ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠨᠠᠮᠤᠷ᠎ᠤᠨ ᠤᠯᠠᠷᠢᠯ᠎ᠳᠤ ᠪᠡᠶ᠎ᠡ ᠵᠢᠨ ᠲᠠᠮᠢᠷ᠎ᠤᠨ ᠬᠦᠳᠡᠯᠭᠡᠭᠡᠨ ᠬᠢᠬᠦ᠎ᠳᠤ ᠶᠠᠭᠤ ᠵᠢ ᠠᠩᠬᠠᠷᠬᠤ ᠬᠡᠷᠡᠭᠳᠡᠢ ᠪᠤᠢ?
ᠨᠡᠶ᠋ᠢᠲᠡᠯᠡᠭᠰᠡᠨ ᠴᠠᠭ᠄ 2024-09-09

    ᠨᠢᠭᠡ᠂ ᠦᠷᠯᠦᠭᠡ ᠡᠷᠳᠡ ᠵᠠᠮ᠎ᠤᠨ ᠬᠠᠵᠠᠭᠤ᠎ᠪᠠᠷ ᠬᠦᠶᠦᠬᠦ ᠦᠭᠡᠢ ᠪᠤᠯ ᠰᠠᠢ᠌ᠨ
    ᠨᠠᠮᠤᠷ᠎ᠤᠨ ᠦᠷᠯᠦᠭᠡ ᠰᠢᠨ᠎ᠡ ᠰᠣᠷᠭᠣᠭ á  á ­á ‹á  á · ᠠᠮᠢᠰᠬᠤᠯᠠᠬᠤ᠎ᠨᠢ ᠬᠥᠮᠥᠨ᠎ᠤ ᠪᠡᠶ᠎ᠡ ᠵᠢᠨ ᠡᠷᠡᠭᠦᠯ ᠮᠡᠨᠳᠦ᠎ᠳᠤ ᠠᠰᠢᠭᠲᠠᠢ᠃ ᠭᠡᠪᠡᠴᠦ ᠬᠤᠳᠠ ᠵᠢᠨ ᠵᠠᠰᠠᠮᠠᠯ ᠵᠠᠮ᠎ᠤᠨ ᠲᠠᠭ᠋ᠠᠤ ᠬᠦᠶᠦᠬᠦ᠎ᠨᠢ ᠡᠷᠡᠭᠦᠯ ᠮᠡᠨᠳᠦ᠎ᠳᠤ ᠠᠰᠢᠭ ᠦᠭᠡᠢ᠃ ᠨᠠᠮᠤᠷ᠎ᠤᠨ ᠠᠭᠤᠷ ᠠᠮᠢᠰᠬᠤᠯ ᠬᠠᠭᠤᠷᠠᠢ ᠪᠣᠯᠬᠣᠷ ᠲᠣᠭᠣᠰᠣ ᠰᠢᠷᠣᠢ ᠠᠮᠠᠷᠬᠠᠨ ᠳᠡᠭᠳᠡᠵᠦ᠂ ᠬᠣᠭ ᠲᠣᠭᠣᠰᠣ ᠪᠣᠯᠤᠨ ᠮᠠᠰᠢᠨ ᠲᠡᠷᠭᠡᠨ᠎ᠤ ᠢᠯᠭ᠋ᠠᠷᠠᠭᠤᠯᠤᠭᠰᠠᠨ ᠬᠣᠣᠷᠲᠤ ᠬᠡᠢ ᠵᠢ ᠠᠮᠢᠰᠬᠤᠨ ᠣᠷᠣᠭᠤᠯᠵᠤ᠂ ᠪᠡᠶ᠎ᠡ᠎ᠳᠤ ᠬᠣᠬᠢᠷᠠᠯ ᠤᠴᠠᠷᠠᠭᠤᠯᠳᠠᠭ᠃ ᠡᠶ᠋ᠢᠮᠦ᠎ᠠᠴᠠ ᠦᠷᠯᠦᠭᠡ ᠬᠦᠶᠦᠬᠦ ᠭᠡᠪᠡᠯ ᠬᠠᠮᠤᠭ᠎ᠤᠨ ᠰᠠᠶ᠋ᠢᠨ᠎ᠨᠢ ᠨᠠᠮ ᠰᠡᠯᠡᠬᠦᠨ᠂ ᠴᠡᠪᠡᠷ ᠴᠡᠮᠴᠡᠭᠡᠷ ᠴᠡᠴᠡᠷᠯᠢᠭ᠎ᠲᠤ ᠬᠦᠷᠴᠦ ᠬᠦᠶᠦᠪᠠᠯ ᠰᠠᠢ᠌ᠨ᠃
