᠠᠨ ᠪᠠᠶ᠋ᠢᠴᠠᠭ᠋ᠠᠨ ᠯᠠᠪᠯᠠᠬᠤ ᠡᠷᠬᠡ᠎ᠲᠠᠢ᠃

   ᠬᠤᠷᠢᠨ ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠳᠠᠭ᠋ᠠᠳᠬᠠᠯ᠎ᠳᠤ ᠣᠷᠣᠯᠴᠠᠭᠰᠠᠳ ᠰᠠᠶ᠋ᠢᠨ ᠳᠤᠷ᠎ᠠ᠎ᠠᠴᠠ᠎ᠪᠠᠨ ᠬᠥᠬᠡᠬᠤᠲᠠ ᠵᠢᠨ ᠬᠤᠲᠠ ᠵᠢᠨ ᠲᠣᠭᠤᠷᠢᠭ᠎ᠲᠠᠬᠢ ᠶᠠᠮᠠᠷᠪᠠ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠰᠣᠩᠭᠤᠵᠤ ᠡᠪᠡᠳᠴᠢᠨ ᠦᠵᠡᠭᠦᠯᠵᠦ ᠡᠮ ᠵᠠᠯᠠᠵᠤ ᠪᠣᠯᠤᠨ᠎ᠠ᠃

   ᠬᠤᠷᠢᠨ ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠢᠶᠠᠷᠤᠯᠲᠠ᠎ᠳᠤ ᠡᠮᠴᠢᠯᠡᠭᠡᠨ᠎ᠤ ᠦᠢ᠍ᠯᠡᠴᠢᠯᠡᠭᠡᠨ᠎ᠤ ᠵᠥᠪᠯᠡᠯᠴᠡᠭᠡᠷ᠎ᠤᠨ ᠬᠠᠮᠢᠶᠠᠷᠤᠯᠲᠠ ᠵᠢᠨ ᠵᠠᠭᠪᠤᠷ᠎ᠢ ᠬᠡᠷᠡᠭᠯᠡᠨ᠎ᠡ᠃ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠢ ᠡᠮᠴᠢᠯᠡᠭᠡᠨ᠎ᠤ ᠦᠢ᠍ᠯᠡᠴᠢᠯᠡᠭᠡᠨ᠎ᠤ ᠵᠥᠪᠯᠡᠯᠴᠡᠭᠡᠷ ᠵᠢᠴᠢ ᠬᠠᠮᠢᠶ᠎ᠠ ᠪᠥᠬᠦᠶ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠬᠢᠨᠠᠮᠠᠭ᠋ᠠᠶ ᠬᠡᠷᠡᠭᠵᠢᠭᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠡᠪᠡᠳᠴᠢᠲᠡᠨ ᠡᠮᠨᠡᠯᠭᠡ᠎ᠳᠤ ᠣᠷᠤᠭᠰᠠᠨ᠎ᠤ ᠭᠤᠷᠪᠠᠨ ᠡᠳᠦᠷ᠎ᠤᠨ ᠳᠣᠲᠣᠷ᠎ᠠ ᠡᠮᠴᠢᠯᠡᠭᠡᠨ᠎ᠤ ᠳᠠᠭ᠋ᠠᠳᠬᠠᠯ᠎ᠤᠨ ᠡᠮᠨᠡᠯᠭᠡ᠎ᠳᠤ ᠰᠠᠭᠤᠬᠤ ᠳᠡᠩᠰᠡᠯᠡᠯᠲᠡ ᠵᠢ ᠭᠦᠢ᠍ᠴᠡᠣᠡᠭᠡᠭᠦ ᠬᠡᠷᠡᠭᠲᠡᠶ᠂ ᠦᠷᠦᠬᠡᠯ᠎ᠤᠨ ᠨᠡᠷ᠎ᠡ᠎ᠪᠠᠷ ᠡᠮᠨᠡᠯᠭᠡ᠎ᠳᠤ ᠰᠠᠭᠤᠵᠤ ᠡᠮᠨᠡᠭᠦᠯᠬᠦ᠂ ᠨᠡᠷ᠎ᠡ ᠵᠢᠨ ᠲᠡᠳᠦᠢ ᠡᠮᠨᠡᠯᠭᠡ᠎ᠳᠤ ᠰᠠᠭᠤᠵᠤ ᠡᠮᠨᠡᠭᠦᠯᠬᠦ᠂ ᠰᠠᠯᠭ᠋ᠠᠵᠤ ᠳᠠᠬᠢᠨᠳᠠ ᠡᠮᠨᠡᠯᠭᠡ᠎ᠳᠤ ᠰᠠᠭᠤᠬᠤ ᠵᠡᠷᠭᠡ ᠦᠵᠡᠭᠳᠡᠯ ᠭᠠᠷᠬᠤ ᠵᠢ ᠴᠢᠩᠭ᠎ᠠ ᠴᠠᠭ᠋ᠠᠵᠠᠯᠠᠵᠤ᠂ ᠬᠠᠭᠤᠷᠮᠠᠭ ᠡᠮ᠂ ᠮᠠᠭᠤ ᠡᠮ ᠬᠤᠳᠠᠯᠳᠤᠬᠤ᠂ ᠡᠮ᠎ᠤᠨ ᠵᠦᠢ᠍ᠯ᠎ᠢ ᠰᠣᠯᠢᠯᠴᠠᠵᠤ ᠬᠤᠯᠢᠯᠳᠤᠭᠤᠯᠬᠤ ᠵᠢᠴᠢ ᠪᠡᠯᠡᠨ ᠵᠣᠭᠤᠰ ᠰᠣᠯᠢᠬᠤ ᠵᠡᠷᠭᠡ ᠦᠢ᠍ᠯᠡ ᠠᠵᠢᠯᠯᠠᠭ᠎ᠠ ᠵᠢ ᠴᠢᠩᠭ᠎ᠠ ᠴᠠᠭ᠋ᠠᠵᠠᠯᠠᠨ᠎ᠠ᠃

   ᠬᠤᠷᠢ ᠶᠢᠰᠦᠳᠦᠭᠡᠷ ᠵᠦᠢ᠍ᠯ ᠡᠩ᠎ᠤᠨ ᠡᠭᠦᠳᠡᠨ ᠡᠮᠨᠡᠯᠭᠡ ᠨᠢᠭᠡᠳᠦᠯᠲᠡᠶ ᠲᠦᠯᠣᠪᠯᠡᠭᠦ᠂ ᠡᠭᠦᠳᠡᠨ ᠡᠮᠨᠡᠯᠭᠡ ᠵᠢᠨ ᠣᠨᠴᠠᠭ᠋ᠠᠢ ᠠᠷᠬᠠᠭ ᠡᠪᠡᠳᠴᠢᠨ ᠪᠠ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠬᠦ ᠡᠮ᠎ᠢ ᠬᠠᠮᠢᠶ᠎ᠠ ᠪᠥᠬᠦᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃

ᠭᠤᠴᠢᠳᠤᠭ᠋ᠠᠷ ᠵᠦᠢ᠍ᠯ ᠮᠤᠵᠢ ᠵᠢᠨ ᠳᠡᠰ᠎ᠤᠨ ᠺᠠᠳ᠋ᠷ᠂ ᠠᠵᠢᠯ᠎ᠠᠴᠠ᠎ᠪᠠᠨ ᠰᠠᠯᠵᠤ ᠠᠮᠠᠷᠠᠭᠰᠠᠳ᠂ ᠠᠬᠠᠮᠠᠳ ᠤᠯᠠᠭ᠋ᠠᠨ ᠴᠡᠷᠢᠭ ᠵᠢᠴᠢ ᠰᠣᠶᠣᠯ᠎ᠤᠨ ᠶᠡᠭᠡ ᠬᠤᠪᠢᠰᠬᠠᠯ᠎ᠤᠨ ᠳᠤᠮᠳᠠ ᠪᠦᠬᠦ ᠪᠡᠶ᠎ᠡ᠎ᠨᠢ ᠵᠡᠮᠳᠡᠭ ᠪᠤᠯᠤᠭᠰᠠᠨ ᠬᠥᠮᠦᠰ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ ᠦᠭᠡᠢ᠂ ᠬᠤᠯᠪᠣᠭᠳᠠᠯ ᠪᠦᠬᠦᠢ ᠬᠠᠷᠠᠭ᠋ᠠᠯᠵᠠᠯ᠎ᠢ᠎ᠨᠢ ᠬᠤᠪᠢᠷᠠᠭᠤᠯᠬᠤ ᠦᠭᠡᠢ᠂ ᠡᠮᠴᠢᠯᠡᠭᠡᠨ᠎ᠤ ᠵᠠᠷᠤᠳᠠᠯ᠎ᠢ ᠤᠤᠯ᠎ᠤᠨ ᠪᠡᠯᠡ ᠮᠥᠩᠭᠦ ᠵᠢᠨ ᠠᠷᠭ᠎ᠠ ᠵᠠᠮ ᠵᠶ᠋ᠠᠷ ᠰᠢᠢ᠍ᠳᠪᠦᠷᠢᠯᠡᠨ᠎ᠡ᠃

   ᠰᠣᠶᠣᠯ᠎ᠤᠨ ᠶᠡᠭᠡ ᠬᠤᠪᠢᠰᠬᠠᠯ᠎ᠳᠤ ᠦᠨᠳᠦᠰᠦᠨ᠎ᠳᠤ᠎ᠪᠠᠨ ᠵᠡᠮᠳᠡᠭ ᠪᠣᠯᠵᠤ ᠨᠢᠭᠡᠨᠲᠡ ᠠᠵᠢᠯ᠎ᠠᠴᠠ᠎ᠪᠠᠨ ᠪᠠᠭᠤᠵᠤ ᠠᠮᠠᠷᠠᠭᠰᠠᠳ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ᠎ᠳᠤ᠂ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠡᠬᠢᠯᠡᠵᠦ ᠳᠥᠯᠥᠬᠦ ᠪᠠᠷᠢᠮᠵᠢᠶ᠎ᠠ ᠵᠢᠨ ᠰᠠᠭᠤᠷᠢᠨ ᠳᠡᠭᠡᠷ᠎ᠡ 10%᠎ᠪᠠᠷ ᠪᠠᠭᠤᠷᠠᠭᠤᠯᠤᠨ᠎ᠠ; ᠬᠤᠪᠢ ᠬᠥᠮᠦᠨ᠎ᠤ ᠲᠠᠩᠰᠠᠨ ᠡᠷᠦᠭᠡ ᠵᠢ ᠪᠠᠶ᠋ᠢᠭᠤᠯᠬᠤ᠎ᠳᠤ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠠᠷᠭ᠎ᠠ ᠵᠢ ᠬᠡᠷᠡᠭᠵᠢᠭᠦᠯᠵᠦ᠂ ᠥᠪᠡᠷ ᠵᠶ᠋ᠠᠨ ᠲᠦᠯᠤᠬᠦ ᠬᠠᠷᠢᠴᠠᠯ᠎ᠢ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠥᠪᠡᠷ ᠵᠶ᠋ᠠᠨ ᠲᠦᠯᠤᠬᠦ ᠬᠠᠷᠢᠴᠠᠯ᠎ᠤᠨ ᠰᠠᠭᠤᠷᠢᠨ ᠳᠡᠭᠡᠷ᠎ᠡ ᠬᠤᠶᠠᠷ ᠵᠠᠭᠤᠨ᠎ᠤ ᠴᠡᠭ ᠵᠶ᠋ᠠᠷ ᠪᠠᠭᠤᠷᠠᠭᠤᠯᠤᠨ᠎ᠠ᠃ ᠠᠵᠢᠯ᠎ᠳᠤ ᠪᠠᠶ᠋ᠢᠭ᠎ᠠ ᠰᠣᠶᠣᠯ᠎ᠤᠨ ᠶᠡᠭᠡ ᠬᠤᠪᠢᠰᠬᠠᠯ᠎ᠳᠤ ᠦᠨᠳᠦᠰᠦᠨ᠎ᠳᠤ᠎ᠪᠠᠨ ᠵᠡᠮᠳᠡᠭ ᠪᠣᠯᠣᠭᠰᠠᠳ᠎ᠲᠤ ᠡᠩ᠎ᠤᠨ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠪᠠᠷᠢᠮᠵᠢᠶ᠎ᠠ᠎ᠪᠠᠷ ᠬᠡᠷᠡᠭᠵᠢᠭᠦᠯᠦᠨ᠎ᠡ᠃

   ᠭᠤᠷᠪᠠᠳᠤᠭ᠋ᠠᠷ ᠪᠦᠯᠦᠭ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ

   ᠭᠤᠴᠢᠨ ᠨᠢᠭᠡᠳᠦᠭᠡᠷ ᠵᠦᠢ᠍ᠯ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠨᠢ ᠭᠤᠤᠯᠳᠠᠭᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠳ᠎ᠤᠨ ᠡᠪᠡᠳᠴᠢᠨ᠎ᠠᠴᠠ ᠪᠣᠯᠵᠣ ᠡᠭᠦᠰᠦᠭᠰᠡᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠵᠢᠨ ᠬᠠᠮᠤᠭ᠎ᠤᠨ ᠶᠡᠭᠡ ᠳᠥᠯᠥᠬᠦ ᠬᠢᠵᠠᠭ᠋ᠠᠷ ᠲᠤᠭ᠎ᠠ᠎ᠠᠴᠠ ᠳᠡᠭᠡᠭᠰᠢᠬᠢ ᠬᠡᠰᠡᠭ᠎ᠤᠨ ᠡᠮᠴᠢᠯᠡᠭᠡᠨ᠎ᠤ ᠵᠠᠷᠤᠳᠠᠯ᠎ᠢ ᠰᠢᠢ᠍ᠳᠪᠦᠷᠢᠯᠡᠨ᠎ᠡ᠃

   ᠭᠤᠴᠢᠨ ᠬᠤᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯᠳᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠪᠣᠯᠤᠨ ᠠᠵᠢᠯᠳᠠᠨ ᠠᠵᠢᠯᠴᠢᠨ ᠪᠥᠬᠦᠨ ᠠᠵᠢᠯᠳᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠳᠤ ᠡᠷᠬᠡᠪᠰᠢ ᠣᠷᠣᠯᠴᠠᠬᠤ ᠬᠡᠷᠡᠭᠲᠡᠶ᠃

   ᠭᠤᠴᠢᠨ ᠭᠤᠷᠪᠠᠳᠤᠭ᠋ᠠᠷ ᠵᠦᠢ᠍ᠯ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠨᠢᠭᠡ ᠵᠢᠯ᠎ᠤᠨ ᠳᠣᠲᠣᠷᠠᠬᠢ ᠬᠠᠮᠤᠭ᠎ᠤᠨ ᠶᠡᠭᠡ ᠲᠥᠯᠥᠬᠦ ᠬᠢᠵᠠᠭ᠋ᠠᠷ ᠲᠤᠭ᠎ᠠ᠎ᠨᠢ 10 ᠲᠦᠮᠡᠨ ᠲᠥᠭᠦᠷᠢᠭ ᠪᠣᠯᠤᠨ᠎ᠠ᠃

   ᠭᠤᠴᠢᠨ ᠳᠥᠷᠪᠡᠳᠦᠭᠡᠷ ᠵᠦᠢ᠍ᠯ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠣᠷᠣᠯᠭ᠎ᠠ᠎ᠪᠠᠷ ᠵᠠᠷᠤᠯᠭ᠎ᠠ ᠵᠢ ᠲᠣᠭᠲᠠᠭ᠋ᠠᠬᠤ᠂ ᠣᠷᠣᠯᠭ᠎ᠠ ᠵᠠᠷᠤᠯᠭ᠎ᠠ ᠵᠢ ᠲᠡᠩᠴᠡᠭᠦᠷᠢᠲᠡᠶ ᠪᠠᠶ᠋ᠢᠯᠭ᠋ᠠᠬᠤ ᠵᠠᠷᠴᠢᠮ ᠶᠣᠰᠣᠭ᠋ᠠᠷ ᠴᠤᠭᠯᠠᠭᠤᠯᠤᠨ᠎ᠠ᠂ ᠵᠠᠷᠤᠳᠠᠯ ᠲᠤᠰᠢᠶᠠᠬᠤ ᠪᠠᠷᠢᠮᠵᠢᠶ᠎ᠠ᠎ᠨᠢ ᠳᠠᠭ᠋ᠠᠳᠬᠠᠯ᠎ᠳᠤ ᠣᠷᠤᠯᠴᠠᠭᠰᠠᠳ (ᠠᠵᠢᠯ᠎ᠠᠴᠠ᠎ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ᠎ᠢ ᠪᠠᠭᠲᠠᠭ᠋ᠠᠨ᠎ᠠ) ᠪᠣᠯᠭ᠋ᠠᠨ ᠵᠢᠯ᠎ᠤᠨ 100 ᠲᠥᠭᠦᠷᠢᠭ ᠪᠠᠶ᠋ᠢᠵᠤ᠂ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠎ᠠᠴᠠ ᠲᠤᠰᠢᠶᠠᠵᠤ᠂ ᠠᠵᠢᠯᠯᠠᠵᠤ ᠪᠠᠢ᠍ᠢ᠍ᠭ᠎ᠠ ᠠᠮᠢᠳᠤᠯᠢᠭ ᠵᠶ᠋ᠠᠷ ᠠᠵᠢᠯ ᠣᠯᠣᠭᠰᠠᠳ ᠬᠤᠪᠢ ᠭᠦᠮᠣᠨ ᠥᠪᠡᠷ ᠵᠶ᠋ᠠᠨ ᠲᠤᠰᠢᠶᠠᠨ᠎ᠠ᠃

