ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠦᠢ᠍ᠺᠦ ᠪᠥᠮᠪᠥᠭᠡ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠤᠬᠠᠢ ᠰᠠᠨᠠᠯ
ᠨᠡᠶ᠋ᠢᠲᠡᠯᠡᠭᠰᠡᠨ ᠴᠠᠭ᠄ 2024-06-11

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
    á °á ¢ ᠵᠢᠨ ᠫᠢᠩ ᠶᠡᠷᠦᠩᠬᠡᠢ ᠱᠦᠵᠢ ᠵᠢᠨ ᠪᠡᠶ᠎ᠡ ᠵᠢᠨ ᠲᠠᠮᠢᠷ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠦ᠂ ᠶᠡᠷᠦᠩᠬᠡᠢ ᠱᠦᠵᠢ á °á ¢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠪᠤᠶ᠋ᠢᠺᠤ ᠪᠥᠮᠪᠥᠭᠡ ᠵᠢᠨ ᠲᠥᠷᠥᠯ ᠵᠦᠢ᠍ᠯ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠵᠤ᠂ ᠪᠥᠬᠥ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠳᠠᠶ᠋ᠢᠴᠢᠯᠠᠨ ᠳᠠᠢ᠌ᠴᠢᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
    ᠨᠢᠭᠡ᠂ ᠶᠡᠷᠦᠩᠬᠡᠢ ᠱᠠᠭ᠋ᠠᠷᠳᠠᠯᠭ᠎ᠠ
    ᠬᠥᠮᠥᠨ ᠵᠶ᠋ᠡᠷ ᠦᠨᠳᠦᠰᠦ ᠪᠣᠯᠭ᠋ᠠᠬᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠵᠢ ᠪᠠᠷᠢᠮᠲᠠᠯᠠᠵᠤ᠂ ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ (ᠳᠣᠷᠣᠭᠰᠢ ᠮᠣᠷᠢᠨᠳᠠᠪᠠᠭ᠎ᠠ ᠬᠣᠰᠢᠭᠤ ᠭᠡᠵᠦ ᠲᠣᠪᠴᠢᠯᠠᠨ᠎ᠠ) ᠵᠢᠨ ᠪᠤᠶ᠋ᠢᠺᠤ ᠪᠥᠮᠪᠥᠭᠡ ᠵᠢᠨ ᠲᠥᠷᠥᠯ ᠵᠦᠢ᠍ᠯ᠎ᠤᠨ ᠬᠥᠭᠵᠢᠯᠲᠡ᠎ᠪᠠᠷ ᠵᠢᠱ᠌ᠢᠶ᠎ᠡ ᠦᠵᠡᠭᠦᠯᠵᠦ᠂ ᠪᠤᠶ᠋ᠢᠺᠤ ᠪᠥᠮᠪᠥᠭᠡ ᠵᠢᠨ ᠤᠷᠤᠯᠳᠤᠭ᠋ᠠᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠪᠤᠶ᠋ᠢᠺᠤ ᠪᠥᠮᠪᠥᠭᠡ ᠵᠢᠨ ᠬᠥᠳᠡᠯᠭᠡᠭᠡᠨ᠎ᠤ ᠬᠥᠮᠥᠨ ᠠᠮᠠ ᠵᠢᠨ ᠬᠡᠪᠴᠢᠶ᠎ᠡ ᠵᠢ ᠥᠷᠭᠡᠳᠬᠡᠨ᠎ᠡ᠃ 2025 ᠣᠨ ᠪᠣᠯᠬᠤ᠎ᠳᠤ᠂ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠢᠳᠡᠪᠬᠢᠲᠡᠢ ᠪᠡᠯᠡᠳᠬᠡᠯ ᠬᠢᠵᠦ᠂ ᠡᠷᠡᠭᠲᠡᠢ ᠵᠢᠨ ᠪᠤᠶ᠋ᠢᠺᠤ ᠪᠥᠮᠪᠥᠭᠡ ᠵᠢᠨ ᠲᠥᠷᠥᠯ ᠵᠦᠢ᠍ᠯ᠎ᠳᠤ 《ᠬᠣᠶᠠᠷ᠎ᠢ ᠪᠠᠲᠤᠯᠠᠵᠤ ᠨᠢᠭᠡ ᠵᠢ ᠲᠡᠮᠡᠴᠡᠨ ᠣᠯᠬᠤ》᠂ ᠡᠮᠡᠭᠲᠡᠢ ᠵᠢᠨ ᠪᠤᠶ᠋ᠢᠺᠤ ᠪᠥᠮᠪᠥᠭᠡ ᠵᠢᠨ ᠲᠥᠷᠥᠯ ᠵᠦᠢ᠍ᠯ᠎ᠳᠤ 《ᠳᠤᠮᠳᠠ ᠤᠷᠤᠰᠬᠠᠯ᠎ᠳᠤ ᠣᠷᠣᠬᠤ》 ᠵᠢ ᠪᠡᠶᠡᠯᠡᠭᠦᠯᠵᠦ᠂ ᠪᠡᠯᠡᠳᠬᠡᠯ ᠱᠠᠲᠤᠯᠵᠢᠨ ᠡᠩᠨᠡᠭᠡ ᠵᠢᠨ ᠪᠠᠢ᠌ᠭᠤᠯᠤᠯᠲᠠ ᠵᠢ ᠠᠩᠬ᠎ᠠ ᠠᠯᠬᠤᠮ ᠬᠡᠪᠴᠢᠶᠡᠵᠢᠭᠦᠯᠦᠨ᠎ᠡ᠃ 2030 ᠣᠨ ᠪᠣᠯᠬᠤ᠎ᠳᠤ᠂ ᠪᠥᠬᠥ ᠣᠷᠣᠨ᠎ᠳᠤ ᠪᠤᠶ᠋ᠢᠺᠤ ᠪᠥᠮᠪᠥᠭᠡ ᠵᠢᠨ ᠪᠡᠯᠡᠳᠬᠡᠯ ᠴᠢᠳᠠᠪᠤᠷᠢᠲᠠᠨ á Žá ¤ ᠪᠤᠯᠪᠠᠰᠤᠷᠠᠯ᠎ᠤᠨ ᠰᠠᠭᠤᠷᠢᠨ ᠭᠠᠵᠠᠷ᠎ᠢ 15 (ᠠᠢ᠌ᠮᠠᠭ ᠬᠣᠲᠠ᠂ ᠬᠣᠰᠢᠭᠤ ᠰᠢᠶᠠᠨ᠎ᠤ ᠱᠠᠲᠤᠨ᠎ᠤ ᠰᠠᠭᠤᠷᠢᠨ ᠭᠠᠵᠠᠷ᠎ᠤᠨ ᠶᠡᠷᠦᠩᠬᠡᠢ ᠲᠣᠭ᠎ᠠ ᠬᠡᠮᠵᠢᠶ᠎ᠡ)᠎ᠠᠴᠠ ᠳᠤᠲᠠᠭᠤ ᠦᠭᠡᠢ ᠪᠠᠢ᠌ᠭᠤᠯᠵᠤ᠂ ᠳᠠᠩᠰᠠᠯᠠᠭᠤᠯᠤᠭᠰᠠᠨ ᠲᠠᠮᠢᠷᠴᠢᠨ᠎ᠢ 2000 ᠬᠥᠮᠥᠨ᠎ᠳᠤ ᠬᠦᠷᠦᠭᠦᠯᠵᠦ᠂ ᠪᠤᠯᠪᠠᠰᠤᠷᠠᠯ᠎ᠳᠤ ᠪᠠᠢ᠌ᠩᠭᠤ ᠣᠷᠣᠯᠴᠠᠬᠤ ᠵᠠᠯᠠᠭᠤᠴᠤᠳ ᠪᠠᠭ᠋ᠠᠴᠤᠳ᠎ᠢ 1 ᠲᠦᠮᠡᠨ ᠬᠥᠮᠥᠨ᠎ᠠᠴᠠ ᠳᠠᠪᠠᠭᠤᠯᠤᠨ᠂ ᠤᠷᠤᠯᠳᠤᠭ᠋ᠠᠨ᠎ᠤ ᠬᠢᠷᠢ ᠬᠡᠮᠵᠢᠶ᠎ᠡ᠎ᠪᠠᠷ ᠲᠡᠷᠢᠭᠦᠯᠡᠭᠰᠡᠨ᠂ ᠤᠷᠤᠯᠳᠤᠭ᠋ᠠᠨ᠎ᠤ ᠰᠢᠰᠲᠸᠮ ᠵᠶ᠋ᠠᠷ ᠪᠦᠷᠢᠨ ᠲᠡᠭᠦᠯᠳᠡᠷ᠂ ᠲᠠᠯᠠᠪᠤᠷ ᠪᠡᠯᠡᠳᠬᠡᠮᠵᠢ ᠵᠢᠨ ᠪᠠᠲᠤᠯᠠᠭ᠎ᠠ᠎ᠪᠠᠷ ᠬᠦᠴᠦᠲᠡᠢ᠂ ᠴᠢᠳᠠᠪᠤᠷᠢᠲᠠᠨ᠎ᠢ ᠬᠥᠮᠥᠵᠢᠭᠦᠯᠬᠦ ᠰᠢᠰᠲᠸᠮ ᠵᠶ᠋ᠠᠷ ᠪᠦᠷᠢᠨ ᠲᠡᠭᠦᠯᠳᠡᠷ᠂ ᠪᠡᠶ᠎ᠡ ᠵᠢᠨ ᠲᠠᠮᠢᠷ᠎ᠤᠨ ᠲᠦᠭᠡᠮᠡᠯᠵᠢᠭᠦᠯᠦᠯᠲᠡ ᠵᠢᠨ ᠨᠣᠷᠮ᠎ᠠ᠎ᠪᠠᠷ ᠨᠡᠯᠢᠶᠡᠳ ᠥᠨᠳᠥᠷ ᠪᠥᠬᠥ ᠤᠯᠤᠰ᠎ᠤᠨ ᠪᠤᠶ᠋ᠢᠺᠤ ᠪᠥᠮᠪᠥᠭᠡ ᠵᠢᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ᠎ᠢ ᠪᠠᠢ᠌ᠭᠤᠯᠤᠨ᠎ᠠ᠃
    ᠬᠣᠶᠠᠷ᠂ ᠪᠤᠶ᠋ᠢᠺᠤ ᠪᠥᠮᠪᠥᠭᠡ ᠵᠢᠨ ᠤᠷᠤᠯᠳᠤᠭ᠋ᠠᠨ᠎ᠤ ᠬᠢᠷᠢ ᠲᠦᠪᠰᠢᠨ᠎ᠢ ᠲᠡᠭᠡᠭᠰᠢᠯᠡᠬᠦᠯᠬᠦ᠎ᠪᠠᠨ ᠲᠦᠷᠭᠡᠳᠬᠡᠨ᠎ᠡ
    ᠰᠢᠨᠵᠢᠯᠡᠬᠦ ᠤᠬᠠᠭ᠋ᠠᠨᠴᠢ ᠵᠢᠷᠤᠮᠵᠢᠭᠰᠠᠨ ᠲᠠᠮᠢᠷᠴᠢᠨ᠎ᠢ ᠰᠢᠯᠢᠨ ᠰᠣᠩᠭᠣᠬᠤ ᠲᠣᠭᠲᠠᠴᠠ᠂ ᠬᠢᠨᠠᠨ ᠰᠢᠯᠭ᠋ᠠᠬᠤ ᠪᠠᠷᠢᠮᠵᠢᠶ᠎ᠠ᠂ ᠡᠳᠦᠷ ᠲᠤᠳᠤᠮ᠎ᠤᠨ ᠬᠠᠮᠢᠶᠠᠷᠤᠯᠲᠠ᠂ ᠱᠠᠩᠨᠠᠵᠤ ᠲᠣᠷᠭ᠋ᠠᠬᠤ ᠵᠡᠷᠭᠡ ᠳᠦᠷᠢᠮ᠎ᠢ ᠲᠣᠭᠲᠠᠭ᠋ᠠᠵᠤ᠂ ᠴᠢᠳᠠᠪᠤᠷᠢᠲᠠᠨ᠎ᠢ ᠢᠯᠡᠷᠡᠭᠦᠯᠦᠨ ᠬᠥᠮᠥᠵᠢᠭᠦᠯᠦᠨ᠎ᠡ᠃ 2025 ᠣᠨ᠎ᠤ ᠰᠡᠭᠦᠯᠴᠢ ᠪᠣᠯᠬᠤ᠎ᠳᠤ᠂ ᠪᠥᠬᠥ ᠣᠷᠣᠨ᠎ᠤ ᠪᠤᠶ᠋ᠢᠺᠤ ᠪᠥᠮᠪᠥᠭᠡ ᠵᠢᠨ ᠲᠤᠰᠬᠠᠢ ᠮᠡᠷᠭᠡᠵᠢᠯ᠎ᠤᠨ á  á ©á ­á ¢ ᠵᠢᠨ ᠪᠦᠲᠦᠴᠡ ᠵᠢ ᠨᠠᠩ ᠰᠢᠯᠢᠳᠡᠭ᠂ ᠪᠣᠳᠠᠲᠤ ᠬᠦᠴᠦᠨ᠎ᠢ ᠨᠠᠩ ᠴᠢᠩᠭ᠎ᠠ ᠪᠣᠯᠭ᠋ᠠᠵᠤ᠂ ᠬᠣᠶᠠᠳᠤᠭ᠋ᠠᠷ ᠹᠷᠣᠨᠲ᠎ᠤᠨ ᠡᠩᠨᠡᠭᠡ ᠵᠢᠨ ᠲᠣᠭ᠎ᠠ ᠬᠡᠮᠵᠢᠶ᠎ᠡ ᠵᠢ ᠭᠦᠢ᠍ᠴᠡᠳ᠂ ᠳᠠᠯᠳᠠ ᠬᠦᠴᠦᠨ᠎ᠢ ᠲᠣᠪᠣᠢ᠌ᠮ᠎ᠠ ᠪᠣᠯᠭ᠋ᠠᠬᠤ᠎ᠪᠠᠷ ᠴᠢᠷᠮᠠᠢ᠌ᠨ᠎ᠠ᠃ 《ᠬᠦᠴᠢᠷ᠂ ᠴᠢᠩᠭ᠎ᠠ᠂ ᠪᠣᠳᠠᠲᠤ ᠲᠡᠶ᠋ᠢᠨ᠎ᠠᠴᠠ ᠡᠭᠦᠰᠴᠦ᠂ ᠶᠡᠬᠡ ᠬᠡᠮᠵᠢᠶᠡᠨ᠎ᠤ ᠲᠠᠮᠢᠷ᠎ᠤᠨ ᠬᠥᠳᠡᠯᠭᠡᠭᠡᠨ᠎ᠤ ᠰᠢᠨᠵᠢᠯᠡᠬᠦ ᠤᠬᠠᠭ᠋ᠠᠨᠴᠢ᠎ᠪᠠᠷ ᠪᠣᠯᠪᠠᠰᠤᠷᠠᠯ ᠬᠢᠬᠦ》 ᠵᠠᠷᠴᠢᠮ᠎ᠢ ᠪᠠᠷᠢᠮᠲᠠᠯᠠᠨ᠂ ᠪᠤᠶ᠋ᠢᠺᠤ ᠪᠥᠮᠪᠥᠭᠡ ᠵᠢᠨ 《ᠪᠣᠯᠪᠠᠰᠤᠷᠠᠯ᠂ ᠰᠠᠯᠠᠭ᠎ᠠ᠂ ᠡᠮᠨᠡᠯᠭᠡ᠂ ᠰᠤᠷᠭ᠋ᠠᠨ ᠬᠥᠮᠦᠵᠢᠯ᠂ ᠬᠤᠪᠴᠠᠰᠤ》 ᠨᠡᠢ᠌ᠯᠡᠮᠡᠯ ᠮᠠᠶᠢᠭ᠎ᠤᠨ ᠪᠣᠯᠪᠠᠰᠤᠷᠠᠯ᠎ᠤᠨ ᠪᠦᠯᠬᠦᠮ ᠨᠡᠶ᠋ᠢᠲᠡ ᠵᠢᠨ ᠠᠵᠢᠯᠯᠠᠭ᠋ᠠᠨ᠎ᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ᠎ᠲᠠᠢ ᠪᠣᠯᠪᠠᠰᠤᠷᠠᠯ᠎ᠤᠨ ᠪᠦᠯᠬᠦᠮ ᠨᠡᠶ᠋ᠢᠲᠡ ᠵᠢ ᠤᠷᠢᠵᠤ᠂ ᠰᠢᠨᠵᠢᠯᠡᠬᠦ ᠤᠬᠠᠭ᠋ᠠᠨᠴᠢᠯᠠᠭᠰᠠᠨ ᠪᠣᠯᠪᠠᠰᠤᠷᠠᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠵᠤ᠂ ᠭᠣᠣᠯᠳᠠᠯᠭ᠎ᠠ᠎ᠲᠠᠢ ᠲᠠᠮᠢᠷᠴᠢᠨ᠎ᠢ ᠰᠣᠩᠭᠣᠨ ᠪᠤᠢ᠍ᠢ᠍ᠺᠦ ᠪᠥᠮᠪᠥᠭᠡ ᠵᠢᠨ ᠬᠥᠭᠵᠢᠯᠲᠡ ᠵᠢᠨ ᠬᠢᠷᠢ ᠬᠡᠮᠵᠢᠶ᠎ᠡ᠎ᠪᠠᠷ ᠨᠡᠯᠢᠶᠡᠳ ᠥᠨᠳᠥᠷ ᠤᠯᠤᠰ᠎ᠲᠤ ᠣᠴᠢᠭᠤᠯᠤᠨ ᠪᠣᠯᠪᠠᠰᠤᠷᠠᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠴᠢᠬᠤᠯᠠ ᠶᠡᠬᠡ ᠤᠷᠤᠯᠳᠤᠭ᠋ᠠᠨ᠎ᠳᠤ ᠣᠷᠣᠯᠴᠠᠬᠤ ᠵᠢ ᠲᠡᠮᠵᠢᠵᠤ᠂ ᠪᠣᠳᠠᠲᠤ ᠪᠠᠢ᠌ᠯᠳᠤᠭ᠋ᠠᠨ᠎ᠤ ᠲᠤᠷᠰᠢᠯᠭ᠎ᠠ ᠬᠤᠷᠠᠮᠳᠤᠭᠤᠯᠤᠨ᠎ᠠ᠃
    ᠭᠤᠷᠪᠠ᠂ ᠲᠠᠯᠠᠪᠤᠷ ᠭᠠᠵᠠᠷ᠎ᠤᠨ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠪᠠᠨ ᠲᠦᠷᠬᠡᠳᠬᠡᠨ᠎ᠡ
    ᠮᠣᠷᠢᠨᠳᠠᠪᠠᠭ᠎ᠠ ᠬᠣᠰᠢᠭᠤᠨ᠎ᠤ ᠤᠯᠤᠰ᠎ᠤᠨ ᠲᠠᠰ᠎ᠤᠨ ᠪᠤᠶ᠋ᠢᠺᠤ ᠪᠥᠮᠪᠥᠭᠡ ᠵᠢᠨ ᠪᠣᠯᠪᠠᠰᠤᠷᠠᠯ᠎ᠤᠨ ᠰᠠᠭᠤᠷᠢᠨ ᠭᠠᠵᠠᠷ ᠪᠠᠶ᠋ᠢᠭᠤᠯᠬᠤ ᠵᠢ ᠳᠡᠮᠵᠢᠵᠦ᠂ ᠣᠯᠠᠨ ᠤᠯᠤᠰ᠎ᠤᠨ ᠤᠷᠤᠯᠳᠤᠭ᠋ᠠᠨ᠎ᠤ ᠵᠦᠢ᠍ᠯ᠎ᠢ ᠣᠷᠣᠭᠤᠯᠤᠨ ᠠᠪᠴᠢᠷᠠᠵᠤ᠂ ᠴᠢᠨᠠᠷ ᠰᠠᠢ᠌ᠲᠠᠢ ᠪᠤᠶ᠋ᠢᠺᠤ ᠪᠥᠮᠪᠥᠭᠡ ᠵᠢᠨ ᠤᠷᠤᠯᠳᠤᠭ᠋ᠠᠨ᠎ᠤ ᠶᠠᠪᠤᠳᠠᠯ᠎ᠤᠨ ᠰᠣᠯᠢᠯᠴᠠᠭ᠋ᠠᠨ᠎ᠤ ᠲᠠᠪᠴᠠᠩ᠎ᠢ ᠪᠠᠢ᠌ᠭᠤᠯᠤᠨ᠎ᠠ᠃ ᠬᠥᠬᠡᠬᠣᠲᠠ ᠵᠢᠨ ᠣᠲᠣ ᠵᠢᠨ ᠪᠠᠢ᠌ᠭ᠎ᠠ ᠲᠠᠯᠠᠪᠤᠷ᠎ᠤᠨ ᠪᠡᠯᠡᠳᠬᠡᠮᠵᠢ ᠵᠢ ᠠᠰᠢᠭᠯᠠᠨ ᠭᠡᠷ᠎ᠤᠨ ᠭᠠᠳᠠᠨᠠᠬᠢ ᠪᠤᠶ᠋ᠢᠺᠤ ᠪᠥᠮᠪᠥᠭᠡ ᠵᠢᠨ ᠪᠣᠯᠪᠠᠰᠤᠷᠠᠯ᠎ᠤᠨ ᠤᠷᠤᠯᠳᠤᠭ᠋ᠠᠨ᠎ᠤ ᠲᠠᠯᠠᠪᠤᠷ᠎ᠢ 2 ᠥᠭᠡᠷᠡᠴᠢᠯᠡᠨ ᠪᠠᠢ᠌ᠭᠤᠯᠵᠤ᠂ ᠲᠤᠰᠬᠠᠢ ᠮᠡᠷᠭᠡᠵᠢᠯ᠎ᠤᠨ á  á ©á ­á ¢ ᠵᠢᠨ ᠪᠣᠯᠪᠠᠰᠤᠷᠠᠯ᠎ᠢ ᠪᠠᠲᠤᠯᠠᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠣᠮᠣ ᠬᠡᠯᠪᠡᠷᠢ ᠵᠢᠨ ᠤᠷᠤᠯᠳᠤᠭ᠋ᠠᠨ ᠪᠠ ᠪᠣᠯᠪᠠᠰᠤᠷᠠᠯ᠎ᠤᠨ ᠡᠭᠦᠷᠭᠡ ᠵᠢ ᠭᠥᠯᠢᠶᠡᠨ ᠠᠪᠤᠨ᠎ᠠ᠃ ᠮᠣᠷᠢᠨᠳᠠᠪᠠᠭ᠎ᠠ ᠬᠣᠰᠢᠭᠤᠨ᠎ᠤ ᠡᠬᠢ ᠪᠠᠶᠠᠯᠢᠭ᠎ᠤᠨ ᠪᠠᠢ᠌ᠷᠢᠰᠢᠭᠤᠯᠤᠯᠲᠠ᠎ᠪᠠᠨ ᠰᠢᠯᠢᠳᠡᠭᠵᠢᠭᠦᠯᠬᠦ ᠵᠢ ᠳᠡᠮᠵᠢᠵᠦ᠂ ᠪᠤᠶ᠋ᠢᠺᠤ ᠪᠥᠮᠪᠥᠭᠡ ᠵᠢᠨ ᠪᠡᠯᠡᠳᠬᠡᠯ ᠴᠢᠳᠠᠪᠤᠷᠢᠲᠠᠨ᠎ᠤ ᠰᠤᠷᠭ᠋ᠠᠭᠤᠯᠢ ᠵᠢᠨ ᠲᠠᠯᠠᠪᠤᠷ᠎ᠤᠨ ᠪᠡᠯᠡᠳᠬᠡᠮᠵᠢ ᠵᠢ ᠪᠠᠶ᠋ᠢᠭᠤᠯᠬᠤ ᠪᠠ ᠥᠭᠡᠷᠡᠴᠢᠯᠡᠨ ᠪᠠᠢ᠌ᠭᠤᠯᠤᠨ᠎ᠠ᠃ ᠨᠥᠬᠥᠴᠡᠯ᠎ᠲᠠᠢ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠬᠥᠮᠥᠨ ᠠᠮᠠ ᠵᠢᠨ ᠬᠡᠪᠴᠢᠶ᠎ᠡ᠂ ᠪᠠᠢ᠌ᠭ᠋ᠠᠯᠢ ᠵᠢᠨ ᠨᠥᠬᠥᠴᠡᠯ᠂ ᠪᠦᠢ᠍ᠺᠦ ᠪᠥᠮᠪᠥᠭᠡ ᠵᠢᠨ ᠬᠥᠭᠵᠢᠯᠲᠡ ᠵᠢᠨ ᠰᠠᠭᠤᠷᠢ ᠵᠢ ᠦᠨᠳᠦᠰᠦᠯᠡᠨ᠂ ᠨᠢᠭᠡ ᠪᠦᠯᠦᠭ ᠪᠦᠢ᠍ᠺᠦ ᠪᠥᠮᠪᠥᠭᠡ ᠵᠢᠨ ᠲᠠᠯᠠᠪᠤᠷ ᠭᠠᠵᠠᠷ᠎ᠤᠨ ᠪᠡᠯᠡᠳᠬᠡᠮᠵᠢ ᠵᠢ ᠲᠥᠯᠥᠪᠯᠡᠭᠡ᠎ᠲᠠᠢ᠎ᠪᠠᠷ ᠰᠢᠨ᠎ᠡ᠎ᠪᠠᠷ ᠪᠠᠶ᠋ᠢᠭᠤᠯᠬᠤ ᠪᠤᠶᠤ ᠥᠭᠡᠷᠡᠴᠢᠯᠡᠨ ᠪᠠᠶ᠋ᠢᠭᠤᠯᠬᠤ ᠵᠢ ᠳᠡᠮᠵᠢᠨ᠎ᠡ᠃ 2026 ᠣᠨ ᠪᠣᠯᠬᠤ᠎ᠳᠤ᠂ ᠬᠥᠬᠡᠬᠣᠲᠠ᠂ ᠪᠤᠭᠤᠲᠤ ᠬᠣᠲᠠ᠂ ᠬᠥᠯᠥᠨ ᠪᠣᠶ᠋ᠢᠷ ᠬᠣᠲᠠ᠂ ᠲᠦᠩᠯᠢᠶᠣᠣ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ ᠵᠡᠷᠭᠡ ᠠᠢ᠌ᠮᠠᠭ ᠬᠣᠲᠠ᠎ᠨᠤᠭᠤᠳ ᠪᠣᠯᠪᠠᠰᠤᠷᠠᠯ᠎ᠤᠨ ᠲᠠᠯᠠᠪᠠᠶ ᠣᠷᠳᠣᠨ᠎ᠤ ᠪᠡᠯᠡᠳᠬᠡᠮᠵᠢ ᠵᠢᠨ ᠪᠠᠷᠢᠮᠵᠢᠶᠠᠵᠢᠭᠤᠯᠬᠤ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠵᠦ᠂ ᠣᠯᠠᠨ ᠡᠰᠢᠵᠢᠭᠰᠡᠨ ᠪᠠᠲᠤᠯᠠᠭ᠎ᠠ ᠵᠢᠨ ᠪᠠᠢ᠌ᠷᠢᠰᠢᠯ᠎ᠢ ᠪᠣᠶ ᠪᠣᠯᠭ᠋ᠠᠨ᠎ᠠ᠃
    ᠳᠥᠷᠪᠡ᠂ ᠪᠤᠶ᠋ᠢᠺᠤ ᠪᠥᠮᠪᠥᠭᠡ ᠵᠢᠨ ᠴᠢᠳᠠᠪᠤᠷᠢᠲᠠᠨ᠎ᠢ ᠬᠥᠮᠥᠵᠢᠭᠦᠯᠬᠦ ᠵᠢ ᠲᠦᠷᠭᠡᠳᠬᠡᠨ᠎ᠡ
    ᠡᠯ᠎ᠡ ᠠᠢ᠌ᠮᠠᠭ ᠬᠣᠲᠠ᠎ᠨᠤᠭᠤᠳ ᠡᠬᠢ ᠪᠠᠶᠠᠯᠢᠭ ᠵᠶ᠋ᠠᠨ ᠭᠦᠢ᠍ᠴᠡᠳ ᠠᠭᠤᠳᠠᠯᠵᠤ᠂ ᠬᠥᠭᠵᠢᠯᠲᠡ ᠵᠢᠨ ᠪᠠᠴᠢᠮ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠴᠢᠳᠠᠪᠤᠷᠢᠲᠠᠨ᠎ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠦᠨᠡᠯᠡᠬᠦ᠂ ᠤᠷᠮᠠᠰᠢᠭᠤᠯᠵᠤ ᠪᠠᠲᠤᠯᠠᠬᠤ ᠵᠡᠷᠭᠡ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠮᠡᠳᠡᠯᠭᠡ᠎ᠪᠠᠨ ᠰᠢᠨᠡᠳᠬᠡᠬᠦ᠂ ᠴᠢᠳᠠᠪᠤᠷᠢ᠎ᠪᠠᠨ ᠳᠡᠭᠡᠭᠰᠢᠯᠡᠭᠦᠯᠬᠦ ᠠᠵᠢᠯᠯᠠᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠪᠤᠶ᠋ᠢᠺᠤ ᠪᠥᠮᠪᠥᠭᠡ ᠵᠢᠨ ᠴᠢᠳᠠᠪᠤᠷᠢᠲᠠᠨ᠎ᠢ ᠬᠥᠮᠥᠵᠢᠭᠦᠯᠬᠦ ᠥᠨᠳᠥᠷᠯᠢᠭ᠎ᠢ ᠪᠠᠶ᠋ᠢᠭᠤᠯᠬᠤ ᠬᠡᠷᠡᠭᠲᠡᠢ᠃ ᠵᠠᠯᠠᠭᠤᠴᠤᠳ ᠪᠠᠭ᠋ᠠᠴᠤᠳ᠎ᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠪᠤᠶ᠋ᠢᠺᠤ ᠪᠥᠮᠪᠥᠭᠡ ᠵᠢ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ᠎ᠳᠤ ᠲᠦᠭᠡᠮᠡᠯᠵᠢᠭᠦᠯᠬᠦ ᠬᠡᠪᠴᠢᠶ᠎ᠡ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ᠃ 2026 ᠣᠨ ᠪᠣᠯᠬᠤ᠎ᠳᠤ᠂ ᠠᠢ᠌ᠮᠠᠭ ᠬᠣᠲᠠ ᠨᠢᠭᠡᠪᠦᠷᠢ᠎ᠳᠤ ᠠᠳᠠᠭ᠎ᠲᠠᠭᠠᠨ 1 ᠪᠤᠶ᠋ᠢᠺᠤ ᠪᠥᠮᠪᠥᠭᠡ ᠵᠢᠨ ᠵᠠᠯᠠᠭᠤᠴᠤᠳ ᠪᠠᠭ᠋ᠠᠴᠤᠳ᠎ᠤᠨ á  á ©á ­á ¢ ᠵᠢ ᠵᠣᠬᠢᠶᠠᠨ ᠪᠠᠢ᠌ᠭᠤᠯᠤᠨ᠎ᠠ᠃ ᠬᠥᠯᠥᠨ ᠪᠣᠶ᠋ᠢᠷ ᠬᠣᠲᠠ ᠵᠢᠨ ᠴᠢᠨᠠᠷ ᠰᠠᠢ᠌ᠲᠠᠢ ᠪᠠᠭ᠎ᠠ ᠰᠤᠷᠭ᠋ᠠᠭᠤᠯᠢ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠤᠶ᠋ᠢᠺᠤ ᠪᠥᠮᠪᠥᠭᠡ ᠵᠢᠨ ᠲᠥᠷᠥᠯ ᠵᠦᠢ᠍ᠯ᠎ᠤᠨ 《ᠰᠤᠷᠭ᠋ᠠᠭᠤᠯᠢ ᠳᠡᠪᠰᠢᠬᠦ᠎ᠳᠤ ᠰᠢᠭᠤᠳ ᠨᠡᠪᠲᠡᠷᠡᠬᠦ ᠲᠡᠷᠭᠡ》 ᠵᠢ ᠪᠠᠶ᠋ᠢᠭᠤᠯᠬᠤ ᠵᠢ ᠰᠦᠪᠡᠭᠴᠢᠯᠡᠵᠦ᠂ ᠬᠠᠷᠢᠴᠠᠩᠭᠤᠢ ᠲᠣᠭᠲᠠᠭᠤᠨ᠂ ᠨᠡᠪᠲᠡᠷᠡᠨ ᠤᠷᠤᠭᠰᠢᠯᠠᠭᠰᠠᠨ ᠵᠠᠯᠠᠭᠤᠴᠤᠳ ᠪᠠᠭ᠋ᠠᠴᠤᠳ᠎ᠤᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠰᠢᠰᠲᠸᠮ᠎ᠢ ᠪᠣᠶ ᠪᠣᠯᠭ᠋ᠠᠨ᠎ᠠ᠃ ᠲᠠᠮᠢᠷᠴᠢᠨ ᠰᠣᠩᠭᠣᠬᠤ ᠬᠠᠷᠠᠭ᠎ᠠ᠎ᠪᠠᠨ ᠥᠷᠭᠡᠳᠬᠡᠵᠦ᠂ ᠨᠥᠬᠥᠴᠡᠯ᠎ᠳᠤ ᠨᠡᠢ᠌ᠴᠡᠬᠦ ᠪᠤᠶ᠋ᠢᠺᠤ ᠪᠥᠮᠪᠥᠭᠡ ᠵᠢᠨ ᠲᠠᠮᠢᠷᠴᠢᠨ᠎ᠢ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠲᠠᠮᠢᠷᠴᠢᠨ᠎ᠤ ᠣᠷᠣᠨ ᠲᠣᠭ᠎ᠠ᠎ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠲᠤᠰᠬᠠᠢ ᠮᠡᠷᠭᠡᠵᠢᠯ᠎ᠳᠤ ᠪᠤᠶ᠋ᠢᠺᠤ ᠪᠥᠮᠪᠥᠭᠡ ᠨᠡᠮᠡᠬᠦ ᠴᠢᠭᠯᠡᠯ᠎ᠢ ᠠᠯᠬᠤᠮ ᠠᠯᠬᠤᠮ ᠵᠶ᠋ᠠᠷ ᠰᠦᠪᠡᠭᠴᠢᠯᠡᠵᠦ᠂ ᠲᠠᠮᠢᠷᠴᠢᠳ᠎ᠤᠨ ᠰᠤᠷᠭ᠋ᠠᠭᠤᠯᠢ ᠳᠡᠪᠰᠢᠬᠦ ᠵᠠᠮ ᠮᠥᠷ᠎ᠢ á °á  á ­á ‹á  á ³ ᠦᠭᠡᠢ ᠨᠡᠪᠲᠡᠷᠡᠭᠦᠯᠦᠨ᠎ᠡ
    ᠲᠠᠪᠤ᠂ ᠪᠣᠯᠪᠠᠰᠤᠷᠠᠯ᠎ᠤᠨ ᠤᠷᠤᠯᠳᠤᠭ᠋ᠠᠨ᠎ᠤ ᠰᠢᠰᠲᠸᠮ᠎ᠢ ᠪᠠᠢ᠌ᠭᠤᠯᠬᠤ᠎ᠢ ᠲᠦᠷᠭᠡᠳᠬᠡᠨ᠎ᠡ
    ᠪᠤᠶ᠋ᠢᠺᠤ ᠪᠥᠮᠪᠥᠭᠡ ᠵᠢᠨ ᠪᠣᠯᠪᠠᠰᠤᠷᠠᠯ᠎ᠤᠨ ᠬᠥᠲᠥᠯᠪᠦᠷᠢ ᠵᠢ ᠨᠠᠢ᠌ᠷᠠᠭᠤᠯᠤᠨ ᠵᠣᠬᠢᠶᠠᠵᠤ᠂ ᠨᠠᠰᠤᠨ᠎ᠤ ᠱᠠᠲᠤ ᠦᠶ᠎ᠡ ᠵᠢᠨ ᠬᠥᠭᠵᠢᠯᠲᠡ ᠵᠢᠨ ᠬᠠᠷᠠᠯᠲᠠ᠂ ᠣᠬᠣᠷ ᠬᠤᠭᠤᠴᠠᠭ᠋ᠠᠨ᠎ᠤ ᠡᠭᠦᠷᠭᠡ᠂ ᠪᠣᠯᠪᠠᠰᠤᠷᠠᠯ᠎ᠤᠨ ᠠᠭᠤᠯᠭ᠎ᠠ ᠵᠢᠨ ᠪᠠᠷᠢᠮᠵᠢᠶ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ᠂ ᠲᠤᠰᠬᠠᠢ ᠮᠡᠷᠭᠡᠵᠢᠯ᠎ᠤᠨ á  á ©á ­á ¢ ᠬᠢᠭᠡᠳ ᠪᠡᠯᠡᠳᠬᠡᠯ ᠴᠢᠳᠠᠪᠤᠷᠢᠲᠠᠨ᠎ᠤ ᠰᠤᠷᠭ᠋ᠠᠭᠤᠯᠢ ᠵᠢᠨ ᠬᠠᠮᠲᠤᠷᠠᠯᠴᠠᠬᠤ ᠵᠠᠭᠪᠤᠷ᠎ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨᠴᠢ ᠪᠥᠭᠡᠳ ᠵᠢᠷᠤᠮᠵᠢᠯ᠎ᠲᠠᠢ᠂ ᠠᠮᠤᠷ ᠲᠦᠪᠰᠢᠨ ᠪᠥᠭᠡᠳ ᠡᠮᠬᠢ ᠵᠢᠷᠤᠮ᠎ᠲᠠᠢ ᠪᠣᠯᠪᠠᠰᠤᠷᠠᠯ᠎ᠤᠨ   ᠰᠢᠰᠲᠸᠮ᠎ᠢ ᠪᠠᠢ᠌ᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭ᠋ᠠᠴᠤᠳ᠎ᠤᠨ ᠪᠤᠶ᠋ᠢᠺᠤ ᠪᠥᠮᠪᠥᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠢ ᠰᠠᠢ᠌ᠲᠤᠷ ᠠᠳᠬᠤᠵᠤ᠂ 12 ᠨᠠᠰᠤ᠂ 14 ᠨᠠᠰᠤ ᠵᠡᠷᠭᠡ ᠨᠠᠰᠤᠨ᠎ᠤ U ᠰᠢᠷᠢᠰ ᠤᠷᠤᠯᠳᠤᠭ᠋ᠠᠨ᠎ᠢ ᠨᠡᠮᠡᠨ ᠪᠠᠢ᠌ᠭᠤᠯᠵᠤ᠂ ᠤᠷᠤᠯᠳᠤᠭ᠋ᠠᠨ᠎ᠤ ᠰᠢᠰᠲᠸᠮ᠎ᠤᠨ ᠪᠠᠢ᠌ᠭᠤᠯᠤᠯᠲᠠ ᠵᠢ ᠲᠥᠷᠥᠯ ᠬᠤᠪᠢᠶᠠᠨ ᠠᠬᠢᠭᠤᠯᠤᠨ᠎ᠠ᠃ ᠨᠥᠬᠥᠴᠡᠯ᠎ᠲᠠᠢ ᠠᠢ᠌ᠮᠠᠭ ᠬᠣᠲᠠ ᠵᠢ ᠵᠣᠷᠢᠭᠵᠢᠭᠤᠯᠵᠤ ᠪᠠᠢ᠌ᠭ᠋ᠠᠳ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠨᠠᠷᠠᠲᠤ ᠲᠥᠷᠥᠯ ᠲᠡᠮᠳᠡᠭᠲᠦ ᠵᠢᠨ ᠤᠷᠤᠯᠳᠤᠭ᠋ᠠᠨ᠎ᠤ ᠶᠠᠪᠤᠳᠠᠯ᠎ᠢ ᠢᠳᠡᠪᠬᠢᠲᠡᠢ᠎ᠪᠠᠷ ᠭᠤᠶᠤᠴᠢᠯᠠᠨ ᠡᠷᠭᠢᠯᠡᠬᠦ᠎ᠪᠠᠷ ᠭᠤᠶᠤᠴᠢᠯᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠤᠶ᠋ᠢᠺᠤ ᠪᠥᠮᠪᠥᠭᠡ ᠵᠢᠨ ᠵᠤᠨ (ᠡᠪᠦᠯ)᠎ᠤ ᠠᠮᠠᠷᠠᠯᠲᠠ ᠵᠢᠨ ᠰᠠᠭᠤᠷᠢᠨ᠂ ᠪᠥᠬᠥ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠤᠶ᠋ᠢᠺᠤ ᠪᠥᠮᠪᠥᠭᠡ ᠵᠢᠨ ᠤᠷᠢᠯᠭ᠎ᠠ ᠵᠢᠨ ᠤᠷᠤᠯᠳᠤᠭ᠋ᠠᠨ ᠵᠡᠷᠭᠡ ᠵᠢ ᠡᠷᠭᠢᠯᠡᠵᠦ᠂ ᠰᠢᠨᠵᠢᠯᠡᠬᠦ ᠤᠬᠠᠭ᠋ᠠᠨᠴᠢ ᠥᠨᠳᠥᠷ ᠦᠷ᠎ᠡ ᠪᠦᠲᠦᠮᠵᠢᠲᠡᠶ᠂ ᠰᠢᠰᠲ᠋ᠧᠮ᠎ᠨᠢ ᠪᠦᠷᠢᠨ ᠲᠡᠭᠦᠯᠳᠡᠷ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠤᠷᠤᠯᠳᠤᠭ᠋ᠠᠨ᠎ᠤ ᠠᠵᠢᠯᠯᠠᠭ᠋ᠠᠨ᠎ᠤ   ᠰᠢᠰᠲᠸᠮ᠎ᠢ ᠪᠦᠷᠢᠯᠳᠦᠭᠦᠯᠦᠨ᠎ᠡ᠃
