ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠣᠭᠲᠠᠭᠤᠨ ᠪᠠᠢ᠍ᠢ᠍ᠯᠭ᠋ᠠᠬᠤ ᠵᠢᠨ ᠳᠠᠭ᠋ᠠᠤ ᠤᠷᠤᠭᠰᠢᠯᠠᠬᠤ ᠣᠷᠤᠭᠰᠢᠯᠠᠨ ᠳᠠᠪᠰᠢᠬᠤ᠎ᠪᠠᠷ ᠲᠣᠭᠲᠠᠭᠤᠨ᠎ᠢ ᠠᠬᠢᠭᠤᠯᠬᠤ ᠵᠢ ᠪᠠᠷᠢᠮᠲᠠᠯᠠᠨ ᠠᠵᠤ ᠦᠢ᠍ᠯᠡᠰ᠎ᠤᠨ ᠴᠢᠨᠠᠷ ᠰᠠᠢ᠍ᠢ᠍ᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠲᠤᠳᠤᠷᠬᠠᠢ ᠬᠠᠭᠤᠳᠠᠰᠤ ᠵᠢ ᠳᠠᠷᠤᠮᠠᠯᠯᠠᠨ ᠶᠠᠪᠤᠭᠤᠯᠬᠤ ᠲᠣᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-08-12

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
   ã€€ã€Šá ¥á ªá ¥á · ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠣᠭᠲᠠᠭᠤᠨ ᠪᠠᠢ᠍ᠢ᠍ᠯᠭ᠋ᠠᠬᠤ ᠵᠢᠨ ᠳᠠᠭ᠋ᠠᠤ ᠤᠷᠤᠭᠰᠢᠯᠠᠬᠤ ᠣᠷᠤᠭᠰᠢᠯᠠᠨ ᠳᠠᠪᠰᠢᠬᠤ᠎ᠪᠠᠷ ᠲᠣᠭᠲᠠᠭᠤᠨ᠎ᠢ ᠠᠬᠢᠭᠤᠯᠬᠤ ᠵᠢ ᠪᠠᠷᠢᠮᠲᠠᠯᠠᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠲᠤᠳᠤᠷᠬᠠᠢ ᠬᠠᠭᠤᠳᠠᠰᠤ》 ᠵᠢ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠨᠠᠶ᠋ᠢᠳᠠᠪᠤᠷᠢᠵᠢᠭᠤᠯᠤᠯᠲᠠ ᠵᠢ ᠬᠢᠨᠠᠮᠠᠭ᠋ᠠᠶ ᠰᠠᠶ᠋ᠢᠲᠤᠷ ᠠᠳᠬᠤᠰᠤᠭ᠋ᠠᠢ᠃ 《ᠥᠪᠡᠷᠲᠡᠭᠡᠨ ᠵᠠᠰᠠᠬᠤ ᠣᠷᠣᠨ᠎ᠤ 2023 ᠣᠨ᠎ᠤ ᠲᠣᠭᠲᠠᠭᠤᠨ ᠪᠠᠢ᠍ᠢ᠍ᠯᠭ᠋ᠠᠬᠤ ᠵᠢᠨ ᠳᠠᠭ᠋ᠠᠤ ᠲᠦᠷᠭᠡᠨ ᠣᠷᠤᠭᠰᠢᠯᠠᠬᠤ ᠲᠣᠭᠲᠠᠭᠤᠨ ᠪᠠᠢ᠍ᠢ᠍ᠯᠭ᠋ᠠᠬᠤ ᠵᠢᠨ ᠳᠠᠭ᠋ᠠᠤ ᠰᠢᠯᠢᠳᠡᠭᠵᠢᠨ ᠣᠷᠤᠭᠰᠢᠯᠠᠬᠤ ᠵᠢ ᠪᠠᠷᠢᠮᠲᠠᠯᠠᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠲᠤᠳᠤᠷᠬᠠᠢ ᠬᠠᠭᠤᠳᠠᠰᠤ ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ ï¼»2023ï¼½ 3 ᠳ᠋ᠤᠭ᠋ᠠᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠥᠬᠡᠶ ᠪᠣᠯᠭ᠋ᠠᠨ᠎ᠠ᠃
   ã€€ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠣᠭᠤᠰᠢᠯᠠᠭᠤᠯᠤᠨ ᠨᠠᠢ᠍ᠢ᠍ᠳᠠᠪᠤᠷᠢᠵᠢᠭᠤᠯᠵᠤ᠂ ᠲᠣᠭᠲᠠᠭᠤᠨ ᠪᠠᠢ᠍ᠢ᠍ᠯᠭ᠋ᠠᠬᠤ ᠵᠢᠨ ᠳᠠᠭ᠋ᠠᠤ ᠤᠷᠤᠭᠰᠢᠯᠠᠬᠤ᠂ ᠣᠷᠤᠭᠰᠢᠯᠠᠨ ᠳᠠᠪᠰᠢᠬᠤ᠎ᠪᠠᠷ ᠲᠣᠭᠲᠠᠭᠤᠨ᠎ᠢ ᠠᠬᠢᠭᠤᠯᠬᠤ ᠵᠢ ᠪᠠᠷᠢᠮᠲᠠᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠤᠣᠯ ᠰᠢᠵᠢᠮ ᠪᠣᠯᠭ᠋ᠠᠵᠤ᠂ 《ᠬᠤᠶᠠᠷ á ¶á ¡á ­á ¡ ᠶᠠᠪᠤᠳᠠᠯ》᠎ᠳᠤ ᠠᠩᠬᠠᠷᠤᠯ ᠵᠶ᠋ᠠᠨ ᠬᠠᠨᠳᠤᠭᠤᠯᠤᠨ ᠬᠦᠴᠦ᠎ᠪᠠᠨ ᠲᠦᠪᠯᠡᠷᠡᠭᠦᠯᠵᠦ ᠪᠠᠢ᠍ᠢ᠍ᠭ᠋ᠠᠳ ᠰᠠᠶ᠋ᠢᠲᠤᠷ ᠬᠢᠵᠦ᠂ 《ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠦᠷᠦ ᠲᠠᠷᠬᠠᠭ᠋ᠠᠭᠰᠠᠨ ï¼»2023ï¼½ 16 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠍ᠢ᠍ᠳᠠᠪᠤᠷᠢᠵᠢᠭᠤᠯᠤᠨ᠂ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠳᠣᠣᠷᠠᠬᠢ ᠮᠡᠲᠦ ᠲᠦᠷᠦ ᠵᠢᠨ ᠪᠤᠳᠤᠯᠭ᠎ᠠ ᠵᠢᠨ ᠲᠤᠳᠤᠷᠬᠠᠢ ᠬᠠᠭᠤᠳᠠᠰᠤ ᠵᠢ ᠳᠤᠷᠠᠳᠪᠠ᠃


   ã€€ ᠨᠢᠭᠡ᠂ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠢ ᠠᠬᠢᠭᠤᠯᠤᠨ᠎ᠠ
   ã€€ï¼ˆá ¨á ¢á ­á ¡ï¼‰ ᠠᠮᠤ ᠪᠤᠳᠠᠭ᠋ᠠᠨ᠎ᠤ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠴᠢᠩᠭ᠋ᠠᠳᠬᠠᠨ᠎ᠠ᠃
   ã€€1. ᠠᠮᠤ ᠪᠤᠳᠠᠭ᠎ᠠ ᠢᠳᠡᠰᠢᠨ ᠲᠣᠰᠣ ᠵᠡᠷᠭᠡ ᠭᠤᠤᠯ ᠪᠣᠯᠬᠤ ᠲᠠᠷᠢᠮᠠᠯ᠎ᠤᠨ ᠨᠢᠭᠡᠴᠢ ᠵᠢᠨ ᠤᠨᠠᠯᠲᠠ ᠵᠢ á ¶á ¡á ­á ¡ ᠬᠡᠪᠴᠢᠶ᠎ᠡ᠎ᠪᠠᠷ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠵᠦ᠂ ᠠᠮᠤ ᠪᠤᠳᠠᠭ᠎ᠠ ᠢᠳᠡᠰᠢᠨ ᠲᠣᠰᠣ ᠳᠠᠷᠢᠬᠤ ᠲᠠᠯᠠᠪᠠᠶ ᠵᠢ ᠲᠣᠭᠲᠠᠪᠤᠷᠢᠵᠢᠭᠤᠯᠤᠨ᠂ ᠨᠢᠭᠡᠴᠢ ᠵᠢᠨ ᠤᠨᠠᠯᠲᠠ ᠵᠢᠨ ᠬᠢᠷᠢ ᠬᠡᠮᠵᠢᠶ᠎ᠡ ᠵᠢ ᠬᠦᠴᠦᠯᠡᠨ ᠳᠡᠭᠡᠭᠰᠢᠯᠡᠭᠦᠯᠵᠦ᠂ ᠤᠨᠴᠠᠯᠢᠭᠳᠤ ᠲᠠᠷᠢᠮᠠᠯ᠎ᠤᠨ ᠤᠨᠠᠯᠲᠠ ᠵᠢᠴᠢ ᠦᠷ᠎ᠡ ᠠᠰᠢᠭ᠎ᠢ ᠳᠡᠭᠡᠭᠰᠢᠯᠡᠭᠦᠯᠦᠨ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠢ ᠲᠣᠭᠲᠠᠭᠤᠨ ᠪᠥᠭᠡᠳ ᠠᠮᠤᠷ ᠲᠦᠪᠰᠢᠨ ᠵᠶ᠋ᠠᠷ ᠬᠠᠩᠭ᠋ᠠᠬᠤ ᠴᠢᠳᠠᠪᠤᠷᠢ᠎ᠪᠠᠨ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   ã€€2. ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠪᠠ ᠪᠥᠲᠥᠭᠡᠨ ᠪᠠᠢ᠍ᠢ᠍ᠭᠤᠯᠤᠯᠲᠠ ᠵᠢᠨ ᠠᠵᠢᠯᠯᠠᠭ᠋ᠠᠨ᠎ᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ 710 ᠲᠦᠮᠡᠨ ᠮᠥ᠍᠎ᠠᠴᠠ ᠳᠡᠭᠡᠭᠰᠢ ᠣᠯᠬᠤ᠎ᠪᠠᠷ ᠢᠳᠡᠪᠬᠢᠯᠡᠨ ᠴᠢᠷᠮᠠᠶ᠋ᠢᠨ᠎ᠠ᠃ ᠬᠠᠷ᠎ᠠ ᠬᠦᠷᠦᠰᠦᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠶ ᠲᠠᠷᠢᠶᠠᠯᠠᠭ᠎ᠠ ᠵᠢ ᠠᠬᠢᠭᠤᠯᠬᠤ ᠠᠵᠢᠯᠯᠠᠭ᠋ᠠᠨ᠎ᠢ ᠬᠡᠷᠡᠭᠵᠢᠭᠦᠯᠵᠦ᠂ ᠬᠥᠯᠥᠨ ᠪᠤᠶ᠋ᠢᠷ ᠬᠤᠲᠠ᠂ ᠬᠢᠩᠭ᠋ᠠᠨ ᠠᠶ᠋ᠢᠮᠠᠭ᠂ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ᠎ᠬᠢᠨ 2130 ᠲᠦᠮᠡᠨ ᠮᠥ᠍ ᠬᠠᠷ᠎ᠠ ᠬᠦᠷᠦᠰᠦᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠶ ᠲᠠᠷᠢᠶᠠᠯᠠᠭ᠎ᠠ ᠵᠢ ᠬᠡᠷᠡᠭᠵᠢᠭᠦᠯᠬᠦ ᠵᠢ᠎ᠨᠢ ᠳᠡᠮᠵᠢᠨ᠎ᠡ᠃         [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ]
   ã€€3. ᠤᠯᠤᠰ᠎ᠤᠨ ᠬᠤᠵᠢᠷᠯᠢᠬ ᠭᠠᠵᠠᠷ ᠵᠡᠷᠭᠡ ᠲᠠᠷᠢᠶᠠᠯᠠᠬᠤ ᠭᠠᠵᠠᠷ᠎ᠤᠨ ᠨᠥᠭᠡᠴᠡ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠬᠯᠠᠬᠤ ᠲᠤᠷᠰᠢᠯᠲᠠ ᠵᠢ ᠥᠷᠨᠢᠭᠦᠯᠵᠦ᠂ ᠬᠤᠵᠢᠷᠯᠢᠬ ᠭᠠᠵᠠᠷ᠎ᠢ ᠠᠯᠬᠤᠮ ᠠᠯᠬᠤᠮ ᠵᠶ᠋ᠠᠷ ᠨᠡᠭᠡᠭᠡᠨ ᠠᠰᠢᠬᠯᠠᠵᠤ᠂ ᠬᠤᠵᠢᠷᠰᠢᠭᠰᠠᠨ ᠲᠠᠷᠢᠶᠠᠯᠠᠬᠤ ᠭᠠᠵᠠᠷ᠎ᠢ ᠶᠡᠷᠦᠩᠬᠡᠶ᠋ᠢᠯᠡᠨ ᠠᠰᠢᠬᠯᠠᠬᠤ ᠵᠢ ᠴᠢᠩᠭ᠋ᠠᠳᠬᠠᠨ᠂ ᠬᠤᠵᠢᠷᠰᠢᠭᠰᠠᠨ ᠲᠠᠷᠢᠶᠠᠯᠠᠬᠤ ᠭᠠᠵᠠᠷ᠎ᠲᠤ ᠤᠰᠤᠨ ᠲᠤᠲᠤᠷᠭ᠎ᠠ᠂ ᠰᠢᠰᠢ ᠵᠡᠷᠭᠡ ᠳᠠᠪᠤᠰᠤᠨ᠎ᠳᠤ ᠳᠠᠭ᠋ᠠᠭ᠋ᠠᠮᠠᠭ᠋ᠠᠢ ᠲᠠᠷᠢᠮᠠᠯ ᠲᠠᠷᠢᠬᠤ ᠵᠢ ᠳᠡᠯᠭᠡᠷᠡᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)]
   ã€€ï¼ˆá ¬á ¤á ¶á  á ·ï¼‰ ᠦᠷ᠎ᠡ ᠡᠭᠦᠯᠳᠡᠷ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠋ᠠᠨ᠎ᠢ ᠬᠡᠷᠡᠭᠵᠢᠭᠦᠯᠦᠨ᠎ᠡ᠃
   ã€€4. 1.4 ᠳ᠋ᠦᠩᠰᠢᠭᠤᠷ ᠲᠥᠭᠦᠷᠢᠭ ᠳᠣᠭᠢᠷᠠᠭᠤᠯᠵᠤ ᠪᠠᠢ᠍ᠢ᠍ᠭ᠋ᠠᠳ ᠥᠪᠡᠷᠲᠡᠭᠡᠨ ᠵᠠᠰᠠᠬᠤ ᠣᠷᠣᠨ᠎ᠤ ᠦᠷ᠎ᠡ ᠡᠭᠦᠯᠳᠡᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ]
   ã€€5. ᠦᠷ᠎ᠡ ᠡᠭᠦᠯᠳᠡᠷ᠎ᠤᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ á ¶á ¡á ­á ¡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠥᠷᠨᠢᠭᠦᠯᠦᠨ᠎ᠡ᠃ 《5 + N》᠎ᠤᠨ ᠶᠡᠷᠦᠩᠬᠡᠶ ᠪᠠᠢ᠍ᠢ᠍ᠷᠢᠰᠢᠭᠤᠯᠤᠯᠲᠠ ᠶᠣᠰᠣᠭ᠋ᠠᠷ᠂ ᠡᠪᠡᠰᠦᠨ᠎ᠤ ᠦᠢ᠍ᠯᠡᠰ᠂ ᠰᠠᠭ᠋ᠠᠯᠢ ᠵᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ ᠵᠡᠷᠭᠡ 5 ᠳᠠᠪᠠᠭᠤᠯᠢᠭᠲᠤ ᠬᠦᠷᠢᠶ᠎ᠡ á ´á  á ·á  á ­á Žá   ᠪᠠ ᠡᠯᠳᠡᠪ ᠠᠮᠤ᠂ ᠢᠳᠡᠰᠢᠨ ᠨᠣᠭᠤᠭ᠎ᠠ᠂ ᠨᠡᠷᠡᠨ ᠬᠤᠸᠠᠷ᠂ ᠰᠢᠬᠢᠷ ᠯᠤᠤᠪᠠᠩ ᠵᠡᠷᠭᠡ ᠣᠯᠠᠨ ᠭᠤᠣᠯᠳᠠᠯᠭ᠋ᠠᠲᠤ ᠬᠦᠷᠢᠶ᠎ᠡ ᠴᠠᠷᠠᠭ᠋ᠠᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ á ¶á ¡á ­á ¡ ᠵᠢᠱ᠌ᠢᠶ᠎ᠡ ᠦᠵᠡᠭᠦᠯᠬᠦ ᠢᠨᠵᠧᠨᠧᠷᠢᠩ᠂ ᠴᠢᠬᠤᠯᠠ á ¶á ¡á ­á ¡ ᠲᠤᠰᠬᠠᠶ ᠵᠦᠢ᠍ᠯ ᠵᠶ᠋ᠠᠷ ᠳᠡᠮᠵᠢᠬᠦ ᠵᠢ ᠦᠷᠭᠦᠯᠵᠢᠯᠡᠨ ᠴᠢᠩᠭ᠋ᠠᠳᠬᠠᠵᠤ᠂ ᠮᠢᠺᠷᠣᠪ᠂ ᠤᠨᠴᠠᠯᠢᠭᠳᠤ ᠮᠠᠯ ᠵᠢᠭᠦᠷᠲᠡᠨ᠂ ᠲᠠᠷᠢᠮᠠᠯ ᠵᠡᠷᠭᠡ ᠵᠢᠨ ᠦᠷ᠎ᠡ ᠡᠭᠦᠯᠳᠡᠷ᠎ᠤᠨ ᠦᠢ᠍ᠯᠡᠰ᠎ᠤᠨ ᠬᠦᠷᠢᠶ᠎ᠡ ᠴᠠᠷᠠᠭ᠋ᠠᠨ᠎ᠳᠠᠬᠢ ᠰᠤᠳᠤᠯᠭ᠋ᠠᠨ᠎ᠤ ᠴᠢᠭᠯᠡᠯ᠎ᠢ ᠨᠡᠮᠡᠭᠳᠡᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ]
   ã€€6. ᠴᠢᠨᠠᠷᠯᠢᠭ ᠰᠠᠢ᠍ᠢ᠍ᠨ ᠦᠷ᠎ᠡ ᠡᠭᠦᠯᠳᠡᠷ᠎ᠤᠨ ᠱᠠᠩᠨᠠᠬᠤ ᠲᠣᠭᠲᠠᠴᠠ ᠵᠢ ᠪᠠᠶ᠋ᠢᠭᠤᠯᠵᠤ᠂ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠦᠮᠴᠢᠯᠡᠯ᠎ᠤᠨ ᠡᠷᠬᠡ ᠪᠠᠢ᠍ᠢ᠍ᠭ᠎ᠠ ᠲᠥᠮᠥᠰᠥ ᠵᠢᠨ ᠴᠢᠨᠠᠷ ᠰᠠᠶ᠋ᠢᠲᠠᠶ ᠰᠢᠨ᠎ᠡ ᠦᠷ᠎ᠡ ᠡᠭᠦᠯᠳᠡᠷ᠎ᠲᠤ᠂ ᠵᠢᠯ᠎ᠳᠤ ᠳᠡᠯᠭᠡᠷᠡᠭᠦᠯᠦᠭᠰᠡᠨ ᠲᠠᠯᠠᠪᠠᠶ᠎ᠨᠢ 10 ᠲᠦᠮᠡᠨ ᠮᠥ᠍᠎ᠠᠴᠠ ᠳᠡᠭᠡᠭᠰᠢ ᠪᠠᠶ᠋ᠢᠪᠠᠯ ᠨᠢᠭᠡ ᠯᠡ ᠤᠳᠠᠭ᠎ᠠ᠎ᠳᠤ 500 ᠲᠦᠮᠡᠨ ᠲᠥᠭᠦᠷᠢᠭ ᠱᠠᠩᠨᠠᠵᠤ ᠨᠥᠬᠦᠪᠥᠷᠢᠯᠡᠨ᠎ᠡ; ᠵᠢᠯ᠎ᠳᠤ ᠳᠡᠯᠭᠡᠷᠡᠭᠦᠯᠦᠭᠰᠡᠨ ᠲᠠᠯᠠᠪᠠᠶ᠎ᠨᠢ 30 ᠲᠦᠮᠡᠨ ᠮᠥ᠍᠎ᠠᠴᠠ ᠳᠡᠭᠡᠭᠰᠢ ᠪᠠᠶ᠋ᠢᠪᠠᠯ ᠨᠢᠭᠡ ᠯᠡ ᠤᠳᠠᠭ᠎ᠠ᠎ᠳᠤ 1000 ᠲᠦᠮᠡᠨ ᠲᠥᠭᠦᠷᠢᠭ ᠱᠠᠩᠨᠠᠵᠤ ᠨᠥᠬᠦᠪᠥᠷᠢᠯᠡᠨ᠎ᠡ᠃ ᠤᠯᠤᠰ᠎ᠤᠨ ᠬᠢᠨᠠᠨ ᠲᠣᠭᠲᠠᠭ᠋ᠠᠯᠲᠠ᠎ᠪᠠᠷ ᠪᠠᠲᠤᠯᠠᠭᠳᠠᠭᠰᠠᠨ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠡᠭᠦᠯᠳᠡᠷ ᠲᠦᠷᠦᠯ ᠪᠣᠯ ᠵᠦᠢ᠍ᠯ ᠪᠦᠷᠢ᠎ᠳᠤ ᠨᠢᠭᠡ ᠯᠡ ᠤᠳᠠᠭ᠎ᠠ᠎ᠳᠤ 10 ᠲᠦᠮᠡᠨ ᠲᠥᠭᠦᠷᠢᠭ ᠱᠠᠩᠨᠠᠨ᠎ᠠ᠃   [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   ã€€ï¼ˆá ­á ¤á ·á ªá  ï¼‰ á °á ¦   ᠰᠠᠭ᠋ᠠᠯᠢ ᠵᠢᠨ   ᠦᠢ᠍ᠯᠡᠰ᠎ᠢ   ᠬᠥᠭᠵᠢᠭᠦᠯᠦᠨ   ᠮᠠᠨᠳᠤᠭᠤᠯᠬᠤ   ᠠᠵᠢᠯᠯᠠᠭ᠋ᠠᠨ᠎ᠢ   ᠬᠡᠷᠡᠭᠵᠢᠭᠦᠯᠦᠨ᠎ᠡ᠃
   ã€€7. ᠴᠢᠨᠠᠷ ᠰᠠᠶ᠋ᠢᠲᠠᠶ á °á ¦ ᠵᠢᠨ ᠢᠷᠡᠯᠳᠡ ᠵᠢᠨ ᠬᠠᠩᠭ᠋ᠠᠯᠭ᠎ᠠ ᠵᠢ ᠲᠣᠭᠲᠠᠪᠤᠷᠢᠵᠢᠭᠤᠯᠵᠤ᠂ ᠨᠥᠬᠦᠴᠡᠯ᠎ᠳᠤ ᠨᠡᠶ᠋ᠢᠴᠡᠬᠦ ᠰᠢᠨ᠎ᠡ᠎ᠪᠠᠷ ᠪᠠᠢ᠍ᠢ᠍ᠭᠤᠯᠤᠭᠰᠠᠨ᠂ ᠥᠭᠡᠷᠡᠴᠢᠯᠡᠵᠦ ᠥᠷᠭᠡᠳᠬᠡᠨ ᠪᠠᠢ᠍ᠢ᠍ᠭᠤᠯᠤᠭᠰᠠᠨ ᠰᠠᠭ᠋ᠠᠯᠢ ᠵᠢᠨ ᠮᠠᠯ᠎ᠤᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ᠎ᠳᠤ ᠵᠣᠬᠢᠬᠤ ᠨᠡᠮᠡᠭᠦᠷᠢ ᠣᠯᠭᠤᠨ᠎ᠠ᠃ á °á ¦ ᠰᠠᠭ᠋ᠠᠯᠢ ᠵᠢᠨ ᠦᠢ᠍ᠯᠡᠰ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠰᠢᠶᠠᠨ ᠳᠠᠶᠠᠭ᠋ᠠᠷ ᠠᠬᠢᠭᠤᠯᠬᠤ ᠲᠥᠷᠥᠯ ᠵᠦᠢ᠍ᠯ᠎ᠳᠤ ᠰᠣᠩᠭᠤᠭᠳᠠᠭᠰᠠᠨ 100 — 3000 ᠰᠠᠭ᠋ᠠᠯᠢ ᠵᠢᠨ ᠮᠠᠯ᠎ᠤᠨ ᠬᠡᠪᠴᠢᠶ᠎ᠡ᠎ᠲᠠᠢ ᠲᠡᠵᠢᠭᠡᠨ ᠦᠷᠡᠵᠢᠭᠦᠯᠬᠦ ᠲᠠᠯᠠᠪᠠᠶ᠎ᠳᠤ ᠮᠠᠯ ᠪᠡᠯᠴᠢᠭᠡᠷ᠎ᠢ ᠢᠵᠢ ᠪᠥᠷᠢᠳᠦᠭᠦᠯᠬᠦ᠂ ᠤᠶᠤᠨᠯᠢᠭ ᠮᠠᠯᠵᠢᠯ᠎ᠤᠨ ᠲᠠᠯᠠᠪᠠᠶ᠂ ᠲᠡᠵᠢᠭᠡᠨ ᠦᠷᠡᠵᠢᠭᠦᠯᠬᠦ ᠪᠠ ᠡᠳ᠋ᠰᠢᠭᠦᠯᠬᠦ ᠵᠢ ᠨᠢᠭᠡ ᠴᠤᠭᠴᠠᠵᠢᠭᠤᠯᠬᠤ ᠲᠤᠷᠰᠢᠯᠲᠠ ᠵᠢᠨ á ´á ¡á ­ ᠵᠡᠷᠭᠡ ᠲᠠᠯ᠎ᠠ᠎ᠪᠠᠷ ᠨᠡᠮᠡᠭᠦᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   ã€€8. ᠴᠢᠨᠠᠷ ᠰᠠᠶ᠋ᠢᠲᠠᠶ ᠡᠭᠦᠯᠳᠡᠷ᠎ᠤᠨ ᠢᠷᠡᠯᠲᠡ ᠪᠤᠶ᠋ᠢᠵᠢᠭᠤᠯᠬᠤ ᠵᠢ ᠳᠡᠮᠵᠢᠵᠦ᠂ ᠡᠭᠦᠯᠳᠡᠷ ᠪᠤᠶ᠋ᠢᠵᠢᠭᠤᠯᠬᠤ ᠴᠢᠳᠠᠪᠤᠷᠢ ᠵᠢᠨ ᠦᠨᠡᠯᠡᠯᠲᠡ ᠵᠢᠨ ᠳᠡᠰ᠎ᠨᠢ ᠰᠠᠶ᠋ᠢᠨ᠎ᠠᠴᠠ ᠳᠡᠭᠡᠭᠰᠢ᠎ᠳᠤ ᠬᠦᠷᠦᠭᠰᠡᠨ ᠰᠠᠭ᠋ᠠᠯᠢ ᠵᠢᠨ ᠦᠨᠢᠶ᠎ᠡ ᠵᠢᠨ ᠡᠭᠦᠯᠳᠡᠷ ᠪᠤᠶ᠋ᠢᠵᠢᠭᠤᠯᠬᠤ ᠠᠵᠤ ᠠᠬᠤᠶ᠋ᠢᠯᠠᠯ᠎ᠳᠤ 100 ᠲᠦᠮᠡᠨ ᠲᠥᠭᠦᠷᠢᠭ᠎ᠤᠨ ᠰᠠᠭᠤᠷᠢᠯᠠᠬᠤ ᠴᠢᠨᠠᠷᠲᠠᠶ ᠱᠠᠩᠨᠠᠯ ᠣᠯᠭᠤᠬᠤ ᠵᠢᠨ ᠬᠠᠮᠲᠤ ᠡᠭᠦᠯᠳᠡᠷ᠎ᠤᠨ ᠪᠤᠬ᠎ᠠ ᠵᠢᠨ ᠵᠢᠯ ᠪᠦᠷᠢ ᠵᠢᠨ ᠨᠡᠷᠡᠰ᠎ᠤᠨ ᠵᠢᠭᠰᠠᠭ᠋ᠠᠯᠲᠠ ᠵᠢᠨ ᠦᠷ᠎ᠡ ᠳ᠋ᠦᠩ᠎ᠢ᠎ᠨᠢ ᠦᠨᠳᠦᠰᠦᠯᠡᠨ᠂ ᠡᠭᠦᠯᠳᠡᠷ ᠪᠤᠶ᠋ᠢᠵᠢᠭᠤᠯᠬᠤ ᠠᠵᠤ ᠠᠬᠤᠶ᠋ᠢᠯᠠᠯ᠎ᠳᠤ ᠱᠠᠩᠨᠠᠯ ᠣᠯᠭᠤᠨ᠎ᠠ; ᠰᠢᠨ᠎ᠡ᠎ᠪᠠᠷ ᠡᠭᠦᠳᠦᠨ ᠪᠠᠶ᠋ᠢᠭᠤᠯᠤᠭᠰᠠᠨ ᠤᠯᠤᠰ᠎ᠤᠨ ᠲᠠᠰ᠎ᠤᠨ ᠰᠠᠭ᠋ᠠᠯᠢ ᠵᠢᠨ ᠦᠨᠢᠶ᠎ᠡ᠂ ᠰᠠᠭ᠋ᠠᠯᠢ ᠵᠢᠨ ᠢᠮᠠᠭ᠋ᠠᠨ᠎ᠤ ᠭᠤᠣᠯᠯᠠᠭᠴᠢ ᠡᠭᠦᠯᠳᠡᠷ ᠪᠤᠶ᠋ᠢᠵᠢᠭᠤᠯᠬᠤ ᠲᠠᠯᠠᠪᠠᠶ ᠵᠢ ᠨᠢᠭᠡ ᠯᠡ ᠤᠳᠠᠭ᠎ᠠ᠎ᠳᠤ 300 ᠲᠦᠮᠡᠨ ᠲᠥᠭᠦᠷᠢᠭ ᠵᠶ᠋ᠠᠷ ᠱᠠᠩᠨᠠᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠤᠣᠯᠯᠠᠭᠴᠢ ᠡᠭᠦᠯᠳᠡᠷ ᠪᠤᠶ᠋ᠢᠵᠢᠭᠤᠯᠬᠤ ᠲᠠᠯᠠᠪᠠᠶ ᠵᠢ ᠨᠢᠭᠡ ᠯᠡ ᠤᠳᠠᠭ᠎ᠠ᠎ᠳᠤ 200 ᠲᠦᠮᠡᠨ ᠲᠥᠭᠦᠷᠢᠭ ᠵᠶ᠋ᠠᠷ ᠱᠠᠩᠨᠠᠨ᠎ᠠ᠃ ᠰᠠᠶ᠋ᠢᠨ ᠡᠭᠦᠯᠳᠡᠷ᠎ᠢ ᠦᠷᠡᠵᠢᠭᠦᠯᠦᠨ ᠪᠤᠶ᠋ᠢᠵᠢᠭᠤᠯᠬᠤ ᠮᠡᠷᠭᠡᠵᠢᠯ᠎ᠢ ᠳᠡᠯᠭᠡᠷᠡᠭᠦᠯᠵᠦ᠂ ᠰᠠᠭ᠋ᠠᠯᠢ ᠵᠢᠨ ᠦᠨᠢᠶᠡᠨ᠎ᠤ ᠬᠦᠢ᠍ᠰᠦ ᠵᠢᠨ ᠢᠯᠭ᠋ᠠᠯ ᠪᠦᠬᠦᠢ ᠬᠦᠪᠦᠷᠡᠯ᠎ᠢ ᠬᠡᠷᠡᠭᠯᠡᠨ᠂ ᠴᠢᠨᠰᠠᠭ᠎ᠠ ᠵᠢᠨ ᠢᠯᠡᠳᠬᠡᠭᠴᠢ ᠵᠢ᠎ᠨᠢ ᠦᠨᠳᠦᠰᠦᠯᠡᠨ ᠲᠠᠰ ᠬᠤᠪᠢᠶᠠᠨ ᠨᠡᠮᠡᠭᠦᠷᠢ ᠣᠯᠭᠤᠨ᠎ᠠ᠂ ᠰᠠᠭ᠋ᠠᠯᠢ ᠵᠢᠨ ᠦᠨᠢᠶᠡᠨ᠎ᠤ ᠭᠦᠢ᠍ᠰᠦ ᠵᠢᠨ ᠢᠯᠭ᠋ᠠᠯ ᠪᠦᠬᠦᠢ ᠢᠴᠡᠭᠡᠯ ᠦᠷ᠎ᠡ ᠵᠢ ᠬᠡᠷᠡᠭᠯᠡᠭᠰᠡᠨ ᠪᠠᠢ᠍ᠢ᠍ᠪᠠᠯ ᠲᠣᠯᠣᠭ᠋ᠠᠶ ᠪᠦᠷᠢ᠎ᠳᠤ 120 ᠲᠥ᠋ᠭᠦᠷᠢᠭ᠎ᠤᠨ ᠨᠡᠮᠡᠭᠦᠷᠢ ᠣᠯᠭᠤᠵᠣ᠂ ᠰᠠᠭ᠋ᠠᠯᠢ ᠵᠢᠨ ᠢᠮᠠᠭ᠋ᠠᠨ᠎ᠤ ᠢᠴᠡᠭᠡᠯ ᠦᠷ᠎ᠡ ᠵᠢ ᠬᠡᠷᠡᠭᠯᠡᠭᠰᠡᠨ ᠪᠠᠢ᠍ᠢ᠍ᠪᠠᠯ ᠲᠣᠯᠣᠭ᠋ᠠᠶ ᠪᠦᠷᠢ᠎ᠳᠤ 60 ᠲᠥᠭᠦᠷᠢᠭ᠎ᠤᠨ ᠨᠡᠮᠡᠭᠦᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   ã€€9. ᠲᠡᠵᠢᠭᠡᠯ ᠡᠪᠡᠰᠦ ᠬᠤᠷᠢᠶᠠᠨ ᠨᠥᠭᠡᠴᠡᠯᠡᠬᠦ᠎ᠳᠤ ᠨᠡᠮᠡᠭᠦᠷᠢ ᠣᠯᠭᠤᠬᠤ ᠡᠷᠴᠢᠮ ᠵᠶ᠋ᠠᠨ ᠴᠢᠩᠭ᠋ᠠᠷᠠᠭᠤᠯᠵᠤ᠂ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠪᠠ ᠰᠠᠭ᠋ᠠᠯᠢ ᠵᠢᠨ ᠲᠠᠷᠢᠶᠠᠴᠢᠳ᠎ᠤᠨ ᠬᠤᠷᠰᠢᠶ᠎ᠠ ᠳᠠᠷᠤᠰᠢᠭᠤᠯᠤᠭᠰᠠᠨ ᠡᠷᠳᠡᠨᠢ ᠰᠢᠰᠢ ᠵᠡᠷᠭᠡ ᠲᠡᠵᠢᠭᠡᠯ ᠡᠪᠡᠰᠦ ᠪᠣᠷᠳᠤᠭ᠎ᠠ ᠵᠢ ᠲᠤᠬᠠᠶ ᠵᠢᠨ ᠭᠠᠵᠠᠷ᠎ᠲᠤ᠎ᠨᠢ ᠣᠶ᠋ᠢᠷ᠎ᠠ ᠬᠠᠪᠢ᠎ᠪᠠᠷ ᠬᠤᠷᠢᠶᠠᠨ ᠨᠥᠭᠡᠴᠡᠯᠡᠬᠦ᠎ᠳᠤ ᠵᠣᠬᠢᠬᠤ ᠨᠡᠮᠡᠭᠦᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ]
   ã€€10. ᠤᠯᠤᠰ᠎ᠲᠤ᠎ᠪᠠᠨ ᠦᠢ᠍ᠯᠡᠳᠪᠦᠷᠢᠯᠡᠭᠰᠡᠨ ᠴᠢᠨᠠᠷ ᠰᠠᠶ᠋ᠢᠲᠠᠶ á ´á  á ·á ­á ‹á  á °á ¤ ᠵᠢᠨ ᠴᠢᠨᠠᠷ᠎ᠢ᠎ᠨᠢ ᠰᠠᠢ᠍ᠢ᠍ᠵᠢᠷᠠᠭᠤᠯᠤᠨ ᠤᠨᠠᠯᠲᠠ ᠵᠢ᠎ᠨᠢ ᠨᠡᠮᠡᠭᠳᠡᠭᠦᠯᠬᠦ ᠵᠢ ᠠᠬᠢᠭᠤᠯᠵᠤ᠂ ᠲᠦᠪᠯᠡᠷᠡᠭᠦᠯᠦᠨ ᠵᠠᠯᠭ᠋ᠠᠯᠳᠤᠭᠤᠯᠵᠤ ᠪᠠᠷᠢᠮᠵᠢᠶᠠᠵᠢᠭᠤᠯᠤᠨ ᠲᠠᠷᠢᠭᠰᠠᠨ ᠲᠠᠯᠠᠪᠠᠢ᠎ᠨᠢ 500 ᠮᠥ᠍᠎ᠠᠴᠠ ᠳᠡᠭᠡᠭᠰᠢ᠎ᠳᠤ ᠬᠦᠷᠦᠭᠰᠡᠨ ᠪᠦᠭᠡᠳ ᠲᠡᠵᠢᠭᠡᠨ ᠦᠷᠡᠵᠢᠭᠦᠯᠬᠦ ᠲᠠᠯᠠᠪᠠᠶ (ᠡᠷᠦᠬᠡ)᠎ᠯᠤᠭ᠎ᠠ ᠲᠡᠵᠢᠭᠡᠯ ᠡᠪᠡᠰᠦ ᠬᠤᠳᠠᠯᠳᠤᠨ ᠠᠪᠬᠤ ᠪᠠ ᠪᠣᠷᠣᠯᠠᠭᠤᠯᠬᠤ á ­á ¡á ·á Žá ¡ ᠲᠣᠭᠲᠠᠭᠰᠠᠨ ᠲᠠᠷᠢᠮᠠᠯ᠎ᠤᠨ ᠠᠵᠤ ᠠᠬᠤᠶ᠋ᠢᠯᠠᠯ (ᠬᠤᠷᠰᠢᠶ᠎ᠠ᠂ ᠲᠠᠷᠢᠮᠠᠯ᠎ᠤᠨ ᠡᠷᠦᠬᠡ)᠎ᠳᠤ 3 ᠵᠢᠯ ᠬᠤᠪᠢᠶᠠᠨ ᠮᠥ᠍ ᠪᠦᠷᠢ ᠨᠡᠶ᠋ᠢᠲᠡ 1000 ᠲᠥᠭᠦᠷᠢᠭ᠎ᠤᠨ ᠨᠡᠮᠡᠬᠦᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   ã€€11. á °á ¦ á ´á  á ­á ‹á  á ¨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶ᠋ᠢᠯᠠᠯ᠎ᠤᠨ ᠪᠣᠯᠪᠠᠰᠤᠷᠠᠭᠤᠯᠤᠨ ᠡᠳ᠋ᠰᠢᠭᠦᠯᠬᠦ ᠬᠡᠮᠵᠢᠶ᠎ᠡ᠎ᠪᠠᠨ ᠥᠷᠭᠡᠳᠬᠡᠬᠦ ᠵᠢ᠎ᠨᠢ ᠳᠡᠮᠵᠢᠵᠦ᠂ ᠳᠡᠭᠡᠷ᠎ᠡ ᠨᠢᠭᠡ ᠵᠢᠯ᠎ᠤᠨ ᠲᠦᠭᠦᠬᠡᠶ á °á ¦ ᠪᠣᠯᠪᠠᠰᠤᠷᠠᠭᠤᠯᠤᠭᠰᠠᠨ ᠬᠡᠮᠵᠢᠶ᠎ᠡ᠎ᠪᠠᠷ ᠰᠠᠭᠤᠷᠢ ᠲᠤᠭ᠎ᠠ ᠪᠣᠯᠭ᠋ᠠᠵᠤ᠂ 1 ᠲᠣᠨ ᠨᠡᠮᠡᠭᠳᠡᠭᠦᠯᠬᠦ ᠪᠦᠷᠢ 200 ᠲᠥ᠋ᠭᠦᠷᠢᠭ᠎ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ᠎ᠠᠴᠠ ᠲᠣᠰ ᠲᠣᠰ 50% ᠵᠢ ᠡᠭᠦᠷᠭᠡᠯᠡᠨ᠎ᠡ᠃ á °á ¦ á ´á  á ­á ‹á  á ¨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶ᠋ᠢᠯᠠᠯ᠎ᠤᠨ ᠪᠣᠷᠣᠯᠠᠭᠤᠯᠭ᠎ᠠ ᠬᠦᠭᠵᠢᠶᠡᠨ ᠦᠭᠡᠢ ᠤᠯᠠᠷᠢᠯ ᠪᠣᠯᠬᠤ 3 — 5 ᠳ᠋ᠤᠭ᠋ᠠᠷ ᠰᠠᠷ᠎ᠠ᠎ᠳᠤ ᠲᠤᠭ᠎ᠠ ᠶᠤᠰᠤᠭ᠋ᠠᠷ ᠭᠦᠢ᠍ᠴᠡᠳ á °á ¦ ᠬᠤᠷᠢᠶᠠᠬᠤ ᠵᠢ᠎ᠨᠢ ᠳᠡᠮᠵᠢᠵᠦ᠂ ᠲᠦᠭᠦᠬᠡᠶ á °á ¦ ᠵᠢ ᠰᠡᠪᠰᠡᠵᠦ ᠨᠤᠨᠳᠠᠭᠯᠠᠪᠠᠯ᠂ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠵᠢᠨ 10%᠎ᠪᠠᠷ ᠲᠣᠨ ᠪᠦᠷᠢ᠎ᠳᠤ 1000 ᠲᠥᠭᠦᠷᠢᠭ᠎ᠤᠨ ᠨᠡᠮᠡᠭᠦᠷᠢ ᠣᠯᠭᠤᠵᠣ᠂ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ᠎ᠠᠴᠠ ᠲᠣᠰ ᠲᠣᠰ 50% ᠵᠢ ᠡᠭᠦᠷᠭᠡᠯᠡᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ]
   ã€€12. á °á ¦ á ´á  á ­á ‹á  á ¨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶ᠋ᠢᠯᠠᠯ᠎ᠤᠨ ᠨᠠᠷᠢᠯᠢᠬ ᠭᠦᠨ ᠡᠳ᠋ᠰᠢᠭᠦᠯᠭᠡ ᠬᠥᠭᠵᠢᠭᠦᠯᠬᠦ ᠵᠢ᠎ᠨᠢ ᠳᠡᠮᠵᠢᠵᠦ᠂ ᠬᠤᠯᠢᠴᠠ ᠦᠭᠡᠢ ᠪᠢᠰᠢᠯᠠᠭ᠂ ᠰᠢᠷᠠᠰᠤ᠂ ᠰᠦᠨ ᠲᠡᠮᠦᠷᠲᠤ ᠤᠭᠤᠷᠠᠭ ᠵᠡᠷᠭᠡ á °á ¦ á ´á  á ­á ‹á  á ¨ ᠢᠳᠡᠭᠡ᠎ᠪᠠᠨ ᠨᠠᠷᠢᠯᠢᠬ ᠭᠦᠨ ᠪᠣᠯᠪᠠᠰᠤᠷᠠᠭᠤᠯᠤᠨ ᠡᠳ᠋ᠰᠢᠭᠦᠯᠬᠦ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠤᠭᠰᠠᠨ ᠪᠤᠶᠤ ᠥᠭᠡᠷᠡᠴᠢᠯᠡᠨ ᠥᠷᠭᠡᠳᠬᠡᠨ ᠪᠠᠶ᠋ᠢᠭᠤᠯᠤᠭᠰᠠᠨ ᠠᠵᠤ ᠠᠬᠤᠶ᠋ᠢᠯᠠᠯ᠎ᠳᠤ ᠲᠥᠬᠦᠭᠡᠷᠦᠮᠵᠢ ᠵᠢᠨ ᠪᠠᠯᠠ ᠣᠷᠣᠭᠤᠯᠤᠯᠲᠠ ᠵᠢᠨ ᠶᠡᠷᠦᠩᠬᠡᠶ ᠲᠣᠭ᠋ᠠᠨ᠎ᠤ 10%᠎ᠪᠠᠷ ᠬᠠᠮᠤᠭ᠎ᠤᠨ ᠥᠨᠳᠥᠷ᠎ᠲᠤ᠎ᠪᠠᠨ 5000 ᠲᠦᠮᠡᠨ ᠲᠥᠭᠦᠷᠢᠭ᠎ᠤᠨ ᠨᠡᠮᠡᠭᠦᠷᠢ ᠣᠯᠭᠤᠨ᠎ᠠ᠃ á °á ¦ á ´á  á ­á ‹á  á ¨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶ᠋ᠢᠯᠠᠯ ᠲᠦᠭᠦᠬᠡᠶ ᠰᠦ᠎ᠪᠠᠷ ᠬᠤᠯᠢᠴᠠ ᠦᠭᠡᠢ ᠪᠢᠰᠢᠯᠠᠭ ᠪᠣᠯᠪᠠᠰᠤᠷᠠᠭᠤᠯᠤᠨ ᠡᠳ᠋ᠰᠢᠭᠦᠯᠦᠭᠰᠡᠨ ᠪᠠᠢ᠍ᠢ᠍ᠪᠠᠯ ᠳᠡᠭᠡᠷ᠎ᠡ ᠨᠢᠭᠡ ᠵᠢᠯ᠎ᠤᠨ ᠲᠦᠭᠦᠬᠡᠶ á °á ¦ ᠬᠡᠷᠡᠭᠯᠡᠨ ᠪᠣᠯᠪᠠᠰᠤᠷᠠᠭᠤᠯᠤᠨ ᠡᠳ᠋ᠰᠢᠭᠦᠯᠦᠭᠰᠡᠨ ᠬᠤᠯᠢᠴᠠ ᠦᠭᠡᠢ ᠪᠢᠰᠢᠯᠠᠭ᠎ᠤᠨ ᠬᠡᠮᠵᠢᠶ᠎ᠡ᠎ᠪᠠᠷ ᠰᠠᠭᠤᠷᠢ ᠲᠤᠭ᠎ᠠ ᠪᠣᠯᠭ᠋ᠠᠵᠤ᠂ 1 ᠲᠣᠨ ᠨᠡᠮᠡᠭᠳᠡᠭᠦᠯᠬᠦ ᠪᠦᠷᠢ 2000 ᠲᠥᠭᠦᠷᠢᠭ᠎ᠤᠨ ᠨᠡᠮᠡᠭᠦᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   ã€€ï¼ˆá ³á ¥á ·á ªá ¡ï¼‰ ᠲᠠᠷᠢᠶᠠᠯᠠᠩ ᠮᠠᠯ ᠠᠵᠤ ᠠᠬᠤᠶ ᠵᠢᠨ ᠪᠥᠬᠦ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠠᠬᠢᠭᠤᠯᠤᠨ᠎ᠠ᠃