   ᠭᠤᠴᠢᠨ ᠲᠠᠪᠤᠳᠤᠭ᠋ᠠᠷ ᠵᠦᠢ᠍ᠯ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠲᠤᠬᠠᠶ᠋ᠢᠯᠠᠭᠰᠠᠨ ᠠᠵᠢᠯ᠎ᠤᠨ ᠵᠢᠯ ᠵᠶ᠋ᠠᠷ ᠲᠤᠰᠢᠶᠠᠵᠤ᠂ ᠵᠢᠯ ᠪᠦᠷᠢ ᠵᠢᠨ 6 ᠳ᠋ᠤᠭ᠋ᠠᠷ ᠰᠠᠷ᠎ᠠ ᠵᠢᠨ ᠰᠡᠭᠦᠯᠴᠢ᠎ᠳᠤ ᠲᠤᠰᠢᠶᠠᠵᠤ ᠳᠠᠭᠤᠰᠬᠠᠨ᠎ᠠ᠂ ᠳᠠᠭ᠋ᠠᠳᠬᠠᠯ᠎ᠳᠤ ᠰᠢᠨ᠎ᠡ᠎ᠪᠠᠷ ᠣᠷᠣᠯᠴᠠᠭᠰᠠᠳ᠎ᠤᠨ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠳᠠᠭ᠋ᠠᠳᠬᠠᠯ᠎ᠳᠤ ᠣᠷᠣᠯᠴᠠᠭᠰᠠᠨ ᠲᠤᠰ ᠰᠠᠷ᠎ᠠ᠎ᠳᠤ ᠨᠢᠭᠡᠴᠢ᠎ᠠᠴᠠ ᠪᠥᠬᠦ ᠲᠤᠭ᠎ᠠ᠎ᠪᠠᠷ ᠲᠤᠰᠢᠶᠠᠨ᠎ᠠ᠃

   ᠭᠤᠴᠢᠨ ᠵᠢᠷᠭᠤᠳᠤᠭ᠋ᠠᠷ ᠵᠦᠢ᠍ᠯ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠳᠤ ᠬᠤᠪᠢ ᠬᠥᠮᠦᠨ᠎ᠤ ᠲᠠᠩᠰᠠᠨ ᠡᠷᠥᠭᠡ ᠪᠠᠶ᠋ᠢᠭᠤᠯᠬᠤ ᠥᠭᠡᠢ᠂ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠵᠢᠨ ᠲᠤᠰᠢᠶᠠᠭᠰᠠᠨ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠪᠥᠬᠦᠨ᠎ᠢ ᠶᠡᠭᠡ ᠲᠣᠭ᠋ᠠᠨ᠎ᠤ ᠨᠥᠬᠦᠪᠥᠷᠢ ᠰᠠᠭᠤᠷᠢ ᠮᠥᠩᠭᠦ ᠪᠠᠶ᠋ᠢᠭᠤᠯᠬᠤ᠎ᠳᠤ ᠬᠡᠷᠡᠭᠯᠡᠨ᠎ᠡ᠃ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠬᠠᠰᠤᠵᠤ ᠬᠡᠯᠲᠦᠷᠢᠭᠦᠯᠵᠦ ᠪᠣᠯᠬᠤ ᠦᠭᠡᠢ᠂ ᠶᠠᠮᠠᠷᠪᠠ ᠨᠢᠭᠡᠴᠢ ᠶᠠᠮᠠᠷᠪᠠ ᠰᠢᠯᠲᠠᠭ᠋ᠠᠨ ᠵᠶ᠋ᠠᠷ ᠲᠤᠰᠢᠶᠠᠬᠤ ᠵᠢ ᠲᠡᠪᠴᠢᠬᠦ ᠪᠤᠶᠤ ᠳᠤᠲᠠᠭᠤ ᠲᠤᠰᠢᠶᠠᠵᠤ ᠪᠣᠯᠬᠤ ᠦᠭᠡᠢ᠃

   ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠲᠣᠭᠲᠠᠭ᠋ᠠᠯ ᠶᠣᠰᠣᠭ᠋ᠠᠷ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠲᠤᠰᠢᠶᠠᠭᠰᠠᠨ ᠥᠬᠡᠶ ᠪᠣᠯ᠂ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠣᠯᠭᠤᠮᠵᠢ ᠭᠥᠷᠳᠡᠬᠦ ᠵᠢ ᠲᠦᠷ ᠵᠣᠭᠰᠣᠭ᠋ᠠᠨ᠎ᠠ᠃

   ᠭᠤᠴᠢᠨ ᠳᠣᠯᠣᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠢᠭᠡᠳᠦᠯᠲᠡᠶ ᠲᠦᠯᠦᠪᠯᠡᠬᠦ ᠬᠡᠪᠴᠢᠶᠡᠨ᠎ᠳᠤ ᠡᠷᠬᠢᠯᠳᠣᠪᠡᠯ᠂ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠠᠷᠢᠴᠠᠭ᠎ᠠ ᠵᠢ ᠳᠠᠭ᠋ᠠᠯᠳᠤᠭᠤᠯᠤᠨ ᠰᠢᠯᠵᠢᠭᠦᠯᠦᠨ᠎ᠡ; ᠳᠠᠭ᠋ᠠᠳᠬᠠᠯ᠎ᠳᠤ ᠣᠷᠣᠯᠴᠠᠭᠰᠠᠳ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠢᠭᠡᠳᠦᠯᠲᠡᠶ ᠲᠦᠯᠦᠪᠯᠡᠬᠦ ᠬᠡᠪᠴᠢᠶᠠᠨ᠎ᠠᠴᠠ ᠰᠢᠯᠵᠢᠪᠡᠯ᠂ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠠᠷᠢᠴᠠᠭ᠎ᠠ ᠵᠢᠴᠢ ᠣᠯᠭᠤᠮᠵᠢ ᠵᠢ ᠠᠵᠢᠯ ᠰᠢᠯᠵᠢᠭᠰᠡᠨ ᠡᠳᠦᠷ᠎ᠠᠴᠠ ᠡᠬᠢᠯᠡᠨ ᠳᠠᠭᠤᠰᠬᠠᠨ᠎ᠠ᠃

   ᠭᠤᠴᠢᠨ ᠨᠠᠢ᠍ᠮᠠᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠬᠥᠬᠡᠭᠴᠢᠨ ᠲᠥᠷᠥᠯ᠎ᠤᠨ ᠡᠮ᠎ᠤᠨ ᠵᠦᠢ᠍ᠯ᠎ᠢ ᠬᠡᠷᠡᠭᠯᠡᠭᠰᠡᠨ ᠪᠠ ᠦᠨᠳᠦᠰᠦᠨ ᠡᠮᠴᠢᠯᠡᠭᠡᠨ᠎ᠤ ᠳᠠᠭ᠋ᠠᠳᠬᠠᠯ ᠵᠶ᠋ᠠᠷ ᠬᠡᠰᠡᠭ ᠵᠠᠷᠤᠳᠠᠯ᠎ᠢ ᠲᠥᠯᠥᠬᠦ ᠣᠨᠣᠰᠢᠯᠠᠨ ᠡᠮᠨᠡᠬᠦ ᠲᠥᠷᠥᠯ ᠵᠦᠢ᠍ᠯ ᠵᠶ᠋ᠠᠷ ᠡᠮᠨᠡᠭᠦᠯᠦᠭᠰᠡᠨ᠂ ᠲᠦᠷᠭᠡᠨ ᠠᠪᠤᠷᠠᠬᠤ᠂ ᠪᠠᠴᠢᠮ ᠠᠪᠤᠷᠠᠬᠤ ᠬᠤᠭᠤᠴᠠᠭ᠋ᠠᠨ᠎ᠳᠤ ᠡᠮᠴᠢ ᠵᠢᠨ ᠵᠢᠭ᠋ᠠᠪᠤᠷᠢ᠎ᠪᠠᠷ ᠴᠢᠰᠤᠨ᠎ᠤ ᠪᠦᠲᠦᠭᠡᠭᠳᠡᠬᠦᠨ᠂ ᠤᠭᠤᠷᠠᠭ᠎ᠤᠨ ᠲᠥᠷᠥᠯ᠎ᠤᠨ ᠪᠦᠲᠦᠭᠡᠭᠳᠡᠬᠦᠨ᠎ᠢ ᠬᠡᠷᠡᠭᠯᠡᠭᠰᠡᠨ ᠪᠣᠯ ᠵᠠᠷᠤᠳᠠᠯ᠎ᠢ᠎ᠨᠢ ᠴᠥᠮ ᠲᠤᠰ ᠬᠥᠮᠦᠨ ᠥᠪᠡᠷ ᠵᠶ᠋ᠠᠨ 10% ᠵᠢ᠎ᠨᠢ ᠬᠠᠷᠢᠭᠤᠴᠠᠵᠤ᠂ ᠦᠯᠡᠳᠡᠭᠰᠡᠨ ᠬᠡᠰᠡᠭ᠎ᠢ᠎ᠨᠢ ᠠᠵᠢᠯᠳᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠪᠣᠯᠤᠨ ᠬᠤᠪᠢ ᠬᠥᠮᠦᠨ ᠲᠣᠭᠲᠠᠭ᠋ᠠᠭᠰᠠᠨ ᠬᠠᠷᠢᠴᠠᠯ ᠵᠶ᠋ᠠᠷ ᠲᠥᠯᠥᠨ᠎ᠡ᠃

   ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠥᠪᠡᠷᠲᠡᠭᠡᠨ ᠳᠥᠯᠥᠬᠦ ᠬᠠᠷᠢᠴᠠᠯ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠦᠯᠡᠳᠡᠭᠰᠡᠨ ᠬᠡᠰᠡᠭ᠎ᠢ᠎ᠨᠢ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠪᠠ ᠬᠤᠪᠢ ᠬᠥᠮᠦᠨ ᠲᠣᠭᠲᠠᠭ᠋ᠠᠭᠰᠠᠨ ᠬᠠᠷᠢᠴᠠᠯ ᠵᠶ᠋ᠠᠷ ᠳᠥᠯᠥᠨ᠎ᠡ᠃

   ᠭᠤᠴᠢ ᠶᠢᠰᠦᠳᠦᠭᠡᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠣᠷᠣᠨ᠎ᠤ ᠳᠣᠲᠣᠷ᠎ᠠ ᠪᠤᠶᠤ ᠮᠤᠵᠢ ᠠᠯᠤᠰᠯᠠᠨ ᠣᠷᠳᠣ ᠬᠤᠭᠤᠴᠠᠭ᠎ᠠ᠎ᠪᠠᠷ ᠣᠨᠳᠣᠤ ᠭᠠᠵᠠᠷ᠎ᠲᠤ ᠰᠠᠭᠤᠷᠢᠰᠢᠬᠤ᠎ᠪᠠᠷ ᠪᠦᠷᠢᠳᠭᠡᠨ ᠳᠠᠩᠰᠠᠯᠠᠭᠤᠯᠤᠭᠰᠠᠨ᠎ᠤ ᠳᠠᠷᠠᠭ᠎ᠠ ᠡᠪᠡᠳᠴᠢᠨ᠎ᠠᠴᠠ ᠪᠣᠯᠵᠣ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠰᠠᠭᠤᠭ᠋ᠠᠳ ᠡᠭᠦᠰᠣᠭ᠌ᠰᠡᠨ 《ᠭᠤᠷᠪᠠᠨ ᠭᠠᠷᠴᠠᠭ》᠎ᠲᠤ ᠨᠠᠢ᠍ᠢ᠍ᠴᠡᠭᠦ ᠡᠮᠴᠢᠯᠡᠭᠡᠨ᠎ᠤ ᠵᠠᠷᠤᠳᠠᠯ᠎ᠳᠠᠬᠢ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ᠎ᠠᠴᠠ ᠳᠥᠯᠥᠬᠦ ᠬᠠᠷᠢᠴᠠᠯ᠎ᠨᠢ 97% ᠪᠣᠯᠤᠨ᠎ᠠ; ᠮᠤᠵᠢ ᠠᠯᠤᠰᠯᠠᠵᠤ ᠲᠦᠷ ᠴᠠᠭ ᠣᠨᠳᠣᠤ ᠭᠠᠵᠠᠷ᠎ᠲᠤ ᠡᠮᠨᠡᠭᠦᠯᠬᠦ᠎ᠪᠠᠷ ᠪᠦᠷᠢᠳᠭᠡᠨ ᠳᠠᠩᠰᠠᠯᠠᠭᠤᠯᠤᠭᠰᠠᠨ᠎ᠤ ᠳᠠᠷᠠᠭ᠎ᠠ ᠡᠮᠨᠡᠯᠭᠡ᠎ᠳᠤ ᠰᠠᠭᠤᠬᠤ ᠪᠤᠶᠤ ᠣᠷᠣᠨ᠎ᠤ ᠭᠠᠳᠠᠨ᠎ᠠ ᠠᠯᠪᠠᠨ ᠠᠵᠢᠯ ᠵᠶ᠋ᠠᠷ ᠭᠠᠳᠠᠭᠰᠢ ᠭᠠᠷᠬᠤ᠂ ᠲᠥᠷᠥᠯ ᠰᠠᠳᠤᠨ ᠵᠶ᠋ᠠᠨ ᠡᠷᠭᠢᠵᠦ ᠦᠵᠡᠬᠦ᠎ᠳᠤ ᠠᠶᠤᠯᠲᠠᠢ ᠲᠦᠷᠭᠡᠨ ᠬᠦᠨᠳᠦ ᠡᠪᠡᠳᠴᠢᠨ᠎ᠳᠤ ᠭᠡᠨᠡᠳᠲᠡ ᠨᠡᠷᠪᠡᠭᠳᠡᠨ ᠡᠮᠨᠡᠯᠭᠡ᠎ᠳᠤ ᠰᠠᠭᠤᠭ᠋ᠠᠣᠨ ᠡᠭᠦᠰᠣᠭ᠌ᠰᠡᠨ 《ᠭᠤᠷᠪᠠᠨ ᠭᠠᠷᠴᠠᠭ》᠎ᠲᠤ ᠨᠠᠢ᠍ᠢ᠍ᠴᠡᠭᠦ ᠡᠮᠴᠢᠯᠡᠭᠡᠨ᠎ᠤ ᠵᠠᠷᠤᠳᠠᠯ᠎ᠳᠠᠬᠢ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ᠎ᠠᠴᠠ ᠳᠥᠯᠥᠬᠦ ᠬᠠᠷᠢᠴᠠᠯ᠎ᠨᠢ 92% ᠪᠣᠯᠤᠨ᠎ᠠ᠃

   ᠡᠭᠦᠳᠡᠨ ᠡᠮᠨᠡᠯᠭᠡ ᠪᠠᠴᠢᠮ ᠡᠮᠨᠡᠯᠭᠡ᠎ᠳᠤ ᠡᠭᠦᠰᠣᠭ᠌ᠰᠡᠨ 《ᠭᠤᠷᠪᠠᠨ ᠭᠠᠷᠴᠠᠭ》᠎ᠲᠤ ᠨᠠᠢ᠍ᠢ᠍ᠴᠡᠭᠦ ᠡᠮᠴᠢᠯᠡᠭᠡᠨ᠎ᠤ ᠵᠠᠷᠤᠳᠠᠯ᠎ᠳᠠᠬᠢ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ᠎ᠠᠴᠠ ᠳᠥᠯᠥᠬᠦ ᠬᠠᠷᠢᠴᠠᠯ᠎ᠨᠢ 70% ᠪᠣᠯᠤᠨ᠎ᠠ᠃

ᠳᠥᠴᠢᠳᠦᠭᠡᠷ ᠵᠦᠢ᠍ᠯ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠪᠣᠯᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠲᠤᠰ ᠲᠤᠰ᠎ᠲᠤ᠎ᠨᠢ ᠠᠵᠢᠯᠯᠠᠭᠤᠯᠵᠤ᠂ ᠰᠠᠯᠭ᠋ᠠᠵᠤ ᠲᠣᠭ᠋ᠠᠴᠠᠭ᠎ᠠ ᠬᠢᠵᠦ᠂ ᠲᠤᠰᠬᠠᠶ ᠵᠣᠭᠤᠰ᠎ᠢ ᠲᠤᠰᠬᠠᠢ᠍ᠢ᠍ᠯᠠᠨ ᠬᠡᠷᠡᠭᠯᠡᠵᠦ᠂ ᠬᠠᠷᠢᠯᠴᠠᠨ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠢ᠃

   ᠳᠥᠴᠢᠨ ᠨᠢᠭᠡᠳᠦᠭᠡᠷ ᠵᠦᠢ᠍ᠯ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ᠎ᠨᠢ ᠦᠯᠡᠳᠡᠪᠦᠷᠢ᠎ᠲᠠᠢ ᠪᠠᠶ᠋ᠢᠪᠠᠯ᠂ ᠬᠤᠳᠠᠯᠳᠤᠭ᠋ᠠᠨ᠎ᠤ ᠳᠠᠭ᠋ᠠᠳᠬᠠᠯ᠎ᠲᠠᠢ ᠬᠠᠮᠲᠤᠷᠠᠵᠤ᠂ ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠵᠠᠷᠤᠳᠠᠯ᠎ᠳᠠᠬᠢ ᠦᠪᠡᠷ ᠵᠶ᠋ᠠᠨ ᠬᠠᠷᠢᠭᠤᠴᠠᠬᠤ ᠬᠡᠰᠡᠭ᠎ᠤᠨ ᠵᠠᠷᠤᠳᠠᠯ᠎ᠢ ᠲᠦᠯᠦᠬᠦ᠎ᠳᠤ ᠬᠡᠷᠡᠭᠯᠡᠵᠦ ᠪᠣᠯᠤᠨ᠎ᠠ᠃

   ᠳᠥᠷᠪᠡᠳᠦᠭᠡᠷ ᠪᠦᠯᠦᠭ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ ᠳᠠᠭ᠋ᠠᠳᠬᠠᠯ᠎ᠤᠨ ᠵᠠᠷᠤᠳᠠᠯ᠎ᠢ ᠳ᠋ᠦᠩᠨᠡᠨ ᠪᠣᠳᠣᠬᠤ

   ᠳᠥᠴᠢᠨ ᠬᠤᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠳᠠᠭ᠋ᠠᠳᠬᠠᠯ᠎ᠳᠤ ᠣᠷᠣᠯᠴᠠᠭᠰᠠᠳ᠎ᠤᠨ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠡᠭᠦᠰᠣᠭ᠌ᠰᠡᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠨ ᠰᠠᠭᠤᠷᠢ ᠮᠥᠩᠭᠦ᠂ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ᠂ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ᠂ ᠠᠯᠪᠠᠲᠠᠨ᠎ᠤ ᠡᠮᠴᠢᠯᠡᠭᠡᠨ᠎ᠤ ᠨᠦᠬᠦᠪᠦᠷᠢ ᠮᠥᠩᠭᠦ ᠵᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ ᠪᠠ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠠᠴᠠ ᠰᠠᠷ᠎ᠠ᠎ᠪᠠᠷ ᠳ᠋ᠦᠩᠨᠡᠨ ᠪᠤᠳᠤᠨ᠎ᠠ᠃

   (ᠨᠢᠭᠡ) ᠳ᠋ᠦᠩᠨᠡᠨ ᠪᠤᠳᠤᠬᠤ ᠠᠷᠭ᠎ᠠ᠄ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠢ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠳᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠳ᠋ᠦᠩᠨᠡᠨ ᠪᠤᠳᠤᠬᠤ ᠲᠠᠩᠰᠠᠨ ᠡᠷᠦᠬᠡ ᠪᠠᠶ᠋ᠢᠭᠤᠯᠬᠤ ᠵᠢᠨ ᠬᠠᠮᠲᠤ᠂ ᠲᠠᠩᠰᠠ ᠪᠠᠶ᠋ᠢᠭᠤᠯᠤᠭᠰᠠᠨ ᠪᠠᠩᠬᠢ ᠵᠢᠨ ᠨᠠᠷᠡᠢ᠍ᠢ᠍ᠳᠣᠯ ᠪᠠ ᠲᠠᠩᠰᠠᠨ ᠳ᠋ᠤᠭ᠋ᠠᠷ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠮᠡᠳᠡᠭᠦᠯᠦᠨ ᠳᠠᠩᠰᠠᠯᠠᠭᠤᠯᠵᠤ᠂ ᠲᠠᠩᠰᠠ ᠰᠢᠯᠵᠢᠭᠦᠯᠦᠨ ᠳ᠋ᠦᠩᠨᠡᠨ ᠪᠤᠳᠤᠬᠤ ᠵᠢ ᠬᠡᠷᠡᠭᠵᠢᠭᠦᠯᠦᠨ᠎ᠡ᠃

   (ᠬᠤᠶᠠᠷ) ᠳ᠋ᠦᠩᠨᠡᠨ ᠪᠤᠳᠤᠬᠤ ᠳᠡᠰ ᠳᠠᠷᠠᠭ᠋ᠠᠯᠠᠯ᠄ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠠᠴᠠ ᠡᠳᠦᠷ ᠪᠦᠷᠢ ᠲᠠᠩᠰᠠ ᠪᠤᠳᠤᠵᠤ᠂ ᠰᠠᠷ᠎ᠠ ᠵᠢᠨ ᠰᠡᠭᠦᠯᠴᠢ᠎ᠳᠤ ᠬᠤᠷᠢᠶᠠᠩᠭᠤᠶ᠋ᠢᠯᠠᠭᠰᠠᠨ᠎ᠤ ᠰᠡᠭᠦᠯᠡᠷ ᠳᠠᠷᠠᠭ᠋ᠠᠴᠢ ᠵᠢᠨ ᠰᠠᠷ᠎ᠠ ᠵᠢᠨ 1᠎ᠠᠴᠠ 5᠎ᠤ ᠡᠳᠦᠷ (ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠲᠤ ᠳᠠᠷᠠᠭ᠋ᠠᠯᠠᠯ ᠵᠶ᠋ᠠᠷ ᠤᠷᠲᠤᠳᠬᠠᠨ᠎ᠠ)᠎ᠲᠤ ᠳᠡᠭᠡᠷ᠎ᠡ ᠰᠠᠷ᠎ᠠ ᠵᠢᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠷ᠎ᠠ᠎ᠪᠠᠷ ᠳ᠋ᠦᠩᠨᠡᠨ ᠪᠤᠳᠤᠭᠰᠠᠨ ᠲᠤᠭ᠎ᠠ ᠪᠠᠷᠢᠮᠳᠡ ᠵᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠤᠨ ᠭᠤᠤᠯ ᠬᠡᠰᠡᠭ᠎ᠲᠤ ᠬᠦᠷᠭᠡᠬᠦ ᠵᠢᠨ ᠬᠠᠮᠲᠤ᠂ ᠬᠡᠷᠡᠭᠯᠡᠭᠡᠨ᠎ᠤ ᠨᠠᠷᠢᠨ ᠳᠠᠩᠰᠠ᠂ ᠡᠳᠦᠷ ᠵᠶ᠋ᠠᠷ ᠳ᠋ᠦᠩᠨᠡᠨ ᠪᠤᠳᠤᠭᠰᠠᠨ ᠬᠠᠭᠤᠳᠠᠰᠤ᠂ ᠵᠣᠷ ᠵᠡᠷᠭᠡ ᠮᠠᠲ᠋ᠧᠷᠢᠶᠠᠯ᠎ᠢ ᠲᠣᠬᠢᠲᠠᠶ ᠬᠠᠳᠠᠭ᠋ᠠᠯᠠᠨ ᠬᠠᠮᠢᠶᠠᠷᠴᠤ ᠪᠠᠶ᠋ᠢᠴᠠᠭ᠋ᠠᠬᠤ᠎ᠳᠤ ᠪᠡᠯᠡᠳᠬᠡᠨ᠎ᠡ᠃

   ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠰᠠᠷ᠎ᠠ ᠪᠦᠷᠢ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠦᠷᠭᠡᠭᠰᠡᠨ ᠲᠤᠭ᠎ᠠ ᠪᠠᠷᠢᠮᠳᠡ ᠵᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭ᠋ᠠᠳ ᠪᠤᠷᠤᠭᠤ ᠦᠭᠡᠶ ᠪᠣᠯ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠨ ᠰᠠᠭᠤᠷᠢ ᠮᠥᠩᠭᠦ᠂ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ᠂ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ᠂ ᠠᠯᠪᠠᠲᠠᠨ᠎ᠤ ᠡᠮᠴᠢᠯᠡᠭᠡᠨ᠎ᠤ ᠨᠦᠬᠦᠪᠦᠷᠢ ᠮᠥᠩᠭᠦ ᠵᠢ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠯᠤᠭ᠎ᠠ ᠳ᠋ᠦᠩᠨᠡᠨ ᠪᠤᠳᠤᠨ᠎ᠠ᠂ ᠡᠭᠦᠨ᠎ᠳᠤ᠂ ᠡᠩ᠎ᠤᠨ ᠡᠮᠨᠡᠯᠭᠡ᠎ᠳᠤ ᠰᠠᠭᠤᠵᠤ ᠡᠮᠨᠡᠭᠦᠯᠭᠦ ᠵᠢᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠵᠢ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠪᠣᠳᠠᠲᠠᠶ ᠡᠭᠦᠰᠣᠭ᠌ᠰᠡᠨ ᠲᠣᠭ᠋ᠠᠨ᠎ᠤ 90%᠎ᠪᠠᠷ ᠰᠠᠯᠭ᠋ᠠᠨ ᠥᠭᠴᠦ᠂ ᠵᠢᠯ᠎ᠤᠨ ᠰᠡᠭᠦᠯᠴᠢ᠎ᠳᠤ ᠡᠮᠴᠢᠯᠡᠭᠡᠨ᠎ᠤ ᠪᠠᠶ᠋ᠢᠭᠤᠯᠤᠮᠵᠢ ᠵᠢᠨ ᠰᠢᠯᠭ᠋ᠠᠨ ᠬᠢᠨᠠᠭᠰᠠᠨ ᠲᠠᠰ᠂ ᠲᠣᠭᠲᠠᠭ᠋ᠠᠯ᠎ᠠᠴᠠ ᠵᠦᠷᠢᠴᠡᠵᠣ ᠵᠣᠭᠤᠰ ᠰᠠᠭᠤᠯᠭ᠋ᠠᠨ ᠠᠪᠣᠭᠰᠠᠨ ᠵᠢᠴᠢ ᠬᠡᠲᠦᠷᠡᠭᠰᠡᠨ ᠵᠠᠷᠤᠯᠭ᠎ᠠ ᠵᠢ ᠬᠤᠪᠢᠳᠠᠨ ᠡᠭᠦᠷᠭᠡᠯᠡᠬᠦ ᠵᠡᠷᠭᠡ ᠵᠢ ᠦᠨᠳᠦᠰᠦᠯᠡᠨ ᠨᠠᠷᠢᠪᠴᠢᠯᠠᠨ ᠲᠣᠭ᠋ᠠᠴᠠᠭ᠋ᠠᠯᠠᠨ᠎ᠠ᠃

   ᠳᠥᠴᠢᠨ ᠭᠤᠷᠪᠠᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ᠎ᠤᠨ ᠡᠮᠨᠡᠯᠭᠡ᠎ᠳᠤ ᠰᠠᠭᠤᠭ᠋ᠠᠳ ᠡᠭᠦᠰᠣᠭ᠌ᠰᠡᠨ ᠨᠢᠭᠡᠳᠦᠯᠲᠡᠶ ᠲᠦᠯᠣᠪᠯᠡᠭᠦ ᠰᠠᠭᠤᠷᠢ ᠮᠥᠩᠭᠦ᠎ᠠᠴᠠ ᠳᠥᠯᠥᠭᠰᠡᠨ ᠡᠮᠴᠢᠯᠡᠭᠡᠨ᠎ᠤ ᠵᠠᠷᠤᠳᠠᠯ᠎ᠢ 《ᠶᠡᠷᠦᠩᠬᠡᠶ ᠲᠣᠭ᠋ᠠᠨ᠎ᠤ ᠲᠥᠰᠦᠪ》᠎ᠤᠨ ᠳᠣᠤᠷᠠᠬᠢ ᠣᠯᠠᠨ ᠵᠦᠢ᠍ᠯ᠎ᠤᠨ ᠵᠠᠷᠤᠳᠠᠯ ᠲᠤᠰᠢᠶᠠᠬᠤ ᠠᠷᠭ᠎ᠠ᠎ᠪᠠᠷ ᠳ᠋ᠦᠩᠨᠡᠨ ᠪᠤᠳᠤᠨ᠎ᠠ᠃

   (ᠨᠢᠭᠡ) ᠵᠣᠬᠢᠬᠤ ᠣᠨᠣᠰᠢᠯᠠᠨ ᠡᠮᠨᠡᠬᠦ ᠲᠥᠷᠥᠯ᠎ᠢ ᠪᠦᠷᠢᠳᠦᠭᠦᠯᠦᠭᠰᠡᠨ ᠪᠥᠭᠡᠳ ᠲᠤᠬᠠᠶ᠋ᠢᠯᠠᠭᠰᠠᠨ ᠠᠵᠢᠯ ᠵᠶ᠋ᠠᠨ ᠪᠣᠳᠠᠲᠠᠶ ᠦᠷᠨᠢᠭᠦᠯᠵᠦ ᠪᠠᠢ᠍ᠢ᠍ᠭ᠎ᠠ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ᠂ ᠵᠣᠬᠢᠬᠤ ᠡᠪᠡᠳᠴᠢᠨ᠎ᠤ ᠲᠥᠷᠥᠯ᠎ᠢ ᠭᠥᠯᠢᠶᠡᠨ ᠠᠪᠴᠤ ᠡᠮᠨᠡᠯᠭᠡ᠎ᠳᠤ ᠰᠠᠭᠤᠯᠭ᠋ᠠᠵᠤ ᠵᠠᠰᠠᠭᠰᠠᠨ᠎ᠠᠴᠠ ᠡᠭᠦᠰᠣᠭ᠌ᠰᠡᠨ ᠡᠮᠴᠢᠯᠡᠭᠡᠨ᠎ᠤ ᠶᠡᠷᠦᠩᠬᠡᠶ ᠵᠠᠷᠤᠳᠠᠯ (ᠦᠷᠡᠵᠢᠯ᠎ᠤᠨ ᠡᠮᠴᠢᠯᠡᠭᠡᠨ᠎ᠤ ᠵᠠᠷᠤᠳᠠᠯ᠎ᠢ ᠪᠠᠭᠲᠠᠭ᠋ᠠᠬᠤ ᠥᠬᠡᠶ)᠎ᠢ ᠴᠥᠮ ᠡᠪᠡᠳᠴᠢᠨ᠎ᠤ ᠲᠥᠷᠥᠯ᠎ᠤᠨ ᠨᠣᠭᠳᠠᠬᠤ ᠥᠷᠲᠡᠭ ᠵᠶ᠋ᠠᠷ ᠵᠠᠷᠤᠳᠠᠯ ᠲᠤᠰᠢᠶᠠᠬᠤ ( DIP) ᠬᠡᠪᠴᠢᠶᠡᠨ᠎ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠠᠴᠠ 《ᠶᠡᠷᠦᠩᠬᠡᠶ ᠲᠤᠭ᠎ᠠ ᠵᠢ ᠡᠵᠡᠮᠳᠡᠬᠦ᠂ ᠡᠪᠡᠳᠴᠢᠨ᠎ᠤ ᠲᠥᠷᠥᠯ ᠵᠶ᠋ᠠᠷ ᠥᠷᠲᠡᠭ ᠣᠯᠭᠤᠬᠤ᠂ ᠰᠠᠷ᠎ᠠ᠎ᠪᠠᠷ ᠤᠷᠢᠳᠴᠢᠯᠠᠨ ᠳ᠋ᠦᠩᠨᠡᠨ ᠪᠤᠳᠤᠬᠤ᠂ ᠵᠢᠯ ᠵᠶ᠋ᠠᠷ ᠨᠠᠷᠢᠪᠴᠢᠯᠠᠨ ᠲᠣᠭ᠋ᠠᠴᠠᠭ᠋ᠠᠯᠠᠬᠤ》 ᠵᠠᠷᠴᠢᠮ ᠶᠣᠰᠣᠭ᠋ᠠᠷ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠯᠤᠭ᠎ᠠ ᠡᠪᠡᠳᠴᠢᠨ᠎ᠤ ᠲᠥᠷᠥᠯ᠎ᠤᠨ ᠨᠣᠭᠳᠠᠬᠤ ᠥᠷᠲᠡᠭ ᠵᠶ᠋ᠠᠷ ᠵᠠᠷᠤᠳᠠᠯ ᠲᠤᠰᠢᠶᠠᠬᠤ ᠠᠷᠭ᠎ᠠ᠎ᠪᠠᠷ ᠳ᠋ᠦᠩᠨᠡᠨ ᠪᠤᠳᠤᠨ᠎ᠠ᠃