    ᠬᠤᠶᠠᠷ᠂ ᠬᠦᠴᠢᠯᠳᠦ᠋ᠷᠦᠭᠴᠢᠳᠦ ᠬᠦᠳᠡᠯᠭᠡᠭᠡᠨ ᠵᠶ᠋ᠠᠷ ᠭᠤᠤᠯᠯᠠᠭᠤᠯᠤᠨ᠎ᠠ
    ᠪᠡᠶ᠎ᠡ ᠪᠣᠯᠪᠠᠰᠤᠷᠠᠬᠤ᠎ᠳᠤ ᠬᠥᠳᠡᠯᠭᠡᠭᠡᠨ᠎ᠤ ᠬᠡᠮᠵᠢᠶ᠎ᠡ᠎ᠨᠢ ᠨᠡᠯᠢᠶᠡᠳ ᠪᠠᠭ᠎ᠠ᠂ ᠢᠯᠴᠢ ᠵᠢᠨ ᠬᠡᠮᠵᠢᠶ᠎ᠡ᠎ᠨᠢ ᠨᠡᠯᠢᠶᠡᠳ ᠶᠡᠬᠡ ᠬᠦᠴᠢᠯᠲᠦ᠋ᠷᠦᠭᠴᠢᠲᠦ ᠬᠥᠳᠡᠯᠭᠡᠭᠡᠨ᠎ᠢ ᠰᠣᠩᠭᠣᠬᠤ ᠪᠥᠭᠡᠳ ᠨᠠᠰᠤᠨ᠎ᠤ ᠬᠡᠮᠵᠢᠶ᠎ᠡ᠎ᠳᠤ᠎ᠪᠠᠨ ᠲᠤᠬᠢᠷᠠᠭᠤᠯᠤᠨ᠎ᠡ᠄ ᠵᠠᠯᠠᠭᠤᠴᠤᠳ ᠭᠦᠶᠦᠬᠦ ᠵᠡᠷᠭᠡ ᠥᠨᠳᠥᠷ ᠬᠦᠴᠢᠯᠲᠦ᠋ᠷᠦᠭᠴᠢᠲᠦ ᠬᠥᠳᠡᠯᠭᠡᠭᠡᠨ᠎ᠢ ᠰᠤᠩᠭᠤᠵᠦ ᠪᠣᠯᠤᠨ᠎ᠠ᠂ ᠢᠩᠭᠢᠪᠡᠯ ᠨᠡᠩ ᠢᠯᠡᠬᠦᠦ ᠢᠯᠴᠢ ᠵᠠᠷᠤᠴᠠᠭᠤᠯᠤᠨ᠎ᠡ; ᠳᠤᠮᠳᠠ ᠨᠠᠰᠤᠨ᠎ᠤ ᠬᠥᠮᠦᠰ ᠲᠦᠷᠭᠡᠨ ᠠᠯᠬᠤᠬᠤ᠂ ᠤᠳᠠᠭ᠋ᠠᠨ ᠭᠦᠶᠦᠬᠦ᠂ ᠠᠰᠠᠷ᠎ᠤᠨ ᠱᠠᠲᠤ᠎ᠪᠠᠷ ᠮᠠᠴᠤᠬᠤ ᠵᠡᠷᠭᠡ ᠳᠣᠣᠷ᠎ᠠ ᠬᠦᠴᠢᠯᠲᠦ᠋ᠷᠦᠭᠴᠢᠲᠦ ᠬᠥᠳᠡᠯᠭᠡᠭᠡᠨ ᠰᠤᠩᠭᠤᠵᠦ ᠪᠣᠯᠤᠨ᠎ᠠ; ᠨᠠᠰᠤᠲᠠᠢ᠍ᠴᠤᠳ ᠰᠤᠯᠠ ᠠᠯᠬᠤᠬᠤ᠂ ᠶᠤᠭ᠎ᠠ᠂᠎ᠲᠠᠢ ᠵᠢᠢ ᠨᠢᠳᠤᠷᠭ᠎ᠠ ᠵᠡᠷᠭᠡ ᠵᠢ ᠰᠤᠩᠭᠤᠵᠦ ᠪᠤᠯᠤᠨ᠎ᠡ᠃
    ᠭᠤᠷᠪᠠ᠂ ᠡᠮᠦᠰᠬᠦ ᠬᠤᠪᠴᠠᠰᠦ ᠬᠤᠨᠠᠷ᠎ᠢ ᠠᠩᠬᠠᠷᠬᠤ ᠬᠡᠷᠡᠭᠳᠡᠢ
