ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢ ᠬᠡᠷᠡᠭᠵᠢᠭᠦᠯᠬᠦ ᠨᠠᠷᠢᠨ ᠳᠦᠷᠢᠮ》᠎ᠤᠨ ᠲᠦᠷᠦ ᠵᠢᠨ ᠪᠣᠳᠤᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-04-12

      ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢ ᠤᠯᠠᠮ  ᠨᠢᠭᠡ ᠠᠯᠬᠤᠮ ᠵᠢᠷᠤᠮᠵᠢᠭᠤᠯᠵᠤ᠂  ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠡᠷᠡᠭᠦᠯ ᠪᠥᠭᠡᠳ ᠡᠮᠬᠢ ᠵᠢᠷᠤᠮ᠎ᠲᠠᠢ ᠥᠷᠨᠢᠬᠦ ᠵᠢ  ᠠᠬᠢᠭᠤᠯᠬᠤ ᠵᠢᠨ ᠲᠦᠯᠦᠭᠡ᠂ 《ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠷᠭ᠎ᠠ》 (ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠵᠠᠷᠯᠢᠭ 33 ᠳ᠋ᠤᠭ᠋ᠠᠷ ᠲᠣᠭ᠋ᠠᠲᠤ) ᠵᠢᠨ ᠬᠠᠮᠢᠶ᠎ᠠ ᠪᠦᠬᠦᠢ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢ ᠬᠡᠷᠡᠭᠵᠢᠭᠦᠯᠬᠦ ᠨᠠᠷᠢᠨ ᠳᠦᠷᠢᠮ》 ï¼ˆá ³á £á ·á £á ­á °á ¢ 《ᠬᠡᠷᠡᠭᠵᠢᠭᠦᠯᠬᠦ ᠨᠠᠷᠢᠨ ᠳᠦᠷᠢᠮ》 ᠭᠡᠵᠦ ᠲᠣᠪᠴᠢᠯᠠᠨ᠎ᠠ)᠎ᠢ  ᠰᠣᠳᠤᠯᠤᠨ ᠲᠣᠭᠲᠠᠭ᠋ᠠᠪᠠ᠃

      ᠨᠢᠭᠡ᠂ ᠲᠣᠭᠲᠠᠭ᠋ᠠᠭᠰᠠᠨ ᠠᠬᠤᠢ ᠪᠠᠢ᠌ᠳᠠᠯ

      ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠭᠦᠨᠵᠡᠭᠡᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ  ᠪᠠᠲᠤ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠪᠡᠶ᠎ᠡ ᠵᠢᠨ ᠲᠠᠮᠢᠷ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠠᠵᠢᠯ ᠲᠥᠷᠥᠯ᠎ᠤᠨ ᠰᠤᠷᠲᠠᠯ ᠠᠵᠢᠯ ᠲᠥᠷᠥᠯ᠎ᠤᠨ ᠰᠠᠬᠢᠯᠭ᠎ᠠ ᠵᠢ ᠴᠡᠭᠴᠡᠯᠡᠨ ᠵᠠᠰᠠᠬᠤ ᠵᠢ ᠴᠢᠩᠭ᠋ᠠᠳᠬᠠᠨ᠂ ᠠᠷᠢᠭᠤᠨ ᠴᠢᠬᠡᠴᠢ ᠪᠡᠶ᠎ᠡ ᠵᠢᠨ ᠲᠠᠮᠢᠷ᠎ᠤᠨ ᠪᠠᠢ᠌ᠭᠤᠯᠤᠯᠲᠠ ᠵᠢ ᠲᠠᠰᠤᠷᠠᠯᠲᠠ ᠦᠭᠡᠢ ᠠᠬᠢᠭᠤᠯᠬᠤ ᠵᠢᠨ ᠲᠥᠯᠥᠭᠡ᠂ 2024 ᠣᠨ᠎ᠤ 4 ᠰᠠᠷ᠎ᠠ᠎ᠳᠤ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ᠎ᠠᠴᠠ 《ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ  ᠪᠠᠲᠤ ᠵᠢᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠠᠷᠭ᠎ᠠ》 ᠭᠡᠵᠦ ᠲᠤᠪᠴᠢᠯᠠᠨ᠎ᠠ) ᠵᠢ ᠵᠢᠩᠭᠢᠨᠢ᠎ᠪᠠᠷ ᠨᠡᠢ᠌ᠳᠡᠯᠡᠵᠦ᠂ 2024 ᠣᠨ᠎ᠤ 7 á °á  á ·á Žá   ᠵᠢᠨ 1á Žá ¤ ᠡᠳᠦᠷ᠎ᠠᠴᠠ ᠡᠬᠢᠯᠡᠨ ᠬᠡᠷᠡᠭᠵᠢᠭᠦᠯᠪᠡ᠃

      《ᠠᠷᠭ᠎ᠠ》 ᠵᠢ ᠵᠢᠩᠬᠢᠨᠢ᠎ᠪᠠᠷ ᠬᠡᠷᠡᠭᠵᠢᠭᠦᠯᠦᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ 《ᠬᠡᠷᠡᠭᠵᠢᠭᠦᠯᠬᠦ ᠨᠠᠷᠢᠨ ᠳᠦᠷᠢᠮ》᠎ᠢ ᠲᠤᠭᠤᠷᠪᠢᠬᠤ ᠠᠵᠢᠯ᠎ᠢ ᠡᠬᠢᠯᠡᠭᠦᠯᠵᠦ᠂ ᠭᠦᠨᠵᠡᠭᠡᠢ ᠰᠤᠳᠤᠯᠤᠨ ᠭᠦᠢ᠍ᠴᠡᠳ ᠨᠤᠲᠠᠯᠠᠭᠰᠠᠨ᠎ᠤ ᠳᠠᠷᠠᠭ᠎ᠠ ᠠᠩᠬᠠᠨ᠎ᠤ ᠡᠬᠡ ᠨᠣᠣᠷᠠᠭ᠎ᠢ  ᠪᠦᠷᠢᠯᠳᠦᠭᠦᠯᠵᠦ᠂ ᠡᠯ᠎ᠡ ᠠᠢ᠌ᠮᠠᠭ ᠬᠣᠲᠠ᠂ ᠡᠯ᠎ᠡ ᠬᠠᠮᠢᠶ᠎ᠠ ᠪᠦᠬᠦᠢ ᠨᠢᠭᠡᠴᠡ ᠪᠠ ᠨᠡᠢ᠌ᠭᠡᠮ᠎ᠠᠴᠠ ᠢᠯᠡ᠎ᠪᠠᠷ ᠰᠠᠨᠠᠯ ᠬᠤᠷᠢᠶᠠᠭᠰᠠᠨ᠎ᠤ ᠳᠠᠷᠠᠭ᠎ᠠ᠂ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠶᠡᠷᠦᠩᠬᠡᠢ᠌ᠯᠡᠨ ᠪᠣᠳᠣᠯᠬᠢᠯᠠᠵᠤ᠂ ᠡᠴᠦᠰ᠎ᠲᠡᠭᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ》᠎ᠢ  ᠪᠦᠷᠢᠯᠳᠦᠭᠦᠯᠪᠡ᠃

      ᠬᠣᠶᠠᠷ᠂ ᠲᠣᠭᠲᠠᠭ᠋ᠠᠭᠰᠠᠨ ᠦᠨᠳᠦᠰᠦᠯᠡᠯ

      《ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ  ᠠᠵᠢᠯᠯᠠᠭ᠎ᠠ ᠵᠢᠨ  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠷᠭ᠎ᠠ》 ï¼ˆá ¤á ¯á ¤á °á Žá ¤á ¨  ᠪᠡᠶ᠎ᠡ ᠵᠢᠨ ᠲᠠᠮᠢᠷ᠎ᠤᠨ ᠶᠡᠷᠦᠩᠭᠡᠢ ᠲᠣᠪᠴᠢᠶ᠎ᠡ ᠵᠢᠨ ᠵᠠᠷᠯᠢᠭ 33 ᠳ᠋ᠤᠭ᠋ᠠᠷ ᠲᠣᠭ᠋ᠠᠲᠤ) ᠵᠢᠨ ᠲᠦᠴᠢᠨ ᠬᠣᠶᠠᠳᠤᠭ᠋ᠠᠷ ᠵᠣᠷᠪᠤᠰ᠎ᠢ ᠦᠨᠳᠦᠰᠦᠯᠡᠪᠡᠯ᠄ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠨᠢᠭᠡᠴᠡ᠎ᠨᠢ ᠲᠣᠰ á  á ·á ­á Žá   ᠵᠢ ᠦᠨᠳᠦᠰᠦᠯᠡᠨ᠂ ᠲᠣᠰ ᠲᠥᠷᠥᠯ ᠵᠦᠢ᠍ᠯ ᠲᠣᠰ ᠨᠢᠭᠡᠴᠡ ᠵᠢᠨ ᠵᠶ᠋ᠡᠨ ᠪᠣᠳᠠᠲᠠᠢ᠎ᠲᠠᠢ ᠤᠶᠠᠯᠳᠤᠭᠤᠯᠵᠤ᠂ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠨ᠎ᠠ᠃ ᠵᠢᠷᠭᠤᠳᠤᠭ᠋ᠠᠷ ᠵᠦᠢ᠍ᠯ᠄ ᠲᠣᠰ ᠠᠷᠭ᠎ᠠ᠎ᠳᠤ ᠬᠡᠯᠡᠵᠦ ᠪᠠᠢ᠌ᠭ᠎ᠠ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠨᠢᠭᠡᠴᠡ᠎ᠳᠤ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ (ᠳᠣᠷᠣᠭᠰᠢ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠭᠡᠵᠦ ᠲᠣᠪᠴᠢᠯᠠᠨ᠎ᠠ)᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠳᠤᠮᠳᠠᠳᠤ ᠵᠢᠨ ᠪᠥᠬᠥ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠡᠪᠯᠡᠯ᠂ ᠳᠤᠮᠳᠠᠳᠤ ᠤᠯᠤᠰ᠎ᠤᠨ ᠣᠯᠢᠮᠫᠢᠺ᠎ᠤᠨ ᠵᠥᠪᠯᠡᠯ᠂ ᠣᠷᠣᠨ ᠨᠤᠲᠤᠭ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠡᠪᠯᠡᠯ᠂ ᠪᠡᠶ᠎ᠡ ᠵᠢᠨ  ᠲᠠᠮᠢᠷ᠎ᠤᠨ ᠲᠦᠷᠦᠯ ᠵᠦᠢ᠍ᠯ᠎ᠤᠨ ᠬᠠᠮᠢᠶᠠᠷᠤᠯᠲᠠ ᠵᠢᠨ ᠲᠦᠪ᠂ á ­á  á ­á ´á   ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠵᠡᠷᠭᠡ ᠵᠢ ᠪᠠᠭᠲᠠᠭ᠋ᠠᠨ᠎ᠠ᠃

      ᠭᠤᠷᠪᠠ᠂  ᠲᠣᠭᠲᠠᠭ᠋ᠠᠭᠰᠠᠨ  ᠰᠡᠳᠬᠢᠴᠡ

      《ᠬᠡᠷᠡᠭᠵᠢᠭᠦᠯᠬᠦ ᠨᠠᠷᠢᠨ ᠳᠦᠷᠢᠮ》᠎ᠨᠢ ᠣᠳᠣᠬᠠᠨ᠎ᠤ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠠᠰᠠᠭᠤᠳᠠᠯ᠎ᠤᠨ ᠵᠠᠰᠠᠯᠲᠠ ᠵᠢᠨ ᠬᠦᠨᠳᠦ ᠨᠣᠴᠢᠲᠠᠢ ᠪᠠᠢ᠌ᠳᠠᠯ᠎ᠳᠤ ᠰᠠᠭᠤᠷᠢᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠨ᠂ ᠭᠣᠣᠯᠳᠠᠯᠭ᠎ᠠ᠎ᠲᠠᠢ ᠬᠦᠷᠢᠶ᠎ᠡ  á ´á  á ·á  á ­á Žá    ᠪᠠ ᠵᠠᠩᠭᠢᠯᠠᠭ᠎ᠠ ᠵᠢᠨ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ ᠲᠥᠷᠥᠯ᠎ᠤᠨ ᠵᠠᠰᠠᠯᠲᠠ ᠵᠢᠨ ᠳᠡᠭᠡᠳᠦ ᠬᠡᠮᠵᠢᠶᠡᠨ᠎ᠠᠴᠠ ᠪᠥᠬᠥ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ  ᠴᠢᠩᠭ᠋ᠠᠳᠬᠠᠨ᠎ᠠ᠃

      ᠨᠢᠭᠡ᠎ᠳᠤ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠨᠢᠭᠡᠴᠡ ᠪᠠ ᠤᠷᠤᠯᠳᠤᠭ᠋ᠠᠨ᠎ᠤ ᠠᠵᠢᠯᠯᠠᠭ᠎ᠠ ᠵᠢ  ᠵᠣᠬᠢᠶᠠᠨ ᠪᠠᠢ᠌ᠭᠤᠯᠤᠭᠴᠢ ᠵᠢᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠤᠷᠢᠳᠴᠢᠯᠠᠨ ᠰᠡᠷᠭᠡᠢ᠌ᠯᠡᠬᠦ ᠪᠠ ᠵᠠᠯᠬᠠᠭ᠋ᠠᠨ ᠰᠢᠳᠬᠡᠬᠦ ᠵᠢ ᠬᠠᠷᠢᠯᠴᠠᠨ ᠤᠶᠠᠯᠳᠤᠭᠤᠯᠬᠤ᠂ ᠶᠡᠷᠦᠩᠬᠡᠢ᠌ᠯᠡᠨ ᠵᠠᠰᠠᠬᠤ᠂ ᠰᠢᠰᠲ᠋ᠧᠮ᠎ᠲᠠᠢ᠎ᠪᠠᠷ ᠵᠠᠰᠠᠬᠤ ᠵᠢ ᠪᠠᠷᠢᠮᠲᠠᠯᠠᠬᠤ ᠠᠵᠢᠯ᠎ᠤᠨ ᠰᠡᠳᠬᠢᠮᠵᠢ ᠵᠢ ᠳᠣᠪᠣᠶ᠋ᠢᠯᠭ᠋ᠠᠵᠤ᠂  ᠰᠢᠰᠲᠸᠮᠵᠢ  ᠲᠣᠭᠲᠠᠴᠠ᠂ ᠳᠦᠷᠢᠮ á  á ·á ­á Žá   ᠬᠡᠮᠵᠢᠶ᠎ᠡ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠡᠷᠭᠡ ᠲᠠᠯ᠎ᠠ᠎ᠪᠠᠷ ᠣᠯᠠᠨ ᠲᠠᠯ᠎ᠠ ᠵᠢᠨ á  á ·á ­á Žá   ᠬᠡᠮᠵᠢᠶ᠎ᠡ ᠵᠢ ᠵᠡᠷᠭᠡᠪᠡᠷ ᠬᠡᠷᠡᠭᠵᠢᠭᠦᠯᠵᠦ᠂ ᠬᠠᠤᠯᠢ᠎ᠪᠠᠷ ᠵᠠᠰᠠᠬᠤ ᠰᠡᠳᠬᠢᠬᠦᠢ ᠪᠠ á  á ·á ­á Žá   ᠪᠠᠷᠢᠯ ᠵᠶ᠋ᠠᠷ ᠤᠷᠤᠯᠳᠤᠭ᠋ᠠᠨ᠎ᠤ ᠰᠤᠷᠲᠠᠯ  ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠠᠰᠠᠭᠤᠳᠠᠯ᠎ᠢ  ᠵᠠᠰᠠᠨ᠎ᠠ᠃