   ã€€13. ᠲᠤᠰᠬᠠᠶ ᠵᠦᠢ᠍ᠯ᠎ᠤᠨ ᠪᠠᠯᠠ ᠮᠥᠩᠭᠦ ᠳᠣᠭᠢᠷᠠᠭᠤᠯᠤᠨ ᠲᠠᠷᠢᠶᠠᠯᠠᠩ ᠮᠠᠯ ᠠᠵᠤ ᠠᠬᠤᠶ ᠵᠢᠨ ᠳᠠᠪᠠᠭᠤᠯᠢᠭ ᠣᠨᠴᠠᠯᠢᠭ᠎ᠲᠠᠢ ᠠᠵᠤ ᠦᠢ᠍ᠯᠡᠰ᠎ᠤᠨ ᠪᠦᠯᠦᠭᠵᠢᠯ᠎ᠢ ᠪᠦᠲᠦᠭᠡᠨ ᠪᠠᠢ᠍ᠢ᠍ᠭᠤᠯᠬᠤ ᠵᠢ᠎ᠨᠢ ᠳᠡᠮᠵᠢᠵᠦ᠂ ᠮᠢᠩᠭ᠋ᠠᠨ ᠳ᠋ᠦᠩᠰᠢᠭᠤᠷ᠎ᠤᠨ ᠲᠠᠰ᠎ᠤᠨ á °á ¦ ᠵᠢᠨ ᠦᠢ᠍ᠯᠡᠰ᠂ ᠡᠷᠳᠡᠨᠢ ᠰᠢᠰᠢ ᠵᠢᠨ ᠲᠠᠯ᠎ᠠ᠎ᠪᠠᠷ᠎ᠬᠢ 2 ᠠᠵᠤ ᠦᠢ᠍ᠯᠡᠰ᠎ᠤᠨ ᠪᠦᠯᠦᠭᠵᠢᠯ ᠵᠢᠴᠢ ᠵᠠᠭᠤᠨ ᠳ᠋ᠦᠩᠰᠢᠭᠤᠷ᠎ᠤᠨ ᠲᠠᠰ᠎ᠤᠨ ᠠᠯᠠᠰᠢᠨ ᠦᠬᠡᠷ᠂ ᠠᠯᠠᠰᠢᠨ ᠬᠤᠨᠢ᠂ ᠨᠡᠷᠡᠨ ᠬᠤᠸᠠᠷ᠂ ᠢᠮᠠᠭ᠋ᠠᠨ ᠨᠤᠤᠯᠤᠭᠤᠷ᠂ ᠲᠥᠮᠥᠰᠥ᠂ ᠡᠯᠳᠡᠪ ᠠᠮᠤ ᠡᠯᠳᠡᠪ ᠪᠤᠷᠴᠠᠭ᠂ ᠪᠤᠭᠤᠳᠠᠶ᠂ ᠢᠳᠡᠰᠢᠨ ᠨᠣᠭᠤᠭ᠎ᠠ᠂ ᠲᠡᠵᠢᠭᠡᠯ ᠡᠪᠡᠰᠦ ᠪᠣᠷᠳᠤᠭ᠎ᠠ ᠪᠠ ᠰᠢᠷ᠎ᠠ ᠪᠤᠷᠴᠠᠭ᠎ᠤᠨ ᠲᠠᠯ᠎ᠠ᠎ᠪᠠᠷ᠎ᠬᠢ 10 ᠠᠵᠤ ᠦᠢ᠍ᠯᠡᠰ᠎ᠤᠨ ᠪᠦᠯᠦᠭᠵᠢᠯ᠎ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   ã€€14. ᠠᠮᠤ ᠪᠤᠳᠠᠭ᠎ᠠ ᠢᠳᠡᠰᠢᠨ ᠲᠤᠰᠤ᠂ ᠮᠢᠬᠠᠨ᠎ᠤ ᠵᠦᠢ᠍ᠯ᠎ᠤᠨ ᠦᠢ᠍ᠯᠡᠳᠪᠦᠷᠢᠯᠡᠯ᠎ᠢ ᠯᠠᠪᠳᠠᠭᠤᠨ ᠪᠠᠲᠤᠲᠠᠶ ᠠᠬᠢᠭᠤᠯᠵᠤ᠂ ᠠᠮᠤ ᠪᠤᠳᠠᠭ᠎ᠠ ᠢᠳᠡᠰᠢᠨ ᠲᠤᠰᠤ᠂ ᠠᠯᠠᠰᠢᠨ ᠦᠬᠡᠷ᠂ ᠠᠯᠠᠰᠢᠨ ᠬᠤᠨᠢ᠂ ᠠᠮᠢᠳᠤ ᠭᠠᠭ᠍ᠠᠶ ᠵᠢᠨ ᠭᠠᠷᠭ᠋ᠠᠯᠲᠠ ᠶᠡᠬᠡᠲᠡᠢ ᠰᠢᠶᠠᠨ᠎ᠢ ᠱᠠᠩᠨᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠭᠠᠷᠭ᠋ᠠᠯᠲᠠ ᠶᠡᠬᠡᠲᠡᠢ ᠰᠢᠶᠠᠨ᠎ᠤ ᠲᠡᠵᠢᠭᠡᠨ ᠦᠷᠡᠵᠢᠭᠦᠯᠬᠦ ᠦᠷ᠎ᠡ ᠪᠦᠲᠦᠮᠵᠢ ᠪᠠ ᠦᠢ᠍ᠯᠡᠳᠪᠦᠷᠢᠯᠡᠯ᠎ᠤᠨ ᠦᠷ᠎ᠡ ᠠᠰᠢᠭ ᠵᠶ᠋ᠠᠨ ᠳᠡᠭᠡᠭᠰᠢᠯᠡᠭᠦᠯᠬᠦ ᠵᠢ ᠲᠡᠮᠵᠢᠵᠤ᠂ ᠲᠤᠮᠤ ᠬᠡᠯᠪᠡᠷᠢ ᠵᠢᠨ ᠨᠢᠳᠤᠯᠭ᠋ᠠᠨ᠎ᠤ ᠲᠦᠷᠦᠯ ᠵᠦᠢ᠍ᠯ᠎ᠢ ᠲᠤᠬᠠᠶ ᠵᠢᠨ ᠭᠠᠵᠠᠷ᠎ᠲᠤ᠎ᠨᠢ ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠪᠠᠶ᠋ᠢᠭᠤᠯᠬᠤ ᠵᠢ ᠵᠣᠷᠢᠬ᠍ᠵᠢᠭᠤᠯᠵᠤ᠂ ᠮᠠᠯ᠎ᠤᠨ ᠠᠰᠢᠭ ᠰᠢᠮ᠎ᠡ ᠵᠢᠭᠦᠷᠲᠡᠨ᠎ᠤ ᠭᠠᠷᠤᠯᠲᠠ ᠪᠦᠲᠦᠭᠡᠭᠳᠡᠭᠦᠨ᠎ᠢ ᠨᠠᠷᠢᠯᠢᠬ ᠬᠤᠪᠢᠶᠠᠷᠢᠯᠠᠨ ᠰᠠᠯᠭ᠋ᠠᠬᠤ᠂ ᠬᠦᠢ᠍ᠳᠡᠨ ᠬᠡᠯᠬᠢᠶ᠎ᠡ᠎ᠪᠠᠷ ᠪᠣᠯᠪᠠᠰᠤᠷᠠᠭᠤᠯᠤᠨ ᠡᠳ᠋ᠰᠢᠭᠦᠯᠬᠦ ᠵᠢᠴᠢ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠵᠢ ᠳᠦᠬᠦᠷᠵᠢᠭᠦᠯᠦᠨ ᠪᠠᠶ᠋ᠢᠭᠤᠯᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ]
   ã€€15. á  á ·á  á °á ¤ ᠰᠢᠷᠢ᠂ ᠬᠤᠨᠢᠨ ᠨᠣᠤᠰᠣᠨ᠎ᠤ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠵᠦ᠂ ᠨᠥᠬᠦᠴᠡᠯ᠎ᠳᠤ ᠨᠡᠶ᠋ᠢᠴᠡᠬᠦ ᠠᠵᠤ ᠦᠢ᠍ᠯᠡᠰ᠎ᠤᠨ ᠪᠦᠯᠦᠭᠵᠢᠯ᠂ ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ᠂ ᠭᠤᠤᠯᠳᠠᠯᠭ᠎ᠠ᠎ᠲᠠᠢ ᠠᠵᠤ ᠠᠬᠤᠶ᠋ᠢᠯᠠᠯ᠂ ᠭᠤᠤᠯᠳᠠᠯᠭ᠎ᠠ᠎ᠲᠠᠢ ᠲᠥᠷᠥᠯ ᠵᠦᠢ᠍ᠯ᠎ᠳᠤ ᠪᠣᠯ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ ᠵᠢᠨ ᠲᠤᠰᠬᠠᠶ ᠵᠦᠢ᠍ᠯ᠎ᠤᠨ ᠪᠠᠯᠠ ᠮᠥᠩᠭᠦ᠎ᠪᠠᠷ ᠵᠣᠬᠢᠬᠤ ᠨᠡᠮᠡᠭᠦᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   ã€€16. ᠲᠠᠷᠢᠶᠠᠯᠠᠩ ᠮᠠᠯ ᠠᠵᠤ ᠠᠬᠤᠶ ᠵᠢᠨ ᠨᠠᠷᠠᠲᠤ ᠲᠡᠮᠲᠡᠭ᠎ᠤᠨ á ­á  á ·á ´á  á ­ ᠪᠠᠶ᠋ᠢᠭᠤᠯᠬᠤ ᠵᠢ ᠳᠡᠮᠵᠢᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠥᠷᠥ ᠵᠢᠨ ᠪᠣᠳᠣᠯᠭ᠎ᠠ á  á ·á ­á Žá   ᠬᠡᠮᠵᠢᠶ᠎ᠡ ᠲᠣᠭᠲᠠᠭ᠋ᠠᠵᠤ᠂ ᠬᠠᠮᠢᠶ᠎ᠠ ᠪᠥᠬᠦᠶ ᠠᠵᠤ ᠠᠬᠤᠶ᠋ᠢᠯᠠᠯ᠎ᠤᠨ ᠪᠣᠬᠢᠷᠲᠤᠯ ᠥᠬᠡᠶ ᠢᠳᠡᠭᠡᠨ᠂ ᠣᠷᠭ᠋ᠠᠨᠢᠭ ᠪᠦᠲᠦᠭᠡᠭᠳᠡᠬᠦᠨ᠎ᠤ ᠭᠡᠷᠡᠴᠢᠯᠡᠯᠲᠡ ᠬᠢᠯᠭᠡᠬᠦ᠎ᠪᠠᠷ ᠭᠤᠶᠤᠴᠢᠯᠠᠬᠤ ᠵᠢ᠎ᠨᠢ ᠵᠣᠷᠢᠬ᠍ᠵᠢᠭᠤᠯᠤᠨ᠎ᠠ᠃ ᠭᠠᠵᠠᠷ ᠵᠦᠢ ᠵᠢᠨ ᠪᠡᠯᠭᠡ ᠳᠡᠮᠳᠡᠭ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ 《ᠦᠪᠦᠷ ᠮᠣᠩᠭᠤᠯ》 ᠲᠡᠮᠲᠡᠭᠲᠦ ᠵᠢᠨ ᠭᠡᠷᠡᠴᠢᠯᠡᠯᠲᠡ ᠵᠢ ᠠᠬᠢᠭᠤᠯᠵᠤ᠂ ᠥᠪᠥᠷ ᠮᠣᠩᠭᠤᠯ᠎ᠤᠨ ᠪᠣᠬᠢᠷᠲᠤᠯ ᠥᠬᠡᠶ ᠪᠦᠭᠡᠳ ᠣᠷᠭ᠋ᠠᠨᠢᠭ ᠨᠠᠷᠠᠲᠤ ᠲᠡᠮᠲᠡᠭ᠎ᠢ ᠴᠤᠭᠴᠠᠯᠠᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ]
   ã€€17. ᠡᠮ᠎ᠤᠨ ᠮᠠᠲ᠋ᠧᠷᠢᠶᠠᠯ᠎ᠢ ᠬᠡᠪᠴᠢᠶᠡᠵᠢᠭᠦᠯᠦᠨ ᠳᠠᠷᠢᠬᠤ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠵᠢᠩᠬᠢᠨᠢ ᠪᠠᠢ᠍ᠢ᠍ᠭ᠋ᠠᠯᠢᠯᠢᠬ ᠭᠠᠷᠤᠯᠲᠠ᠎ᠲᠠᠢ ᠡᠮ᠎ᠤᠨ ᠮᠠᠲ᠋ᠧᠷᠢᠶᠠᠯ᠂ ᠳᠠᠭᠤᠷᠢᠶᠠᠮᠠᠯ ᠬᠡᠭᠡᠷ᠎ᠡ ᠵᠢᠨ ᠡᠮ᠎ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ᠎ᠢ ᠪᠦᠢ᠍ᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠩᠬᠢᠨᠢ ᠪᠠᠢ᠍ᠢ᠍ᠭ᠋ᠠᠯᠢᠯᠢᠬ ᠭᠠᠷᠤᠯᠲᠠ᠎ᠲᠠᠢ ᠡᠮ᠎ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ᠂ ᠳᠠᠭᠤᠷᠢᠶᠠᠮᠠᠯ ᠬᠡᠭᠡᠷ᠎ᠡ ᠵᠢᠨ ᠡᠮ᠎ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠵᠶ᠋ᠠᠷ ᠦᠨᠡᠮᠰᠢᠭᠳᠡᠨ ᠲᠣᠭᠲᠠᠭ᠋ᠠᠭᠳᠠᠭᠰᠠᠨ ᠪᠠᠢ᠍ᠢ᠍ᠪᠠᠯ ᠨᠢᠭᠡ ᠯᠡ ᠤᠳᠠᠭ᠎ᠠ᠎ᠳᠤ 50 ᠲᠦᠮᠡᠨ ᠲᠥᠭᠦᠷᠢᠭ ᠱᠠᠩᠨᠠᠵᠤ ᠨᠥᠬᠦᠪᠥᠷᠢᠯᠡᠨ᠎ᠡ᠃ ᠬᠠᠮᠢᠶ᠎ᠠ ᠪᠥᠬᠦᠶ ᠲᠥᠷᠥᠯ ᠵᠦᠢ᠍ᠯ᠎ᠤᠨ ᠪᠠᠯᠠ ᠮᠥᠩᠭᠦ ᠵᠢ 300 ᠲᠦᠮᠡᠨ ᠲᠥᠭᠦᠷᠢᠭ᠎ᠠᠴᠠ ᠳᠡᠭᠡᠭᠰᠢ ᠨᠢᠭᠡᠳᠦᠯᠲᠡᠶ ᠲᠥᠯᠥᠪᠯᠡᠵᠦ᠂ ᠳᠠᠪᠠᠭᠤᠯᠢᠭ ᠬᠤᠰᠢᠭᠤ ᠰᠢᠶᠠᠨ (ᠬᠤᠲᠠ᠂ ᠲᠣᠭᠤᠷᠢᠭ)᠎ᠢ ᠰᠤᠩᠭᠤᠵᠤ ᠬᠢᠲᠠᠳ ᠡᠮ᠎ᠤᠨ ᠮᠠᠲ᠋ᠧᠷᠢᠶᠠᠯ᠎ᠤᠨ ᠥᠨᠳᠥᠷ ᠭᠠᠷᠤᠯᠲᠠ᠎ᠲᠠᠢ ᠥᠨᠳᠥᠷ ᠦᠷ᠎ᠡ ᠠᠰᠢᠭ᠎ᠲᠠᠢ ᠲᠠᠷᠢᠮᠠᠯ᠎ᠤᠨ ᠵᠢᠱ᠌ᠢᠶ᠎ᠡ ᠦᠵᠡᠭᠦᠯᠬᠦ ᠣᠷᠣᠨ ᠪᠠ ᠬᠢᠲᠠᠳ ᠡᠮ᠎ᠤᠨ ᠮᠠᠲ᠋ᠧᠷᠢᠶᠠᠯ᠎ᠤᠨ ᠬᠦᠷᠢᠶᠡᠯᠡᠩ ᠲᠣᠭᠤᠷᠢᠭ᠎ᠢ ᠪᠥᠲᠥᠭᠡᠨ ᠪᠠᠶ᠋ᠢᠭᠤᠯᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ]
   ã€€ ᠬᠤᠶᠠᠷ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠬᠥᠭᠵᠢᠯᠲᠡ ᠵᠢ ᠠᠬᠢᠭᠤᠯᠤᠨ᠎ᠠ
   ã€€ï¼ˆá ¨á ¢á ­á ¡ï¼‰ ᠠᠵᠤ   ᠦᠢ᠍ᠯᠡᠳᠪᠦᠷᠢ ᠵᠢᠨ   ᠠᠵᠤ   ᠦᠢ᠍ᠯᠡᠰ ᠎ᠤᠨ   ᠬᠡᠯᠬᠢᠶ᠎ᠡ ᠵᠢ   ᠪᠤᠶ᠋ᠢᠵᠢᠭᠤᠯᠤᠨ ᠪᠤᠵᠠᠭ᠋ᠠᠶ᠋ᠢᠷᠠᠭᠤᠯᠤᠨ᠎ᠠ᠃
   ã€€18. 5 ᠳ᠋ᠦᠩᠰᠢᠭᠤᠷ ᠲᠥᠭᠦᠷᠢᠭ ᠵᠢᠴᠢ ᠡᠭᠦᠨ᠎ᠠᠴᠠ ᠢᠯᠡᠭᠦᠦ ᠪᠠᠯᠠ ᠣᠷᠣᠭᠤᠯᠤᠭᠰᠠᠨ ᠪᠦᠭᠡᠳ ᠪᠠᠷᠢᠯᠭ᠎ᠠ ᠳᠠᠭᠤᠰᠴᠤ ᠠᠰᠢᠬᠯᠠᠯᠲᠠ᠎ᠳᠤ ᠣᠷᠣᠭᠤᠯᠤᠭᠰᠠᠨ ᠦᠢ᠍ᠯᠡᠳᠬᠦ ᠦᠢ᠍ᠯᠡᠰ᠎ᠤᠨ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ 《ᠬᠡᠯᠬᠢᠶ᠎ᠡ ᠵᠢ ᠤᠷᠲᠤᠳᠬᠠᠬᠤ ᠨᠥᠬᠦᠪᠥᠷᠢᠯᠡᠬᠦ ᠴᠢᠩᠳᠠᠯᠠᠬᠤ》 ᠦᠨᠳᠦᠰᠦᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠪᠣᠳᠠᠲᠠᠶ ᠵᠢᠭᠡᠯᠡᠯᠭᠡ ᠵᠢᠨ ᠬᠦᠤ ᠮᠥᠩᠭᠦ ᠵᠢᠨ 30%᠎ᠪᠠᠷ ᠨᠢᠭᠡ ᠯᠡ ᠤᠳᠠᠭ᠎ᠠ ᠵᠢᠨ ᠴᠢᠨᠠᠷᠲᠠᠶ ᠳᠠᠮ ᠬᠦᠤ ᠥᠭᠴᠤ ᠱᠠᠩᠨᠠᠨ ᠨᠦᠬᠦᠪᠦᠷᠢᠯᠡᠵᠦ᠂ ᠲᠠᠩ á ­á  á ­á ´á   ᠲᠥᠷᠥᠯ ᠵᠦᠢ᠍ᠯ᠎ᠳᠤ ᠬᠠᠮᠤᠭ᠎ᠤᠨ ᠥᠨᠳᠥᠷ᠎ᠲᠤ᠎ᠪᠠᠨ 500 ᠲᠦᠮᠡᠨ ᠲᠥᠭᠦᠷᠢᠭ᠎ᠤᠨ ᠱᠠᠩᠨᠠᠯ ᠨᠦᠬᠦᠪᠦᠷᠢ ᠣᠯᠭᠤᠨ᠎ᠠ᠃ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠪᠤᠶ᠋ᠢᠵᠢᠭᠤᠯᠵᠤ᠂ ᠰᠢᠨ᠎ᠡ᠎ᠪᠠᠷ ᠦᠨᠡᠮᠰᠢᠨ ᠲᠣᠭᠲᠠᠭ᠋ᠠᠭᠰᠠᠨ ᠤᠯᠤᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠳᠤ ᠲᠣᠰ ᠲᠣᠰ ᠨᠢᠭᠡ ᠯᠡ ᠤᠳᠠᠭ᠎ᠠ᠎ᠳᠤ 1000 ᠲᠦᠮᠡᠨ ᠲᠥᠭᠦᠷᠢᠭ᠂ 500 ᠲᠦ᠍ᠢ᠍ᠮᠡᠨ ᠲᠥᠭᠦᠷᠢᠭ᠎ᠤᠨ ᠱᠠᠩᠨᠠᠯ ᠨᠦᠬᠦᠪᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€19. 2000 ᠲᠦᠮᠡᠨ ᠲᠥᠭᠦᠷᠢᠭ ᠵᠢᠴᠢ ᠡᠭᠦᠨ᠎ᠠᠴᠠ ᠢᠯᠡᠭᠦᠦ ᠪᠠᠯᠠ ᠣᠷᠣᠭᠤᠯᠤᠭᠰᠠᠨ ᠪᠦᠭᠡᠳ ᠨᠢᠭᠡᠨᠲᠡ ᠠᠵᠢᠯ ᠳᠠᠭᠤᠰᠤᠭᠰᠠᠨ ᠦᠢ᠍ᠯᠡᠳᠬᠦ ᠦᠢ᠍ᠯᠡᠰ᠎ᠤᠨ ᠮᠡᠷᠭᠡᠵᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ᠎ᠳᠤ᠂ ᠲᠤᠬᠠᠶ ᠵᠢᠨ ᠵᠢᠯ᠎ᠤᠨ ᠮᠡᠷᠭᠡᠵᠢᠯ᠎ᠤᠨ ᠥᠭᠡᠷᠡᠴᠢᠯᠡᠯᠲᠡ ᠵᠢᠨ ᠲᠥᠬᠦᠭᠡᠷᠦᠮᠵᠢ ᠵᠢᠨ ᠪᠠᠯᠠ ᠣᠷᠣᠭᠤᠯᠤᠯᠲᠠ ᠵᠢᠨ 20%᠎ᠪᠠᠷ᠂ ᠲᠠᠩ á ­á  á ­á ´á   ᠲᠥᠷᠥᠯ ᠵᠦᠢ᠍ᠯ᠎ᠳᠤ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ᠎ᠠᠴᠠ ᠳᠠᠪᠠᠭᠤᠯᠬᠤ ᠥᠬᠡᠶ᠎ᠪᠠᠷ ᠨᠦᠬᠦᠪᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€20. ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ ᠳᠡᠮᠵᠢᠵᠦ᠂ ᠵᠢᠯ᠎ᠤᠨ ᠡᠨᠧᠷᠭᠢ ᠠᠷᠪᠢᠯᠠᠬᠤ ᠬᠡᠮᠵᠢᠶ᠎ᠡ᠎ᠨᠢ 2000 ᠲᠣᠨ ᠪᠠᠷᠢᠮᠵᠢᠶᠠᠲᠤ ᠨᠡᠭᠦᠷᠡᠰᠦ᠎ᠠᠴᠠ ᠳᠡᠭᠡᠭᠰᠢᠬᠢ (2000 ᠲᠣᠨ ᠪᠠᠷᠢᠮᠵᠢᠶᠠᠲᠤ ᠨᠡᠭᠦᠷᠡᠰᠦ ᠪᠠᠭᠲᠠᠨ᠎ᠠ) ᠡᠨᠧᠷᠭᠢ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ (ᠪᠤᠭᠤᠵᠢᠯᠠᠭᠰᠠᠨ ᠲᠥᠷᠥᠯ ᠵᠦᠢ᠍ᠯ ᠪᠠᠭᠲᠠᠨ᠎ᠠ)᠎ᠳᠤ 1 ᠲᠣᠨ ᠪᠠᠷᠢᠮᠵᠢᠶᠠᠲᠤ ᠨᠡᠭᠦᠷᠡᠰᠦ ᠠᠷᠪᠢᠯᠠᠬᠤ ᠪᠦᠷᠢ 200 ᠲᠥᠭᠦᠷᠢᠭ᠎ᠤᠨ ᠱᠠᠩᠨᠠᠯ ᠨᠦᠬᠦᠪᠦᠷᠢ ᠣᠯᠭᠤᠵᠣ᠂ ᠲᠠᠩ á ­á  á ­á ´á   ᠲᠥᠷᠥᠯ ᠵᠦᠢ᠍ᠯ᠎ᠳᠤ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ᠎ᠤᠨ ᠱᠠᠩᠨᠠᠯ ᠨᠦᠬᠦᠪᠦᠷᠢ ᠣᠯᠭᠤᠨ᠎ᠠ; ᠲᠣᠮᠣ ᠳ᠋ᠠᠶ᠋ᠢᠲ᠋ᠠ ᠵᠢᠨ ᠲᠥᠪ᠎ᠤᠨ ᠴᠠᠬᠢᠯᠭ᠋ᠠᠨ ᠡᠭᠦᠰᠭᠡᠭᠴᠢ ᠵᠢᠨ ᠬᠡᠷᠡᠭᠯᠡᠯᠲᠡ ᠵᠢᠨ ᠦᠷ᠎ᠡ ᠪᠦᠲᠦᠮᠵᠢ (PUE ᠬᠡᠮᠵᠢᠭᠳᠡᠯ) ᠵᠢ ᠠᠩᠬ᠎ᠠ ᠤᠳᠠᠭ᠎ᠠ 1.3 ᠪᠣᠯᠲᠠᠯ᠎ᠠ ᠪᠠᠭᠤᠷᠠᠭᠤᠯᠤᠭᠰᠠᠨ ᠪᠠᠶ᠋ᠢᠪᠠᠯ᠂ ᠮᠡᠷᠭᠡᠵᠢᠯ᠎ᠤᠨ ᠥᠭᠡᠷᠡᠴᠢᠯᠡᠯᠲᠡ ᠵᠢᠨ ᠪᠠᠯᠠ ᠣᠷᠣᠭᠤᠯᠤᠯᠲᠠ ᠵᠢᠨ ᠲᠣᠭ᠋ᠠᠨ᠎ᠤ 10%᠎ᠪᠠᠷ ᠱᠠᠩᠨᠠᠨ ᠨᠥᠬᠦᠪᠥᠷᠢᠯᠡᠵᠦ᠂ ᠲᠠᠩ á ­á  á ­á ´á   ᠲᠥᠷᠥᠯ ᠵᠦᠢ᠍ᠯ᠎ᠢ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ ᠵᠶ᠋ᠠᠷ ᠱᠠᠩᠨᠠᠨ ᠨᠥᠬᠦᠪᠥᠷᠢᠯᠡᠨ᠎ᠡ; ᠵᠢᠯ᠎ᠤᠨ ᠤᠰᠤ ᠠᠷᠪᠢᠯᠠᠬᠤ ᠬᠡᠮᠵᠢᠶ᠎ᠡ᠎ᠨᠢ 5 ᠲᠦᠮᠡᠨ ᠲᠣᠨ᠎ᠠᠴᠠ ᠳᠡᠭᠡᠭᠰᠢᠬᠢ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ (ᠪᠤᠭᠤᠵᠢᠯᠠᠭᠰᠠᠨ ᠲᠥᠷᠥᠯ ᠵᠦᠢ᠍ᠯ ᠪᠠᠭᠲᠠᠨ᠎ᠠ)᠎ᠳᠤ 1 ᠲᠣᠨ ᠤᠰᠤ ᠠᠷᠪᠢᠯᠠᠬᠤ ᠪᠦᠷᠢ 10 ᠲᠥᠭᠦᠷᠢᠭ᠎ᠤᠨ ᠨᠦᠬᠦᠪᠦᠷᠢ ᠣᠯᠭᠤᠵᠤ᠂ ᠲᠠᠩ á ­á  á ­á ´á   ᠲᠥᠷᠥᠯ ᠵᠦᠢ᠍ᠯ᠎ᠳᠤ ᠣᠯᠭᠤᠬᠤ ᠨᠥᠬᠦᠪᠥᠷᠢ ᠵᠢ 500 ᠲᠦᠮᠡᠨ ᠲᠥᠭᠦᠷᠢᠭ᠎ᠠᠴᠠ ᠳᠠᠪᠠᠭᠤᠯᠬᠤ ᠥᠭᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€21. ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠬᠯᠠᠬᠤ ᠵᠢ ᠳᠡᠮᠵᠢᠵᠦ᠂ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠬᠯᠠᠭᠰᠠᠨ ᠬᠡᠮᠵᠢᠶ᠎ᠡ᠎ᠨᠢ ᠵᠢᠯ᠎ᠳᠤ 1 ᠲᠦᠮᠡᠨ ᠲᠣᠨ᠎ᠠᠴᠠ ᠳᠡᠭᠡᠭᠰᠢ ᠪᠠᠶ᠋ᠢᠬᠤ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ᠎ᠢ ᠬᠡᠷᠡᠭᠯᠡᠨ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠳᠠᠬᠢᠯᠲᠠ ᠡᠬᠢ ᠪᠠᠶᠠᠯᠢᠭ᠎ᠢ ᠳᠡᠭᠡᠳᠦ ᠦᠵᠦᠭᠦᠷᠵᠢᠭᠦᠯᠬᠦ᠂ ᠪᠣᠬᠢᠷᠲᠤᠯ ᠥᠬᠡᠶ ᠪᠣᠯᠭ᠋ᠠᠬᠤ᠂ ᠤᠷᠴᠢᠯᠵᠢᠭᠤᠯᠤᠨ ᠠᠰᠢᠬᠯᠠᠬᠤ ᠰᠢᠨ᠎ᠡ᠎ᠪᠠᠷ ᠪᠠᠢ᠍ᠢ᠍ᠭᠤᠯᠤᠭᠰᠠᠨ ᠲᠥᠷᠥᠯ ᠵᠦᠢ᠍ᠯ᠎ᠳᠤ᠂ 1 ᠲᠣᠨ ᠶᠡᠷᠦᠩᠬᠡᠶ᠋ᠢᠯᠡᠨ ᠠᠰᠢᠬᠯᠠᠬᠤ ᠪᠦᠷᠢ 10 ᠲᠥᠭᠦᠷᠢᠭ᠎ᠤᠨ ᠨᠥᠬᠦᠪᠥᠷᠢ ᠣᠯᠭᠤᠨ᠎ᠠ; ᠳᠠᠬᠢᠯᠲᠠ ᠡᠬᠢ ᠪᠠᠶᠠᠯᠢᠭ᠎ᠤᠨ ᠳᠣᠲᠣᠷᠠᠬᠢ ᠬᠠᠶᠠᠭᠳᠠᠮᠠᠯ ᠰᠦᠯᠢᠶᠣᠣ᠂ ᠬᠠᠶᠠᠭᠳᠠᠮᠠᠯ á ´á  á ­á ‹á  á °á ¤ ᠵᠢ ᠡᠭᠡᠭᠦᠯᠦᠨ ᠬᠤᠷᠢᠶᠠᠵᠤ ᠡᠳ᠋ᠰᠢᠭᠦᠯᠦᠨ ᠠᠰᠢᠬᠯᠠᠭᠰᠠᠨ ᠬᠡᠮᠵᠢᠶ᠎ᠡ᠎ᠨᠢ ᠵᠢᠯ᠎ᠳᠤ 1 ᠮᠢᠩᠭ᠋ᠠᠨ ᠲᠣᠨ᠎ᠠᠴᠠ ᠳᠡᠭᠡᠭᠰᠢᠬᠢ ᠲᠥᠷᠥᠯ ᠵᠦᠢ᠍ᠯ᠎ᠳᠤ ᠲᠥᠬᠦᠭᠡᠷᠦᠮᠵᠢ ᠵᠢᠨ ᠪᠠᠯᠠ ᠣᠷᠣᠭᠤᠯᠤᠯᠲᠠ ᠵᠢᠨ ᠲᠣᠭ᠋ᠠᠨ᠎ᠤ 10%᠎ᠪᠠᠷ ᠨᠥᠬᠦᠪᠥᠷᠢ ᠥᠭᠴᠦ᠂ ᠲᠠᠩ á ­á  á ­á ´á   ᠲᠥᠷᠥᠯ ᠵᠦᠢ᠍ᠯ᠎ᠤᠨ ᠨᠥᠬᠦᠪᠥᠷᠢ ᠵᠢ 500 ᠲᠦᠮᠡᠨ ᠲᠥᠭᠦᠷᠢᠭ᠎ᠠᠴᠠ ᠳᠠᠪᠠᠭᠤᠯᠬᠤ ᠥᠬᠡᠶ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€22. ᠤᠯᠤᠰ᠎ᠤᠨ ᠲᠠᠰ᠎ᠤᠨ ᠪᠣᠬᠢᠷᠲᠤᠯ ᠥᠬᠡᠶ ᠬᠦᠷᠢᠶᠡᠯᠡᠩ ᠲᠣᠭᠤᠷᠢᠭ᠂ ᠪᠣᠬᠢᠷᠲᠤᠯ ᠥᠬᠡᠶ ᠦᠢ᠍ᠯᠡᠳᠪᠦᠷᠢ᠂ ᠪᠣᠬᠢᠷᠲᠤᠯ ᠥᠬᠡᠶ ᠬᠠᠩᠭ᠋ᠠᠯᠭ᠎ᠠ ᠵᠢᠨ ᠬᠡᠯᠬᠢᠶ᠎ᠡ᠂ ᠪᠣᠬᠢᠷᠲᠤᠯ ᠥᠬᠡᠶ ᠵᠢᠷᠤᠭ ᠲᠥᠯᠥᠪᠯᠡᠭᠡ ᠵᠢᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠂ ᠡᠨᠧᠷᠭᠢ ᠵᠢᠨ ᠠᠰᠢᠬᠯᠠᠮᠵᠢ ᠵᠢᠨ ᠳᠠᠭ᠋ᠠᠭᠤᠯᠤᠭᠴᠢ᠂ ᠤᠰᠤᠨ᠎ᠤ ᠠᠰᠢᠬᠯᠠᠮᠵᠢ ᠵᠢᠨ ᠳᠠᠭ᠋ᠠᠭᠤᠯᠤᠭᠴᠢ ᠬᠡᠮᠡᠨ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠳ᠎ᠲᠤ ᠨᠢᠭᠡ ᠯᠡ ᠤᠳᠠᠭ᠎ᠠ᠎ᠳᠤ 100 ᠲᠦᠮᠡᠨ ᠲᠥᠭᠦᠷᠢᠭ᠎ᠤᠨ ᠱᠠᠩᠨᠠᠯ ᠣᠯᠭᠤᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠥᠬᠡᠶ ᠬᠦᠷᠢᠶᠡᠯᠡᠩ ᠲᠣᠭᠤᠷᠢᠭ᠂ ᠪᠣᠬᠢᠷᠲᠤᠯ ᠥᠬᠡᠶ ᠦᠢ᠍ᠯᠡᠳᠪᠦᠷᠢ᠂ ᠪᠣᠬᠢᠷᠲᠤᠯ ᠥᠬᠡᠶ ᠬᠠᠩᠭ᠋ᠠᠯᠭ᠎ᠠ ᠵᠢᠨ ᠬᠡᠯᠬᠢᠶ᠎ᠡ᠂ ᠤᠰᠤ ᠠᠷᠪᠢᠯᠠᠭᠰᠠᠨ ᠬᠡᠪ ᠳᠠᠭᠤᠷᠢᠶᠠᠯ ᠬᠡᠮᠡᠨ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠳ᠎ᠢ ᠨᠢᠭᠡ ᠯᠡ ᠤᠳᠠᠭ᠎ᠠ ᠵᠢᠨ ᠴᠢᠨᠠᠷᠲᠠᠶ 50 ᠲᠦᠮᠡᠨ ᠲᠥᠭᠦᠷᠢᠭ ᠵᠶ᠋ᠠᠷ ᠱᠠᠩᠨᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€23. ᠦᠢ᠍ᠯᠡᠳᠬᠦ ᠦᠢ᠍ᠯᠡᠰ᠎ᠤᠨ ᠲᠣᠭ᠋ᠠᠵᠢᠭᠤᠯᠬᠤ ᠲᠡᠢ᠍ᠢ᠍ᠰᠢ ᠬᠡᠯᠪᠡᠷᠢ᠎ᠪᠠᠨ ᠬᠤᠪᠢᠷᠠᠭᠤᠯᠬᠤ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠳᠬᠦ ᠦᠢ᠍ᠯᠡᠰ᠎ᠤᠨ ᠲᠣᠭ᠋ᠠᠵᠢᠭᠤᠯᠬᠤ ᠲᠡᠢ᠍ᠢ᠍ᠰᠢ ᠬᠡᠯᠪᠡᠷᠢ᠎ᠪᠠᠨ ᠬᠤᠪᠢᠷᠠᠭᠤᠯᠬᠤ ᠲᠤᠷᠰᠢᠯᠲᠠ ᠵᠢᠨ ᠴᠡᠭ᠎ᠲᠤ ᠵᠢᠭᠰᠠᠭ᠋ᠠᠭᠳᠠᠭᠰᠠᠨ ᠠᠶ᠋ᠢᠮᠠᠭ ᠬᠤᠲᠠ᠎ᠳᠤ 5000 ᠲᠦᠮᠡᠨ ᠲᠥᠭᠦᠷᠢᠭ᠎ᠤᠨ ᠱᠠᠩᠨᠠᠯ ᠨᠥᠬᠦᠪᠥᠷᠢ ᠣᠯᠭᠤᠨ᠎ᠠ᠃ ᠤᠯᠤᠰ᠎ᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠲᠣᠭ᠋ᠠᠵᠢᠭᠤᠯᠬᠤ ᠲᠡᠢ᠍ᠢ᠍ᠰᠢ ᠬᠡᠯᠪᠡᠷᠢ᠎ᠪᠠᠨ ᠬᠤᠪᠢᠷᠠᠭᠤᠯᠬᠤ ᠬᠤᠲᠠ ᠵᠢᠨ ᠲᠤᠷᠰᠢᠯᠲᠠ ᠵᠢᠨ ᠴᠡᠭ᠎ᠲᠤ ᠵᠢᠭᠰᠠᠭ᠋ᠠᠭᠳᠠᠭᠰᠠᠨ ᠠᠶ᠋ᠢᠮᠠᠭ ᠬᠤᠲᠠ᠎ᠳᠤ 5000 ᠲᠦᠮᠡᠨ ᠲᠥᠭᠦᠷᠢᠭ᠎ᠤᠨ ᠱᠠᠩᠨᠠᠯ ᠨᠥᠬᠦᠪᠥᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€24. ᠣᠯᠠᠨ ᠤᠯᠤᠰ᠂ ᠤᠯᠤᠰ (ᠠᠵᠢᠯ ᠲᠥᠷᠥᠯ)᠎ᠤᠨ ᠪᠠᠷᠢᠮᠵᠢᠶ᠎ᠠ ᠵᠢ ᠭᠤᠣᠯᠯᠠᠨ ᠲᠣᠭᠲᠠᠭ᠋ᠠᠭᠰᠠᠨ ᠠᠵᠤ ᠠᠬᠤᠶ᠋ᠢᠯᠠᠯ᠎ᠳᠤ ᠪᠣᠯ ᠪᠠᠷᠢᠮᠵᠢᠶ᠎ᠠ ᠨᠢᠭᠡᠪᠦᠷᠢ ᠲᠣᠰ ᠲᠣᠰ ᠨᠢᠭᠡ ᠯᠡ ᠤᠳᠠᠭ᠎ᠠ᠎ᠳᠤ 30 ᠲᠦᠮᠡᠨ ᠲᠥᠭᠦᠷᠢᠭ᠂ 20 ᠲᠦᠮᠡᠨ ᠲᠥᠭᠦᠷᠢᠭ᠎ᠤᠨ ᠱᠠᠩᠨᠠᠯ ᠣᠯᠭᠤᠨ᠎ᠠ; ᠣᠯᠠᠨ ᠤᠯᠤᠰ᠂ ᠤᠯᠤᠰ (ᠠᠵᠢᠯ ᠲᠥᠷᠥᠯ)᠎ᠤᠨ ᠪᠠᠷᠢᠮᠵᠢᠶ᠎ᠠ ᠵᠢ ᠲᠣᠭᠲᠠᠭ᠋ᠠᠬᠤ᠎ᠳᠤ ᠣᠷᠣᠯᠴᠠᠭᠰᠠᠨ ᠠᠵᠤ ᠠᠬᠤᠶ᠋ᠢᠯᠠᠯ᠎ᠳᠤ ᠪᠣᠯ ᠪᠠᠷᠢᠮᠵᠢᠶ᠎ᠠ ᠨᠢᠭᠡᠪᠦᠷᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ᠎ᠤᠨ ᠨᠢᠭᠡ ᠯᠡ ᠤᠳᠠᠭ᠎ᠠ ᠵᠢᠨ ᠴᠢᠨᠠᠷᠲᠠᠶ ᠱᠠᠩᠨᠠᠯ ᠣᠯᠭᠤᠨ᠎ᠠ᠃ ᠪᠠᠷᠢᠮᠵᠢᠶ᠎ᠠ ᠲᠣᠭᠲᠠᠭ᠋ᠠᠬᠤ᠎ᠳᠤ ᠳᠠᠩ á ­á  á ­á ´á   ᠠᠵᠤ ᠠᠬᠤᠶ᠋ᠢᠯᠠᠯ ᠭᠤᠣᠯᠯᠠᠭᠰᠠᠨ ᠪᠤᠶᠤ ᠣᠷᠤᠯᠴᠠᠭᠰᠠᠨ ᠪᠠᠢ᠍ᠢ᠍ᠪᠠᠯ ᠵᠢᠯ ᠪᠦᠷᠢ ᠵᠢᠨ ᠱᠠᠩᠨᠠᠯ᠎ᠤᠨ ᠪᠠᠯᠠ ᠮᠥᠩᠭᠦ ᠵᠢ 50 ᠲᠦᠮᠡᠨ ᠲᠥᠭᠦᠷᠢᠭ᠎ᠠᠴᠠ ᠳᠠᠪᠠᠭᠤᠯᠬᠤ ᠥᠬᠡᠶ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€25. 2022 ᠣᠨ᠎ᠤ 1 ᠳ᠋ᠤᠭᠡᠷ á °á  á ·á Žá   ᠵᠢᠨ 1á Žá ¤ ᠡᠳᠦᠷ᠎ᠠᠴᠠ ᠰᠡᠭᠦᠯᠡᠷ ᠰᠤᠳᠤᠯᠤᠨ ᠨᠡᠭᠡᠭᠡᠬᠦ ᠪᠤᠶᠤ ᠣᠷᠣᠭᠤᠯᠤᠨ ᠠᠪᠴᠢᠷᠠᠬᠤ á  á ·á ­á Žá   ᠮᠠᠶᠢᠭ ᠵᠶ᠋ᠠᠷ ᠳᠠᠮᠵᠢᠭᠤᠯᠤᠨ ᠤᠯᠤᠰ᠎ᠤᠨ ᠵᠥᠪᠰᠢᠶᠡᠷᠡᠭᠰᠡᠨ ᠪᠢᠴᠢᠭ᠎ᠤᠨ ᠳ᠋ᠤᠭ᠋ᠠᠷ᠎ᠢ ᠣᠯᠤᠭᠰᠠᠨ 1 ᠳ᠋ᠤᠭᠡᠷ ᠲᠥᠷᠥᠯ᠎ᠤᠨ ᠪᠤᠶᠤ 2 ᠳ᠋ᠤᠭ᠋ᠠᠷ ᠲᠥᠷᠥᠯ᠎ᠤᠨ ᠬᠢᠮᠢ ᠵᠢᠨ ᠡᠮ᠂ ᠠᠮᠢᠳᠤ ᠪᠣᠳᠠᠰ᠎ᠤᠨ ᠪᠦᠲᠦᠭᠡᠭᠳᠡᠬᠦᠨ᠂ ᠬᠢᠲᠠᠳ (ᠮᠣᠩᠭᠤᠯ) ᠡᠮ᠎ᠤᠨ ᠰᠢᠨ᠎ᠡ ᠵᠢ ᠡᠭᠦᠳᠦᠭᠰᠡᠨ ᠡᠮ᠂ ᠰᠠᠶ᠋ᠢᠵᠢᠷᠠᠭᠤᠯᠤᠭᠰᠠᠨ ᠮᠠᠶᠢᠭ᠎ᠤᠨ ᠰᠢᠨ᠎ᠡ ᠡᠮ᠂ ᠡᠷᠲᠡᠨ᠎ᠤ ᠰᠣᠩᠭᠤᠳᠠᠭ ᠨᠠᠷᠠᠲᠤ ᠵᠣᠷ᠎ᠤᠨ ᠬᠢᠲᠠᠳ ᠡᠮ᠎ᠤᠨ ᠬᠤᠯᠢᠮᠠᠭ ᠵᠣᠷ᠎ᠤᠨ ᠨᠠᠶ᠋ᠢᠷᠠᠯᠭ᠎ᠠ᠂ ᠥᠪᠡᠷᠲᠡᠭᠡᠨ ᠵᠠᠰᠠᠬᠤ ᠣᠷᠣᠨ᠎ᠤ ᠬᠤᠭᠤᠰᠣᠨ᠎ᠢ ᠨᠦᠬᠦᠪᠦᠷᠢᠯᠡᠭᠰᠡᠨ ᠭᠤᠷᠪᠠᠳᠤᠭ᠋ᠠᠷ ᠲᠥᠷᠥᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ ᠪᠠ ᠰᠢᠨ᠎ᠡ ᠵᠢ ᠡᠭᠦᠳᠬᠦ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠣᠨᠴᠠᠭ᠋ᠠᠶ ᠬᠢᠨᠠᠨ ᠪᠠᠶ᠋ᠢᠴᠠᠭ᠋ᠠᠬᠤ ᠲᠠᠰ ᠳᠠᠷᠠᠭ᠋ᠠᠯᠠᠯ᠎ᠳᠤ ᠤᠷᠤᠭᠰᠠᠨ ᠪᠥᠭᠡᠳ ᠬᠤᠶᠠᠳᠤᠭ᠋ᠠᠷ ᠲᠥᠷᠥᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠠᠩᠬ᠎ᠠ ᠤᠳᠠᠭ᠎ᠠ ᠳᠠᠩᠰᠠᠯᠠᠭᠤᠯᠤᠭᠰᠠᠨ ᠦᠨᠡᠮᠯᠡᠯ ᠣᠯᠤᠭᠰᠠᠨ ᠦᠢ᠍ᠯᠡᠳᠬᠦᠨ (ᠬᠤᠶᠠᠳᠤᠭ᠋ᠠᠷ ᠲᠥᠷᠥᠯ᠎ᠤᠨ ᠪᠡᠶ᠎ᠡ ᠵᠢᠨ ᠭᠠᠳᠠᠨᠠᠬᠢ ᠣᠨᠣᠰᠢᠯᠠᠯ᠎ᠤᠨ ᠤᠷᠪᠠᠯᠵᠢ ᠵᠢᠴᠢ ᠲᠣᠨᠤᠭ ᠲᠥᠬᠦᠭᠡᠷᠦᠮᠵᠢ ᠵᠢᠨ ᠰᠡᠯᠪᠢᠭ ᠲᠣᠨᠤᠭ ᠪᠠᠭᠲᠠᠬᠤ ᠥᠬᠡᠶ)᠂ ᠨᠢᠭᠡᠳᠦᠭᠡᠷ᠂ ᠬᠤᠶᠠᠳᠤᠭ᠋ᠠᠷ ᠲᠦᠷᠦᠯ᠎ᠤᠨ 《ᠮᠠᠯ᠎ᠤᠨ ᠰᠢᠨ᠎ᠡ ᠡᠮ᠎ᠤᠨ ᠳᠠᠩᠰᠠᠯᠠᠭᠤᠯᠤᠭᠰᠠᠨ ᠦᠨᠡᠮᠯᠡᠯ》 ᠣᠯᠤᠭᠰᠠᠨ ᠰᠢᠨ᠎ᠡ ᠵᠢ ᠡᠭᠦᠳᠦᠭᠰᠡᠨ ᠮᠠᠯ᠎ᠤᠨ ᠡᠮ᠂ ᠭᠡᠬᠦ ᠮᠦᠷᠲᠡᠭᠡᠨ ᠠᠵᠤ ᠦᠢ᠍ᠯᠡᠰᠵᠢᠯᠲᠡ ᠵᠢ ᠪᠡᠶᠡᠯᠡᠭᠦᠯᠦᠭᠰᠡᠨ ᠲᠦᠷᠦᠯ ᠵᠦᠢ᠍ᠯ᠎ᠳᠤ ᠲᠥᠬᠦᠭᠡᠷᠦᠮᠵᠢ ᠵᠢᠨ ᠶᠡᠷᠦᠩᠬᠡᠶ ᠪᠡᠯᠡ ᠣᠷᠣᠭᠤᠯᠤᠯᠲᠠ ᠵᠢᠨ 20% ᠵᠢᠨ ᠪᠡᠯᠡ ᠮᠦᠩᠭᠦᠨ᠎ᠤ ᠨᠥᠬᠦᠪᠥᠷᠢ ᠵᠢ ᠨᠢᠭᠡ ᠯᠡ ᠤᠳᠠᠭ᠎ᠠ᠎ᠳᠤ ᠣᠯᠭᠤᠵᠤ᠂ ᠬᠠᠮᠤᠭ᠎ᠤᠨ ᠢᠯᠡᠭᠦᠦ᠎ᠳᠤ᠎ᠪᠠᠨ 1000 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃ ᠰᠢᠨ᠎ᠡ ᠬᠢᠮᠢ ᠵᠢᠨ ᠡᠮ᠎ᠤᠨ ᠵᠦᠢ᠍ᠯ᠎ᠤᠨ ᠳᠡᠩᠰᠡᠯᠡᠯᠲᠡ ᠵᠢᠨ ᠲᠥᠷᠥᠯ ᠠᠩᠬᠢᠯᠠᠯ ᠵᠶ᠋ᠠᠷ ᠳᠠᠩᠰᠠᠯᠠᠭᠤᠯᠬᠤ᠎ᠪᠠᠷ ᠭᠤᠶᠤᠴᠢᠯᠠᠭ᠋ᠠᠳ ᠵᠥᠪᠰᠢᠶᠡᠷᠡᠯ ᠣᠯᠤᠭᠰᠠᠨ ᠪᠤᠶᠤ ᠳᠠᠭᠤᠷᠢᠶᠠᠮᠠᠯ ᠡᠮ᠎ᠤᠨ ᠨᠢᠭᠡᠳᠦᠯᠲᠦ ᠴᠢᠨᠠᠷ᠎ᠤᠨ ᠦᠨᠡᠯᠡᠯᠲᠡ᠎ᠪᠠᠷ ᠪᠠᠲᠤᠯᠠᠭᠳᠠᠭᠰᠠᠨ ᠡᠮ᠎ᠤᠨ ᠵᠦᠢ᠍ᠯ᠎ᠳᠤ ᠱᠠᠩᠨᠠᠯ ᠨᠥᠬᠦᠪᠥᠷᠢ ᠣᠯᠭᠤᠨ᠎ᠠ᠂ ᠵᠠᠷᠴᠢᠮ ᠳᠡᠭᠡᠷ᠎ᠡ᠎ᠪᠠᠨ ᠲᠠᠩ á ­á  á ­á ´á   ᠵᠦᠢ᠍ᠯ᠎ᠤᠨ ᠱᠠᠩᠨᠠᠯ ᠨᠥᠬᠦᠪᠥᠷᠢ ᠵᠢᠨ ᠶᠡᠷᠦᠩᠬᠡᠶ ᠲᠤᠭ᠎ᠠ ᠵᠢ 300 ᠲᠦᠮᠡᠨ ᠲᠥᠭᠦᠷᠢᠭ᠎ᠠᠴᠠ ᠳᠠᠪᠠᠭᠤᠯᠬᠤ ᠥᠬᠡᠶ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ]
   ã€€26. ᠡᠮᠲᠦ ᠪᠤᠳᠠᠰ᠎ᠤᠨ ᠡᠮᠴᠢᠯᠡᠭᠡᠨ᠎ᠤ ᠰᠤᠳᠤᠯᠭ᠋ᠠᠨ᠎ᠢ ᠵᠣᠷᠢᠬ᠍ᠵᠢᠭᠤᠯᠵᠤ᠂ ᠡᠮᠴᠢᠯᠡᠭᠡᠨ᠎ᠤ ᠲᠤᠷᠰᠢᠯᠲᠠ ᠬᠢᠬᠦ᠎ᠪᠠᠷ ᠭᠤᠶᠤᠴᠢᠯᠠᠨ ᠡᠷᠬᠢᠯᠡᠭᠰᠡᠳ Iá ‚ IIá ‚ III ᠬᠤᠭᠤᠴᠠᠭ᠋ᠠᠨ᠎ᠤ ᠡᠮᠴᠢᠯᠡᠭᠡᠨ᠎ᠤ ᠲᠤᠷᠰᠢᠯᠲᠠ ᠵᠢᠨ ᠰᠤᠳᠤᠯᠭ᠋ᠠᠨ᠎ᠢ ᠥᠷᠨᠢᠭᠦᠯᠬᠦ ᠵᠢᠨ ᠬᠠᠮᠲᠤ ᠦᠷ᠎ᠡ ᠪᠦᠲᠦᠭᠡᠯ᠎ᠢ ᠤᠯᠠᠷᠢᠭᠤᠯᠬᠤ᠎ᠪᠠᠷ ᠠᠮᠠᠯᠠᠭᠰᠠᠨ ᠪᠠᠶ᠋ᠢᠪᠠᠯ᠂ ᠲᠣᠰ ᠲᠣᠰ ᠨᠢᠭᠡ ᠯᠡ ᠤᠳᠠᠭ᠎ᠠ᠎ᠳᠤ 100 ᠲᠦᠮᠡᠨ ᠲᠥᠭᠦᠷᠢᠭ᠂ 200 ᠲᠦᠮᠡᠨ ᠲᠥᠭᠦᠷᠢᠭ᠂ 300 ᠲᠦᠮᠡᠨ ᠲᠥᠭᠦᠷᠢᠭ᠎ᠤᠨ ᠨᠥᠬᠦᠪᠥᠷᠢ ᠣᠯᠭᠤᠨ᠎ᠠ᠃ ᠡᠮᠴᠢᠯᠡᠭᠡᠨ᠎ᠤ ᠪᠠᠶ᠋ᠢᠭᠤᠯᠤᠮᠵᠢ᠎ᠠᠴᠠ ᠥᠪᠡᠷᠲᠡᠭᠡᠨ ᠵᠠᠰᠠᠬᠤ ᠣᠷᠣᠨ᠎ᠤ ᠡᠮᠲᠦ ᠪᠤᠳᠠᠰ᠎ᠤᠨ ᠡᠮᠴᠢᠯᠡᠭᠡᠨ᠎ᠤ ᠲᠤᠷᠰᠢᠯᠲᠠ ᠬᠢᠬᠦ᠎ᠪᠠᠷ ᠭᠤᠶᠤᠴᠢᠯᠠᠨ ᠡᠷᠬᠢᠯᠡᠭᠰᠡᠳ᠎ᠤᠨ ᠡᠮᠴᠢᠯᠡᠭᠡᠨ᠎ᠤ ᠲᠤᠷᠰᠢᠯᠲᠠ ᠵᠢᠨ ᠲᠥᠷᠥᠯ ᠵᠦᠢ᠍ᠯ᠎ᠢ᠎ᠨᠢ ᠳᠠᠭ᠋ᠠᠭ᠋ᠠᠨ ᠠᠪᠴᠤ ᠵᠠᠯᠭ᠋ᠠᠭᠤᠯᠤᠭᠰᠠᠨ ᠪᠠᠢ᠍ᠢ᠍ᠪᠠᠯ᠂ ᠲᠤᠰ ᠲᠥᠷᠥᠯ ᠵᠦᠢ᠍ᠯ᠎ᠤᠨ ᠲᠤᠰ ᠪᠠᠶ᠋ᠢᠭᠤᠯᠤᠮᠵᠢ᠎ᠯᠤᠭ᠎ᠠ ᠡᠭᠦᠰᠦᠭᠰᠡᠨ ᠡᠮᠲᠦ ᠪᠤᠳᠠᠰ᠎ᠤᠨ ᠡᠮᠴᠢᠯᠡᠭᠡᠨ᠎ᠤ ᠲᠤᠷᠰᠢᠯᠲᠠ ᠵᠢᠨ ᠲᠥᠷᠥᠯ ᠵᠦᠢ᠍ᠯ᠎ᠤᠨ ᠵᠠᠷᠤᠳᠠᠯ᠎ᠤᠨ 5%᠎ᠪᠠᠷ ᠡᠮᠴᠢᠯᠡᠭᠡᠨ᠎ᠤ ᠪᠠᠶ᠋ᠢᠭᠤᠯᠤᠮᠵᠢ᠎ᠳᠤ ᠱᠠᠩᠨᠠᠯ ᠨᠥᠬᠦᠪᠥᠷᠢ ᠣᠯᠭᠤᠵᠤ᠂ ᠳᠠᠩ á ­á  á ­á ´á   ᠪᠠᠶ᠋ᠢᠭᠤᠯᠤᠮᠵᠢ᠎ᠳᠤ ᠵᠢᠯ ᠪᠦᠷᠢ ᠬᠠᠮᠤᠭ᠎ᠤᠨ ᠢᠯᠡᠭᠦᠦ᠎ᠳᠤ᠎ᠪᠠᠨ 200 ᠲᠦᠮᠡᠨ ᠲᠥᠭᠦᠷᠢᠭ᠎ᠠᠴᠠ ᠳᠠᠪᠠᠭᠤᠯᠬᠤ ᠥᠭᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ)