   ᠡᠮᠴᠢᠯᠡᠭᠡᠨ᠎ᠤ ᠳᠠᠭ᠋ᠠᠳᠬᠠᠯ᠎ᠤᠨ ᠵᠠᠷᠤᠯᠭ᠎ᠠ ᠵᠢᠨ ᠶᠡᠷᠦᠩᠬᠡᠶ ᠲᠣᠭ᠋ᠠᠨ᠎ᠤ ᠪᠣᠷᠣ ᠲᠥᠯᠥᠪ᠎ᠤᠨ ᠳᠣᠣᠷ᠎ᠠ ᠡᠪᠡᠳᠴᠢᠨ᠎ᠤ ᠲᠥᠷᠥᠯ᠎ᠤᠨ ᠨᠣᠭᠳᠠᠬᠤ ᠥᠷᠲᠡᠭ ᠵᠶ᠋ᠠᠷ ᠵᠠᠷᠤᠳᠠᠯ ᠲᠤᠰᠢᠶᠠᠬᠤ ᠳ᠋ᠠᠶ᠋ᠢᠲ᠋ᠠ ᠵᠢᠨ ᠪᠠᠷᠢᠮᠵᠢᠶ᠎ᠠ ᠵᠢᠨ ᠲᠣᠭᠲᠠᠯᠴᠠᠭ᠎ᠠ ᠵᠢ ᠪᠠᠶ᠋ᠢᠭᠤᠯᠵᠤ᠂ DIP ᠬᠠᠮᠢᠶᠠᠷᠤᠯᠲᠠ᠎ᠳᠤ ᠣᠷᠣᠭᠤᠯᠤᠭᠰᠠᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠶᠡᠷᠦᠩᠬᠡᠶ ᠲᠤᠭ᠎ᠠ ᠵᠢᠨ ᠲᠥᠰᠦᠪ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠲᠥᠰᠦᠪ᠎ᠤᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠵᠤ᠂ ᠨᠠᠷᠢᠨ ᠨᠢᠭᠲᠠ ᠲᠥᠰᠦᠪ᠎ᠤᠨ ᠤᠳᠤᠷᠢᠳᠤᠮᠵᠢ᠂ ᠶᠠᠪᠤᠴᠠ ᠵᠢᠨ ᠡᠵᠡᠮᠳᠡᠯ ᠪᠠ ᠲᠥᠰᠦᠪ᠎ᠤᠨ ᠦᠷ᠎ᠡ ᠳ᠋ᠦᠩ᠎ᠤᠨ ᠦᠨᠡᠯᠡᠯᠲᠡ᠎ᠳᠤ ᠰᠠᠭᠤᠷᠢᠯᠠᠭᠰᠠᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠲᠣᠭᠲᠠᠴᠠ ᠵᠢ ᠪᠣᠶ ᠪᠣᠯᠭ᠋ᠠᠵᠤ᠂ ᠲᠥᠰᠦᠪ᠎ᠤᠨ ᠬᠡᠷᠡᠭᠵᠢᠭᠦᠯᠦᠯᠲᠡ ᠵᠢᠨ ᠵᠠᠶ᠋ᠢᠳᠠᠯ᠎ᠤᠨ ᠲᠣᠭᠤᠷᠢᠨ᠎ᠳᠤ᠂ ᠡᠮᠴᠢᠯᠡᠭᠡᠨ᠎ᠤ ᠦᠢ᠍ᠯᠡ ᠠᠵᠢᠯᠯᠠᠭ᠎ᠠ᠎ᠳᠠᠬᠢ ᠬᠢᠨᠠᠨ ᠬᠠᠮᠢᠶᠠᠷᠤᠯᠲᠠ ᠪᠠ ᠰᠢᠯᠭ᠋ᠠᠨ ᠬᠢᠨᠠᠯᠲᠠ ᠵᠢ ᠬᠡᠷᠡᠭᠵᠢᠭᠦᠯᠵᠦ᠂ ᠰᠢᠯᠭ᠋ᠠᠨ ᠬᠢᠨᠠᠭᠰᠠᠨ ᠦᠷ᠎ᠡ ᠳ᠋ᠦᠩ᠎ᠢ ᠰᠠᠷ᠎ᠠ᠎ᠪᠠᠷ ᠤᠷᠢᠳᠴᠢᠯᠠᠨ ᠳ᠋ᠦᠩᠨᠡᠨ ᠪᠤᠳᠤᠬᠤ᠂ ᠵᠢᠯ ᠵᠶ᠋ᠠᠷ ᠨᠠᠷᠢᠪᠴᠢᠯᠠᠨ ᠲᠣᠭ᠋ᠠᠴᠠᠭ᠋ᠠᠯᠠᠬᠤ᠎ᠯᠤᠭ᠎ᠠ ᠬᠤᠯᠪᠣᠭᠳᠠᠭᠤᠯᠬᠤ ᠬᠡᠷᠡᠭᠲᠡᠶ᠃

   (ᠬᠤᠶᠠᠷ) DIP ᠬᠠᠮᠢᠶᠠᠷᠤᠯᠲᠠ᠎ᠳᠤ ᠣᠷᠣᠭᠤᠯᠤᠭᠰᠠᠨ ᠥᠬᠡᠶ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠠᠳᠠᠯᠢ ᠪᠤᠰᠤ ᠲᠠᠰ᠎ᠢ ᠦᠨᠳᠦᠰᠦᠯᠡᠨ᠂ ᠥᠩᠭᠡᠷᠡᠭᠰᠡᠨ ᠵᠢᠯ ᠪᠤᠶᠤ ᠤᠯᠠᠷᠢᠯ᠎ᠳᠠᠬᠢ ᠬᠥᠮᠦᠨ ᠤᠳᠠᠭ᠎ᠠ ᠪᠦᠷᠢ ᠵᠢᠨ ᠡᠮᠨᠡᠯᠭᠡ᠎ᠳᠤ ᠰᠠᠭᠤᠬᠤ᠎ᠳᠤ ᠵᠠᠷᠤᠴᠠᠭᠤᠯᠤᠭᠰᠠᠨ ᠳᠤᠮᠳᠠᠴᠢ ᠡᠮᠴᠢᠯᠡᠭᠡᠨ᠎ᠤ ᠵᠠᠷᠤᠳᠠᠯ᠎ᠢ ᠯᠠᠪᠯᠠᠵᠤ᠂ ᠵᠦᠢ ᠵᠣᠬᠢᠰ ᠥᠬᠡᠶ ᠡᠯᠧᠮᠧᠨ᠋ᠲ᠎ᠢ ᠬᠠᠰᠤᠵᠤ᠂ ᠶᠡᠷᠦᠩᠬᠡᠶ ᠬᠡᠮᠵᠢᠶ᠎ᠡ ᠵᠢᠨ ᠭᠦᠢ᠍ᠴᠡᠳᠬᠡᠯ ᠲᠤᠭ᠎ᠠ ᠪᠠ ᠬᠥᠮᠦᠨ ᠤᠳᠠᠭ᠎ᠠ ᠪᠦᠷᠢ ᠵᠢᠨ ᠡᠮᠨᠡᠯᠭᠡ᠎ᠳᠤ ᠰᠠᠭᠤᠬᠤ᠎ᠳᠤ ᠲᠤᠮᠳᠠᠴᠢ ᠲᠣᠭᠲᠠᠭᠰᠠᠨ ᠨᠣᠷᠮ᠎ᠠ ᠵᠢᠨ ᠬᠠᠮᠢᠶᠠᠷᠤᠯᠲᠠ ᠵᠢᠨ ᠪᠠᠷᠢᠮᠵᠢᠶ᠎ᠠ ᠵᠢ ᠵᠦᠶ ᠵᠣᠬᠢᠰᠲᠠᠶ ᠲᠣᠭᠲᠠᠭ᠋ᠠᠨ᠎ᠠ᠃ ᠲᠣᠭᠲᠠᠭᠰᠠᠨ ᠨᠣᠷᠮ᠎ᠠ ᠵᠢᠨ ᠪᠠᠷᠢᠮᠵᠢᠶ᠎ᠠ ᠵᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠴᠤᠭᠯᠠᠭᠤᠯᠬᠤ ᠬᠠᠷᠢᠴᠠᠯ᠎ᠤᠨ ᠬᠤᠪᠢᠷᠠᠯᠲᠠ᠎ᠲᠠᠢ ᠳᠠᠭ᠋ᠠᠯᠳᠣᠭᠤᠯᠵᠣ ᠵᠣᠬᠢᠴᠠᠩᠭᠤᠶ᠎ᠪᠠᠷ ᠲᠣᠬᠢᠷᠠᠭᠤᠯᠤᠨ᠎ᠠ᠃

   ᠳᠥᠴᠢᠨ ᠳᠥᠷᠪᠡᠳᠦᠭᠡᠷ ᠵᠦᠢ᠍ᠯ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠨᠡᠯᠭᠡ᠎ᠳᠤ ᠰᠠᠭᠤᠵᠤ ᠡᠮᠨᠡᠭᠦᠯᠬᠦ ᠵᠢᠨ ᠨᠢᠭᠡᠳᠦᠯᠲᠡᠶ ᠲᠦᠯᠦᠪᠯᠡᠬᠦ ᠰᠠᠭᠤᠷᠢ ᠮᠦᠩᠭᠦᠨ᠎ᠤ ᠵᠠᠷᠣᠯᠭ᠎ᠠ ᠵᠢᠨ ᠬᠡᠲᠦᠷᠡᠭᠰᠡᠨ ᠬᠡᠰᠡᠭ᠎ᠢ ᠬᠤᠪᠢᠳᠠᠨ ᠡᠭᠦᠷᠭᠡᠯᠡᠨ᠎ᠡ᠃

   (ᠨᠢᠭᠡ) DIP ᠬᠠᠮᠢᠶᠠᠷᠤᠯᠲᠠ᠎ᠳᠤ ᠣᠷᠣᠭᠤᠯᠤᠭᠰᠠᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠵᠢᠯ᠎ᠤᠨ ᠬᠡᠲᠦᠷᠡᠭᠰᠡᠨ ᠵᠠᠷᠤᠯᠭ᠎ᠠ ᠵᠢ ᠬᠤᠪᠢᠳᠠᠨ ᠡᠭᠦᠷᠭᠡᠯᠡᠬᠦ᠎ᠳᠤ ᠳᠣᠤᠷᠠᠬᠢ ᠪᠠᠷᠢᠮᠵᠢᠶ᠎ᠠ᠎ᠪᠠᠷ ᠬᠡᠷᠡᠭᠵᠢᠭᠦᠯᠦᠨ᠎ᠡ᠄ ᠲᠣᠬᠠᠢ ᠵᠢᠨ ᠵᠢᠯ᠎ᠤᠨ ᠡᠪᠡᠳᠴᠢᠨ᠎ᠤ ᠲᠥᠷᠥᠯ᠎ᠤᠨ ᠨᠤᠭᠳᠠᠬᠤ ᠥᠷᠲᠡᠭ ᠵᠶ᠋ᠠᠷ ᠵᠠᠷᠤᠳᠠᠯ ᠲᠤᠰᠢᠶᠠᠬᠤ ᠬᠡᠪᠴᠢᠶᠡᠨ᠎ᠳᠤ ᠣᠷᠣᠭᠤᠯᠤᠭᠰᠠᠨ ᠳᠠᠭ᠋ᠠᠳᠬᠠᠯ᠎ᠳᠤ ᠣᠷᠣᠯᠴᠠᠭᠰᠠᠳ᠎ᠤᠨ ᠲᠣᠰ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠨᠡᠯᠭᠡ᠎ᠳᠤ ᠰᠠᠭᠤᠭ᠋ᠠᠣᠨ ᠡᠭᠦᠰᠣᠭ᠌ᠰᠡᠨ ᠪᠣᠳᠠᠲᠠᠶ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠵᠢᠨ ᠲᠠᠩᠰᠠ ᠲᠡᠮᠲᠡᠭᠯᠡᠭᠰᠡᠨ ᠵᠠᠷᠤᠳᠠᠯ᠎ᠤᠨ ᠶᠡᠷᠦᠩᠬᠡᠶ ᠲᠤᠭ᠎ᠠ᠎ᠨᠢ ᠲᠣᠬᠠᠢ ᠵᠢᠨ ᠵᠢᠯ᠎ᠤᠨ ᠲᠣᠰ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠪᠡᠳᠴᠢᠨ᠎ᠤ ᠲᠥᠷᠥᠯ᠎ᠤᠨ ᠨᠣᠭᠳᠠᠬᠤ ᠥᠷᠲᠡᠭ ᠵᠶ᠋ᠠᠷ ᠵᠠᠷᠤᠳᠠᠯ ᠲᠤᠰᠢᠶᠠᠬᠤ ᠣᠨ᠎ᠤ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠵᠢᠨ ᠲᠥᠰᠦᠪ ᠪᠠ ᠲᠥᠰᠦᠪ᠎ᠤᠨ ᠭᠦᠢ᠍ᠴᠡᠳᠬᠡᠯ᠎ᠤᠨ ᠲᠣᠭ᠋ᠠᠴᠠᠭ᠎ᠠ ᠬᠢᠭᠰᠡᠨ ᠶᠡᠷᠦᠩᠬᠡᠶ ᠲᠣᠭ᠋ᠠᠨ᠎ᠤ 110% ᠵᠢᠨ ᠳᠣᠲᠣᠷ᠎ᠠ ᠪᠠᠶ᠋ᠢᠪᠠᠯ᠂ ᠲᠤᠭ᠎ᠠ᠎ᠠᠴᠠ ᠳᠠᠪᠠᠭᠰᠠᠨ ᠬᠡᠰᠡᠭ᠎ᠤᠨ 50% ᠵᠢ᠎ᠨᠢ ᠲᠣᠰ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠡᠭᠦᠷᠭᠡᠯᠡᠵᠦ᠂ ᠨᠥᠭᠦᠭᠡ 50% ᠵᠢ᠎ᠨᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠰᠢᠯᠭ᠋ᠠᠨ ᠬᠢᠨᠠᠯᠲᠠ ᠵᠢ ᠦᠨᠳᠦᠰᠦᠯᠡᠨ ᠵᠦᠶ ᠵᠣᠬᠢᠰᠲᠠᠶ᠎ᠪᠠᠷ ᠲᠣᠬᠢᠷᠠᠭᠤᠯᠤᠯᠲᠠ ᠬᠢᠭᠰᠡᠨ᠎ᠤ ᠳᠠᠷᠠᠭ᠎ᠠ ᠬᠠᠷᠢᠴᠠᠯ ᠵᠶ᠋ᠠᠷ ᠡᠭᠦᠷᠭᠡᠯᠡᠨ᠎ᠡ᠃

   ᠲᠣᠬᠠᠢ ᠵᠢᠨ ᠵᠢᠯ᠎ᠤᠨ ᠡᠪᠡᠳᠴᠢᠨ᠎ᠤ ᠲᠥᠷᠥᠯ᠎ᠤᠨ ᠨᠣᠭᠳᠠᠬᠤ ᠥᠷᠲᠡᠭ ᠵᠶ᠋ᠠᠷ ᠵᠠᠷᠤᠳᠠᠯ ᠲᠤᠰᠢᠶᠠᠬᠤ ᠬᠡᠪᠴᠢᠶᠡᠨ᠎ᠳᠤ ᠣᠷᠣᠭᠤᠯᠤᠭᠰᠠᠨ ᠳᠠᠭ᠋ᠠᠳᠬᠠᠯ᠎ᠳᠤ ᠣᠷᠣᠯᠴᠠᠭᠰᠠᠳ᠎ᠤᠨ ᠲᠣᠰ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠨᠡᠯᠭᠡ᠎ᠳᠤ ᠰᠠᠭᠤᠭ᠋ᠠᠳ ᠡᠭᠦᠰᠣᠭ᠌ᠰᠡᠨ ᠪᠣᠳᠠᠲᠠᠶ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠵᠢᠨ ᠲᠠᠩᠰᠠ ᠲᠡᠮᠲᠡᠭᠯᠡᠭᠰᠡᠨ ᠵᠠᠷᠤᠳᠠᠯ᠎ᠤᠨ ᠶᠡᠷᠦᠩᠬᠡᠶ ᠲᠤᠭ᠎ᠠ᠎ᠨᠢ ᠲᠣᠬᠠᠢ ᠵᠢᠨ ᠣᠨ᠎ᠤ ᠲᠣᠰ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠪᠡᠳᠴᠢᠨ᠎ᠤ ᠲᠥᠷᠥᠯ᠎ᠤᠨ ᠨᠣᠭᠳᠠᠬᠤ ᠥᠷᠲᠡᠭ ᠵᠶ᠋ᠠᠷ ᠵᠠᠷᠤᠳᠠᠯ ᠲᠤᠰᠢᠶᠠᠬᠤ ᠵᠢᠯ᠎ᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠵᠢᠨ ᠲᠥᠰᠦᠪ ᠪᠠ ᠲᠥᠰᠦᠪ᠎ᠤᠨ ᠭᠦᠢ᠍ᠴᠡᠳᠬᠡᠯ᠎ᠤᠨ ᠲᠣᠭ᠋ᠠᠴᠠᠭ᠎ᠠ ᠬᠢᠭᠰᠡᠨ ᠶᠡᠷᠦᠩᠬᠡᠶ ᠲᠤᠭ᠎ᠠ ᠵᠢᠨ 110%᠎ᠠᠴᠠ ᠳᠡᠭᠡᠭᠰᠢ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠵᠦᠪᠬᠡᠨ 100% — 110% ᠵᠢᠨ ᠳᠣᠲᠣᠷᠠᠬᠢ ᠬᠡᠰᠡᠭ᠎ᠤᠨ 50% ᠵᠢ ᠯᠠ ᠳᠥᠯᠥᠨ᠎ᠡ᠃ 110%᠎ᠠᠴᠠ ᠳᠡᠭᠡᠭᠰᠢᠬᠢ ᠬᠡᠰᠡᠭ᠎ᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠥᠪᠡᠷ ᠵᠶ᠋ᠠᠨ ᠡᠭᠦᠷᠭᠡᠯᠡᠵᠦ᠂ ᠵᠠᠷᠣᠯᠭ᠎ᠠ ᠵᠢᠨ ᠬᠡᠲᠦᠷᠡᠭᠰᠡᠨ ᠬᠡᠰᠡᠭ᠎ᠢ ᠬᠤᠪᠢᠳᠡᠨ ᠡᠭᠦᠷᠭᠡᠯᠡᠭᠦ᠎ᠪᠠᠷ ᠪᠤᠳᠤᠬᠤ ᠬᠡᠪᠴᠢᠶᠡᠨ᠎ᠳᠤ ᠣᠷᠣᠭᠤᠯᠬᠤ ᠥᠬᠡᠶ᠃

   (ᠬᠤᠶᠠᠷ) DIP ᠬᠠᠮᠢᠶᠠᠷᠤᠯᠲᠠ᠎ᠳᠤ ᠣᠷᠣᠭᠤᠯᠤᠭᠰᠠᠨ ᠥᠬᠡᠶ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠵᠢᠯ᠎ᠤᠨ ᠬᠡᠲᠦᠷᠡᠭᠰᠡᠨ ᠵᠠᠷᠤᠯᠭ᠎ᠠ ᠵᠢ ᠬᠤᠪᠢᠳᠠᠨ ᠡᠭᠦᠷᠭᠡᠯᠡᠬᠦ᠎ᠳᠤ ᠳᠣᠤᠷᠠᠬᠢ ᠪᠠᠷᠢᠮᠵᠢᠶ᠎ᠠ᠎ᠪᠠᠷ ᠬᠡᠷᠡᠭᠵᠢᠭᠦᠯᠦᠨ᠎ᠡ᠄ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠨᠡᠯᠭᠡ᠎ᠳᠤ ᠰᠠᠭᠤᠵᠤ ᠡᠮᠨᠡᠭᠦᠯᠬᠦ ᠵᠢᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ᠎ᠠᠴᠠ ᠲᠦᠯᠦᠬᠦ ᠲᠣᠭᠲᠠᠭᠰᠠᠨ ᠨᠣᠷᠮ᠎ᠠ ᠵᠢᠨ ᠪᠠᠷᠢᠮᠵᠢᠶ᠎ᠠ ᠵᠢ ᠳᠡᠭᠡᠭᠰᠢ᠎ᠪᠠᠨ ᠪᠣᠶᠣ ᠳᠣᠷᠣᠭᠰᠢ᠎ᠪᠠᠨ 10% ᠬᠡᠯᠪᠡᠯᠵᠢᠬᠦᠯᠵᠤ ᠪᠣᠯᠤᠨ᠎ᠠ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠪᠣᠳᠠᠲᠠᠶ ᠡᠭᠦᠰᠣᠭ᠌ᠰᠡᠨ ᠡᠮᠨᠡᠯᠭᠡ᠎ᠳᠤ ᠰᠠᠭᠤᠵᠤ ᠡᠮᠨᠡᠭᠦᠯᠬᠦ ᠵᠢᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠵᠢᠨ ᠵᠠᠷᠤᠳᠠᠯ᠎ᠨᠢ ᠲᠣᠭᠲᠠᠭᠰᠠᠨ ᠲᠣᠭ᠋ᠠᠨ᠎ᠤ ᠪᠠᠷᠢᠮᠵᠢᠶ᠎ᠠ᠎ᠠᠴᠠ 10% — 15% ᠵᠢᠨ ᠬᠤᠭᠤᠷᠣᠨᠳᠣ ᠬᠡᠲᠦᠷᠡᠭᠰᠡᠨ ᠪᠣᠯ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ ᠲᠣᠰ ᠲᠣᠰ ᠪᠠᠷᠢᠮᠵᠢᠶ᠎ᠠ᠎ᠠᠴᠠ ᠬᠡᠲᠦᠷᠡᠭᠰᠡᠨ ᠬᠡᠰᠡᠭ᠎ᠤᠨ 50% ᠵᠢ ᠡᠭᠦᠷᠭᠡᠯᠡᠨ᠎ᠡ; ᠲᠣᠭᠲᠠᠭᠰᠠᠨ ᠲᠣᠭ᠋ᠠᠨ᠎ᠤ ᠪᠠᠷᠢᠮᠵᠢᠶ᠎ᠠ᠎ᠠᠴᠠ 15%᠎ᠠᠴᠠ ᠳᠡᠭᠡᠭᠰᠢ ᠬᠡᠲᠦᠷᠡᠭᠰᠡᠨ ᠬᠡᠰᠡᠭ᠎ᠢ ᠴᠦᠮ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠡᠭᠦᠷᠭᠡᠯᠡᠨ᠎ᠡ᠃

   ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠪᠣᠳᠠᠲᠠᠶ ᠡᠭᠦᠰᠣᠭ᠌ᠰᠡᠨ ᠡᠮᠨᠡᠯᠭᠡ᠎ᠳᠤ ᠰᠠᠭᠤᠵᠤ ᠡᠮᠨᠡᠭᠦᠯᠬᠦ ᠵᠢᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠵᠢᠨ ᠵᠠᠷᠤᠳᠠᠯ᠎ᠨᠢ ᠲᠣᠭᠲᠠᠭᠰᠠᠨ ᠲᠣᠭ᠋ᠠᠨ᠎ᠤ ᠪᠠᠷᠢᠮᠵᠢᠶ᠎ᠠ᠎ᠠᠴᠠ 10% — 15% ᠵᠢᠨ ᠬᠤᠭᠤᠷᠣᠨᠳᠣ ᠲᠣᠣᠷ᠎ᠡ ᠪᠠᠢ᠍ᠢ᠍ᠬᠤ ᠦᠯᠡᠳᠡᠭᠰᠡᠨ ᠵᠠᠷᠤᠳᠠᠯ᠎ᠳᠤ᠂ ᠦᠯᠡᠳᠡᠭᠰᠡᠨ ᠬᠡᠰᠡᠭ᠎ᠤᠨ 50% ᠵᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠱᠠᠩᠨᠠᠨ᠎ᠡ; ᠪᠣᠳᠠᠲᠠᠶ ᠡᠭᠦᠰᠣᠭ᠌ᠰᠡᠨ ᠨᠢᠭᠡᠳᠦᠯᠲᠡᠶ ᠲᠥᠯᠥᠪᠯᠡᠭᠡ ᠵᠢᠨ ᠰᠠᠭᠤᠷᠢ ᠮᠥᠩᠭᠦ ᠵᠢᠨ ᠵᠠᠷᠤᠳᠠᠯ᠎ᠨᠢ ᠲᠣᠭᠲᠠᠭᠰᠠᠨ ᠨᠣᠷᠮ᠎ᠠ ᠵᠢᠨ ᠪᠠᠷᠢᠮᠵᠢᠶ᠎ᠠ᠎ᠠᠴᠠ 15% ᠭᠠᠷᠤᠢ ᠲᠣᠣᠷ᠎ᠡ ᠪᠠᠢ᠍ᠢ᠍ᠪᠡᠯ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠪᠣᠳᠠᠲᠠᠶ ᠡᠭᠦᠰᠣᠭ᠌ᠰᠡᠨ ᠡᠮᠴᠢᠯᠡᠭᠡᠨ᠎ᠤ ᠵᠠᠷᠤᠳᠠᠯ ᠵᠶ᠋ᠠᠷ ᠳ᠋ᠦᠩᠨᠡᠨ ᠪᠤᠳᠤᠨ᠎ᠠ᠃

        ᠳᠥᠴᠢᠨ ᠲᠠᠪᠤᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠬᠥᠬᠡᠭᠴᠢᠨ ᠲᠥᠷᠥᠯ᠎ᠤᠨ ᠡᠮ᠎ᠤᠨ ᠵᠦᠢ᠍ᠯ᠎ᠢ ᠬᠡᠷᠡᠭᠯᠡᠭᠰᠡᠨ ᠪᠠ ᠦᠨᠳᠦᠰᠦᠨ ᠡᠮᠴᠢᠯᠡᠭᠡᠨ᠎ᠤ ᠳᠠᠭ᠋ᠠᠳᠬᠠᠯ ᠵᠶ᠋ᠠᠷ ᠬᠡᠰᠡᠭ ᠵᠠᠷᠤᠳᠠᠯ᠎ᠢ ᠲᠥᠯᠥᠬᠦ ᠣᠨᠣᠰᠢᠯᠠᠨ ᠡᠮᠨᠡᠬᠦ ᠲᠥᠷᠥᠯ ᠵᠦᠢ᠍ᠯ ᠵᠶ᠋ᠠᠷ ᠡᠮᠨᠡᠭᠦᠯᠦᠭᠰᠡᠨ ᠪᠣᠯ᠂ ᠠᠶᠤᠯᠲᠠᠢ ᠲᠦᠷᠭᠡᠨ ᠬᠦᠨᠳᠦ ᠡᠪᠡᠳᠴᠢᠨ᠎ᠲᠠᠢ ᠳᠠᠭ᠋ᠠᠳᠬᠠᠯ᠎ᠳᠤ ᠣᠷᠣᠯᠴᠠᠭᠰᠠᠳ ᠲᠦᠷᠭᠡᠨ ᠠᠪᠤᠷᠠᠬᠤ᠂ ᠪᠠᠴᠢᠮ ᠠᠪᠤᠷᠠᠬᠤ ᠬᠤᠭᠤᠴᠠᠭ᠋ᠠᠨ᠎ᠳᠤ ᠡᠮᠴᠢ ᠵᠢᠨ ᠵᠢᠭ᠋ᠠᠪᠤᠷᠢ᠎ᠪᠠᠷ ᠴᠢᠰᠤᠨ᠎ᠤ ᠪᠦᠲᠦᠭᠡᠭᠳᠡᠬᠦᠨ᠂ ᠤᠭᠤᠷᠠᠭ᠎ᠤᠨ ᠲᠥᠷᠥᠯ᠎ᠤᠨ ᠪᠦᠲᠦᠭᠡᠭᠳᠡᠬᠦᠨ᠎ᠢ ᠬᠡᠷᠡᠭᠯᠡᠭᠰᠡᠨ ᠪᠣᠯ᠂ ᠲᠡᠷᠡ ᠬᠦ᠌ ᠵᠠᠷᠤᠳᠠᠯ᠎ᠢ ᠴᠥᠮ ᠲᠣᠰ ᠬᠥᠮᠦᠨ 10% ᠵᠢ᠎ᠨᠢ ᠳᠥᠯᠥᠵᠦ᠂ ᠦᠯᠡᠳᠡᠭᠰᠡᠨ 90% ᠵᠢ᠎ᠨᠢ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ᠂ ᠠᠵᠢᠯᠲᠠᠨ ᠠᠵᠢᠯᠴᠢᠨ᠎ᠤ á ¶á ¡á ­á ¡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠪᠠ ᠬᠤᠪᠢ ᠬᠥᠮᠦᠨ ᠲᠣᠭᠲᠠᠭ᠋ᠠᠭᠰᠠᠨ ᠬᠠᠷᠢᠴᠠᠯ ᠵᠶ᠋ᠠᠷ ᠳᠥᠯᠥᠨ᠎ᠡ᠃

   ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠥᠪᠡᠷ ᠵᠶ᠋ᠠᠨ ᠳᠥᠯᠥᠬᠦ ᠬᠠᠷᠢᠴᠠᠯ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠦᠯᠡᠳᠡᠭᠰᠡᠨ ᠬᠡᠰᠡᠭ᠎ᠢ᠎ᠨᠢ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ᠂ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠪᠠ ᠬᠤᠪᠢ ᠬᠥᠮᠦᠨ ᠲᠣᠭᠲᠠᠭ᠋ᠠᠭᠰᠠᠨ ᠬᠠᠷᠢᠴᠠᠯ ᠵᠶ᠋ᠠᠷ ᠳᠥᠯᠥᠨ᠎ᠡ᠃

   ᠳᠥᠴᠢᠨ ᠵᠢᠷᠭᠤᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ᠎ᠤᠨ ᠲᠣᠰ ᠱᠠᠲᠤᠨ᠎ᠤ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠭᠦᠰᠬᠡᠭᠰᠡᠨ ᠲᠦᠷᠭᠡᠨ ᠡᠮᠴᠢᠯᠡᠭᠡᠨ᠎ᠤ ᠵᠠᠷᠤᠳᠠᠯ (ᠭᠤᠷᠪᠠᠨ ᠡᠳᠦᠷ᠎ᠤᠨ ᠲᠣᠳᠣᠷ᠎ᠡ ᠪᠠᠢ᠍ᠢ᠍ᠬᠤ᠎ᠪᠠᠷ ᠬᠢᠵᠠᠭ᠋ᠠᠷᠯᠠᠨ᠎ᠠ)᠎ᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠠᠴᠠ ᠲᠣᠭᠲᠠᠭ᠋ᠠᠭᠰᠠᠨ ᠪᠠᠷᠢᠮᠵᠢᠶ᠎ᠠ ᠶᠣᠰᠣᠭ᠋ᠠᠷ ᠰᠢᠭᠤᠳ ᠳ᠋ᠦᠩᠨᠡᠨ ᠪᠤᠳᠤᠬᠤ ᠵᠢ ᠬᠠᠷᠢᠭᠤᠴᠠᠨ᠎ᠠ᠃

   ᠳᠠᠭ᠋ᠠᠳᠬᠠᠯ᠎ᠳᠤ ᠣᠷᠣᠯᠴᠠᠭᠰᠠᠳ᠎ᠤᠨ ᠥᠪᠡᠷᠲᠡᠭᠡᠨ ᠵᠠᠰᠠᠬᠤ ᠣᠷᠣᠨ᠎ᠤ ᠭᠠᠳᠠᠨ᠎ᠠ ᠠᠯᠪᠠᠨ ᠶᠠᠪᠤᠳᠠᠯ ᠵᠶ᠋ᠠᠷ ᠭᠠᠳᠠᠭᠰᠢ ᠭᠠᠷᠤᠭᠰᠠᠨ ᠪᠤᠶᠤ ᠲᠥᠷᠥᠯ ᠰᠠᠳᠤᠨ ᠵᠶ᠋ᠠᠨ ᠡᠷᠭᠢᠵᠦ ᠦᠵᠡᠬᠦ ᠬᠤᠭᠤᠴᠠᠭ᠋ᠠᠨ᠎ᠳᠤ ᠡᠭᠦᠰᠬᠡᠭᠰᠡᠨ ᠬᠤᠯᠪᠣᠭᠳᠠᠯ ᠪᠦᠬᠦᠢ ᠲᠣᠭᠲᠠᠭ᠋ᠠᠯ᠎ᠳᠤ ᠨᠡᠢ᠍ᠢ᠍ᠴᠡᠬᠦ ᠡᠮᠨᠡᠯᠭᠡ᠎ᠳᠤ ᠰᠠᠭᠤᠭᠰᠠᠨ ᠪᠤᠶᠤ ᠪᠠᠴᠢᠮ ᠠᠪᠤᠷᠠᠯᠳᠠ ᠬᠢᠭᠰᠡᠨ ᠡᠮᠴᠢᠯᠡᠭᠡᠨ᠎ᠤ ᠵᠠᠷᠤᠳᠠᠯ᠎ᠢ ᠤᠷᠢᠳ ᠵᠶ᠋ᠠᠷ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠪᠤᠶᠤ ᠬᠤᠪᠢ ᠬᠥᠮᠦᠨ ᠣᠷᠣᠯᠠᠨ ᠥᠭᠴᠦ᠂ ᠣᠨᠣᠰᠢᠯᠠᠨ ᠡᠮᠨᠡᠵᠦ ᠳᠠᠭᠤᠰᠤᠭᠰᠠᠨ᠎ᠤ ᠳᠠᠷᠠᠭ᠎ᠠ ᠡᠮᠨᠡᠭᠦᠯᠦᠭᠰᠡᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠪᠡᠳᠴᠢᠨ᠎ᠤ ᠲᠡᠮᠲᠡᠭᠯᠡᠯ᠎ᠤᠨ ᠮᠠᠲ᠋ᠧᠷᠢᠶᠠᠯ᠂ ᠣᠨᠣᠰᠢᠯᠠᠭᠰᠠᠨ ᠭᠡᠷᠡᠴᠢᠯᠡᠭᠡ᠂ ᠡᠮᠴᠢᠯᠡᠭᠡᠨ᠎ᠤ ᠵᠠᠷᠤᠳᠠᠯ᠎ᠤᠨ ᠪᠠᠷᠢᠮᠲᠠ᠂ ᠵᠠᠷᠤᠳᠠᠯ᠎ᠤᠨ ᠲᠣᠳᠣᠷᠬᠠᠢ ᠬᠠᠭᠤᠳᠠᠰᠤ ᠵᠡᠷᠭᠡ ᠬᠦᠴᠦᠨ ᠪᠥᠬᠦᠶ ᠭᠡᠷᠡᠴᠢ ᠪᠠᠷᠢᠮᠲᠠ᠎ᠪᠠᠨ ᠠᠪᠴᠤ᠂ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠴᠣᠩᠬᠤᠪᠴᠢ᠎ᠳᠤ ᠬᠦᠷᠴᠦ ᠲᠠᠩᠰᠠ ᠲᠠᠶ᠋ᠢᠯᠬᠤ ᠭᠠᠷᠳᠠᠮ ᠭᠦᠢ᠍ᠴᠡᠳᠭᠡᠨ᠎ᠡ᠃