      ᠬᠣᠶᠠᠷ᠎ᠲᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠎ᠠ᠃ ᠪᠠᠢ᠌ᠩᠭᠤᠵᠢᠭᠤᠯᠤᠭᠰᠠᠨ ᠤᠬᠠᠭᠤᠯᠭ᠎ᠠ ᠬᠥᠮᠦᠵᠢᠯ᠂ ᠤᠷᠤᠯᠳᠤᠭ᠋ᠠᠨ᠎ᠠᠴᠠ ᠡᠮᠦᠨᠡᠬᠢ ᠰᠡᠷᠭᠡᠢ᠌ᠯᠡᠯᠲᠡ ᠵᠢ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠠᠰᠠᠭᠤᠳᠠᠯ᠎ᠢ ᠰᠡᠷᠭᠡᠢ᠌ᠯᠡᠬᠦ ᠭᠣᠣᠯ á  á ·á ­á Žá   ᠬᠡᠮᠵᠢᠶ᠎ᠡ ᠪᠣᠯᠭ᠋ᠠᠵᠤ᠂ ᠬᠠᠮᠢᠶᠠᠷᠤᠯᠲᠠ ᠵᠢᠨ ᠨᠢᠭᠡᠴᠡ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠵᠣᠬᠢᠶᠠᠨ ᠪᠠᠢ᠌ᠭᠤᠯᠤᠭᠴᠢ ᠵᠡᠷᠭᠡ ᠭᠣᠣᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠵᠤ᠂ ᠬᠥᠮᠥᠵᠢᠭᠦᠯᠵᠦ ᠬᠥᠲᠥᠯᠥᠨ ᠵᠢᠯᠤᠭᠣᠳᠬᠤ ᠵᠢ ᠴᠢᠩᠭ᠋ᠠᠳᠬᠠᠬᠤ᠎ᠪᠠᠷ ᠳᠠᠮᠵᠢᠭᠤᠯᠤᠨ᠂ ᠣᠷᠣᠯᠴᠠᠭᠰᠠᠳ᠎ᠤᠨ ᠬᠠᠤᠯᠢ ᠰᠠᠬᠢᠯᠭ᠎ᠠ ᠵᠢᠨ ᠦᠵᠡᠯ ᠤᠬᠠᠮᠰᠠᠷ᠂ ᠦᠨᠡᠨᠴᠢ ᠢᠲᠡᠭᠡᠮᠵᠢ ᠵᠢᠨ ᠦᠵᠡᠯ ᠤᠬᠠᠮᠰᠠᠷ᠂ ᠳᠦᠷᠢᠮ᠎ᠤᠨ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠦᠵᠡᠯ ᠰᠠᠨᠠᠭ᠋ᠠᠨ᠎ᠤ ᠡᠬᠢ ᠰᠤᠷᠪᠤᠯᠵᠢ ᠵᠢᠨ ᠲᠠᠯ᠎ᠠ᠎ᠠᠴᠠ ᠠᠰᠠᠭᠤᠳᠠᠯ᠎ᠤᠨ ᠳᠠᠯᠳᠠ ᠬᠡᠮ᠎ᠢ ᠰᠡᠷᠭᠡᠢ᠌ᠯᠡᠨ᠎ᠡ᠃

      ᠭᠤᠷᠪᠠ᠎ᠳᠤ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠪᠠᠷᠢᠮᠵᠢᠶ᠎ᠠ ᠵᠢ ᠲᠣᠭᠲᠠᠭ᠋ᠠᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠨᠢᠭᠡᠴᠡ᠂ ᠲᠠᠮᠢᠷᠴᠢᠨ᠂ ᠰᠤᠷᠭ᠋ᠠᠭᠴᠢ᠂ ᠬᠢᠨᠠᠭᠴᠢ ᠵᠢᠴᠢ ᠠᠵᠢᠯᠲᠠᠨ ᠵᠡᠷᠭᠡ ᠬᠠᠮᠢᠶ᠎ᠠ ᠪᠦᠬᠦᠢ ᠨᠢᠭᠡᠴᠡ ᠪᠠ ᠬᠥᠮᠥᠰ᠎ᠤᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠦᠢᠯᠡ ᠠᠵᠢᠯᠯᠠᠭ᠎ᠠ ᠵᠢᠨ ᠵᠢᠷᠤᠮᠵᠢᠯ᠎ᠢ ᠲᠣᠳᠣᠷᠬᠠᠢ᠌ᠯᠠᠨ᠎ᠠ᠃