   ã€€27. ᠠᠮᠢᠳᠤ ᠪᠣᠳᠠᠰ᠎ᠤᠨ á ¡á ® ᠡᠮᠨᠡᠯᠭᠡ ᠵᠢᠨ ᠰᠤᠳᠤᠯᠤᠨ ᠨᠡᠭᠡᠭᠡᠬᠦ ᠰᠢᠨ᠎ᠡ ᠵᠢ ᠡᠭᠦᠳᠬᠦ ᠪᠠ ᠨᠡᠪᠴᠢᠭᠦᠯᠬᠦ ᠲᠠᠪᠴᠠᠩ᠎ᠤᠨ ᠪᠠᠶ᠋ᠢᠭᠤᠯᠤᠯᠲᠠ ᠵᠢ ᠳᠡᠮᠵᠢᠨ᠎ᠡ᠃ ᠠᠮᠢᠳᠤ ᠪᠣᠳᠠᠰ᠎ᠤᠨ á ¡á ® ᠡᠮᠨᠡᠯᠭᠡ ᠵᠢᠨ ᠠᠵᠤ ᠠᠬᠤᠶ᠋ᠢᠯᠠᠯ᠎ᠢ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠬᠦ᠎ᠪᠠᠷ ᠬᠦᠲᠦᠯᠦᠨ ᠵᠢᠯᠤᠭᠤᠳᠴᠤ᠂ ᠠᠵᠤ ᠠᠬᠤᠶ᠋ᠢᠯᠠᠯ᠎ᠤᠨ ᠳᠡᠭᠡᠷ᠎ᠡ ᠵᠢᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠬᠦᠴᠦᠯᠡᠴᠡ ᠵᠢᠴᠢ ᠨᠡᠮᠡᠭᠳᠡᠯ ᠨᠡᠮᠡᠭᠳᠡᠴᠡ᠎ᠪᠠᠷ ᠱᠠᠩᠨᠠᠯ ᠨᠦᠬᠦᠪᠦᠷᠢ ᠣᠯᠭᠤᠵᠣ᠂ ᠳᠠᠩ á ­á  á ­á ´á   ᠠᠵᠤ ᠠᠬᠤᠶ᠋ᠢᠯᠠᠯ᠎ᠢ ᠵᠢᠯ ᠪᠦᠷᠢ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ ᠵᠶ᠋ᠠᠷ ᠱᠠᠩᠨᠠᠨ ᠨᠥᠬᠦᠪᠥᠷᠢᠯᠡᠨ᠎ᠡ᠃ ᠠᠮᠢᠳᠤ ᠪᠣᠳᠠᠰ᠎ᠤᠨ á ¡á ® ᠡᠮᠨᠡᠯᠭᠡ ᠵᠢᠨ ᠨᠡᠪᠴᠢᠭᠦᠯᠬᠦ ᠲᠠᠯ᠎ᠠ᠎ᠪᠠᠷ ᠪᠣᠯᠪᠠᠰᠤᠷᠠᠩᠭᠤᠶ ᠪᠣᠯᠤᠭᠰᠠᠨ ᠲᠠᠪᠴᠠᠩ᠎ᠢ ᠥᠪᠡᠷᠲᠡᠭᠡᠨ ᠵᠠᠰᠠᠬᠤ ᠣᠷᠣᠨ᠎ᠳᠤ ᠣᠷᠤᠭᠤᠯᠤᠨ ᠰᠠᠭᠤᠷᠢᠰᠢᠭᠤᠯᠬᠤ ᠵᠢ ᠵᠣᠷᠢᠬ᠍ᠵᠢᠭᠤᠯᠵᠤ᠂ ᠠᠩᠬ᠎ᠠ ᠡᠭᠦᠳᠬᠦ ᠬᠡᠯᠪᠡᠷᠢ ᠵᠢᠨ ᠠᠵᠤ ᠠᠬᠤᠶ᠋ᠢᠯᠠᠯ ᠪᠠ ᠰᠤᠳᠤᠯᠤᠨ ᠨᠡᠭᠡᠭᠡᠬᠦ ᠪᠠᠶ᠋ᠢᠭᠤᠯᠤᠮᠵᠢ᠎ᠳᠤ ᠪᠦᠷᠢᠨ ᠲᠡᠭᠦᠯᠳᠡᠷ ᠪᠦᠬᠦᠢ ᠠᠵᠢᠯᠯᠠᠬᠤ᠂ ᠰᠤᠳᠤᠯᠤᠨ ᠨᠡᠭᠡᠭᠡᠬᠦ᠂ ᠦᠢ᠍ᠯᠡᠳᠪᠦᠷᠢᠯᠡᠬᠦ᠂ ᠳᠡᠩᠰᠡᠯᠡᠵᠦ ᠮᠡᠳᠡᠭᠦᠯᠦᠨ ᠵᠥᠪᠰᠢᠶᠡᠷᠡᠭᠦᠯᠬᠦ ᠦᠢ᠍ᠯᠡᠴᠢᠯᠡᠭᠡ ᠬᠠᠩᠭ᠋ᠠᠵᠤ᠂ ᠨᠠᠩ ᠣᠯᠠᠨ ᠤᠤᠭ᠋ᠠᠯ ᠪᠦᠲᠦᠭᠡᠯᠴᠢ ᠦᠷ᠎ᠡ ᠪᠦᠲᠦᠭᠡᠯ ᠪᠠ ᠮᠡᠷᠭᠡᠵᠢᠯ᠎ᠢ ᠥᠪᠡᠷᠲᠡᠭᠡᠨ ᠵᠠᠰᠠᠬᠤ ᠣᠷᠣᠨ᠎ᠳᠤ ᠤᠯᠠᠷᠢᠭᠤᠯᠤᠨ ᠪᠣᠲᠠᠲᠠᠢ᠍ᠢ᠍ᠵᠢᠭᠤᠯᠬᠤ ᠵᠢ ᠠᠬᠢᠭᠤᠯᠤᠨ᠎ᠠ᠃ ᠮᠠᠭ᠋ᠠᠳᠯᠠᠭᠳᠠᠨ ᠲᠣᠭᠲᠠᠭ᠋ᠠᠭᠳᠠᠭᠰᠠᠨ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ᠎ᠤᠨ á ¡á ® ᠡᠮᠨᠡᠯᠭᠡ ᠵᠢᠨ ᠨᠡᠪᠴᠢᠭᠦᠯᠬᠦ ᠲᠠᠪᠴᠠᠩ᠎ᠳᠤ ᠠᠮᠢᠳᠤ ᠪᠣᠳᠠᠰ᠎ᠤᠨ á ¡á ® ᠡᠮᠨᠡᠯᠭᠡ ᠵᠢᠨ ᠠᠵᠤ ᠠᠬᠤᠶ᠋ᠢᠯᠠᠯ ᠪᠤᠶᠤ ᠰᠤᠳᠤᠯᠤᠨ ᠨᠡᠭᠡᠭᠡᠬᠦ ᠪᠠᠶ᠋ᠢᠭᠤᠯᠤᠮᠵᠢ ᠵᠢ ᠰᠠᠭᠤᠷᠢᠰᠢᠭᠤᠯᠬᠤ ᠪᠦᠷᠢ ᠨᠢᠭᠡ ᠯᠡ ᠤᠳᠠᠭ᠎ᠠ᠎ᠳᠤ 20 ᠲᠦᠮᠡᠨ ᠲᠥᠭᠦᠷᠢᠭ ᠱᠠᠩᠨᠠᠨ ᠨᠥᠬᠦᠪᠥᠷᠢᠯᠡᠵᠦ᠂ ᠲᠠᠩ á ­á  á ­á ´á   ᠲᠠᠪᠴᠠᠩ᠎ᠢ ᠵᠢᠯ ᠪᠦᠷᠢ ᠬᠠᠮᠤᠭ᠎ᠤᠨ ᠢᠯᠡᠭᠦᠦ᠎ᠳᠤ᠎ᠪᠠᠨ 200 ᠲᠦᠮᠡᠨ ᠲᠥᠭᠦᠷᠢᠭ ᠵᠶ᠋ᠠᠷ ᠱᠠᠩᠨᠠᠨ ᠨᠥᠬᠦᠪᠥᠷᠢᠯᠡᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ)
   ã€€28. 2022 ᠣᠨ᠎ᠤ 1 ᠳ᠋ᠤᠭᠡᠷ á °á  á ·á Žá   ᠵᠢᠨ 1á Žá ¤ ᠡᠳᠦᠷ᠎ᠠᠴᠠ ᠰᠡᠭᠦᠯᠡᠷ ᠤᠯᠤᠰ᠎ᠤᠨ ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ ᠪᠠ ᠡᠷᠡᠭᠦᠯᠵᠢᠯ ᠢᠳᠡᠭᠡᠨ ᠵᠶ᠋ᠠᠷ ᠳᠠᠩᠰᠠᠯᠠᠭᠤᠯᠤᠭᠰᠠᠨ ᠪᠥᠭᠡᠳ ᠦᠢ᠍ᠯᠡᠳᠪᠦᠷᠢᠯᠡᠬᠦ ᠵᠥᠪᠰᠢᠶᠡᠷᠡᠯ ᠣᠯᠤᠭᠰᠠᠨ ᠠᠵᠤ ᠠᠬᠤᠶ᠋ᠢᠯᠠᠯ᠎ᠳᠤ᠂ ᠪᠦᠲᠦᠭᠡᠭᠳᠡᠭᠦᠨ ᠨᠢᠭᠡᠪᠦᠷᠢ᠎ᠳᠤ ᠨᠢᠭᠡ ᠯᠡ ᠤᠳᠠᠭ᠎ᠠ᠎ᠳᠤ 100 ᠲᠦᠮᠡᠨ ᠲᠥᠭᠦᠷᠢᠭ᠎ᠤᠨ ᠱᠠᠩᠨᠠᠯ ᠨᠥᠬᠦᠪᠥᠷᠢ ᠣᠯᠭᠤᠨ᠎ᠠ᠃ 2022 ᠣᠨ᠎ᠤ 1 ᠳ᠋ᠤᠭᠡᠷ á °á  á ·á Žá   ᠵᠢᠨ 1á Žá ¤ ᠡᠳᠦᠷ᠎ᠠᠴᠠ ᠰᠡᠭᠦᠯᠡᠷ ᠣᠨᠴᠠᠭ᠋ᠠᠢ ᠵᠠᠰᠠᠯ ᠴᠢᠮᠡᠭᠯᠡᠯ᠎ᠤᠨ ᠡᠳ᠋᠎ᠤᠨ ᠳᠠᠩᠰᠠᠯᠠᠭᠤᠯᠤᠭᠰᠠᠨ ᠦᠨᠡᠮᠯᠡᠯ ᠣᠯᠤᠭᠰᠠᠨ ᠪᠥᠭᠡᠳ ᠦᠢ᠍ᠯᠡᠳᠪᠦᠷᠢᠯᠡᠬᠦ ᠵᠥᠪᠰᠢᠶᠡᠷᠡᠯ ᠣᠯᠤᠭᠰᠠᠨ ᠠᠵᠤ ᠠᠬᠤᠶ᠋ᠢᠯᠠᠯ᠎ᠳᠤ ᠲᠥᠷᠥᠯ ᠵᠦᠢ᠍ᠯ ᠨᠢᠭᠡᠪᠦᠷᠢ᠎ᠳᠤ ᠨᠢᠭᠡ ᠯᠡ ᠤᠳᠠᠭ᠎ᠠ᠎ᠳᠤ 50 ᠲᠦᠮᠡᠨ ᠲᠥᠭᠦᠷᠢᠭ᠎ᠤᠨ ᠱᠠᠩᠨᠠᠯ ᠨᠥᠬᠦᠪᠥᠷᠢ ᠣᠯᠭᠤᠵᠤ᠂ ᠳᠠᠩ á ­á  á ­á ´á   ᠠᠵᠤ ᠠᠬᠤᠶ᠋ᠢᠯᠠᠯ᠎ᠳᠤ ᠵᠢᠯ ᠪᠦᠷᠢ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ᠎ᠠᠴᠠ ᠳᠠᠪᠠᠭᠤᠯᠬᠤ ᠥᠬᠡᠶ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ)
   ã€€ï¼ˆá ¬á ¤á ¶á  á ·ï¼‰ ᠣᠲᠣ ᠦᠶ᠎ᠡ ᠵᠢᠨ ᠡᠨᠧᠷᠭᠢ ᠵᠢᠨ ᠠᠵᠤ ᠠᠬᠤᠶ ᠵᠢᠨ ᠲᠣᠭᠲᠠᠯᠴᠠᠭ᠎ᠠ ᠵᠢ ᠪᠠᠶ᠋ᠢᠭᠤᠯᠤᠨ᠎ᠠ᠃
   ã€€29. ᠨᠡᠭᠦᠷᠡᠰᠦᠨ᠎ᠤ ᠴᠢᠨᠠᠷ ᠰᠠᠶ᠋ᠢᠲᠠᠶ ᠦᠢ᠍ᠯᠡᠳᠪᠦᠷᠢᠯᠡᠬᠦ ᠴᠢᠳᠠᠪᠤᠷᠢ ᠵᠢ ᠴᠢᠯᠦᠭᠡᠯᠡᠨ ᠳᠡᠭᠡᠭᠰᠢᠯᠡᠭᠦᠯᠬᠦ ᠵᠢ ᠳᠡᠮᠵᠢᠵᠦ᠂ ᠴᠠᠬᠢᠯᠭ᠋ᠠᠨ ᠭᠠᠷᠭ᠋ᠠᠵᠤ ᠢᠯᠴᠢ ᠬᠠᠩᠭ᠋ᠠᠬᠤ᠎ᠳᠤ ᠨᠡᠭᠦᠷᠡᠰᠦ ᠬᠡᠷᠡᠭᠯᠡᠬᠦ ᠤᠷᠲᠤᠪᠲᠤᠷ ᠪᠠ ᠣᠷᠳᠣ ᠬᠤᠭᠤᠴᠠᠭ᠋ᠠᠨ᠎ᠤ ᠭᠡᠷ᠎ᠡ᠎ᠪᠠᠨ ᠭᠦᠢ᠍ᠴᠡᠳᠭᠡᠨ ᠪᠡᠶᠡᠯᠡᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠴᠠᠬᠢᠯᠭ᠋ᠠᠨ᠎ᠤ ᠦᠨ᠎ᠡ ᠵᠢᠨ ᠲᠦᠷᠦ ᠵᠢᠨ ᠪᠤᠳᠤᠯᠭ᠎ᠠ ᠵᠢ ᠰᠢᠯᠢᠳᠡᠭᠵᠢᠭᠦᠯᠵᠦ᠂ ᠨᠡᠭᠦᠷᠡᠰᠦ ᠴᠠᠬᠢᠯᠭ᠋ᠠᠨ᠎ᠤ ᠠᠵᠤ ᠠᠬᠤᠶ᠋ᠢᠯᠠᠯ᠎ᠤᠨ ᠴᠠᠬᠢᠯᠭ᠋ᠠᠨ ᠭᠠᠷᠭ᠋ᠠᠬᠤ ᠬᠦᠴᠦᠨ ᠵᠶ᠋ᠠᠨ ᠳᠡᠭᠡᠭᠰᠢᠯᠡᠭᠦᠯᠬᠦ ᠵᠢ ᠳᠡᠮᠵᠢᠨ᠎ᠡ᠃ ᠠᠵᠤ ᠦᠢ᠍ᠯᠡᠰ᠎ᠤᠨ ᠬᠡᠯᠬᠢᠶ᠎ᠡ ᠵᠢᠨ ᠭᠤᠣᠯᠳᠠᠯᠭ᠎ᠠ᠎ᠲᠠᠢ ᠠᠵᠤ ᠠᠬᠤᠶ᠋ᠢᠯᠠᠯ ᠬᠢᠭᠡᠳ ᠨᠡᠭᠦᠷᠡᠰᠦᠨ᠎ᠤ ᠠᠵᠤ ᠠᠬᠤᠶ᠋ᠢᠯᠠᠯ᠎ᠤᠨ ᠬᠠᠩᠭ᠋ᠠᠯᠭ᠎ᠠ ᠬᠡᠷᠡᠭᠴᠡᠭᠡ᠎ᠪᠠᠨ ᠵᠣᠯᠭ᠋ᠠᠭᠤᠯᠬᠤ ᠠᠵᠢᠯ᠎ᠢ ᠢᠳᠡᠪᠬᠢᠲᠡᠶ᠎ᠪᠠᠷ ᠥᠷᠨᠢᠭᠦᠯᠵᠦ᠂ ᠤᠷᠲᠤ ᠬᠤᠭᠤᠴᠠᠭ᠎ᠠ᠎ᠪᠠᠷ ᠨᠡᠭᠦᠷᠡᠰᠦ ᠬᠤᠳᠠᠯᠳᠤᠨ ᠠᠪᠬᠤ ᠪᠠ ᠪᠣᠷᠣᠯᠠᠭᠤᠯᠬᠤ á ­á ¡á ·á Žá ¡ ᠲᠣᠭᠲᠠᠬᠤ ᠵᠢ᠎ᠨᠢ ᠵᠣᠷᠢᠬ᠍ᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠠᠭᠤᠷᠬᠠᠶ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠤᠯᠤᠰ᠎ᠤᠨ ᠠᠭᠤᠷᠬᠠᠶ ᠵᠢᠨ ᠠᠮᠤᠷ ᠲᠦᠪᠰᠢᠨ᠎ᠢ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠥᠪᠥᠷ ᠮᠣᠩᠭᠤᠯ᠎ᠤᠨ ᠲᠣᠪᠴᠢᠶ᠎ᠠ)
   ã€€30. ᠨᠥᠬᠦᠴᠡᠯ᠎ᠳᠤ ᠨᠡᠶ᠋ᠢᠴᠡᠬᠦ ᠰᠢᠨ᠎ᠡ ᠡᠨᠧᠷᠭᠢ ᠵᠢᠨ ᠴᠠᠬᠢᠯᠭ᠋ᠠᠨ ᠡᠭᠦᠰᠭᠡᠭᠴᠢ ᠵᠢᠴᠢ ᠳᠦᠬᠦᠷᠵᠢᠭᠦᠯᠦᠨ ᠬᠦᠷᠭᠡᠬᠦ ᠢᠨᠵᠧᠨᠧᠷᠢᠩ᠎ᠢ ᠪᠠᠶ᠋ᠢᠭᠤᠯᠵᠤ ᠳᠠᠭᠤᠰᠬᠠᠮᠠᠭᠴᠠ ᠲᠣᠤᠷ᠎ᠲᠤ ᠨᠡᠶ᠋ᠢᠯᠡᠭᠦᠯᠬᠦ ᠵᠢ ᠳᠡᠮᠵᠢᠵᠦ᠂ ᠬᠠᠮᠢᠶ᠎ᠠ ᠪᠥᠬᠦᠶ ᠲᠥᠯᠥᠪᠵᠢᠭᠦᠯᠭᠡ᠎ᠳᠤ ᠣᠷᠣᠭᠤᠯᠤᠭᠰᠠᠨ ᠰᠢᠨ᠎ᠡ ᠡᠨᠧᠷᠭᠢ ᠵᠢᠨ ᠳᠦᠬᠦᠷᠵᠢᠭᠦᠯᠦᠨ ᠬᠦᠷᠭᠡᠬᠦ ᠢᠨᠵᠧᠨᠧᠷᠢᠩ᠎ᠤᠨ ᠲᠥᠷᠥᠯ ᠵᠦᠢ᠍ᠯ᠎ᠳᠤ á °á  á ­á ‹á  á ³ ᠦᠭᠡᠢ ᠬᠢᠨᠠᠨ ᠵᠥᠪᠰᠢᠶᠡᠷᠡᠬᠦ ᠵᠠᠮ ᠨᠡᠭᠡᠭᠡᠵᠦ ᠥᠭᠬᠦ ᠬᠡᠷᠡᠭᠲᠡᠶ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ (ᠪᠦᠯᠦᠭᠯᠡᠯ) ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠤᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ]
   ã€€31. ᠰᠢᠨ᠎ᠡ᠎ᠪᠠᠷ ᠨᠡᠮᠡᠭᠳᠡᠭᠰᠡᠨ ᠴᠠᠬᠢᠯᠭ᠋ᠠᠨ ᠰᠤᠷᠪᠤᠯᠵᠢ ᠲᠣᠤᠷ ᠳᠠᠭ᠋ᠠᠭ᠋ᠠᠴᠠ ᠨᠦᠬᠡᠴᠡ ᠵᠢ ᠨᠢᠭᠡ ᠴᠣᠠᠠᠴᠠᠵᠢᠭᠤᠯᠥᠠᠠᠰᠠᠨ ᠲᠥᠷᠥᠯ ᠵᠦᠢ᠍ᠯ᠎ᠤᠨ ᠰᠢᠨ᠎ᠡ ᠡᠨᠧᠷᠭᠢ ᠵᠢᠨ ᠬᠡᠪᠴᠢᠶᠡᠵᠢᠯ᠎ᠢ ᠨᠡᠮᠡᠭᠳᠡᠭᠦᠯᠦᠨ ᠳᠣᠭᠢᠷᠠᠭᠤᠯᠬᠤ ᠵᠢ᠎ᠨᠢ ᠳᠡᠮᠵᠢᠵᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠲᠦᠯᠡᠰᠢᠨ ᠨᠡᠭᠦᠷᠡᠰᠦᠨ᠎ᠤ ᠥᠪᠡᠰᠦᠪᠡᠨ ᠪᠡᠯᠡᠳᠬᠡᠭᠰᠡᠨ ᠴᠠᠬᠢᠯᠭ᠋ᠠᠨ᠎ᠤ ᠦᠢ᠍ᠯᠡᠳᠪᠦᠷᠢ ᠵᠢ ᠳᠠᠬᠢᠯᠳᠠ ᠡᠨᠧᠷᠭᠢ᠎ᠪᠠᠷ ᠣᠷᠣᠯᠠᠭᠤᠯᠬᠤ ᠵᠢ᠎ᠨᠢ ᠳᠡᠮᠵᠢᠵᠦ᠂ ᠲᠦᠯᠡᠰᠢᠨ ᠨᠡᠭᠦᠷᠡᠰᠦᠨ᠎ᠤ ᠮᠠᠰᠢᠨ ᠪᠦᠯᠦᠭ᠎ᠤᠨ ᠤᠶᠠᠨ ᠬᠠᠳᠠᠨ ᠴᠢᠨᠠᠷ᠎ᠢ ᠦᠭᠡᠷᠡᠴᠢᠯᠡᠨ ᠰᠢᠨᠡᠳᠭᠡᠬᠦ ᠵᠢ ᠵᠣᠷᠢᠬ᠍ᠵᠢᠭᠤᠯᠵᠤ᠂ ᠨᠦᠬᠡᠴᠡ ᠡᠨᠧᠷᠬᠢ ᠪᠤᠶᠤ á ´á  á ­ ᠬᠤᠪᠢᠶᠠᠷᠢ ᠵᠢ ᠳᠣᠭᠢᠷᠠᠭᠤᠯᠬᠤ ᠴᠢᠳᠠᠪᠤᠷᠢ ᠵᠢ ᠦᠪᠡᠷ ᠵᠶ᠋ᠠᠨ ᠪᠠᠢ᠍ᠢ᠍ᠭᠤᠯᠬᠤ᠂ ᠬᠤᠳᠠᠯᠳᠤᠨ ᠠᠪᠴᠤ ᠪᠠᠢ᠍ᠢ᠍ᠭ᠋ᠠᠳ ᠰᠢᠨ᠎ᠡ ᠡᠨᠧᠷᠭᠢ ᠵᠢᠨ ᠲᠥᠷᠥᠯ ᠵᠦᠢ᠍ᠯ᠎ᠢ ᠳᠦᠬᠦᠷᠵᠢᠭᠦᠯᠦᠨ ᠲᠣᠬᠢᠷᠠᠭᠤᠯᠬᠤ ᠵᠢ᠎ᠨᠢ ᠵᠣᠷᠢᠬ᠍ᠵᠢᠭᠤᠯᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ (ᠪᠦᠯᠦᠭᠯᠡᠯ) ᠺᠣᠮᠫᠠᠨᠢ᠂ ᠤᠯᠤᠰ᠎ᠤᠨ ᠴᠠᠬᠢᠯᠭ᠋ᠠᠨ ᠲᠣᠤᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ]
   ã€€32. ᠰᠢᠨ᠎ᠡ᠎ᠪᠠᠷ ᠨᠡᠮᠡᠭᠳᠡᠭᠰᠡᠨ ᠲᠣᠮᠣ ᠬᠡᠯᠪᠡᠷᠢ ᠵᠢᠨ ᠴᠠᠬᠢᠯᠭ᠋ᠠᠨ ᠬᠡᠷᠡᠭᠯᠡᠬᠦ ᠳᠠᠭ᠋ᠠᠭ᠋ᠠᠴᠠ ᠵᠢᠨ ᠪᠣᠬᠢᠷᠳᠤᠯ ᠦᠭᠡᠢ ᠴᠠᠬᠢᠯᠭ᠋ᠠᠨ᠎ᠤ ᠬᠡᠷᠡᠭᠯᠡᠯᠲᠡ ᠵᠢᠨ ᠬᠡᠷᠡᠭᠵᠢᠭᠦᠯᠬᠦ ᠨᠠᠷᠢᠨ ᠲᠦᠷᠢᠮ᠎ᠢ ᠲᠣᠭᠲᠠᠭ᠋ᠠᠵᠤ᠂ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠨᠡᠮᠡᠭᠳᠡᠯ᠎ᠢ ᠳᠠᠶ᠋ᠢᠴᠢᠯᠠᠬᠤ ᠦᠢ᠍ᠯᠡᠳᠦᠯ ᠵᠶ᠋ᠠᠷ ᠢᠯᠡᠷᠬᠡᠶ ᠪᠠᠢ᠍ᠢ᠍ᠭ᠎ᠠ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠂ ᠡᠨᠧᠷᠭᠢ ᠵᠢᠨ ᠬᠤᠷᠣᠭᠳᠠᠯ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠮᠥᠷᠲᠡᠭᠡᠨ ᠵᠢᠯ᠎ᠤᠨ ᠴᠠᠬᠢᠯᠭ᠋ᠠᠨ ᠬᠡᠷᠡᠭᠯᠡᠬᠦ ᠬᠡᠮᠵᠢᠶ᠎ᠡ᠎ᠨᠢ 50 ᠳ᠋ᠦᠩᠰᠢᠭᠤᠷ ᠺᠢᠯᠣᠸᠠᠲ á ´á  á ­á Žá  á ´á   ᠳᠤᠲᠠᠭᠤ ᠥᠬᠡᠶ ᠲᠥᠷᠥᠯ ᠵᠦᠢ᠍ᠯ᠎ᠳᠤ 《ᠨᠢᠭᠡ ᠨᠢᠭᠡ ᠤᠴᠢᠷ ᠵᠶ᠋ᠠᠷ ᠵᠥᠪᠯᠡᠬᠦ》 ᠵᠠᠷᠴᠢᠮ ᠶᠣᠰᠣᠭ᠋ᠠᠷ᠂ ᠥᠨᠳᠥᠷ ᠬᠠᠷᠢᠴᠠᠯᠲᠤ ᠪᠣᠬᠢᠷᠳᠤᠯ ᠦᠭᠡᠢ ᠴᠠᠬᠢᠯᠭ᠋ᠠᠨ᠎ᠤ ᠬᠠᠩᠭ᠋ᠠᠯᠭ᠎ᠠ ᠵᠢ ᠰᠢᠢ᠍ᠳᠪᠦᠷᠢᠯᠡᠬᠦ ᠲᠥᠰᠦᠯ᠎ᠢ ᠲᠣᠭᠲᠠᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
   ã€€33. ᠵᠢᠱ᠌ᠢᠶ᠎ᠡ ᠦᠵᠡᠭᠦᠯᠬᠦ ᠬᠡᠪᠴᠢᠶᠡᠨ᠎ᠳᠤ ᠣᠷᠣᠭᠤᠯᠤᠭᠰᠠᠨ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ ᠵᠶ᠋ᠠᠷ ᠤᠰᠤᠲᠥ᠋ᠷᠥᠭᠴᠢ ᠦᠢ᠍ᠯᠡᠳᠬᠦ ᠵᠢ ᠨᠢᠭᠡ ᠴᠤᠭᠴᠠᠵᠢᠭᠤᠯᠤᠭᠰᠠᠨ ᠲᠥᠷᠥᠯ ᠵᠦᠢ᠍ᠯ᠎ᠳᠤ᠂ ᠤᠰᠤᠲᠥ᠋ᠷᠥᠭᠴᠢ ᠦᠢ᠍ᠯᠡᠳᠬᠦ᠎ᠳᠤ ᠬᠡᠷᠡᠭᠰᠡᠬᠦ ᠴᠠᠬᠢᠯᠭ᠋ᠠᠨ᠎ᠤ ᠬᠡᠮᠵᠢᠶ᠎ᠡ᠎ᠪᠠᠷ ᠰᠢᠨ᠎ᠡ ᠡᠨᠧᠷᠭᠢ ᠵᠢᠨ ᠬᠡᠪᠴᠢᠶᠡᠵᠢᠯ᠎ᠢ ᠵᠦᠶ ᠵᠣᠬᠢᠰᠲᠠᠶ ᠳᠣᠭᠢᠷᠠᠭᠤᠯᠤᠨ᠎ᠠ᠃ ᠤᠰᠤᠲᠥ᠋ᠷᠥᠭᠴᠢ ᠰᠢᠲᠠᠭ᠋ᠠᠯᠭ᠎ᠠ ᠵᠢᠨ ᠳ᠋ᠢᠶᠠᠨ á¡‚á ¢ ᠵᠢᠨ ᠮᠠᠰᠢᠨ ᠲᠡᠷᠭᠡᠨ᠎ᠳᠤ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠨᠣᠮᠧᠷᠲᠤ ᠫᠠᠶ᠋ᠢᠰᠠ ᠲᠠᠷᠬᠠᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ)
   ã€€34. ᠪᠠᠯᠠ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠭᠤᠤᠯᠳᠠᠯᠭ᠎ᠠ᠎ᠲᠠᠢ ᠠᠵᠢᠯ ᠲᠥ᠋ᠷᠥᠯ᠎ᠤᠨ á  á ­á ‹á  á · ᠮᠠᠨᠳᠠᠯ᠎ᠤᠨ ᠪᠣᠬᠢᠷᠲᠤᠯ᠎ᠤᠨ ᠭᠦᠨᠵᠡᠭᠡᠶ ᠵᠠᠰᠠᠯᠲᠠ ᠵᠢ ᠠᠬᠢᠭᠤᠯᠤᠨ᠎ᠠ᠃ 《ᠬᠠᠩᠭ᠋ᠠᠯᠭ᠎ᠠ᠎ᠪᠠᠷ ᠥᠭᠡᠷᠡᠴᠢᠯᠡᠯᠲᠡ ᠵᠢ ᠲᠣᠭᠲᠠᠭ᠋ᠠᠬᠤ᠂ á ­á  á ´á  á ­á Žá   ᠲᠣᠰᠬᠤᠨ ᠠᠢ᠍ᠢ᠍ᠯ ᠡᠷᠥᠭᠡ᠎ᠳᠤ ᠬᠦᠷᠲᠡᠯ᠎ᠡ ᠨᠤᠲᠠᠯᠠᠨ ᠲᠣᠭᠲᠠᠭ᠋ᠠᠬᠤ᠂ ᠤᠷᠢᠳ ᠵᠶ᠋ᠠᠷ ᠪᠠᠶ᠋ᠢᠭᠤᠯᠵᠤ ᠲᠠᠷᠠᠭ᠎ᠠ᠎ᠨᠢ ᠦᠭᠡᠷᠡᠴᠢᠯᠡᠬᠦ》 ᠵᠠᠷᠴᠢᠮ ᠶᠣᠰᠣᠭ᠋ᠠᠷ᠂ ᠪᠥᠬᠦ ᠣᠷᠣᠨ᠎ᠤ ᠨᠡᠭᠦᠷᠡᠰᠦ ᠵᠢ ᠴᠠᠬᠢᠯᠭ᠋ᠠᠨ ᠪᠣᠯᠭ᠋ᠠᠨ ᠥᠭᠡᠷᠡᠴᠢᠯᠡᠬᠦ ᠬᠠᠷᠢᠴᠠᠭ᠋ᠠᠨ ᠡᠷᠥᠭᠡ ᠵᠢ ᠨᠢᠭᠡᠳᠦᠯᠲᠡᠶ ᠲᠥᠯᠥᠪᠵᠢᠭᠦᠯᠵᠦ᠂ ᠪᠦᠯᠦᠭ ᠬᠤᠪᠢᠶᠠᠨ ᠵᠠᠯᠭ᠋ᠠᠵᠤ ᠣᠷᠣᠭᠤᠯᠬᠤ ᠬᠡᠷᠡᠭᠲᠡᠶ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ (ᠪᠦᠯᠦᠭᠯᠡᠯ) ᠺᠣᠮᠫᠠᠨᠢ]
   ã€€35. ᠤᠯᠤᠰ᠎ᠤᠨ IIIá Žá  á ´á   ᠳᠣᠷᠣᠭᠰᠢᠬᠢ ᠲᠦᠯᠡᠰᠢᠨ ᠲᠣᠰᠣᠨ᠎ᠤ ᠬᠠᠭᠤᠴᠢᠨ ᠮᠠᠰᠢᠨ ᠲᠡᠷᠭᠡ ᠵᠢ ᠡᠮᠬᠢ ᠵᠢᠷᠤᠮ᠎ᠲᠠᠢ᠎ᠪᠠᠷ ᠰᠢᠭᠰᠢᠳᠡᠭᠦᠯᠵᠦ᠂ ᠮᠠᠰᠢᠨ ᠲᠡᠷᠭᠡ ᠰᠢᠨ᠎ᠡ᠎ᠪᠠᠷ ᠨᠡᠮᠡᠵᠦ ᠠᠪᠬᠤ ᠪᠠ ᠰᠢᠨᠡᠳᠬᠡᠬᠦ᠎ᠳᠤ ᠰᠢᠨ᠎ᠡ ᠡᠨᠧᠷᠭᠢ ᠵᠢᠨ ᠬᠦᠨᠳᠦ ᠮᠠᠶᠢᠭ᠎ᠤᠨ ᠠᠴᠢᠶᠠᠨ ᠮᠠᠰᠢᠨ᠎ᠢ ᠬᠡᠷᠡᠭᠯᠡᠬᠦ ᠵᠢ ᠬᠥᠲᠥᠯᠦᠨ ᠵᠢᠯᠣᠭᠤᠳᠴᠤ ᠳᠡᠯᠭᠡᠷᠡᠭᠦᠯᠦᠨ᠂ ᠬᠤᠲᠠ ᠵᠢᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠮᠠᠰᠢᠨ ᠲᠡᠷᠭᠡ ᠵᠢ ᠰᠢᠨ᠎ᠡ᠎ᠪᠠᠷ ᠨᠡᠮᠡᠭᠳᠡᠭᠦᠯᠬᠦ ᠪᠠ ᠰᠢᠨᠡᠳᠬᠡᠬᠦ᠎ᠳᠤ ᠰᠢᠨ᠎ᠡ ᠡᠨᠧᠷᠭᠢ ᠵᠢᠨ ᠮᠠᠰᠢᠨ ᠲᠡᠷᠭᠡ ᠵᠢᠨ ᠡᠵᠡᠯᠡᠬᠦ ᠬᠠᠷᠢᠴᠠᠯ᠎ᠢ 85%á Žá  á ´á   ᠳᠤᠲᠠᠭᠤ ᠪᠠᠶ᠋ᠢᠯᠭ᠋ᠠᠬᠤ ᠥᠬᠡᠶ᠂ ᠰᠢᠨ᠎ᠡ ᠡᠨᠧᠷᠭᠢ ᠵᠢᠨ ᠲᠣᠭᠤᠷᠢᠨ ᠵᠤᠭ᠋ᠠᠴᠠᠬᠤ ᠳᠦᠷᠢᠶᠡᠰᠦᠨ ᠮᠠᠰᠢᠨ ᠲᠡᠷᠭᠡ ᠵᠢ 1600á Žá  á ´á   ᠳᠣᠤᠷ᠎ᠠ ᠪᠠᠶ᠋ᠢᠯᠭ᠋ᠠᠬᠤ ᠥᠬᠡᠶ᠃ ᠬᠠᠮᠢᠶ᠎ᠠ ᠪᠥᠬᠦᠶ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠰᠢᠨ᠎ᠡ ᠡᠨᠧᠷᠭᠢ ᠵᠢᠨ ᠲᠣᠭᠤᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡ ᠵᠢ ᠬᠤᠳᠠᠯᠳᠤᠨ ᠠᠪᠤᠪᠠᠯ ᠨᠡᠮᠡᠭᠦᠷᠢ ᠣᠯᠭᠤᠨ᠎ᠠ᠃ ᠡᠭᠦᠨ᠎ᠳᠤ᠂ ᠴᠠᠬᠢᠯᠭ᠋ᠠᠨ ᠴᠡᠨᠡᠭᠯᠡᠬᠦ ᠲᠡᠷᠭᠡ ᠪᠦᠷᠢ᠎ᠳᠤ 4 ᠲᠦᠮᠡᠨ ᠲᠥᠭᠦᠷᠢᠭ᠎ᠤᠨ ᠨᠡᠮᠡᠭᠦᠷᠢ ᠥᠭᠴᠦ᠂ ᠴᠠᠬᠢᠯᠭ᠋ᠠᠨ ᠲᠡᠷᠭᠡ ᠰᠣᠯᠢᠬᠤ᠎ᠳᠤ ᠲᠡᠷᠭᠡ ᠪᠦᠷᠢ᠎ᠳᠤ 4.5 ᠲᠦ᠍ᠢ᠍ᠮᠡᠨ ᠲᠥᠭᠦᠷᠢᠭ᠎ᠤᠨ ᠨᠡᠮᠡᠭᠦᠷᠢ ᠥᠭᠭᠦᠨ᠎ᠡ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠠᠮ ᠵᠠᠰᠠᠭ᠎ᠤᠨ ᠪᠠᠶ᠋ᠢᠭᠤᠯᠭ᠎ᠠ ᠵᠢᠨ ᠰᠢᠨ᠎ᠡ᠎ᠪᠠᠷ ᠨᠡᠮᠡᠭᠳᠡᠭᠦᠯᠬᠦ ᠪᠠ ᠰᠢᠨᠡᠳᠬᠡᠬᠦ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ (ᠬᠠᠤᠯᠢ ᠬᠡᠷᠡᠭᠵᠢᠭᠦᠯᠵᠦ ᠵᠢᠵᠢᠭᠦᠷᠯᠡᠨ ᠠᠵᠢᠯᠯᠠᠬᠤ᠎ᠳᠤ ᠬᠡᠷᠡᠭᠯᠡᠬᠦ ᠲᠡᠷᠭᠡ ᠪᠠ ᠣᠨᠴᠠ ᠲᠥᠷᠥᠯ᠎ᠤᠨ ᠲᠤᠰᠬᠠᠶ ᠮᠡᠷᠭᠡᠵᠢᠯ᠎ᠳᠤ ᠬᠡᠷᠡᠭᠯᠡᠬᠦ ᠲᠡᠷᠭᠡ ᠪᠠᠭᠲᠠᠬᠤ ᠥᠬᠡᠶ) ᠵᠢᠨ ᠳᠣᠲᠣᠷ᠎ᠠ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠠᠷᠢᠴᠠᠯ᠎ᠢ 50%᠎ᠳᠤ ᠬᠦᠷᠦᠭᠦᠯᠵᠦ᠂ ᠠᠶ᠋ᠢᠮᠠᠭ ᠬᠤᠲᠠ ᠵᠢᠨ ᠨᠠᠮ ᠵᠠᠰᠠᠭ᠎ᠤᠨ ᠪᠠᠶ᠋ᠢᠭᠤᠯᠭ᠎ᠠ ᠵᠢᠨ ᠰᠢᠨ᠎ᠡ᠎ᠪᠠᠷ ᠨᠡᠮᠡᠭᠳᠡᠭᠦᠯᠬᠦ ᠪᠠ ᠰᠢᠨᠡᠳᠬᠡᠬᠦ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ (ᠬᠠᠤᠯᠢ ᠬᠡᠷᠡᠭᠵᠢᠭᠦᠯᠵᠦ ᠵᠢᠵᠢᠭᠦᠷᠯᠡᠨ ᠠᠵᠢᠯᠯᠠᠬᠤ᠎ᠳᠤ ᠬᠡᠷᠡᠭᠯᠡᠬᠦ ᠲᠡᠷᠭᠡ ᠪᠠ ᠣᠨᠴᠠ ᠲᠥᠷᠥᠯ᠎ᠤᠨ ᠲᠤᠰᠬᠠᠶ ᠮᠡᠷᠭᠡᠵᠢᠯ᠎ᠳᠤ ᠬᠡᠷᠡᠭᠯᠡᠬᠦ ᠲᠡᠷᠭᠡ ᠪᠠᠭᠲᠠᠬᠤ ᠥᠬᠡᠶ) ᠵᠢᠨ ᠳᠣᠲᠣᠷ᠎ᠠ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠠᠷᠢᠴᠠᠯ᠎ᠢ ᠳᠤᠮᠳᠠᠴᠢ᠎ᠪᠠᠷ 30%᠎ᠳᠤ ᠬᠦᠷᠦᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠡᠨᠧᠷᠭᠢ ᠵᠢᠨ ᠲᠣᠪᠴᠢᠶ᠎ᠠ᠂ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠂ ᠤᠯᠤᠰ᠎ᠤᠨ ᠠᠭᠤᠷᠬᠠᠶ ᠵᠢᠨ ᠠᠮᠤᠷ ᠲᠦᠪᠰᠢᠨ᠎ᠢ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠥᠪᠥᠷ ᠮᠣᠩᠭᠤᠯ᠎ᠤᠨ ᠲᠣᠪᠴᠢᠶ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
   ã€€36. ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠬᠦ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠰᠢᠨ᠎ᠡ᠎ᠪᠠᠷ ᠪᠠᠢ᠍ᠢ᠍ᠭᠤᠯᠬᠤ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠳᠤ ᠳᠦᠬᠦᠷᠵᠢᠭᠦᠯᠦᠨ ᠪᠥᠲᠥᠭᠡᠨ ᠪᠠᠢ᠍ᠢ᠍ᠭᠤᠯᠬᠤ ᠴᠠᠬᠢᠯᠭ᠋ᠠᠨ ᠴᠡᠨᠡᠭᠯᠡᠬᠦ ᠰᠠᠭᠤᠷᠢ ᠪᠡᠯᠡᠳᠬᠡᠮᠵᠢ ᠵᠢᠨ ᠲᠡᠷᠭᠡᠨ ᠵᠣᠭᠰᠣᠭ᠋ᠠᠯ᠎ᠤᠨ ᠡᠵᠡᠯᠡᠬᠦ ᠬᠠᠷᠢᠴᠠᠯ᠎ᠢ ᠶᠡᠷᠦᠩᠬᠡᠶ ᠲᠡᠷᠭᠡᠨ ᠵᠣᠭᠰᠣᠭ᠋ᠠᠯ᠎ᠤᠨ 10%á Žá  á ´á   ᠳᠡᠭᠡᠭᠰᠢ᠎ᠳᠤ ᠬᠦᠷᠦᠭᠦᠯᠦᠨ᠎ᠡ᠃ ᠰᠢᠨ᠎ᠡ᠎ᠪᠠᠷ ᠪᠠᠢ᠍ᠢ᠍ᠭᠤᠯᠬᠤ ᠰᠠᠭᠤᠭ᠋ᠠᠯᠢ ᠲᠣᠭᠤᠷᠢᠭ᠎ᠲᠤ ᠳᠦᠬᠦᠷᠵᠢᠭᠦᠯᠦᠭᠰᠡᠨ ᠮᠠᠰᠢᠨᠲᠤ ᠲᠡᠷᠭᠡᠨ ᠵᠣᠭᠰᠤᠭ᠋ᠠᠯ᠎ᠳᠤ ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠬᠦ ᠰᠠᠭᠤᠷᠢ ᠪᠡᠯᠡᠳᠬᠡᠮᠵᠢ ᠵᠢ 100%᠎ᠪᠠᠷ ᠪᠥᠲᠥᠭᠡᠨ ᠪᠠᠶ᠋ᠢᠭᠤᠯᠬᠤ ᠪᠤᠶᠤ ᠪᠥᠲᠥᠭᠡᠨ ᠪᠠᠶ᠋ᠢᠭᠤᠯᠵᠤ ᠤᠭᠰᠠᠷᠠᠬᠤ ᠨᠥᠬᠦᠴᠡᠯ᠎ᠢ ᠤᠷᠢᠳᠴᠢᠯᠠᠨ ᠪᠦᠷᠢᠳᠦᠭᠦᠯᠵᠦ᠂ ᠭᠤᠤᠯ ᠴᠣᠭᠴᠠᠲᠤ ᠪᠠᠷᠢᠯᠭ᠎ᠠ᠎ᠯᠤᠭ᠎ᠠ ᠵᠡᠷᠭᠡ᠎ᠳᠤ᠎ᠨᠢ ᠵᠢᠷᠤᠭᠯᠠᠨ ᠲᠥᠯᠥᠪᠯᠡᠵᠦ᠂ ᠪᠠᠷᠢᠯᠭ᠎ᠠ ᠪᠠᠷᠢᠵᠤ᠂ ᠰᠢᠯᠭ᠋ᠠᠨ ᠬᠤᠷᠢᠶᠠᠵᠤ ᠠᠪᠤᠨ᠎ᠠ᠃ ᠬᠠᠭᠤᠴᠢᠨ ᠰᠠᠭᠤᠭ᠋ᠠᠯᠢ ᠲᠣᠭᠤᠷᠢᠭ᠎ᠢ ᠦᠭᠡᠷᠡᠴᠢᠯᠡᠨ ᠰᠢᠨᠡᠳᠭᠡᠬᠦ᠎ᠳᠤ᠂ ᠨᠥᠬᠦᠴᠡᠯ ᠪᠦᠷᠢᠳᠦᠭᠦᠯᠦᠭᠰᠡᠨ ᠰᠠᠭᠤᠭ᠋ᠠᠯᠢ ᠲᠣᠭᠤᠷᠢᠭ᠎ᠲᠤ ᠴᠠᠬᠢᠯᠭ᠋ᠠᠨ ᠴᠡᠨᠡᠭᠯᠡᠬᠦ ᠱᠣᠩ ᠪᠠᠶ᠋ᠢᠭᠤᠯᠤᠨ᠎ᠠ᠃ ᠲᠤᠰᠠᠭ᠋ᠠᠷ ᠭᠠᠵᠠᠷ ᠡᠵᠡᠯᠡᠭᠰᠡᠨ ᠤᠯᠠᠨ ᠨᠡᠶ᠋ᠢᠲᠡ ᠵᠢᠨ ᠴᠠᠬᠢᠯᠭ᠋ᠠᠨ ᠴᠡᠨᠡᠭᠯᠡᠬᠦ ᠪᠠ ᠳ᠋ᠢᠶᠠᠨ á¡‚á ¢ ᠰᠤᠯᠢᠬᠤ ᠦᠷᠳᠡᠭᠡ ᠵᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠨᠠᠷᠢᠨ ᠲᠥᠯᠥᠪᠵᠢᠭᠦᠯᠭᠡ᠎ᠳᠤ ᠣᠷᠣᠭᠤᠯᠤᠨ᠎ᠠ᠃ ᠡᠯ᠎ᠡ ᠲᠦᠷᠦᠯ᠎ᠤᠨ ᠴᠠᠬᠢᠯᠭ᠋ᠠᠨ ᠴᠡᠨᠡᠭᠯᠡᠬᠦ ᠲᠥᠬᠦᠭᠡᠷᠦᠮᠵᠢ ᠵᠢ ᠤᠯᠤᠰ᠎ᠤᠨ ᠴᠠᠬᠢᠯᠭ᠋ᠠᠨ ᠴᠡᠨᠡᠭᠯᠡᠬᠦ ᠲᠥᠬᠦᠭᠡᠷᠦᠮᠵᠢ ᠵᠢᠨ ᠬᠢᠨᠠᠨ ᠰᠢᠨᠵᠢᠬᠦ ᠲᠠᠪᠴᠠᠩ᠎ᠳᠤ ᠨᠢᠭᠡᠳᠦᠯᠲᠡᠶ ᠵᠠᠯᠭ᠋ᠠᠵᠤ ᠣᠷᠣᠭᠤᠯᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ (ᠪᠦᠯᠦᠭᠯᠡᠯ) ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠤᠷ᠎ᠤᠨ ᠦᠪᠦᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ]
   ã€€37. ᠨᠥᠬᠦᠴᠡᠯ ᠪᠦᠷᠢᠳᠦᠭᠦᠯᠦᠭᠰᠡᠨ ᠳᠡᠰᠲᠦ ᠵᠠᠰᠠᠮᠠᠯ ᠵᠠᠮ ᠳᠠᠭ᠋ᠠᠤ ᠵᠢᠨ ᠴᠠᠬᠢᠯᠭ᠋ᠠᠨ ᠴᠡᠨᠡᠭᠯᠡᠬᠦ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠲᠡᠭᠦᠯᠳᠡᠷᠵᠢᠭᠦᠯᠦᠨ᠎ᠡ᠃ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠤᠷᠢᠭ᠎ᠲᠠᠬᠢ ᠴᠠᠬᠢᠯᠭ᠋ᠠᠨ ᠴᠡᠨᠡᠭᠯᠡᠬᠦ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠦᠨᠳᠦᠷᠯᠢᠭ ᠬᠦᠢ᠍ᠲᠡᠨ ᠡᠷᠭᠦᠭᠳᠡᠴᠡ ᠦᠨᠳᠦᠷ ᠭᠠᠵᠠᠷ᠎ᠠᠴᠠ ᠭᠠᠳᠠᠨ᠎ᠠ᠂ ᠪᠤᠰᠤᠳ ᠣᠷᠣᠨ ᠪᠦᠰᠡ ᠵᠢᠨ ᠲᠥᠷᠭᠡᠨ᠎ᠤ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠤᠷᠢᠭ ᠪᠠ ᠨᠥᠬᠦᠴᠡᠯ ᠪᠦᠷᠢᠳᠦᠭᠦᠯᠦᠭᠰᠡᠨ ᠤᠯᠤᠰ ᠮᠤᠵᠢ ᠵᠢᠨ ᠡᠩ᠎ᠤᠨ ᠭᠤᠤᠯ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠤᠷᠢᠭ᠎ᠲᠤ ᠴᠠᠬᠢᠯᠭ᠋ᠠᠨ ᠴᠡᠨᠡᠭᠯᠡᠬᠦ ᠦᠨᠳᠦᠰᠦᠨ ᠦᠢ᠍ᠯᠡᠴᠢᠯᠡᠭᠡ ᠬᠠᠩᠭ᠋ᠠᠵᠤ ᠳᠡᠢ᠍ᠢ᠍ᠯᠬᠦ ᠵᠢ ᠴᠢᠷᠮᠠᠶ᠋ᠢᠨ ᠪᠡᠶᠡᠯᠡᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ (ᠪᠦ᠍ᠯᠦᠭᠯᠡᠯ) ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠤᠷ᠎ᠤᠨ ᠦᠪᠦᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ]
