ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠬᠠᠤᠯᠢ ᠲᠣᠭᠲᠠᠭ᠋ᠠᠬᠤ ᠲᠥᠯᠥᠪᠯᠡᠭᠡ》 ᠵᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-07-05

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠎ᠳᠤ᠄
   ã€€ ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠵᠠᠰᠠᠭ᠎ᠤᠨ ᠣᠷᠳᠣᠨ᠎ᠤ ᠲᠣᠭᠲᠠᠭ᠋ᠠᠯ ᠲᠦᠷᠢᠮ᠎ᠤᠨ ᠬᠠᠤᠯᠢ ᠲᠣᠭᠲᠠᠭ᠋ᠠᠬᠤ ᠲᠥᠯᠥᠪᠯᠡᠭᠡ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠬᠤ ᠵᠢᠨ ᠬᠠᠮᠲᠤ ᠳᠣᠤᠷᠠᠬᠢ ᠮᠡᠲᠦ ᠱᠠᠭ᠋ᠠᠷᠳᠠᠯᠭ᠎ᠠ ᠵᠢ ᠳᠤᠷᠠᠳᠪᠠ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠬᠠᠮᠲᠤ᠎ᠳᠤ᠎ᠨᠢ ᠰᠠᠶ᠋ᠢᠲᠤᠷ ᠠᠳᠬᠤᠰᠤᠭ᠋ᠠᠢ᠃
   ã€€ ᠨᠢᠭᠡ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠤᠯᠤᠰ᠎ᠤᠨ ᠬᠠᠤᠯᠢ᠎ᠪᠠᠷ ᠵᠠᠰᠠᠬᠤ ᠵᠢᠨ ᠨᠢᠭᠡᠳᠦᠯ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ
   ã€€ á °á ¢ ᠵᠢᠨ ᠫᠢᠩ᠎ᠤᠨ ᠰᠢᠨ᠎ᠡ á ´á  á ­ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠨ᠂ á °á ¢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠤᠷᠢᠳᠤᠭ᠋ᠠᠷ á ¶á ¡á ­á ¡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠶᠡᠷᠦᠩᠬᠡᠢ ᠱᠦᠵᠢ á °á ¢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠢ ᠪᠠᠲᠤ ᠴᠢᠩᠭ᠎ᠠ ᠡᠵᠡᠮᠳᠡᠵᠦ᠂ ᠬᠤᠶᠠᠷ á ¶á ¡á ­á ¡ ᠶᠠᠪᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠠᠷᠠᠳᠴᠢᠯᠠᠯ ᠵᠶ᠋ᠠᠷ ᠬᠠᠤᠯᠢ ᠲᠣᠭᠲᠠᠭ᠋ᠠᠬᠤ᠂ ᠬᠠᠤᠯᠢ ᠶᠣᠰᠣᠭ᠋ᠠᠷ ᠬᠠᠤᠯᠢ ᠲᠣᠭᠲᠠᠭ᠋ᠠᠬᠤ ᠵᠢ ᠠᠬᠢᠭᠤᠯᠤᠨ᠂ ᠰᠠᠶ᠋ᠢᠨ ᠬᠠᠤᠯᠢ᠎ᠪᠠᠷ ᠬᠥᠭᠵᠢᠯᠲᠡ ᠵᠢ ᠠᠬᠢᠭᠤᠯᠬᠤ ᠪᠠ ᠴᠢᠳᠠᠮᠠᠭ᠋ᠠᠢ᠎ᠪᠠᠷ ᠵᠠᠰᠠᠯᠲᠠ ᠬᠢᠬᠦ ᠵᠢ ᠪᠠᠲᠤᠯᠠᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠪᠠᠲᠤ ᠪᠠᠬᠢ ᠬᠠᠤᠯᠢ᠎ᠪᠠᠷ ᠵᠠᠰᠠᠬᠤ ᠵᠢᠨ ᠪᠠᠲᠤᠯᠠᠭ᠎ᠠ ᠬᠠᠩᠭ᠋ᠠᠬᠤ᠎ᠪᠠᠷ ᠴᠢᠷᠮᠠᠶ᠋ᠢᠬᠤ ᠬᠡᠷᠡᠭᠲᠡᠢ᠃
   ã€€ ᠬᠤᠶᠠᠷ᠂ á  á ·á  á ³ ᠲᠦᠮᠡᠨ ᠵᠶ᠋ᠠᠷ ᠭᠤᠤᠯ ᠪᠣᠯᠭ᠋ᠠᠬᠤ ᠵᠢ ᠪᠠᠷᠢᠮᠲᠠᠯᠠᠵᠤ᠂ ᠪᠥᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠭᠦᠨᠵᠡᠭᠡᠶ ᠦᠢ᠍ᠯᠡᠳᠦᠯᠭᠡᠵᠢᠭᠦᠯᠦᠨ᠂ ᠬᠠᠤᠯᠢ ᠲᠣᠭᠲᠠᠭ᠋ᠠᠯᠲᠠ ᠵᠢᠨ ᠴᠢᠨᠠᠷ ᠰᠠᠶ᠋ᠢᠲᠠᠶ ᠦᠢ᠍ᠯᠡᠴᠢᠯᠡᠭᠡ᠎ᠪᠠᠷ ᠴᠢᠨᠠᠷ ᠰᠠᠶ᠋ᠢᠲᠠᠶ ᠬᠥᠭᠵᠢᠯᠲᠡ ᠵᠢ ᠪᠠᠲᠤᠯᠠᠬᠤ ᠬᠡᠷᠡᠭᠲᠡᠢ
   ã€€ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠬᠦ ᠱᠠᠭ᠋ᠠᠷᠳᠠᠯᠭ᠎ᠠ ᠵᠢ ᠬᠠᠤᠯᠢ ᠲᠣᠭᠲᠠᠭ᠋ᠠᠬᠤ ᠡᠯ᠎ᠡ ᠭᠤᠭᠴᠤᠭ᠎ᠠ᠎ᠳᠤ ᠲᠤᠭᠤᠰᠢᠯᠠᠭᠤᠯᠬᠤ ᠬᠡᠷᠡᠭᠲᠡᠢ᠃ ᠬᠠᠤᠯᠢ ᠲᠣᠭᠲᠠᠭ᠋ᠠᠬᠤ ᠲᠥᠷᠥᠯ ᠵᠦᠢ᠍ᠯ᠎ᠢ ᠲᠤᠭᠤᠷᠪᠢᠬᠤ᠂ ᠬᠢᠨᠠᠨ ᠪᠠᠶ᠋ᠢᠴᠠᠭ᠋ᠠᠬᠤ᠂ ᠵᠣᠬᠢᠴᠠᠭᠤᠯᠬᠤ᠂ ᠵᠠᠰᠠᠪᠤᠷᠢ ᠣᠷᠣᠭᠤᠯᠬᠤ ᠶᠠᠪᠤᠴᠠ᠎ᠳᠤ᠂ ᠬᠠᠤᠯᠢ ᠲᠣᠭᠲᠠᠭ᠋ᠠᠯᠲᠠ᠎ᠳᠤ ᠤᠯᠠᠨ ᠲᠦᠮᠡᠨ᠎ᠤ ᠡᠮᠬᠢ ᠵᠢᠷᠤᠮ᠎ᠲᠠᠢ᠎ᠪᠠᠷ ᠣᠷᠣᠯᠴᠠᠬᠤ á  á ·á ­á Žá   ᠵᠠᠮ᠎ᠢ ᠪᠦᠲᠦᠮᠵᠢᠲᠡᠶ ᠥᠷᠭᠡᠳᠬᠡᠵᠦ᠂ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠠᠤᠯᠢ ᠲᠣᠭᠲᠠᠭ᠋ᠠᠬᠤ ᠦᠢ᠍ᠯᠡᠳᠦᠯᠭᠡ ᠵᠢᠨ ᠶᠠᠪᠤᠴᠠ᠎ᠳᠤ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ ᠬᠠᠤᠯᠢ ᠲᠣᠭᠲᠠᠭ᠋ᠠᠯᠲᠠ᠎ᠳᠤ ᠣᠷᠣᠯᠴᠠᠬᠤ ᠨᠡᠶ᠋ᠢᠭᠡᠮ ᠨᠡᠶ᠋ᠢᠲᠡ ᠵᠢᠨ ᠬᠠᠮᠤᠷᠬᠤ ᠬᠡᠪᠴᠢᠶ᠎ᠡ ᠪᠠ ᠲᠥᠯᠥᠭᠡᠯᠡᠬᠦ ᠴᠢᠨᠠᠷ᠎ᠢ ᠤᠯᠠᠮ ᠨᠢᠭᠡ ᠠᠯᠬᠤᠮ ᠥᠷᠭᠡᠳᠬᠡᠵᠦ᠂ ᠦᠨᠳᠦᠰᠦᠨ ᠱᠠᠲᠤᠨ᠎ᠤ ᠬᠠᠤᠯᠢ ᠲᠣᠭᠲᠠᠭ᠋ᠠᠬᠤ ᠬᠠᠷᠢᠯᠴᠠᠬᠤ ᠴᠡᠭ᠎ᠤᠨ ᠠᠷᠠᠳ᠎ᠤᠨ ᠠᠮᠢᠳᠤᠷᠠᠯ᠎ᠳᠤ ᠣᠶ᠋ᠢᠷᠠᠳᠬᠤ᠂ ᠠᠷᠠᠳ᠎ᠤᠨ ᠪᠠᠶ᠋ᠢᠳᠠᠯ᠎ᠢ ᠣᠶ᠋ᠢᠯᠠᠭ᠋ᠠᠬᠤ᠂ ᠠᠷᠠᠳ᠎ᠤᠨ ᠰᠠᠨᠠᠭ᠎ᠠ ᠪᠣᠳᠣᠯ᠎ᠢ ᠰᠣᠨᠣᠰᠬᠤ᠂ ᠠᠷᠠᠳ᠎ᠤᠨ ᠤᠬᠠᠭ᠋ᠠᠨ ᠰᠠᠮᠪᠠᠭ᠎ᠠ ᠵᠢ ᠲᠥᠪᠯᠡᠷᠡᠭᠦᠯᠬᠦ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠬᠤ ᠬᠡᠷᠡᠭᠲᠡᠶ᠃ ᠢᠯᠡ᠎ᠪᠠᠷ ᠰᠠᠨᠠᠯ ᠬᠤᠷᠢᠶᠠᠬᠤ᠂ ᠬᠠᠤᠯᠢ ᠲᠣᠭᠲᠠᠭ᠋ᠠᠬᠤ ᠪᠠᠶ᠋ᠢᠴᠠᠭ᠋ᠠᠨ ᠰᠤᠳᠤᠯᠤᠯᠲᠠ ᠥᠷᠨᠢᠭᠦᠯᠬᠦ᠂ ᠬᠠᠤᠯᠢ ᠲᠣᠭᠲᠠᠭ᠋ᠠᠬᠤ ᠵᠥᠪᠳᠡᠯᠴᠡᠭᠡ ᠵᠣᠬᠢᠶᠠᠨ ᠪᠠᠶ᠋ᠢᠭᠤᠯᠬᠤ᠂ ᠬᠠᠤᠯᠢ ᠲᠣᠭᠲᠠᠭ᠋ᠠᠬᠤ ᠨᠤᠲᠠᠯᠠᠯᠲᠠ ᠵᠢᠨ ᠬᠤᠷᠠᠯ ᠪᠠ ᠰᠠᠭᠤᠳᠠᠯ᠎ᠤᠨ ᠬᠤᠷᠠᠯ᠎ᠢ ᠬᠤᠷᠠᠯᠳᠤᠭᠤᠯᠬᠤ ᠵᠡᠷᠭᠡ ᠤᠯᠠᠨ ᠵᠦᠢ᠍ᠯ᠎ᠤᠨ ᠬᠡᠯᠪᠡᠷᠢ ᠵᠢ ᠠᠮᠢᠳᠤᠯᠢᠭ ᠵᠶ᠋ᠠᠷ ᠬᠡᠷᠡᠭᠯᠡᠵᠦ᠂ ᠦᠨᠳᠦᠰᠦᠨ ᠱᠠᠲᠤᠨ᠎ᠤ ᠤᠯᠠᠨ ᠲᠦᠮᠡᠨ᠂ ᠵᠠᠬ᠎ᠠ ᠳᠡᠯᠭᠡᠭᠦᠷ᠎ᠤᠨ ᠭᠤᠣᠯ ᠴᠣᠭᠴᠠ᠂ ᠠᠵᠢᠯ ᠲᠦᠷᠦᠯ᠎ᠤᠨ ᠨᠡᠶ᠋ᠢᠭᠡᠮᠯᠢᠭ ᠪᠣᠯᠣᠨ ᠬᠤᠳᠠᠯᠳᠤᠭ᠋ᠠᠴᠢᠳ᠎ᠤᠨ ᠡᠪᠯᠡᠯ᠎ᠤᠨ ᠰᠠᠨᠠᠯ᠎ᠢ ᠥᠷᠭᠡᠨ ᠵᠶ᠋ᠠᠷ ᠰᠣᠨᠣᠰᠴᠤ᠂ ᠬᠠᠤᠯᠢ ᠲᠣᠭᠲᠠᠭ᠋ᠠᠯᠲᠠ ᠵᠢᠨ ᠬᠠᠨᠳᠤᠯᠭ᠋ᠠᠲᠤ ᠴᠢᠨᠠᠷ᠂ ᠣᠨᠣᠪᠴᠢ ᠵᠢᠨ ᠬᠡᠮᠵᠢᠶ᠎ᠡ᠂ ᠪᠣᠳᠠᠲᠤ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ᠂ ᠲᠣᠭᠲᠠᠭ᠋ᠠᠭᠰᠠᠨ ᠬᠠᠤᠯᠢ ᠵᠢᠨ ᠲᠣᠭᠲᠠᠨᠢᠵᠤ ᠳᠡᠶ᠋ᠢᠯᠬᠦ᠂ ᠶᠠᠪᠤᠭᠳᠠᠵᠤ ᠳᠡᠶ᠋ᠢᠯᠬᠦ᠂ ᠵᠢᠩᠭᠢᠨᠢ ᠬᠡᠷᠡᠭᠴᠡᠭᠡ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
   ã€€ ᠭᠤᠷᠪᠠ᠂ ᠬᠠᠷᠢᠭᠤᠴᠠᠯᠭ᠎ᠠ ᠡᠭᠦᠷᠬᠡᠯᠡᠯ ᠵᠶ᠋ᠠᠨ ᠴᠢᠩᠭ᠋ᠠᠷᠠᠭᠤᠯᠵᠤ᠂ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠨ᠂ ᠬᠠᠤᠯᠢ ᠲᠣᠭᠲᠠᠭ᠋ᠠᠬᠤ ᠲᠥᠯᠥᠪᠯᠡᠭᠡ ᠵᠢᠨ ᠬᠡᠷᠡᠭᠵᠢᠭᠦᠯᠦᠯᠲᠡ ᠵᠢ ᠰᠠᠶ᠋ᠢᠲᠤᠷ ᠠᠳᠬᠤᠬᠤ ᠬᠡᠷᠡᠭᠲᠡᠢ
   ã€€ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠲᠣᠭᠲᠠᠭ᠋ᠠᠯ ᠲᠦᠷᠢᠮ᠎ᠤᠨ ᠬᠠᠤᠯᠢ ᠲᠣᠭᠲᠠᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠠᠤᠯᠢ ᠲᠣᠭᠲᠠᠭ᠋ᠠᠬᠤ ᠲᠥᠯᠥᠪᠯᠡᠭᠡ ᠵᠢ ᠴᠢᠩᠭ᠎ᠠ ᠬᠡᠷᠡᠭᠵᠢᠭᠦᠯᠦᠨ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠦᠨ᠂ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ ᠡᠯ᠎ᠡ ᠲᠠᠯ᠎ᠠ ᠵᠢᠨ ᠠᠵᠢᠯ᠎ᠤᠨ ᠬᠠᠤᠯᠢᠵᠢᠯ᠎ᠢ ᠪᠥᠬᠦ ᠲᠠᠯ᠎ᠠ᠎ᠪᠠᠷ ᠠᠬᠢᠭᠤᠯᠬᠤ ᠶᠠᠪᠤᠴᠠ᠎ᠳᠠᠬᠢ ᠬᠠᠤᠯᠢ ᠲᠣᠭᠲᠠᠭ᠋ᠠᠯᠲᠠ ᠵᠢᠨ ᠰᠠᠭᠤᠷᠢᠯᠠᠬᠤ ᠴᠢᠨᠠᠷ᠂ ᠪᠠᠲᠤᠯᠠᠭ᠋ᠠᠲᠤ ᠴᠢᠨᠠᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠶ᠃ ᠲᠤᠭᠤᠷᠪᠢᠬᠤ ᠰᠠᠯᠠᠭ᠎ᠠ ᠮᠥᠴᠢᠷ᠎ᠨᠢ ᠲᠤᠭᠤᠷᠪᠢᠬᠤ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠶ ᠭᠦᠢ᠍ᠴᠡᠳᠬᠡᠵᠦ᠂ ᠪᠠᠶ᠋ᠢᠴᠠᠭ᠋ᠠᠨ ᠰᠤᠳᠤᠯᠵᠤ ᠨᠤᠲᠠᠯᠠᠬᠤ᠂ ᠰᠠᠨᠠᠯ ᠬᠤᠷᠢᠶᠠᠬᠤ᠂ ᠲᠦᠭᠰᠢᠭᠦᠷᠢ ᠵᠢ ᠦᠨᠡᠯᠡᠨ ᠵᠢᠱ᠌ᠢᠬᠦ ᠵᠡᠷᠭᠡ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠬᠡᠷᠡᠭᠲᠡᠶ; ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠵᠢᠯ᠎ᠤᠨ ᠶᠠᠪᠤᠴᠠ᠎ᠳᠤ ᠣᠷᠣᠰᠢᠵᠤ ᠪᠠᠶ᠋ᠢᠭ᠎ᠠ ᠲᠤᠪᠤᠶ᠋ᠢᠮ᠎ᠠ ᠠᠰᠠᠭᠤᠳᠠᠯ᠎ᠢ ᠣᠨᠣᠪᠴᠢᠲᠠᠶ ᠡᠵᠡᠮᠳᠡᠵᠦ᠂ ᠬᠠᠨᠳᠤᠯᠭ᠋ᠠᠲᠤ ᠴᠢᠨᠠᠷᠲᠠᠶ ᠰᠢᠢ᠍ᠳᠪᠦᠷᠢᠯᠡᠬᠦ á  á ·á ­á Žá   ᠬᠡᠮᠵᠢᠶ᠎ᠡ ᠵᠢ ᠰᠤᠳᠤᠯᠤᠨ ᠳᠤᠷᠠᠳᠬᠤ ᠬᠡᠷᠡᠭᠲᠡᠶ; ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠰᠣᠨᠣᠰᠬᠤ ᠵᠢ ᠴᠢᠬᠤᠯᠠᠴᠢᠯᠠᠵᠤ᠂ ᠪᠤᠰᠤᠳ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠲᠠᠢ ᠬᠤᠯᠪᠣᠭᠳᠠᠭᠰᠠᠨ ᠪᠠᠶ᠋ᠢᠪᠠᠯ ᠭᠦᠢ᠍ᠴᠡᠳ ᠵᠥᠪᠳᠡᠯᠴᠡᠨ᠂ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠂ ᠡᠳ᠋᠎ᠤᠨ ᠵᠠᠰᠠᠭ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ᠎ᠳᠤ ᠬᠤᠯᠪᠣᠭᠳᠠᠭᠰᠠᠨ ᠪᠠᠶ᠋ᠢᠪᠠᠯ ᠪᠠᠶ᠋ᠢᠭᠤᠯᠤᠮᠵᠢ ᠵᠢᠨ ᠣᠷᠣᠨ ᠲᠤᠭ᠎ᠠ᠂ ᠡᠳ᠋᠎ᠤᠨ ᠵᠠᠰᠠᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠣᠯᠣᠭᠰᠠᠨ ᠪᠠᠶ᠋ᠢᠬᠤ ᠬᠡᠷᠡᠭᠲᠡᠶ; ᠬᠤᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠰᠢᠢ᠍ᠳᠪᠦᠷᠢᠯᠡᠬᠦ᠎ᠳᠤ ᠪᠡᠷᠬᠡᠲᠡᠶ ᠴᠢᠬᠤᠯᠠ á ¶á ¡á ­á ¡ ᠰᠠᠨᠠᠯ ᠵᠥᠷᠢᠯᠳᠦᠭᠡᠨ᠎ᠢ á ´á  á ­ ᠲᠤᠬᠠᠶ᠎ᠳᠤ᠎ᠨᠢ ᠳᠡᠰ ᠳᠠᠷᠠᠭ᠋ᠠᠯᠠᠯ᠎ᠤᠨ ᠶᠣᠰᠣᠭ᠋ᠠᠷ ᠵᠢᠭ᠋ᠠᠪᠤᠷᠢ ᠠᠪᠴᠤ ᠮᠡᠳᠡᠭᠦᠯᠬᠦ ᠬᠡᠷᠡᠭᠲᠡᠶ; ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠯᠦᠭᠡ ᠵᠢᠨ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠬᠤᠷᠢᠶᠠᠭᠰᠠᠨ ᠡᠯ᠎ᠡ ᠲᠠᠯ᠎ᠠ ᠵᠢᠨ᠎ᠬᠢᠨ᠎ᠤ ᠰᠠᠨᠠᠯ᠂ ᠣᠷᠣᠰᠢᠵᠤ ᠪᠠᠶ᠋ᠢᠭ᠎ᠠ ᠴᠢᠬᠤᠯᠠ á ¶á ¡á ­á ¡ ᠰᠠᠨᠠᠯ ᠵᠥᠷᠢᠯᠳᠦᠭᠡᠨ ᠵᠢᠴᠢ ᠲᠡᠭᠦᠨ᠎ᠢ ᠵᠣᠬᠢᠴᠠᠭᠤᠯᠤᠨ ᠰᠢᠢ᠍ᠳᠪᠦᠷᠢᠯᠡᠭᠰᠡᠨ ᠵᠡᠷᠭᠡ ᠪᠠᠶ᠋ᠢᠳᠠᠯ᠎ᠢ á ´á  á ­ ᠲᠤᠬᠠᠶ᠎ᠳᠤ᠎ᠨᠢ ᠨᠡᠪᠲᠡᠷᠡᠭᠦᠯᠦᠨ ᠮᠡᠳᠡᠭᠡᠯᠡᠵᠦ᠂ ᠲᠥᠷᠥᠯ ᠵᠦᠢ᠍ᠯ᠎ᠤᠨ ᠡᠭᠦᠷᠭᠡ᠎ᠪᠠᠨ ᠥᠨᠳᠥᠷ ᠪᠠᠷᠢᠮᠵᠢᠶ᠎ᠠ᠎ᠪᠠᠷ ᠴᠢᠨᠠᠷ ᠰᠠᠶ᠋ᠢᠲᠠᠶ ᠪᠡᠶᠡᠯᠡᠭᠦᠯᠦᠨ᠂ ᠬᠢᠨᠠᠭᠤᠯᠬᠤ ᠡᠬᠡ ᠨᠣᠣᠷᠠᠭ ᠪᠤᠶᠤ ᠪᠠᠶ᠋ᠢᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ᠎ᠪᠠᠨ ᠴᠠᠭ᠎ᠲᠤ᠎ᠨᠢ ᠱᠠᠭ᠋ᠠᠷᠳᠠᠯᠭ᠎ᠠ ᠶᠣᠰᠣᠭ᠋ᠠᠷ ᠮᠡᠳᠡᠭᠦᠯᠦᠨ ᠬᠦᠷᠭᠡᠵᠦ᠂ ᠵᠠᠰᠠᠪᠤᠷᠢ ᠣᠷᠣᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠨᠢ ᠬᠢᠨᠠᠨ ᠪᠠᠶ᠋ᠢᠴᠠᠭ᠋ᠠᠬᠤ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠶ ᠭᠦᠢ᠍ᠴᠡᠳᠬᠡᠵᠦ᠂ ᠬᠠᠤᠯᠢ ᠲᠣᠭᠲᠠᠭ᠋ᠠᠬᠤ ᠲᠥᠷᠥᠯ ᠵᠦᠢ᠍ᠯ᠎ᠢ ᠬᠢᠨᠠᠨ ᠬᠠᠷᠭᠤᠭᠤᠯᠵᠤ ᠬᠠᠷᠢᠭᠤᠴᠠᠨ ᠡᠵᠡᠮᠳᠡᠬᠦ᠎ᠪᠠᠨ ᠴᠢᠩᠭ᠋ᠠᠳᠬᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂ ᠬᠠᠤᠯᠢ ᠲᠣᠭᠲᠠᠭ᠋ᠠᠬᠤ ᠲᠥᠯᠥᠪᠯᠡᠭᠡ ᠵᠢᠨ ᠨᠠᠶ᠋ᠢᠳᠠᠪᠤᠷᠢᠵᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠬᠤ ᠬᠡᠷᠡᠭᠲᠡᠶ; ᠨᠡᠶ᠋ᠢᠲᠡᠯᠡᠬᠦ᠎ᠪᠠᠷ ᠪᠠᠴᠢᠮ ᠱᠠᠭ᠋ᠠᠷᠳᠠᠭᠳᠠᠵᠤ ᠪᠠᠶ᠋ᠢᠭ᠎ᠠ ᠴᠢᠬᠤᠯᠠ á ¶á ¡á ­á ¡ ᠬᠠᠤᠯᠢ ᠲᠣᠭᠲᠠᠭ᠋ᠠᠬᠤ ᠲᠥᠷᠥᠯ ᠵᠦᠢ᠍ᠯ᠎ᠳᠤ᠂ ᠬᠦᠴᠦᠨ ᠵᠶ᠋ᠠᠨ ᠨᠢᠭᠡᠳᠦᠯᠲᠡᠶ ᠲᠥᠯᠥᠪᠯᠡᠨ᠂ ᠤᠷᠢᠳᠴᠢᠯᠠᠨ ᠣᠷᠣᠯᠴᠠᠵᠤ᠂ ᠲᠦᠷᠭᠡᠳᠭᠡᠨ ᠠᠬᠢᠭᠤᠯᠬᠤ ᠬᠡᠷᠡᠭᠲᠡᠶ; ᠬᠠᠤᠯᠢ ᠲᠣᠭᠲᠠᠭ᠋ᠠᠬᠤ á ¶á  á °á ¤ ᠴᠢᠨᠠᠷ᠎ᠢ ᠳᠡᠭᠡᠭᠰᠢᠯᠡᠭᠦᠯᠬᠦ᠎ᠪᠠᠷ ᠬᠦᠴᠦᠯᠡᠬᠦ á ´á ¡á ­ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠨ ᠬᠢᠨᠠᠨ ᠪᠠᠶ᠋ᠢᠴᠠᠭ᠋ᠠᠬᠤ᠂ ᠵᠣᠬᠢᠴᠠᠭᠤᠯᠬᠤ᠂ ᠵᠠᠰᠠᠪᠤᠷᠢ ᠣᠷᠣᠭᠤᠯᠬᠤ ᠠᠵᠢᠯ᠎ᠢ ᠥᠷᠨᠢᠭᠦᠯᠵᠦ᠂ ᠲᠣᠭᠲᠠᠭ᠋ᠠᠯ ᠲᠦᠷᠢᠮ᠎ᠤᠨ ᠡᠬᠡ ᠲᠥᠰᠦᠯ᠎ᠨᠢ ᠦᠨᠳᠦᠰᠦᠨ ᠬᠠᠤᠯᠢ ᠵᠢᠨ ᠲᠣᠭᠲᠠᠭ᠋ᠠᠯ᠂ ᠵᠠᠷᠴᠢᠮ ᠪᠠ ᠵᠣᠷᠢᠭ ᠰᠠᠨᠠᠭ᠎ᠠ᠎ᠲᠠᠢ ᠨᠡᠶ᠋ᠢᠴᠡᠬᠦ᠂ ᠨᠠᠮ ᠪᠠ ᠤᠯᠤᠰ᠎ᠤᠨ ᠦᠨᠳᠦᠰᠦᠨ ᠴᠢᠭᠯᠡᠯᠲᠡ᠂ ᠲᠥᠷᠥ ᠵᠢᠨ ᠪᠣᠳᠣᠯᠭ᠎ᠠ᠎ᠲᠠᠢ ᠨᠡᠶ᠋ᠢᠴᠡᠬᠦ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠬᠥᠭᠵᠢᠯᠲᠡ ᠪᠠ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠪᠠᠨ ᠬᠤᠪᠢᠷᠠᠭᠤᠯᠬᠤ ᠱᠠᠭ᠋ᠠᠷᠳᠠᠯᠭ᠎ᠠ᠎ᠳᠤ ᠨᠡᠶ᠋ᠢᠴᠡᠬᠦ᠂ ᠬᠠᠤᠯᠢ ᠲᠣᠭᠲᠠᠭ᠋ᠠᠬᠤ ᠡᠷᠬᠡ ᠵᠢᠨ ᠬᠢᠵᠠᠭ᠋ᠠᠷ᠂ ᠬᠠᠤᠯᠢ ᠲᠣᠭᠲᠠᠭ᠋ᠠᠬᠤ ᠳᠡᠰ ᠳᠠᠷᠠᠭ᠋ᠠᠯᠠᠯ ᠪᠠ ᠬᠠᠤᠯᠢ ᠲᠣᠭᠲᠠᠭ᠋ᠠᠬᠤ ᠮᠡᠷᠭᠡᠵᠢᠯ᠎ᠤᠨ ᠵᠢᠷᠤᠮᠵᠢᠯ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
 
            