   ᠥᠪᠡᠷᠲᠡᠭᠡᠨ ᠵᠠᠰᠠᠬᠤ ᠣᠷᠣᠨ᠎ᠤ ᠭᠠᠳᠠᠨ᠎ᠠ ᠡᠭᠦᠰᠬᠡᠭᠰᠡᠨ ᠡᠮᠨᠡᠯᠭᠡ᠎ᠳᠤ ᠰᠠᠭᠤᠭᠰᠠᠨ ᠡᠮᠴᠢᠯᠡᠭᠡᠨ᠎ᠤ ᠵᠠᠷᠤᠳᠠᠯ᠎ᠤᠨ ᠲᠠᠩᠰᠠ ᠲᠠᠶ᠋ᠢᠯᠬᠤ ᠬᠠᠷᠢᠴᠠᠯ᠎ᠢ ᠲᠣᠰ ᠭᠠᠵᠠᠷ᠎ᠤᠨ ᠡᠮᠨᠡᠯᠭᠡ᠎ᠳᠤ ᠰᠠᠭᠤᠭᠰᠠᠨ ᠵᠠᠷᠤᠳᠠᠯ᠎ᠤᠨ ᠲᠠᠩᠰᠠ ᠲᠠᠶ᠋ᠢᠯᠬᠤ ᠪᠠᠷᠢᠮᠵᠢᠶ᠎ᠠ ᠵᠢᠨ ᠰᠠᠭᠤᠷᠢᠨ ᠳᠡᠭᠡᠷ᠎ᠡ 5%᠎ᠪᠠᠷ ᠪᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠡᠭᠦᠰᠬᠡᠭᠰᠡᠨ ᠡᠮᠨᠡᠯᠭᠡ᠎ᠳᠤ ᠰᠠᠭᠤᠭᠰᠠᠨ ᠡᠮᠴᠢᠯᠡᠭᠡᠨ᠎ᠤ ᠵᠠᠷᠤᠳᠠᠯ᠎ᠢ ᠲᠣᠰ ᠭᠠᠵᠠᠷ᠎ᠤᠨ ᠡᠮᠨᠡᠯᠭᠡ᠎ᠳᠤ ᠰᠠᠭᠤᠭᠰᠠᠨ ᠵᠠᠷᠤᠳᠠᠯ᠎ᠤᠨ ᠲᠠᠩᠰᠠ ᠲᠠᠶ᠋ᠢᠯᠬᠤ ᠪᠠᠷᠢᠮᠵᠢᠶ᠎ᠠ᠎ᠪᠠᠷ ᠬᠡᠷᠡᠭᠵᠢᠭᠦᠯᠦᠨ᠎ᠡ᠃

   ᠳᠥᠴᠢᠨ ᠳᠣᠯᠣᠳᠤᠭ᠋ᠠᠷ ᠵᠦᠢ᠍ᠯ ᠮᠤᠵᠢ ᠠᠯᠤᠰᠯᠠᠨ ᠲᠦᠷ ᠴᠠᠭ ᠣᠨᠳᠣᠣ ᠭᠠᠵᠠᠷ᠎ᠲᠤ ᠡᠮᠨᠡᠭᠦᠯᠭᠦ᠎ᠪᠠᠷ ᠪᠦᠷᠢᠳᠭᠡᠨ ᠳᠠᠩᠰᠠᠯᠠᠭᠤᠯᠤᠭᠰᠠᠨ ᠳᠠᠭ᠋ᠠᠳᠬᠠᠯ᠎ᠳᠤ ᠣᠷᠣᠯᠴᠠᠭᠰᠠᠳ᠎ᠤᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠭᠦᠰᠬᠡᠭᠰᠡᠨ ᠡᠮᠴᠢᠯᠡᠭᠡᠨ᠎ᠤ ᠵᠠᠷᠤᠳᠠᠯ᠎ᠢ ᠴᠠᠭ ᠲᠤᠬᠠᠶ᠎ᠳᠤ᠎ᠨᠢ ᠳ᠋ᠦᠩᠨᠡᠨ ᠪᠣᠳᠣᠨ᠎ᠡ᠂ ᠴᠠᠭ ᠲᠤᠬᠠᠶ᠎ᠳᠤ᠎ᠨᠢ ᠳ᠋ᠦᠩᠨᠡᠨ ᠪᠤᠳᠤᠬᠰᠠᠨ ᠦᠭᠡᠢ ᠡᠮᠴᠢᠯᠡᠭᠡᠨ᠎ᠤ ᠵᠠᠷᠤᠳᠠᠯ᠎ᠢ ᠲᠤᠰ ᠬᠥᠮᠦᠨ ᠣᠷᠣᠯᠠᠨ ᠦᠭᠴᠦ᠂ ᠣᠨᠣᠰᠢᠯᠠᠨ ᠡᠮᠨᠡᠵᠦ ᠳᠠᠭᠤᠰᠤᠭᠰᠠᠨ᠎ᠤ ᠲᠠᠷᠠᠭ᠎ᠠ ᠵᠠᠷᠤᠳᠠᠯ᠎ᠢ ᠲᠠᠰᠤᠯᠤᠨ ᠪᠤᠳᠤᠭᠰᠠᠨ ᠪᠠᠷᠢᠮᠲᠠ᠂ ᠵᠠᠷᠤᠳᠠᠯ᠎ᠤᠨ ᠨᠠᠷᠢᠨ ᠳᠠᠩᠰᠠ᠂ ᠣᠨᠣᠰᠢᠯᠠᠭᠰᠠᠨ ᠪᠢᠴᠢᠭ ᠵᠶ᠋ᠠᠨ ᠬᠠᠩᠭ᠋ᠠᠵᠤ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠴᠣᠩᠬᠤᠪᠴᠢ᠎ᠳᠤ ᠬᠦᠷᠴᠦ ᠲᠠᠩᠰᠠ ᠲᠠᠶ᠋ᠢᠯᠬᠤ ᠭᠠᠷᠳᠠᠮ ᠭᠦᠢ᠍ᠴᠡᠳᠭᠡᠨ᠎ᠡ᠃

   ᠡᠮᠨᠡᠯᠭᠡ᠎ᠳᠤ ᠰᠠᠭᠤᠭᠰᠠᠨ ᠡᠮᠴᠢᠯᠡᠭᠡᠨ᠎ᠤ ᠵᠠᠷᠤᠳᠠᠯ᠎ᠤᠨ ᠲᠠᠩᠰᠠ ᠲᠠᠶ᠋ᠢᠯᠬᠤ ᠬᠠᠷᠢᠴᠠᠯ᠎ᠢ ᠲᠣᠰ ᠭᠠᠵᠠᠷ᠎ᠤᠨ ᠡᠮᠨᠡᠯᠭᠡ᠎ᠳᠤ ᠰᠠᠭᠤᠭᠰᠠᠨ ᠵᠠᠷᠤᠳᠠᠯ᠎ᠤᠨ ᠲᠠᠩᠰᠠ ᠲᠠᠶ᠋ᠢᠯᠬᠤ ᠪᠠᠷᠢᠮᠵᠢᠶ᠎ᠠ ᠵᠢᠨ ᠰᠠᠭᠤᠷᠢᠨ ᠳᠡᠭᠡᠷ᠎ᠡ 5%᠎ᠪᠠᠷ ᠪᠠᠭᠤᠷᠠᠭᠤᠯᠤᠨ᠎ᠠ᠃

   ᠳᠥᠴᠢᠨ ᠨᠠᠢ᠍ᠮᠠᠳᠤᠭ᠋ᠠᠷ ᠵᠦᠢ᠍ᠯ ᠮᠤᠵᠢ ᠠᠯᠤᠰᠯᠠᠨ ᠤᠷᠳᠤ ᠬᠤᠭᠤᠴᠠᠭ᠎ᠠ᠎ᠪᠠᠷ ᠣᠨᠳᠣᠣ ᠭᠠᠵᠠᠷ᠎ᠲᠤ ᠰᠠᠭᠤᠷᠢᠰᠢᠬᠤ᠎ᠪᠠᠷ ᠪᠦᠷᠢᠳᠭᠡᠨ ᠳᠠᠩᠰᠠᠯᠠᠭᠤᠯᠤᠭᠰᠠᠨ ᠳᠠᠭ᠋ᠠᠳᠬᠠᠯ᠎ᠳᠤ ᠣᠷᠣᠯᠴᠠᠭᠰᠠᠳ᠎ᠤᠨ ᠡᠮᠨᠡᠭᠦᠯᠦᠭᠰᠡᠨ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠎ᠤᠨ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠡᠮᠨᠡᠭᠦᠯᠵᠦ ᠡᠮ ᠵᠠᠯᠠᠬᠤ᠎ᠳᠤ ᠡᠭᠦᠰᠬᠡᠭᠰᠡᠨ ᠲᠣᠭᠲᠠᠭ᠋ᠠᠯ᠎ᠳᠤ ᠨᠡᠶ᠋ᠢᠴᠡᠭᠰᠡᠨ ᠡᠮᠴᠢᠯᠡᠭᠡᠨ᠎ᠤ ᠵᠠᠷᠤᠳᠠᠯ᠎ᠢ ᠲᠠᠩᠰᠠ ᠲᠠᠶ᠋ᠢᠯᠬᠤ ᠬᠡᠪᠴᠢᠶᠡᠨ᠎ᠳᠤ ᠣᠷᠣᠭᠤᠯᠤᠨ᠎ᠠ᠃ ᠡᠭᠦᠨ᠎ᠠᠴᠠ ᠪᠣᠯᠤᠭᠰᠠᠨ ᠡᠮᠴᠢᠯᠡᠭᠡᠨ᠎ᠤ ᠵᠠᠷᠤᠳᠠᠯ᠎ᠢ ᠴᠠᠭ ᠲᠤᠬᠠᠶ᠎ᠳᠤ᠎ᠨᠢ ᠳ᠋ᠦᠩᠨᠡᠨ ᠪᠣᠳᠣᠨ᠎ᠡ᠂ ᠴᠠᠭ ᠲᠤᠬᠠᠶ᠎ᠳᠤ᠎ᠨᠢ ᠳ᠋ᠦᠩᠨᠡᠨ ᠪᠤᠳᠤᠵᠤ ᠳᠡᠶ᠋ᠢᠯᠦᠭᠰᠡᠨ ᠥᠬᠡᠶ ᠡᠮᠴᠢᠯᠡᠭᠡᠨ᠎ᠤ ᠵᠠᠷᠤᠳᠠᠯ᠎ᠢ ᠲᠣᠰ ᠬᠥᠮᠦᠨ ᠣᠷᠣᠯᠠᠨ ᠥᠭᠴᠦ᠂ ᠡᠮᠨᠡᠭᠦᠯᠵᠦ ᠳᠠᠭᠤᠰᠤᠭᠰᠠᠨ᠎ᠤ ᠳᠠᠷᠠᠭ᠎ᠠ ᠬᠦᠴᠦᠨ ᠪᠥᠬᠦᠶ ᠭᠡᠷᠡᠴᠢ ᠪᠠᠷᠢᠮᠲᠠ᠎ᠪᠠᠨ ᠠᠪᠴᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠴᠣᠩᠬᠤᠪᠴᠢ᠎ᠳᠤ ᠬᠦᠷᠴᠦ ᠲᠠᠩᠰᠠ ᠲᠠᠶ᠋ᠢᠯᠬᠤ ᠭᠠᠷᠳᠠᠮ ᠭᠦᠢ᠍ᠴᠡᠳᠭᠡᠨ᠎ᠡ᠃ ᠡᠭᠦᠰᠣᠭ᠌ᠰᠡᠨ ᠡᠮᠴᠢᠯᠡᠭᠡᠨ᠎ᠤ ᠵᠠᠷᠤᠳᠠᠯ᠎ᠢ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠲᠠᠩᠰᠠ ᠲᠠᠶ᠋ᠢᠯᠬᠤ ᠬᠠᠷᠢᠴᠠᠯ ᠵᠶ᠋ᠠᠷ ᠬᠡᠷᠡᠭᠵᠢᠭᠦᠯᠦᠨ᠎ᠡ᠃

   ᠳᠥᠴᠢ ᠶᠢᠰᠦᠳᠦᠭᠡᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠠᠷᠢᠴᠠᠭ᠎ᠠ᠎ᠪᠠᠨ ᠲᠠᠰᠤᠯᠳᠠᠭᠤᠯᠤᠭ᠋ᠠᠳ 6 ᠰᠠᠷ᠎ᠠ (ᠪᠠᠭᠲᠠᠭ᠋ᠠᠨ᠎ᠠ) ᠵᠢᠨ ᠳᠣᠲᠣᠷ᠎ᠠ ᠬᠠᠷᠢᠴᠠᠭ᠎ᠠ᠎ᠪᠠᠨ ᠦᠷᠭᠦᠯᠵᠢᠯᠡᠭᠦᠯᠦᠭᠰᠡᠨ ᠪᠣᠯ᠂ ᠲᠠᠰᠣᠯᠳᠠᠭᠤᠯᠣᠭᠰᠠᠨ ᠬᠤᠭᠤᠴᠠᠭ᠋ᠠᠨ᠎ᠳᠠᠬᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ ᠵᠶ᠋ᠠᠨ ᠨᠥᠬᠦᠨ ᠲᠤᠰᠢᠶᠠᠵᠤ᠂ ᠨᠥᠬᠦᠨ ᠲᠤᠰᠢᠶᠠᠭᠰᠠᠨ ᠲᠤᠰ ᠰᠠᠷ᠎ᠠ᠎ᠳᠤ᠎ᠪᠠᠨ ᠡᠮᠴᠢᠯᠡᠭᠡᠨ᠎ᠤ ᠬᠠᠷᠠᠭ᠋ᠠᠯᠵᠠᠯ ᠬᠦᠷᠳᠡᠵᠤ ᠪᠣᠯᠤᠨ᠎ᠠ᠂ ᠲᠠᠰᠣᠯᠳᠠᠭᠤᠯᠣᠭᠰᠠᠨ ᠬᠤᠭᠤᠴᠠᠭ᠋ᠠᠨ᠎ᠤ ᠬᠠᠷᠠᠭ᠋ᠠᠯᠵᠠᠯ᠎ᠢ ᠲᠣᠭᠲᠠᠭ᠋ᠠᠯ ᠶᠣᠰᠣᠭ᠋ᠠᠷ ᠨᠡᠬᠡᠮᠵᠢᠯᠡᠨ ᠬᠦᠷᠳᠡᠵᠤ᠂ ᠬᠠᠷᠢᠴᠠᠯ ᠶᠣᠰᠣᠭ᠋ᠠᠷ ᠬᠤᠪᠢ ᠬᠥᠮᠦᠨ᠎ᠤ ᠲᠠᠩᠰᠠᠨ ᠡᠷᠦᠭᠡ᠎ᠳᠤ ᠰᠢᠯᠵᠢᠭᠦᠯᠦᠨ ᠥᠭᠴᠦ᠂ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠵᠢ ᠦᠷᠭᠦᠯᠵᠢᠯᠡᠭᠦᠯᠣᠨ ᠪᠤᠳᠤᠵᠤ ᠪᠣᠯᠤᠨ᠎ᠠ; 6 ᠰᠠᠷ᠎ᠠ᠎ᠠᠴᠠ ᠳᠡᠭᠡᠭᠰᠢ ᠵᠠᠷᠤᠳᠠᠯ ᠲᠤᠰᠢᠶᠠᠬᠤ᠎ᠪᠠᠨ ᠲᠠᠰᠤᠯᠳᠠᠭᠤᠯᠤᠭᠰᠠᠨ᠎ᠤ ᠳᠠᠷᠠᠭ᠎ᠠ ᠡᠮᠴᠢᠯᠡᠭᠡᠨ᠎ᠤ ᠳᠠᠭ᠋ᠠᠳᠬᠠᠯ᠎ᠤᠨ ᠬᠠᠷᠢᠴᠠᠭ᠎ᠠ᠎ᠪᠠᠨ ᠦᠷᠭᠦᠯᠵᠢᠯᠡᠭᠦᠯᠦᠭᠰᠡᠨ ᠪᠣᠯ᠂ ᠲᠠᠰᠤᠯᠳᠠᠭᠤᠯᠤᠭᠰᠠᠨ ᠬᠤᠭᠤᠴᠠᠭ᠋ᠠᠨ᠎ᠳᠤ ᠡᠭᠦᠰᠣᠭ᠌ᠰᠡᠨ ᠡᠮᠴᠢᠯᠡᠭᠡᠨ᠎ᠤ ᠵᠠᠷᠤᠳᠠᠯ᠎ᠢ ᠳᠠᠩᠰᠠᠨ᠎ᠠᠴᠠ ᠲᠠᠢ᠍ᠢ᠍ᠯᠵᠤ ᠥᠭᠬᠦ ᠦᠭᠡᠢ᠃

   ᠲᠠᠪᠢᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠨ ᠪᠠᠯᠠ ᠮᠥᠩᠭᠦ᠎ᠪᠠᠷ ᠳ᠋ᠦᠩᠨᠡᠨ ᠪᠤᠳᠤᠭᠰᠠᠨ ᠡᠮᠴᠢᠯᠡᠭᠡᠨ᠎ᠤ ᠵᠠᠷᠤᠳᠠᠯ᠎ᠢ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ᠎ᠠᠴᠠ ᠳᠠᠭᠢᠵᠤ ᠲᠠᠩᠰᠠ ᠲᠠᠢ᠍ᠢ᠍ᠯᠵᠤ ᠥᠭᠬᠦ ᠥᠬᠡᠶ᠃