   ã€€ï¼ˆá ­á ¤á ·á ªá  ï¼‰ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ á ¶á  á °á ¤ ᠴᠢᠨᠠᠷ ᠵᠶ᠋ᠠᠨ ᠳᠡᠭᠡᠭᠰᠢᠯᠡᠭᠦᠯᠦᠨ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠳᠡᠮᠵᠢᠨ᠎ᠡ᠃
   ã€€38. ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠤᠷᠢᠭ᠎ᠤᠨ ᠪᠥᠲᠥᠭᠡᠨ ᠪᠠᠶ᠋ᠢᠭᠤᠯᠤᠯᠲᠠ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠤᠷᠢᠭ᠎ᠲᠤ ᠱᠠᠩᠨᠠᠯ ᠨᠥᠬᠦᠪᠥᠷᠢ ᠣᠯᠭᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠬᠥᠭᠵᠢᠯᠲᠡ ᠵᠢᠨ ᠲᠤᠰᠬᠠᠶ ᠵᠦᠢ᠍ᠯ᠎ᠤᠨ ᠪᠡᠯᠡ ᠮᠥᠩᠭᠦ ᠵᠢ ᠲᠣᠬᠢᠷᠠᠭᠤᠯᠵᠤ᠂ ᠭᠤᠣᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠰᠠᠭᠤᠷᠢ ᠪᠡᠯᠡᠳᠬᠡᠮᠵᠢ ᠵᠢᠨ ᠪᠦᠳᠦᠬᠡᠨ ᠪᠠᠶ᠋ᠢᠭᠤᠯᠤᠯᠲᠠ ᠵᠢ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€39. ᠴᠢᠨᠠᠷ ᠰᠠᠶ᠋ᠢᠲᠠᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠬᠤ ᠵᠢ ᠳᠣᠪᠤᠶ᠋ᠢᠯᠭ᠋ᠠᠵᠤ᠂ ᠣᠨ ᠵᠶ᠋ᠠᠷ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠰᠢᠯᠭ᠋ᠠᠨ ᠬᠢᠨᠠᠵᠤ ᠦᠨᠡᠯᠡᠨ᠂ ᠶᠡᠷᠦᠩᠬᠡᠶ᠋ᠢᠯᠡᠭᠰᠡᠨ ᠪᠣᠳᠠᠲᠤ ᠬᠦᠴᠦᠨ᠎ᠢ᠎ᠨᠢ ᠰᠢᠯᠭ᠋ᠠᠨ ᠬᠢᠨᠠᠵᠤ ᠦᠨᠡᠯᠡᠭᠡᠳ ᠡᠮᠦᠨ᠎ᠡ 3 ᠨᠡᠷᠡᠰ᠎ᠲᠤ ᠣᠷᠣᠭᠰᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠲᠤ ᠪᠠᠯᠠ ᠮᠥᠩᠭᠦ ᠵᠢᠨ ᠳᠡᠮᠵᠢᠯᠭᠡ ᠦᠵᠡᠭᠦᠯᠦᠨ᠎ᠡ; ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ᠂ ᠮᠥ᠍ ᠪᠦᠷᠢ ᠵᠢᠨ ᠳᠤᠮᠳᠠᠴᠢ ᠦᠷ᠎ᠡ ᠠᠰᠢᠭ᠂ ᠭᠠᠶ᠋ᠢᠯᠢ ᠲᠠᠲᠠᠪᠤᠷᠢ ᠵᠢᠨ ᠬᠤᠪᠢ ᠨᠡᠮᠡᠷᠢ᠂ ᠲᠡᠷᠢᠭᠦᠯᠡᠨ ᠪᠠᠢ᠍ᠢ᠍ᠷᠢ ᠳᠠᠪᠰᠢᠬᠤ᠎ᠪᠠᠷ ᠴᠢᠷᠮᠠᠶ᠋ᠢᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠰᠢᠨ᠎ᠡ ᠵᠢ ᠡᠭᠦᠳᠬᠦ ᠵᠡᠷᠭᠡ ᠲᠠᠩ á ­á  á ­á ´á   ᠵᠦᠢ᠍ᠯ᠎ᠤᠨ ᠭᠦᠢ᠍ᠴᠡᠳᠬᠡᠯ ᠲᠤᠭ᠎ᠠ ᠵᠢ᠎ᠨᠢ ᠰᠢᠯᠭ᠋ᠠᠨ ᠬᠢᠨᠠᠵᠤ ᠦᠨᠡᠯᠡᠭᠡᠳ ᠡᠮᠦᠨ᠎ᠡ 3 ᠨᠡᠷᠡᠰ᠎ᠲᠤ ᠣᠷᠣᠭᠰᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠲᠤ ᠪᠠᠯᠠ ᠮᠥᠩᠭᠦ ᠵᠢᠨ ᠳᠡᠮᠵᠢᠯᠭᠡ ᠦᠵᠡᠭᠦᠯᠦᠨ᠎ᠡ᠃ ᠰᠢᠨ᠎ᠡ᠎ᠪᠠᠷ ᠵᠥᠪᠰᠢᠶᠡᠷᠡᠭᠳᠡᠭᠰᠡᠨ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠤᠷᠢᠭ᠎ᠲᠤ ᠨᠢᠭᠡ ᠯᠡ ᠤᠳᠠᠭ᠎ᠠ ᠵᠢᠨ ᠴᠢᠨᠠᠷᠲᠠᠶ᠎ᠪᠠᠷ ᠬᠠᠮᠤᠭ᠎ᠤᠨ ᠢᠯᠡᠭᠦᠦ᠎ᠳᠤ᠎ᠪᠠᠨ 2000 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠳᠡᠮᠵᠢᠯᠭᠡ ᠦᠵᠡᠭᠦᠯᠦᠨ᠎ᠡ; ᠪᠥᠬᠦ ᠤᠯᠤᠰ᠎ᠲᠤ ᠡᠮᠦᠨ᠎ᠡ 60 ᠨᠡᠷᠡᠰ᠎ᠲᠤ ᠵᠢᠭᠰᠠᠭ᠋ᠠᠭᠳᠠᠭᠰᠠᠨ᠂ ᠣᠨ᠎ᠤ ᠨᠡᠷᠡᠰ᠎ᠤᠨ ᠵᠢᠭᠰᠠᠭ᠋ᠠᠯᠲᠠ᠎ᠳᠤ 5 ᠨᠡᠷᠡᠰ᠎ᠠᠴᠠ ᠢᠯᠡᠭᠦᠦ ᠳᠡᠭᠡᠭᠰᠢᠯᠡᠭᠰᠡᠨ ᠵᠢᠴᠢ ᠰᠢᠨ᠎ᠡ᠎ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠤᠷᠢᠭ᠎ᠲᠤ ᠨᠢᠭᠡ ᠯᠡ ᠤᠳᠠᠭ᠎ᠠ᠎ᠳᠤ 1000 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠳᠡᠮᠵᠢᠯᠭᠡ ᠦᠵᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€40. ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠤᠶ᠋ᠢᠵᠢᠭᠤᠯᠵᠤ᠂ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠤᠯᠤᠰ᠎ᠤᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠲᠤ ᠲᠣᠰ ᠲᠣᠰ 500 ᠲᠦᠮᠡᠨ ᠲᠥᠭᠦᠷᠢᠭ᠂ 300 ᠲᠦᠮᠡᠨ ᠲᠥᠭᠦᠷᠢᠭ᠎ᠤᠨ ᠨᠢᠭᠡ ᠯᠡ ᠤᠳᠠᠭ᠎ᠠ ᠵᠢᠨ ᠴᠢᠨᠠᠷᠲᠠᠶ ᠱᠠᠩᠨᠠᠯ ᠨᠦᠬᠦᠪᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€ï¼ˆá ³á ¥á ·á ªá ¡ï¼‰ ᠠᠵᠤ   ᠦᠢ᠍ᠯᠡᠰ   ᠪᠠ   ᠠᠵᠤ   ᠠᠬᠤᠶ᠋ᠢᠯᠠᠯ ᠎ᠤᠨ   ᠮᠡᠷᠭᠡᠵᠢᠯ ᠎ᠤᠨ   ᠰᠢᠨ᠎ᠡ   ᠡᠭᠦᠳᠦᠯᠲᠡ ᠵᠢ ᠳᠡᠮᠵᠢᠨ᠎ᠡ᠃
   ã€€41. ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠰᠡᠯᠡᠯᠲᠡ ᠰᠢᠪᠲᠤᠯᠬᠤ ᠢᠨᠵᠧᠨᠧᠷᠢᠩ᠎ᠢ ᠬᠡᠷᠡᠭᠵᠢᠭᠦᠯᠦᠨ᠎ᠡ᠃ 7 ᠳ᠋ᠦᠩᠰᠢᠭᠤᠷ ᠲᠥᠭᠦᠷᠢᠭ᠎ᠤᠨ ᠪᠡᠯᠡ ᠮᠥᠩᠭᠦ ᠲᠣᠬᠢᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ á ¶á ¡á ­á ¡ ᠵᠢᠱ᠌ᠢᠶ᠎ᠡ ᠦᠵᠡᠭᠦᠯᠬᠦ ᠢᠨᠵᠧᠨᠧᠷᠢᠩ᠂ ᠭᠤᠣᠯᠳᠠᠯᠭ᠎ᠠ᠎ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠲᠥᠯᠥᠪᠯᠡᠭᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠳᠣᠣᠷ᠎ᠠ ᠨᠡᠭᠦᠷᠡᠰᠦᠳᠦ᠋ᠷᠦᠭᠴᠢᠲᠦ ᠡᠨᠧᠷᠭᠢ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ᠂ ᠬᠤᠪᠣᠷ ᠰᠢᠷᠣᠶ᠂ á °á ¦ ᠰᠠᠭ᠋ᠠᠯᠢ ᠵᠢᠨ ᠦᠢ᠍ᠯᠡᠰ᠂ ᠦᠷ᠎ᠡ ᠡᠭᠦᠯᠳᠡᠷ᠎ᠤᠨ ᠦᠢ᠍ᠯᠡᠰ ᠵᠢᠴᠢ ᠬᠤᠰᠢᠭᠤᠷᠠᠯ ᠮᠡᠷᠭᠡᠵᠢᠯ᠎ᠤᠨ ᠬᠦᠷᠢᠶᠡᠨ᠎ᠳᠤ ᠨᠢᠭᠡ ᠪᠦᠯᠦᠭ ᠴᠢᠬᠤᠯᠠ á ¶á ¡á ­á ¡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠭᠦᠷᠭᠡ ᠵᠢ ᠲᠣᠬᠢᠷᠠᠭᠤᠯᠤᠨ ᠪᠠᠶ᠋ᠢᠷᠢᠯᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠦ ᠵᠢ 1.2 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠰᠠᠭᠤᠷᠢ ᠰᠤᠳᠤᠯᠭ᠋ᠠᠨ ᠪᠠ ᠬᠡᠷᠡᠭᠯᠡᠭᠡᠨ᠎ᠤ ᠰᠠᠭᠤᠷᠢ ᠰᠤᠳᠤᠯᠭ᠋ᠠᠨ᠎ᠢ ᠲᠡᠮᠵᠢᠨ᠎ᠡ᠃ ᠨᠢᠭᠡᠨᠲᠡ ᠴᠢᠷᠮᠠᠢ᠍ᠢ᠍ᠨ ᠣᠯᠤᠭᠰᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡᠨ᠎ᠤ ᠲᠦᠷᠦᠯ ᠵᠦᠢ᠍ᠯ᠎ᠳᠤ ᠱᠠᠭ᠋ᠠᠷᠳᠠᠯᠭ᠎ᠠ ᠶᠣᠰᠣᠭ᠋ᠠᠷ ᠪᠡᠯᠡ ᠮᠥᠩᠭᠦ ᠲᠦᠬᠦᠷᠵᠢᠬᠦᠯᠬᠦ ᠳᠡᠮᠵᠢᠯᠭᠡ ᠦᠵᠡᠭᠦᠯᠦᠨ᠎ᠡ᠃ ᠣᠷᠳᠣᠰ᠎ᠤᠨ ᠲᠤᠷᠰᠢᠯᠲᠠ ᠵᠢᠨ ᠲᠠᠰᠤᠭ ᠪᠠ ᠳᠠᠯᠠᠨ ᠬᠠᠷ᠎ᠠ ᠠᠭᠤᠯᠠ ᠵᠢᠨ ᠲᠤᠷᠰᠢᠯᠲᠠ ᠵᠢᠨ ᠲᠠᠰᠤᠭ᠎ᠤᠨ ᠪᠥᠲᠥᠭᠡᠨ ᠪᠠᠶ᠋ᠢᠭᠤᠯᠤᠯᠲᠠ ᠵᠢ ᠳᠡᠮᠵᠢᠨ᠎ᠡ᠃ á °á ¦ ᠰᠠᠭ᠋ᠠᠯᠢ ᠵᠢᠨ ᠦᠢ᠍ᠯᠡᠰ᠎ᠤᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠬᠤᠪᠣᠷ ᠰᠢᠷᠣᠶ ᠵᠢᠨ ᠰᠢᠨ᠎ᠡ ᠮᠠᠲ᠋ᠧᠷᠢᠶᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠲᠤ ᠲᠣᠰ ᠲᠣᠰ ᠳ᠋ᠦᠩᠰᠢᠭᠤᠷ ᠲᠥᠭᠦᠷᠢᠭ᠎ᠤᠨ ᠵᠠᠷᠤᠳᠠᠯ᠎ᠤᠨ ᠳᠡᠮᠵᠢᠯᠭᠡ ᠦᠵᠡᠭᠦᠯᠵᠦ᠂ ᠰᠠᠭᠤᠷᠢ ᠰᠤᠳᠤᠯᠭ᠋ᠠᠨ ᠦᠷᠨᠢᠭᠦᠯᠬᠦ᠂ ᠵᠠᠩᠭᠢᠯᠠᠭ᠎ᠠ ᠵᠢᠨ ᠮᠡᠷᠭᠡᠵᠢᠯ᠎ᠤᠨ ᠰᠢᠪᠲᠤᠯᠤᠯᠲᠠ ᠬᠢᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠴᠢᠳᠠᠪᠤᠷᠢᠲᠠᠨ᠎ᠢ ᠲᠠᠲᠠᠨ ᠣᠷᠤᠭᠤᠯᠵᠤ ᠬᠦᠮᠦᠵᠢᠭᠦᠯᠬᠦ᠂ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠵᠡᠷᠭᠡ᠎ᠳᠤ ᠬᠡᠷᠡᠭᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€42. ᠵᠥᠪᠰᠢᠶᠡᠷᠡᠯ ᠣᠯᠤᠭᠰᠠᠨ ᠤᠯᠤᠰ᠎ᠤᠨ ᠲᠠᠰ᠎ᠤᠨ ᠦᠢ᠍ᠯᠡᠳᠬᠦ ᠦᠢ᠍ᠯᠡᠰ᠎ᠤᠨ ᠰᠢᠨ᠎ᠡ ᠵᠢ ᠡᠭᠦᠳᠬᠦ ᠲᠥᠪ᠎ᠲᠤ 5 ᠵᠢᠯ ᠳᠠᠷᠠᠭ᠋ᠠᠯᠠᠨ ᠵᠢᠯ ᠪᠦᠷᠢ 1000 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠨᠥᠬᠦᠪᠥᠷᠢ ᠣᠯᠭᠤᠨ᠎ᠠ᠃ ᠰᠢᠨ᠎ᠡ᠎ᠪᠠᠷ ᠡᠭᠦᠳᠦᠨ ᠪᠠᠢ᠍ᠢ᠍ᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠦᠢ᠍ᠯᠡᠳᠬᠦ ᠦᠢ᠍ᠯᠡᠰ᠎ᠤᠨ ᠰᠢᠨ᠎ᠡ ᠵᠢ ᠡᠭᠦᠳᠬᠦ ᠲᠥᠪ᠎ᠲᠤ ᠨᠢᠭᠡ ᠯᠡ ᠤᠳᠠᠭ᠎ᠠ᠎ᠳᠤ 500 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠨᠥᠬᠦᠪᠥᠷᠢ ᠣᠯᠭᠤᠨ᠎ᠠ᠃ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ ᠵᠢᠨ ᠲᠥᠪ᠎ᠲᠤ ᠨᠢᠭᠡ ᠯᠡ ᠤᠳᠠᠭ᠎ᠠ᠎ᠳᠤ ᠲᠣᠰ ᠲᠣᠰ 100 ᠲᠦᠮᠡᠨ ᠲᠥᠭᠦᠷᠢᠭ᠂ 50 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠨᠥᠬᠦᠪᠥᠷᠢ ᠣᠯᠭᠤᠨ᠎ᠠ᠃ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠠᠬᠤᠶ᠋ᠢᠯᠠᠯ᠎ᠤᠨ ᠮᠡᠷᠭᠡᠵᠢᠯ᠎ᠤᠨ ᠲᠥᠪ᠎ᠲᠤ ᠨᠢᠭᠡ ᠯᠡ ᠤᠳᠠᠭ᠎ᠠ᠎ᠳᠤ 50 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠨᠥᠬᠦᠪᠥᠷᠢ ᠣᠯᠭᠤᠨ᠎ᠠ᠃ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠤᠯᠤᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠂ ᠪᠥᠬᠦ ᠤᠯᠤᠰ᠎ᠤᠨ 《ᠶᠠᠰᠤ ᠴᠢᠨᠠᠷ᠎ᠤᠨ ᠬᠡᠪ ᠳᠠᠭᠤᠷᠢᠶᠠᠯ》 ᠠᠵᠤ ᠠᠬᠤᠶ᠋ᠢᠯᠠᠯ᠎ᠳᠤ ᠨᠢᠭᠡ ᠯᠡ ᠤᠳᠠᠭ᠎ᠠ᠎ᠳᠤ 100 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠨᠥᠬᠦᠪᠥᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€43. ᠥᠪᠡᠷᠲᠡᠭᠡᠨ ᠵᠠᠰᠠᠬᠤ ᠣᠷᠣᠨ᠎ᠤ ᠦᠢ᠍ᠯᠡᠳᠬᠦ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠷᠢᠶ᠎ᠠ ᠪᠥᠬᠦᠶ ᠨᠠᠷᠢᠨ ᠬᠤᠪᠢᠶᠠᠭᠰᠠᠨ ᠠᠵᠢᠯ ᠲᠥᠷᠥᠯ᠎ᠳᠤ᠎ᠪᠠᠨ ᠭᠦᠨᠵᠡᠭᠡᠢ᠍ᠢ᠍ᠷᠡᠨ ᠪᠦᠲᠦᠭᠡᠭᠳᠡᠬᠦᠨ᠎ᠢ 《ᠭᠦᠨᠵᠡᠭᠡᠢ ᠠᠭᠤᠳᠠᠯᠵᠤ ᠨᠠᠷᠢᠯᠢᠬ ᠰᠤᠳᠤᠯᠬᠤ》 ᠵᠢ᠎ᠨᠢ ᠬᠥᠲᠥᠯᠦᠨ ᠵᠢᠯᠣᠭᠤᠳᠬᠤ ᠪᠠ ᠠᠬᠢᠭᠤᠯᠵᠤ᠂ ᠨᠠᠷᠢᠨ ᠬᠤᠪᠢᠶᠠᠭᠰᠠᠨ ᠠᠵᠢᠯ ᠲᠥᠷᠥᠯ᠎ᠤᠨ ᠪᠦᠲᠦᠭᠡᠭᠳᠡᠬᠦᠨ᠎ᠳᠤ ᠰᠢᠨ᠎ᠡ ᠵᠢ ᠡᠭᠦᠳᠬᠦ᠂ á ¶á  á °á ¤ ᠴᠢᠨᠠᠷ᠎ᠢ ᠳᠡᠭᠡᠭᠰᠢᠯᠡᠭᠦᠯᠬᠦ ᠪᠠ ᠨᠠᠷᠠᠲᠤ ᠲᠡᠮᠳᠡᠭᠲᠦ ᠵᠢ ᠪᠤᠶ᠋ᠢᠵᠢᠭᠤᠯᠬᠤ᠎ᠳᠤ ᠠᠩᠬᠠᠷᠤᠯ ᠵᠶ᠋ᠠᠨ ᠬᠠᠨᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠢ᠍ᠯᠡᠳᠬᠦ ᠦᠢ᠍ᠯᠡᠰ᠎ᠤᠨ ᠲᠠᠩ á ­á  á ­á ´á   ᠵᠦᠢ᠍ᠯ᠎ᠳᠤ ᠮᠠᠩᠯᠠᠢ᠍ᠢ᠍ᠯᠠᠭᠰᠠᠨ ᠵᠶ᠋ᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠠᠵᠤ ᠠᠬᠤᠶ᠋ᠢᠯᠠᠯ᠎ᠢ 100 ᠲᠦᠮᠡᠨ ᠲᠥᠭᠦᠷᠢᠭ ᠵᠶ᠋ᠠᠷ ᠱᠠᠩᠨᠠᠵᠤ᠂ ᠤᠯᠤᠰ᠎ᠤᠨ ᠲᠠᠰ᠎ᠤᠨ ᠦᠢ᠍ᠯᠡᠳᠬᠦ ᠦᠢ᠍ᠯᠡᠰ᠎ᠤᠨ ᠲᠠᠩ á ­á  á ­á ´á   ᠵᠦᠢ᠍ᠯ᠎ᠳᠤ ᠮᠠᠩᠯᠠᠢ᠍ᠢ᠍ᠯᠠᠭᠰᠠᠨ ᠵᠶ᠋ᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠠᠵᠤ ᠠᠬᠤᠶ᠋ᠢᠯᠠᠯ᠎ᠢ 200 ᠲᠦᠮᠡᠨ ᠲᠥᠭᠦᠷᠢᠭ ᠵᠶ᠋ᠠᠷ ᠱᠠᠩᠨᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€44. ᠲᠡᠮᠦᠷ᠎ᠤᠨ ᠬᠠᠶ᠋ᠢᠯᠤᠰᠢ ᠵᠢᠨ ᠠᠵᠤ ᠠᠬᠤᠶ᠋ᠢᠯᠠᠯ᠎ᠤᠨ ᠲᠡᠮᠦᠷᠯᠢᠭ ᠬᠠᠢ᠍ᠢ᠍ᠯᠤᠭᠤᠯᠬᠤ ᠴᠠᠬᠢᠯᠭ᠋ᠠᠨ ᠵᠣᠤᠬ᠎ᠠ ᠵᠢᠨ ᠨᠡᠭᠦᠷᠡᠰᠦᠨ ᠬᠡᠶ᠎ᠪᠠᠷ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠬᠦᠨ ᠦᠢ᠍ᠯᠡᠳᠬᠦ ᠵᠢ ᠳᠡᠮᠵᠢᠵᠦ᠂ ᠨᠡᠭᠦᠷᠡᠰᠦᠲᠥ᠋ᠷᠥᠭᠴᠢ ᠵᠢ ᠬᠤᠷᠢᠶᠠᠨ ᠴᠤᠭᠯᠠᠭᠤᠯᠬᠤ᠂ ᠠᠰᠢᠬᠯᠠᠬᠤ᠂ ᠪᠢᠲᠡᠭᠦᠮᠵᠢᠯᠡᠨ ᠬᠠᠳᠠᠭ᠋ᠠᠯᠠᠬᠤ ᠲᠠᠯ᠎ᠠ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠳᠡᠮᠵᠢᠨ᠎ᠡ᠃ ᠲᠡᠮᠦᠷᠯᠢᠭ ᠬᠠᠢ᠍ᠢ᠍ᠯᠤᠭᠤᠯᠬᠤ ᠴᠠᠬᠢᠯᠭ᠋ᠠᠨ ᠵᠣᠤᠬ᠎ᠠ ᠵᠢᠨ ᠨᠡᠭᠦᠷᠡᠰᠦᠨ ᠬᠡᠶ᠎ᠳᠠᠬᠢ ᠠᠰᠢᠭᠲᠤ ᠬᠡᠶ ᠪᠡᠶᠡᠲᠦ ᠵᠢᠨ ᠪᠦᠷᠢᠯᠳᠦᠬᠦᠨ᠎ᠢ ᠵᠦᠶ ᠵᠣᠬᠢᠰᠲᠠᠶ ᠠᠰᠢᠬᠯᠠᠨ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠦᠯᠦ ᠭᠠᠳᠠᠭᠰᠢᠯᠠᠭᠤᠯᠬᠤ᠎ᠳᠤ ᠬᠦᠷᠦᠭᠰᠡᠨ ᠵᠡᠷᠭᠡ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠬᠯᠠᠬᠤ ᠵᠢ ᠠᠵᠤ ᠦᠢ᠍ᠯᠡᠰᠵᠢᠭᠦᠯᠬᠦ ᠲᠥᠷᠥᠯ ᠵᠦᠢ᠍ᠯ᠎ᠳᠤ᠂ ᠪᠣᠷᠣᠯᠠᠭᠤᠯᠭ᠎ᠠ ᠵᠢᠨ ᠣᠷᠣᠯᠭ᠎ᠠ᠎ᠲᠠᠢ ᠪᠣᠯᠣᠭᠰᠠᠨ ᠵᠢᠯ᠎ᠠᠴᠠ ᠡᠬᠢᠯᠡᠨ᠂ 5 ᠵᠢᠯ᠎ᠤᠨ ᠳᠣᠲᠣᠷ᠎ᠠ ᠪᠣᠷᠣᠯᠠᠭᠤᠯᠭ᠎ᠠ ᠵᠢᠨ ᠣᠷᠣᠯᠭ᠎ᠠ ᠵᠢᠨ 5%᠎ᠪᠠᠷ ᠱᠠᠩᠨᠠᠯ ᠨᠦᠬᠦᠪᠦᠷᠢ ᠣᠯᠭᠤᠵᠣ᠂ ᠵᠢᠯ ᠪᠦᠷᠢ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ ᠵᠶ᠋ᠠᠷ ᠱᠠᠩᠨᠠᠨ ᠨᠥᠬᠦᠪᠥᠷᠢᠯᠡᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€45. ᠵᠠᠷᠯᠠᠯ ᠨᠡᠢ᠍ᠢ᠍ᠲᠡᠯᠡᠵᠦ ᠬᠤᠰᠢᠭᠤᠷᠠᠨ ᠠᠵᠢᠯᠯᠠᠭᠤᠯᠬᠤ᠂ ᠥᠷᠢᠰᠦᠯᠳᠦᠭᠦᠯᠦᠨ ᠰᠢᠯᠭ᠋ᠠᠷᠠᠭᠤᠯᠬᠤ ᠲᠦᠷᠢᠮ ᠵᠡᠷᠭᠡ á  á ·á ­á Žá   ᠮᠠᠶᠢᠭ᠎ᠢ ᠠᠪᠴᠤ᠂ ᠲᠡᠮᠦᠷ᠎ᠤᠨ ᠬᠠᠶ᠋ᠢᠯᠤᠰᠢ ᠵᠢᠨ ᠠᠵᠤ ᠠᠬᠤᠶ᠋ᠢᠯᠠᠯ᠎ᠤᠨ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠵᠡᠷᠭᠡ᠎ᠲᠠᠢ ᠬᠤᠯᠪᠣᠭ᠋ᠠᠯᠠᠨ ᠮᠡᠷᠭᠡᠵᠢᠯ᠎ᠤᠨ ᠲᠠᠯ᠎ᠠ᠎ᠪᠠᠷ ᠰᠢᠪᠲᠤᠯᠤᠯᠲᠠ ᠭᠠᠷᠭ᠋ᠠᠬᠤ ᠵᠢ ᠳᠡᠮᠵᠢᠨ᠎ᠡ᠃ ᠤᠰᠤᠲᠥ᠋ᠷᠥᠭᠴᠢ᠎ᠪᠠᠷ ᠲᠡᠮᠦᠷᠯᠢᠭ ᠪᠣᠯᠪᠠᠰᠤᠷᠠᠭᠤᠯᠬᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠵᠶ᠋ᠠᠷ ᠠᠷᠭᠤᠨ ᠬᠡᠢ ᠵᠢ ᠣᠷᠤᠯᠠᠭᠤᠯᠤᠨ ᠲᠡᠮᠦᠷᠯᠢᠭ ᠪᠣᠯᠪᠠᠰᠤᠷᠠᠭᠤᠯᠬᠤ᠂ ᠲᠣᠭᠲᠠᠮᠠᠯ ᠭᠥᠶᠥᠳᠡᠯᠳᠦ ᠵᠤᠤᠬ᠎ᠠ ᠵᠡᠷᠭᠡ ᠰᠢᠨ᠎ᠡ ᠮᠡᠷᠭᠡᠵᠢᠯ᠂ ᠰᠢᠨ᠎ᠡ ᠲᠤᠨᠤᠭ ᠲᠥᠬᠦᠭᠡᠷᠦᠮᠵᠢ ᠵᠢ ᠬᠡᠷᠡᠭᠯᠡᠭᠰᠡᠨ ᠲᠡᠮᠦᠷ᠎ᠤᠨ ᠬᠠᠶ᠋ᠢᠯᠤᠰᠢ ᠵᠢᠨ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠲᠦᠷᠦᠯ ᠵᠦᠢ᠍ᠯ᠎ᠳᠤ ᠦᠢ᠍ᠯᠡᠳᠪᠦᠷᠢᠯᠡᠬᠦ ᠴᠢᠳᠠᠪᠤᠷᠢ ᠵᠢ ᠰᠣᠯᠢᠬᠤ ᠦᠭᠡᠢ ᠪᠠᠶ᠋ᠢᠵᠤ ᠪᠣᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€46. 《ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ ᠵᠢᠨ ᠭᠠᠷᠴᠠᠭ》᠎ᠢ ᠳᠡᠮᠵᠢᠬᠦ ᠲᠥᠯᠥᠪᠯᠡᠭᠡ᠎ᠳᠤ ᠣᠷᠣᠭᠤᠯᠤᠨ᠎ᠠ᠃ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠠᠵᠤ ᠦᠢ᠍ᠯᠡᠰᠵᠢᠭᠦᠯᠦᠨ ᠬᠡᠷᠡᠭᠯᠡᠬᠦ ᠵᠢ ᠳᠡᠮᠵᠢᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠮᠡᠷᠭᠡᠵᠢᠯ᠎ᠢ ᠠᠵᠤ ᠦᠢ᠍ᠯᠡᠰᠵᠢᠭᠦᠯᠦᠨ ᠬᠡᠷᠡᠭᠯᠡᠬᠦ ᠵᠢᠨ ᠵᠢᠯᠣᠭᠤᠳᠬᠤ ᠭᠠᠷᠴᠠᠭ》᠎ᠲᠤ ᠵᠢᠭᠰᠠᠭ᠋ᠠᠨ ᠣᠷᠣᠭᠤᠯᠤᠭᠰᠠᠨ ᠴᠢᠬᠤᠯᠠ á ¶á ¡á ­á ¡ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠥᠪᠡᠷᠲᠡᠭᠡᠨ ᠵᠠᠰᠠᠬᠤ ᠣᠷᠣᠨ᠎ᠳᠤ ᠤᠯᠠᠷᠢᠭᠤᠯᠤᠨ ᠬᠡᠷᠡᠭᠯᠡᠬᠦ ᠵᠢ ᠪᠡᠶᠡᠯᠡᠭᠦᠯᠦᠭᠰᠡᠨ ᠲᠥᠷᠥᠯ ᠵᠦᠢ᠍ᠯ᠎ᠳᠤ᠂ ᠪᠣᠳᠠᠲᠠᠶ ᠪᠡᠶᠡᠯᠡᠭᠦᠯᠦᠭᠰᠡᠨ ᠪᠠᠯᠠ ᠣᠷᠣᠭᠤᠯᠤᠯᠲᠠ ᠵᠢᠨ ᠲᠣᠭ᠋ᠠᠨ᠎ᠤ 20%᠎ᠪᠠᠷ ᠨᠢᠭᠡ ᠯᠡ ᠤᠳᠠᠭ᠎ᠠ ᠵᠢᠨ ᠴᠢᠨᠠᠷᠲᠠᠶ ᠱᠠᠩᠨᠠᠯ ᠨᠥᠬᠦᠪᠥᠷᠢ ᠣᠯᠭᠤᠵᠤ᠂ ᠲᠠᠩ á ­á  á ­á ´á   ᠲᠥᠷᠥᠯ ᠵᠦᠢ᠍ᠯ᠎ᠳᠤ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ᠎ᠠᠴᠠ ᠳᠠᠪᠠᠭᠤᠯᠬᠤ ᠥᠬᠡᠶ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€47. ᠥᠪᠡᠷᠲᠡᠭᠡᠨ ᠵᠠᠰᠠᠬᠤ ᠣᠷᠣᠨ᠎ᠠᠴᠠ ᠮᠠᠭ᠋ᠠᠳᠯᠠᠨ ᠲᠣᠭᠲᠠᠭ᠋ᠠᠭᠰᠠᠨ ᠰᠢᠨ᠎ᠡ ᠵᠢ ᠡᠭᠦᠳᠬᠦ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠂ 《ᠲᠤᠰᠬᠠᠢ ᠨᠠᠷᠢᠯᠢᠬ ᠥᠪᠡᠷᠮᠢᠴᠡ ᠰᠢᠨ᠎ᠡ》 ᠳᠤᠮᠳᠠ ᠵᠢᠵᠢᠭ ᠠᠵᠤ ᠠᠬᠤᠶ᠋ᠢᠯᠠᠯ ᠪᠠ 《ᠵᠢᠵᠢᠭ ᠪᠤᠯᠪᠠᠴᠤ ᠠᠪᠤᠷᠭᠤ》 ᠠᠵᠤ ᠠᠬᠤᠶ᠋ᠢᠯᠠᠯ᠎ᠳᠤ ᠲᠣᠰ ᠲᠣᠰ 20 ᠲᠦᠮᠡᠨ ᠲᠥᠭᠦᠷᠢᠭ᠂ 50 ᠲᠦᠮᠡᠨ ᠲᠥᠭᠦᠷᠢᠭ᠂ 100 ᠲᠦᠮᠡᠨ ᠲᠥᠭᠦᠷᠢᠭ᠎ᠤᠨ ᠨᠢᠭᠡ ᠯᠡ ᠤᠳᠠᠭ᠎ᠠ ᠵᠢᠨ ᠴᠢᠨᠠᠷᠲᠠᠶ ᠱᠠᠩᠨᠠᠯ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€48. ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠢ ᠱᠠᠲᠤᠯᠠᠨ ᠪᠤᠶ᠋ᠢᠵᠢᠭᠤᠯᠬᠤ ᠲᠣᠭᠲᠠᠴᠠ ᠵᠢ ᠪᠠᠶ᠋ᠢᠭᠤᠯᠵᠤ᠂ ᠠᠩᠬ᠎ᠠ ᠤᠳᠠᠭ᠎ᠠ ᠮᠠᠭ᠋ᠠᠳᠯᠠᠭᠳᠠᠨ ᠲᠣᠭᠲᠠᠭ᠋ᠠᠭᠳᠠᠭᠰᠠᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠳᠤ ᠨᠢᠭᠡ ᠯᠡ ᠤᠳᠠᠭ᠎ᠠ᠎ᠳᠤ 30 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠣᠯᠭᠤᠵᠤ᠂ ᠠᠩᠬ᠎ᠠ ᠤᠳᠠᠭ᠎ᠠ ᠮᠠᠭ᠋ᠠᠳᠯᠠᠭᠳᠠᠨ ᠲᠣᠭᠲᠠᠭ᠋ᠠᠭᠳᠠᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠳᠤ 300 ᠲᠦᠮᠡᠨ ᠲᠥᠭᠦᠷᠢᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥᠯ ᠵᠦᠢ᠍ᠯ᠎ᠤᠨ ᠳᠡᠮᠵᠢᠯᠭᠡ ᠣᠯᠭᠤᠨ᠎ᠠ᠃ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯᠯᠠᠭ᠋ᠠᠨ᠎ᠢ ᠬᠡᠷᠡᠭᠵᠢᠭᠦᠯᠵᠦ᠂ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠤᠨ ᠥᠷᠲᠡᠭᠡ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠂ ᠮᠡᠷᠭᠡᠵᠢᠯ᠎ᠤᠨ ᠵᠠᠭᠤᠴᠢᠯᠠᠭᠴᠢ ᠵᠡᠷᠭᠡ ᠵᠢ ᠬᠥᠲᠥᠯᠦᠨ ᠵᠢᠯᠣᠭᠤᠳᠴᠤ ᠪᠠᠶ᠋ᠢᠭ᠋ᠠᠳ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠣᠨᠣᠴᠠᠲᠠᠢ ᠦᠢ᠍ᠯᠡᠴᠢᠯᠡᠭᠡ ᠬᠠᠩᠭ᠋ᠠᠯᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€49. 《ᠲᠤᠰᠬᠠᠢ ᠨᠠᠷᠢᠯᠢᠭ ᠥᠪᠡᠷᠮᠢᠴᠡ ᠰᠢᠨ᠎ᠡ》 ᠳᠤᠮᠳᠠ ᠵᠢᠵᠢᠭ ᠠᠵᠤ ᠠᠬᠤᠶ᠋ᠢᠯᠠᠯ ᠪᠠ ᠦᠢ᠍ᠯᠡᠳᠬᠦ ᠦᠢ᠍ᠯᠡᠰ᠎ᠤᠨ ᠳᠠᠩ á ­á  á ­á ´á   ᠵᠦᠢ᠍ᠯ᠎ᠳᠤ ᠰᠢᠯᠭ᠋ᠠᠷᠠᠭᠰᠠᠨ ᠮᠠᠩᠯᠠᠶ ᠠᠵᠤ ᠠᠬᠤᠶ᠋ᠢᠯᠠᠯ᠎ᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠵᠢ᠎ᠨᠢ ᠳᠡᠮᠵᠢᠵᠦ᠂ ᠮᠡᠷᠭᠡᠵᠢᠯ᠎ᠳᠤ ᠰᠢᠨ᠎ᠡ ᠵᠢ ᠡᠭᠦᠳᠬᠦ᠂ ᠲᠤᠰᠬᠠᠶ ᠠᠰᠢᠭ᠎ᠤᠨ ᠡᠭᠦᠳᠦᠯᠲᠡ᠂ ᠦᠷ᠎ᠡ ᠪᠦᠲᠦᠭᠡᠯ᠎ᠢ ᠤᠯᠠᠷᠢᠭᠤᠯᠬᠤ᠂ ᠮᠡᠷᠭᠡᠵᠢᠯ ᠳᠡᠯᠭᠡᠷᠡᠭᠦᠯᠬᠦ᠂ ᠪᠠᠷᠢᠮᠵᠢᠶ᠎ᠠ ᠲᠣᠭᠲᠠᠭ᠋ᠠᠬᠤ ᠵᠡᠷᠭᠡ ᠲᠠᠯ᠎ᠠ᠎ᠪᠠᠷ ᠣᠯᠤᠭᠰᠠᠨ ᠠᠵᠢᠯ᠎ᠤᠨ ᠠᠮᠵᠢᠯᠲᠠ ᠪᠦᠲᠦᠮᠵᠢ᠂ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠲᠡᠳᠡᠨ᠎ᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠵᠢᠨ ᠴᠢᠬᠤᠯᠠ ᠯᠠᠪᠯᠠᠯᠲᠠ ᠪᠣᠯᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ)
   ã€€50. ᠳᠤᠮᠳᠠ ᠵᠢᠵᠢᠭ ᠠᠵᠤ ᠠᠬᠤᠶ᠋ᠢᠯᠠᠯ᠎ᠤᠨ ᠣᠨᠴᠠᠯᠢᠠᠠᠳᠦ ᠠᠵᠤ ᠦᠢ᠍ᠯᠡᠰ᠎ᠤᠨ ᠪᠦᠯᠦᠭᠵᠢᠯ᠎ᠢ ᠪᠤᠶ᠋ᠢᠵᠢᠭᠤᠯᠵᠤ᠂ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠣᠨᠴᠠᠯᠢᠠᠠᠳᠦ ᠠᠵᠤ ᠦᠢ᠍ᠯᠡᠰ᠎ᠤᠨ ᠪᠦᠯᠦᠭᠵᠢᠯ ᠪᠠ ᠤᠯᠤᠰ᠎ᠤᠨ ᠲᠠᠰ᠎ᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠣᠨᠴᠠᠯᠢᠠᠠᠳᠦ ᠠᠵᠤ ᠦᠢ᠍ᠯᠡᠰ᠎ᠤᠨ ᠪᠦᠯᠦᠭᠵᠢᠯ᠎ᠳᠤ ᠲᠣᠰ ᠲᠣᠰ 300 ᠲᠦᠮᠡᠨ ᠲᠥᠭᠦᠷᠢᠭ᠂ 500 ᠲᠦᠮᠡᠨ ᠲᠥᠭᠦᠷᠢᠭ᠎ᠤᠨ ᠨᠢᠭᠡ ᠯᠡ ᠤᠳᠠᠭ᠎ᠠ ᠵᠢᠨ ᠴᠢᠨᠠᠷᠲᠠᠶ ᠪᠠᠯᠠ ᠮᠦᠩᠭᠦ ᠵᠢᠨ ᠱᠠᠩᠨᠠᠯ ᠨᠦᠬᠦᠪᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€ ᠭᠤᠷᠪᠠ᠂ ᠦᠢ᠍ᠯᠡᠴᠢᠯᠡᠭᠡᠨ᠎ᠤ ᠦᠢ᠍ᠯᠡᠰ᠎ᠤᠨ á ¶á  á °á ¤ ᠴᠢᠨᠠᠷ ᠪᠠ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠵᠢ᠎ᠨᠢ ᠠᠬᠢᠭᠤᠯᠤᠨ᠎ᠠ
   ã€€ï¼ˆá ¨á ¢á ­á ¡ï¼‰ ᠰᠢᠨ᠎ᠡ᠎ᠪᠠᠷ ᠪᠣᠶ ᠪᠣᠯᠤᠭᠰᠠᠨ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠬᠡᠨ ᠪᠤᠶ᠋ᠢᠵᠢᠭᠤᠯᠤᠨ᠎ᠠ᠃
       51. ᠮᠡᠷᠭᠡᠵᠢᠯ᠎ᠤᠨ ᠵᠠᠭᠤᠴᠢᠯᠠᠬᠤ ᠦᠢ᠍ᠯᠡᠴᠢᠯᠡᠭᠡᠨ᠎ᠤ ᠠᠵᠢᠯ ᠲᠥᠷᠥᠯ᠎ᠤᠨ ᠬᠥᠭᠵᠢᠯᠲᠡ᠎ᠪᠠᠨ ᠲᠦᠷᠭᠡᠳᠬᠡᠬᠦ ᠵᠢ ᠳᠡᠮᠵᠢᠵᠦ᠂ ᠰᠢᠨ᠎ᠡ᠎ᠪᠠᠷ ᠵᠥᠪᠰᠢᠶᠡᠷᠡᠭᠳᠡᠭᠰᠡᠨ᠎ᠤ ᠳᠠᠷᠠᠭ᠋ᠠᠬᠢ ᠤᠯᠤᠰ᠎ᠤᠨ ᠲᠠᠰ᠎ᠤᠨ ᠮᠡᠷᠭᠡᠵᠢᠯ᠎ᠤᠨ ᠰᠢᠯᠵᠢᠯᠲᠠ ᠵᠢᠨ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ᠎ᠲᠤ ᠨᠢᠭᠡ ᠯᠡ ᠤᠳᠠᠭ᠎ᠠ᠎ᠳᠤ 100 ᠲᠦᠮᠡᠨ ᠲᠥᠭᠦᠷᠢᠭ᠎ᠤᠨ ᠬᠤᠵᠢᠭᠤ ᠨᠥᠬᠦᠪᠥᠷᠢ ᠵᠢᠨ ᠳᠡᠮᠵᠢᠯᠭᠡ ᠣᠯᠭᠤᠵᠤ᠂ ᠮᠡᠷᠭᠡᠵᠢᠯ᠎ᠤᠨ ᠵᠠᠭᠤᠴᠢᠯᠠᠭᠴᠢ (ᠳᠠᠭ᠋ᠠᠭ᠋ᠠᠮᠠᠯ) ᠵᠢᠨ ᠣᠨ᠎ᠤ ᠳᠣᠲᠣᠷᠠᠬᠢ ᠮᠡᠷᠭᠡᠵᠢᠯ᠎ᠤᠨ ᠰᠢᠯᠵᠢᠯᠲᠡ ᠤᠯᠠᠷᠢᠭᠤᠯᠤᠯᠲᠠ ᠵᠢ ᠠᠬᠢᠭᠤᠯᠤᠨ ᠠᠷᠠᠯᠵᠢᠶᠠᠯᠠᠭᠰᠠᠨ ᠵᠤᠭᠤᠰᠤᠨ ᠲᠤᠭ᠎ᠠ᠎ᠨᠢ ᠨᠡᠶ᠋ᠢᠲᠡ 100 ᠲᠦᠮᠡᠨ ᠲᠥᠭᠦᠷᠢᠭ᠎ᠢ ᠳᠠᠪᠠᠭᠰᠠᠨ ᠪᠠᠶ᠋ᠢᠪᠠᠯ᠂ ᠮᠡᠷᠭᠡᠵᠢᠯ᠎ᠤᠨ ᠠᠷᠠᠯᠵᠢᠶᠠᠨ᠎ᠤ á ­á ¡á ·á Žá ¡ ᠵᠢᠨ ᠪᠣᠳᠠᠲᠠᠶ ᠠᠷᠠᠯᠵᠢᠶᠠᠯᠠᠭᠰᠠᠨ ᠲᠣᠭ᠋ᠠᠨ᠎ᠤ 2% ᠵᠶ᠋ᠠᠷ ᠬᠠᠮᠤᠭ᠎ᠤᠨ ᠢᠯᠡᠭᠦᠦ᠎ᠳᠤ᠎ᠪᠠᠨ 20 ᠲᠦᠮᠡᠨ ᠲᠥᠭᠦᠷᠢᠭ᠎ᠤᠨ ᠱᠠᠩᠨᠠᠯ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€52. ᠠᠩᠬᠠᠨ᠎ᠤ ᠬᠡᠪᠯᠡᠯ᠎ᠤᠨ ᠳ᠋ᠤᠭ᠋ᠠᠷ᠎ᠤᠨ ᠰᠣᠹᠲ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢ ᠣᠯᠬᠤ ᠪᠤᠶᠤ ᠦᠨᠡᠮᠯᠡᠯ ᠭᠠᠷᠳᠠᠬᠤ᠎ᠪᠠᠷ ᠲᠣᠭᠲᠠᠭᠰᠠᠨ ᠬᠤᠭᠤᠴᠠᠭ᠋ᠠᠨ᠎ᠳᠤ ᠭᠤᠶᠤᠴᠢᠯᠠᠬᠤ ᠬᠦᠷᠲᠡᠯᠡᠬᠢ ᠪᠣᠳᠠᠲᠠᠶ ᠪᠣᠷᠣᠯᠠᠭᠤᠯᠤᠭᠰᠠᠨ ᠶᠡᠷᠦᠩᠬᠡᠶ ᠲᠣᠭ᠋ᠠᠨ᠎ᠤ 20%᠎ᠪᠠᠷ ᠨᠥᠬᠦᠪᠥᠷᠢ ᠣᠯᠭᠤᠵᠤ᠂ á ­á  á ­á ´á   ᠠᠵᠤ ᠠᠬᠤᠶ᠋ᠢᠯᠠᠯ᠎ᠤᠨ ᠨᠥᠬᠦᠪᠥᠷᠢ ᠮᠥᠩᠭᠦ ᠵᠢᠨ ᠲᠤᠭ᠎ᠠ ᠵᠢ ᠬᠠᠮᠤᠭ᠎ᠤᠨ ᠢᠯᠡᠭᠦᠦ᠎ᠳᠤ᠎ᠪᠠᠨ 300 ᠲᠦᠮᠡᠨ ᠲᠥᠭᠦᠷᠢᠭ᠎ᠠᠴᠠ ᠳᠠᠪᠠᠭᠤᠯᠬᠤ ᠥᠬᠡᠶ᠃ ᠠᠵᠤ ᠠᠬᠤᠶ᠋ᠢᠯᠠᠯ᠎ᠤᠨ ᠰᠢᠨ᠎ᠡ᠎ᠪᠠᠷ ᠨᠡᠭᠡᠭᠡᠨ ᠬᠥᠭᠵᠢᠭᠦᠯᠦᠭᠰᠡᠨ ᠠᠵᠤ ᠦᠢ᠍ᠯᠡᠳᠪᠦᠷᠢ ᠵᠢᠨ ᠰᠣᠹᠲ (ᠠᠵᠤ ᠦᠢ᠍ᠯᠡᠳᠪᠦᠷᠢ ᠵᠢᠨ APP)᠎ᠳᠤ ᠲᠣᠰ ᠦᠢ᠍ᠯᠡᠳᠬᠦᠨ᠎ᠢ ᠰᠤᠳᠤᠯᠤᠨ ᠨᠡᠭᠡᠭᠡᠬᠦ᠎ᠳᠤ ᠪᠣᠳᠠᠲᠠᠶ ᠣᠷᠣᠭᠤᠯᠤᠭᠰᠠᠨ ᠵᠤᠭᠤᠰᠤᠨ ᠲᠤᠭ᠎ᠠ ᠵᠢᠨ 20%᠎ᠪᠠᠷ ᠨᠥᠬᠦᠪᠥᠷᠢ ᠣᠯᠭᠤᠵᠤ᠂ á ­á  á ­á ´á   ᠠᠵᠤ ᠠᠬᠤᠶ᠋ᠢᠯᠠᠯ᠎ᠳᠤ ᠬᠠᠮᠤᠭ᠎ᠤᠨ ᠢᠯᠡᠭᠦᠦ᠎ᠳᠤ᠎ᠪᠠᠨ 300 ᠲᠦᠮᠡᠨ ᠲᠥᠭᠦᠷᠢᠭ᠎ᠠᠴᠠ ᠳᠠᠪᠠᠭᠤᠯᠬᠤ ᠥᠬᠡᠶ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ)
   ã€€53. ᠲᠤᠰᠬᠠᠶ ᠵᠦᠢ᠍ᠯ᠎ᠤᠨ ᠪᠠᠯᠠ ᠮᠥᠩᠭᠦ ᠲᠣᠬᠢᠷᠠᠭᠤᠯᠵᠤ ᠪᠠᠢ᠍ᠢ᠍ᠭ᠋ᠠᠳ ᠡᠯ᠎ᠡ ᠠᠶ᠋ᠢᠮᠠᠭ ᠬᠤᠲᠠ ᠵᠢᠨ᠎ᠬᠢᠨ᠎ᠤ 《ᠵᠢᠵᠢᠭ ᠪᠦᠭᠡᠳ ᠭᠤᠢ᠍ᠢ᠍ᠲᠠ ᠰᠠᠢ᠍ᠢ᠍ᠬᠠᠨ》 ᠰᠦᠯᠵᠢᠶᠡᠨ᠎ᠤ ᠨᠠᠷᠠᠲᠤ ᠲᠡᠮᠲᠡᠭ ᠪᠦᠢ᠍ᠵᠢᠭᠤᠯᠬᠤ ᠵᠢ᠎ᠨᠢ ᠳᠡᠮᠵᠢᠵᠦ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠠᠮᠲᠤ᠎ᠪᠠᠷ ᠭᠥᠷᠳᠡᠬᠦ ᠡᠭᠦᠯᠡᠨ ᠬᠥᠮᠥᠷᠭᠡ ᠵᠢ ᠬᠥᠭᠵᠢᠭᠦᠯᠦᠨ᠂ ᠳᠠᠪᠠᠭᠤᠯᠢᠭ ᠠᠵᠤ ᠦᠢ᠍ᠯᠡᠰ᠂ ᠣᠨᠴᠠᠯᠢᠠᠠᠳᠣ ᠪᠦᠲᠦᠭᠡᠭᠳᠡᠭᠦᠨ᠎ᠢ ᠡᠯᠧᠺᠲᠷᠣᠨᠴᠢᠯᠠᠨ ᠦᠭᠡᠷᠡᠴᠢᠯᠡᠨ ᠰᠢᠨᠡᠳᠭᠡᠬᠦ ᠠᠵᠢᠯ᠎ᠢ ᠦᠷᠨᠢᠭᠦᠯᠵᠦ᠂ ᠰᠦᠯᠵᠢᠶᠡᠨ ᠳᠡᠭᠡᠷᠡᠬᠢ ᠭᠤᠤᠯ ᠰᠡᠳᠦᠪᠲᠦ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢ ᠥᠷᠨᠢᠭᠦᠯᠦᠨ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠥᠪᠯᠡᠷᠡᠭᠰᠡᠨ ᠣᠷᠣᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ)
   ã€€ï¼ˆá ¬á ¤á ¶á  á ·ï¼‰ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠬᠡᠨ ᠬᠥᠭᠵᠢᠭᠦᠯᠦᠨ᠎ᠡ᠃
   ã€€54. ᠲᠣᠣᠷ ᠰᠦᠯᠵᠢᠶᠡᠨ᠎ᠤ ᠪᠠᠷᠠᠭ᠎ᠠ ᠲᠡᠭᠡᠭᠡᠪᠦᠷᠢᠯᠡᠬᠦ ᠠᠵᠤ ᠦᠢ᠍ᠯᠡᠰ᠎ᠤᠨ ᠲᠤᠷᠰᠢᠯᠲᠠ ᠵᠢᠨ ᠴᠡᠭ᠎ᠤᠨ ᠨᠥᠬᠦᠪᠥᠷᠢ ᠵᠢᠨ ᠪᠠᠯᠠ ᠮᠥᠩᠭᠦ ᠵᠢ ᠬᠡᠷᠡᠭᠯᠡᠨ᠂ ᠬᠥᠬᠡᠬᠤᠲᠠ᠂ ᠪᠤᠭᠤᠲᠤ ᠬᠤᠲᠠ᠂ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ᠂ ᠤᠯᠠᠭ᠋ᠠᠨᠴᠠᠪ ᠬᠤᠲᠠ᠂ ᠣᠷᠳᠣᠰ ᠬᠤᠲᠠ᠂ ᠦᠬᠠᠶ ᠬᠤᠲᠠ᠂ ᠡᠷᠢᠶᠡᠨ ᠬᠤᠲᠠ ᠵᠢᠨ ᠲᠣᠣᠷ ᠰᠦᠯᠵᠢᠶᠡᠨ᠎ᠤ ᠪᠠᠷᠠᠭ᠎ᠠ ᠲᠡᠭᠡᠭᠡᠪᠦᠷᠢᠯᠡᠬᠦ ᠠᠵᠤ ᠦᠢ᠍ᠯᠡᠰ᠎ᠤᠨ ᠲᠤᠷᠰᠢᠯᠲᠠ ᠥᠷᠨᠢᠭᠦᠯᠬᠦ ᠵᠢ᠎ᠨᠢ ᠦᠷᠭᠦᠯᠵᠢᠯᠡᠨ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ)
   ã€€55. ᠲᠠᠷᠢᠶᠠᠯᠠᠬᠤ ᠮᠠᠯᠵᠢᠬᠤ ᠣᠷᠣᠨ᠎ᠤ ᠠᠶᠠᠨᠴᠢᠳ᠎ᠤᠨ ᠲᠡᠭᠡᠭᠡᠪᠦᠷᠢ ᠪᠠᠷᠠᠭ᠋ᠠᠨ᠎ᠤ ᠲᠡᠭᠡᠭᠡᠪᠦᠷᠢ ᠰᠢᠦᠳᠠᠨ᠎ᠤ ᠲᠦᠷᠭᠡᠨ ᠬᠦᠷᠭᠡᠯᠲᠡ ᠵᠢᠨ ᠠᠭᠤᠰᠤᠯᠴᠠᠨ ᠬᠥᠭᠵᠢᠬᠦ ᠵᠢ ᠵᠣᠷᠢᠬ᠍ᠵᠢᠭᠤᠯᠵᠤ᠂ ᠤᠯᠤᠰ᠎ᠤᠨ ᠬᠤᠲᠠ ᠬᠥᠳᠡᠭᠡ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢ ᠨᠢᠭᠡ ᠴᠤᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ ᠰᠢᠶᠠᠨ᠎ᠳᠤ 300 ᠲᠦᠮᠡᠨ ᠲᠥᠭᠦᠷᠢᠭ᠎ᠤᠨ ᠪᠡᠯᠡ ᠣᠷᠣᠭᠤᠯᠤᠯᠲᠠ ᠵᠢᠨ ᠨᠥᠬᠦᠪᠥᠷᠢ ᠣᠯᠭᠤᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠬᠤᠲᠠ ᠬᠥᠳᠡᠭᠡ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢ ᠨᠢᠭᠡ ᠴᠣᠠᠠᠴᠠᠵᠢᠭᠤᠯᠥᠠᠠᠰᠠᠨ ᠵᠢᠱ᠌ᠢᠶ᠎ᠡ ᠦᠵᠡᠭᠦᠯᠬᠦ ᠰᠢᠶᠠᠨ᠎ᠳᠤ 200 ᠲᠦᠮᠡᠨ ᠲᠥᠭᠦᠷᠢᠭ᠎ᠤᠨ ᠪᠠᠯᠠ ᠣᠷᠣᠭᠤᠯᠤᠯᠲᠠ ᠵᠢᠨ ᠨᠥᠬᠦᠪᠥᠷᠢ ᠣᠯᠭᠤᠵᠤ᠂ ᠲᠠᠷᠢᠶᠠᠯᠠᠬᠤ ᠮᠠᠯᠵᠢᠬᠤ ᠣᠷᠣᠨ᠎ᠤ ᠠᠶᠠᠨᠴᠢᠳ᠎ᠤᠨ ᠲᠡᠭᠡᠭᠡᠪᠦᠷᠢ ᠵᠢᠨ ᠴᠢᠳᠠᠮᠵᠢ ᠵᠢ ᠡᠭᠦᠷᠭᠡᠯᠡᠭᠰᠡᠨ ᠬᠤᠰᠢᠭᠤ ᠰᠢᠶᠠᠨ (ᠬᠤᠲᠠ᠂ ᠲᠣᠭᠤᠷᠢᠭ)᠎ᠤ ᠠᠶᠠᠨᠴᠢᠳ᠎ᠤᠨ ᠲᠡᠭᠡᠭᠡᠪᠦᠷᠢ ᠵᠢᠨ ᠥᠷᠲᠡᠭᠡ᠎ᠳᠤ ᠣᠨ᠎ᠤ ᠡᠵᠡᠩᠨᠡᠯᠲᠡ ᠵᠢᠨ ᠨᠡᠮᠡᠭᠦᠷᠢ 20 ᠲᠦᠮᠡᠨ ᠲᠥᠭᠦᠷᠢᠭ ᠣᠯᠭᠤᠵᠤ᠂ ᠡᠵᠡᠩᠨᠡᠯᠲᠡ᠎ᠳᠤ ᠣᠷᠣᠭᠤᠯᠤᠭᠰᠠᠨ ᠰᠤᠮᠤ ᠰᠢᠶᠠᠩ ᠪᠠᠯᠭ᠋ᠠᠰᠤ ᠵᠢᠨ ᠠᠶᠠᠨᠴᠢᠳ᠎ᠤᠨ ᠲᠡᠭᠡᠭᠡᠪᠦᠷᠢ ᠵᠢᠨ ᠥᠷᠲᠡᠭᠡ᠎ᠳᠤ ᠣᠨ᠎ᠤ ᠡᠵᠡᠩᠨᠡᠯᠲᠡ ᠵᠢᠨ ᠨᠡᠮᠡᠭᠦᠷᠢ 3 ᠲᠦᠮᠡᠨ ᠲᠥᠭᠦᠷᠢᠭ ᠣᠯᠭᠤᠵᠤ᠂ ᠲᠠᠷᠢᠶᠠᠴᠢᠨ ᠮᠠᠯᠴᠢᠳ᠎ᠤᠨ ᠶᠠᠪᠤᠵᠤ ᠰᠠᠭᠤᠬᠤ ᠬᠡᠷᠡᠭᠯᠡᠭᠡᠨ᠎ᠤ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ)
   ã€€56. ᠰᠢᠨ᠎ᠡ᠎ᠪᠠᠷ ᠨᠡᠷᠡᠶ᠋ᠢᠳᠦᠭᠰᠡᠨ ᠪᠥᠬᠦ ᠤᠯᠤᠰ᠎ᠤᠨ 《ᠬᠥᠳᠡᠭᠡ ᠲᠣᠰᠬᠤᠨ᠎ᠤ ᠳᠥᠷᠪᠡᠨ ᠰᠠᠢ᠍ᠢ᠍ᠲᠠᠢ ᠵᠠᠮ》᠎ᠤᠨ ᠵᠢᠱ᠌ᠢᠶ᠎ᠡ ᠦᠵᠡᠭᠦᠯᠬᠦ ᠰᠢᠶᠠᠨ᠎ᠳᠤ ᠨᠢᠭᠡ ᠯᠡ ᠤᠳᠠᠭ᠎ᠠ᠎ᠳᠤ 1000 ᠲᠦᠮᠡᠨ ᠲᠥᠭᠦᠷᠢᠭ᠎ᠤᠨ ᠤᠷᠮᠠᠰᠢᠭᠤᠯᠬᠤ ᠪᠠᠯᠠ ᠮᠥᠩᠭᠦ ᠣᠯᠭᠤᠨ᠎ᠠ; ᠰᠢᠨ᠎ᠡ᠎ᠪᠠᠷ ᠨᠡᠷᠡᠶ᠋ᠢᠳᠦᠭᠰᠡᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ 《ᠬᠥᠳᠡᠭᠡ ᠲᠣᠰᠬᠤᠨ᠎ᠤ ᠳᠥᠷᠪᠡᠨ ᠰᠠᠢ᠍ᠢ᠍ᠲᠠᠢ ᠵᠠᠮ》᠎ᠤᠨ ᠵᠢᠱ᠌ᠢᠶ᠎ᠡ ᠦᠵᠡᠭᠦᠯᠬᠦ ᠬᠤᠰᠢᠭᠤ ᠰᠢᠶᠠᠨ᠎ᠳᠤ ᠨᠢᠭᠡ ᠯᠡ ᠤᠳᠠᠭ᠎ᠠ᠎ᠳᠤ 500 ᠲᠦᠮᠡᠨ ᠲᠥᠭᠦᠷᠢᠭ᠎ᠤᠨ ᠤᠷᠮᠠᠰᠢᠭᠤᠯᠬᠤ ᠪᠠᠯᠠ ᠮᠥᠩᠭᠦ ᠣᠯᠭᠤᠨ᠎ᠠ᠃ ᠤᠷᠮᠠᠰᠢᠭᠤᠯᠬᠤ ᠪᠡᠯᠡ ᠮᠥᠩᠭᠦ ᠵᠢ ᠭᠤᠣᠯᠳᠠᠭᠤ ᠬᠥᠳᠡᠭᠡ ᠲᠣᠰᠬᠤᠨ᠎ᠤ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠪᠠ ᠠᠷᠠᠴᠢᠯᠠᠨ ᠬᠠᠮᠠᠭ᠋ᠠᠯᠠᠯᠲᠠ᠎ᠳᠤ ᠬᠡᠷᠡᠭᠯᠡᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥ᠋ᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ]
   ã€€57. ᠨᠡᠮᠡᠭᠦᠷᠢ ᠥᠭᠭᠦᠭᠰᠡᠨ᠎ᠤ ᠳᠠᠷᠠᠭ᠎ᠠ ᠣᠷᠣᠨ ᠪᠦᠰᠡ ᠵᠢᠨ ᠳᠣᠲᠣᠷᠠᠬᠢ ᠲᠤᠬᠠᠶ᠋ᠢᠯᠠᠭᠰᠠᠨ ᠠᠵᠢᠯ᠎ᠤᠨ ᠣᠯᠵᠤ ᠠᠯᠳᠠᠬᠤ ᠵᠢ ᠶᠡᠷᠦᠩᠬᠡᠶ᠎ᠳᠤ᠎ᠪᠠᠨ ᠲᠡᠩᠴᠡᠭᠦᠷᠢᠲᠡᠶ ᠪᠠᠶ᠋ᠢᠯᠭ᠋ᠠᠬᠤ ᠪᠠ ᠪᠡᠶ᠎ᠡ᠎ᠪᠠᠨ ᠳᠠᠭ᠋ᠠᠭ᠋ᠠᠵᠤ ᠦᠷᠭᠦᠯᠵᠢᠯᠡᠨ ᠡᠵᠡᠩᠨᠡᠵᠦ ᠪᠣᠯᠬᠤᠢ᠍ᠢ᠍ᠴᠠ ᠵᠡᠷᠭᠡ ᠵᠠᠷᠴᠢᠮ ᠶᠣᠰᠣᠭ᠋ᠠᠷ᠂ ᠲᠣᠰᠬᠤᠨ᠎ᠳᠤ ᠲᠦᠷᠭᠡᠨ ᠬᠦᠷᠭᠡᠯᠲᠡ ᠵᠢᠨ ᠬᠦᠷᠭᠡᠭᠰᠡᠨ ᠰᠢᠦᠳᠠᠨ ᠵᠦᠢ᠍ᠯ᠎ᠤᠨ ᠬᠡᠮᠵᠢᠶ᠎ᠡ᠂ á ­á  á ­á ´á   ᠵᠦᠢ᠍ᠯ᠎ᠤᠨ ᠥᠪᠡᠷ᠎ᠤᠨ ᠥᠷᠲᠡᠭ᠂ ᠬᠦᠷᠭᠡᠬᠦ ᠵᠠᠶ ᠪᠠ ᠦᠢ᠍ᠯᠡᠴᠢᠯᠡᠬᠦ ᠣᠷᠣᠨ ᠪᠦᠰᠡ ᠵᠡᠷᠭᠡ᠎ᠪᠠᠷ ᠦᠨᠳᠦᠰᠦᠯᠡᠯ ᠪᠣᠯᠭ᠋ᠠᠵᠤ᠂ ᠲᠦᠷᠭᠡᠨ ᠬᠦᠷᠭᠡᠯᠲᠡ ᠵᠢ ᠲᠣᠰᠬᠤᠨ᠎ᠳᠤ ᠣᠷᠣᠭᠤᠯᠬᠤ ᠲᠤᠬᠠᠶ᠋ᠢᠯᠠᠭᠰᠠᠨ ᠠᠵᠢᠯ᠎ᠤᠨ ᠪᠣᠳᠠᠲᠠᠶ ᠬᠠᠩᠭ᠋ᠠᠭᠰᠠᠨ ᠦᠢ᠍ᠯᠡᠴᠢᠯᠡᠭᠡ᠎ᠳᠤ᠂ ᠰᠢᠦᠳᠠᠨ ᠵᠦᠢ᠍ᠯ ᠪᠦᠷᠢ᠎ᠳᠤ 0.3 ᠲᠥᠭᠦᠷᠢᠭ᠎ᠠᠴᠠ ᠥᠯᠥ ᠳᠠᠪᠠᠭᠤᠯᠬᠤ ᠪᠠᠷᠢᠮᠵᠢᠶ᠎ᠠ ᠶᠣᠰᠣᠭ᠋ᠠᠷ᠂ ᠡᠯ᠎ᠡ ᠠᠶ᠋ᠢᠮᠠᠭ ᠬᠤᠲᠠ᠎ᠠᠴᠠ ᠵᠦᠷᠢᠶᠡᠵᠢᠬᠦᠯᠦᠭᠰᠡᠨ ᠬᠤᠵᠢᠭᠤ ᠨᠡᠮᠡᠭᠦᠷᠢ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠬᠡᠷᠡᠭᠵᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
   ã€€58. ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ ᠨᠡᠯᠢᠶᠡᠳ ᠪᠠᠭᠤᠷᠠᠶ᠂ ᠰᠤᠮᠤ ᠰᠢᠶᠠᠩ ᠪᠠᠯᠭ᠋ᠠᠰᠤ᠎ᠠᠴᠠ ᠨᠡᠯᠢᠶᠡᠳ ᠬᠤᠯᠠ ᠵᠠᠢ᠍ᠢ᠍ᠳᠠᠭᠤ ᠪᠦᠭᠡᠳ ᠪᠦᠢ᠍ᠲᠠ ᠪᠦᠭᠯᠡᠭᠦᠦ᠂ 《ᠲᠦᠷᠭᠡᠨ ᠬᠦᠷᠭᠡᠯᠲᠡ ᠵᠢ ᠲᠣᠰᠬᠤᠨ᠎ᠳᠤ ᠣᠷᠣᠭᠤᠯᠬᠤ》᠎ᠳᠤ ᠨᠡᠯᠢᠶᠡᠳ ᠬᠦᠴᠢᠷᠲᠡᠶ ᠪᠠᠢ᠍ᠢ᠍ᠭ᠎ᠠ ᠶᠠᠳᠠᠭᠤ᠎ᠠᠴᠠ ᠠᠩᠬᠢᠵᠢᠷᠠᠭᠰᠠᠨ ᠲᠣᠰᠬᠤᠨ ᠪᠠ ᠢᠯᠡᠭᠡᠨ ᠶᠠᠪᠤᠭᠤᠯᠬᠤ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠪᠣᠯᠪᠠᠴᠤ ᠦᠢ᠍ᠯᠡᠴᠢᠯᠡᠭᠡᠨ᠎ᠤ á ´á ¡á ­ ᠲᠣᠬᠢᠷᠠᠭᠤᠯᠤᠭ᠋ᠠᠳᠤᠢ ᠪᠠᠶ᠋ᠢᠭᠤᠯᠤᠯᠳᠤ ᠲᠣᠰᠬᠤᠨ᠎ᠳᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ ᠨᠡᠭᠡᠭᠡᠨ ᠬᠥᠭᠵᠢᠭᠦᠯᠬᠦ ᠪᠠ ᠬᠠᠮᠢᠶᠠᠷᠬᠤ ᠠᠷᠭ᠎ᠠ》 ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠲᠣᠰᠬᠤᠨ᠎ᠤ ᠳᠡᠰ᠎ᠤᠨ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ ᠳᠣᠭᠢᠷᠠᠭᠤᠯᠵᠤ᠂ ᠨᠥᠬᠦᠪᠥᠷᠢ ᠥᠭᠬᠦ ᠪᠠᠷᠢᠮᠵᠢᠶ᠎ᠠ᠎ᠨᠢ á °á  á ·á Žá   ᠪᠦᠷᠢ 500 ᠲᠥᠭᠦᠷᠢᠭ ᠪᠠᠢ᠍ᠢ᠍ᠵᠤ᠂ 2025 ᠣᠨ ᠪᠣᠯᠲᠠᠯ᠎ᠠ ᠨᠦᠬᠦᠪᠦᠷᠢᠯᠡᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠥᠪᠥᠷ ᠮᠣᠩᠭᠤᠯ᠎ᠳᠠᠬᠢ ᠬᠤᠪᠢᠶᠠᠷᠢ ᠺᠣᠮᠫᠠᠨᠢ]
   ã€€59. ᠤᠯᠤᠰ᠎ᠤᠨ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ᠎ᠳᠤ ᠵᠢᠭᠰᠠᠭ᠋ᠠᠭᠳᠠᠭᠰᠠᠨ ᠪᠦᠭᠡᠳ ᠰᠢᠯᠭ᠋ᠠᠨ ᠬᠤᠷᠢᠶᠠᠵᠤ ᠠᠪᠬᠤ᠎ᠳᠤ ᠬᠢᠷᠢ ᠲᠡᠩᠴᠡᠭᠰᠡᠨ ᠲᠥᠷᠥᠯ ᠵᠦᠢ᠍ᠯ ᠪᠦᠷᠢ᠎ᠳᠤ 1000 ᠲᠦᠮᠡᠨ ᠲᠥᠭᠦᠷᠢᠭ᠎ᠤᠨ ᠪᠠᠯᠠ ᠮᠥᠩᠭᠦ ᠵᠢᠨ ᠱᠠᠩᠨᠠᠯ ᠨᠥᠬᠦᠪᠥᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€60. ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠲᠥᠷᠭᠡᠨ᠎ᠤ ᠵᠠᠰᠠᠮᠠᠯ ᠵᠠᠮ᠎ᠤᠨ ETC ᠵᠶ᠋ᠠᠷ ᠦᠩᠭᠡᠷᠡᠬᠦ ᠠᠶᠠᠨᠴᠢᠳ᠎ᠤᠨ ᠪᠠ ᠠᠴᠢᠶᠠᠨ᠎ᠤ ᠮᠠᠰᠢᠨ ᠲᠡᠷᠭᠡ᠎ᠳᠤ ᠦᠷᠭᠦᠯᠵᠢᠯᠡᠨ 5% ᠵᠢᠨ ᠵᠠᠮ᠎ᠤᠨ ᠰᠦᠢ᠍ᠳᠬᠡᠯ᠎ᠤᠨ ᠬᠢᠮᠳᠠᠷᠠᠯ᠎ᠤᠨ ᠬᠠᠷᠠᠭ᠋ᠠᠯᠵᠠᠯ ᠦᠵᠡᠭᠦᠯᠬᠦ ᠪᠦᠭᠡᠳ ᠣᠷᠳᠣ ᠬᠤᠭᠤᠴᠠᠭ᠎ᠠ᠎ᠪᠠᠷ ᠬᠡᠷᠡᠭᠵᠢᠭᠦᠯᠦᠨ᠎ᠡ᠃ ᠲᠥᠷᠭᠡᠨ᠎ᠤ ᠵᠠᠰᠠᠮᠠᠯ ᠵᠠᠮ᠎ᠤᠨ ᠵᠦᠷᠢᠶᠡᠴᠢᠯᠡᠭᠰᠡᠨ ᠰᠦᠢ᠍ᠳᠬᠡᠯ ᠬᠤᠷᠢᠶᠠᠬᠤ ᠲᠤᠷᠰᠢᠯᠲᠠ ᠵᠢ ᠦᠷᠭᠦᠯᠵᠢᠯᠡᠨ ᠬᠡᠷᠡᠭᠵᠢᠭᠦᠯᠵᠦ᠂ ᠲᠥᠷᠭᠡᠨ᠎ᠤ ᠵᠠᠰᠠᠮᠠᠯ ᠵᠠᠮ᠎ᠤᠨ ᠥᠷᠢ ᠳᠥᠯᠥᠬᠦ ᠴᠢᠳᠠᠪᠤᠷᠢ ᠵᠢ᠎ᠨᠢ ᠪᠠᠭᠤᠷᠠᠭᠤᠯᠬᠤ ᠥᠬᠡᠶ ᠰᠠᠭᠤᠷᠢᠨ ᠳᠡᠭᠡᠷ᠎ᠡ᠂ ᠲᠣᠰ ᠭᠠᠵᠠᠷ ᠣᠷᠣᠨ᠎ᠤ ᠣᠨᠴᠠᠯᠢᠭ᠎ᠲᠤ᠎ᠨᠢ ᠳᠣᠭᠢᠷᠠᠭᠰᠠᠨ ᠵᠦᠷᠢᠶᠡᠴᠢᠯᠡᠭᠰᠡᠨ ᠰᠦᠢ᠍ᠳᠬᠡᠯ ᠬᠤᠷᠢᠶᠠᠬᠤ ᠵᠠᠭᠪᠤᠷ ᠪᠠ ᠲᠥᠬᠦᠷ ᠲᠥᠷᠥ ᠵᠢᠨ ᠪᠣᠳᠣᠯᠭ᠎ᠠ á  á ·á ­á Žá   ᠬᠡᠮᠵᠢᠶ᠎ᠡ ᠵᠢ ᠰᠦᠪᠡᠭᠴᠢᠯᠡᠨ ᠬᠡᠷᠡᠭᠵᠢᠭᠦᠯᠦᠨ᠎ᠡ᠃ ᠲᠦᠷᠭᠡᠨ᠎ᠤ ᠵᠠᠰᠠᠮᠠᠯ ᠵᠠᠮ ᠵᠶ᠋ᠠᠷ ᠶᠠᠪᠤᠵᠤ ᠰᠠᠭᠤᠬᠤ ᠥᠪᠡᠷ᠎ᠤᠨ ᠥᠷᠲᠡᠭ᠎ᠢ ᠪᠠᠭᠤᠷᠠᠭᠤᠯᠵᠤ᠂ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠥᠪᠡᠷ᠎ᠤᠨ ᠥᠷᠲᠡᠭ᠎ᠢ᠎ᠨᠢ ᠪᠠᠭᠤᠷᠠᠭᠤᠯᠵᠤ ᠦᠷ᠎ᠡ ᠠᠰᠢᠭ᠎ᠢ᠎ᠨᠢ ᠨᠡᠮᠡᠭᠳᠡᠭᠦᠯᠬᠦ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ)
   ã€€ï¼ˆá ­á ¤á ·á ªá  ï¼‰ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠦᠢ᠍ᠯᠡᠰ᠎ᠢ ᠪᠤᠵᠠᠭ᠋ᠠᠶ᠋ᠢᠷᠠᠭᠤᠯᠤᠨ᠎ᠠ᠃
   ã€€61. ᠠᠶ᠋ᠢᠮᠠᠭ ᠬᠤᠲᠠ ᠵᠢᠨ᠎ᠬᠢᠨ᠎ᠤ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠦᠷᠨᠢᠭᠦᠯᠵᠦ᠂ ᠬᠡᠷᠡᠭᠯᠡᠭᠡ ᠵᠢᠨ ᠲᠤᠯᠭ᠋ᠠᠨ ᠬᠡᠷᠡᠭᠯᠡᠬᠦ ᠲᠡᠮᠳᠡᠭᠲᠦ ᠣᠯᠭᠤᠬᠤ ᠵᠢ᠎ᠨᠢ ᠵᠣᠷᠢᠬ᠍ᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
   ã€€62. ᠵᠢᠭᠤᠯᠴᠢᠯᠠᠯ᠎ᠤᠨ ᠲᠤᠰᠬᠠᠶ ᠵᠦᠢ᠍ᠯ᠎ᠤᠨ ᠪᠠᠯᠠ ᠮᠥᠩᠭᠦ ᠳᠣᠭᠢᠷᠠᠭᠤᠯᠵᠤ ᠪᠠᠢ᠍ᠢ᠍ᠭ᠋ᠠᠳ ᠵᠢᠭᠤᠯᠴᠢᠯᠠᠯ ᠰᠡᠯᠡᠭᠦᠴᠡᠯ᠎ᠤᠨ ᠬᠤᠲᠠ᠂ ᠭᠤᠤᠯᠳᠠᠯᠭ᠎ᠠ᠎ᠲᠠᠢ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠵᠢᠭᠤᠯᠴᠢᠯᠠᠯ᠎ᠤᠨ 《ᠳᠥᠷᠪᠡᠨ ᠭᠠᠵᠠᠷ》᠎ᠤᠨ ᠭᠤᠤᠯᠳᠠᠯᠭ᠎ᠠ᠎ᠲᠠᠢ ᠲᠥᠷᠥᠯ ᠵᠦᠢ᠍ᠯ᠂ ᠬᠥᠳᠡᠭᠡ ᠲᠣᠰᠬᠤᠨ᠎ᠤ ᠵᠢᠭᠤᠯᠴᠢᠯᠠᠯ᠂ ᠭᠤᠤᠯᠳᠠᠯᠭ᠎ᠠ᠎ᠲᠠᠢ ᠰᠣᠶᠣᠯ᠎ᠤᠨ ᠵᠢᠭᠤᠯᠴᠢᠯᠠᠯ᠎ᠤᠨ ᠠᠵᠢᠯᠯᠠᠭ᠎ᠠ᠎ᠳᠤ ᠳᠡᠮᠵᠢᠯᠭᠡ ᠦᠵᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€63. ᠰᠣᠶᠣᠯ᠎ᠤᠨ ᠵᠢᠭᠤᠯᠴᠢᠯᠠᠯ᠎ᠤᠨ ᠲᠠᠸᠠᠷ᠎ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠲᠤᠰᠬᠠᠶ ᠵᠦᠢ᠍ᠯ᠎ᠤᠨ ᠪᠠᠯᠠ ᠮᠥᠩᠭᠦ ᠵᠢ ᠳᠣᠭᠢᠷᠠᠭᠤᠯᠵᠤ᠂ 《ᠲᠠᠯ᠎ᠠ ᠨᠤᠲᠤᠭ᠎ᠲᠠᠢ᠎ᠪᠠᠨ ᠪᠢ ᠪᠣᠯᠵᠤᠭ᠎ᠠ᠎ᠲᠠᠢ》 ᠰᠣᠶᠣᠯ᠎ᠤᠨ ᠵᠢᠭᠤᠯᠴᠢᠯᠠᠯ᠎ᠤᠨ ᠲᠠᠸᠠᠷ᠎ᠤᠨ ᠪᠣᠳᠠᠲᠤ ᠴᠣᠭᠴᠠ ᠵᠢᠨ ᠳᠡᠯᠭᠡᠭᠦᠷ᠂ ᠰᠣᠶᠣᠯ᠎ᠤᠨ ᠵᠢᠭᠤᠯᠴᠢᠯᠠᠯ᠎ᠤᠨ ᠲᠠᠸᠠᠷ᠎ᠢ ᠨᠡᠭᠡᠭᠡᠨ ᠬᠥᠭᠵᠢᠭᠦᠯᠬᠦ᠂ ᠵᠢᠭᠤᠯᠴᠢᠯᠠᠯ᠎ᠤᠨ ᠲᠠᠯᠠᠪᠠᠶ᠎ᠳᠠᠬᠢ ᠤᠷᠠᠨ ᠲᠣᠭᠯᠠᠯᠲᠠ᠂ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠤᠨ ᠲᠥᠷᠥᠯ ᠵᠦᠢ᠍ᠯ᠎ᠢ ᠳᠡᠮᠵᠢᠵᠦ᠂ ᠰᠣᠶᠣᠯ᠎ᠤᠨ ᠵᠢᠭᠤᠯᠴᠢᠯᠠᠯ᠎ᠤᠨ ᠪᠦᠲᠦᠭᠡᠭᠳᠡᠬᠦᠨ᠎ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠦᠨ ᠬᠥᠭᠵᠢᠭᠦᠯᠬᠦ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€64. ᠵᠢᠭᠤᠯᠴᠢᠨ᠎ᠳᠤ ᠦᠢ᠍ᠯᠡᠴᠢᠯᠡᠬᠦ ᠭᠠᠵᠠᠷ᠎ᠨᠢ ᠣᠷᠣᠨ᠎ᠤ ᠭᠠᠳᠠᠨᠠᠬᠢ ᠵᠤᠭ᠋ᠠᠴᠠᠭᠰᠠᠳ᠎ᠢ ᠲᠠᠲᠠᠵᠤ ᠠᠪᠴᠢᠷᠠᠪᠠᠯ ᠬᠥᠬᠢᠭᠦᠯᠦᠨ ᠱᠠᠩᠨᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€65. ᠪᠣᠬᠢᠷᠲᠤᠯ ᠥᠬᠡᠶ ᠬᠤᠳᠠᠯᠳᠤᠭ᠋ᠠᠨ᠎ᠤ ᠲᠠᠯᠠᠪᠤᠷ ᠡᠭᠦᠳᠦᠨ ᠪᠠᠶ᠋ᠢᠭᠤᠯᠬᠤ ᠵᠢ ᠢᠳᠡᠪᠬᠢᠲᠡᠶ ᠠᠬᠢᠭᠤᠯᠵᠤ᠂ ᠬᠠᠶᠠᠭᠳᠠᠮᠠᠯ ᠬᠠᠭᠤᠴᠢᠨ ᠡᠳ᠋ ᠪᠠᠷᠠᠭ᠎ᠠ ᠵᠢ ᠡᠷᠭᠢᠯᠳᠦᠭᠦᠯᠦᠨ ᠠᠰᠢᠬᠯᠠᠬᠤ ᠲᠣᠭᠲᠠᠯᠴᠠᠭ᠎ᠠ ᠵᠢ ᠪᠦᠷᠢᠨᠰᠢᠬᠦᠯᠦᠨ᠂ ᠮᠠᠭ᠋ᠠᠳᠯᠠᠭᠳᠠᠨ ᠲᠣᠭᠲᠠᠭ᠋ᠠᠭᠳᠠᠭᠰᠠᠨ ᠪᠣᠬᠢᠷᠲᠤᠯ ᠥᠬᠡᠶ ᠬᠤᠳᠠᠯᠳᠤᠭ᠋ᠠᠨ᠎ᠤ ᠲᠠᠯᠠᠪᠤᠷ᠎ᠲᠤ ᠪᠠᠯᠠ ᠮᠥᠩᠭᠦ ᠵᠢᠨ ᠳᠡᠮᠵᠢᠯᠭᠡ ᠦᠵᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ)
   ã€€66. ᠰᠢᠶᠠᠨ᠎ᠤ ᠬᠡᠪᠴᠢᠶᠡᠨ᠎ᠳᠠᠬᠢ ᠬᠤᠳᠠᠯᠳᠤᠭ᠋ᠠᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢᠨ ᠠᠵᠢᠯᠯᠠᠭ᠋ᠠᠨ᠎ᠢ ᠦᠷᠭᠦᠯᠵᠢᠯᠡᠨ ᠬᠡᠷᠡᠭᠵᠢᠭᠦᠯᠵᠦ᠂ ᠰᠢᠶᠠᠨ᠎ᠤ ᠬᠡᠪᠴᠢᠶᠡᠨ᠎ᠳᠠᠬᠢ ᠬᠤᠳᠠᠯᠳᠤᠭ᠋ᠠᠨ᠎ᠤ ᠰᠠᠭᠤᠷᠢ ᠪᠡᠯᠡᠳᠬᠡᠮᠵᠢ ᠵᠢᠨ ᠳᠤᠲᠠᠭᠤᠳᠠᠯ᠎ᠢ ᠨᠦᠬᠦᠪᠦᠷᠢᠯᠡᠨ᠂ ᠬᠤᠰᠢᠭᠤ ᠰᠢᠶᠠᠨ (ᠬᠤᠲᠠ᠂ ᠲᠣᠭᠤᠷᠢᠭ)᠂ ᠰᠤᠮᠤ ᠰᠢᠶᠠᠩ ᠪᠠᠯᠭ᠋ᠠᠰᠤ᠂ á ­á  á ´á  á ­á Žá   ᠲᠣᠰᠬᠤᠨ ᠭᠤᠷᠪᠠᠨ ᠱᠠᠲᠤᠨ᠎ᠤ ᠪᠠᠷᠠᠭ᠋ᠠᠨ᠎ᠤ ᠭᠦᠢ᠍ᠯᠭᠡᠭᠡᠨ᠎ᠤ ᠳᠣᠭᠢᠷᠠᠭᠤᠯᠤᠨ ᠬᠦᠷᠭᠡᠬᠦ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠰᠢᠶᠠᠨ᠎ᠤ ᠬᠡᠪᠴᠢᠶᠡᠨ᠎ᠤ ᠬᠡᠷᠡᠭᠯᠡᠭᠡᠨ᠎ᠤ á  á ·á ­á Žá   ᠵᠠᠮ᠎ᠢ ᠰᠠᠶ᠋ᠢᠵᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠪᠤᠷᠤᠯᠠᠭᠤᠯᠤᠭᠳᠠᠨ ᠮᠡᠳᠡᠷᠡᠭᠳᠡᠬᠦ ᠬᠦᠳᠡᠯᠭᠡᠭᠴᠢ ᠬᠦᠴᠦᠨ᠎ᠢ ᠨᠡᠮᠡᠭᠳᠡᠭᠦᠯᠦᠨ᠂ ᠠᠮᠢᠳᠤᠷᠠᠯ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ á ¶á  á °á ¤ ᠴᠢᠨᠠᠷ᠎ᠢ ᠳᠡᠭᠡᠭᠰᠢᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€67. ᠭᠠᠳᠠᠭ᠋ᠠᠳᠤ ᠠᠵᠤ ᠠᠬᠤᠶ ᠠᠷᠠᠯᠵᠢᠶ᠎ᠠ ᠵᠢᠨ ᠲᠤᠰᠬᠠᠶ ᠵᠦᠢ᠍ᠯ᠎ᠤᠨ ᠪᠠᠯᠠ ᠮᠥᠩᠭᠦ ᠵᠢ ᠦᠷᠭᠦᠯᠵᠢᠯᠡᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ᠎ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠬᠥᠭᠵᠢᠯᠲᠡ ᠵᠢ ᠳᠡᠮᠵᠢᠨ᠎ᠡ᠃ ᠤᠯᠠᠮᠵᠢᠯᠠᠯᠲᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ᠎ᠳᠤ ᠬᠦᠴᠦᠨ ᠨᠡᠮᠡᠷᠢᠯᠡᠬᠦ ᠪᠠ ᠠᠵᠤ ᠦᠢ᠍ᠯᠡᠰ᠎ᠤᠨ ᠲᠣᠭ᠋ᠠᠵᠢᠭᠤᠯᠤᠭᠰᠠᠨ ᠬᠥᠭᠵᠢᠯᠲᠡ ᠵᠢ ᠠᠬᠢᠭᠤᠯᠬᠤ ᠲᠠᠯ᠎ᠠ᠎ᠳᠤ ᠦᠵᠡᠭᠦᠯᠬᠦ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠢᠨ ᠢᠳᠡᠪᠬᠢ ᠦᠢ᠍ᠯᠡᠳᠦᠯ᠎ᠢ ᠪᠠᠳᠠᠷᠠᠭᠤᠯᠵᠤ᠂ ᠭᠠᠳᠠᠭ᠋ᠠᠳᠤ ᠠᠷᠠᠯᠵᠢᠶ᠎ᠠ ᠵᠢᠨ ᠰᠢᠯᠢᠳᠡᠭᠵᠢᠨ ᠲᠠᠰ ᠳᠡᠪᠰᠢᠬᠦ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ)
   ã€€68. ᠭᠠᠳᠠᠭ᠋ᠠᠳᠤ ᠠᠵᠤ ᠠᠬᠤᠶ ᠠᠷᠠᠯᠵᠢᠶ᠎ᠠ ᠵᠢᠨ ᠲᠤᠰᠬᠠᠶ ᠵᠦᠢ᠍ᠯ᠎ᠤᠨ ᠪᠠᠯᠠ ᠮᠥᠩᠭᠦ ᠵᠢ ᠦᠷᠭᠦᠯᠵᠢᠯᠡᠨ ᠬᠡᠷᠡᠭᠯᠡᠵᠦ᠂ ᠰᠢᠶᠠᠨ᠎ᠤ ᠬᠡᠪᠴᠢᠶᠡᠨ᠎ᠠᠴᠠ ᠭᠠᠳᠠᠨᠠᠬᠢ ᠠᠵᠤ ᠠᠬᠤᠶ ᠠᠷᠠᠯᠵᠢᠶ᠎ᠠ ᠵᠢᠨ ᠲᠡᠭ ᠨᠡᠮᠡᠭᠳᠡᠯ᠎ᠲᠠᠢ ᠪᠠᠢ᠍ᠢ᠍ᠳᠠᠯ᠎ᠢ ᠡᠴᠦᠰᠯᠡᠭᠦᠯᠦᠭᠰᠡᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠦᠨ᠂ ᠮᠠᠭ᠋ᠠᠳᠯᠠᠭᠳᠠᠨ ᠲᠣᠭᠲᠠᠭ᠋ᠠᠭᠳᠠᠭᠰᠠᠨ ᠰᠢᠶᠠᠨ᠎ᠤ ᠬᠡᠪᠴᠢᠶᠡᠨ᠎ᠠᠴᠠ ᠭᠠᠳᠠᠨᠠᠬᠢ ᠠᠵᠤ ᠠᠬᠤᠶ ᠠᠷᠠᠯᠵᠢᠶ᠎ᠠ ᠵᠢᠨ ᠲᠡᠭ ᠨᠡᠮᠡᠭᠳᠡᠯ᠎ᠲᠠᠢ ᠪᠠᠢ᠍ᠢ᠍ᠳᠠᠯ᠎ᠢ ᠡᠴᠦᠰᠯᠡᠭᠦᠯᠦᠭᠰᠡᠨ ᠵᠢᠱ᠌ᠢᠶ᠎ᠡ ᠦᠵᠡᠭᠦᠯᠬᠦ ᠭᠠᠵᠠᠷ ᠣᠷᠣᠨ᠎ᠳᠤ ᠳᠡᠮᠵᠢᠯᠭᠡ ᠦᠵᠡᠭᠦᠯᠵᠦ᠂ ᠵᠠᠯᠭ᠋ᠠᠭ᠎ᠠ᠎ᠪᠠᠷ ᠰᠢᠯᠢᠳᠡᠭ᠎ᠢ᠎ᠨᠢ ᠰᠤᠩᠭᠤᠬᠤ᠎ᠪᠠᠷ ᠳᠠᠮᠵᠢᠭᠤᠯᠤᠨ ᠨᠢᠭᠡ ᠪᠦᠯᠦᠭ ᠭᠠᠳᠠᠭ᠋ᠠᠳᠤ ᠠᠵᠤ ᠠᠬᠤᠶ ᠠᠷᠠᠯᠵᠢᠶ᠎ᠠ ᠵᠢᠨ ᠲᠡᠭ ᠨᠡᠮᠡᠭᠳᠡᠯ᠎ᠲᠠᠢ ᠪᠠᠢ᠍ᠢ᠍ᠳᠠᠯ᠎ᠢ ᠡᠴᠦᠰᠯᠡᠭᠦᠯᠦᠭᠰᠡᠨ ᠵᠢᠱ᠌ᠢᠶ᠎ᠡ ᠦᠵᠡᠭᠦᠯᠬᠦ ᠬᠤᠰᠢᠭᠤ ᠰᠢᠶᠠᠨ (ᠬᠤᠲᠠ᠂ ᠲᠣᠭᠤᠷᠢᠭ)᠎ᠢ ᠳᠡᠮᠵᠢᠨ ᠲᠡᠳᠬᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ)
