ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ᠎ᠤᠨ ᠲᠡᠢ᠌ᠯᠦᠮᠵᠢ᠄ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠬᠠᠷᠢᠭᠤᠴᠠᠯᠭ᠋ᠠᠲᠠᠨ᠎ᠠᠴᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠬᠠᠮᠢᠶᠠᠷᠤᠯᠳᠠ ᠵᠢᠨ ᠠᠷᠭ᠎ᠠ》 ᠵᠢᠨ ᠲᠤᠬᠠᠢ ᠲᠠᠢ᠌ᠯᠤᠮᠵᠢ ᠬᠢᠪᠠ
ᠨᠡᠶ᠋ᠢᠲᠡᠯᠡᠭᠰᠡᠨ ᠴᠠᠭ᠄ 2024-08-30

    《ᠠᠭ᠋ᠠᠷ ᠎ᠤᠨ   ᠠᠶᠠᠯᠠᠯ ᠎ᠤᠨ   ᠪᠡᠶ᠎ᠡ ᠵᠢᠨ   ᠲᠠᠮᠢᠷ ᠎ᠤᠨ   ᠬᠥᠳᠡᠯᠭᠡᠭᠡᠨ᠎ᠤ   ᠬᠠᠮᠢᠶᠠᠷᠤᠯᠲᠠ ᠵᠢᠨ   ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠣᠢ᠌ᠷ᠎ᠠ᠎ᠳᠤ ᠵᠠᠰᠠᠪᠤᠷᠢ ᠣᠷᠣᠭᠤᠯᠤᠨ ᠨᠡᠢ᠌ᠲᠡᠯᠡᠵᠦ᠂ 2024 ᠣᠨ᠎ᠤ 10 á °á  á ·á Žá   ᠵᠢᠨ 1á Žá ¤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠠᠷᠭ᠎ᠠ》᠎ᠳᠤ ᠵᠠᠰᠠᠪᠤᠷᠢ ᠣᠷᠣᠭᠤᠯᠤᠭᠰᠠᠨ᠎ᠨᠢ 《ᠪᠥᠬᠥᠳᠡ ᠨᠠᠢ᠌ᠷᠠᠮᠳᠠᠬᠤ ᠳᠤᠮᠳᠠᠳᠤ á  á ·á  á ³ ᠤᠯᠤᠰ᠎ᠤᠨ ᠪᠡᠶ᠎ᠡ ᠵᠢᠨ ᠲᠠᠮᠢᠷ᠎ᠤᠨ ᠬᠠᠤᠯᠢ》 ᠵᠢ ᠲᠤᠭᠤᠰᠢᠯᠠᠭᠤᠯᠤᠨ ᠬᠡᠷᠡᠭᠵᠢᠭᠦᠯᠬᠦ ᠴᠢᠬᠤᠯᠠ á  á ·á ­á Žá   ᠬᠡᠮᠵᠢᠶ᠎ᠡ ᠮᠥᠨ᠂ ᠡᠨᠡ᠎ᠨᠢ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠠᠮᠢᠶᠠᠷᠤᠯᠲᠠ ᠵᠢ ᠵᠢᠷᠤᠮᠵᠢᠭᠤᠯᠬᠤ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠠᠮᠤᠷ ᠲᠦᠪᠰᠢᠨ᠎ᠢ ᠪᠠᠲᠤᠯᠠᠬᠤ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠴᠢᠬᠤᠯᠠ á  á ´á ¢ ᠬᠣᠯᠪᠣᠭᠳᠠᠯ᠎ᠲᠠᠢ ᠶᠤᠮ᠃
    ᠵᠠᠰᠠᠪᠤᠷᠢ ᠣᠷᠣᠭᠤᠯᠤᠭᠰᠠᠨ ᠠᠬᠤᠢ ᠪᠠᠢ᠌ᠳᠠᠯ ᠪᠠ ᠶᠠᠪᠤᠴᠠ
    ᠣᠲᠣ ᠵᠢᠨ ᠬᠡᠷᠡᠭᠵᠢᠭᠦᠯᠵᠦ ᠪᠠᠢ᠌ᠭ᠎ᠠ 《ᠠᠷᠭ᠎ᠠ》 ᠵᠢ 1991 ᠣᠨ᠎ᠤ 8 á °á  á ·á Žá   ᠵᠢᠨ 10á Žá ¤ ᠡᠳᠦᠷ᠎ᠠᠴᠠ ᠡᠬᠢᠯᠡᠨ ᠬᠡᠷᠡᠭᠵᠢᠭᠦᠯᠵᠦ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠢᠷᠤᠮᠵᠢᠭᠤᠨ ᠪᠥᠭᠡᠳ ᠡᠮᠬᠢ ᠵᠢᠷᠤᠮ᠎ᠲᠠᠢ ᠥᠷᠨᠢᠭᠦᠯᠬᠦ ᠵᠢ ᠦᠨᠡᠨ ᠬᠦ᠌ ᠪᠠᠲᠤᠯᠠᠬᠤ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠡᠯ᠎ᠡ ᠲᠠᠯ᠎ᠠ ᠵᠢᠨ᠎ᠬᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠡᠷᠭᠡ ᠲᠠᠯ᠎ᠠ᠎ᠪᠠᠷ ᠴᠢᠬᠤᠯᠠ   ᠦᠢ᠍ᠯᠡᠳᠦᠯ   ᠦᠵᠡᠭᠦᠯᠪᠡ᠃ ᠣᠢ᠌ᠷ᠎ᠠ ᠵᠢᠨ   ᠵᠢᠯ᠎ᠳᠤ᠂     《ᠪᠥᠬᠥᠳᠡ ᠨᠠᠢ᠌ᠷᠠᠮᠳᠠᠬᠤ ᠳᠤᠮᠳᠠᠳᠤ á  á ·á  á ³ ᠤᠯᠤᠰ᠎ᠤᠨ ᠠᠷᠠᠳ᠎ᠤᠨ ᠬᠡᠷᠡᠭᠴᠡᠭᠡᠨ᠎ᠤ ᠠᠭ᠋ᠠᠷ᠎ᠤᠨ ᠠᠶᠠᠯᠠᠯ᠎ᠤᠨ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ á  á ·á  á ³ ᠤᠯᠤᠰ᠎ᠤᠨ ᠪᠡᠶ᠎ᠡ ᠵᠢᠨ ᠲᠠᠮᠢᠷ᠎ᠤᠨ ᠬᠠᠤᠯᠢ》 ᠵᠡᠷᠭᠡ ᠠᠯᠢ ᠣᠯᠠᠨ ᠰᠢᠨ᠎ᠡ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢ ᠵᠠᠯᠭ᠋ᠠᠭ᠎ᠠ᠎ᠪᠠᠷ ᠵᠠᠰᠠᠪᠤᠷᠢ ᠣᠷᠣᠭᠤᠯᠤᠨ ᠨᠡᠢ᠌ᠲᠡᠯᠡᠵᠦ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠦᠭᠵᠢᠯᠳᠡ ᠵᠢ ᠤᠯᠠᠮ ᠨᠢᠭᠡ ᠠᠯᠬᠤᠮ ᠵᠢᠷᠤᠮᠵᠢᠭᠤᠯᠪᠠ᠃ 2016 ᠣᠨ᠎ᠳᠤ᠂ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ᠎ᠠᠴᠠ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ ᠵᠡᠷᠭᠡ ᠶᠢᠰᠦᠨ ᠶᠠᠮᠤᠨ ᠵᠥᠪᠯᠡᠯ᠎ᠲᠠᠢ ᠬᠠᠮᠲᠤᠷᠠᠨ 《ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠠᠵᠤ ᠦᠢ᠍ᠯᠡᠰ᠎ᠤᠨ ᠲᠥᠯᠦᠪᠵᠢᠭᠦᠯᠭᠡ》ᠵᠢ ᠳᠠᠷᠤᠮᠠᠯᠯᠠᠨ ᠲᠠᠷᠬᠠᠭ᠋ᠠᠵᠤ᠂ ᠤᠯᠤᠰ᠎ᠤᠨ ᠲᠦᠷᠦ ᠵᠢᠨ ᠪᠣᠳᠣᠯᠭ᠎ᠠ ᠵᠢᠨ ᠬᠦᠴᠦᠲᠡᠢ ᠳᠡᠮᠵᠢᠯᠭᠡ ᠳᠣᠣᠷ᠎ᠠ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ ᠲᠦᠷᠭᠡᠨ ᠲᠠᠪᠰᠢᠯᠳᠠ᠎ᠲᠠᠢ ᠪᠣᠯᠵᠤ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠦᠢ᠍ᠯᠡᠳᠬᠦᠨ ᠲᠠᠰᠤᠷᠠᠯᠳᠠ ᠦᠭᠡᠢ ᠪᠠᠶᠠᠯᠢᠭᠵᠢᠵᠤ᠂ ᠰᠢᠨ᠎ᠡ ᠬᠡᠯᠪᠡᠷᠢ ᠵᠢᠨ ᠪᠡᠶ᠎ᠡ ᠵᠢᠨ ᠲᠠᠮᠢᠷ᠎ᠤᠨ ᠬᠡᠯᠪᠡᠷᠢ ᠪᠠᠢ᠌ᠳᠠᠯ᠂ ᠵᠣᠬᠢᠶᠠᠨ ᠪᠠᠢ᠌ᠭᠤᠯᠤᠯᠲᠠ ᠵᠢᠨ ᠵᠠᠭᠪᠤᠷ ᠦᠳᠲᠡᠷ ᠬᠦᠭᠵᠢᠪᠡ᠃ ᠭᠡᠪᠡᠴᠦ ᠣᠲᠣ ᠵᠢᠨ ᠬᠡᠷᠡᠭᠵᠢᠭᠦᠯᠵᠦ ᠪᠠᠢ᠌ᠭ᠎ᠠ 《ᠠᠷᠭ᠎ᠠ》᠎ᠨᠢ á ´á  á ­ ᠦᠶ᠎ᠡ ᠵᠢᠨ ᠬᠢᠵᠠᠭ᠋ᠠᠷᠯᠠᠯ᠎ᠳᠤ ᠤᠴᠠᠷᠠᠵᠤ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠬᠡᠷᠡᠭᠴᠡᠭᠡ ᠵᠢ ᠨᠢᠭᠡᠨᠲᠡ ᠬᠠᠩᠭ᠋ᠠᠵᠤ ᠳᠡᠶ᠋ᠢᠯᠬᠦ ᠦᠭᠡᠢ ᠪᠣᠯᠤᠭᠰᠠᠨ ᠪᠣᠯᠬᠣᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠴᠢᠬᠤᠯᠠᠲᠠᠢ ᠪᠤᠯᠪᠠ᠃
    ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠵᠤᠷᠭ᠋ᠠᠨ᠎ᠤ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ 2020 ᠣᠨ᠎ᠤ 5 ᠰᠠᠷ᠎ᠠ᠎ᠳᠤ᠂ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ 《ᠠᠷᠭ᠎ᠠ》᠎ᠳᠤ ᠵᠠᠰᠠᠪᠤᠷᠢ ᠣᠷᠣᠭᠤᠯᠬᠤ ᠠᠵᠢᠯ᠎ᠢ ᠡᠬᠢᠯᠡᠭᠦᠯᠵᠦ᠂ ᠮᠠᠲ᠋ᠧᠷᠢᠶᠠᠯ᠎ᠢ ᠪᠥᠬᠥ ᠲᠠᠯ᠎ᠠ᠎ᠪᠠᠷ ᠴᠤᠭᠯᠠᠭᠤᠯᠤᠨ ᠡᠮᠬᠢᠳᠬᠡᠵᠦ᠂ ᠲᠤᠰᠬᠠᠢ ᠰᠡᠳᠦᠪᠲᠦ ᠰᠤᠳᠤᠯᠭ᠋ᠠᠨ᠎ᠢ ᠥᠷᠨᠢᠭᠦᠯᠦᠨ᠂ ᠣᠲᠣ ᠵᠢᠨ ᠬᠡᠷᠡᠭᠵᠢᠭᠦᠯᠵᠦ ᠪᠠᠢ᠌ᠭ᠎ᠠ 《ᠠᠷᠭ᠎ᠠ》 ᠵᠢ ᠬᠡᠷᠡᠭᠵᠢᠭᠦᠯᠵᠦ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠳ᠋ᠦᠩᠨᠡᠭᠰᠡᠨ ᠰᠠᠭᠤᠷᠢᠨ ᠳᠡᠭᠡᠷ᠎ᠡ᠂ 《ᠠᠷᠭ᠎ᠠ》᠎ᠳᠤ ᠵᠠᠰᠠᠪᠤᠷᠢ ᠣᠷᠣᠭᠤᠯᠤᠭᠰᠠᠨ ᠨᠣᠣᠷᠠᠭ᠎ᠢ ᠲᠤᠭᠤᠷᠪᠢᠬᠤ ᠠᠵᠢᠯ᠎ᠢ ᠳᠠᠭᠤᠰᠬᠠᠪᠠ᠃ 2022 ᠣᠨ᠎ᠤ 5 á °á  á ·á Žá  á ‚ 8 á °á  á ·á Žá  á ‚ 11 ᠰᠠᠷ᠎ᠠ᠎ᠳᠤ ᠲᠣᠰ ᠲᠣᠰ ᠬᠠᠮᠢᠶ᠎ᠠ ᠪᠦᠬᠦ ᠨᠢᠭᠡᠴᠢ ᠵᠢᠴᠢ ᠬᠤᠪᠢ ᠬᠥᠮᠥᠨ᠂ ᠪᠥᠬᠥ ᠤᠯᠤᠰ᠎ᠤᠨ ᠪᠡᠶ᠎ᠡ ᠵᠢᠨ ᠲᠠᠮᠢᠷ᠎ᠤᠨ ᠰᠢᠰᠲ᠋ᠧᠮ ᠪᠠ ᠬᠠᠮᠢᠶ᠎ᠠ ᠪᠦᠬᠦᠢ ᠶᠠᠮᠤᠨ ᠵᠥᠪᠯᠡᠯ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠵᠤ᠂ 2023 ᠣᠨ᠎ᠤ 3 ᠰᠠᠷ᠎ᠠ᠎ᠳᠤ ᠢᠯᠡ᠎ᠪᠠᠷ ᠨᠡᠢ᠌ᠭᠡᠮ᠎ᠤᠨ ᠰᠠᠨᠠᠯ᠎ᠢ ᠬᠤᠷᠢᠶᠠᠵᠤ᠂ 2024 ᠣᠨ᠎ᠤ 6 ᠰᠠᠷ᠎ᠠ᠎ᠳᠤ ᠬᠠᠮᠢᠶ᠎ᠠ ᠪᠦᠬᠦᠢ ᠶᠠᠮᠤᠨ ᠵᠥᠪᠯᠡᠯ ᠪᠠ ᠪᠥᠬᠥ ᠤᠯᠤᠰ᠎ᠤᠨ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠰᠠᠨᠠᠯ᠎ᠢ ᠳᠠᠬᠢᠨᠲᠠ ᠬᠤᠷᠢᠶᠠᠵᠤ᠂ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠬᠢᠨᠠᠮᠠᠭ᠋ᠠᠢ ᠰᠤᠳᠤᠯᠤᠨ ᠰᠢᠩᠭᠡᠭᠡᠬᠦ᠎ᠪᠠᠷ ᠳᠡᠮᠵᠢᠨ᠂ ᠲᠥᠰᠥᠯ᠎ᠳᠤ ᠲᠠᠰᠤᠷᠠᠯᠲᠠ ᠦᠭᠡᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 2024 ᠣᠨ᠎ᠤ 7 á °á  á ·á Žá   ᠵᠢᠨ 10á Žá ¤ ᠡᠳᠦᠷ᠂ 《ᠠᠷᠭ᠎ᠠ》 ᠵᠢ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠲᠣᠪᠴᠢᠶ᠎ᠠ ᠵᠢᠨ ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠪᠠ᠃
    ᠵᠠᠰᠠᠪᠤᠷᠢ ᠣᠷᠣᠭᠤᠯᠤᠭᠰᠠᠨ ᠶᠡᠷᠦᠩᠬᠡᠢ ᠰᠡᠳᠬᠢᠴᠡ
    ᠲᠤᠰ ᠬᠠᠷᠢᠭᠤᠴᠠᠯᠭ᠋ᠠᠲᠠᠨ᠎ᠤ ᠬᠡᠯᠡᠬᠦ᠎ᠪᠠᠷ᠂ 《ᠠᠷᠭ᠎ᠠ》᠎ᠳᠤ ᠵᠠᠰᠠᠪᠤᠷᠢ ᠣᠷᠣᠭᠤᠯᠤᠭᠰᠠᠨ ᠶᠡᠷᠦᠩᠬᠡᠢ ᠰᠡᠳᠬᠢᠮᠵᠢ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ á ¡á ·á ¡á ° ᠲᠤᠭᠤᠰᠢᠯᠠᠭᠤᠯᠵᠦ᠂ á °á ¢ ᠵᠢᠨ ᠫᠢᠩ ᠶᠡᠷᠦᠩᠬᠡᠢ ᠱᠦᠵᠢ ᠵᠢᠨ ᠪᠡᠶ᠎ᠡ ᠵᠢᠨ ᠲᠠᠮᠢᠷ᠎ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ á  á ·á  á ³ ᠣᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠦᠭᠡᠢ ᠬᠠᠩᠭ᠋ᠠᠵᠤ᠂ ᠵᠠᠰᠠᠪᠤᠷᠢ ᠣᠷᠣᠭᠤᠯᠬᠤ ᠠᠵᠢᠯ᠎ᠢ ᠤᠬᠠᠮᠰᠠᠷ᠎ᠠᠴᠠ᠎ᠪᠠᠨ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠶᠡᠬᠡ ᠲᠠᠯ᠎ᠠ᠎ᠳᠤ ᠲᠠᠯᠪᠢᠵᠤ á  á ·á ­á Žá   ᠤᠬᠠᠭ᠋ᠠᠨ ᠰᠦᠪᠡᠭᠴᠢᠯᠡᠭᠰᠡᠨ ᠪᠠᠢ᠌ᠨ᠎ᠠ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠤᠯᠤᠰ᠎ᠤᠨ ᠠᠮᠤᠷ ᠲᠦᠪᠰᠢᠨ᠂ ᠣᠯᠠᠨ ᠨᠡᠶ᠋ᠢᠲᠡ ᠵᠢᠨ ᠠᠮᠤᠷ ᠲᠦᠪᠰᠢᠨ ᠪᠠ ᠨᠢᠰᠦᠯᠲᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠡᠷᠡᠭᠦᠯ ᠮᠡᠨᠳᠦ ᠠᠮᠤᠷ ᠲᠦᠪᠰᠢᠨ ᠵᠶ᠋ᠡᠷ ᠬᠥᠭᠵᠢᠬᠦ ᠵᠢ ᠲᠦᠯᠬᠢᠨ ᠠᠬᠢᠭᠤᠯᠬᠤ ᠡᠨᠡ ᠬᠦ᠌ ᠭᠣᠣᠯ ᠡᠭᠦᠷᠭᠡ᠎ᠲᠠᠢ ᠨᠢᠭᠲᠠ ᠤᠶᠠᠯᠳᠤᠭᠤᠯᠤᠨ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠬᠡᠷᠡᠭᠵᠢᠭᠦᠯᠬᠦ ᠭᠣᠣᠯ ᠴᠣᠭᠴᠠ᠂ ᠠᠷᠠᠳ᠎ᠤᠨ ᠬᠡᠷᠡᠭᠴᠡᠭᠡᠨ᠎ᠤ ᠠᠭ᠋ᠠᠷ᠎ᠤᠨ ᠠᠶᠠᠯᠠᠯ᠎ᠤᠨ ᠨᠢᠰᠦᠭᠦᠷ     (ᠪᠠᠭ᠋ᠠᠵᠢ ᠬᠡᠷᠡᠭᠰᠡᠯ) ᠪᠠ ᠲᠠᠯᠠᠪᠤᠷ ᠲᠥᠬᠦᠭᠡᠷᠦᠮᠵᠢ ᠵᠢᠴᠢ ᠤᠷᠤᠯᠳᠤᠭ᠋ᠠᠨ᠎ᠤ ᠠᠵᠢᠯᠯᠠᠭ᠎ᠠ ᠵᠡᠷᠭᠡ ᠲᠠᠯ᠎ᠠ᠎ᠪᠠᠷ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠡᠯ᠎ᠡ ᠭᠣᠭᠴᠣᠭ᠎ᠠ ᠵᠢ ᠰᠢᠰᠲ᠋ᠧᠮ᠎ᠲᠠᠢ ᠵᠢᠷᠤᠮᠵᠢᠭᠤᠯᠤᠨ᠎ᠠ᠃ ᠮᠠᠨ᠎ᠤ ᠤᠯᠤᠰ᠎ᠤᠨ ᠤᠯᠤᠰ᠎ᠤᠨ ᠪᠠᠢ᠌ᠳᠠᠯ᠎ᠳᠠᠭᠠᠨ ᠰᠠᠭᠤᠷᠢᠯᠠᠨ᠂ ᠪᠣᠳᠠᠲᠠᠢ᠎ᠠᠴᠠ ᠡᠭᠦᠰᠴᠦ᠂ ᠭᠠᠳᠠᠭ᠋ᠠᠳᠤ ᠵᠢᠨ ᠲᠤᠷᠰᠢᠯᠭ᠎ᠠ᠎ᠪᠠᠷ ᠲᠣᠯᠢ ᠪᠣᠯᠭ᠋ᠠᠵᠤ᠂ ᠬᠠᠮᠢᠶ᠎ᠠ ᠪᠦᠬᠦᠢ ᠬᠦᠷᠢᠶᠡᠨ᠎ᠤ ᠪᠣᠯᠪᠠᠰᠤᠷᠠᠩᠭᠤᠢ á  á ·á ­á Žá   ᠬᠡᠮᠵᠢᠶ᠎ᠡ ᠪᠠ ᠦᠢ᠍ᠯᠡᠳᠦᠯᠭᠡ ᠵᠢᠨ ᠦᠷ᠎ᠡ ᠪᠦᠲᠦᠭᠡᠯ᠎ᠢ ᠰᠢᠩᠭᠡᠬᠡᠨ ᠠᠪᠴᠤ᠂ ᠨᠢᠭᠡᠨ ᠰᠢᠨᠵᠢᠯᠡᠬᠦ ᠤᠬᠠᠭ᠋ᠠᠨᠴᠢ᠂ ᠪᠣᠳᠠᠲᠤ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠠᠮᠢᠶᠠᠷᠤᠯᠲᠠ ᠵᠢᠨ ᠵᠢᠷᠤᠮᠵᠢᠯ᠎ᠳᠤ ᠵᠠᠰᠠᠪᠤᠷᠢ ᠣᠷᠣᠭᠤᠯᠵᠤ ᠨᠡᠢ᠌ᠲᠡᠯᠡᠬᠦ᠎ᠪᠠᠷ ᠴᠢᠷᠮᠠᠢ᠌ᠨ᠎ᠠ᠃
    ᠵᠠᠰᠠᠪᠤᠷᠢ ᠣᠷᠣᠭᠤᠯᠤᠭᠰᠠᠨ ᠭᠣᠣᠯ ᠠᠭᠤᠯᠭ᠎ᠠ
    《ᠠᠷᠭ᠎ᠠ》᠎ᠳᠤ ᠵᠠᠰᠠᠪᠤᠷᠢ ᠣᠷᠣᠭᠤᠯᠬᠤ᠎ᠳᠠᠭᠠᠨ 1991 ᠣᠨ᠎ᠤ ᠬᠡᠪᠯᠡᠯ᠎ᠤᠨ 23 ᠵᠦᠢ᠍ᠯ᠎ᠠᠴᠠ ᠣᠲᠣ 32 ᠵᠦᠢ᠍ᠯ ᠪᠣᠯᠭ᠋ᠠᠨ ᠨᠡᠮᠡᠪᠡ᠃
    ᠨᠢᠭᠡᠳᠦᠭᠡᠷ ᠪᠦᠯᠦᠭ 《ᠶᠡᠷᠦᠩᠬᠡᠢ ᠳᠦᠷᠢᠮ》᠎ᠳᠤ ᠵᠠᠰᠠᠪᠤᠷᠢ ᠣᠷᠣᠭᠤᠯᠬᠤ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ ᠵᠢ ᠲᠣᠳᠣᠷᠬᠠᠢ᠌ᠯᠠᠵᠤ᠂ ᠨᠠᠮ᠎ᠤᠨ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠤᠳᠤᠷᠢᠳᠤᠯᠭ᠎ᠠ ᠵᠢ ᠪᠠᠷᠢᠮᠲᠠᠯᠠᠵᠤ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠣᠮᠢᠶᠠᠯᠠᠯ᠂ ᠬᠡᠷᠡᠭᠯᠡᠬᠦ ᠬᠡᠪᠴᠢᠶ᠎ᠡ ᠪᠠ ᠬᠠᠮᠢᠶᠠᠷᠤᠯᠲᠠ ᠵᠢᠨ ᠪᠠᠢ᠌ᠭᠤᠯᠤᠮᠵᠢ ᠵᠡᠷᠭᠡ ᠵᠢ ᠲᠣᠳᠣᠷᠬᠠᠢ᠌ᠯᠠᠪᠠ᠃
    ᠬᠣᠶᠠᠳᠤᠭ᠋ᠠᠷ ᠪᠦᠯᠦᠭ 《ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠡᠷᠬᠢᠯᠡᠵᠦ ᠪᠠᠢ᠌ᠭ᠎ᠠ ᠨᠢᠭᠡᠴᠢ ᠪᠠ ᠬᠥᠮᠥᠰ》᠎ᠲᠤ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠡᠷᠬᠢᠯᠡᠵᠦ ᠪᠠᠢ᠌ᠭ᠎ᠠ ᠨᠢᠭᠡᠴᠢ ᠪᠠ ᠬᠥᠮᠥᠰ᠎ᠤᠨ ᠬᠣᠯᠪᠣᠭᠳᠠᠯ ᠪᠦᠬᠦᠢ ᠬᠠᠮᠢᠶᠠᠷᠤᠯᠲᠠ ᠵᠢᠨ ᠱᠠᠭ᠋ᠠᠷᠳᠠᠯᠭ᠎ᠠ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠠᠵᠢᠯᠲᠠᠨ᠎ᠤ ᠪᠦᠷᠢᠯᠳᠦᠭᠦᠯᠪᠡᠰᠦ ᠵᠣᠬᠢᠬᠤ ᠬᠢᠷᠢ ᠬᠡᠮ ᠵᠢᠴᠢ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠠᠶᠤᠯᠭᠦᠢ ᠵᠢᠨ ᠡ᠊ᠨᠳᠡᠯ᠎ᠤᠨ ᠮᠡᠳᠡᠭᠦᠯᠦᠯᠲᠡ ᠵᠢ ᠪᠠᠢ᠌ᠴᠠᠭ᠋ᠠᠬᠤ ᠪᠠ ᠰᠢᠢ᠍ᠳᠪᠦᠷᠢᠯᠡᠬᠦ ᠲᠣᠭᠲᠠᠭ᠋ᠠᠯ ᠵᠡᠷᠭᠡ ᠵᠢ ᠲᠣᠳᠣᠷᠬᠠᠢ᠌ᠯᠠᠪᠠ᠃
    ᠭᠤᠷᠪᠠᠳᠤᠭ᠋ᠠᠷ ᠪᠦᠯᠦᠭ 《ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠬᠡᠷᠡᠭᠯᠡᠬᠦ ᠠᠷᠠᠳ᠎ᠤᠨ ᠬᠡᠷᠡᠭᠴᠡᠭᠡᠨ᠎ᠤ ᠠᠭ᠋ᠠᠷ᠎ᠤᠨ ᠠᠶᠠᠯᠠᠯ᠎ᠤᠨ ᠪᠠᠭ᠋ᠠᠵᠢ ᠬᠡᠷᠡᠭᠰᠡᠯ᠂ ᠪᠠᠭ᠋ᠠᠵᠢ ᠬᠡᠷᠡᠭᠰᠡᠯ ᠪᠠ ᠲᠠᠯᠠᠪᠤᠷ ᠲᠥᠬᠦᠭᠡᠷᠦᠮᠵᠢ》᠎ᠳᠤ ᠠᠷᠠᠳ᠎ᠤᠨ ᠬᠡᠷᠡᠭᠴᠡᠭᠡᠨ᠎ᠤ ᠠᠭ᠋ᠠᠷ᠎ᠤᠨ ᠠᠶᠠᠯᠠᠯ᠎ᠤᠨ ᠨᠢᠰᠦᠭᠦᠷ ᠪᠣᠯᠣᠨ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠪᠠᠭ᠋ᠠᠵᠢ ᠬᠡᠷᠡᠭᠰᠡᠯ᠎ᠤᠨ ᠬᠠᠮᠢᠶᠠᠷᠤᠯᠲᠠ ᠵᠢᠨ ᠭᠣᠣᠯ ᠴᠣᠭᠴᠠ ᠵᠢᠴᠢ ᠠᠶᠠᠯᠠᠯ᠎ᠳᠤ ᠵᠣᠬᠢᠴᠠᠬᠤ ᠱᠠᠭ᠋ᠠᠷᠳᠠᠯᠭ᠎ᠠ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠲᠠᠯᠠᠪᠠᠢ ᠵᠢᠨ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠲᠣᠬᠢᠷᠠᠭᠤᠯᠤᠯᠲᠠ ᠵᠢᠨ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠴᠢ ᠳᠤᠮᠳᠠᠳᠤ ᠤᠯᠤᠰ᠎ᠤᠨ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠡᠢ᠌ᠭᠡᠮᠯᠢᠭ᠎ᠠᠴᠠ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠤᠷᠤᠯᠳᠤᠭ᠋ᠠᠨ᠎ᠤ ᠶᠠᠪᠤᠳᠠᠯ᠎ᠳᠤ ᠬᠡᠷᠡᠭᠯᠡᠬᠦ ᠪᠠᠭ᠋ᠠᠵᠢ ᠬᠡᠷᠡᠭᠰᠡᠯ᠎ᠤᠨ ᠬᠠᠮᠢᠶ᠎ᠠ ᠪᠦᠬᠦᠢ ᠪᠠᠷᠢᠮᠵᠢᠶᠡᠨ᠎ᠤ ᠱᠠᠭ᠋ᠠᠷᠳᠠᠯᠭ᠎ᠠ ᠵᠢ ᠲᠤᠭᠳᠠᠭ᠋ᠠᠬᠤ ᠶᠤᠰᠤᠳᠠᠢ ᠭᠡᠵᠦ ᠲᠤᠭᠳᠠᠭ᠋ᠠᠪᠠ᠃
    ᠳᠥᠷᠪᠡᠳᠦᠭᠡᠷ ᠪᠦᠯᠦᠭ 《ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ》᠎ᠳᠤ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠡᠷᠭᠢᠯᠡᠬᠦ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠭᠣᠣᠯ ᠴᠣᠭᠴᠠ᠂ ᠬᠠᠮᠢᠶ᠎ᠠ ᠪᠦᠬᠦᠢ ᠬᠠᠮᠢᠶᠠᠷᠤᠯᠲᠠ ᠵᠢᠨ ᠲᠣᠭᠲᠠᠭ᠋ᠠᠯ ᠵᠢᠴᠢ ᠣᠷᠣᠨ ᠨᠤᠲᠤᠭ᠎ᠤᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠲᠤᠭᠳᠠᠭ᠋ᠠᠪᠠ᠃ ᠣᠯᠠᠨ ᠤᠯᠤᠰ᠎ᠤᠨ ᠴᠢᠨᠠᠷᠲᠠᠢ᠂ ᠠᠶᠤᠯ ᠲᠦᠭᠰᠢᠭᠦᠷᠢ ᠶᠡᠬᠡᠲᠡᠢ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠲᠣᠭᠲᠠᠭ᠋ᠠᠯ ᠶᠣᠰᠣᠭ᠋ᠠᠷ ᠭᠤᠶᠤᠴᠢᠯᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠂ ᠶᠡᠷᠦᠩᠬᠡᠢ᠌ᠯᠡᠭᠰᠡᠨ ᠴᠢᠨᠠᠷᠲᠠᠢ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠪᠠᠴᠢᠮ ᠪᠠᠢ᠌ᠳᠠᠯ᠎ᠢ á  á ·á ­á ‹á  á ´á  á ¨ ᠰᠢᠢ᠍ᠳᠪᠦᠷᠢᠯᠡᠬᠦ ᠪᠡᠯᠡᠳᠬᠡᠯ ᠲᠥᠰᠥᠯ᠎ᠢ ᠮᠡᠳᠡᠭᠦᠯᠦᠨ ᠳᠠᠩᠰᠠᠯᠠᠭᠤᠯᠬᠤ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠲᠣᠭᠲᠠᠭ᠋ᠠᠵᠠᠢ᠃ ᠤᠯᠤᠰ (ᠬᠢᠯᠢ)᠎ᠤᠨ ᠭᠠᠳᠠᠨᠠᠬᠢ ᠬᠥᠮᠥᠰ᠎ᠤᠨ ᠮᠠᠨ᠎ᠤ ᠤᠯᠤᠰ᠎ᠤᠨ ᠬᠢᠯᠢ ᠳᠣᠲᠣᠷ᠎ᠠ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠬᠤ ᠪᠣᠳᠠᠲᠠᠢ ᠱᠠᠭ᠋ᠠᠷᠳᠠᠯᠭ᠎ᠠ ᠵᠢ ᠲᠣᠳᠣᠷᠬᠠᠢ ᠲᠣᠭᠲᠠᠭ᠋ᠠᠪᠠ᠃
    ᠲᠠᠪᠤᠳᠤᠭ᠋ᠠᠷ ᠪᠦᠯᠦᠭ 《ᠬᠠᠤᠯᠢ ᠵᠢᠨ ᠬᠠᠷᠢᠭᠤᠴᠠᠯᠭ᠎ᠠ》᠎ᠳᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠠᠤᠯᠢ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢ᠍ᠳᠪᠦᠷᠢᠯᠡᠬᠦ ᠡᠷᠬᠡ ᠲᠤᠰᠢᠶᠠᠯ᠎ᠢ ᠲᠣᠳᠣᠷᠬᠠᠢ᠌ᠯᠠᠵᠤ᠂ ᠡᠯ᠎ᠡ ᠲᠥᠷᠥᠯ᠎ᠤᠨ ᠬᠠᠤᠯᠢ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠵᠠᠯᠬᠠᠭ᠋ᠠᠨ ᠰᠢᠳᠬᠡᠬᠦ á  á ·á ­á Žá   ᠬᠡᠮᠵᠢᠶ᠎ᠡ ᠵᠢ ᠲᠣᠳᠣᠷᠬᠠᠢ ᠲᠣᠭᠲᠠᠭ᠋ᠠᠪᠠ᠃
    ᠵᠢᠷᠭᠤᠳᠤᠭ᠋ᠠᠷ ᠪᠦᠯᠦᠭ 《ᠳᠠᠭ᠋ᠠᠯᠳᠤᠭᠤᠯᠤᠭᠰᠠᠨ ᠳᠦᠷᠢᠮ》᠎ᠳᠤ 《ᠠᠷᠭ᠎ᠠ》 ᠵᠢᠨ ᠲᠠᠢ᠌ᠯᠪᠤᠷᠢᠯᠠᠬᠤ ᠡᠷᠬᠡ ᠪᠠ ᠬᠦᠴᠦᠨ᠎ᠲᠠᠢ ᠪᠣᠯᠬᠤ á ´á  á ­ ᠬᠤᠭᠤᠴᠠᠭ᠎ᠠ ᠵᠢ ᠲᠣᠳᠣᠷᠬᠠᠢ᠌ᠯᠠᠪᠠ᠃
    ᠳᠠᠭ᠋ᠠᠯᠳᠤᠭᠤᠯᠤᠯ 《ᠨᠡᠷ᠎ᠡ ᠦᠭᠡ ᠵᠢᠨ ᠲᠠᠢ᠌ᠯᠪᠤᠷᠢᠯᠠᠯᠲᠠ》᠎ᠳᠤ ᠬᠡᠰᠡᠭ ᠨᠡᠷ᠎ᠡ ᠲᠣᠮᠢᠶ᠎ᠠ ᠵᠢᠨ 《ᠠᠷᠭ᠎ᠠ》᠎ᠳᠠᠬᠢ ᠪᠣᠳᠠᠲᠠᠢ ᠠᠭᠤᠯᠭ᠎ᠠ ᠵᠢ ᠲᠠᠢ᠌ᠯᠪᠤᠷᠢᠯᠠᠵᠠᠢ᠃
    ᠵᠠᠰᠠᠪᠤᠷᠢ ᠣᠷᠣᠭᠤᠯᠤᠭᠰᠠᠨ ᠭᠣᠣᠯᠳᠠᠯᠭ᠎ᠠ᠎ᠲᠠᠢ ᠲᠣᠳᠣᠷᠬᠠᠢ᠌ᠯᠠᠯᠲᠠ
    ᠲᠣᠰ ᠬᠠᠷᠢᠭᠤᠴᠠᠯᠭ᠋ᠠᠲᠠᠨ 《ᠠᠷᠭ᠎ᠠ》᠎ᠳᠤ ᠵᠠᠰᠠᠪᠤᠷᠢ ᠤᠷᠤᠭᠤᠯᠤᠭᠰᠠᠨ ᠲᠤᠬᠠᠢ ᠬᠣᠯᠪᠣᠭᠳᠠᠯ ᠪᠦᠬᠦᠢ ᠲᠠᠢ᠌ᠯᠤᠮᠵᠢ ᠪᠠ ᠲᠣᠳᠣᠷᠬᠠᠢ᠌ᠯᠠᠯᠲᠠ ᠬᠢᠪᠡ᠃ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠠᠮᠢᠶᠠᠷᠤᠯᠲᠠ ᠵᠢᠨ ᠭᠣᠣᠯ ᠴᠣᠭᠴᠠ ᠪᠣᠯᠣᠨ ᠬᠦᠷᠢᠶ᠎ᠡ ᠬᠡᠪᠴᠢᠶ᠎ᠡ ᠵᠢᠨ ᠲᠠᠯ᠎ᠠ᠎ᠪᠠᠷ᠄᠂ 《ᠠᠷᠭ᠎ᠠ》᠎ᠳᠤ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠠᠮᠢᠶᠠᠷᠤᠯᠲᠠ ᠵᠢᠨ ᠪᠠᠢ᠌ᠭᠤᠯᠤᠯ᠎ᠳᠤ ᠵᠠᠰᠠᠪᠤᠷᠢ ᠣᠷᠣᠭᠤᠯᠤᠭᠰᠠᠨ ᠦᠭᠡᠢ᠂ ᠮᠥᠨ ᠯᠡ ᠱᠠᠲᠤ ᠬᠤᠪᠢᠶᠠᠨ ᠬᠠᠮᠢᠶᠠᠷᠬᠤ á  á ·á ­á Žá   ᠬᠡᠮᠵᠢᠶ᠎ᠡ ᠠᠪᠤᠨ᠎ᠡ᠂ ᠭᠡᠪᠡᠴᠦ 《ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠬᠠᠮᠢᠶᠠᠷᠤᠨ᠎ᠠ》 ᠪᠠ 《ᠳᠤᠮᠳᠠᠳᠤ ᠤᠯᠤᠰ᠎ᠤᠨ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠡᠢ᠌ᠭᠡᠮᠯᠢᠭ᠂ ᠣᠷᠣᠨ ᠨᠤᠲᠤᠭ᠎ᠤᠨ ᠡᠯ᠎ᠡ ᠱᠠᠲᠤᠨ᠎ᠤ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠡᠢ᠌ᠭᠡᠮᠯᠢᠭ ᠥᠪᠡᠷ᠎ᠤᠨ ᠳᠦᠷᠢᠮ ᠶᠣᠰᠣᠭ᠋ᠠᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠯᠣᠭᠣᠳᠤᠯᠭ᠎ᠠ ᠪᠠ ᠬᠢᠨᠠᠯᠲᠠ ᠬᠠᠮᠢᠶᠠᠷᠤᠯᠲᠠ ᠵᠢ ᠬᠦᠯᠢᠶᠡᠵᠦ᠂ ᠳᠣᠲᠣᠭ᠋ᠠᠳᠤ ᠵᠢᠨ ᠵᠠᠰᠠᠬᠤ ᠲᠦᠷᠢᠮ ᠲᠤᠭᠳᠠᠭ᠋ᠠᠯ᠎ᠢ ᠲᠡᠭᠦᠯᠳᠡᠷᠵᠢᠭᠦᠯᠵᠦ᠂ ᠠᠵᠢᠯ ᠲᠦᠷᠦᠯ᠎ᠤᠨ ᠲᠦᠷᠢᠮ ᠲᠤᠭᠳᠠᠭ᠋ᠠᠯ᠎ᠢ ᠲᠤᠭᠳᠠᠭ᠋ᠠᠵᠦ᠂ ᠠᠵᠢᠯ ᠲᠦᠷᠦᠯ᠎ᠤᠨ ᠦᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠬᠤ》 ᠵᠢ ᠲᠤᠳᠤᠷᠬᠠᠢ᠌ᠯᠠᠵᠦ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠠᠮᠢᠶᠠᠷᠤᠯᠲᠠ ᠵᠢᠨ ᠭᠣᠣᠯ ᠴᠣᠭᠴᠠ ᠪᠣᠯᠣᠨ ᠡᠯ᠎ᠡ ᠱᠠᠲᠤᠨ᠎ᠤ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠡᠢ᠌ᠭᠡᠮᠯᠢᠭ᠎ᠤᠨ ᠠᠵᠢᠯ ᠲᠦᠷᠦᠯ᠎ᠳᠤ᠎ᠬᠢ ᠪᠠᠢ᠌ᠷᠢ ᠰᠠᠭᠤᠷᠢ ᠵᠢ ᠤᠯᠠᠮ ᠨᠢᠭᠡ ᠠᠯᠬᠤᠮ ᠨᠠᠷᠢᠨ ᠲᠤᠳᠤᠷᠬᠠᠢ᠌ᠯᠠᠪᠠ᠃ ᠡᠭᠦᠨ᠎ᠤ ᠬᠠᠮᠲᠤ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠤᠬᠠᠭᠳᠠᠬᠤᠨ᠎ᠢ ᠲᠤᠳᠤᠷᠬᠠᠢ᠌ᠯᠠᠪᠠ᠂ ᠡᠭᠦᠨ᠎ᠠᠴᠠ ᠡᠮᠦᠨ᠎ᠡ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠪᠠᠭ᠋ᠠᠵᠢ ᠬᠡᠷᠡᠭᠰᠡᠯ᠎ᠢ ᠬᠡᠷᠡᠭᠯᠡᠨ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠵᠠᠭ᠋ᠠᠭᠯᠠᠨ ᠲᠣᠭᠲᠠᠭ᠋ᠠᠬᠤ á  á ·á ­á Žá   ᠵᠢ ᠵᠠᠰᠠᠪᠤᠷᠢᠯᠠᠨ ᠲᠣᠭᠲᠠᠭ᠋ᠠᠵᠤ᠂ ᠪᠡᠶ᠎ᠡ ᠵᠢᠨ ᠲᠠᠮᠢᠷ᠎ᠤᠨ᠎ᠬᠢᠨ᠎ᠤ ᠨᠡᠢ᠌ᠳᠡᠮ ᠬᠡᠷᠡᠭᠯᠡᠳᠡᠭ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠵᠦᠢ᠍ᠯ ᠵᠶ᠋ᠡᠷ ᠵᠠᠭ᠋ᠠᠭᠯᠠᠨ ᠲᠣᠭᠲᠠᠭ᠋ᠠᠬᠤ á  á ·á ­á Žá   ᠵᠢ ᠬᠡᠷᠡᠭᠯᠡᠵᠦ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠬᠦᠷᠢᠶ᠎ᠡ ᠬᠡᠪᠴᠢᠶ᠎ᠡ᠂ ᠵᠠᠭ᠋ᠠᠭ ᠱᠤᠭᠤᠮ᠎ᠢ ᠤᠯᠠᠮ ᠨᠢᠭᠡ ᠠᠯᠬᠤᠮ ᠲᠤᠳᠤᠷᠬᠠᠢ᠌ᠯᠠᠪᠠ᠃
    ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠡᠷᠭᠢᠯᠡᠨ ᠬᠢᠵᠦ ᠪᠠᠢ᠌ᠭ᠎ᠠ ᠨᠢᠭᠡᠴᠢ ᠪᠠ ᠠᠵᠢᠯᠲᠠᠨ᠎ᠤ ᠬᠠᠮᠢᠶᠠᠷᠤᠯᠲᠠ ᠵᠢᠨ ᠲᠠᠯ᠎ᠠ᠎ᠪᠠᠷ᠄ 《ᠠᠷᠭ᠎ᠠ》᠎ᠳᠤ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠡᠷᠭᠢᠯᠡᠨ ᠬᠢᠵᠦ ᠪᠠᠢ᠌ᠭ᠎ᠠ ᠨᠢᠭᠡᠴᠢ ᠪᠠ ᠬᠣᠯᠪᠣᠭᠳᠠᠯ ᠪᠦᠬᠦᠢ ᠬᠥᠮᠥᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ ᠪᠠ ᠳᠠᠩᠰᠠᠯᠠᠭᠤᠯᠬᠤ á ­á  á · ᠭᠦᠢ᠍ᠴᠡᠳᠬᠡᠯ ᠬᠢᠬᠦ ᠴᠢᠬᠤᠯᠠᠲᠠᠢ ᠪᠠᠢ᠌ᠬᠤ ᠱᠠᠭ᠋ᠠᠷᠳᠠᠯᠭ᠎ᠠ ᠵᠢ ᠲᠣᠳᠣᠷᠬᠠᠢ ᠲᠣᠭᠲᠠᠭ᠋ᠠᠵᠤ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠡᠵᠡᠮᠰᠢᠬᠦ ᠴᠢᠬᠤᠯᠠᠲᠠᠢ ᠪᠠᠢ᠌ᠳᠠᠯ᠎ᠳᠤ ᠳᠠᠩᠰᠠᠯᠠᠭᠤᠯᠬᠤ ᠳᠦᠷᠢᠮ᠎ᠢ ᠬᠡᠷᠡᠭᠵᠢᠭᠦᠯᠪᠡ᠃ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠡᠷᠭᠢᠯᠡᠵᠦ ᠪᠠᠢ᠌ᠭ᠎ᠠ ᠨᠢᠭᠡᠴᠢ ᠵᠢᠨ ᠬᠠᠮᠢᠶ᠎ᠠ ᠪᠦᠬᠦᠢ ᠬᠠᠮᠢᠶᠠᠷᠤᠯᠲᠠ ᠵᠢᠨ ᠲᠣᠭᠲᠠᠭ᠋ᠠᠯ ᠵᠢᠴᠢ ᠠᠵᠢᠯᠯᠠᠵᠤ ᠪᠠᠢ᠌ᠭ᠎ᠠ ᠬᠥᠮᠥᠰ᠎ᠤᠨ ᠬᠠᠮᠢᠶ᠎ᠠ ᠪᠦᠬᠦᠢ ᠬᠢᠷᠢ ᠬᠡᠮ᠎ᠤᠨ ᠱᠠᠭ᠋ᠠᠷᠳᠠᠯᠭ᠎ᠠ ᠵᠡᠷᠭᠡ ᠠᠭᠤᠯᠭ᠎ᠠ ᠵᠢ ᠲᠣᠳᠣᠷᠬᠠᠢ᠌ᠯᠠᠪᠠ᠃ 《ᠪᠥᠬᠥᠳᠡ ᠨᠠᠢ᠌ᠷᠠᠮᠳᠠᠬᠤ ᠳᠤᠮᠳᠠᠳᠤ á  á ·á  á ³ ᠤᠯᠤᠰ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠤᠯᠢ》 ᠵᠢᠨ 《ᠦᠢ᠍ᠯᠡᠳᠪᠦᠷᠢᠯᠡᠯ᠎ᠤᠨ ᠠᠶᠤᠯᠭᠦᠢ ᠵᠢᠨ ᠡ᠊ᠨᠳᠡᠯ᠎ᠢ ᠮᠡᠳᠡᠭᠦᠯᠬᠦ ᠪᠠ ᠪᠠᠢ᠌ᠴᠠᠭ᠋ᠠᠨ ᠰᠢᠢ᠍ᠳᠪᠦᠷᠢᠯᠡᠬᠦ ᠳᠦᠷᠢᠮ》 ᠪᠣᠯᠣᠨ ᠠᠷᠠᠳ᠎ᠤᠨ ᠬᠡᠷᠡᠭᠴᠡᠭᠡᠨ᠎ᠤ ᠠᠭ᠋ᠠᠷ᠎ᠤᠨ ᠠᠶᠠᠯᠠᠯ᠎ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠠᠶᠤᠯᠭᠦᠢ ᠵᠢᠨ ᠡ᠊ᠨᠳᠡᠯ᠎ᠢ ᠮᠡᠳᠡᠭᠦᠯᠬᠦ᠂ ᠪᠠᠢ᠌ᠴᠠᠭ᠋ᠠᠨ ᠰᠢᠢ᠍ᠳᠪᠦᠷᠢᠯᠡᠬᠦ ᠵᠡᠷᠭᠡ ᠠᠭᠤᠯᠭ᠎ᠠ ᠵᠢ ᠲᠣᠳᠣᠷᠬᠠᠢ᠌ᠯᠠᠪᠠ᠃
    ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠬᠡᠷᠡᠭᠯᠡᠬᠦ ᠠᠷᠠᠳ᠎ᠤᠨ ᠬᠡᠷᠡᠭᠴᠡᠭᠡᠨ᠎ᠤ ᠠᠭ᠋ᠠᠷ᠎ᠤᠨ ᠠᠶᠠᠯᠠᠯ᠎ᠤᠨ ᠪᠠᠭ᠋ᠠᠵᠢ ᠬᠡᠷᠡᠭᠰᠡᠯ ᠪᠠ ᠲᠠᠯᠠᠪᠤᠷ ᠲᠥᠬᠦᠭᠡᠷᠦᠮᠵᠢ ᠵᠢᠨ ᠲᠠᠯ᠎ᠠ᠎ᠪᠠᠷ᠄ 《ᠠᠷᠭ᠎ᠠ》᠎ᠳᠤ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠪᠠᠭ᠋ᠠᠵᠢ ᠬᠡᠷᠡᠭᠰᠡᠯ ᠪᠠ ᠠᠷᠠᠳ᠎ᠤᠨ ᠬᠡᠷᠡᠭᠴᠡᠭᠡᠨ᠎ᠤ ᠠᠭ᠋ᠠᠷ᠎ᠤᠨ ᠠᠶᠠᠯᠠᠯ᠎ᠤᠨ ᠪᠠᠭ᠋ᠠᠵᠢ ᠬᠡᠷᠡᠭᠰᠡᠯ᠎ᠤᠨ ᠬᠠᠮᠢᠶᠠᠷᠤᠯᠲᠠ ᠵᠢᠨ ᠭᠣᠣᠯ ᠴᠣᠭᠴᠠ ᠵᠢ ᠭᠣᠣᠯᠳᠠᠯᠭ᠎ᠠ᠎ᠲᠠᠢ ᠲᠣᠳᠣᠷᠬᠠᠢ᠌ᠯᠠᠵᠤ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠳᠤ ᠬᠡᠷᠡᠭᠯᠡᠬᠦ ᠡᠯ᠎ᠡ ᠵᠦᠢ᠍ᠯ᠎ᠤᠨ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠪᠠᠭ᠋ᠠᠵᠢ ᠬᠡᠷᠡᠭᠰᠡᠯ᠎ᠨᠢ ᠤᠯᠤᠰ᠎ᠤᠨ ᠲᠠᠮᠢᠷ᠎ᠤᠨ ᠶᠡᠷᠦᠩᠬᠡᠢ ᠲᠣᠪᠴᠢᠶ᠎ᠠ ᠵᠢᠴᠢ ᠳᠤᠮᠳᠠᠳᠤ ᠤᠯᠤᠰ᠎ᠤᠨ ᠠᠭ᠋ᠠᠷ᠎ᠤᠨ ᠠᠶᠠᠯᠠᠯ᠎ᠤᠨ ᠬᠥᠳᠡᠯᠭᠡᠭᠡᠨ᠎ᠤ ᠨᠡᠢ᠌ᠭᠡᠮᠯᠢᠭ᠎ᠤᠨ ᠲᠣᠭᠲᠠᠭ᠋ᠠᠭᠰᠠᠨ ᠬᠠᠮᠢᠶ᠎ᠠ ᠪᠦᠬᠦᠢ ᠪᠠᠷᠢᠮᠵᠢᠶ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ ᠭᠡᠵᠦ ᠲᠤᠭᠳᠠᠭ᠋ᠠᠪᠠ᠃ ᠡᠭᠦᠨ᠎ᠤ ᠬᠠᠮᠲᠤ 《ᠪᠥᠬᠥᠳᠡ ᠨᠠᠢ᠌ᠷᠠᠮᠳᠠᠬᠤ ᠳᠤᠮᠳᠠᠳᠤ á  á ·á  á ³ ᠤᠯᠤᠰ᠎ᠤᠨ ᠪᠡᠶ᠎ᠡ ᠵᠢᠨ ᠲᠠᠮᠢᠷ᠎ᠤᠨ ᠬᠠᠤᠯᠢ》 ᠵᠢᠨ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠲᠠᠯᠠᠪᠠᠶ ᠵᠢᠨ ᠪᠡᠯᠡᠳᠬᠡᠮᠵᠢ ᠵᠢᠨ ᠲᠥᠯᠦᠪᠵᠢᠭᠦᠯᠭᠡ ᠵᠢᠨ ᠵᠢᠷᠤᠭ ᠲᠥᠯᠥᠪᠯᠡᠭᠡ᠎ᠨᠢ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠥᠷᠨᠢᠭᠦᠯᠬᠦ ᠲᠥᠷᠥᠯ ᠵᠦᠢ᠍ᠯ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ ᠭᠡᠵᠦ ᠲᠣᠳᠣᠷᠬᠠᠢ᠌ᠯᠠᠬᠤ ᠵᠢᠨ ᠬᠠᠮᠲᠤ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠵᠤ᠂ ᠠᠭ᠋ᠠᠷ᠎ᠤᠨ ᠣᠷᠣᠨ᠎ᠤ ᠬᠡᠷᠡᠭᠯᠡᠯᠲᠡ᠎ᠳᠤ ᠬᠣᠯᠪᠣᠭᠳᠠᠪᠠᠯ᠂ ᠪᠠᠰᠠ ᠪᠠᠢ᠌ᠭ᠎ᠠ ᠭᠠᠵᠠᠷ᠎ᠤᠨ ᠠᠭ᠋ᠠᠷ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠶᠤᠰᠤᠳᠠᠢ ᠭᠡᠵᠦ ᠲᠤᠳᠤᠷᠬᠠᠢ᠌ᠯᠠᠪᠠ᠃
    á  á ­á ‹á  á · ᠎ᠤᠨ   ᠠᠶᠠᠯᠠᠯ ᠎ᠤᠨ   ᠪᠡᠶ᠎ᠡ ᠵᠢᠨ   ᠲᠠᠮᠢᠷ ᠎ᠤᠨ   ᠤᠷᠤᠯᠳᠤᠭ᠋ᠠᠨ á Žá ¤   ᠲᠠᠯ᠎ᠠ  á Žá ªá  á ·á „               《ᠠᠷᠭ᠎ᠠ》᠎ᠳᠤ 《ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ》 ᠭᠡᠬᠦ ᠨᠢᠭᠡ ᠪᠦᠯᠦᠭ᠎ᠢ ᠰᠢᠨ᠎ᠡ᠎ᠪᠠᠷ ᠨᠡᠮᠡᠵᠦ᠂ 《ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠠᠷᠭ᠎ᠠ》 ᠵᠢ ᠦᠨᠳᠦᠰᠦᠯᠡᠨ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠡᠷᠭᠢᠯᠡᠬᠦ ᠵᠢ ᠬᠢᠨᠠᠨ ᠵᠥᠪᠰᠢᠶᠡᠷᠡᠵᠦ ᠳᠠᠩᠰᠠᠯᠠᠬᠤ᠂ ᠡᠷᠭᠢᠯᠡᠬᠦ ᠭᠠᠵᠠᠷ᠎ᠤᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠬᠠᠷᠢᠭᠤᠴᠠᠯᠭ᠎ᠠ᠂ ᠪᠡᠶ᠎ᠡ ᠵᠢᠨ ᠲᠠᠮᠢᠷ᠎ᠤᠨ ᠶᠣᠰᠣ ᠮᠣᠷᠠᠯ ᠵᠢᠴᠢ ᠬᠥᠭᠡᠷᠦᠭᠦᠯᠬᠦ ᠡᠮ᠎ᠢ ᠡᠰᠡᠷᠭᠦᠴᠡᠬᠦ ᠵᠡᠷᠭᠡ ᠲᠠᠯ᠎ᠠ᠎ᠪᠠᠷ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠳᠠ ᠵᠢ ᠴᠢᠩᠭ᠋ᠠᠳᠬᠠᠪᠠ᠃ 《ᠪᠥᠬᠥᠳᠡ ᠨᠠᠢ᠌ᠷᠠᠮᠳᠠᠬᠤ ᠳᠤᠮᠳᠠᠳᠤ á  á ·á  á ³ ᠤᠯᠤᠰ᠎ᠤᠨ ᠪᠡᠶ᠎ᠡ ᠵᠢᠨ ᠲᠠᠮᠢᠷ᠎ᠤᠨ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠣᠯᠠᠨ ᠤᠯᠤᠰ᠎ᠤᠨ ᠴᠢᠨᠠᠷᠲᠠᠢ᠂ ᠠᠶᠤᠯ ᠲᠦᠭᠰᠢᠭᠦᠷᠢ ᠶᠡᠬᠡᠲᠡᠢ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠲᠣᠭᠲᠠᠭ᠋ᠠᠯ ᠶᠣᠰᠣᠭ᠋ᠠᠷ ᠭᠤᠶᠤᠴᠢᠯᠠᠨ ᠮᠡᠳᠡᠭᠦᠯᠵᠦ ᠵᠥᠪᠰᠢᠶᠡᠷᠡᠭᠦᠯᠬᠦ ᠱᠠᠭ᠋ᠠᠷᠳᠠᠯᠭ᠎ᠠ ᠵᠢᠴᠢ ᠤᠯᠤᠰ (ᠬᠢᠯᠢ)᠎ᠤᠨ ᠭᠠᠳᠠᠨᠠᠬᠢ ᠬᠥᠮᠥᠰ᠎ᠤᠨ ᠮᠠᠨ᠎ᠤ ᠤᠯᠤᠰ᠎ᠤᠨ ᠬᠢᠯᠢ ᠳᠣᠲᠣᠷ᠎ᠠ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠬᠤ᠎ᠳᠤ ᠭᠦᠢ᠍ᠴᠡᠳᠬᠡᠪᠡᠰᠦ ᠵᠣᠬᠢᠬᠤ á ­á  á · ᠭᠦᠢ᠍ᠴᠡᠳᠬᠡᠯ ᠵᠢᠴᠢ ᠬᠠᠮᠢᠶ᠎ᠠ ᠪᠦᠬᠦᠢ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠲᠣᠳᠣᠷᠬᠠᠢ ᠲᠣᠭᠲᠠᠭ᠋ᠠᠪᠠ᠃
    ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠠᠯ᠎ᠠ᠎ᠪᠠᠷ᠄ 《ᠠᠷᠭ᠎ᠠ》᠎ᠳᠤ ᠲᠣᠭᠲᠠᠭ᠋ᠠᠯ᠎ᠠᠴᠠ ᠵᠥᠷᠢᠴᠡᠭᠰᠡᠨ ᠨᠢᠭᠡᠴᠢ ᠪᠠ ᠬᠥᠮᠥᠰ᠎ᠲᠤ ᠬᠠᠮᠢᠶ᠎ᠠ ᠪᠦᠬᠦᠢ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠠᠤᠯᠢ ᠲᠣᠭᠲᠠᠭ᠋ᠠᠯ ᠶᠣᠰᠣᠭ᠋ᠠᠷ ᠰᠢᠳᠬᠡᠯ ᠥᠭᠬᠦ᠎ᠪᠠᠷ ᠲᠣᠳᠣᠷᠬᠠᠢ ᠲᠣᠭᠲᠠᠭ᠋ᠠᠵᠤ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠦᠢᠯᠡ ᠠᠵᠢᠯᠯᠠᠭ᠎ᠠ ᠵᠢ ᠵᠢᠷᠤᠮᠵᠢᠭᠤᠯᠪᠠ᠃

ᠢᠷᠡᠯᠲᠡ᠄ ᠲᠤᠮᠳᠠᠳᠣ ᠣᠯᠣᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠰᠦᠭ ᠪᠢᠴᠢᠭ᠎ᠤᠨ ᠲᠡᠢ᠌ᠯᠦᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ ᠵᠢᠨ ᠫᠤᠤ ᠵᠡᠪᠰᠡᠭ᠎ᠤᠨ ᠬᠠᠮᠢᠶᠠᠷᠤᠯᠳᠠ ᠵᠢᠨ ᠨᠠᠷᠢᠨ ᠲᠦᠷᠢᠮ》᠎ᠤᠨ ᠦᠰᠦᠭ ᠪᠢᠴᠢᠭ᠎ᠤᠨ ᠲᠡᠢ᠌ᠯᠦᠮᠵᠢ
ᠦᠰᠦᠭ ᠪᠢᠴᠢᠭ᠎ᠤᠨ ᠲᠡᠢ᠌ᠯᠦᠮᠵᠢ᠄ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠡᠷᠡᠭᠦᠯ ᠮᠡᠨᠳᠦ ᠵᠢᠨ ᠰᠠᠭᠤᠷᠢ ᠵᠢ ᠪᠠᠲᠤᠳᠬᠠᠨ᠎ᠠ
ᠦᠰᠦᠭ ᠪᠢᠴᠢᠭ᠎ᠤᠨ ᠲᠠᠢ᠌ᠯᠤᠮᠵᠢ᠄ 《ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠬᠡᠷᠡᠭᠵᠢᠭᠦᠯᠬᠦ ᠰᠠᠨᠠᠯ》᠎ᠤᠨ ᠲᠤᠬᠠᠢ ᠲᠠᠢ᠌ᠯᠤᠮᠵᠢ
ᠵᠢᠷᠤᠭᠳᠦ ᠲᠡᠢ᠌ᠯᠦᠮᠵᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠮᠢᠷᠴᠢᠳ᠎ᠤᠨ ᠮᠡᠷᠭᠡᠵᠢᠯ᠎ᠤᠨ ᠲᠠᠰ᠎ᠤᠨ ᠬᠠᠮᠢᠶᠠᠷᠤᠯᠲᠠ ᠵᠢ ᠬᠡᠷᠡᠭᠵᠢᠭᠦᠯᠬᠦ ᠨᠠᠷᠢᠨ ᠲᠦᠷᠢᠮ᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠳᠦ ᠲᠡᠢ᠌ᠯᠤᠮᠵᠢ᠄ 《ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠦᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠬᠡᠷᠡᠭᠵᠢᠭᠦᠯᠬᠦ ᠰᠠᠨᠠᠯ》᠎ᠤᠨ ᠲᠤᠬᠠᠢ ᠲᠠᠢ᠌ᠯᠤᠮᠵᠢ
 
            