   ᠲᠠᠪᠢᠨ ᠨᠢᠭᠡᠳᠦᠭᠡᠷ ᠵᠦᠢ᠍ᠯ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠳᠠᠭ᠋ᠠᠳᠬᠠᠯ᠎ᠳᠤ ᠣᠷᠣᠯᠴᠠᠭᠰᠠᠳ᠎ᠤᠨ ᠵᠦᠶ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠤᠰᠠᠳᠠ᠂ ᠡᠮᠴᠢᠯᠡᠭᠡᠨ᠎ᠤ ᠵᠠᠷᠤᠳᠠᠯ᠎ᠤᠨ ᠪᠠᠷᠢᠮᠲᠠ᠎ᠪᠠᠨ ᠭᠡᠭᠡᠭᠰᠡᠨ᠎ᠠᠴᠠ ᠪᠣᠯᠵᠣ ᠡᠮᠴᠢᠯᠡᠭᠡᠨ᠎ᠤ ᠵᠠᠷᠤᠳᠠᠯ᠎ᠢ ᠲᠠᠩᠰᠠ ᠲᠠᠶ᠋ᠢᠯᠬᠤ ᠵᠢᠨ ᠠᠷᠭ᠎ᠠ ᠥᠬᠡᠶ ᠪᠣᠯᠣᠭᠰᠠᠨ ᠪᠣᠯ᠂ ᠳᠠᠭ᠋ᠠᠳᠬᠠᠯ᠎ᠳᠤ ᠣᠷᠣᠯᠴᠠᠭᠰᠠᠳ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠭᠡᠭᠡᠭᠳᠡᠭᠰᠡᠨ ᠡᠮᠴᠢᠯᠡᠭᠡᠨ᠎ᠤ ᠵᠠᠷᠤᠳᠠᠯ᠎ᠤᠨ ᠪᠠᠷᠢᠮᠲᠠ᠎ᠪᠠᠨ ᠬᠠᠷᠭᠤᠭᠤᠯᠬᠤ ᠬᠠᠭᠤᠳᠠᠰᠤ》 (ᠳᠠᠭ᠋ᠠᠯᠳᠤᠭᠤᠯᠤᠯ᠎ᠢ ᠦᠵᠡ)᠎ᠪᠠᠨ ᠠᠪᠴᠤ ᠴᠠᠭ ᠲᠤᠬᠠᠶ᠎ᠳᠤ᠎ᠨᠢ ᠣᠨᠣᠰᠢᠯᠠᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠬᠦᠷᠴᠦ ᠪᠠᠷᠢᠮᠲᠠ᠎ᠪᠠᠨ ᠭᠡᠭᠡᠭᠰᠡᠨ ᠭᠡᠷᠡᠴᠢ ᠵᠢ ᠭᠦᠢ᠍ᠴᠡᠳᠬᠡᠨ᠎ᠡ᠃ ᠡᠮᠴᠢᠯᠡᠭᠡᠨ᠎ᠤ ᠵᠠᠷᠤᠳᠠᠯ ᠡᠭᠦᠰᠣᠭ᠌ᠰᠡᠨ ᠳᠠᠷᠠᠭ᠋ᠠᠴᠢ ᠵᠢᠨ ᠵᠢᠯ᠎ᠤᠨ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠭᠡᠭᠡᠭᠳᠡᠭᠰᠡᠨ ᠡᠮᠴᠢᠯᠡᠭᠡᠨ᠎ᠤ ᠵᠠᠷᠤᠳᠠᠯ᠎ᠤᠨ ᠪᠠᠷᠢᠮᠲᠠ᠎ᠪᠠᠨ ᠬᠠᠷᠭᠤᠭᠤᠯᠬᠤ ᠬᠠᠭᠤᠳᠠᠰᠤ》᠂ ᠣᠨᠣᠰᠢᠯᠠᠭᠰᠠᠨ ᠭᠡᠷᠡᠴᠢ ᠪᠢᠴᠢᠭ᠂ ᠵᠠᠷᠤᠳᠠᠯ᠎ᠤᠨ ᠨᠠᠷᠢᠨ ᠳᠠᠩᠰᠠ᠂ ᠡᠪᠡᠳᠴᠢᠨ᠎ᠤ ᠲᠡᠮᠲᠡᠭᠯᠡᠯ᠎ᠤᠨ ᠮᠠᠲ᠋ᠧᠷᠢᠶᠠᠯ ᠵᠶ᠋ᠠᠨ ᠠᠪᠴᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠴᠣᠩᠬᠤᠪᠴᠢ᠎ᠳᠤ ᠬᠦᠷᠴᠦ ᠬᠦᠮᠣᠨ᠎ᠤ ᠭᠦᠴᠣ᠎ᠪᠠᠷ ᠵᠢᠵᠢᠭ ᠰᠠᠵᠢᠭ ᠲᠠᠩᠰᠠ ᠲᠠᠶ᠋ᠢᠯᠤᠨ᠎ᠠ᠃

   ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠮᠴᠢᠯᠡᠭᠡᠨ᠎ᠤ ᠵᠠᠷᠤᠳᠠᠯ᠎ᠤᠨ ᠪᠠᠷᠢᠮᠲᠠ᠎ᠪᠠᠨ ᠭᠡᠭᠡᠭᠰᠡᠨ ᠳᠠᠭ᠋ᠠᠳᠬᠠᠯ᠎ᠳᠤ ᠣᠷᠣᠯᠴᠠᠭᠰᠠᠳ᠎ᠤᠨ ᠭᠤᠶᠤᠴᠢᠯᠠᠨ ᠮᠡᠳᠡᠭᠦᠯᠦᠭᠰᠡᠨ ᠡᠮᠴᠢᠯᠡᠭᠡᠨ᠎ᠤ ᠵᠠᠷᠤᠳᠠᠯ᠎ᠳᠤ ᠡᠬᠡ ᠲᠠᠩᠰᠠ ᠪᠠᠶ᠋ᠢᠭᠤᠯᠵᠤ᠂ ᠬᠠᠷᠭᠤᠭᠤᠯᠤᠨ ᠪᠠᠶ᠋ᠢᠴᠠᠭ᠋ᠠᠬᠤ ᠠᠵᠢᠯ᠎ᠢ ᠬᠢᠨᠠᠮᠠᠭ᠋ᠠᠶ ᠰᠠᠢ᠍ᠢ᠍ᠲᠤᠷ ᠬᠢᠬᠦ ᠵᠢᠨ ᠬᠠᠮᠲᠤ ᠲᠣᠭᠲᠠᠭ᠋ᠠᠯ ᠶᠣᠰᠣᠭ᠋ᠠᠷ ᠵᠠᠷᠤᠳᠠᠯ᠎ᠢ ᠬᠢᠨᠠᠨ ᠬᠠᠷᠭᠤᠭᠤᠯᠬᠤ ᠪᠠ ᠳ᠋ᠦᠩᠨᠡᠨ ᠪᠤᠳᠤᠬᠤ ᠠᠵᠢᠯ ᠬᠢᠨ᠎ᠡ᠃

   ᠲᠠᠪᠢᠨ ᠬᠤᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠪᠣᠯᠤᠨ ᠬᠤᠪᠢ ᠬᠥᠮᠦᠨ᠎ᠤ ᠲᠠᠩᠰᠠᠨ ᠡᠷᠥᠭᠡ ᠵᠢᠨ ᠰᠠᠭᠤᠷᠢ ᠮᠥᠩᠭᠦ ᠵᠢ ᠲᠤᠰ ᠲᠤᠰ᠎ᠲᠤ᠎ᠨᠢ ᠬᠠᠮᠢᠶᠠᠷᠴᠤ᠂ ᠲᠤᠰ ᠲᠤᠰ᠎ᠤᠨ ᠲᠦᠯᠣᠭᠦ ᠬᠡᠪᠴᠢᠶᠠᠨ᠎ᠳᠤ᠎ᠨᠢ ᠳ᠋ᠦᠩᠨᠡᠨ ᠪᠣᠳᠣᠵᠣ᠂ ᠬᠠᠷᠢᠯᠴᠠᠨ ᠰᠢᠬᠠᠨ ᠡᠵᠡᠯᠡᠵᠦ ᠪᠣᠯᠬᠤ ᠥᠭᠡᠢ᠃

ᠲᠠᠪᠢᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠵᠦᠪᠯᠡᠯᠴᠡᠬᠡᠷ᠎ᠢ ᠭᠦᠢ᠍ᠴᠡᠳᠬᠡᠭᠰᠡᠨ ᠪᠠᠶ᠋ᠢᠳᠠᠯ᠎ᠢ᠎ᠨᠢ ᠵᠢᠯ ᠪᠦᠷᠢ ᠰᠢᠯᠭ᠋ᠠᠨ ᠬᠢᠨᠠᠬᠤ ᠬᠡᠷᠡᠭᠲᠡᠶ᠃ ᠰᠢᠯᠭ᠋ᠠᠨ ᠬᠢᠨᠠᠬᠤ᠎ᠳᠤ ᠬᠢᠷᠢ ᠲᠡᠩᠴᠡᠭᠰᠡᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠩ᠎ᠤᠨ ᠡᠮᠨᠡᠯᠭᠡ᠎ᠳᠤ ᠰᠠᠭᠤᠵᠤ ᠡᠮᠨᠡᠭᠦᠯᠬᠦ ᠵᠢᠨ ᠨᠢᠭᠡᠳᠦᠯᠲᠡᠶ ᠲᠦᠯᠦᠪᠯᠡᠭᠰᠡᠨ ᠰᠠᠭᠤᠷᠢ ᠮᠥᠩᠭᠦ ᠵᠢᠨ ᠦᠯᠡᠳᠡᠭᠰᠡᠨ ᠬᠡᠰᠡᠭ᠎ᠢ᠎ᠨᠢ ᠬᠠᠷᠢᠴᠠᠯ ᠶᠣᠰᠣᠭ᠋ᠠᠷ ᠣᠯᠭᠤᠨ᠎ᠠ; ᠬᠢᠷᠢ ᠲᠡᠩᠴᠡᠭᠰᠡᠨ ᠦᠭᠡᠢ ᠪᠣᠯ᠂ ᠵᠦᠪᠯᠡᠯᠴᠡᠬᠡᠷ ᠶᠣᠰᠣᠭ᠋ᠠᠷ ᠬᠠᠰᠤᠵᠤ ᠭᠠᠷᠭ᠋ᠠᠨ᠎ᠠ᠃

   ᠲᠠᠪᠤᠳᠤᠭ᠋ᠠᠷ ᠪᠦᠯᠦᠭ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠳᠠᠩᠰᠠᠨ ᠡᠷᠦᠬᠡ

   ᠲᠠᠪᠢᠨ ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ ᠵᠶ᠋ᠠᠷ ᠳᠠᠮᠵᠢᠭᠤᠯᠤᠨ᠂ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠤᠨ ᠨᠤᠮᠧᠷ᠂ ᠨᠢᠭᠡᠴᠢ ᠵᠢᠨ ᠤᠷᠤᠯᠠᠬᠤ ᠨᠤᠮᠧᠷ ᠵᠶ᠋ᠠᠷ ᠲᠤᠰ ᠱᠠᠲᠤᠨ᠎ᠤ ᠳᠠᠭ᠋ᠠᠳᠬᠠᠯ᠎ᠳᠤ ᠣᠷᠣᠯᠴᠠᠭᠰᠠᠳ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠳᠠᠩᠰᠠᠨ ᠡᠷᠦᠬᠡ ᠵᠢᠨ ᠴᠤᠷ᠎ᠤᠨ ᠭᠠᠭᠴᠠ ᠢᠯᠭ᠋ᠠᠬᠤ ᠲᠡᠮᠳᠡᠭ ᠪᠣᠯᠭ᠋ᠠᠬᠤ ᠵᠢᠨ ᠬᠠᠮᠲᠤ ᠲᠡᠭᠦᠨ᠎ᠤ ᠬᠡᠷᠡᠭᠯᠡᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ᠎ᠠ᠃

   ᠲᠠᠪᠢᠨ ᠲᠠᠪᠤᠳᠤᠭ᠋ᠠᠷ ᠵᠦᠢ᠍ᠯ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠳᠠᠩᠰᠠᠨ ᠡᠷᠦᠬᠡ᠎ᠳᠤ ᠡᠮᠴᠢᠯᠡᠭᠡᠨ᠎ᠤ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠵᠡᠷᠭᠡ ᠬᠠᠮᠢᠶᠠᠷᠤᠯᠲᠠ ᠵᠢ ᠬᠡᠷᠡᠭᠯᠡᠨ᠎ᠡ᠃

   ᠲᠠᠪᠢᠨ ᠵᠢᠷᠭᠤᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠬᠡᠷᠪᠡ ᠠᠵᠢᠯ᠎ᠤᠨ ᠪᠠᠶ᠋ᠢᠷᠢ᠎ᠪᠠᠨ ᠰᠣᠯᠢᠬᠤ ᠰᠠᠯᠭ᠋ᠠᠨ ᠲᠣᠬᠢᠷᠠᠭᠤᠯᠬᠤ᠂ ᠠᠵᠢᠯ᠎ᠠᠴᠠ᠎ᠪᠠᠨ ᠪᠠᠭᠤᠵᠤ ᠠᠮᠠᠷᠠᠬᠤ ᠵᠡᠷᠭᠡ ᠣᠨᠴᠠᠭ᠋ᠠᠢ ᠪᠠᠶ᠋ᠢᠳᠠᠯ ᠲᠣᠬᠢᠶᠠᠯᠳᠤᠪᠠᠯ᠂ ᠠᠷᠪᠠᠨ ᠬᠤᠶᠠᠳᠤᠭ᠋ᠠᠷ ᠵᠦᠢ᠍ᠯ᠎ᠤᠨ ᠬᠤᠯᠪᠣᠭᠳᠠᠯ ᠪᠥᠬᠦᠢ ᠲᠣᠭᠲᠠᠭ᠋ᠠᠯ᠎ᠢ ᠦᠨᠳᠦᠰᠦᠯᠡᠨ ᠬᠤᠪᠢ ᠬᠥᠮᠦᠨ᠎ᠤ ᠲᠠᠩᠰᠠᠨ ᠡᠷᠥᠭᠡ ᠵᠢ ᠰᠢᠯᠵᠢᠭᠦᠯᠵᠣ ᠦᠭᠭᠦᠨ᠎ᠡ᠃

   ᠲᠠᠪᠢᠨ ᠳᠣᠯᠣᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠨ ᠬᠦᠮᠦᠨ᠎ᠨᠢ ᠨᠠᠰᠤ ᠪᠠᠷᠠᠭᠰᠠᠨ ᠪᠣᠯ ᠬᠤᠪᠢ ᠬᠥᠮᠦᠨ᠎ᠤ ᠲᠠᠩᠰᠠᠨ ᠡᠷᠥᠭᠡ᠎ᠳᠤ ᠪᠡᠯᠡ ᠮᠥᠩᠭᠦ ᠰᠢᠯᠵᠢᠭᠦᠯᠦᠨ ᠣᠷᠣᠭᠤᠯᠬᠤ᠎ᠪᠠᠨ ᠵᠣᠭᠰᠣᠭ᠋ᠠᠵᠤ᠂ ᠲᠡᠭᠦᠨ᠎ᠤ ᠬᠤᠪᠢ ᠬᠥᠮᠦᠨ᠎ᠤ ᠲᠠᠩᠰᠠᠨ ᠡᠷᠥᠭᠡ ᠵᠢ᠎ᠨᠢ ᠬᠦᠴᠦᠨ ᠥᠭᠡᠢ ᠪᠣᠯᠭ᠋ᠠᠵᠤ᠂ ᠬᠤᠪᠢ ᠬᠥᠮᠦᠨ᠎ᠤ ᠲᠠᠩᠰᠠᠨ ᠡᠷᠥᠭᠡ ᠵᠢᠨ ᠦᠯᠡᠳᠡᠪᠦᠷᠢ ᠪᠡᠯᠡ ᠮᠥᠩᠭᠦ ᠵᠢ ᠪᠠᠶ᠋ᠢᠭ᠎ᠠ ᠨᠢᠭᠡᠴᠢ᠎ᠠᠴᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠬᠦᠷᠴᠦ ᠨᠢᠭᠡ ᠯᠡ ᠤᠳᠠᠭ᠎ᠠ᠎ᠪᠠᠷ ᠭᠠᠷᠭ᠋ᠠᠨ ᠠᠪᠬᠤ ᠭᠠᠷᠳᠠᠮ ᠭᠦᠢ᠍ᠴᠡᠣᠡᠭᠡᠨ᠎ᠡ᠃