   ã€€69. ᠭᠠᠳᠠᠭ᠋ᠠᠳᠤ ᠠᠵᠤ ᠠᠬᠤᠶ ᠠᠷᠠᠯᠵᠢᠶ᠎ᠠ ᠵᠢᠨ ᠲᠤᠰᠬᠠᠶ ᠵᠦᠢ᠍ᠯ᠎ᠤᠨ ᠪᠠᠯᠠ ᠮᠥᠩᠭᠦ ᠵᠢ ᠦᠷᠭᠦᠯᠵᠢᠯᠡᠨ ᠬᠡᠷᠡᠭᠯᠡᠵᠦ᠂ ᠭᠠᠳᠠᠭ᠋ᠠᠳᠤ ᠬᠥᠮᠥᠷᠭᠡ ᠪᠤᠶ᠋ᠢᠵᠢᠭᠤᠯᠬᠤ ᠠᠵᠢᠯ᠎ᠢ ᠦᠷᠨᠢᠭᠦᠯᠬᠦ ᠪᠠ ᠪᠠᠬᠢᠵᠢᠭᠦᠯᠵᠦ᠂ ᠬᠤᠶᠠᠷ ᠵᠢᠯ ᠪᠤᠶ᠋ᠢᠵᠢᠭᠤᠯᠤᠨ᠂ ᠨᠢᠭᠡ ᠵᠢᠯ ᠲᠡᠳᠬᠦᠬᠦ᠎ᠪᠠᠷ ᠳᠡᠮᠵᠢᠨ᠂ ᠭᠤᠣᠯᠳᠠᠭᠤ RCEP᠎ᠤᠨ ᠪᠦᠷᠢᠯᠳᠦᠬᠦᠨ ᠤᠯᠤᠰ᠂ 《ᠨᠢᠭᠡ ᠪᠦᠰᠡ ᠨᠢᠭᠡ ᠵᠠᠮ》 ᠳᠠᠭ᠋ᠠᠤ ᠵᠢᠨ ᠭᠤᠤᠯᠳᠠᠯᠭ᠎ᠠ᠎ᠲᠠᠢ ᠤᠯᠤᠰ ᠪᠠ ᠭᠠᠵᠠᠷ ᠣᠷᠣᠨ᠎ᠳᠤ ᠨᠢᠭᠡ ᠪᠦᠯᠦᠭ ᠣᠯᠠᠨ ᠨᠡᠶ᠋ᠢᠲᠡ ᠵᠢᠨ ᠭᠠᠳᠠᠭ᠋ᠠᠳᠤ ᠬᠥᠮᠥᠷᠭᠡ ᠵᠢ ᠪᠥᠲᠥᠭᠡᠨ ᠪᠠᠶ᠋ᠢᠭᠤᠯᠤᠨ᠎ᠠ᠃ ᠬᠢᠯᠢ ᠵᠢᠨ ᠪᠣᠭᠤᠮᠲᠠ ᠵᠢᠨ ᠠᠵᠢᠯᠯᠠᠭ᠋ᠠᠨ᠎ᠤ á ¶á  á °á ¤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠬᠦ ᠠᠵᠢᠯ᠎ᠢ ᠥᠷᠨᠢᠭᠦᠯᠵᠦ᠂ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ᠂ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ᠂ ᠵᠠᠮ ᠬᠠᠷᠢᠯᠴᠠᠭ᠋ᠠᠨ᠎ᠤ ᠪᠠᠭ᠋ᠠᠵᠢ 3 ᠵᠦᠢ᠍ᠯ᠎ᠤᠨ ᠠᠵᠢᠯᠯᠠᠭ᠋ᠠᠨ᠎ᠤ ᠭᠦᠢ᠍ᠴᠡᠳᠬᠡᠯ ᠲᠤᠭ᠎ᠠ᠎ᠳᠤ ᠵᠦᠶ ᠵᠣᠬᠢᠰᠲᠠᠶ ᠬᠤᠪᠢ ᠵᠢᠨ ᠵᠢᠩ᠎ᠤᠨ ᠬᠠᠷᠢᠴᠠᠯ ᠵᠶ᠋ᠠᠷ ᠨᠡᠮᠡᠭᠦᠷᠢ ᠣᠯᠭᠤᠨ ᠳᠡᠮᠵᠢᠯᠭᠡ ᠦᠵᠡᠭᠦᠯᠵᠦ᠂ ᠬᠢᠯᠢ ᠵᠢᠨ ᠪᠣᠭᠤᠮᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ)
   ã€€ï¼ˆá ³á ¥á ·á ªá ¡ï¼‰ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠎ᠡ᠃
   ã€€70. 50 ᠳ᠋ᠦᠩᠰᠢᠭᠤᠷ ᠲᠥᠭᠦᠷᠢᠭ᠎ᠠᠴᠠ ᠳᠤᠲᠠᠭᠤ ᠥᠬᠡᠶ ᠪᠠᠯᠠ ᠮᠥᠩᠭᠦ ᠵᠢ ᠳᠣᠭᠢᠷᠠᠭᠤᠯᠵᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠠᠭᠤᠷᠢ ᠪᠡᠯᠡᠳᠬᠡᠮᠵᠢ ᠵᠢᠨ ᠳᠤᠲᠠᠭᠤᠳᠠᠯ᠎ᠢ ᠨᠥᠬᠦᠪᠥᠷᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠤᠯᠲᠠ᠂ ᠬᠥᠮᠦᠨ ᠠᠮᠠ ᠵᠢᠨ ᠨᠠᠰᠤᠵᠢᠯᠲᠠ ᠪᠠ ᠰᠠᠭ᠋ᠠᠲᠠᠭᠤᠯᠤᠨ ᠬᠦᠮᠦᠵᠢᠭᠦᠯᠬᠦ ᠠᠰᠠᠭᠤᠳᠠᠯ᠎ᠢ ᠠᠷᠭ᠋ᠠᠴᠠᠭ᠋ᠠᠬᠤ᠂ ᠰᠣᠶᠣᠯ᠎ᠢ ᠬᠠᠮᠠᠭ᠋ᠠᠯᠠᠵᠤ ᠤᠯᠠᠮᠵᠢᠯᠠᠨ ᠠᠰᠢᠬᠯᠠᠬᠤ ᠵᠢᠴᠢ ᠨᠡᠶ᠋ᠢᠭᠡᠮ᠎ᠤᠨ ᠦᠢ᠍ᠯᠡᠴᠢᠯᠡᠭᠡ ᠵᠢᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠡᠷᠭᠡ ᠴᠢᠬᠤᠯᠠ á ¶á ¡á ­á ¡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠢᠨᠵᠧᠨᠧᠷᠢᠩ᠎ᠤᠨ ᠪᠠᠶ᠋ᠢᠭᠤᠯᠤᠯᠲᠠ ᠵᠢ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠤᠷᠭ᠋ᠠᠨ ᠬᠥᠮᠦᠵᠢᠯ᠎ᠤᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠪᠡᠶ᠎ᠡ ᠵᠢᠨ ᠲᠠᠮᠢᠷ᠎ᠤᠨ ᠲᠣᠪᠴᠢᠶ᠎ᠠ)
   ã€€71. ᠲᠦᠭᠡᠮᠡᠯ ᠬᠠᠷᠠᠭ᠋ᠠᠯᠵᠠᠯᠳᠤ ᠨᠠᠰᠤᠵᠢᠯ᠎ᠤᠨ ᠠᠰᠠᠷᠠᠮᠵᠢ ᠵᠢᠨ ᠲᠠᠯ᠎ᠠ ᠵᠢᠨ ᠬᠤᠲᠠ ᠪᠠ ᠠᠵᠤ ᠠᠬᠤᠶ᠋ᠢᠯᠠᠯ᠎ᠤᠨ ᠬᠤᠯᠪᠣᠭ᠋ᠠᠯᠠᠨ ᠬᠥᠳᠡᠯᠦᠯᠴᠡᠬᠦ ᠲᠤᠰᠬᠠᠶ ᠠᠵᠢᠯᠯᠠᠭ᠋ᠠᠨ᠎ᠢ ᠥᠷᠨᠢᠭᠦᠯᠵᠦ᠂ ᠨᠠᠮ ᠵᠠᠰᠠᠭ᠎ᠤᠨ ᠪᠠᠢ᠍ᠢ᠍ᠭᠤᠯᠭ᠎ᠠ ᠪᠠ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠴᠢ ᠪᠤᠰᠤᠳ ᠨᠡᠶ᠋ᠢᠭᠡᠮ᠎ᠤᠨ ᠬᠦᠴᠦᠨ᠎ᠤ ᠲᠦᠭᠡᠮᠡᠯ ᠬᠠᠷᠠᠭ᠋ᠠᠯᠵᠠᠯᠲᠤ ᠨᠠᠰᠤᠵᠢᠯ᠎ᠤᠨ ᠠᠰᠠᠷᠠᠮᠵᠢ ᠵᠢᠨ ᠬᠠᠩᠭ᠋ᠠᠯᠭ᠎ᠠ ᠵᠢ ᠨᠡᠮᠡᠭᠳᠡᠭᠦᠯᠬᠦ ᠵᠢ᠎ᠨᠢ ᠳᠡᠮᠵᠢᠵᠦ᠂ ᠤᠯᠤᠰ᠎ᠤᠨ ᠲᠦᠭᠡᠮᠡᠯ ᠬᠠᠷᠠᠭ᠋ᠠᠯᠵᠠᠯᠲᠤ ᠨᠠᠰᠤᠵᠢᠯ᠎ᠤᠨ ᠠᠰᠠᠷᠠᠮᠵᠢ ᠵᠢᠨ ᠲᠠᠯ᠎ᠠ ᠵᠢᠨ ᠬᠤᠲᠠ ᠪᠠ ᠠᠵᠤ ᠠᠬᠤᠶ᠋ᠢᠯᠠᠯ᠎ᠤᠨ ᠬᠤᠯᠪᠤᠭ᠋ᠠᠯᠠᠨ ᠬᠥᠳᠡᠯᠦᠯᠴᠡᠬᠦ ᠲᠤᠰᠬᠠᠶ ᠠᠵᠢᠯᠯᠠᠭ᠋ᠠᠨ᠎ᠳᠤ ᠵᠢᠭᠰᠠᠭ᠋ᠠᠭᠳᠠᠭᠰᠠᠨ ᠲᠥᠷᠥᠯ ᠵᠦᠢ᠍ᠯ᠎ᠳᠠᠬᠢ᠂ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠶ᠋ᠢᠭᠡᠮ ᠲᠣᠭᠤᠷᠢᠭ᠎ᠤᠨ ᠬᠡᠯᠪᠡᠷᠢ ᠪᠠ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠬᠡᠯᠪᠡᠷᠢ ᠵᠢᠨ ᠪᠣᠯ ᠣᠷᠣ ᠪᠦᠷᠢ᠎ᠳᠤ 2 ᠲᠦᠮᠡᠨ ᠲᠥᠭᠦᠷᠢᠭ᠎ᠤᠨ ᠳᠡᠮᠵᠢᠯᠭᠡ ᠦᠵᠡᠭᠦᠯᠵᠦ᠂ ᠵᠢᠭᠤᠯᠴᠢᠯᠠᠨ ᠰᠠᠭᠤᠬᠤ ᠬᠡᠯᠪᠡᠷᠢ ᠵᠢᠨ ᠪᠣᠯ ᠣᠷᠣ ᠪᠦᠷᠢ᠎ᠳᠤ 1 ᠲᠦᠮᠡᠨ ᠲᠥᠭᠦᠷᠢᠭ᠎ᠤᠨ ᠳᠡᠮᠵᠢᠯᠭᠡ ᠦᠵᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠷᠠᠳ᠎ᠤᠨ ᠶᠠᠪᠤᠳᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)
   ã€€72. ᠲᠦᠭᠡᠮᠡᠯ ᠬᠠᠷᠠᠭ᠋ᠠᠯᠵᠠᠯᠲᠤ ᠰᠠᠭ᠋ᠠᠲᠠᠭᠤᠯᠤᠨ ᠬᠦᠮᠦᠵᠢᠭᠦᠯᠬᠦ ᠦᠢ᠍ᠯᠡᠴᠢᠯᠡᠭᠡᠨ᠎ᠤ ᠲᠤᠰᠬᠠᠶ ᠵᠦᠢ᠍ᠯ᠎ᠤᠨ ᠢᠨᠵᠧᠨᠧᠷᠢᠩ᠎ᠢ ᠥᠷᠨᠢᠭᠦᠯᠵᠦ᠂ ᠠᠯᠪᠠᠨ᠎ᠠᠴᠠ ᠡᠷᠭᠢᠯᠡᠭᠰᠡᠨ ᠪᠠᠶ᠋ᠢᠭᠤᠯᠤᠮᠵᠢ ᠪᠠ ᠨᠡᠶ᠋ᠢᠭᠡᠮ᠎ᠤᠨ ᠬᠦᠴᠦᠨ᠎ᠤ᠎ᠬᠢ ᠨᠡᠶ᠋ᠢᠭᠡᠮ ᠲᠣᠭᠤᠷᠢᠭ᠂ ᠬᠡᠤᠬᠡᠳ᠎ᠤᠨ ᠴᠡᠴᠡᠷᠯᠢᠭ᠂ ᠡᠬᠡ ᠨᠢᠯᠬᠠᠰ᠎ᠤᠨ ᠡᠷᠡᠭᠦᠯᠵᠢᠯ᠎ᠤᠨ ᠪᠠᠶ᠋ᠢᠭᠤᠯᠤᠮᠵᠢ ᠵᠡᠷᠭᠡ᠎ᠳᠤ ᠲᠦᠰᠢᠭᠯᠡᠨ ᠰᠢᠭᠢᠳᠬᠡᠯ ᠮᠠᠶᠢᠭ᠎ᠤᠨ᠂ ᠲᠠᠷᠬᠠᠯᠲᠠᠲᠤ ᠮᠠᠶᠢᠭ᠎ᠤᠨ᠂ ᠬᠡᠯᠬᠢᠶᠡᠵᠢᠭᠰᠡᠨ᠂ ᠲᠤᠰᠬᠠᠶ᠋ᠢᠵᠢᠭᠰᠠᠨ ᠰᠠᠭ᠋ᠠᠲᠠᠭᠤᠯᠤᠨ ᠬᠦᠮᠦᠵᠢᠭᠦᠯᠬᠦ ᠦᠢ᠍ᠯᠡᠴᠢᠯᠡᠭᠡᠨ᠎ᠤ ᠪᠡᠯᠡᠳᠬᠡᠮᠵᠢ ᠪᠦᠲᠦᠭᠡᠨ ᠪᠠᠶ᠋ᠢᠭᠤᠯᠬᠤ ᠵᠢ᠎ᠨᠢ ᠳᠡᠮᠵᠢᠵᠦ᠂ ᠡᠳᠦᠷ ᠵᠶ᠋ᠠᠷ ᠨᠠᠢ᠍ᠢ᠍ᠳᠠᠨ ᠰᠠᠭ᠋ᠠᠲᠠᠭᠤᠯᠬᠤ᠂ á ´á  á ­ ᠵᠶ᠋ᠠᠷ ᠨᠠᠢ᠍ᠢ᠍ᠳᠠᠨ ᠰᠠᠭ᠋ᠠᠲᠠᠭᠤᠯᠬᠤ ᠵᠡᠷᠭᠡ ᠲᠦᠭᠡᠮᠡᠯ ᠬᠠᠷᠠᠭ᠋ᠠᠯᠵᠠᠯᠳᠤ ᠰᠠᠭ᠋ᠠᠲᠠᠭᠤᠯᠤᠨ ᠬᠦᠮᠦᠵᠢᠭᠦᠯᠬᠦ ᠦᠢ᠍ᠯᠡᠴᠢᠯᠡᠭᠡ ᠬᠠᠩᠭ᠋ᠠᠨ᠎ᠠ᠃ ᠤᠯᠤᠰ᠎ᠤᠨ ᠲᠦᠭᠡᠮᠡᠯ ᠬᠠᠷᠠᠭ᠋ᠠᠯᠵᠠᠯᠲᠤ ᠰᠠᠭ᠋ᠠᠲᠠᠭᠤᠯᠤᠨ ᠬᠦᠮᠦᠵᠢᠭᠦᠯᠬᠦ ᠲᠤᠰᠬᠠᠶ ᠵᠦᠢ᠍ᠯ᠎ᠳᠤ ᠵᠢᠭᠰᠠᠭ᠋ᠠᠭᠳᠠᠭᠰᠠᠨ ᠲᠥᠷᠥᠯ ᠵᠦᠢ᠍ᠯ᠎ᠳᠤ᠂ ᠰᠠᠭ᠋ᠠᠲᠠᠭᠤᠯᠤᠨ ᠬᠦᠮᠦᠵᠢᠭᠦᠯᠬᠦ ᠣᠷᠣᠨ ᠲᠤᠭ᠎ᠠ ᠨᠢᠭᠡᠪᠦᠷᠢ᠎ᠳᠤ ᠲᠦᠮᠡᠨ ᠲᠥᠭᠦᠷᠢᠭ᠎ᠤᠨ ᠪᠠᠷᠢᠮᠵᠢᠶ᠎ᠠ᠎ᠪᠠᠷ ᠪᠠᠯᠠ ᠮᠥᠩᠭᠦ ᠵᠢᠨ ᠨᠥᠬᠦᠪᠥᠷᠢ ᠣᠯᠭᠤᠨ᠎ᠠ; ᠤᠯᠤᠰ᠎ᠤᠨ ᠨᠡᠶ᠋ᠢᠳᠡᠮ ᠬᠠᠷᠠᠭ᠋ᠠᠯᠵᠠᠯᠲᠤ ᠰᠠᠭ᠋ᠠᠲᠠᠭᠤᠯᠤᠨ ᠬᠥᠮᠦᠵᠢᠭᠦᠯᠬᠦ ᠦᠢ᠍ᠯᠡᠴᠢᠯᠡᠭᠡᠨ᠎ᠤ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠳᠤ ᠣᠷᠣᠭᠤᠯᠤᠭᠰᠠᠨ ᠭᠠᠵᠠᠷ ᠣᠷᠣᠨ᠎ᠳᠤ ᠳ᠋ᠦᠩᠰᠢᠭᠤᠷ ᠲᠥᠭᠦᠷᠢᠭ᠎ᠤᠨ ᠪᠠᠯᠠ ᠮᠥᠩᠭᠦ ᠵᠢᠨ ᠨᠥᠬᠦᠪᠥᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)
   ã€€73. ᠬᠡᠷ ᠠᠬᠤᠢ᠎ᠪᠠᠷ ᠬᠦᠳᠡᠭᠡ ᠲᠤᠰᠬᠤᠨ᠎ᠢ ᠬᠥᠭᠵᠢᠭᠦᠯᠬᠦ ᠠᠵᠢᠯᠯᠠᠭ᠋ᠠᠨ᠎ᠢ ᠭᠦᠨᠵᠡᠭᠡᠶ ᠬᠡᠷᠡᠭᠵᠢᠭᠦᠯᠵᠦ᠂ ᠬᠡᠷ ᠠᠬᠤᠢ ᠬᠥᠳᠡᠯᠮᠦᠷᠢ ᠦᠢ᠍ᠯᠡᠴᠢᠯᠡᠭᠡ ᠵᠢ ᠵᠣᠯᠭ᠋ᠠᠭᠤᠯᠬᠤ ᠵᠢ ᠦᠷᠭᠦᠯᠵᠢᠯᠡᠨ ᠥᠷᠨᠢᠭᠦᠯᠵᠦ᠂ ᠬᠡᠷ ᠠᠬᠤᠢ ᠵᠢᠨ ᠠᠵᠤ ᠠᠬᠤᠶ᠋ᠢᠯᠠᠯ᠎ᠤᠨ ᠲᠤᠰᠠᠭ᠋ᠠᠷ ᠡᠵᠡᠩᠨᠡᠬᠦ᠂ ᠰᠢᠭᠢᠳᠬᠡᠬᠦ᠂ ᠬᠠᠮᠲᠤᠷᠠᠯᠴᠠᠬᠤ᠂ ᠰᠦᠯᠵᠢᠶᠡᠨ ᠳᠡᠭᠡᠷ᠎ᠡ ᠵᠡᠷᠭᠡ á  á ·á ­á Žá   ᠮᠠᠶᠢᠭ ᠵᠶ᠋ᠠᠷ ᠨᠡᠶ᠋ᠢᠭᠡᠮ ᠲᠣᠭᠤᠷᠢᠭ᠎ᠲᠤ ᠣᠷᠣᠵᠤ ᠰᠠᠭᠤᠬᠤ ᠵᠢ ᠵᠣᠷᠢᠬ᠍ᠵᠢᠭᠤᠯᠤᠨ ᠳᠡᠮᠵᠢᠨ᠎ᠡ᠃ ᠬᠡᠷ ᠠᠬᠤᠢ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠢᠲᠡᠭᠡᠮᠵᠢ᠎ᠲᠠᠢ ᠪᠠᠶ᠋ᠢᠬᠤ ᠵᠢ᠎ᠨᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠵᠢ ᠬᠠᠤᠯᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠬᠡᠷ ᠠᠬᠤᠶ ᠵᠢᠨ ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠡᠮᠳᠡᠭᠲᠦ ᠵᠢ ᠤᠬᠠᠭᠤᠯᠤᠨ ᠲᠠᠨᠢᠯᠴᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠡᠷ ᠠᠬᠤᠶ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠷᠠᠳ᠎ᠤᠨ ᠶᠠᠪᠤᠳᠠᠯ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ)
   ã€€74. ᠲᠤᠬᠠᠶ ᠵᠢᠨ ᠵᠢᠯ᠎ᠳᠤ ᠳᠤᠮᠳᠠᠳᠤ ᠤᠯᠤᠰ᠎ᠤᠨ á ¶á  á °á ¤ ᠴᠢᠨᠠᠷ᠎ᠤᠨ ᠱᠠᠩᠨᠠᠯ᠂ ᠳᠤᠮᠳᠠᠳᠤ ᠤᠯᠤᠰ᠎ᠤᠨ á ¶á  á °á ¤ ᠴᠢᠨᠠᠷ᠎ᠤᠨ ᠱᠠᠩᠨᠠᠯ᠎ᠤᠨ ᠨᠡᠷ᠎ᠡ ᠳᠤᠷᠠᠳᠤᠭᠰᠠᠨ ᠱᠠᠩᠨᠠᠯ᠎ᠢ ᠰᠢᠨ᠎ᠡ᠎ᠪᠠᠷ ᠣᠯᠤᠭᠰᠠᠨ ᠨᠢᠭᠡᠴᠢ ᠵᠢ ᠲᠣᠰ ᠲᠣᠰ 500 ᠲᠦᠮᠡᠨ ᠲᠥᠭᠦᠷᠢᠭ᠂ 200 ᠲᠦᠮᠡᠨ ᠲᠥᠭᠦᠷᠢᠭ ᠵᠶ᠋ᠠᠷ ᠱᠠᠩᠨᠠᠵᠤ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠤᠬᠤ á ¶á  á °á ¤ ᠴᠢᠨᠠᠷ᠎ᠤᠨ ᠱᠠᠩᠨᠠᠯ᠎ᠢ ᠰᠢᠨ᠎ᠡ᠎ᠪᠠᠷ ᠣᠯᠤᠭᠰᠠᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠳᠤ 100 ᠲᠦᠮᠡᠨ ᠲᠥᠭᠦᠷᠢᠭ᠎ᠤᠨ ᠲᠤᠰᠠᠯᠠᠮᠵᠢ ᠵᠢᠨ ᠪᠠᠯᠠ ᠮᠥᠩᠭᠦ ᠣᠯᠭᠤᠵᠤ᠂ ᠳᠤᠮᠳᠠᠳᠤ ᠵᠢᠨ ᠬᠠᠭᠤᠴᠢᠨ ᠨᠠᠷᠠᠲᠤ ᠠᠵᠤ ᠠᠬᠤᠶ᠋ᠢᠯᠠᠯ᠂ ᠥᠪᠥᠷ ᠮᠣᠩᠭᠤᠯ᠎ᠤᠨ ᠬᠠᠭᠤᠴᠢᠨ ᠨᠠᠷᠠᠲᠤ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ)
   ã€€ ᠳᠥᠷᠪᠡ᠂ ᠬᠦᠴᠦᠨ ᠵᠦᠢ᠍ᠯ᠎ᠤᠨ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ
   ã€€ï¼ˆá ¨á ¢á ­á ¡ï¼‰ ᠭᠠᠵᠠᠷ ᠰᠢᠷᠣᠶ ᠵᠢᠨ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃
   ã€€75. ᠤᠯᠤᠰ ᠵᠶ᠋ᠠᠷ ᠵᠥᠪᠰᠢᠶᠡᠷᠡᠭᠦᠯᠦᠭᠡᠳ ᠡᠬᠢᠯᠡᠨ ᠬᠡᠷᠡᠭᠯᠡᠭᠰᠡᠨ ᠥᠪᠡᠷᠲᠡᠭᠡᠨ ᠵᠠᠰᠠᠬᠤ ᠣᠷᠣᠨ᠎ᠤ 《ᠭᠤᠷᠪᠠᠨ ᠣᠷᠣᠨ ᠭᠤᠷᠪᠠᠨ ᠱᠤᠭᠤᠮ》᠎ᠢ ᠵᠠᠭ᠋ᠠᠭᠯᠠᠨ ᠲᠣᠭᠲᠠᠭ᠋ᠠᠭᠰᠠᠨ ᠦᠷ᠎ᠡ ᠪᠦᠲᠦᠭᠡᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠡᠯ᠎ᠡ ᠱᠠᠲᠤᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ ᠵᠢ ᠵᠢᠩᠬᠢᠨᠢ᠎ᠪᠠᠷ ᠵᠥᠪᠰᠢᠶᠡᠷᠡᠬᠦ᠎ᠠᠴᠠ ᠡᠮᠦᠨᠡᠬᠢ ᠰᠢᠯᠵᠢᠯᠲᠡ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠨᠢᠭᠡᠨᠲᠡ ᠵᠣᠬᠢᠶᠠᠨ ᠪᠠᠶ᠋ᠢᠭᠤᠯᠤᠨ ᠬᠢᠨᠠᠨ ᠪᠠᠶ᠋ᠢᠴᠠᠭ᠋ᠠᠵᠤ ᠪᠠᠲᠤᠯᠠᠭᠰᠠᠨ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠶᠡᠷᠦᠩᠬᠡᠶ ᠲᠥᠯᠥᠪᠵᠢᠭᠦᠯᠭᠡ ᠵᠢ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠤᠨ ᠳᠠᠩᠰᠠ ᠡᠪᠬᠡᠮᠡᠯ ᠪᠠᠶ᠋ᠢᠭᠤᠯᠵᠤ ᠮᠡᠳᠡᠭᠦᠯᠦᠨ ᠵᠥᠪᠰᠢᠶᠡᠷᠡᠭᠦᠯᠬᠦ ᠦᠨᠳᠦᠰᠦᠯᠡᠯ ᠪᠣᠯᠭ᠋ᠠᠵᠤ ᠪᠣᠯᠤᠨ᠎ᠠ᠃ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠶᠡᠷᠦᠩᠬᠡᠶ ᠲᠥᠯᠥᠪᠵᠢᠭᠦᠯᠭᠡ᠎ᠨᠢ ᠵᠥᠪᠰᠢᠶᠡᠷᠡᠭᠳᠡᠭᠰᠡᠨ᠎ᠤ ᠳᠠᠷᠠᠭ᠎ᠠ᠂ ᠲᠥᠯᠥᠪᠵᠢᠭᠦᠯᠭᠡ ᠵᠢᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠤᠰᠤᠨ ᠠᠰᠢᠬᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ]
   ã€€76. ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ ᠵᠡᠷᠭᠡ᠎ᠳᠤ ᠨᠡᠢ᠍ᠢ᠍ᠴᠡᠭᠦᠯᠦᠭᠰᠡᠨ ᠤᠷᠢᠲᠠᠯ ᠳᠣᠤᠷ᠎ᠠ᠂ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠥᠷᠥᠯ ᠵᠦᠢ᠍ᠯ᠎ᠳᠤ ᠠᠰᠢᠬᠯᠠᠭ᠋ᠠᠳᠤᠶ ᠭᠠᠵᠠᠷ ᠰᠢᠷᠣᠶ ᠵᠢ ᠬᠡᠷᠡᠭᠯᠡᠬᠦ ᠵᠢ᠎ᠨᠢ ᠳᠡᠮᠵᠢᠵᠦ᠂ ᠭᠤᠪᠢ᠂ ᠡᠯᠡᠰᠦᠨ ᠴᠥᠯ ᠵᠡᠷᠭᠡ ᠠᠰᠢᠬᠯᠠᠭ᠋ᠠᠳᠤᠶ ᠭᠠᠵᠠᠷ ᠰᠢᠷᠣᠶ ᠵᠢ ᠬᠡᠷᠡᠭᠯᠡᠬᠦ᠎ᠳᠤ᠂ ᠭᠠᠵᠠᠷ ᠰᠢᠷᠣᠶ ᠵᠢ ᠡᠵᠡᠯᠡᠨ ᠳᠠᠷᠤᠬᠤ ᠥᠬᠡᠶ᠂ ᠭᠠᠵᠠᠷ᠎ᠤᠨ ᠭᠠᠳᠠᠷᠭᠤ ᠵᠢᠨ ᠬᠡᠯᠪᠡᠷᠢ ᠪᠠᠶ᠋ᠢᠳᠠᠯ᠎ᠢ᠎ᠨᠢ ᠬᠤᠪᠢᠷᠠᠭᠤᠯᠬᠤ ᠥᠬᠡᠶ ᠪᠠᠶ᠋ᠢᠪᠠᠯ᠂ ᠤᠤᠯ ᠭᠠᠵᠠᠷ᠎ᠤᠨ ᠲᠥᠷᠥᠯ ᠵᠶ᠋ᠠᠷ ᠮᠠᠭ᠋ᠠᠳᠯᠠᠨ ᠲᠣᠭᠲᠠᠭ᠋ᠠᠨ᠎ᠠ᠃ ᠲᠥᠷᠥᠯ ᠵᠦᠢ᠍ᠯ᠎ᠤᠨ ᠥᠨᠢᠳᠡ ᠵᠢᠨ ᠴᠢᠨᠠᠷᠲᠠᠶ ᠪᠠᠷᠢᠯᠭ᠎ᠠ᠎ᠳᠤ ᠬᠡᠷᠡᠭᠯᠡᠬᠦ ᠭᠠᠵᠠᠷ᠎ᠤᠨ ᠬᠡᠰᠡᠭ᠎ᠲᠤ ᠪᠣᠯ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠢᠨᠠᠨ ᠵᠥᠪᠰᠢᠶᠡᠷᠡᠭᠦᠯᠬᠦ ᠭᠠᠷᠳᠠᠮ᠎ᠢ ᠭᠦᠢ᠍ᠴᠡᠳᠬᠡᠬᠦ ᠬᠡᠷᠡᠭᠲᠡᠶ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ (ᠪᠦᠯᠦᠭᠯᠡᠯ) ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠤᠷ᠎ᠤᠨ ᠦᠪᠦᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ]
   ã€€77. ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠥᠷᠥᠯ ᠵᠦᠢ᠍ᠯ᠎ᠳᠤ ᠵᠠᠳᠠᠭ᠋ᠠᠶ ᠠᠭᠤᠷᠬᠠᠶ ᠵᠢᠨ ᠰᠢᠷᠣᠶ ᠴᠢᠯᠠᠭᠤ ᠣᠪᠤᠭ᠋ᠠᠯᠠᠬᠤ ᠲᠠᠯᠠᠪᠠᠶ᠂ ᠨᠡᠭᠦᠷᠡᠰᠦ ᠮᠠᠯᠲᠠᠭᠰᠠᠨ᠎ᠠᠴᠠ ᠪᠣᠯᠵᠣ ᠳᠣᠷᠣᠭᠰᠢ ᠰᠠᠭᠤᠭᠰᠠᠨ ᠣᠷᠣᠨ᠎ᠤ ᠭᠠᠵᠠᠷ ᠰᠢᠷᠣᠶ ᠵᠢ ᠠᠰᠢᠬᠯᠠᠬᠤ ᠵᠢ᠎ᠨᠢ ᠵᠣᠷᠢᠬ᠍ᠵᠢᠭᠤᠯᠤᠨ᠎ᠠ᠃ ᠨᠡᠭᠦᠷᠡᠰᠦ ᠮᠠᠯᠲᠠᠭᠰᠠᠨ᠎ᠠᠴᠠ ᠪᠤᠯᠵᠦ ᠳᠤᠷᠤᠭᠰᠢ ᠰᠠᠭᠤᠭ᠋ᠠᠳ ᠰᠡᠷᠭᠦᠭᠡᠬᠦ ᠵᠢᠨ á  á ·á ­á Žá   ᠦᠭᠡᠢ ᠪᠣᠯᠤᠭᠰᠠᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠣᠯ ᠬᠤᠪᠢᠷᠠᠭᠤᠯᠬᠤ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠳᠦᠷᠢᠮ᠎ᠤᠨ ᠪᠠᠷᠢᠮᠵᠢᠶ᠎ᠠ ᠵᠢ ᠦᠨᠳᠦᠰᠦᠯᠡᠨ᠂ ᠬᠤᠪᠢᠷᠠᠭᠤᠯᠬᠤ ᠨᠥᠬᠦᠴᠡᠯ᠎ᠳᠤ ᠨᠡᠶ᠋ᠢᠴᠡᠭᠰᠡᠨ ᠪᠠᠶ᠋ᠢᠪᠠᠯ ᠣᠳᠣᠬᠢ ᠪᠠᠶ᠋ᠢᠳᠠᠯ᠎ᠤᠨ ᠪᠠᠢ᠍ᠢ᠍ᠴᠠᠭ᠋ᠠᠯᠲᠠ ᠵᠢ᠎ᠨᠢ ᠦᠨᠳᠦᠰᠦᠯᠡᠨ᠂ ᠤᠯᠤᠰ᠎ᠲᠤ ᠮᠡᠳᠡᠭᠦᠯᠦᠨ ᠬᠤᠪᠢᠷᠠᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠨᠧᠷᠭᠢ ᠵᠢᠨ ᠲᠣᠪᠴᠢᠶ᠎ᠠ)
   ã€€ï¼ˆá ¬á ¤á ¶á  á ·ï¼‰ ᠤᠰᠤᠨ᠎ᠤ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃
   ã€€78. ᠠᠶ᠋ᠢᠮᠠᠭ ᠬᠤᠲᠠ ᠵᠢᠨ ᠬᠤᠭᠤᠷᠣᠨᠳᠣᠬᠢ ᠤᠰᠤᠨ᠎ᠤ ᠡᠷᠬᠡ ᠵᠢᠨ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ 2024 ᠣᠨ᠎ᠳᠤ ᠬᠠᠲᠤᠨ ᠭᠤᠤᠯ ᠳᠠᠭ᠋ᠠᠤ ᠵᠢᠨ ᠠᠶ᠋ᠢᠮᠠᠭ ᠬᠤᠲᠠ᠎ᠳᠤ ᠠᠵᠤ ᠦᠢ᠍ᠯᠡᠳᠪᠦᠷᠢ ᠵᠢᠨ ᠤᠰᠤ ᠬᠡᠷᠡᠭᠯᠡᠬᠦ ᠭᠦᠢ᠍ᠴᠡᠳᠬᠡᠯ ᠲᠤᠭ᠎ᠠ ᠵᠢ 5000 ᠲᠦᠮᠡᠨ ᠪᠣᠰᠤᠭ᠎ᠠ ᠳᠥᠷᠪᠡᠯᠵᠢᠨ ᠮᠧᠲᠷ ᠰᠢᠢ᠍ᠳᠪᠦᠷᠢᠯᠡᠵᠦ ᠥᠭᠬᠦ᠎ᠪᠠᠷ ᠴᠢᠷᠮᠠᠶ᠋ᠢᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠬᠯᠠᠯᠲᠠ ᠵᠢᠨ ᠲᠢᠩᠬᠢᠮ)
   ã€€ï¼ˆá ­á ¤á ·á ªá  ï¼‰ ᠡᠨᠧᠷᠬᠢ ᠵᠢᠨ ᠬᠤᠷᠤᠭᠳᠠᠯ᠎ᠤᠨ ᠭᠦᠢ᠍ᠴᠡᠳᠭᠡᠯ ᠲᠤᠭ᠎ᠠ ᠵᠢ ᠵᠦᠢ ᠵᠣᠬᠢᠰᠲᠠᠶ ᠨᠢᠭᠡᠳᠦᠯᠲᠡᠶ ᠲᠥᠯᠥᠪᠯᠡᠨ᠎ᠡ᠃
   ã€€79. ᠰᠢᠨ᠎ᠡ᠎ᠪᠠᠷ ᠨᠡᠮᠡᠭᠳᠡᠭᠰᠡᠨ ᠲᠦᠭᠦᠬᠡᠶ ᠡᠳ᠋᠎ᠲᠤ ᠬᠡᠷᠡᠭᠯᠡᠬᠦ ᠡᠨᠧᠷᠭᠢ ᠪᠠ ᠳᠠᠬᠢᠯᠲᠠ ᠡᠨᠧᠷᠭᠢ ᠵᠢᠨ ᠬᠡᠷᠡᠭᠯᠡᠭᠡᠨ᠎ᠤ ᠬᠡᠮᠵᠢᠶ᠎ᠡ ᠵᠢ ᠡᠨᠧᠷᠭᠢ ᠵᠢᠨ ᠬᠤᠷᠣᠭᠳᠠᠯ᠎ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠵᠢᠨ ᠡᠵᠡᠮᠳᠡᠯ᠎ᠳᠤ ᠣᠷᠣᠭᠤᠯᠬᠤ ᠦᠭᠡᠶ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠍ᠢ᠍ᠳᠠᠪᠤᠷᠢᠵᠢᠭᠤᠯᠵᠤ᠂ ᠴᠢᠯᠠᠭᠤᠵᠢᠮᠠᠯ᠎ᠤᠨ ᠡᠨᠧᠷᠭᠢ ᠪᠠ ᠳᠠᠬᠢᠯᠲᠠ ᠡᠨᠧᠷᠭᠢ᠂ ᠲᠦᠯᠡᠰᠢ ᠵᠢᠨ ᠬᠥᠳᠡᠯᠭᠡᠭᠴᠢ ᠬᠦᠴᠦᠨ᠎ᠳᠤ ᠬᠡᠷᠡᠭᠯᠡᠬᠦ ᠡᠨᠧᠷᠭᠢ ᠪᠠ ᠲᠦᠭᠦᠬᠡᠶ ᠮᠠᠲ᠋ᠧᠷᠢᠶᠠᠯ᠎ᠳᠤ ᠬᠡᠷᠡᠭᠯᠡᠬᠦ ᠡᠨᠧᠷᠭᠢ᠎ᠳᠤ ᠡᠨᠧᠷᠭᠢ ᠠᠷᠪᠢᠯᠠᠬᠤ ᠬᠢᠨᠠᠨ ᠪᠠᠶ᠋ᠢᠴᠠᠭ᠋ᠠᠯᠲᠠ ᠵᠢᠨ ᠵᠦᠷᠢᠶᠡᠴᠢᠯᠡᠭᠰᠡᠨ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ ᠲᠦᠷᠦᠯ ᠵᠦᠢ᠍ᠯ᠎ᠤᠨ ᠡᠨᠧᠷᠭᠢ ᠵᠢᠨ ᠬᠤᠷᠣᠭᠳᠠᠯ᠎ᠤᠨ ᠬᠦᠴᠦᠯᠡᠴᠡ ᠵᠢᠨ ᠨᠥᠯᠥᠭᠡ ᠵᠢ ᠦᠨᠡᠯᠡᠨ ᠵᠢᠱ᠌ᠢᠬᠦ ᠳᠤᠮᠳᠠ᠂ ᠲᠦᠷᠦᠯ ᠵᠦᠢ᠍ᠯ᠎ᠤᠨ ᠲᠦᠭᠦᠬᠡᠶ ᠡᠳ᠋᠎ᠲᠤ ᠬᠡᠷᠡᠭᠯᠡᠬᠦ ᠡᠨᠧᠷᠭᠢ ᠪᠠ ᠳᠠᠬᠢᠯᠲᠠ ᠡᠨᠧᠷᠭᠢ ᠵᠢᠨ ᠬᠡᠷᠡᠭᠯᠡᠭᠡᠨ᠎ᠤ ᠬᠡᠮᠵᠢᠶ᠎ᠡ ᠵᠢ ᠬᠠᠷᠭᠤᠭᠤᠯᠤᠨ ᠬᠠᠰᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠨᠧᠷᠭᠢ ᠵᠢᠨ ᠲᠣᠪᠴᠢᠶ᠎ᠠ)
   ã€€80. ᠲᠥᠷᠥᠯ ᠵᠦᠢ᠍ᠯ᠎ᠤᠨ ᠡᠨᠧᠷᠭᠢ ᠠᠷᠪᠢᠯᠠᠬᠤ ᠬᠢᠨᠠᠨ ᠪᠠᠢ᠍ᠢ᠍ᠴᠠᠭ᠋ᠠᠯᠲᠠ᠎ᠳᠠᠬᠢ ᠡᠨᠧᠷᠭᠢ ᠵᠢᠨ ᠬᠤᠷᠤᠭᠳᠠᠯ᠎ᠤᠨ ᠬᠦᠴᠦᠯᠡᠴᠡ ᠵᠢᠨ ᠬᠡᠪ ᠳᠠᠭᠤᠷᠢᠶᠠᠯ ᠬᠡᠮᠵᠢᠭᠳᠡᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠨᠧᠷᠭᠢ ᠵᠢᠨ ᠬᠤᠷᠤᠭᠳᠠᠯ᠎ᠤᠨ ᠬᠦᠴᠦᠯᠡᠴᠡ ᠵᠢᠨ ᠤᠳᠤᠷᠢᠳᠤᠮᠵᠢ ᠵᠢ ᠳᠣᠪᠤᠶ᠋ᠢᠯᠭ᠋ᠠᠨ᠂ ᠡᠨᠧᠷᠭᠢ ᠵᠢᠨ ᠬᠤᠷᠤᠭᠳᠠᠯ᠎ᠤᠨ ᠬᠦᠴᠦᠯᠡᠴᠡ᠎ᠪᠠᠷ ᠪᠠᠭ᠎ᠠ ᠲᠥᠷᠥᠯ ᠵᠦᠢ᠍ᠯ᠎ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠪᠠᠲᠤᠯᠠᠵᠤ᠂ ᠡᠨᠧᠷᠭᠢ ᠵᠢᠨ ᠬᠤᠷᠤᠭᠳᠠᠯ᠎ᠤᠨ ᠬᠦᠴᠦᠯᠡᠴᠡ᠎ᠪᠠᠷ á ¶á ¡á ­á ¡ ᠲᠥᠷᠥᠯ ᠵᠦᠢ᠍ᠯ᠎ᠤᠨ ᠨᠥᠯᠥᠭᠡ ᠵᠢ ᠪᠦᠲᠦᠮᠵᠢᠲᠡᠶ ᠠᠷᠢᠯᠭ᠋ᠠᠵᠤ᠂ ᠡᠨᠧᠷᠭᠢ ᠵᠢᠨ ᠬᠤᠷᠤᠭᠳᠠᠯ᠎ᠤᠨ ᠬᠦᠴᠦᠨ ᠵᠦᠢ᠍ᠯ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠡᠨᠧᠷᠭᠢ ᠵᠢᠨ ᠬᠤᠷᠤᠭᠳᠠᠯ ᠵᠶ᠋ᠠᠷ ᠪᠠᠭ᠎ᠠ᠂ ᠨᠡᠮᠡᠯᠲᠡ ᠥᠷᠲᠡᠭ ᠵᠶ᠋ᠠᠷ ᠦᠨᠳᠦᠷ ᠪᠠᠢ᠍ᠢ᠍ᠭ᠎ᠠ ᠲᠦᠷᠦᠯ ᠵᠦᠢ᠍ᠯ ᠲᠡᠢ᠍ᠢ᠍ᠰᠢ ᠳᠦᠬᠦᠷᠵᠢᠭᠦᠯᠦᠨ ᠲᠣᠬᠢᠷᠠᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ)
   ã€€81. ᠥᠪᠡᠷᠲᠡᠭᠡᠨ ᠵᠠᠰᠠᠬᠤ ᠣᠷᠣᠨ᠎ᠤ ᠴᠢᠬᠤᠯᠠ á ¶á ¡á ­á ¡ ᠲᠥᠷᠥᠯ ᠵᠦᠢ᠍ᠯ᠎ᠤᠨ ᠡᠨᠧᠷᠭᠢ ᠵᠢᠨ ᠬᠤᠷᠤᠭᠳᠠᠯ᠎ᠢ ᠠᠰ᠎ᠲᠤ᠎ᠨᠢ ᠵᠢᠭᠰᠠᠭ᠋ᠠᠬᠤ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠡᠨᠧᠷᠭᠢ ᠵᠢᠨ ᠬᠤᠷᠤᠭᠳᠠᠯ᠎ᠤᠨ ᠭᠦᠢ᠍ᠴᠡᠳᠬᠡᠯ ᠲᠤᠭ᠎ᠠ ᠵᠢ ᠨᠢᠭᠡᠳᠦᠯᠲᠡᠶ ᠲᠥᠯᠥᠪᠯᠡᠬᠦ ᠵᠢ ᠴᠢᠩᠭ᠋ᠠᠳᠬᠠᠨ᠂ ᠴᠢᠬᠤᠯᠠ á ¶á ¡á ­á ¡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠡᠨᠧᠷᠭᠢ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠵᠦᠢ ᠵᠣᠬᠢᠰᠲᠠᠢ ᠪᠠᠲᠤᠯᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ)
   ã€€82. ᠪᠥᠬᠦ ᠣᠷᠣᠨ᠎ᠤ ᠬᠤᠲᠠ ᠪᠠᠯᠭ᠋ᠠᠰᠤ ᠵᠢᠨ ᠶᠡᠷᠦᠩᠬᠡᠶ ᠲᠥᠯᠥᠪᠵᠢᠭᠦᠯᠭᠡ ᠵᠢᠨ ᠣᠷᠣᠨ᠎ᠳᠠᠬᠢ ᠰᠢᠨ᠎ᠡ᠎ᠪᠠᠷ ᠪᠠᠢ᠍ᠢ᠍ᠭᠤᠯᠬᠤ ᠪᠠᠷᠢᠯᠭ᠎ᠠ᠎ᠳᠤ ᠪᠣᠬᠢᠷᠲᠤᠯ ᠥᠬᠡᠶ ᠪᠠᠷᠢᠯᠭ᠎ᠠ ᠵᠢᠨ ᠪᠠᠷᠢᠮᠵᠢᠶ᠎ᠠ ᠵᠢ ᠪᠥᠬᠦ ᠲᠠᠯ᠎ᠠ᠎ᠪᠠᠷ ᠬᠡᠷᠡᠭᠵᠢᠭᠦᠯᠦᠨ᠎ᠡ᠃ 2024 ᠣᠨ᠎ᠤ ᠰᠡᠭᠦᠯᠴᠢ ᠪᠣᠯᠬᠤ᠎ᠳᠤ᠂ ᠪᠥᠬᠦ ᠣᠷᠣᠨ᠎ᠤ ᠰᠢᠨ᠎ᠡ᠎ᠪᠠᠷ ᠪᠠᠶ᠋ᠢᠭᠤᠯᠤᠭᠰᠠᠨ ᠪᠠᠷᠢᠯᠭ᠎ᠠ᠎ᠳᠠᠬᠢ ᠤᠭᠰᠠᠷᠠᠮᠠᠯ ᠮᠠᠶᠢᠭ᠎ᠤᠨ ᠪᠠᠷᠢᠯᠭ᠎ᠠ ᠵᠢᠨ ᠲᠠᠯᠠᠪᠠᠶ ᠵᠢᠨ ᠡᠵᠡᠯᠡᠬᠦ ᠬᠠᠷᠢᠴᠠᠯ᠎ᠢ 25%᠎ᠳᠤ ᠬᠦᠷᠦᠭᠦᠯᠬᠦ᠎ᠪᠠᠷ ᠴᠢᠷᠮᠠᠶ᠋ᠢᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ)
   ã€€ï¼ˆá ³á ¥á ·á ªá ¡ï¼‰ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
   ã€€83. ᠲᠤᠬᠠᠶ ᠵᠢᠨ ᠵᠢᠯ᠎ᠳᠤ ᠵᠢᠵᠢᠭ ᠪᠢᠴᠢᠯ ᠠᠵᠤ ᠠᠬᠤᠶ᠋ᠢᠯᠠᠯ ᠪᠠ 《ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ》᠎ᠤ ᠭᠤᠤᠯ ᠴᠣᠭᠴᠠ ᠵᠢ ᠳᠡᠮᠵᠢᠵᠦ ᠪᠠᠶ᠋ᠢᠭ᠋ᠠᠳ ᠪᠠᠯᠠ ᠲᠣᠬᠢᠷᠠᠭᠤᠯᠭ᠎ᠠ ᠵᠢᠨ ᠪᠠᠲᠤᠯᠠᠨ ᠳᠠᠭ᠋ᠠᠭ᠋ᠠᠯᠲᠠ (ᠳᠠᠬᠢᠨ ᠪᠠᠲᠤᠯᠠᠨ ᠳᠠᠭ᠋ᠠᠭ᠋ᠠᠯᠲᠠ)᠎ᠨᠢ ᠲᠣᠭᠲᠠᠭ᠋ᠠᠭᠰᠠᠨ ᠨᠥᠬᠦᠴᠡᠯ᠎ᠳᠤ ᠬᠦᠷᠦᠭᠰᠡᠨ ᠪᠠᠯᠠ ᠲᠣᠬᠢᠷᠠᠭᠤᠯᠭ᠎ᠠ ᠵᠢᠨ ᠪᠠᠲᠤᠯᠠᠨ ᠳᠠᠭ᠋ᠠᠭ᠋ᠠᠯᠲᠠ ᠵᠢᠨ ᠺᠣᠮᠫᠠᠨᠢ᠎ᠳᠤ᠂ ᠲᠤᠬᠠᠶ ᠵᠢᠨ ᠵᠢᠯ᠎ᠳᠠᠬᠢ ᠵᠢᠵᠢᠭ ᠪᠢᠴᠢᠯ ᠠᠵᠤ ᠠᠬᠤᠶ᠋ᠢᠯᠠᠯ ᠪᠠ 《ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ》᠎ᠤ ᠭᠤᠤᠯ ᠴᠣᠭᠴᠠ ᠵᠢᠨ ᠪᠠᠲᠤᠯᠠᠨ ᠳᠠᠭ᠋ᠠᠭ᠋ᠠᠯᠲᠠ (ᠳᠠᠬᠢᠨ ᠪᠠᠲᠤᠯᠠᠨ ᠳᠠᠭ᠋ᠠᠭ᠋ᠠᠯᠲᠠ) ᠵᠢᠨ ᠰᠢᠨ᠎ᠡ᠎ᠪᠠᠷ ᠨᠡᠮᠡᠭᠳᠡᠭᠰᠡᠨ ᠬᠠᠷᠢᠭᠤᠴᠠᠯᠭ᠋ᠠᠲᠤ ᠵᠤᠭᠤᠰᠤᠨ ᠲᠤᠭ᠎ᠠ ᠵᠢᠨ 1%᠎ᠪᠠᠷ ᠲᠦᠭᠰᠢᠭᠦᠷᠢ ᠵᠢᠨ ᠲᠦᠯᠦᠪᠦᠷᠢ ᠥᠭᠴᠦ᠂ á ­á  á ­á ´á   ᠡᠷᠦᠬᠡ᠎ᠳᠤ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ᠎ᠠᠴᠠ ᠳᠠᠪᠠᠭᠤᠯᠬᠤ ᠥᠬᠡᠶ᠃ ᠲᠤᠬᠠᠶ ᠵᠢᠨ ᠵᠢᠯ᠎ᠳᠤ ᠬᠤᠷᠢᠶᠠᠭᠰᠠᠨ ᠵᠢᠵᠢᠭ ᠪᠢᠴᠢᠯ ᠠᠵᠤ ᠠᠬᠤᠶ᠋ᠢᠯᠠᠯ ᠪᠠ 《ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ》᠎ᠤᠨ ᠭᠤᠤᠯ ᠴᠣᠭᠴᠠ ᠵᠢᠨ ᠪᠠᠲᠤᠯᠠᠨ ᠳᠠᠭ᠋ᠠᠭ᠋ᠠᠯᠲᠠ (ᠳᠠᠬᠢᠨ ᠪᠠᠲᠤᠯᠠᠨ ᠳᠠᠭ᠋ᠠᠭ᠋ᠠᠯᠲᠠ) ᠵᠢᠨ ᠰᠢᠨ᠎ᠡ᠎ᠪᠠᠷ ᠨᠡᠮᠡᠭᠳᠡᠭᠰᠡᠨ ᠵᠠᠷᠤᠳᠠᠯ᠎ᠤᠨ ᠨᠣᠷᠮ᠎ᠠ᠎ᠨᠢ 1% (ᠪᠠᠭᠲᠠᠨ᠎ᠠ)᠎ᠠᠴᠠ ᠳᠣᠷᠣᠭᠰᠢ ᠪᠠᠶ᠋ᠢᠪᠠᠯ᠂ ᠲᠤᠬᠠᠶ ᠵᠢᠨ ᠵᠢᠯ᠎ᠤᠨ ᠪᠠᠲᠤᠯᠠᠨ ᠳᠠᠭ᠋ᠠᠭ᠋ᠠᠯᠲᠠ ᠵᠢᠨ ᠵᠠᠷᠤᠳᠠᠯ᠎ᠤᠨ ᠣᠷᠣᠯᠭ᠎ᠠ (ᠭᠠᠶ᠋ᠢᠯᠢ ᠵᠢᠨ ᠮᠥᠩᠭᠦ ᠪᠠᠭᠲᠠᠬᠤ ᠥᠬᠡᠶ) ᠵᠢᠨ 10%᠎ᠪᠠᠷ ᠪᠠᠲᠤᠯᠠᠨ ᠳᠠᠭ᠋ᠠᠭ᠋ᠠᠯᠲᠠ ᠵᠢᠨ ᠵᠠᠷᠤᠳᠠᠯ᠎ᠤᠨ ᠨᠥᠬᠦᠪᠥᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)]
   ã€€84. ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠭᠤᠤᠯ ᠴᠣᠭᠴᠠ ᠵᠢᠨ ᠪᠠᠯᠠ ᠲᠣᠬᠢᠷᠠᠭᠤᠯᠭ᠎ᠠ ᠵᠢ ᠳᠡᠮᠵᠢᠵᠦ᠂ ᠪᠠᠯᠠ ᠲᠣᠬᠢᠷᠠᠭᠤᠯᠬᠤ ᠥᠪᠡᠷ᠎ᠤᠨ ᠥᠷᠲᠡᠭ᠎ᠢ ᠬᠠᠮᠤᠭ᠎ᠤᠨ ᠥᠨᠳᠥᠷ᠎ᠲᠤ᠎ᠪᠠᠨ 8%á Žá  á ´á   ᠥᠯᠥ ᠳᠠᠪᠠᠭᠤᠯᠬᠤ ᠪᠠᠷᠢᠮᠵᠢᠶ᠎ᠠ ᠶᠣᠰᠣᠭ᠋ᠠᠷ᠂ ᠭᠤᠣᠯᠳᠠᠭᠤ ᠬᠡᠷ ᠪᠦᠯᠢ ᠵᠢᠨ ᠲᠠᠷᠢᠶᠠᠯᠠᠩ᠎ᠤᠨ ᠲᠠᠯᠠᠪᠠᠶ᠂ ᠳᠠᠷᠢᠵᠤ ᠲᠡᠵᠢᠭᠡᠬᠦ ᠲᠣᠮᠣ ᠡᠷᠦᠬᠡ᠂ ᠲᠠᠷᠢᠶᠠᠴᠢᠨ ᠮᠠᠯᠴᠢᠨ᠎ᠤ ᠬᠤᠷᠰᠢᠶ᠎ᠠ ᠵᠡᠷᠭᠡ ᠵᠣᠬᠢᠬᠤ ᠬᠡᠪᠴᠢᠶᠡᠲᠦ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠤᠯ ᠴᠣᠭᠴᠠ᠎ᠳᠤ 10 ᠲᠦᠮᠡᠨ ᠲᠥᠭᠦᠷᠢᠭ᠎ᠠᠴᠠ 300 ᠲᠦᠮᠡᠨ ᠲᠥᠭᠦᠷᠢᠭ᠎ᠤᠨ ᠪᠠᠲᠤᠯᠠᠨ ᠳᠠᠭ᠋ᠠᠭ᠋ᠠᠯᠲᠠᠲᠤ ᠵᠢᠭᠡᠯᠡᠯᠭᠡ ᠵᠢ ᠬᠠᠩᠭ᠋ᠠᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶᠠᠨ᠎ᠤ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ]
   ã€€85. ᠲᠠᠷᠢᠶᠠᠯᠠᠩ᠎ᠤᠨ ᠳᠠᠭ᠋ᠠᠳᠬᠠᠯ᠎ᠤᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠠᠮᠤ ᠪᠤᠳᠠᠭ᠋ᠠᠨ᠎ᠤ ᠤᠨᠠᠯᠲᠠ ᠥᠨᠳᠥᠷ ᠰᠢᠶᠠᠨ᠎ᠳᠤ ᠠᠮᠤ ᠪᠤᠳᠠᠭ᠋ᠠᠨ᠎ᠤ ᠭᠤᠷᠪᠠᠨ á ¶á ¡á ­á ¡ ᠲᠠᠷᠢᠮᠠᠯ᠎ᠤᠨ ᠪᠦᠷᠢᠨ ᠥᠪᠡᠷ᠎ᠤᠨ ᠥᠷᠲᠡᠭ᠎ᠤᠨ ᠳᠠᠭ᠋ᠠᠳᠬᠠᠯ ᠪᠤᠶᠤ ᠲᠠᠷᠢᠮᠠᠯ᠎ᠤᠨ ᠣᠷᠣᠯᠭ᠎ᠠ ᠵᠢᠨ ᠳᠠᠭ᠋ᠠᠳᠬᠠᠯ᠎ᠢ ᠬᠡᠷᠡᠭᠵᠢᠭᠦᠯᠵᠦ᠂ ᠲᠥᠪ ᠪᠠ ᠥᠪᠡᠷᠲᠡᠭᠡᠨ ᠵᠠᠰᠠᠬᠤ ᠣᠷᠣᠨ᠎ᠠᠴᠠ ᠲᠣᠰ ᠲᠣᠰ 45% ᠪᠠ 30% ᠵᠢᠨ ᠳᠠᠭ᠋ᠠᠳᠬᠠᠯ᠎ᠤᠨ ᠵᠠᠷᠤᠳᠠᠯ᠎ᠤᠨ ᠨᠡᠮᠡᠭᠦᠷᠢ ᠵᠢ ᠡᠭᠦᠷᠭᠡᠯᠡᠨ᠎ᠡ᠃ ᠨᠤᠲᠤᠭ ᠪᠡᠯᠴᠢᠭᠡᠷ᠎ᠤᠨ ᠳᠠᠭ᠋ᠠᠳᠬᠠᠯ᠎ᠤᠨ ᠲᠤᠷᠰᠢᠯᠲᠠ ᠵᠢᠨ ᠲᠥᠷᠥ ᠵᠢᠨ ᠪᠤᠳᠤᠯᠭ᠎ᠠ ᠵᠢ ᠬᠡᠷᠡᠭᠵᠢᠭᠦᠯᠵᠦ᠂ ᠨᠤᠲᠤᠭ ᠪᠡᠯᠴᠢᠭᠡᠷ᠎ᠤᠨ ᠳᠠᠭ᠋ᠠᠳᠬᠠᠯ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶᠠᠨ᠎ᠤ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ]
   ã€€86. ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠵᠢᠨ ᠢᠲᠡᠭᠡᠮᠵᠢ ᠵᠢᠨ ᠪᠠᠲᠤᠯᠠᠭ᠎ᠠ ᠵᠢᠨ ᠰᠠᠭᠤᠷᠢ ᠮᠦᠩᠭᠦᠨ᠎ᠤ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠲᠠᠷᠢᠶᠠᠯᠠᠩ᠎ᠤᠨ ᠬᠥᠭᠵᠢᠭᠦᠯᠦᠯᠲᠡ ᠵᠢᠨ ᠪᠠᠩᠬᠢ ᠵᠢᠨ ᠠᠮᠤ ᠪᠤᠳᠠᠭ᠋ᠠᠨ᠎ᠤ ᠠᠵᠤ ᠠᠬᠤᠶ᠋ᠢᠯᠠᠯ᠎ᠤᠨ ᠠᠮᠤ ᠪᠤᠳᠠᠭ᠎ᠠ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ᠎ᠳᠤ ᠨᠠᠩ á ¶á ¡á ­á ¡ ᠬᠡᠪᠴᠢᠶᠡᠨ᠎ᠤ ᠪᠠᠯᠠ ᠲᠣᠬᠢᠷᠠᠭᠤᠯᠭ᠎ᠠ ᠵᠢᠨ ᠢᠲᠡᠭᠡᠮᠵᠢ ᠵᠢ ᠨᠡᠮᠡᠭᠳᠡᠭᠦᠯᠬᠦ ᠵᠢ᠎ᠨᠢ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶᠠᠨ᠎ᠤ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠲᠠᠷᠢᠶᠠᠯᠠᠩ᠎ᠤᠨ ᠬᠥᠭᠵᠢᠭᠦᠯᠦᠯᠲᠡ ᠵᠢᠨ ᠪᠠᠩᠬᠢ ᠵᠢᠨ ᠥᠪᠥᠷ ᠮᠣᠩᠭᠤᠯ᠎ᠤᠨ ᠬᠤᠪᠢᠶᠠᠷᠢ ᠪᠠᠩᠬᠢ)
   ã€€87. 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ ᠵᠢᠨ ᠬᠥᠲᠥᠯᠦᠨ ᠵᠢᠯᠣᠭᠤᠳᠬᠤ ᠰᠠᠭᠤᠷᠢ ᠮᠥᠩᠭᠦ ᠵᠢ 2 ᠳ᠋ᠦᠩᠰᠢᠭᠤᠷ ᠲᠥᠭᠦᠷᠢᠭ ᠳᠣᠭᠢᠷᠠᠭᠤᠯᠵᠤ᠂ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ ᠪᠠ ᠠᠵᠤ ᠦᠢ᠍ᠯᠡᠰ᠎ᠤᠨ ᠬᠡᠯᠬᠢᠶᠡᠨ᠎ᠤ ᠴᠢᠬᠤᠯᠠ á ¶á ¡á ­á ¡ ᠲᠥᠷᠥᠯ ᠵᠦᠢ᠍ᠯ᠎ᠢ ᠵᠠᠬ᠎ᠠ ᠳᠡᠯᠭᠡᠭᠦᠷᠴᠢᠯᠡᠬᠦ á  á ·á ­á Žá   ᠮᠠᠶᠢᠭ ᠵᠶ᠋ᠠᠷ ᠳᠡᠮᠵᠢᠨ᠎ᠡ᠃ ᠰᠢᠨ᠎ᠡ ᠡᠨᠧᠷᠭᠢ ᠵᠢᠨ ᠲᠤᠨᠤᠭ ᠲᠥᠭᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠰᠠᠭᠤᠷᠢ ᠮᠥᠩᠭᠦ ᠵᠢ ᠳᠠᠭ᠋ᠠᠭ᠋ᠠᠨ ᠲᠤᠰᠢᠶᠠᠵᠤ ᠪᠣᠳᠠᠲᠠᠶ᠋ᠢᠵᠢᠭᠤᠯᠬᠤ ᠵᠢ ᠠᠬᠢᠭᠤᠯᠵᠤ᠂ ᠰᠢᠨ᠎ᠡ ᠡᠨᠧᠷᠭᠢ ᠵᠢᠨ ᠲᠤᠨᠤᠭ ᠲᠥᠭᠦᠭᠡᠷᠦᠮᠵᠢ ᠦᠢ᠍ᠯᠡᠳᠬᠦ ᠴᠢᠬᠤᠯᠠ á ¶á ¡á ­á ¡ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠭᠤᠣᠯᠳᠠᠯᠭ᠎ᠠ᠎ᠲᠠᠢ ᠲᠡᠮᠵᠢᠨ᠎ᠠ᠃ ᠨᠢᠭᠡᠨᠲᠡ ᠪᠠᠶ᠋ᠢᠭ᠎ᠠ ᠠᠵᠤ ᠦᠢ᠍ᠯᠡᠰ᠎ᠢ ᠬᠦᠴᠦᠷᠬᠡᠭᠵᠢᠭᠦᠯᠬᠦ᠂ ᠰᠢᠨ᠎ᠡ᠎ᠪᠠᠷ ᠪᠣᠶ ᠪᠣᠯᠬᠤ ᠠᠵᠤ ᠦᠢ᠍ᠯᠡᠰ᠎ᠢ ᠨᠡᠪᠴᠢᠭᠦᠯᠬᠦ᠂ ᠢᠷᠡᠭᠡᠳᠦᠶ ᠵᠢᠨ ᠠᠵᠤ ᠦᠢ᠍ᠯᠡᠰ᠎ᠢ ᠡᠵᠡᠮᠰᠢᠬᠦ᠎ᠳᠤ ᠦᠵᠡᠭᠦᠯᠬᠦ ᠣᠲᠣ ᠵᠢᠨ ᠪᠠᠶ᠋ᠢᠭ᠎ᠠ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠰᠠᠭᠤᠷᠢ ᠮᠦᠩᠭᠦᠨ᠎ᠤ ᠦᠢ᠍ᠯᠡᠳᠦᠯ᠎ᠢ ᠪᠠᠳᠠᠷᠠᠭᠤᠯᠵᠤ᠂ ᠠᠮᠢᠳᠤ ᠪᠣᠳᠠᠰ᠎ᠤᠨ á ¡á ® ᠡᠮᠨᠡᠯᠭᠡ ᠵᠢᠨ ᠰᠢᠨ᠎ᠡ ᠵᠢ ᠡᠭᠦᠳᠦᠨ ᠰᠤᠳᠤᠯᠤᠨ ᠨᠡᠭᠡᠭᠡᠬᠦ ᠲᠠᠪᠴᠠᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ᠎ᠤᠨ á ¡á ® ᠡᠮᠨᠡᠯᠭᠡ ᠵᠢᠨ ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ)
   ã€€88. ᠤᠷᠤᠰᠤᠩᠭᠤᠢ ᠴᠢᠨᠠᠷᠲᠠᠶ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠰᠠᠭᠤᠷᠢ ᠮᠥᠩᠭᠦ ᠪᠠ ᠬᠦᠴᠢᠷᠳᠡᠯ᠎ᠢ ᠲᠠᠢ᠍ᠢ᠍ᠯᠬᠤ ᠬᠥᠭᠵᠢᠯᠲᠡ ᠵᠢᠨ ᠰᠠᠭᠤᠷᠢ ᠮᠦᠩᠭᠦᠨ᠎ᠤ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠠᠵᠤ ᠠᠬᠤᠶ᠋ᠢᠯᠠᠯ᠎ᠢ ᠳᠡᠮᠵᠢᠨ ᠬᠦᠴᠢᠷᠳᠡᠯ᠎ᠢ᠎ᠨᠢ ᠲᠠᠶ᠋ᠢᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠤᠨ ᠤᠷᠤᠰᠤᠩᠭᠤᠢ ᠴᠢᠨᠠᠷᠲᠠᠶ ᠲᠥᠭᠰᠢᠭᠦᠷᠢ ᠪᠠ ᠪᠠᠲᠤᠯᠠᠭ᠎ᠠ᠎ᠲᠠᠢ ᠵᠤᠭᠤᠰ ᠰᠤᠯᠢᠵᠤ ᠥᠭᠬᠦ᠂ ᠢᠲᠡᠭᠡᠮᠵᠢ ᠵᠢᠨ ᠥᠷᠢ ᠥᠭᠴᠡᠭᠡ ᠵᠢᠨ ᠵᠤᠭᠤᠰ ᠰᠤᠯᠢᠵᠤ ᠥᠭᠬᠦ á ­á ¡á ·á Žá ¡á Žá  á ´á   ᠵᠥᠷᠢᠴᠡᠬᠦ ᠲᠦᠭᠰᠢᠭᠦᠷᠢ ᠵᠢ ᠠᠯᠭᠤᠷᠯᠠᠨ ᠨᠠᠮᠳᠠᠭ᠋ᠠᠬᠤ ᠬᠡᠷᠡᠭᠲᠡᠶ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ)
   ã€€89. ᠠᠷᠠᠳ᠎ᠤᠨ ᠵᠣᠭᠤᠰᠣᠨ᠎ᠤ ᠭᠤᠪᠢᠭᠤᠯᠭ᠎ᠠ ᠵᠢᠨ ᠨᠤᠷᠮ᠎ᠠ ᠵᠢᠨ ᠬᠤᠣᠰ ᠴᠢᠭᠯᠡᠯ᠎ᠤᠨ ᠬᠡᠯᠪᠡᠯᠵᠡᠯ᠎ᠢ ᠪᠦᠲᠦᠮᠵᠢᠲᠡᠶ᠎ᠪᠠᠷ ᠠᠷᠭ᠋ᠠᠴᠠᠭ᠋ᠠᠵᠤ᠂ ᠭᠤᠪᠢᠭᠤᠯᠭ᠎ᠠ ᠵᠢᠨ ᠨᠤᠷᠮ᠎ᠠ ᠵᠢᠨ ᠲᠥᠭᠰᠢᠭᠦᠷᠢ᠎ᠠᠴᠠ ᠵᠠᠶ᠋ᠢᠯᠠᠬᠤ ᠲᠦᠷᠦ ᠵᠢᠨ ᠪᠤᠳᠤᠯᠭ᠎ᠠ ᠵᠢᠴᠢ ᠭᠤᠪᠢᠭᠤᠯᠭ᠎ᠠ ᠵᠢᠨ ᠨᠤᠷᠮ᠎ᠠ ᠵᠢᠨ ᠲᠦᠭᠰᠢᠭᠦᠷᠢ ᠵᠢᠨ ᠬᠠᠮᠢᠶᠠᠷᠤᠯᠲᠠ ᠵᠢᠨ ᠨᠡᠷᠡᠳᠭᠦᠨ᠎ᠢ ᠳᠡᠯᠭᠡᠷᠡᠭᠦᠯᠬᠦ ᠵᠢ᠎ᠨᠢ ᠲᠡᠮᠵᠢᠵᠤ᠂ ᠪᠠᠩᠬᠢ ᠵᠢᠨ ᠵᠠᠷᠤᠳᠠᠯ ᠰᠦᠢ᠍ᠳᠬᠡᠯ᠎ᠢ ᠪᠠᠭᠤᠷᠠᠭᠤᠯᠬᠤ᠎ᠪᠠᠷ ᠠᠰᠢᠭ ᠣᠯᠭᠤᠬᠤ ᠵᠢ ᠵᠣᠷᠢᠬ᠍ᠵᠢᠭᠤᠯᠵᠤ᠂ ᠭᠠᠳᠠᠭ᠋ᠠᠳᠤ᠎ᠲᠠᠢ ᠬᠤᠯᠪᠣᠭᠳᠠᠬᠤ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠲᠦᠭᠰᠢᠭᠦᠷᠢ ᠵᠢᠨ ᠰᠠᠭ᠋ᠠᠷᠮᠠᠭ ᠴᠢᠨᠠᠷ᠎ᠤᠨ ᠤᠬᠠᠮᠰᠠᠷ᠎ᠢ ᠪᠣᠢ ᠪᠣᠯᠭ᠋ᠠᠵᠤ᠂ ᠠᠵᠤ ᠠᠬᠤᠢ᠍ᠢ᠍ᠯᠠᠯ᠎ᠤᠨ ᠭᠤᠪᠢᠭᠤᠯᠭ᠎ᠠ ᠵᠢᠨ ᠲᠥᠭᠰᠢᠭᠦᠷᠢ ᠵᠢᠨ ᠬᠠᠮᠢᠶᠠᠷᠤᠯᠲᠠ ᠵᠢᠨ ᠴᠢᠳᠠᠪᠤᠷᠢ ᠬᠢᠭᠡᠳ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠵᠢᠵᠢᠭ ᠪᠢᠴᠢᠯ ᠠᠵᠤ ᠠᠬᠤᠶ᠋ᠢᠯᠠᠯ᠎ᠤᠨ ᠭᠤᠪᠢᠭᠤᠯᠭ᠎ᠠ ᠵᠢᠨ ᠨᠤᠷᠮ᠎ᠠ ᠵᠢᠨ ᠲᠥᠭᠰᠢᠭᠦᠷᠢ᠎ᠠᠴᠠ ᠵᠠᠶ᠋ᠢᠯᠠᠬᠤ ᠲᠦᠷᠦ ᠵᠢᠨ ᠪᠤᠳᠤᠯᠭ᠎ᠠ ᠵᠢᠨ ᠴᠢᠨᠠᠷᠲᠠᠶ ᠪᠠᠲᠤᠯᠠᠨ ᠳᠠᠭ᠋ᠠᠭ᠋ᠠᠯᠲᠠ ᠵᠢᠨ ᠲᠣᠭᠲᠠᠴᠠ ᠵᠢ ᠠᠬᠢᠭᠤᠯᠤᠨ ᠪᠤᠲᠠᠲᠠᠢ᠍ᠢ᠍ᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠦᠪᠦᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   ã€€90. ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ᠎ᠬᠢᠨ᠎ᠤ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠭ᠎ᠠ ᠬᠢᠬᠦ ᠥᠪᠡᠷ᠎ᠤᠨ ᠥᠷᠲᠡᠭ ᠵᠶ᠋ᠠᠨ ᠪᠠᠭᠤᠷᠠᠭᠤᠯᠬᠤ ᠵᠢ ᠵᠣᠷᠢᠬ᠍ᠵᠢᠭᠤᠯᠵᠤ᠂ ᠬᠠᠷᠢᠶ᠎ᠠ ᠣᠷᠣᠨ᠎ᠳᠠᠬᠢ ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠤ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ᠎ᠬᠢᠨ᠎ᠤ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠡᠯᠡᠭᠰᠡᠨ ᠦᠨ᠎ᠡ ᠵᠢᠨ ᠬᠦᠤ ᠮᠦᠩᠭᠦᠨ᠎ᠤ ᠨᠣᠷᠮ᠎ᠠ (LPR) ᠵᠢ ᠳᠣᠲᠣᠭ᠋ᠠᠳᠤ ᠵᠢᠨ ᠪᠠᠯᠠ ᠮᠥᠩᠭᠦ᠎ᠪᠠᠨ ᠰᠢᠯᠵᠢᠭᠦᠯᠦᠨ ᠦᠨ᠎ᠡ ᠲᠣᠭᠲᠠᠭ᠋ᠠᠬᠤ (FTP)᠎ᠳᠤ ᠰᠢᠭᠢᠳᠬᠡᠨ ᠣᠷᠣᠭᠤᠯᠬᠤ ᠵᠢ᠎ᠨᠢ ᠳᠡᠮᠵᠢᠵᠦ᠂ ᠵᠢᠭᠡᠯᠡᠯᠭᠡ ᠲᠠᠯᠪᠢᠬᠤ ᠪᠠᠶ᠋ᠢᠭᠤᠯᠤᠮᠵᠢ ᠵᠢᠨ ᠵᠢᠭᠡᠯᠡᠯᠭᠡ ᠵᠢᠨ ᠣᠨ᠎ᠤ ᠬᠦᠤ ᠮᠦᠩᠭᠦᠨ᠎ᠤ ᠨᠣᠷᠮ᠎ᠠ ᠵᠢ ᠱᠠᠭ᠋ᠠᠷᠳᠠᠯᠭ᠎ᠠ ᠶᠣᠰᠣᠭ᠋ᠠᠷ ᠲᠣᠳᠣᠷᠬᠠᠶ ᠢᠯᠡᠷᠬᠡᠢ᠍ᠢ᠍ᠯᠡᠬᠦ᠎ᠳᠤ ᠦᠷᠭᠦᠯᠵᠢᠯᠡᠨ ᠬᠢᠨᠠᠯᠲᠠ ᠲᠠᠯᠪᠢᠨ᠎ᠠ᠃ (ᠬᠠᠷᠢᠭᠤᠴᠠᠯᠭ᠋ᠠᠲᠤ ᠨᠢᠭᠡᠴᠢ᠄ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶᠠᠨ᠎ᠤ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   ã€€91. ᠨᠠᠩ ᠣᠯᠠᠨ ᠴᠢᠨᠠᠷ ᠰᠠᠶ᠋ᠢᠲᠠᠶ ᠠᠵᠤ ᠠᠬᠤᠶ᠋ᠢᠯᠠᠯ᠎ᠤᠨ ᠪᠠᠢ᠍ᠢ᠍ᠭᠤᠯᠤᠯ ᠵᠶ᠋ᠠᠨ ᠥᠭᠡᠷᠡᠴᠢᠯᠡᠵᠦ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠵᠣᠷᠢᠬ᠍ᠵᠢᠭᠤᠯᠤᠨ᠎ᠠ᠃ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠬᠠᠪᠰᠤᠷᠤᠨ ᠵᠢᠯᠣᠭᠤᠳᠬᠤ ᠳᠠᠩᠰᠠᠯᠠᠭᠤᠯᠤᠯᠲᠠ ᠵᠢ ᠭᠦᠢ᠍ᠴᠡᠳᠬᠡᠭᠰᠡᠨ ᠠᠵᠤ ᠠᠬᠤᠶ᠋ᠢᠯᠠᠯ᠎ᠳᠤ 100 ᠲᠦᠮᠡᠨ ᠲᠥᠭᠦᠷᠢᠭ᠎ᠤᠨ ᠱᠠᠩᠨᠠᠯ ᠨᠥᠬᠦᠪᠥᠷᠢ ᠣᠯᠭᠤᠨ᠎ᠠ; ᠱᠠᠩᠬᠠᠶ᠂ ᠱᠧᠨᠵᠧᠨ᠂ ᠪᠡᠭᠡᠵᠢᠩ᠎ᠤᠨ ᠲᠡᠮᠳᠡᠭᠲᠦ ᠵᠢᠨ ᠠᠷᠠᠯᠵᠢᠶᠠᠨ᠎ᠤ ᠭᠠᠵᠠᠷ᠎ᠲᠤ ᠵᠠᠬ᠎ᠠ ᠳᠡᠯᠭᠡᠭᠦᠷ᠎ᠲᠤ ᠭᠠᠷᠬᠤ᠎ᠪᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠭᠰᠠᠨ ᠪᠥᠭᠡᠳ ᠬᠦᠯᠢᠶᠡᠨ ᠠᠪᠴᠤ ᠰᠢᠢ᠍ᠳᠪᠦᠷᠢᠯᠡᠭᠰᠡᠨ ᠠᠵᠤ ᠠᠬᠤᠶ᠋ᠢᠯᠠᠯ᠎ᠳᠤ 200 ᠲᠦᠮᠡᠨ ᠲᠥᠭᠦᠷᠢᠭ᠎ᠤᠨ ᠱᠠᠩᠨᠠᠯ ᠨᠥᠬᠦᠪᠥᠷᠢ ᠣᠯᠭᠤᠨ᠎ᠠ; ᠱᠠᠩᠬᠠᠶ᠂ ᠱᠧᠨᠵᠧᠨ᠂ ᠪᠡᠭᠡᠵᠢᠩ᠎ᠤᠨ ᠲᠡᠮᠳᠡᠭᠲᠦ ᠵᠢᠨ ᠠᠷᠠᠯᠵᠢᠶᠠᠨ᠎ᠤ ᠭᠠᠵᠠᠷ᠎ᠲᠤ ᠠᠩᠬ᠎ᠠ ᠲᠠᠷᠬᠠᠭ᠋ᠠᠵᠤ ᠵᠠᠬ᠎ᠠ ᠳᠡᠯᠭᠡᠭᠦᠷ᠎ᠲᠤ ᠭᠠᠷᠬᠤ ᠵᠢ ᠪᠡᠶᠡᠯᠡᠭᠦᠯᠦᠭᠰᠡᠨ ᠠᠵᠤ ᠠᠬᠤᠶ᠋ᠢᠯᠠᠯ᠎ᠳᠤ 1000 ᠲᠦᠮᠡᠨ ᠲᠥᠭᠦᠷᠢᠭ᠎ᠤᠨ ᠱᠠᠩᠨᠠᠯ ᠨᠥᠬᠦᠪᠥᠷᠢ ᠣᠯᠭᠤᠨ᠎ᠠ; ᠬᠢᠯᠢ ᠵᠢᠨ ᠭᠠᠳᠠᠨ᠎ᠠ (ᠰᠢᠶᠠᠩᠭ᠋ᠠᠩ᠂ ᠨᠢᠦ᠋ ᠶᠣᠷᠺ᠂ ᠨᠠᠰᠳᠠᠺ᠎ᠤᠨ ᠦᠨᠡᠲᠦ ᠲᠡᠮᠳᠡᠭᠲᠦ ᠵᠢᠨ ᠠᠷᠠᠯᠵᠢᠶᠠᠨ᠎ᠤ ᠭᠠᠵᠠᠷ) ᠵᠠᠬ᠎ᠠ ᠲᠡᠯᠬᠡᠬᠦᠷ᠎ᠲᠤ ᠭᠠᠷᠤᠭᠰᠠᠨ ᠠᠵᠤ ᠠᠬᠤᠶ᠋ᠢᠯᠠᠯ᠎ᠢ ᠨᠢᠭᠡ ᠯᠡ ᠤᠳᠠᠭ᠎ᠠ᠎ᠳᠤ 500 ᠲᠦᠮᠡᠨ ᠲᠥᠭᠦᠷᠢᠭ ᠵᠶ᠋ᠠᠷ ᠱᠠᠩᠨᠠᠵᠤ ᠨᠥᠬᠦᠪᠥᠷᠢᠯᠡᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   ã€€ï¼ˆá ²á  á ªá ¤ï¼‰ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠨ᠎ᠠ᠃
   ã€€92. ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ ᠭᠥᠷᠳᠡᠭᠰᠡᠨ ᠬᠤᠪᠢ ᠬᠥᠮᠦᠨ᠂ ᠵᠣᠬᠢᠶᠠᠨ ᠪᠠᠶ᠋ᠢᠭᠤᠯᠤᠯᠲᠠ᠎ᠳᠤ ᠥᠪᠡᠷᠲᠡᠭᠡᠨ ᠵᠠᠰᠠᠬᠤ ᠣᠷᠣᠨ᠎ᠠᠴᠠ ᠤᠯᠤᠰ᠎ᠤᠨ ᠱᠠᠩᠨᠠᠯ᠎ᠤᠨ ᠮᠥᠩᠭᠦ ᠵᠢᠨ ᠲᠣᠭ᠋ᠠᠨ᠎ᠤ 5 ᠳᠠᠬᠢᠨ ᠵᠶ᠋ᠠᠷ ᠱᠠᠩᠨᠠᠯ᠎ᠤᠨ ᠮᠥᠩᠭᠦ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠳᠡᠮᠵᠢᠯᠭᠡ ᠣᠯᠭᠤᠨ᠎ᠠ᠂ ᠡᠭᠦᠨ᠎ᠳᠤ 60% ᠵᠢ᠎ᠨᠢ ᠱᠠᠩᠨᠠᠯ ᠣᠯᠤᠭᠰᠠᠨ ᠲᠥᠷᠥᠯ ᠵᠦᠢ᠍ᠯ᠎ᠤᠨ ᠭᠤᠤᠯ ᠪᠡᠶᠡᠯᠡᠭᠦᠯᠦᠭᠴᠢ ᠵᠢ ᠱᠠᠩᠨᠠᠬᠤ᠎ᠳᠤ ᠬᠡᠷᠡᠭᠯᠡᠵᠦ᠂ 40% ᠵᠢ᠎ᠨᠢ ᠲᠥᠷᠥᠯ ᠵᠦᠢ᠍ᠯ᠎ᠢ ᠪᠡᠶᠡᠯᠡᠭᠦᠯᠦᠭᠰᠡᠨ ᠨᠢᠭᠡᠴᠢ ᠵᠢᠨ ᠡᠵᠡᠨ ᠮᠡᠳᠡᠵᠦ ᠰᠣᠩᠭᠤᠭᠰᠠᠨ ᠰᠡᠳᠦᠪ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠳᠤ ᠬᠡᠷᠡᠭᠯᠡᠨ᠎ᠡ᠃ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠲᠤ ᠰᠲ᠋ᠣᠺ᠎ᠤᠨ ᠡᠷᠬᠡ᠂ ᠬᠤᠭᠤᠴᠠᠭ᠋ᠠᠲᠤ ᠡᠷᠬᠡ ᠪᠠ ᠠᠰᠢᠭ ᠬᠤᠪᠢᠶᠠᠷᠢᠯᠠᠯᠲᠠ ᠵᠢᠨ ᠤᠷᠮᠠᠰᠢᠭᠤᠯᠤᠯ᠎ᠢ ᠬᠡᠷᠡᠭᠵᠢᠭᠦᠯᠬᠦ ᠵᠢ ᠵᠣᠷᠢᠬ᠍ᠵᠢᠭᠤᠯᠵᠤ᠂ ᠤᠯᠤᠰ᠎ᠤᠨ ᠲᠣᠭᠲᠠᠭ᠋ᠠᠯ ᠶᠣᠰᠣᠭ᠋ᠠᠷ ᠲᠥᠷᠥᠯ ᠵᠦᠢ᠍ᠯ᠎ᠤᠨ ᠠᠰᠢᠭ ᠣᠷᠣᠯᠭ᠎ᠠ ᠬᠤᠪᠢᠶᠠᠬᠤ᠂ ᠠᠵᠢᠯ᠎ᠤᠨ ᠪᠠᠶ᠋ᠢᠷᠢ ᠵᠢᠨ ᠠᠰᠢᠭ ᠣᠷᠣᠯᠭ᠎ᠠ ᠬᠤᠪᠢᠶᠠᠬᠤ ᠵᠡᠷᠭᠡ ᠤᠷᠲᠤᠪᠲᠤᠷ ᠪᠠ ᠣᠷᠳᠣ ᠬᠤᠭᠤᠴᠠᠭ᠋ᠠᠨ᠎ᠤ ᠤᠷᠮᠠᠰᠢᠭᠤᠯᠤᠯ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ ᠵᠢᠨ ᠠᠰᠢᠭ ᠣᠷᠣᠯᠭ᠎ᠠ ᠵᠢ ᠬᠡᠷᠡᠭᠵᠢᠭᠦᠯᠦᠭᠰᠡᠨ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠳᠤ ᠪᠣᠯ ᠣᠯᠭᠤᠭᠰᠠᠨ ᠤᠷᠮᠠᠰᠢᠭᠤᠯᠤᠯ᠎ᠤᠨ ᠣᠷᠣᠯᠭ᠎ᠠ ᠵᠢ ᠪᠣᠳᠠᠲᠠᠶ᠎ᠪᠠᠷ ᠴᠠᠯᠢᠩ᠎ᠤᠨ ᠶᠡᠷᠦᠩᠬᠡᠶ ᠲᠣᠭ᠋ᠠᠨ᠎ᠳᠤ ᠪᠤᠳᠤᠵᠤ ᠣᠷᠣᠭᠤᠯᠤᠨ᠎ᠠ᠂ ᠴᠠᠯᠢᠩ᠎ᠤᠨ ᠶᠡᠷᠦᠩᠬᠡᠶ ᠲᠣᠭ᠋ᠠᠨ᠎ᠤ ᠲᠥᠰᠦᠪ᠎ᠤᠨ ᠰᠠᠭᠤᠷᠢ ᠲᠤᠭ᠎ᠠ ᠪᠣᠯᠭ᠋ᠠᠬᠤ ᠥᠬᠡᠶ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠵᠥᠪᠯᠡᠯ)
   ã€€93. ᠴᠢᠳᠠᠪᠤᠷᠢᠲᠠᠨ᠎ᠤ ᠡᠷᠦᠬᠡ ᠠᠮᠠ ᠣᠷᠣᠬᠤ ᠪᠠ ᠦᠷ᠎ᠡ ᠬᠡᠤᠬᠡᠳ᠎ᠤᠨ ᠰᠤᠷᠭ᠋ᠠᠭᠤᠯᠢ᠎ᠳᠤ ᠣᠷᠣᠬᠤ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠵᠦ᠂ ᠴᠢᠳᠠᠪᠤᠷᠢᠲᠠᠨ᠎ᠤ ᠡᠷᠦᠬᠡ ᠠᠮᠠ ᠣᠷᠣᠬᠤ᠎ᠳᠤ á °á  á ­á ‹á  á ³ ᠥᠬᠡᠶ ᠨᠡᠪᠲᠡᠷᠡᠬᠦ ᠵᠠᠮ ᠵᠢᠴᠢ ᠦᠢ᠍ᠯᠡᠴᠢᠯᠡᠭᠡᠨ᠎ᠤ ᠲᠤᠰᠬᠠᠶ ᠲᠤᠰᠢᠶᠠᠯᠲᠠᠨ᠎ᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠥᠬᠦᠴᠡᠯ᠎ᠳᠤ ᠨᠡᠢ᠍ᠢ᠍ᠴᠡᠭᠡᠳ ᠥᠪᠥᠷ ᠮᠣᠩᠭᠤᠯ᠎ᠳᠤ ᠢᠷᠡᠵᠦ ᠠᠵᠢᠯ ᠣᠯᠤᠭᠰᠠᠨ ᠳᠡᠭᠡᠳᠦ ᠲᠠᠰ ᠳᠠᠪᠬᠤᠷᠭ᠎ᠠ ᠵᠢᠨ ᠣᠷᠤᠭᠤᠯᠤᠨ ᠠᠪᠴᠢᠷᠠᠭᠰᠠᠨ ᠴᠢᠳᠠᠪᠤᠷᠢᠲᠠᠨ᠎ᠤ ᠦᠷ᠎ᠡ ᠬᠡᠤᠬᠡᠳ᠎ᠢ᠎ᠨᠢ ᠬᠠᠷᠢᠶ᠎ᠠ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠤᠯᠪᠣᠭᠳᠠᠯ ᠪᠥᠬᠦᠶ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠶᠣᠰᠣᠭ᠋ᠠᠷ ᠣᠶ᠋ᠢᠷ᠎ᠠ ᠬᠠᠪᠢ᠎ᠳᠤ᠎ᠨᠢ ᠳᠦᠭᠦᠮ᠎ᠢ᠎ᠨᠢ ᠪᠤᠳᠤᠯᠬᠢᠯᠠᠨ ᠲᠣᠬᠢᠷᠠᠭᠤᠯᠵᠤ ᠰᠤᠷᠭ᠋ᠠᠭᠤᠯᠢ᠎ᠳᠤ ᠣᠷᠣᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ)
   ã€€94. ᠠᠶ᠋ᠢᠮᠠᠭ ᠬᠤᠲᠠ ᠵᠢᠨ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢ ᠲᠦᠷᠭᠡᠳᠬᠡᠨ ᠬᠥᠭᠵᠢᠭᠦᠯᠬᠦ ᠵᠢ᠎ᠨᠢ ᠳᠡᠮᠵᠢᠵᠦ᠂ ᠨᠥᠬᠦᠴᠡᠯ᠎ᠳᠤ ᠨᠡᠶ᠋ᠢᠴᠡᠬᠦ ᠬᠤᠲᠠ ᠵᠢᠨ ᠰᠢᠨ᠎ᠡ ᠠᠷᠠᠳ᠂ ᠵᠠᠯᠠᠭᠤᠴᠤᠳ᠎ᠤᠨ ᠣᠷᠣᠨ ᠰᠠᠭᠤᠴᠠ ᠵᠢᠨ ᠲᠠᠯ᠎ᠠ᠎ᠪᠠᠷ ᠬᠦᠴᠢᠷᠳᠡᠯᠲᠡᠢ ᠠᠰᠠᠭᠤᠳᠠᠯ᠎ᠢ ᠭᠤᠤᠯᠳᠠᠯᠭ᠎ᠠ᠎ᠲᠠᠢ ᠰᠢᠢ᠍ᠳᠪᠦᠷᠢᠯᠡᠨ᠎ᠡ᠃ ᠬᠤᠲᠠ ᠪᠠᠯᠭ᠋ᠠᠰᠤᠨ᠎ᠤ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠋ᠠᠲᠤ á ­á ¡á · ᠪᠦᠯᠢ᠂ ᠣᠷᠣᠯᠭ᠎ᠠ ᠪᠠᠭ᠋ᠠᠲᠠᠶ ᠪᠥᠭᠡᠳ ᠣᠷᠣᠨ ᠰᠠᠭᠤᠴᠠ ᠵᠢᠨ ᠲᠠᠯ᠎ᠠ᠎ᠪᠠᠷ ᠬᠦᠴᠢᠷᠳᠡᠯᠲᠡᠶ ᠬᠡᠷ ᠪᠦᠯᠢ ᠵᠢ ᠭᠤᠶᠤᠴᠢᠯᠠᠯ ᠵᠶ᠋ᠠᠷ ᠪᠠᠲᠤᠯᠠᠪᠠᠰᠤ ᠵᠣᠬᠢᠬᠤ ᠵᠢ᠎ᠨᠢ ᠪᠦᠬᠦᠨ᠎ᠢ ᠪᠠᠲᠤᠯᠠᠬᠤ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃ ᠡᠯ᠎ᠡ ᠭᠠᠵᠠᠷ ᠣᠷᠣᠨ᠎ᠨᠢ ᠲᠤᠬᠠᠶ ᠵᠢᠨ ᠭᠠᠵᠠᠷ᠎ᠤᠨ ᠵᠶ᠋ᠠᠨ ᠴᠢᠳᠠᠪᠤᠷᠢᠲᠠᠨ ᠣᠷᠣᠭᠤᠯᠵᠤ ᠠᠪᠴᠢᠷᠠᠬᠤ ᠲᠥᠷᠥ ᠵᠢᠨ ᠪᠤᠳᠤᠯᠭ᠎ᠠ᠎ᠲᠠᠢ ᠤᠶᠠᠯᠳᠤᠭᠤᠯᠤᠨ᠂ ᠠᠳᠠᠯᠢ ᠪᠤᠰᠤ ᠲᠡᠰ ᠳᠠᠪᠬᠤᠷᠭ᠎ᠠ ᠵᠢᠨ ᠴᠢᠳᠠᠪᠤᠷᠢᠲᠠᠨ᠎ᠳᠤ ᠴᠢᠭᠯᠡᠭᠦᠯᠵᠦ᠂ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠣᠳᠠᠲᠠᠶ ᠪᠠᠲᠤᠯᠠᠭ᠎ᠠ ᠵᠢᠨ ᠬᠡᠪᠴᠢᠶ᠎ᠡ᠂ ᠪᠠᠲᠤᠯᠠᠭ᠎ᠠ ᠵᠢᠨ ᠪᠠᠷᠢᠮᠵᠢᠶ᠎ᠠ ᠪᠣᠯᠤᠨ ᠪᠠᠲᠤᠯᠠᠭ᠎ᠠ ᠵᠢᠨ á  á ·á ­á Žá   ᠬᠡᠯᠪᠡᠷᠢ ᠵᠢ ᠲᠣᠭᠲᠠᠭ᠋ᠠᠵᠤ ᠪᠣᠯᠤᠨ᠎ᠠ᠃ ᠬᠠᠭᠤᠴᠢᠨ ᠰᠠᠭᠤᠭ᠋ᠠᠯᠢ ᠲᠣᠭᠤᠷᠢᠭ᠎ᠤᠨ ᠥᠭᠡᠷᠡᠴᠢᠯᠡᠯᠲᠡ ᠵᠢ ᠲᠦᠷᠭᠡᠪᠴᠢᠯᠡᠨ ᠠᠬᠢᠭᠤᠯᠵᠤ᠂ 2024 ᠣᠨ᠎ᠳᠤ ᠬᠤᠳᠠ ᠪᠠᠯᠭ᠋ᠠᠰᠤᠨ᠎ᠤ 1185 ᠬᠠᠭᠤᠴᠢᠨ ᠰᠠᠭᠤᠭ᠋ᠠᠯᠢ ᠲᠣᠭᠤᠷᠢᠭ᠂ 19.55 ᠲᠦᠮᠡᠨ ᠡᠷᠤᠭᠡ ᠵᠢ ᠦᠭᠡᠷᠡᠴᠢᠯᠡᠨ ᠰᠢᠨᠡᠳᠭᠡᠬᠦ᠎ᠪᠠᠷ ᠲᠦᠯᠦᠪᠯᠡᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠶ ᠬᠡᠷ ᠪᠠᠶ᠋ᠢᠰᠢᠩ᠎ᠢ ᠰᠢᠨᠡᠳᠬᠡᠨ ᠵᠠᠰᠠᠬᠤ ᠠᠵᠢᠯ᠎ᠢ ᠦᠷᠭᠦᠯᠵᠢᠯᠡᠨ ᠬᠡᠷᠡᠭᠵᠢᠭᠦᠯᠵᠦ᠂ ᠣᠷᠣᠨ ᠰᠠᠭᠤᠴᠠ ᠵᠢᠨ ᠲᠠᠯ᠎ᠠ᠎ᠪᠠᠷ ᠬᠦᠴᠢᠷᠳᠡᠯᠲᠡᠶ ᠣᠯᠠᠨ ᠲᠦᠮᠡᠨ᠎ᠤ ᠣᠷᠣᠨ ᠰᠠᠭᠤᠴᠠ ᠵᠢᠨ ᠨᠥᠬᠦᠴᠡᠯ ᠪᠣᠯᠤᠨ ᠣᠷᠣᠰᠢᠨ ᠰᠠᠭᠤᠬᠤ ᠣᠷᠴᠢᠨ ᠨᠦᠬᠦᠴᠡᠯ᠎ᠢ᠎ᠨᠢ ᠪᠦᠲᠦᠮᠵᠢᠲᠡᠶ ᠰᠠᠶ᠋ᠢᠵᠢᠷᠠᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