      ᠳᠥᠷᠪᠡ᠎ᠳᠤ ᠵᠠᠯᠬᠠᠭ᠋ᠠᠨ ᠰᠢᠳᠬᠡᠬᠦ ᠡᠷᠴᠢᠮ ᠵᠶ᠋ᠡᠨ ᠴᠢᠩᠭ᠋ᠠᠷᠠᠭᠤᠯᠤᠨ᠎ᠠ᠃ ᠲᠣᠭᠲᠠᠭ᠋ᠠᠯ᠎ᠠᠴᠠ ᠵᠦᠷᠢᠴᠡᠬᠦ  ᠲᠥᠷᠥᠯ ᠵᠦᠢ᠍ᠯ᠎ᠢ ᠲᠣᠳᠣᠷᠬᠠᠢ ᠪᠥᠭᠡᠳ ᠨᠠᠷᠢᠯᠢᠭᠵᠢᠭᠤᠯᠵᠤ᠂ ᠲᠣᠭᠲᠠᠭ᠋ᠠᠯ᠎ᠠᠴᠠ ᠵᠥᠷᠢᠴᠡᠭᠰᠡᠨ á Žá ¢ ᠪᠠᠢ᠌ᠴᠠᠭ᠋ᠠᠨ ᠰᠢᠢ᠍ᠳᠪᠦᠷᠢᠯᠡᠬᠦ ᠵᠢᠷᠤᠮ᠎ᠢ ᠵᠢᠷᠤᠮᠵᠢᠭᠤᠯᠤᠨ᠂ ᠬᠠᠮᠤᠭ᠎ᠤᠨ ᠴᠢᠩᠭ᠎ᠠ ᠵᠠᠯᠬᠠᠭ᠋ᠠᠨ ᠰᠢᠳᠬᠡᠬᠦ á  á ·á ­á Žá   ᠬᠡᠮᠵᠢᠶ᠎ᠡ ᠵᠢ ᠬᠡᠷᠡᠭᠵᠢᠭᠦᠯᠵᠦ᠂ ᠲᠣᠭᠲᠠᠭ᠋ᠠᠯ᠎ᠠᠴᠠ ᠵᠥᠷᠢᠴᠡᠭᠰᠡᠨ ᠲᠠᠮᠢᠷᠴᠢᠨ᠂ ᠰᠤᠷᠭ᠋ᠠᠭᠴᠢ ᠵᠢ ᠵᠠᠯᠬᠠᠭ᠋ᠠᠨ ᠰᠢᠳᠬᠡᠬᠦ᠎ᠪᠠᠷ ᠪᠠᠷᠠᠬᠤ ᠦᠭᠡᠢ ᠪᠠᠰᠠ ᠲᠡᠭᠦᠨ᠎ᠤ ᠠᠷᠤ᠎ᠳᠠᠬᠢ ᠬᠠᠮᠢᠶᠠᠷᠤᠯᠲᠠ ᠵᠢᠨ ᠨᠢᠭᠡᠴᠡ ᠪᠠ ᠬᠠᠮᠢᠶᠠᠷᠤᠭᠴᠢ ᠵᠢ ᠵᠠᠯᠬᠠᠭ᠋ᠠᠨ ᠰᠢᠳᠭᠡᠵᠦ᠂ ᠠᠵᠢᠯ ᠲᠥᠷᠥᠯ᠎ᠤᠨ ᠬᠡᠪ ᠰᠤᠷᠲᠠᠯ᠎ᠢ ᠦᠨᠳᠦᠰᠦᠨ᠎ᠠᠴᠠ᠎ᠨᠢ ᠬᠤᠪᠢᠷᠠᠭᠤᠯᠬᠤ᠎ᠪᠠᠷ ᠴᠢᠷᠮᠠᠢ᠌ᠨ᠎ᠠ᠃

      ᠳᠥᠷᠪᠡ᠂ ᠬᠡᠷᠡᠭᠯᠡᠬᠦ ᠬᠡᠪᠴᠢᠶ᠎ᠡ

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠡᠷᠭᠢᠯᠡᠭᠰᠡᠨ ᠡᠯ᠎ᠡ ᠱᠠᠲᠤᠨ᠎ᠤ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠤᠶᠤ ᠤᠯᠤᠰ᠎ᠤᠨ á  á ©á ­á ¢ ᠵᠢ ᠲᠥᠯᠥᠭᠡᠯᠡᠨ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠭᠰᠠᠨ ᠲᠠᠮᠢᠷᠴᠢᠳ᠎ᠤᠨ  ᠨᠢᠭᠡᠴᠡ ᠪᠣᠯᠤᠨ ᠲᠠᠮᠢᠷᠴᠢᠳ᠃

      ᠲᠠᠪᠤ᠂ ᠭᠣᠣᠯ ᠠᠭᠤᠯᠭ᠎ᠠ

      《ᠬᠡᠷᠡᠭᠵᠢᠭᠦᠯᠬᠦ ᠨᠠᠷᠢᠨ ᠳᠦᠷᠢᠮ》᠎ᠨᠢ ᠨᠡᠶ᠋ᠢᠲᠡ ᠲᠤᠯᠤᠭ᠋ᠠᠨ ᠪᠦᠯᠦᠭ ᠳᠥᠴᠢ ᠶᠢᠰᠦᠨ ᠵᠤᠷᠪᠤᠰ᠎ᠲᠠᠢ᠂ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠪᠥᠬᠥ ᠦᠶᠡᠯᠡᠯ᠎ᠤᠨ ᠬᠤᠭᠤᠴᠠᠭ᠎ᠠ᠂ ᠪᠥᠬᠥ ᠶᠠᠪᠤᠴᠠ ᠵᠢᠨ ᠵᠠᠰᠠᠯᠲᠠ᠎ᠳᠤ ᠰᠠᠭᠤᠷᠢᠯᠠᠵᠤ᠂ ᠲᠣᠭᠲᠠᠴᠠ ᠳᠦᠷᠢᠮ᠂ ᠠᠵᠢᠯ᠎ᠤᠨ  ᠰᠢᠰᠲᠸᠮᠵᠢ  ᠪᠠ ᠭᠣᠣᠯ á  á ·á ­á Žá   ᠬᠡᠮᠵᠢᠶ᠎ᠡ ᠵᠢ ᠲᠣᠳᠣᠷᠬᠠᠢ ᠲᠣᠭᠲᠠᠭ᠋ᠠᠪᠠ᠂ ᠪᠣᠳᠠᠲᠠᠢ ᠠᠭᠤᠯᠭ᠎ᠠ᠎ᠨᠢ ᠳᠣᠣᠷᠠᠬᠢ ᠮᠡᠲᠦ᠄

      ᠨᠢᠭᠡᠳᠦᠭᠡᠷ ᠪᠦᠯᠦᠭ ᠶᠡᠷᠦᠩᠬᠡᠢ ᠳᠦᠷᠢᠮ᠎ᠳᠤ ᠤᠬᠠᠭᠳᠠᠬᠤᠨ᠎ᠤ ᠲᠣᠮᠢᠶᠠᠯᠠᠯ᠂ ᠬᠡᠷᠡᠭᠯᠡᠬᠦ ᠬᠡᠪᠴᠢᠶ᠎ᠡ᠂ ᠦᠨᠳᠦᠰᠦᠨ ᠵᠠᠷᠴᠢᠮ ᠵᠡᠷᠭᠡ ᠵᠢ ᠲᠣᠭᠲᠠᠭ᠋ᠠᠵᠠᠢ᠃

ᠬᠣᠶᠠᠳᠤᠭ᠋ᠠᠷ ᠪᠦᠯᠦᠭ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠃  ᠡᠯ᠎ᠡ ᠱᠠᠲᠤᠨ᠎ᠤ ᠡᠯ᠎ᠡ ᠲᠥᠷᠥᠯ᠎ᠤᠨ ᠭᠣᠣᠯ ᠴᠣᠭᠴᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ  ᠪᠠᠲᠤ ᠵᠢᠨ ᠬᠠᠮᠢᠶᠠᠷᠤᠯᠲᠠ ᠬᠢᠨᠠᠯᠲᠠ ᠵᠢᠨ ᠠᠵᠢᠯ᠎ᠳᠠᠬᠢ ᠡᠭᠦᠷᠭᠡ ᠬᠠᠷᠢᠭᠤᠴᠠᠯᠭ᠎ᠠ ᠪᠠ ᠡᠭᠦᠷᠭᠡ ᠵᠢ ᠲᠣᠳᠣᠷᠬᠠᠢ᠌ᠯᠠᠵᠤ᠂ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ  ᠪᠠᠲᠤ ᠵᠢᠨ ᠬᠠᠮᠢᠶᠠᠷᠤᠯᠲᠠ ᠵᠢᠨ ᠪᠣᠳᠠᠲᠠᠢ á  á ·á ­á Žá   ᠬᠡᠮᠵᠢᠶ᠎ᠡ ᠵᠢ ᠲᠣᠭᠲᠠᠭ᠋ᠠᠵᠤ᠂ ᠵᠠᠰᠠᠭ᠎ᠤᠨ ᠣᠷᠳᠣᠨ ᠬᠢᠭᠡᠳ ᠨᠡᠢ᠌ᠭᠡᠮ᠎ᠤᠨ ᠭᠣᠣᠯ ᠴᠣᠭᠴᠠ ᠵᠢᠨ ᠲᠣᠰ ᠲᠣᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠭᠰᠡᠨ᠂ ᠬᠠᠮᠵᠢᠯᠴᠠᠨ ᠬᠥᠳᠡᠯᠦᠯᠴᠡᠭᠰᠡᠨ᠂ ᠰᠢᠰᠲ᠋ᠧᠮ᠎ᠨᠢ ᠪᠦᠷᠢᠨ ᠲᠡᠭᠦᠯᠳᠡᠷ ᠬᠠᠮᠢᠶᠠᠷᠤᠯᠲᠠ ᠵᠢᠨ ᠰᠢᠰᠲ᠋ᠧᠮᠵᠢ ᠵᠢ  ᠪᠠᠢ᠌ᠭᠤᠯᠤᠨ᠎ᠠ᠃

ᠭᠤᠷᠪᠠᠳᠤᠭ᠋ᠠᠷ ᠪᠦᠯᠦᠭ ᠤᠬᠠᠭᠤᠯᠭ᠎ᠠ ᠬᠥᠮᠦᠵᠢᠯ᠃  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠤᠬᠠᠭᠤᠯᠭ᠎ᠠ ᠬᠥᠮᠦᠵᠢᠯ᠎ᠤᠨ ᠡᠷᠴᠢᠮ᠎ᠢ ᠴᠢᠩᠭ᠋ᠠᠳᠬᠠᠵᠤ᠂ ᠤᠷᠤᠯᠳᠤᠭ᠋ᠠᠨ᠎ᠤ ᠠᠵᠢᠯᠯᠠᠭ᠎ᠠ ᠵᠢᠨ ᠪᠦᠬᠦ ᠶᠠᠪᠤᠴᠠ᠎ᠳᠤ  ᠲᠤᠭᠤᠰᠢᠯᠠᠭᠤᠯᠵᠤ᠂ ᠭᠣᠣᠯᠳᠠᠯᠭ᠎ᠠ᠎ᠲᠠᠢ ᠣᠷᠣᠯᠴᠠᠭᠰᠠᠳ᠎ᠲᠤ  ᠨᠡᠢ᠌ᠳᠡᠮ ᠬᠡᠷᠡᠭᠵᠢᠭᠦᠯᠦᠨ᠎ᠡ᠃

      ᠳᠥᠷᠪᠡᠳᠦᠭᠡᠷ ᠪᠦᠯᠦᠭ ᠦᠢᠯᠡ ᠠᠵᠢᠯᠯᠠᠭ᠎ᠠ ᠵᠢᠨ ᠵᠢᠷᠤᠮᠵᠢᠯ᠎ᠤᠨ ᠪᠠᠷᠢᠮᠵᠢᠶ᠎ᠠ᠃  ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠨᠢᠭᠡᠴᠡ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ  ᠵᠣᠬᠢᠶᠠᠨ ᠪᠠᠢ᠌ᠭᠤᠯᠤᠭᠴᠢ᠂ ᠣᠷᠣᠯᠴᠠᠭᠴᠢ᠂ ᠰᠤᠷᠭ᠋ᠠᠭᠴᠢ᠂ ᠲᠠᠮᠢᠷᠴᠢᠨ ᠵᠢᠴᠢ ᠠᠵᠢᠯᠲᠠᠨ᠂ ᠬᠢᠨᠠᠭᠴᠢ ᠵᠢᠴᠢ ᠤᠷᠤᠯᠳᠤᠭ᠋ᠠᠨ᠎ᠤ ᠲᠤᠰᠠᠯᠠᠭᠴᠢ ᠵᠡᠷᠭᠡ ᠬᠥᠮᠥᠰ᠎ᠤᠨ ᠦᠢᠯᠡ ᠠᠵᠢᠯᠯᠠᠭ᠎ᠠ ᠵᠢᠨ ᠵᠢᠷᠤᠮᠵᠢᠯ᠎ᠢ  ᠲᠣᠳᠤᠷᠬᠠᠢ᠌ᠯᠠᠪᠠ᠃

      ᠲᠠᠪᠤᠳᠤᠭ᠋ᠠᠷ ᠪᠦᠯᠦᠭ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠃  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠲᠣᠭᠲᠠᠭ᠋ᠠᠯ᠎ᠠᠴᠠ ᠵᠥᠷᠢᠴᠡᠭᠰᠡᠨ ᠲᠥᠷᠥᠯ ᠬᠡᠯᠪᠡᠷᠢ᠂ ᠬᠠᠷᠢᠭᠤᠴᠠᠯᠭ᠎ᠠ ᠵᠢ ᠮᠠᠭ᠋ᠠᠳᠯᠠᠨ ᠲᠣᠭᠲᠠᠭ᠋ᠠᠬᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠬᠠᠷᠭᠤᠭᠤᠯᠤᠨ ᠪᠠᠢ᠌ᠴᠠᠭ᠋ᠠᠬᠤ ᠲᠠᠰ ᠳᠠᠷᠠᠭ᠋ᠠᠯᠠᠯ ᠵᠡᠷᠭᠡ ᠵᠢ ᠲᠣᠳᠣᠷᠬᠠᠢ᠌ᠯᠠᠪᠠ᠃