   ᠲᠠᠪᠢᠨ ᠨᠠᠢ᠍ᠮᠠᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠨ ᠡᠬᠡ ᠮᠥᠩᠭᠦ ᠪᠠ ᠬᠦᠤ ᠮᠥᠩᠭᠦ ᠵᠢ ᠬᠤᠪᠢ ᠬᠥᠮᠦᠨ᠎ᠳᠤ᠎ᠨᠢ ᠥᠮᠴᠢᠯᠡᠭᠦᠯᠵᠦ᠂ ᠬᠠᠨᠳᠣᠯᠭ᠎ᠠ᠎ᠲᠠᠢ᠎ᠪᠠᠷ ᠡᠮ ᠡᠮᠨᠡᠯᠭᠡ ᠵᠢᠨ ᠬᠡᠷᠡᠭᠯᠡᠭᠡᠨ᠎ᠳᠤ ᠬᠡᠷᠡᠭᠯᠡᠭᠦᠯᠵᠦ᠂ ᠬᠡᠳᠣᠷᠡᠭᠰᠡᠨ ᠵᠠᠷᠣᠯᠭ᠎ᠠ ᠵᠢ ᠨᠥᠬᠦᠪᠥᠷᠢᠯᠡᠬᠦ ᠥᠬᠡᠶ᠂ ᠦᠯᠡᠳᠡᠪᠦᠷᠢ ᠵᠢ ᠡᠷᠭᠢᠯᠳᠦᠭᠦᠯᠦᠨ ᠬᠠᠳᠠᠭ᠋ᠠᠯᠠᠨ᠎ᠠ᠃

   ᠲᠠᠪᠢ ᠶᠢᠰᠦᠳᠦᠭᠡᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠶᠠᠮᠠᠷᠪᠠ ᠨᠢᠭᠡ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠮᠨᠡᠭᠦᠯᠵᠦ ᠡᠮ ᠵᠠᠯᠠᠬᠤ᠂ ᠬᠤᠪᠢ ᠬᠥᠮᠦᠨ᠎ᠤ ᠲᠠᠩᠰᠠᠨ ᠡᠷᠦᠬᠡ ᠵᠢᠨ ᠪᠠᠯᠠ ᠮᠥᠩᠭᠦ ᠵᠢ ᠬᠡᠷᠡᠭᠯᠡᠬᠦ᠎ᠳᠤ᠎ᠪᠠᠨ ᠴᠥᠮ ᠡᠮᠴᠢᠯᠡᠭᠡᠨ᠎ᠤ ᠳᠠᠭ᠋ᠠᠳᠬᠠᠯ᠎ᠤᠨ ᠡᠯᠧᠺᠲᠷᠣᠨ ᠪᠠᠷᠢᠮᠲᠠ ᠪᠤᠶᠤ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠵᠶ᠋ᠠᠷ ᠵᠶ᠋ᠠᠨ ᠰᠢᠭᠤᠳ ᠳ᠋ᠦᠩᠨᠡᠨ ᠪᠣᠳᠣᠨ᠎ᠠ᠃ ᠬᠤᠪᠢ ᠬᠥᠮᠦᠨ᠎ᠤ ᠲᠠᠩᠰᠠᠨ ᠡᠷᠤᠭᠡ ᠵᠢᠨ ᠪᠡᠯᠡ ᠮᠥᠩᠭᠦ᠎ᠨᠢ ᠲᠦᠯᠤᠵᠤ ᠭᠦᠢ᠍ᠴᠡᠬᠦ ᠦᠭᠡᠢ ᠦᠶ᠎ᠡ᠎ᠳᠤ ᠲᠤᠰ ᠬᠥᠮᠦᠨ ᠪᠡᠯᠡᠨ ᠵᠣᠭᠤᠰ ᠬᠡᠷᠡᠭᠯᠡᠨ᠎ᠡ᠃

   ᠵᠢᠷᠠᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠬᠤᠪᠢ ᠬᠥᠮᠦᠨ᠎ᠤ ᠲᠠᠩᠰᠠᠨ ᠡᠷᠥᠭᠡ ᠵᠢᠨ ᠪᠡᠯᠡ ᠮᠥᠩᠭᠦ ᠵᠢ ᠬᠡᠷᠡᠭᠯᠡᠬᠦ᠎ᠳᠤ᠎ᠪᠠᠨ᠂ ᠵᠠᠷᠤᠳᠠᠯ᠎ᠤᠨ ᠵᠠᠷᠤᠯᠭ᠎ᠠ᠎ᠨᠢ ᠡᠷᠬᠡᠪᠰᠢ ᠬᠠᠮᠢᠶ᠎ᠠ ᠪᠥᠬᠦᠢ ᠲᠥᠷᠥ ᠵᠢᠨ ᠪᠤᠳᠤᠯᠭ᠎ᠠ ᠵᠢᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃

   ᠵᠢᠷᠠᠨ ᠨᠢᠭᠡᠳᠦᠭᠡᠷ ᠵᠦᠢ᠍ᠯ ᠬᠤᠪᠢ ᠬᠥᠮᠦᠨ᠎ᠤ ᠳᠠᠩᠰᠠᠨ ᠡᠷᠦᠬᠡ ᠵᠢᠨ ᠪᠡᠯᠡ ᠮᠥᠩᠭᠦ ᠪᠣᠯᠤᠨ ᠨᠢᠭᠡᠳᠦᠯᠲᠡᠶ ᠲᠦᠯᠦᠪᠯᠡᠬᠦ ᠰᠠᠭᠤᠷᠢ ᠮᠥᠩᠭᠦ ᠵᠢ ᠰᠠᠯᠭ᠋ᠠᠨ ᠲᠣᠭ᠋ᠠᠴᠠᠭ᠎ᠠ ᠬᠢᠵᠦ᠂ ᠲᠣᠰ ᠲᠣᠰ᠎ᠲᠤ᠎ᠨᠢ ᠬᠠᠮᠢᠶᠠᠷᠤᠨ᠎ᠠ᠂ ᠨᠡᠭᠦᠯᠭᠡᠨ ᠬᠡᠷᠡᠭᠯᠡᠬᠦ ᠪᠤᠶᠤ ᠬᠠᠷᠢᠯᠴᠠᠨ ᠰᠢᠬᠠᠨ ᠡᠵᠡᠯᠡᠵᠦ ᠪᠣᠯᠬᠤ ᠦᠭᠡᠢ᠂ ᠨᠡᠩ ᠴᠤ᠌ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ   ᠨᠢᠭᠡᠳᠦᠯᠲᠡᠶ   ᠲᠦᠯᠦᠪᠯᠡᠬᠦ   ᠰᠠᠭᠤᠷᠢ   ᠮᠥᠩᠭᠦ ᠵᠢ   ᠲᠡᠩᠴᠡᠭᠦᠷᠢᠰᠢᠭᠦᠯᠬᠦ ᠎ᠳᠤ   ᠬᠡᠷᠡᠭᠯᠡᠵᠦ   ᠪᠣᠯᠬᠤ ᠦᠭᠡᠢ᠃

   ᠵᠢᠷᠠᠨ ᠬᠤᠶᠠᠳᠤᠭ᠋ᠠᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ ᠠᠵᠢᠯ ᠰᠢᠯᠵᠢᠬᠦ᠂ ᠠᠵᠢᠯ᠎ᠤᠨ ᠪᠠᠶ᠋ᠢᠷᠢ ᠬᠤᠪᠢᠷᠠᠬᠤ᠂ ᠨᠠᠰᠤ ᠪᠠᠷᠠᠬᠤ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠪᠠᠨ ᠭᠡᠭᠡᠭᠦ ᠵᠢᠴᠢ ᠡᠪᠳᠡᠭᠦ ᠵᠡᠷᠭᠡ ᠰᠢᠯᠲᠠᠭ᠋ᠠᠨ᠎ᠠᠴᠠ ᠪᠣᠯᠵᠣ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠵᠶ᠋ᠠᠨ ᠰᠣᠯᠢᠬᠤ᠂ ᠨᠥᠬᠦᠵᠦ ᠦᠭᠭᠦ᠂ ᠬᠦᠴᠦᠨ ᠥᠬᠡᠶ ᠪᠣᠯᠭ᠋ᠠᠬᠤ ᠴᠢᠬᠤᠯᠠ᠎ᠲᠠᠢ ᠪᠣᠯ ᠬᠦᠴᠦᠨ ᠪᠥᠬᠦᠶ ᠭᠡᠷᠡᠴᠢ᠎ᠪᠠᠨ ᠠᠪᠴᠤ ᠴᠠᠭ ᠲᠤᠬᠠᠶ᠎ᠳᠤ᠎ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠤ ᠬᠦᠷᠴᠦ ᠭᠦᠢ᠍ᠴᠡᠳᠬᠡᠬᠦ ᠬᠡᠷᠡᠭᠲᠡᠶ᠃

   ᠵᠢᠷᠠᠨ ᠭᠤᠷᠪᠠᠳᠤᠭ᠋ᠠᠷ ᠵᠦᠢ᠍ᠯ ᠬᠡᠷᠪᠡ ᠳᠠᠭ᠋ᠠᠳᠬᠠᠯ᠎ᠳᠤ ᠣᠷᠣᠯᠴᠠᠭᠰᠠᠳ᠎ᠤᠨ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ᠂ ᠪᠤᠰᠤᠳ᠎ᠤᠨ ᠨᠡᠷ᠎ᠡ ᠵᠢ ᠣᠷᠣᠯᠠᠬᠤ ᠵᠡᠷᠭᠡ ᠬᠠᠤᠯᠢ ᠴᠠᠭ᠋ᠠᠵᠠ ᠰᠠᠬᠢᠯᠭ᠎ᠠ ᠪᠠᠲᠤ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠶᠣᠰᠣᠭ᠋ᠠᠷ ᠰᠢᠢ᠍ᠳᠪᠦᠷᠢᠯᠡᠨ᠎ᠡ᠃

   ᠵᠢᠷᠠᠨ ᠳᠥᠷᠪᠡᠳᠦᠭᠡᠷ ᠵᠦᠢ᠍ᠯ ᠬᠤᠪᠢ ᠬᠥᠮᠦᠨ᠎ᠤ ᠲᠠᠩᠰᠠᠨ ᠡᠷᠦᠬᠡ᠎ᠠᠴᠠ ᠳᠥᠯᠥᠬᠦ ᠡᠮᠴᠢᠯᠡᠭᠡᠨ᠎ᠤ ᠵᠠᠷᠤᠳᠠᠯ᠎ᠢ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠬᠢᠭᠡᠳ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠰᠦᠯᠵᠢᠶᠡᠯᠡᠭᠡᠣᠨ ᠳ᠋ᠦᠩᠨᠡᠨ ᠪᠤᠳᠤᠬᠤ ᠵᠢ ᠬᠡᠷᠡᠭᠵᠢᠭᠦᠯᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠲᠤᠬᠠᠶ᠋ᠢᠯᠠᠭᠰᠠᠨ ᠠᠵᠢᠯ᠎ᠤᠨ ᠲᠤᠰᠬᠠᠶ ᠰᠦᠯᠵᠢᠶ᠎ᠡ᠎ᠳᠤ ᠵᠠᠯᠭ᠋ᠠᠨ ᠣᠷᠣᠭᠤᠯᠵᠤ᠂ ᠨᠢᠭᠡᠳᠦᠯᠲᠡᠶ ᠳ᠋ᠦᠩᠨᠡᠨ ᠪᠤᠳᠤᠬᠤ ᠰᠣᠹᠲ ᠪᠠ ᠨᠢᠭᠡᠳᠦᠯᠲᠡᠶ ᠳ᠋ᠦᠩᠨᠡᠨ ᠪᠤᠳᠤᠬᠤ ᠠᠷᠭ᠎ᠠ ᠵᠢ ᠬᠡᠷᠡᠭᠯᠡᠬᠦ ᠵᠢᠨ ᠬᠠᠮᠲᠤ ᠪᠠᠢ᠍ᠢ᠍ᠴᠠᠭ᠋ᠠᠨ ᠬᠠᠷᠭᠤᠭᠤᠯᠬᠤ ᠪᠠ ᠬᠢᠨᠠᠯᠲᠠ ᠲᠠᠯᠪᠢᠬᠤ ᠵᠢ ᠬᠦᠯᠢᠶᠡᠨ᠎ᠡ᠃

   ᠵᠢᠷᠠᠨ ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠳᠠᠭ᠋ᠠᠳᠬᠠᠯ᠎ᠳᠤ ᠣᠷᠣᠯᠴᠠᠭᠰᠠᠨ ᠠᠵᠢᠯᠳᠠᠨ ᠠᠵᠢᠯᠴᠢᠨ᠎ᠤ ᠬᠤᠪᠢ ᠬᠥᠮᠦᠨ᠎ᠤ ᠲᠠᠩᠰᠠᠨ ᠡᠷᠥᠭᠡ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠬᠤ ᠪᠠ ᠬᠠᠮᠢᠶᠠᠷᠬᠤ ᠠᠵᠢᠯ ᠵᠶ᠋ᠠᠨ ᠴᠢᠩᠭ᠋ᠠᠳᠬᠠᠵᠤ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤ᠎ᠨᠢ ᠵᠠᠯᠠᠷᠠᠭᠤᠯᠵᠤ᠂ ᠰᠦᠯᠵᠢᠶᠠᠨ᠎ᠳᠤ ᠳ᠋ᠦᠩᠨᠡᠨ ᠪᠣᠳᠣᠭᠰᠠᠨ ᠲᠤᠭ᠎ᠠ ᠪᠠᠷᠢᠮᠳᠡ ᠵᠢᠨ ᠵᠥᠪ ᠣᠨᠣᠪᠴᠢᠲᠠᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠤᠯᠪᠣᠭᠳᠠᠯ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠦᠢ᠍ᠯᠡᠴᠢᠯᠡᠭᠡᠨ᠎ᠤ ᠵᠦᠪᠯᠡᠯᠴᠡᠭᠡᠷ᠎ᠤᠨ ᠬᠠᠮᠢᠶ᠎ᠠ ᠪᠥᠬᠦᠶ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃

        ᠵᠢᠷᠠᠨ ᠵᠢᠷᠭᠤᠳᠤᠭ᠋ᠠᠷ ᠵᠦᠢ᠍ᠯ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠤᠭᠡ ᠵᠢᠨ ᠵᠠᠷᠤᠯᠭ᠎ᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ á ´á ¡á ­ ᠲᠣᠭᠲᠠᠭ᠋ᠠᠭᠰᠠᠨ á ¡á ® ᠡᠮᠨᠡᠯᠭᠡ ᠵᠢᠨ ᠪᠠᠶ᠋ᠢᠭᠤᠯᠤᠮᠵᠢ ᠵᠢᠨ ᠲᠥᠷᠥᠯ ᠵᠦᠢ᠍ᠯ ᠰᠣᠯᠢᠯᠴᠠᠬᠤ᠂ ᠬᠠᠭᠤᠷᠮᠠᠭ ᠵᠶ᠋ᠠᠷ ᠪᠠᠷᠢᠮᠲᠠ ᠭᠠᠷᠭ᠋ᠠᠬᠤ᠂ ᠬᠤᠪᠢ ᠬᠥᠮᠦᠨ᠎ᠤ ᠲᠠᠩᠰᠠᠨ ᠡᠷᠤᠭᠡ ᠵᠢᠨ ᠰᠠᠭᠤᠷᠢ ᠮᠥᠩᠭᠦ ᠵᠢ ᠮᠡᠬᠡᠯᠡᠨ ᠠᠪᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠴᠠᠭ᠋ᠠᠵᠠᠯᠠᠨ᠎ᠠ᠃ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠎ᠪᠠᠨ ᠴᠢᠩᠭ᠋ᠠᠳᠬᠠᠵᠤ᠂ ᠥᠷᠭᠡᠨ ᠣᠯᠠᠨ ᠳᠠᠭ᠋ᠠᠳᠬᠠᠯ᠎ᠳᠤ ᠣᠷᠣᠯᠴᠠᠭᠰᠠᠳ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠨ ᠰᠠᠭᠤᠷᠢ ᠮᠥᠩᠭᠦ ᠵᠢ᠎ᠨᠢ ᠵᠦᠶ ᠵᠣᠬᠢᠰᠲᠠᠶ ᠵᠢᠷᠣᠮᠵᠢᠭᠤᠨ ᠬᠡᠷᠡᠭᠯᠡᠭᠦᠯᠦᠨ᠎ᠡ᠃

   ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠦᠷᠢᠮ

   ᠵᠢᠷᠠᠨ ᠳᠣᠯᠣᠳᠤᠭ᠋ᠠᠷ ᠵᠦᠢ᠍ᠯ ᠲᠣᠰ ᠠᠷᠭ᠎ᠠ ᠵᠢ 2023 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

   ᠤᠤᠯ᠎ᠤᠨ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠤᠨ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ (ᠥᠪᠥᠷ ᠵᠠᠰᠠᠭ ᠠᠯᠪᠠᠨ ᠥᠰᠥᠭ ï¼»2008ï¼½ 44 ᠳ᠋ᠤᠭᠡᠷ ᠲᠣᠭ᠋ᠠᠲᠤ)᠂ 《 〈  ᠦᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶᠠᠷᠤᠯᠲᠠ ᠵᠢᠨ ᠠᠷᠭ᠎ᠠ〉 ᠵᠡᠷᠭᠡ ᠲᠠᠪᠤᠨ á  á ·á ­á Žá   ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ ï¼» 2014ï¼½ 111 ᠳ᠋ᠤᠭᠡᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠥᠬᠡᠶ ᠪᠣᠯᠭ᠋ᠠᠨ᠎ᠠ᠃


ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
 
            