   ã€€95. ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠣᠷᠣᠨ ᠲᠤᠭ᠎ᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠯ ᠵᠶ᠋ᠠᠷ ᠪᠠᠶ᠋ᠢᠭᠤᠯᠤᠭᠰᠠᠨ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠶ᠋ᠢᠭᠤᠯᠤᠮᠵᠢ ᠪᠣᠯ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠲᠤᠰᠬᠠᠶ ᠣᠷᠣᠨ ᠲᠤᠭ᠎ᠠ᠎ᠪᠠᠷ ᠪᠠᠲᠤᠯᠠᠭ᠎ᠠ ᠬᠠᠩᠭ᠋ᠠᠵᠤ ᠪᠣᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢ᠍ᠢ᠍ᠭᠤᠯᠤᠮᠵᠢ ᠣᠷᠣᠨ ᠲᠤᠭ᠎ᠠ ᠵᠢᠨ ᠠᠯᠪᠠᠨ ᠬᠡᠷ)
   ã€€96. 《ᠲᠣᠮᠣ ᠤᠯᠤᠰ᠎ᠤᠨ ᠤᠷᠠᠨ ᠳᠠᠷᠬᠠᠨ》᠂ 《ᠤᠮᠠᠷᠠᠲᠤ ᠬᠢᠯᠢ ᠵᠢᠨ ᠤᠷᠠᠨ ᠳᠠᠷᠬᠠᠨ》᠎ᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ᠎ᠤᠨ ᠪᠠᠷᠢᠮᠵᠢᠶ᠎ᠠ᠎ᠪᠠᠷ ᠨᠢᠭᠡ ᠯᠡ ᠤᠳᠠᠭ᠎ᠠ᠎ᠳᠤ ᠬᠦᠬᠢᠭᠦᠯᠦᠨ ᠱᠠᠩᠨᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠵᠢᠯᠴᠢᠨ᠎ᠤ ᠶᠡᠷᠦᠩᠬᠡᠶ ᠡᠪᠯᠡᠯ)
   ã€€ ᠲᠠᠪᠤ᠂ ᠬᠥᠭᠵᠢᠯᠲᠡ ᠵᠢᠨ ᠣᠷᠴᠢᠨ ᠨᠦᠭᠦᠴᠡᠯ᠎ᠢ ᠰᠢᠯᠢᠳᠡᠭᠵᠢᠭᠦᠯᠦᠨ᠎ᠡ
   ã€€ï¼ˆá ¨á ¢á ­á ¡ï¼‰ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠥᠩᠭᠡᠷᠡᠭᠦᠯᠦᠨ᠎ᠡ᠃
   ã€€97. ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠳᠤᠮᠳᠠ ᠵᠢᠵᠢᠭ ᠠᠵᠤ ᠠᠬᠤᠶ᠋ᠢᠯᠠᠯ᠎ᠤᠨ ᠵᠥᠷᠢᠯᠳᠦᠭᠡᠨ ᠥᠬᠡᠶ ᠲᠠᠩᠰᠠᠨ᠎ᠳᠠᠬᠢ ᠵᠣᠭᠤᠰ᠎ᠢ ᠪᠦᠬᠦᠨ᠎ᠢ ᠳᠥᠯᠥᠵᠦ ᠳᠠᠭᠤᠰᠬᠠᠨ᠂ ᠥᠷᠢᠲᠦᠭᠰᠡᠨ ᠵᠣᠭᠤᠰ᠎ᠢ ᠬᠥᠳᠡᠯᠦᠩᠭᠦᠶ᠎ᠪᠠᠷ ᠲᠡᠭ ᠪᠣᠯᠭ᠋ᠠᠬᠤ ᠵᠢ ᠦᠨᠡᠨ ᠬᠦ᠌ ᠪᠠᠲᠤᠯᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   ã€€98. 2021 ᠣᠨ᠎ᠤ 1 ᠳ᠋ᠤᠭᠡᠷ á °á  á ·á Žá   ᠵᠢᠨ 1á Žá ¤ ᠡᠳᠦᠷ᠎ᠠᠴᠠ 2025 ᠣᠨ᠎ᠤ 12 ᠳ᠋ᠤᠭ᠋ᠠᠷ á °á  á ·á Žá   ᠵᠢᠨ 31á Žá ¤ ᠡᠳᠦᠷ ᠪᠣᠯᠲᠠᠯ᠎ᠠ᠂ ᠣᠨ᠎ᠤ ᠭᠠᠢ᠍ᠢ᠍ᠯᠢ ᠲᠤᠰᠢᠶᠠᠪᠠᠯ ᠵᠣᠬᠢᠬᠤ ᠠᠰᠢᠭ ᠣᠷᠣᠯᠭ᠎ᠠ ᠵᠢᠨ ᠲᠤᠭ᠎ᠠ᠎ᠨᠢ 100 ᠲᠦᠮᠡᠨ ᠲᠥᠭᠦᠷᠢᠭ (100 ᠲᠦᠮᠡᠨ ᠲᠥᠭᠦᠷᠢᠭ ᠪᠠᠭᠲᠠᠨ᠎ᠠ)᠎ᠠᠴᠠ ᠳᠣᠣᠷ᠎ᠠ ᠪᠠᠶ᠋ᠢᠭ᠎ᠠ ᠵᠢᠵᠢᠭ ᠬᠡᠯᠪᠡᠷᠢ ᠵᠢᠨ ᠪᠠᠭ᠎ᠠ ᠤᠯᠵᠠᠲᠤ ᠠᠵᠤ ᠠᠬᠤᠶ᠋ᠢᠯᠠᠯ᠎ᠢ ᠠᠵᠤ ᠠᠬᠤᠶ᠋ᠢᠯᠠᠯ᠎ᠤᠨ ᠣᠯᠵᠠᠪᠤᠷᠢ ᠵᠢᠨ ᠭᠠᠶ᠋ᠢᠯᠢ ᠵᠢᠨ ᠣᠷᠣᠨ ᠨᠤᠲᠤᠭ᠎ᠤᠨ ᠬᠤᠪᠢᠶᠠᠨ ᠡᠳ᠋ᠯᠡᠬᠦ ᠬᠡᠰᠡᠭ᠎ᠢ ᠲᠠᠲᠠᠪᠤᠷᠢᠯᠠᠬᠤ᠎ᠠᠴᠠ ᠬᠡᠯᠲᠦᠷᠢᠭᠦᠯᠦᠨ᠎ᠡ᠃ á °á  á ·á Žá   ᠵᠢᠨ ᠪᠣᠷᠣᠯᠠᠭᠤᠯᠤᠯᠲᠠ ᠵᠢᠨ ᠲᠤᠭ᠎ᠠ᠎ᠨᠢ 3 ᠲᠦᠮᠡᠨ ᠲᠥᠭᠦᠷᠢᠭ (ᠤᠯᠠᠷᠢᠯ ᠵᠶ᠋ᠠᠷ ᠪᠣᠯ 9 ᠲᠦᠮᠡᠨ ᠲᠥᠭᠦᠷᠢᠭ)᠎ᠠᠴᠠ ᠳᠠᠪᠠᠭᠰᠠᠨ ᠥᠬᠡᠶ ᠪᠠᠭ᠎ᠠ ᠬᠡᠪᠴᠢᠶᠡᠨ᠎ᠤ ᠭᠠᠶ᠋ᠢᠯᠢ ᠲᠤᠰᠢᠶᠠᠭᠴᠢ ᠵᠢ ᠬᠡᠷ ᠬᠥᠷᠥᠩᠭᠡ ᠵᠢᠨ ᠭᠠᠶ᠋ᠢᠯᠢ᠂ ᠬᠤᠲᠠ ᠪᠠᠯᠭ᠋ᠠᠰᠤᠨ᠎ᠤ ᠭᠠᠵᠠᠷ ᠰᠢᠷᠣᠶ ᠬᠡᠷᠡᠭᠯᠡᠬᠦ ᠭᠠᠶ᠋ᠢᠯᠢ ᠲᠠᠲᠠᠪᠤᠷᠢᠯᠠᠬᠤ᠎ᠠᠴᠠ ᠭᠡᠯᠳᠦᠷᠢᠭᠦᠯᠦᠨ᠎ᠡ᠃ ᠠᠴᠢᠶᠠᠨ᠎ᠤ ᠮᠠᠰᠢᠨ ᠲᠡᠷᠭᠡ᠂ ᠴᠢᠷᠦᠭᠦᠯ ᠲᠡᠷᠭᠡ᠂ ᠲᠤᠰᠬᠠᠶ ᠬᠡᠷᠡᠭᠯᠡᠬᠦ ᠠᠵᠢᠯᠯᠠᠭ᠋ᠠᠨ᠎ᠤ ᠲᠡᠷᠭᠡ᠂ ᠬᠦᠷᠳᠦᠲᠦ ᠲᠤᠰᠬᠠᠶ ᠬᠡᠷᠡᠭᠯᠡᠬᠦ ᠮᠠᠰᠢᠨ ᠲᠡᠷᠭᠡᠨ᠎ᠤ ᠲᠡᠷᠭᠡ ᠣᠩᠭᠤᠴᠠ ᠵᠢᠨ ᠭᠠᠶ᠋ᠢᠯᠢ ᠵᠢᠨ ᠲᠣᠬᠢᠷᠠᠭᠤᠯᠤᠨ ᠬᠡᠷᠡᠭᠯᠡᠬᠦ ᠭᠠᠶ᠋ᠢᠯᠢ ᠵᠢᠨ ᠲᠤᠭ᠎ᠠ ᠵᠢ ᠣᠲᠣ ᠵᠢᠨ ᠬᠡᠷᠡᠭᠵᠢᠭᠦᠯᠵᠦ ᠪᠠᠶ᠋ᠢᠭ᠎ᠠ ᠲᠡᠷᠭᠡ ᠣᠩᠭᠤᠴᠠ ᠵᠢᠨ ᠭᠠᠶ᠋ᠢᠯᠢ ᠵᠢᠨ ᠲᠣᠬᠢᠷᠠᠭᠤᠯᠤᠨ ᠬᠡᠷᠡᠭᠯᠡᠬᠦ ᠭᠠᠶ᠋ᠢᠯᠢ ᠵᠢᠨ ᠲᠣᠭ᠋ᠠᠨ᠎ᠤ 50%᠎ᠪᠠᠷ ᠲᠠᠲᠠᠪᠤᠷᠢᠯᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ)
   ã€€99. ᠬᠤᠲᠠ ᠵᠢᠨ ᠳᠣᠭᠢᠷᠠᠭᠤᠯᠤᠨ ᠬᠦᠷᠭᠡᠬᠦ ᠲᠡᠷᠭᠡ ᠬᠥᠰᠬᠡ ᠵᠢᠨ ᠨᠡᠪᠲᠡᠷᠡᠬᠦ᠎ᠳᠤ ᠲᠥᠬᠦᠮ ᠦᠵᠡᠭᠦᠯᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢ᠍ᠯ᠂ ᠠᠮᠢᠳᠤ ᠰᠣᠷᠭᠤᠭ ᠲᠠᠷᠢᠶᠠᠯᠠᠩ᠎ᠤᠨ ᠪᠦᠲᠦᠭᠡᠭᠳᠡᠬᠦᠨ᠂ ᠬᠦᠢ᠍ᠲᠡᠨ ᠵᠶ᠋ᠠᠷ ᠰᠢᠨ᠎ᠡ ᠰᠤᠷᠭᠤᠭ ᠪᠠᠢ᠍ᠢ᠍ᠯᠭ᠋ᠠᠨ ᠬᠠᠳᠠᠭ᠋ᠠᠯᠠᠬᠤ ᠪᠦᠲᠦᠭᠡᠭᠳᠡᠬᠦᠨ᠂ ᠰᠢᠤᠳᠠᠨ ᠵᠶ᠋ᠠᠷ ᠭᠤᠪᠢᠭᠤᠯᠤᠨ ᠢᠯᠡᠭᠡᠬᠦ ᠵᠡᠷᠭᠡ ᠠᠷᠠᠳ᠎ᠤᠨ ᠠᠮᠢᠳᠤᠷᠠᠯ᠎ᠳᠤ ᠬᠤᠯᠪᠣᠭᠳᠠᠭᠰᠠᠨ ᠡᠳ᠋ ᠪᠠᠷᠠᠭ᠎ᠠ ᠵᠢ ᠲᠡᠭᠡᠭᠡᠪᠦᠷᠢᠯᠡᠬᠦ ᠰᠢᠨ᠎ᠡ ᠡᠨᠧᠷᠭᠢ ᠪᠠ ᠴᠡᠪᠡᠷ ᠡᠨᠧᠷᠭᠢ ᠵᠢᠨ ᠳᠣᠭᠢᠷᠠᠭᠤᠯᠤᠨ ᠬᠦᠷᠭᠡᠬᠦ ᠲᠡᠷᠭᠡ ᠬᠥᠰᠬᠡ᠎ᠳᠤ ᠤᠷᠢᠳ ᠵᠶ᠋ᠠᠷ ᠦᠩᠭᠡᠷᠡᠵᠦ ᠨᠡᠪᠲᠡᠷᠡᠬᠦ ᠡᠷᠬᠡ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ)
   ã€€100. ᠠᠵᠤ ᠠᠬᠤᠶ᠋ᠢᠯᠠᠯ᠎ᠲᠠᠢ ᠬᠤᠯᠪᠣᠭᠳᠠᠭᠰᠠᠨ ᠰᠦᠢ᠍ᠳᠬᠡᠯ ᠬᠤᠷᠢᠶᠠᠬᠤ ᠲᠤᠰᠬᠠᠶ ᠵᠦᠢ᠍ᠯ᠎ᠤᠨ ᠵᠠᠰᠠᠯᠲᠠ ᠵᠢ ᠥᠷᠨᠢᠭᠦᠯᠦᠨ᠎ᠡ᠃ ᠲᠥᠷᠥ ᠵᠢᠨ ᠪᠠᠢ᠍ᠢ᠍ᠭᠤᠯᠭ᠎ᠠ ᠵᠢᠴᠢ ᠬᠠᠷᠢᠶ᠎ᠠ ᠨᠢᠭᠡᠴᠢ᠎ᠳᠤ ᠰᠦᠢ᠍ᠳᠬᠡᠯ ᠬᠤᠷᠢᠶᠠᠬᠤ ᠲᠠᠯ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠡᠯᠧᠺᠲᠷᠣᠨ ᠵᠠᠰᠠᠭ᠎ᠤᠨ ᠶᠠᠪᠤᠳᠠᠯ᠎ᠤᠨ ᠲᠠᠪᠴᠠᠩ᠎ᠤᠨ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠭᠰᠠᠨ ᠪᠤᠶᠤ ᠵᠠᠷᠤᠳᠠᠯ ᠰᠦᠢ᠍ᠳᠭᠡᠯ᠎ᠢ ᠲᠤᠬᠤᠭᠰᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠭᠤᠤᠯᠳᠠᠯᠭ᠎ᠠ᠎ᠲᠠᠢ ᠵᠠᠰᠠᠨ᠎ᠠ᠃ ᠤᠰᠤ ᠴᠠᠬᠢᠯᠭ᠋ᠠᠨ ᠬᠡᠢ ᠳᠤᠯᠠᠭ᠋ᠠᠯᠠᠭ᠎ᠠ ᠵᠢᠨ ᠵᠠᠷᠤᠳᠠᠯ᠎ᠢ ᠳᠤᠷ᠎ᠠ᠎ᠪᠠᠷ ᠵᠶ᠋ᠠᠨ ᠬᠤᠷᠢᠶᠠᠬᠤ ᠵᠢ ᠪᠠᠶ᠋ᠢᠴᠠᠭ᠋ᠠᠬᠤ ᠠᠵᠢᠯ ᠵᠶ᠋ᠠᠨ ᠦᠷᠭᠦᠯᠵᠢᠯᠡᠨ ᠴᠢᠩᠭ᠋ᠠᠳᠬᠠᠵᠤ᠂ ᠤᠰᠤ ᠴᠠᠬᠢᠯᠭ᠋ᠠᠨ ᠬᠡᠢ ᠳᠤᠯᠠᠭ᠋ᠠᠯᠠᠭ᠎ᠠ ᠬᠠᠩᠭ᠋ᠠᠬᠤ ᠢᠨᠵᠧᠨᠧᠷᠢᠩ᠎ᠤᠨ ᠤᠭᠰᠠᠷᠠᠬᠤ᠂ ᠠᠷᠠᠴᠢᠯᠠᠨ ᠬᠠᠮᠠᠭ᠋ᠠᠯᠠᠵᠤ ᠰᠡᠯᠪᠢᠨ ᠵᠠᠰᠠᠬᠤ ᠬᠦᠷᠢᠶᠡᠨ᠎ᠤ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠂ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠦᠨ᠎ᠡ ᠬᠠᠩᠰᠢ ᠪᠤᠶᠤ ᠵᠠᠰᠠᠭ᠎ᠤᠨ ᠣᠷᠳᠣᠨ᠎ᠤ ᠵᠢᠯᠣᠭᠤᠳᠬᠤ ᠦᠨ᠎ᠡ ᠬᠠᠩᠰᠢ ᠵᠢ ᠬᠡᠷᠡᠭᠵᠢᠭᠦᠯᠬᠦ ᠦᠭᠡᠢ᠂ ᠵᠦᠢ ᠵᠤᠬᠢᠰ ᠦᠭᠡᠢ ᠰᠦᠢ᠍ᠳᠬᠡᠯ ᠬᠤᠷᠢᠶᠠᠭᠰᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠨ᠎ᠡ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠪᠠᠯᠠ ᠲᠣᠬᠢᠷᠠᠭᠤᠯᠬᠤ ᠭᠤᠭᠴᠤᠭ᠎ᠠ ᠪᠠ ᠲᠣᠭ᠋ᠠᠴᠠᠭ᠎ᠠ ᠬᠢᠬᠦ ᠭᠤᠭᠴᠤᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠢᠭᠡᠯᠡᠯᠭᠡ ᠵᠢ ᠳᠠᠭ᠋ᠠᠯᠳᠤᠭᠤᠯᠤᠨ ᠠᠯᠪᠠᠳᠠᠯᠭ᠎ᠠ᠎ᠪᠠᠷ ᠰᠦᠢ᠍ᠳᠬᠡᠯ ᠬᠤᠷᠢᠶᠠᠬᠤ᠂ ᠵᠠᠪᠰᠠᠷ᠎ᠤᠨ ᠲᠤᠬᠠᠶ᠋ᠢᠯᠠᠭᠰᠠᠨ ᠠᠵᠢᠯ᠎ᠳᠤ ᠵᠥᠪᠬᠡᠨ ᠰᠦᠢ᠍ᠳᠬᠡᠯ ᠬᠤᠷᠢᠶᠠᠬᠤ᠎ᠠᠴᠠ ᠪᠢᠰᠢ ᠦᠢ᠍ᠯᠡᠴᠢᠯᠡᠬᠦ ᠥᠬᠡᠶ᠂ ᠲᠣᠭ᠋ᠠᠴᠠᠭ᠎ᠠ ᠬᠢᠬᠦ ᠭᠠᠷᠳᠠᠮ᠎ᠤᠨ ᠰᠦᠢ᠍ᠳᠬᠡᠯ᠎ᠢ ᠬᠠᠰᠤᠵᠤ ᠭᠡᠯᠳᠦᠷᠢᠭᠦᠯᠬᠦ ᠲᠥᠷᠥ ᠵᠢᠨ ᠪᠣᠳᠣᠯᠭ᠎ᠠ ᠵᠢ ᠦᠯᠦ ᠨᠠᠶ᠋ᠢᠳᠠᠪᠤᠷᠢᠵᠢᠭᠤᠯᠬᠤ ᠵᠡᠷᠭᠡ ᠦᠢ᠍ᠯᠡ ᠠᠵᠢᠯᠯᠠᠭ᠎ᠠ ᠵᠢ ᠭᠤᠤᠯᠳᠠᠯᠭ᠎ᠠ᠎ᠲᠠᠢ ᠪᠠᠢ᠍ᠢ᠍ᠴᠠᠭ᠋ᠠᠨ ᠰᠢᠢ᠍ᠳᠪᠦᠷᠢᠯᠡᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   ã€€ï¼ˆá ¬á ¤á ¶á  á ·ï¼‰ ᠵᠠᠬ᠎ᠠ ᠳᠡᠯᠭᠡᠭᠦᠷ᠎ᠤᠨ ᠣᠷᠴᠢᠨ ᠨᠦᠬᠦᠴᠡᠯ᠎ᠢ ᠰᠢᠯᠢᠳᠡᠭᠵᠢᠭᠦᠯᠦᠨ᠎ᠡ᠃
   ã€€101. ᠨᠥᠬᠦᠴᠡᠯ ᠪᠦᠷᠢᠯᠳᠦᠭᠦᠯᠦᠭᠰᠡᠨ ᠬᠢᠯᠢ ᠵᠢᠨ ᠪᠣᠭᠤᠮᠲᠠ᠎ᠨᠢ ᠪᠣᠭᠤᠮᠲᠠ ᠵᠢᠨ ᠬᠢᠨᠠᠨ ᠬᠠᠮᠢᠶᠠᠷᠴᠤ ᠪᠦᠬᠦᠢ ᠠᠵᠢᠯ᠎ᠤᠨ ᠲᠠᠯᠠᠪᠤᠷ᠎ᠲᠤ ᠬᠦᠷᠦᠭᠰᠡᠨ ᠮᠥᠷᠲᠡᠭᠡᠨ ᠬᠠᠮᠢᠶ᠎ᠠ ᠪᠥᠬᠦᠶ ᠮᠡᠳᠡᠭᠡ ᠵᠠᠩᠭᠢ᠎ᠪᠠᠨ ᠪᠦᠷᠢᠨ ᠪᠦᠲᠦᠨ ᠲᠤᠰᠢᠶᠠᠭᠰᠠᠨ RCEP᠎ᠤᠨ ᠤᠤᠯ᠎ᠤᠨ ᠦᠢ᠍ᠯᠡᠳᠪᠦᠷᠢᠯᠡᠭᠰᠡᠨ ᠠᠮᠠᠷᠬᠠᠨ ᠢᠯᠵᠢᠷᠡᠬᠦ ᠪᠠᠷᠠᠭ᠎ᠠ ᠪᠠ ᠲᠦᠷᠭᠡᠨ ᠬᠦᠷᠭᠡᠬᠦ ᠵᠦᠢ᠍ᠯ᠎ᠳᠤ᠂ ᠴᠢᠬᠤᠯᠠ ᠪᠥᠬᠦᠶ ᠨᠥᠬᠦᠴᠡᠯ᠎ᠢ ᠬᠠᠩᠭ᠋ᠠᠭᠰᠠᠨ ᠪᠠᠶ᠋ᠢᠳᠠᠯ ᠳᠣᠤᠷ᠎ᠠ 6 ᠴᠠᠭ᠎ᠤᠨ ᠳᠣᠲᠣᠷ᠎ᠠ ᠶᠠᠪᠤᠭᠤᠯᠬᠤ ᠲᠥᠬᠦᠮ ᠲᠦᠳᠡ á  á ·á ­á Žá   ᠬᠡᠮᠵᠢᠶ᠎ᠡ ᠵᠢ ᠬᠡᠷᠡᠭᠵᠢᠭᠦᠯᠬᠦ᠎ᠪᠠᠷ ᠴᠢᠷᠮᠠᠶ᠋ᠢᠨ᠎ᠠ᠃(ᠬᠠᠷᠢᠭᠤᠴᠠᠯᠭ᠋ᠠᠲᠤ ᠨᠢᠭᠡᠴᠢ᠄ ᠬᠥᠬᠡᠬᠤᠲᠠ ᠪᠣᠭᠤᠮᠲᠠ)
   ã€€102. ᠳᠤᠮᠳᠠᠳᠤ ᠤᠯᠤᠰ᠎ᠤᠨ ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠥᠪᠥᠷ ᠮᠣᠩᠭᠤᠯ᠎ᠤᠨ ᠳᠤᠮᠳᠠᠳᠤ ᠧᠦ᠋ᠷᠣᠫᠠ ᠵᠢᠨ ᠡᠭᠡᠯᠵᠢ ᠵᠢᠨ ᠭᠠᠯᠲᠤ ᠲᠡᠷᠭᠡ ᠵᠢ ᠨᠡᠮᠡᠭᠳᠡᠭᠦᠯᠬᠦ ᠲᠥᠯᠥᠪᠯᠡᠭᠡ ᠵᠢ ᠣᠯᠬᠤ᠎ᠪᠠᠷ ᠢᠳᠡᠪᠬᠢᠲᠡᠶ ᠴᠢᠷᠮᠠᠶ᠋ᠢᠵᠤ᠂ ᠠᠶᠠᠯᠠᠬᠤ ᠵᠠᠮ ᠱᠤᠭᠤᠮ᠎ᠢ᠎ᠨᠢ ᠨᠡᠮᠡᠭᠳᠡᠭᠦᠯᠦᠨ᠎ᠡ᠃ ᠬᠢᠯᠢ ᠵᠢᠨ ᠪᠣᠭᠤᠮᠲᠠ᠎ᠪᠠᠷ ᠥᠩᠭᠡᠷᠡᠬᠦ᠂ ᠲᠡᠮᠦᠷ ᠵᠠᠮ ᠵᠶ᠋ᠠᠷ ᠠᠵᠢᠯᠯᠠᠬᠤ ᠵᠡᠷᠭᠡ ᠲᠠᠯ᠎ᠠ᠎ᠪᠠᠷ ᠵᠠᠮ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ᠎ᠠ᠃ 《ᠳᠠᠷᠤᠶ᠎ᠳᠤ᠎ᠨᠢ ᠪᠠᠭᠤᠯᠭ᠋ᠠᠬᠤ ᠳᠠᠷᠤᠶ᠎ᠳᠤ᠎ᠨᠢ ᠠᠴᠢᠶᠠᠯᠠᠬᠤ》 ᠲᠡᠭᠡᠭᠡᠪᠦᠷᠢ ᠵᠢᠨ ᠵᠠᠭᠪᠤᠷ᠎ᠢ ᠳᠡᠮᠵᠢᠵᠦ᠂ 《ᠲᠡᠮᠦᠷ ᠵᠠᠮ᠎ᠢ ᠲᠦᠷᠭᠡᠨ ᠨᠡᠪᠲᠡᠷᠡᠭᠦᠯᠬᠦ》 ᠬᠡᠷᠡᠭᠯᠡᠭᠡᠨ᠎ᠢ ᠳᠡᠯᠭᠡᠷᠡᠭᠦᠯᠦᠨ ᠬᠡᠷᠡᠭᠵᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠤᠲᠠ ᠲᠣᠪᠴᠢᠶᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ)
   ã€€103. 《ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠥᠭᠵᠢᠯᠲᠡ ᠵᠢ ᠠᠬᠢᠭᠤᠯᠬᠤ ᠲᠦᠷᠢᠮ》᠎ᠢ ᠲᠣᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠢᠵᠢᠭ ᠪᠢᠴᠢᠯ ᠠᠵᠤ ᠠᠬᠤᠶ᠋ᠢᠯᠠᠯ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠭᠤᠷᠪᠠᠨ ᠵᠢᠯ᠎ᠤᠨ ᠪᠤᠶ᠋ᠢᠵᠢᠯᠲᠠ ᠵᠢᠨ ᠲᠥᠯᠥᠪᠯᠡᠭᠡ (2023 — 2025)》 ᠵᠢ ᠭᠦᠨᠵᠡᠭᠡᠶ ᠬᠡᠷᠡᠭᠵᠢᠭᠦᠯᠦᠨ᠎ᠡ᠃ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠭᠡᠬᠦ》 ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠭᠡᠬᠦ》 ᠵᠦᠢ᠍ᠯᠡᠰ᠎ᠤᠨ ᠲᠤᠳᠤᠷᠬᠠᠢ ᠬᠠᠭᠤᠳᠠᠰᠤ ᠵᠢ ᠬᠥᠳᠡᠯᠦᠩᠭᠦᠶ᠎ᠪᠠᠷ ᠳᠣᠭᠢᠷᠠᠭᠤᠯᠤᠨ᠂ ᠠᠵᠢᠯ ᠵᠦᠢ᠍ᠯᠡᠰ᠎ᠢ ᠨᠡᠶ᠋ᠢᠳᠡᠮ ᠭᠦᠢ᠍ᠴᠡᠳᠭᠡᠬᠦ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠵᠦ᠂ ᠥᠨᠳᠥᠷ ᠲᠠᠪᠳᠠᠮᠵᠢᠳᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠨᠢᠭᠡ ᠯᠡ ᠤᠳᠠᠭ᠎ᠠ᠎ᠳᠤ ᠭᠦᠢ᠍ᠴᠡᠳᠬᠡᠬᠦ》᠂ 《ᠮᠤᠵᠢ ᠠᠯᠤᠰᠯᠠᠨ ᠨᠡᠶ᠋ᠢᠳᠡᠮ ᠭᠦᠢ᠍ᠴᠡᠳᠭᠡᠬᠦ》 ᠵᠢ ᠪᠡᠶᠡᠯᠡᠭᠦᠯᠦᠨ᠎ᠡ᠃ ᠡᠯᠧᠺᠲᠷᠣᠨ ᠡᠵᠡᠩᠨᠡᠯᠲᠡ ᠵᠢᠨ ᠦᠨᠡᠮᠯᠡᠯ ᠪᠠ ᠡᠯᠧᠺᠲᠷᠣᠨ ᠲᠠᠮᠠᠭ᠎ᠠ ᠵᠢᠨ ᠬᠡᠷᠡᠭᠯᠡᠯᠲᠡ ᠵᠢ ᠳᠡᠯᠭᠡᠷᠡᠭᠦᠯᠵᠦ᠂ ᠠᠵᠤ ᠠᠬᠤᠶ᠋ᠢᠯᠠᠯ᠎ᠤᠨ ᠨᠡᠷ᠎ᠡ ᠲᠦᠷᠦ ᠵᠢ ᠢᠯᠭ᠋ᠠᠨ ᠲᠠᠨᠢᠵᠤ ᠭᠡᠷᠡᠴᠢᠯᠡᠬᠦ ᠵᠢ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠍ᠢ᠍ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   ã€€104. ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠣᠷᠣᠯᠠᠨ ᠭᠦᠢ᠍ᠴᠡᠳᠬᠡᠬᠦ᠂ ᠬᠠᠪᠰᠤᠷᠤᠨ ᠭᠦᠢ᠍ᠴᠡᠳᠬᠡᠬᠦ ᠦᠢ᠍ᠯᠡᠴᠢᠯᠡᠭᠡᠨ᠎ᠤ á ¶á  á °á ¤ ᠴᠢᠨᠠᠷ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠵᠦ᠂ ᠭᠤᠤᠯᠳᠠᠯᠭ᠎ᠠ᠎ᠲᠠᠢ ᠲᠥᠷᠥᠯ ᠵᠦᠢ᠍ᠯ᠎ᠢ ᠳᠠᠭ᠋ᠠᠭ᠋ᠠᠨ ᠪᠠᠶ᠋ᠢᠭᠤᠯᠬᠤ ᠠᠵᠤ ᠠᠬᠤᠶ᠋ᠢᠯᠠᠯ᠎ᠳᠤ ᠲᠦᠢ᠍ᠯ᠎ᠤᠨ ᠣᠨᠣᠴᠠᠲᠠᠶ᠎ᠪᠠᠷ ᠣᠷᠣᠯᠠᠨ ᠭᠦᠢ᠍ᠴᠡᠳᠬᠡᠬᠦ᠂ ᠬᠠᠯᠠᠭᠤᠮᠰᠤᠭ ᠲᠤᠳᠤᠨᠤ᠎ᠪᠠᠷ ᠬᠠᠪᠰᠤᠷᠤᠨ ᠭᠦᠢ᠍ᠴᠡᠳᠬᠡᠬᠦ ᠦᠢ᠍ᠯᠡᠴᠢᠯᠡᠭᠡ ᠬᠠᠩᠭ᠋ᠠᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ ᠲᠡᠢ᠍ᠢ᠍ᠰᠢ ᠤᠷᠲᠤᠳᠬᠠᠬᠤ ᠵᠢ ᠲᠦᠷᠭᠡᠳᠬᠡᠨ ᠠᠬᠢᠭᠤᠯᠵᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠤᠨ ᠥᠷᠲᠡᠭᠡ》᠎ᠪᠠᠷ ᠠᠴᠢᠶᠠᠯᠠᠪᠤᠷᠢ ᠪᠣᠯᠭ᠋ᠠᠨ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠠᠵᠤ ᠠᠬᠤᠶ᠋ᠢᠯᠠᠯ᠎ᠳᠤ ᠴᠢᠨᠠᠷ ᠰᠠᠶ᠋ᠢᠲᠠᠶ ᠥᠨᠳᠥᠷ ᠦᠷ᠎ᠡ ᠪᠦᠲᠦᠮᠵᠢᠲᠡᠶ ᠳᠥᠭᠦᠮ ᠳᠥᠲᠡ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ ᠬᠠᠩᠭ᠋ᠠᠵᠤ᠂ 《ᠬᠦ᠍ᠷᠢᠶᠡᠯᠡᠩ ᠲᠣᠭᠤᠷᠢᠭ᠎ᠤᠨ ᠠᠵᠢᠯ ᠶᠠᠪᠤᠳᠠᠯ᠎ᠢ ᠬᠦᠷᠢᠶᠡᠯᠡᠩ ᠲᠣᠭᠤᠷᠢᠭ᠎ᠲᠤ ᠭᠦᠢ᠍ᠴᠡᠳᠬᠡᠬᠦ》 ᠵᠢ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠍ᠢ᠍ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ)
   ã€€105. ᠬᠡᠮᠵᠢᠯᠲᠡ᠂ ᠪᠠᠷᠢᠮᠵᠢᠶ᠎ᠠ᠂ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠰᠢᠨᠵᠢᠬᠦ᠂ ᠭᠡᠷᠡᠴᠢᠯᠡᠵᠦ ᠮᠡᠳᠡᠷᠡᠬᠦ ᠵᠡᠷᠭᠡ á ¶á  á °á ¤ ᠴᠢᠨᠠᠷ᠎ᠤᠨ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ á ¶á  á °á ¤ ᠴᠢᠨᠠᠷ᠎ᠤᠨ ᠰᠠᠭᠤᠷᠢ ᠪᠡᠯᠡᠳᠬᠡᠮᠵᠢ ᠵᠢᠨ ᠬᠤᠷᠠᠮᠠᠯ ᠦᠢ᠍ᠯᠡᠴᠢᠯᠡᠭᠡᠨ᠎ᠤ ᠰᠠᠭᠤᠷᠢᠨ ᠭᠠᠵᠠᠷ᠎ᠢ ᠴᠣᠭᠴᠠᠯᠠᠨ ᠪᠠᠶ᠋ᠢᠭᠤᠯᠵᠤ᠂ á ¶á  á °á ¤ ᠴᠢᠨᠠᠷ᠎ᠤᠨ ᠮᠡᠷᠭᠡᠵᠢᠯ᠎ᠤᠨ ᠦᠢ᠍ᠯᠡᠴᠢᠯᠡᠭᠡᠨ᠎ᠢ 《ᠬᠦ᠍ᠷᠢᠶᠡᠯᠡᠩ ᠲᠣᠭᠤᠷᠢᠭ᠎ᠲᠤ ᠣᠷᠣᠭᠤᠯᠬᠤ》᠂ 《ᠠᠵᠤ ᠠᠬᠤᠶ᠋ᠢᠯᠠᠯ᠎ᠳᠤ ᠣᠷᠣᠭᠤᠯᠬᠤ》 ᠵᠢ ᠠᠬᠢᠭᠤᠯᠵᠤ᠂ ᠣᠷᠣᠨ ᠪᠦᠰᠡ ᠵᠢᠨ ᠠᠵᠤ ᠠᠬᠤᠶ ᠵᠢᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   ã€€106. ᠭᠤᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠯᠲᠠ ᠵᠢ ᠴᠢᠩᠭ᠋ᠠᠷᠠᠭᠤᠯᠤᠨ᠎ᠠ᠃ ᠣᠷᠣᠨ ᠨᠤᠲᠤᠭ᠎ᠤᠨ ᠬᠠᠮᠠᠭ᠋ᠠᠯᠠᠯᠲᠠ ᠪᠠ ᠵᠠᠬ᠎ᠠ ᠳᠡᠯᠭᠡᠭᠦᠷ᠎ᠤᠨ ᠬᠡᠰᠡᠭᠯᠡᠯ᠎ᠤᠨ ᠲᠣᠪᠤᠶ᠋ᠢᠮ᠎ᠠ ᠠᠰᠠᠭᠤᠳᠠᠯ᠎ᠢ ᠲᠤᠰᠬᠠᠶ᠋ᠢᠯᠠᠨ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠠᠵᠢᠯᠯᠠᠭ᠎ᠠ᠎ᠳᠤ ᠣᠷᠣᠯᠴᠠᠬᠤ ᠵᠢ ᠭᠠᠳᠠᠭᠤᠷᠴᠢᠯᠠᠬᠤ᠂ ᠬᠠᠷᠰᠢᠯᠠᠬᠤ ᠲᠥᠷᠥ ᠵᠢᠨ ᠪᠣᠳᠣᠯᠭ᠎ᠠ á  á ·á ­á Žá   ᠬᠡᠮᠵᠢᠶ᠎ᠡ ᠵᠢ ᠢᠯᠭ᠋ᠠᠷᠠᠭᠤᠯᠤᠨ ᠬᠦᠴᠦᠨ ᠦᠭᠡᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠭᠤᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠬᠤ ᠬᠠᠮᠢᠶ᠎ᠠ ᠪᠥᠬᠦᠶ ᠲᠦᠷᠢᠮ᠎ᠢ ᠲᠡᠭᠦᠯᠳᠡᠷᠵᠢᠭᠦᠯᠦᠨ᠂ ᠭᠤᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠯᠲᠠ ᠵᠢᠨ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠪᠥᠬᠦ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠪᠥᠲᠥᠭᠡᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   ã€€107. ᠢᠳᠡᠭᠡᠨ᠎ᠤ ᠵᠦᠢ᠍ᠯ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠣᠯᠠᠨ ᠲᠦᠮᠡᠨ᠎ᠤ ᠲᠤᠰᠬᠠᠯ ᠴᠢᠩᠭ᠎ᠠ᠂ ᠠᠵᠤ ᠦᠢ᠍ᠯᠡᠰ᠎ᠤᠨ ᠬᠥᠭᠵᠢᠯᠲᠡ᠎ᠳᠤ ᠬᠥᠨᠥᠭᠡᠯ᠎ᠲᠠᠢ ᠦᠢ᠍ᠯᠡ ᠠᠵᠢᠯᠯᠠᠭ᠎ᠠ᠎ᠳᠤ ᠴᠢᠭᠯᠡᠭᠦᠯᠦᠨ ᠲᠤᠰᠬᠠᠶ ᠴᠡᠭᠴᠡᠯᠡᠨ ᠵᠠᠰᠠᠬᠤ ᠠᠵᠢᠯ᠎ᠢ ᠥᠷᠨᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   ã€€108. ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭ᠋ᠠᠯᠠᠬᠤ᠂ ᠬᠠᠮᠢᠶᠠᠷᠬᠤ ᠪᠠ ᠦᠢ᠍ᠯᠡᠴᠢᠯᠡᠬᠦ ᠬᠢᠷᠢ ᠲᠦᠪᠰᠢᠨ᠎ᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠲᠤᠰᠬᠠᠶ ᠠᠰᠢᠭ᠎ᠢ ᠤᠯᠠᠷᠢᠭᠤᠯᠤᠨ ᠬᠡᠷᠡᠭᠯᠡᠬᠦ ᠲᠤᠰᠬᠠᠶ ᠠᠵᠢᠯᠯᠠᠭ᠋ᠠᠨ᠎ᠢ ᠬᠡᠷᠡᠭᠵᠢᠭᠦᠯᠦᠨ᠂ ᠨᠡᠶ᠋ᠢᠭᠡᠮ ᠳᠠᠶᠠᠭ᠋ᠠᠷ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠰᠠᠯᠠᠭ᠎ᠠ ᠮᠥᠴᠢᠷ᠎ᠤᠨ ᠬᠤᠯᠪᠣᠭ᠋ᠠᠯᠠᠨ 《ᠬᠤᠶᠠᠷ᠎ᠢ ᠳᠠᠰᠢᠷᠠᠮ ᠵᠶ᠋ᠠᠷ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢ ᠭᠦᠨᠵᠡᠭᠡᠶ᠋ᠢᠷᠡᠭᠦᠯᠵᠦ᠂ ᠠᠵᠤ ᠠᠬᠤᠶ᠋ᠢᠯᠠᠯ᠎ᠤᠨ ᠢᠲᠡᠭᠡᠮᠵᠢ ᠵᠢᠨ ᠲᠦᠭᠰᠢᠭᠦᠷᠢ ᠵᠢ ᠲᠠᠰ ᠲᠥᠷᠥᠯ ᠬᠤᠪᠢᠶᠠᠨ ᠬᠠᠮᠢᠶᠠᠷᠬᠤ ᠵᠢ ᠠᠬᠢᠭᠤᠯᠤᠨ᠂ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   ã€€ï¼ˆá ­á ¤á ·á ªá  ï¼‰ ᠣᠷᠣᠨ ᠨᠤᠲᠤᠭ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃
   ã€€109. ᠡᠯ᠎ᠡ ᠭᠠᠵᠠᠷ ᠣᠷᠣᠨ᠎ᠤ ᠰᠲ᠋ᠣᠺ᠎ᠤᠨ ᠡᠷᠬᠡ ᠵᠢᠨ ᠬᠤᠪᠢᠶᠠᠷᠢᠯᠠᠯᠲᠠ᠂ ᠭᠠᠶ᠋ᠢᠯᠢ ᠲᠠᠲᠠᠪᠤᠷᠢ ᠵᠢᠨ ᠬᠤᠪᠢᠳᠠᠯ ᠵᠡᠷᠭᠡ á  á ·á ­á Žá   ᠮᠠᠶᠢᠭ ᠵᠶ᠋ᠠᠷ ᠳᠠᠮᠵᠢᠭᠤᠯᠤᠨ ᠴᠢᠬᠤᠯᠠ á ¶á ¡á ­á ¡ ᠲᠥᠷᠥᠯ ᠵᠦᠢ᠍ᠯ᠎ᠢ ᠬᠠᠮᠲᠤᠷᠠᠨ ᠬᠠᠮᠲᠤ᠎ᠪᠠᠷ ᠪᠥᠲᠥᠭᠡᠨ ᠪᠠᠶ᠋ᠢᠭᠤᠯᠬᠤ ᠵᠢ᠎ᠨᠢ ᠵᠣᠷᠢᠬ᠍ᠵᠢᠭᠤᠯᠵᠤ᠂ 《ᠣᠭᠤᠷᠴᠤᠭ ᠭᠠᠵᠠᠷ᠎ᠤᠨ ᠠᠵᠤ ᠠᠬᠤᠶ》 ᠵᠢ ᠬᠥᠭᠵᠢᠭᠦᠯᠦᠨ᠂ ᠬᠤᠳᠠᠯᠳᠤᠨ ᠠᠪᠬᠤ ᠬᠡᠪᠴᠢᠶ᠎ᠡ ᠶᠣᠰᠣᠭ᠋ᠠᠷ᠂ ᠦᠢ᠍ᠯᠡᠳᠬᠦᠨ᠎ᠤ ᠥᠷᠲᠡᠭ᠂ ᠪᠠᠯᠠ ᠣᠷᠣᠭᠤᠯᠤᠯᠲᠠ᠂ ᠭᠠᠶ᠋ᠢᠯᠢ ᠲᠠᠲᠠᠪᠤᠷᠢ ᠵᠡᠷᠭᠡ ᠠᠵᠤ ᠠᠬᠤᠶ ᠵᠢᠨ ᠭᠦᠢ᠍ᠴᠡᠳᠬᠡᠯ ᠲᠤᠭ᠎ᠠ ᠶᠤᠰᠤᠭ᠋ᠠᠷ ᠦᠢ᠍ᠯᠡᠳᠪᠦᠷᠢᠯᠡᠵᠦ ᠪᠣᠷᠤᠯᠠᠭᠤᠯᠤᠭᠰᠠᠨ ᠬᠤᠶᠠᠷ ᠭᠠᠵᠠᠷ᠎ᠲᠤ ᠬᠤᠪᠢᠳᠠᠨ ᠲᠣᠭ᠋ᠠᠴᠠᠭ᠎ᠠ ᠬᠢᠬᠦ ᠵᠢ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠲᠤᠭ᠎ᠠ ᠪᠦᠷᠢᠳᠬᠡᠯ᠎ᠤᠨ ᠲᠣᠪᠴᠢᠶ᠎ᠠ)
   ã€€110. ᠡᠯ᠎ᠡ ᠠᠶ᠋ᠢᠮᠠᠭ ᠬᠤᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠵᠢ᠎ᠨᠢ ᠦᠨᠡᠯᠡᠨ ᠵᠢᠱ᠌ᠢᠬᠦ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠨᠡᠮᠡᠭᠳᠡᠯ ᠵᠢᠴᠢ ᠲᠥᠪ᠎ᠤᠨ ᠲᠥᠰᠦᠪ᠎ᠤᠨ ᠳᠣᠲᠣᠷᠠᠬᠢ ᠪᠠᠯᠠ ᠣᠷᠣᠭᠤᠯᠤᠯᠲᠠ ᠵᠢ ᠬᠡᠷᠡᠭᠵᠢᠭᠦᠯᠦᠭᠰᠡᠨ ᠵᠡᠷᠭᠡ ᠪᠠᠶ᠋ᠢᠳᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠪᠥᠲᠥᠭᠡᠨ ᠪᠠᠶ᠋ᠢᠭᠤᠯᠤᠯᠲᠠ ᠵᠢᠨ ᠲᠥᠰᠦᠪ᠎ᠤᠨ ᠪᠠᠯᠠ ᠮᠥᠩᠭᠦ ᠵᠢ ᠳᠣᠭᠢᠷᠠᠭᠤᠯᠬᠤ᠎ᠳᠤ᠎ᠪᠠᠨ ᠨᠡᠷᠡᠰ᠎ᠤᠨ ᠵᠢᠭᠰᠠᠭ᠋ᠠᠯᠲᠠ᠎ᠳᠤ ᠡᠮᠦᠨ᠎ᠡ ᠪᠠᠢ᠍ᠢ᠍ᠷᠢᠯᠠᠭᠰᠠᠨ ᠠᠶ᠋ᠢᠮᠠᠭ ᠬᠤᠲᠠ ᠲᠡᠢ᠍ᠢ᠍ᠰᠢ ᠬᠡᠯᠪᠠᠢ᠍ᠢ᠍ᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ)

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
 
            