      ᠵᠢᠷᠭᠤᠳᠤᠭ᠋ᠠᠷ ᠪᠦᠯᠦᠭ ᠲᠣᠭᠲᠠᠭ᠋ᠠᠯ᠎ᠠᠴᠠ ᠵᠦᠷᠢᠴᠡᠭᠰᠡᠳ᠎ᠢ  ᠰᠢᠢ᠍ᠳᠪᠦᠷᠢᠯᠡᠬᠦ᠃  ᠡᠯ᠎ᠡ ᠱᠠᠲᠤᠨ᠎ᠤ ᠡᠯ᠎ᠡ ᠲᠥᠷᠥᠯ᠎ᠤᠨ ᠪᠡᠶᠡᠴᠢ ᠴᠣᠭᠴᠠ ᠵᠢ ᠵᠠᠯᠬᠠᠭ᠋ᠠᠨ ᠰᠢᠳᠬᠡᠬᠦ á  á ·á ­á Žá   ᠮᠠᠶᠢᠭ ᠪᠠ ᠪᠣᠳᠠᠲᠠᠢ á  á ·á ­á Žá   ᠬᠡᠮᠵᠢᠶ᠎ᠡ ᠵᠢ ᠲᠣᠳᠣᠷᠬᠠᠢ ᠲᠣᠭᠲᠠᠭ᠋ᠠᠵᠤ᠂ ᠬᠠᠮᠢᠶᠠᠷᠤᠯᠲᠠ ᠵᠢᠨ ᠠᠵᠢᠯ᠎ᠢ ᠵᠢᠷᠤᠮᠯᠠᠬᠤ ᠳᠦᠷᠢᠮ᠎ᠲᠠᠢ ᠪᠣᠯᠭ᠋ᠠᠵᠤ᠂ ᠵᠠᠯᠬᠠᠭ᠋ᠠᠨ ᠰᠢᠳᠬᠡᠬᠦ ᠡᠲᠡᠭᠡᠳ᠎ᠢ ᠨᠠᠩ ᠨᠠᠷᠢᠯᠢᠭ ᠣᠨᠣᠴᠠᠲᠠᠢ ᠪᠣᠯᠭ᠋ᠠᠪᠠ᠃

      ᠳᠣᠯᠣᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ᠃  ᠪᠤᠰᠤᠳ ᠵᠦᠢ᠍ᠯ  ᠵᠣᠷᠪᠤᠰ  ᠪᠠ ᠬᠡᠷᠡᠭᠵᠢᠭᠦᠯᠬᠦ ᠡᠳᠦᠷ ᠬᠤᠭᠤᠴᠠᠭ᠎ᠠ ᠵᠢ ᠲᠣᠳᠣᠷᠬᠠᠢ ᠲᠣᠭᠲᠠᠭ᠋ᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ
ᠭᠢᠵᠢᠭ᠎ᠤᠨ ᠬᠤᠭᠤᠴᠠᠭ᠋ᠠᠨ᠎ᠳᠤ ᠨᠠᠰᠢ ᠴᠠᠰᠢ ᠬᠦᠶᠦᠬᠦ ᠬᠡᠷᠡᠭ ᠦᠭᠡᠢ᠂ 《ᠮᠦᠩᠭᠡ ᠰᠤᠪᠠᠭ》᠎ᠲᠤ ᠭᠠᠷᠴᠦ ᠵᠠᠮ ᠬᠠᠷᠢᠯᠴᠠᠭ᠋ᠠᠨ᠎ᠤ ᠲᠤᠬᠠᠢ᠌ᠯᠠᠭᠰᠠᠨ ᠠᠵᠢᠯ᠎ᠢ ᠭᠦᠢ᠍ᠴᠡᠳᠬᠡᠵᠦ ᠪᠤᠯᠤᠨ᠎ᠡ
ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠬᠠᠷᠢᠭᠤᠴᠠᠯᠭ᠋ᠠᠲᠠᠨ᠎ᠠᠴᠠ 《ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠺᠯᠦ᠋ᠪ᠎ᠤᠨ ᠬᠥᠭᠵᠢᠯᠲᠡ ᠵᠢ ᠠᠬᠢᠭᠤᠯᠬᠤ ᠪᠠ ᠵᠢᠷᠤᠮᠵᠢᠭᠤᠯᠬᠤ ᠲᠤᠬᠠᠶ ᠰᠠᠨᠠᠯ》᠎ᠳᠤ ᠲᠠᠶ᠋ᠢᠯᠤᠮᠵᠢ ᠬᠢᠪᠠ
ᠵᠢᠷᠤᠭᠲᠤ ᠲᠠᠶ᠋ᠢᠯᠤᠮᠵᠢ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠦᠭᠵᠢᠯᠲᠡ ᠵᠢᠨ 《ᠠᠷᠪᠠᠨ ᠳᠦᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠲᠣᠪᠴᠢ ᠠᠭᠤᠯᠭ᠎ᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢᠨ ᠲᠥᠷᠥ ᠵᠢᠨ ᠪᠣᠳᠣᠯᠭ᠎ᠠ ᠵᠢ ᠮᠡᠳᠡᠭᠳᠡᠬᠦ ᠬᠤᠷᠠᠯ ᠬᠢᠪᠠ
 
            