    ᠭᠠᠳᠠᠭ᠎ᠠ ᠲᠠᠮᠢᠷ᠎ᠤᠨ ᠬᠦᠳᠡᠯᠭᠡᠭᠡᠨ ᠬᠢᠭᠡᠳ ᠬᠦᠯᠦᠰᠦ ᠭᠠᠷᠤᠭᠰᠠᠨ᠎ᠤ ᠲᠠᠷᠠᠭ᠎ᠠ᠂ ᠭᠠᠳᠠᠷ ᠬᠤᠪᠴᠠᠰᠦ᠎ᠪᠠᠨ ᠲᠠᠢ᠌ᠯᠵᠦ᠂   ᠲᠠᠮᠢᠷ᠎ᠤᠨ ᠬᠦᠳᠡᠯᠭᠡᠭᠡᠨ ᠲᠠᠭᠤᠰᠤᠭᠰᠠᠭ᠋ᠠᠷ ᠲᠠᠷᠤᠢ᠌ᠬᠠᠨ ᠡᠮᠦᠰᠬᠦ ᠬᠡᠷᠡᠭᠳᠡᠢ᠃ ᠨᠠᠮᠤᠷ ᠬᠦᠯᠦᠰᠦ᠎ᠲᠠᠢ ᠨᠣᠶ᠋ᠢᠲᠠᠨ ᠬᠤᠪᠴᠠᠰᠤ᠎ᠪᠠᠷ ᠶᠠᠪᠤᠪᠠᠯ ᠠᠮᠠᠷᠬᠠᠨ ᠬᠢᠮᠦᠷᠡᠨ᠎ᠡ᠃ ᠲᠠᠮᠢᠷ᠎ᠤᠨ ᠬᠥᠳᠡᠯᠭᠡᠭᠡᠨ᠎ᠤ ᠬᠤᠪᠴᠠᠰᠦ ᠬᠤᠨᠠᠷ᠎ᠢ ᠰᠤᠩᠭᠤᠬᠤ ᠲᠠᠯ᠎ᠠ᠎ᠪᠠᠷ᠂ ᠤᠯᠠᠨ ᠬᠥᠮᠦᠰ ᠬᠥᠪᠥᠩ ᠬᠤᠪᠴᠠᠰᠤ᠎ᠨᠢ ᠲᠠᠭ᠋ᠠᠯᠠᠮᠵᠢᠲᠠᠢ᠂ ᠬᠥᠯᠥᠰᠥ ᠰᠢᠩᠭᠡᠭᠡᠨ᠎ᠡ ᠭᠡᠵᠦ ᠦᠵᠡᠳᠡᠭ᠂ ᠦᠨᠡᠨ᠎ᠳᠡᠭᠡᠨ á  á ­á ‹á  á · ᠨᠡᠪᠲᠡᠷᠡᠬᠦ ᠴᠢᠨᠠᠷ᠎ᠨᠢ ᠬᠠᠷᠢᠴᠠᠩᠭᠤᠢ ᠰᠠᠢ᠌ᠨ ᠪᠥᠭᠡᠭᠡᠨᠡᠷᠡᠯ ᠫᠸᠷᠤᠫᠸᠨ ᠮᠠᠲ᠋ᠧᠷᠢᠶᠠᠯ ᠰᠣᠩᠭᠣᠬᠤ᠎ᠨᠢ ᠨᠡᠩ ᠲᠣᠬᠢᠷᠠᠮᠵᠢᠲᠠᠢ᠃
    ᠲᠦᠷᠪᠡ᠂ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠢ ᠲᠤᠬᠢᠷᠠᠮᠵᠢᠳᠠᠢ ᠬᠢᠬᠦ ᠬᠡᠷᠡᠭᠳᠡᠢ
    ᠨᠠᠮᠤᠷ ᠪᠣᠯ ᠬᠥᠮᠦᠨ᠎ᠤ ᠮᠡᠳᠡᠷᠡᠯ᠎ᠤᠨ ᠰᠢᠰᠲ᠋ᠧᠮ᠎ᠤᠨ ᠬᠥᠭᠡᠷᠦᠯᠲᠡ ᠵᠢᠨ ᠴᠢᠨᠠᠷ ᠨᠡᠮᠡᠭᠳᠡᠵᠦ᠂ ᠹᠢᠽᠢᠣᠯᠣᠭᠢ ᠵᠢᠨ ᠠᠵᠢᠯᠯᠠᠭ᠎ᠠ ᠬᠥᠭᠵᠢᠶᠡᠨ᠎ᠲᠠᠢ ᠪᠣᠯᠬᠤ ᠬᠠᠨᠳᠤᠰᠢ᠎ᠲᠠᠢ ᠪᠣᠯᠣᠨ᠎ᠠ᠃ ᠡᠨᠡ ᠤᠯᠠᠷᠢᠯ᠎ᠳᠤ ᠬᠦᠮᠦᠰ ᠠᠮᠠᠷᠬᠠᠨ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠢ ᠬᠡᠳᠦᠷᠬᠡᠢ ᠬᠢᠬᠦ᠎ᠠᠴᠠ ᠪᠤᠯᠵᠦ ᠶᠠᠳᠠᠷᠠᠨ᠂ ᠠᠵᠢᠯᠯᠠᠬᠤ ᠪᠣᠯᠤᠨ ᠡᠷᠡᠭᠦᠯ ᠮᠡᠨᠳᠦ᠎ᠪᠠᠨ ᠨᠦᠯᠦᠭᠡᠯᠡᠳᠡᠭ᠃ ᠢᠯᠠᠩᠭᠤᠶ᠎ᠠ ᠢᠳᠡᠷ ᠥᠲᠡᠯᠦᠭᠡ ᠨᠠᠰᠤᠨ᠎ᠤ ᠬᠥᠮᠥᠰ ᠬᠥᠳᠡᠯᠭᠡᠭᠡᠨ᠎ᠤ á ´á  á ­ ᠪᠠ ᠬᠥᠳᠡᠯᠭᠡᠭᠡᠨ᠎ᠤ ᠡᠷᠴᠢᠮ᠎ᠢ ᠰᠠᠶ᠋ᠢᠲᠤᠷ ᠲᠤᠬᠢᠷᠠᠭᠤᠯᠬᠤ ᠬᠡᠷᠡᠭᠳᠡᠢ᠃ ᠶᠡᠷᠦᠳᠡ ᠵᠢᠨ ᠪᠠᠶ᠋ᠢᠳᠠᠯ᠎ᠳᠤ᠂ ᠢᠳᠡᠷ ᠨᠠᠰᠤᠲᠠᠶ᠋ᠢᠴᠤᠳ ᠤᠳᠠᠭ᠎ᠠ ᠪᠦᠷᠢ 1.5 á ´á  á ­á Žá  á ´á   ᠢᠯᠡᠭᠦᠦ ᠬᠦᠳᠡᠯᠭᠡᠭᠡᠨ ᠬᠢᠵᠦ ᠪᠣᠯᠬᠤ ᠦᠭᠡᠢ᠃ ᠪᠡᠶ᠎ᠡ ᠵᠢᠨ ᠲᠠᠮᠢᠷ᠎ᠤᠨ ᠬᠦᠳᠡᠯᠭᠡᠭᠡᠨ ᠬᠢᠵᠦ᠂ ᠲᠠᠭ᠋ᠠᠳᠠᠢ ᠮᠡᠳᠡᠷᠡᠮᠵᠢ᠎ᠲᠠᠢ ᠪᠤᠯᠪᠠᠯ ᠪᠤᠯᠴᠢᠬᠠᠨ᠎ᠠ᠃
    ᠲᠠᠪᠤ᠂   ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠲᠠᠷᠠᠭ᠎ᠠ ᠤᠰᠤ ᠨᠦᠬᠦᠪᠦᠷᠢᠯᠡᠬᠦ ᠵᠢ ᠠᠩᠬᠠᠷᠤᠨ᠎ᠡ
    ᠲᠠᠮᠢᠷ᠎ᠤᠨ ᠬᠥᠳᠡᠯᠭᠡᠭᠡᠨ ᠬᠢᠭᠰᠡᠨ᠎ᠤ ᠳᠠᠷᠠᠭ᠎ᠠ᠂ ᠪᠤᠴᠠᠯᠤᠭᠰᠠᠨ ᠤᠰᠤ ᠢᠯᠡᠭᠦᠬᠡᠨ ᠤᠤᠭᠤᠬᠤ ᠬᠡᠷᠡᠭᠲᠡᠶ᠂ ᠨᠢᠰᠢᠩᠭᠦ᠂ ᠠᠯᠢᠮ᠎ᠠ᠂ ᠠᠯᠮᠤᠷᠠᠳ᠂ ᠰᠦ᠂ ᠮᠠᠭ᠋ᠠᠵᠢ᠂ ᠰᠢᠨ᠎ᠡ ᠰᠣᠷᠭᠤᠭ ᠢᠳᠡᠰᠢᠨ ᠨᠣᠭᠤᠭ᠎ᠠ ᠵᠡᠷᠭᠡ ᠵᠢ ᠢᠯᠡᠭᠦᠬᠡᠨ ᠢᠳᠡᠵᠦ᠂ ᠠᠮᠢᠰᠬᠤᠯ᠎ᠤᠨ ᠵᠠᠮ᠎ᠤᠨ ᠰᠠᠯᠢᠰᠤᠲᠤ ᠪᠦᠷᠬᠦᠪᠴᠢ ᠵᠢᠨ ᠬᠡᠪ᠎ᠤᠨ ᠱᠦᠭᠦᠷᠡᠯ᠎ᠢ ᠪᠠᠲᠤᠯᠠᠵᠤ᠂ ᠬᠤᠭᠤᠯᠠᠢ ᠬᠠᠪᠤᠳᠵᠦ ᠡᠪᠡᠳᠬᠦ ᠵᠢ ᠰᠡᠷᠭᠡᠶ᠋ᠢᠯᠡᠨ᠎ᠡ᠃   ᠬᠡᠳᠦ ᠬᠦᠯᠦᠰᠦ ᠭᠠᠷᠤᠭᠰᠠᠨ ᠪᠤᠯ᠂ ᠪᠤᠴᠠᠯᠤᠭᠰᠠᠨ ᠤᠰᠤᠨ᠎ᠳᠤ᠎ᠪᠠᠨ ᠪᠠᠭ᠎ᠠ ᠬᠡᠮᠵᠢᠶᠡᠨ᠎ᠤ ᠳᠠᠪᠤᠰᠦ ᠨᠡᠮᠡᠵᠦ ᠪᠤᠯᠤᠨ᠎ᠠ᠃ ᠤᠰᠤ ᠤᠤᠭᠤᠬᠤ᠎ᠳᠤ᠎ᠪᠠᠨ ᠪᠠᠭ᠎ᠠ ᠬᠡᠮᠵᠢᠶ᠎ᠡ᠎ᠪᠠᠷ ᠤᠯᠠᠨ ᠤᠳᠠᠭ᠎ᠠ ᠤᠳᠠᠭ᠋ᠠᠨ ᠤᠤᠭᠤᠬᠤ ᠵᠢ ᠪᠠᠷᠢᠮᠳᠠᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
᠎ᠲᠠᠢ ᠵᠢᠢ ᠨᠢᠳᠤᠷᠭ᠎ᠠ ᠪᠤᠯᠪᠠᠰᠤᠷᠠᠬᠤ᠎ᠨᠢ ᠴᠢᠰᠤᠨ ᠳᠠᠷᠤᠯᠲᠠ ᠵᠢ ᠪᠠᠭᠤᠷᠠᠭᠤᠯᠬᠤ᠎ᠳᠤ ᠠᠰᠢᠭᠳᠠᠢ
ᠬᠦᠴᠦᠨ᠎ᠤ ᠪᠤᠯᠪᠠᠰᠤᠷᠠᠯ᠎ᠨᠢ ᠨᠤᠢ᠌ᠷ ᠰᠠᠢ᠌ᠵᠢᠷᠠᠭᠤᠯᠬᠤ᠎ᠳᠤ ᠠᠰᠢᠭᠳᠠᠢ
ᠡᠳᠦᠷ ᠪᠦᠷᠢ ᠠᠯᠬᠤᠬᠤ ᠵᠢᠨ 12 ᠰᠠᠶ᠋ᠢᠨ᠎ᠲᠠᠢ ᠲᠠᠯ᠎ᠠ
ᠤᠳᠠᠭ᠋ᠠᠨ ᠰᠠᠭᠤᠬᠤ᠎ᠨᠢ ᠪᠡᠶ᠎ᠡ ᠮᠠᠬᠠᠪᠣᠳ᠎ᠲᠤ ᠤᠯᠠᠠ ᠬᠤᠬᠢᠷᠠᠯ᠎ᠲᠠᠢ
ᠡᠪᠤᠯ ᠪᠡᠶ᠎ᠡ᠎ᠪᠠᠨ ᠪᠤᠯᠪᠠᠰᠤᠷᠠᠭᠤᠯᠬᠤ᠎ᠳᠤ ᠠᠡᠭᠬᠠᠷᠬᠤ ᠵᠦᠢ᠍ᠯ
 
            