    ᠵᠢᠷᠭᠤᠭ᠎ᠠ᠂ ᠪᠤᠶ᠋ᠢᠺᠤ ᠪᠥᠮᠪᠥᠭᠡ ᠵᠢᠨ ᠠᠵᠤ ᠦᠢ᠍ᠯᠡᠰ᠎ᠢ ᠬᠦᠭᠵᠢᠭᠦᠯᠬᠦ᠎ᠪᠠᠨ ᠲᠦᠷᠭᠡᠳᠬᠡᠨ᠎ᠡ
    ᠡᠯ᠎ᠡ ᠭᠠᠵᠠᠷ ᠣᠷᠣᠨ᠎ᠤ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠪᠦᠢ᠍ᠺᠦ ᠪᠥᠮᠪᠥᠭᠡ ᠵᠢᠨ ᠤᠷᠤᠯᠳᠤᠭ᠋ᠠᠨ᠎ᠤ ᠲᠣᠭᠯᠠᠯᠲᠠ᠂ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠂ ᠪᠡᠶ᠎ᠡ ᠴᠢᠭᠢᠷᠠᠭᠵᠢᠭᠤᠯᠤᠨ ᠰᠡᠯᠡᠭᠦᠴᠡᠬᠦ᠂ ᠲᠣᠨᠣᠭ ᠲᠥᠬᠦᠭᠡᠷᠦᠮᠵᠢ ᠦᠢ᠍ᠯᠡᠳᠬᠦ ᠵᠡᠷᠭᠡ ᠠᠵᠤ ᠦᠢ᠍ᠯᠡᠰ᠎ᠢ ᠬᠥᠭᠵᠢᠭᠦᠯᠵᠦ᠂ ᠦᠢ᠍ᠯᠡᠳᠬᠦᠨ ᠪᠠ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠪᠠᠶᠠᠯᠢᠭᠵᠢᠭᠤᠯᠤᠨ᠂ ᠤᠷᠤᠯᠳᠤᠭ᠋ᠠᠨ᠎ᠤ ᠠᠵᠢᠯᠯᠠᠭ᠎ᠠ ᠵᠢᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠨᠠᠩ ᠣᠯᠠᠨ ᠦᠢ᠍ᠯᠡᠳᠬᠦᠨ ᠪᠠ ᠦᠢ᠍ᠯᠡᠴᠢᠯᠡᠭᠡ ᠵᠢ ᠭᠠᠷᠭ᠋ᠠᠵᠤ᠂ ᠪᠦᠢ᠍ᠺᠦ ᠪᠥᠮᠪᠥᠭᠡ ᠵᠢᠨ ᠬᠥᠳᠡᠯᠭᠡᠭᠡᠨ ᠬᠢᠭᠡᠳ ᠰᠣᠶᠣᠯ᠂ ᠵᠢᠭᠤᠯᠴᠢᠯᠠᠯ ᠵᠡᠷᠭᠡ ᠵᠢᠨ ᠠᠭᠤᠰᠤᠯᠳᠤᠨ ᠬᠥᠭᠵᠢᠬᠦ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠲᠦᠯᠬᠢᠨ ᠠᠬᠢᠭᠤᠯᠤᠨ᠎ᠠ᠃ ᠮᠣᠷᠢᠨᠳᠠᠪᠠᠭ᠎ᠠ ᠬᠣᠰᠢᠭᠤᠨ᠎ᠤ ᠪᠤᠶ᠋ᠢᠺᠤ ᠪᠥᠮᠪᠥᠭᠡ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠥᠨᠳᠥᠷᠯᠢᠭ ᠭᠠᠵᠠᠷ ᠪᠠᠶ᠋ᠢᠭᠤᠯᠬᠤ ᠵᠢ ᠳᠡᠮᠵᠢᠨ᠎ᠡ᠃
    ᠳᠣᠯᠣᠭ᠎ᠠ᠂ ᠪᠤᠶ᠋ᠢᠺᠤ ᠪᠥᠮᠪᠥᠭᠡ ᠵᠢᠨ ᠰᠣᠶᠣᠯ᠎ᠢ ᠪᠤᠢ᠌ᠵᠢᠭᠤᠯᠬᠤ᠎ᠪᠠᠨ ᠲᠦᠷᠭᠡᠳᠬᠡᠨ᠎ᠡ
    ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠵᠶ᠋ᠡᠨ ᠪᠣᠯᠭ᠋ᠠᠬᠤ ᠵᠢ ᠪᠠᠷᠢᠮᠲᠠᠯᠠᠵᠤ᠂ ᠪᠦᠢ᠍ᠺᠦ ᠪᠥᠮᠪᠥᠭᠡ ᠵᠢᠨ ᠰᠣᠶᠣᠯ᠎ᠤᠨ ᠥᠪᠡᠷᠮᠢᠴᠡ ᠡᠭᠦᠰᠦᠯ ᠵᠢᠴᠢ ᠬᠥᠭᠵᠢᠯᠲᠡ ᠵᠢᠨ ᠶᠠᠪᠤᠴᠠ ᠵᠢ ᠭᠦᠨᠵᠡᠭᠡᠢ ᠠᠭᠤᠳᠠᠯᠵᠤ᠂ ᠪᠦᠢ᠍ᠺᠦ ᠪᠥᠮᠪᠥᠭᠡ ᠵᠢᠨ ᠰᠣᠶᠣᠯ᠎ᠤᠨ ᠤᠬᠢ ᠰᠣᠳᠣ ᠵᠢ ᠪᠣᠯᠪᠠᠰᠤᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ᠎ᠳᠤ ᠠᠭᠤᠰᠤᠯᠴᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠠᠪᠴᠠᠩ᠎ᠢ ᠪᠠᠢ᠌ᠭᠤᠯᠤᠨ᠎ᠠ᠃ ᠳᠠᠭᠤᠷ ᠦᠨᠳᠦᠰᠦᠲᠡᠨ᠎ᠤ ᠤᠯᠠᠮᠵᠢᠯᠠᠯᠲᠤ ᠪᠤᠶ᠋ᠢᠺᠤ ᠪᠥᠮᠪᠥᠭᠡ ᠵᠢᠨ ᠤᠷᠤᠯᠳᠤᠭ᠋ᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠬᠠᠮᠠᠭ᠋ᠠᠯᠠᠬᠤ ᠵᠢ ᠴᠢᠩᠭ᠋ᠠᠳᠬᠠᠵᠤ᠂ ᠮᠣᠷᠢᠨᠳᠠᠪᠠᠭ᠎ᠠ ᠬᠣᠰᠢᠭᠤᠨ᠎ᠤ ᠪᠤᠶ᠋ᠢᠺᠤ ᠪᠥᠮᠪᠥᠭᠡ ᠵᠢᠨ ᠰᠤᠳᠤᠯᠭ᠋ᠠᠨ᠎ᠤ ᠰᠠᠭᠤᠷᠢᠨ ᠭᠠᠵᠠᠷ᠎ᠢ ᠪᠠᠢ᠌ᠭᠤᠯᠤᠨ᠎ᠠ᠃ ᠪᠤᠶ᠋ᠢᠺᠤ ᠪᠥᠮᠪᠥᠭᠡ ᠵᠢᠨ ᠰᠣᠶᠣᠯ ᠪᠠ ᠤᠷᠤᠯᠳᠤᠭ᠋ᠠᠨ᠎ᠤ ᠠᠵᠢᠯᠯᠠᠭ᠎ᠠ ᠵᠢ ᠤᠬᠠᠭᠤᠯᠤᠨ ᠬᠥᠲᠥᠯᠥᠨ ᠵᠢᠯᠤᠭᠣᠳᠬᠤ ᠵᠢ ᠴᠢᠩᠭ᠋ᠠᠳᠬᠠᠵᠤ᠂ ᠣᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠢ á  á ·á ­á Žá   ᠮᠠᠶᠢᠭ ᠪᠠ á  á ·á ­á Žá   ᠵᠠᠮ᠎ᠢ ᠠᠰᠢᠭᠯᠠᠨ ᠪᠤᠶ᠋ᠢᠺᠤ ᠪᠥᠮᠪᠥᠭᠡ ᠵᠢᠨ ᠥᠯᠢᠭᠡᠷ᠎ᠢ ᠰᠠᠢ᠌ᠲᠤᠷ ᠶᠠᠷᠢᠵᠤ᠂ ᠪᠤᠶ᠋ᠢᠺᠤ ᠪᠥᠮᠪᠥᠭᠡ ᠵᠢᠨ ᠮᠡᠳᠡᠯᠭᠡ ᠵᠢ ᠲᠦᠭᠡᠮᠡᠯᠵᠢᠭᠦᠯᠦᠨ᠂ ᠣᠯᠠᠨ ᠨᠡᠶ᠋ᠢᠲᠡ ᠵᠢᠨ ᠪᠤᠶ᠋ᠢᠺᠤ ᠪᠥᠮᠪᠥᠭᠡ ᠵᠢᠨ ᠲᠤᠬᠠᠢ ᠲᠠᠨᠢᠯᠲᠠ ᠪᠠ ᠠᠩᠬᠠᠷᠤᠯ᠎ᠤᠨ ᠬᠡᠮᠵᠢᠶ᠎ᠡ ᠵᠢ ᠳᠡᠭᠡᠭᠰᠢᠯᠡᠭᠦᠯᠦᠨ᠎ᠡ᠃
    ᠨᠠᠢ᠍ᠮᠠ᠂ ᠳᠡᠮᠵᠢᠵᠦ ᠪᠠᠲᠤᠯᠠᠬᠤ ᠡᠷᠴᠢᠮ ᠵᠶ᠋ᠡᠨ ᠴᠢᠩᠭ᠋ᠠᠷᠠᠭᠤᠯᠤᠨ᠎ᠠ
    ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠨᠢ ᠵᠢᠯ ᠪᠦᠷᠢ ᠬᠡᠷᠡᠭᠴᠡᠭᠡ᠎ᠪᠠᠨ ᠦᠨᠳᠦᠰᠦᠯᠡᠨ ᠵᠣᠬᠢᠬᠤ ᠬᠡᠮᠵᠢᠶᠡᠨ᠎ᠤ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠤᠶ᠋ᠢᠺᠤ ᠪᠥᠮᠪᠥᠭᠡ ᠵᠢᠨ ᠲᠠᠯᠠᠪᠠᠶ ᠣᠷᠳᠣᠨ᠎ᠤ ᠲᠠᠯᠠᠪᠤᠷ᠎ᠤᠨ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠂ ᠪᠠᠭ᠋ᠠᠵᠢ ᠬᠡᠷᠡᠭᠰᠡᠯ ᠬᠤᠳᠠᠯᠳᠤᠨ ᠠᠪᠬᠤ᠂ ᠴᠢᠳᠠᠪᠤᠷᠢᠲᠠᠨ ᠣᠷᠣᠭᠤᠯᠤᠨ ᠠᠪᠴᠢᠷᠠᠬᠤ᠂   ᠪᠤᠯᠪᠠᠰᠤᠷᠠᠯ ᠰᠣᠯᠢᠯᠴᠠᠭ᠎ᠠ ᠬᠢᠬᠦ᠂ ᠭᠠᠳᠠᠭ᠋ᠠᠳᠤ᠎ᠳᠤ á ­á  á ·á ´á ¤ ᠪᠣᠯᠪᠠᠰᠤᠷᠠᠯ ᠤᠷᠤᠯᠳᠤᠭ᠋ᠠᠨ ᠬᠢᠬᠦ ᠵᠡᠷᠭᠡ ᠵᠢ ᠳᠡᠮᠵᠢᠨ᠎ᠡ᠃ ᠪᠤᠶ᠋ᠢᠺᠤ ᠪᠥᠮᠪᠥᠭᠡ ᠵᠢᠨ ᠲᠠᠮᠢᠷᠴᠢᠳ᠎ᠤᠨ ᠠᠵᠢᠯ᠎ᠠᠴᠠ᠎ᠪᠠᠨ ᠪᠠᠭᠤᠬᠤ᠂ ᠠᠵᠢᠯ᠎ᠤᠨ ᠪᠠᠢ᠌ᠷᠢ ᠰᠣᠯᠢᠬᠤ᠂ ᠠᠵᠢᠯ ᠣᠯᠭᠣᠬᠤ ᠠᠵᠢᠯ᠎ᠢ ᠢᠳᠡᠪᠬᠢᠲᠡᠢ ᠰᠠᠢ᠌ᠲᠤᠷ ᠬᠢᠵᠦ᠂ ᠡᠯ᠎ᠡ ᠠᠢ᠌ᠮᠠᠭ ᠬᠣᠲᠠ᠂ ᠡᠯ᠎ᠡ ᠳᠡᠭᠡᠳᠦ ᠰᠤᠷᠭ᠋ᠠᠭᠤᠯᠢ᠎ᠨᠤᠭᠤᠳ ᠶᠡᠬᠡ ᠳᠤᠮᠳᠠᠳᠤ ᠪᠠᠭ᠎ᠠ ᠰᠤᠷᠭ᠋ᠠᠭᠤᠯᠢ᠎ᠳᠤ ᠪᠡᠶ᠎ᠡ ᠵᠢᠨ ᠲᠠᠮᠢᠷ᠎ᠤᠨ ᠰᠤᠷᠭ᠋ᠠᠭᠴᠢ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠢ᠌ᠷᠢ ᠲᠣᠬᠢᠷᠠᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ ᠶᠣᠰᠣᠭ᠋ᠠᠷ᠂ ᠬᠡᠷᠡᠭᠴᠡᠭᠡ ᠶᠣᠰᠣᠭ᠋ᠠᠷ ᠪᠤᠶ᠋ᠢᠺᠤ ᠪᠥᠮᠪᠥᠭᠡ ᠵᠢᠨ ᠰᠤᠷᠭ᠋ᠠᠭᠴᠢ ᠵᠢᠨ ᠠᠵᠢᠯ᠎ᠤᠨ ᠪᠠᠢ᠌ᠷᠢ ᠲᠣᠬᠢᠷᠠᠭᠤᠯᠵᠤ᠂ ᠮᠡᠷᠭᠡᠵᠢᠯ᠎ᠤᠨ ᠴᠣᠯᠠ ᠲᠣᠭᠲᠠᠭ᠋ᠠᠵᠤ ᠤᠷᠢᠬᠤ ᠪᠠᠷᠢᠮᠵᠢᠶ᠎ᠠ ᠵᠢ ᠲᠡᠭᠦᠯᠳᠡᠷᠵᠢᠭᠦᠯᠦᠨ᠂ ᠪᠤᠶ᠋ᠢᠺᠤ ᠪᠥᠮᠪᠥᠭᠡ ᠵᠢᠨ ᠰᠤᠷᠭ᠋ᠠᠭᠴᠢ ᠵᠢᠨ ᠮᠡᠷᠭᠡᠵᠢᠯ᠎ᠤᠨ ᠴᠣᠯᠠ ᠳᠡᠪᠰᠢᠬᠦ᠂ ᠵᠢᠭ᠋ᠠᠨ ᠰᠤᠷᠭ᠋ᠠᠯᠲᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠷ᠎ᠡ ᠪᠦᠲᠦᠭᠡᠯ᠎ᠢ ᠦᠨᠡᠯᠡᠨ ᠲᠣᠭᠲᠠᠭ᠋ᠠᠬᠤ ᠵᠡᠷᠭᠡ ᠲᠠᠯ᠎ᠠ᠎ᠪᠠᠷ ᠡᠯ᠎ᠡ ᠬᠢᠴᠢᠶᠡᠯ ᠲᠥᠷᠥᠯ᠎ᠤᠨ ᠪᠠᠭᠰᠢ᠎ᠯᠤᠭ᠎ᠠ ᠠᠳᠠᠯᠢ ᠲᠠᠰ᠎ᠤᠨ ᠣᠯᠭᠣᠮᠵᠢ ᠭᠥᠷᠳᠡᠬᠦ ᠵᠢ ᠦᠨᠡᠨᠬᠦ ᠪᠠᠲᠤᠯᠠᠬᠤ ᠬᠡᠷᠡᠭᠲᠡᠢ᠃
    ᠶᠢᠰᠦ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠎ᠠ
    ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠤᠶ᠋ᠢᠺᠤ ᠪᠥᠮᠪᠥᠭᠡ ᠵᠢᠨ ᠬᠥᠭᠵᠢᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠷᠣᠰᠢᠵᠤ ᠪᠠᠢ᠌ᠭ᠎ᠠ ᠬᠦᠴᠢᠷᠳᠡᠯ ᠪᠠ ᠠᠰᠠᠭᠤᠳᠠᠯ᠎ᠢ á ´á  á ­ ᠲᠤᠬᠠᠢ᠎ᠳᠤᠨᠢ ᠰᠤᠳᠤᠯᠤᠨ ᠰᠢᠢ᠍ᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ ᠪᠥᠬᠥ ᠣᠷᠣᠨ᠎ᠤ ᠪᠤᠶ᠋ᠢᠺᠤ ᠪᠥᠮᠪᠥᠭᠡ ᠵᠢᠨ ᠡᠩᠨᠡᠭᠡ ᠵᠢᠨ ᠪᠠᠢ᠌ᠭᠤᠯᠤᠯᠲᠠ᠂ ᠲᠠᠯᠠᠪᠤᠷ ᠭᠠᠵᠠᠷ᠎ᠤᠨ ᠪᠠᠲᠤᠯᠠᠭ᠎ᠠ᠂ ᠤᠷᠤᠯᠳᠤᠭ᠋ᠠᠨ᠎ᠤ ᠠᠵᠢᠯᠯᠠᠭ᠎ᠠ ᠵᠡᠷᠭᠡ ᠵᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠰᠢᠭᠤᠯᠤᠨ᠂ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠨ᠂ ᠡᠯ᠎ᠡ ᠵᠦᠢ᠍ᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠨᠢ ᠪᠦᠢ᠍ᠺᠦ ᠪᠥᠮᠪᠥᠭᠡ ᠵᠢᠨ ᠲᠥᠷᠥᠯ ᠵᠦᠢ᠍ᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠢ ᠢᠳᠡᠪᠬᠢᠲᠡᠢ ᠠᠬᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠪᠦᠢ᠍ᠺᠦ ᠪᠥᠮᠪᠥᠭᠡ ᠵᠢᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠪᠡᠯᠡ ᠮᠥᠩᠭᠥ ᠵᠢᠨ ᠪᠠᠲᠤᠯᠠᠭ᠎ᠠ ᠵᠢ ᠨᠢᠭᠡᠳᠦᠯᠲᠡᠢ ᠲᠥᠯᠥᠪᠯᠡᠨ ᠨᠠᠢ᠌ᠳᠠᠪᠤᠷᠢᠵᠢᠭᠤᠯᠬᠤ ᠬᠡᠷᠡᠭᠲᠡᠢ᠃ ᠬᠥᠯᠥᠨ ᠪᠣᠶ᠋ᠢᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠮᠣᠷᠢᠨᠳᠠᠪᠠᠭ᠎ᠠ ᠬᠣᠰᠢᠭᠤᠨ᠎ᠤ ᠪᠤᠶ᠋ᠢᠺᠤ ᠪᠥᠮᠪᠥᠭᠡ ᠵᠢᠨ ᠲᠥᠷᠥᠯ ᠵᠦᠢ᠍ᠯ᠎ᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠭᠦᠢ᠍ᠴᠡᠳᠬᠡᠵᠦ᠂ ᠠᠵᠢᠯ᠎ᠤᠨ ᠵᠣᠯᠭ᠋ᠠᠯᠴᠠᠭ᠎ᠠ᠎ᠪᠠᠨ ᠴᠢᠩᠭ᠋ᠠᠳᠬᠠᠨ᠂ ᠡᠯ᠎ᠡ ᠵᠦᠢ᠍ᠯ᠎ᠤᠨ ᠡᠭᠦᠷᠭᠡ ᠵᠢ ᠪᠦᠲᠦᠮᠵᠢᠲᠡᠶ ᠨᠠᠢ᠌ᠳᠠᠪᠤᠷᠢᠵᠢᠭᠤᠯᠬᠤ ᠵᠢ ᠦᠨᠡᠨᠬᠦ ᠪᠠᠲᠤᠯᠠᠵᠤ᠂ ᠪᠤᠶ᠋ᠢᠺᠤ ᠪᠥᠮᠪᠥᠭᠡ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
 
            