ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠰᠤᠷᠪᠤᠯᠵᠢᠯᠠᠭ᠎ᠠ
ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠳᠠᠷᠤᠭ᠎ᠠ ᠭᠣᠸ᠋ ᡁᠢ ᠳ᠋ᠠᠨ᠄ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠥᠭᠵᠢᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ 《ᠭᠤᠷᠪᠠᠨ ᠲᠣᠮᠣ ᠪᠥᠮᠪᠥᠭᠡ》 ᠵᠢ ᠬᠥᠭᠵᠢᠭᠦᠯᠦᠨ ᠮᠠᠨᠳᠤᠭᠤᠯᠬᠤ᠎ᠪᠠᠷ ᠡᠷᠡᠰ ᠵᠣᠷᠢᠭ ᠰᠢᠭᠤᠳᠴᠤ᠂ ᠪᠥᠬᠥ ᠠᠷᠠᠳ᠎ᠤᠨ ᠪᠡᠶ᠎ᠡ ᠴᠢᠬᠢᠷᠠᠭᠵᠢᠭᠤᠯᠬᠤ ᠪᠠ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠢ ᠴᠢᠩᠭ᠋ᠠᠳᠬᠠᠨ᠎ᠠ
ᠨᠡᠶ᠋ᠢᠲᠡᠯᠡᠭᠰᠡᠨ ᠴᠠᠭ᠄ 2023-03-17

    3 á °á  á ·á Žá   ᠵᠢᠨ 12᠎ᠤᠨ ᠡᠳᠦᠷ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ᠎ᠤ ᠭᠤᠷᠪᠠᠳᠤᠭ᠋ᠠᠷ ᠲᠠᠯᠠᠪᠤᠷ 《ᠰᠠᠢ᠌ᠳ ᠨᠠᠷ᠎ᠤᠨ ᠵᠠᠮ》᠎ᠤᠨ ᠰᠤᠷᠪᠤᠯᠵᠢᠯᠠᠭ᠎ᠠ ᠶᠠᠪᠤᠠᠠᠳᠠᠵᠦ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶᠠᠨ᠎ᠤ ᠳᠠᠷᠤᠭ᠎ᠠ ᠭᠣᠸ᠋ ᡁᠢ ᠳ᠋ᠠᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠥᠭᠵᠢᠯᠲᠡ ᠵᠢ ᠲᠦᠯᠬᠢᠨ ᠠᠬᠢᠭᠤᠯᠬᠤ᠂ 《ᠭᠤᠷᠪᠠᠨ ᠲᠣᠮᠣ ᠪᠥᠮᠪᠥᠭᠡ》 ᠵᠢ ᠬᠥᠭᠵᠢᠭᠦᠯᠦᠨ ᠮᠠᠨᠳᠤᠭᠤᠯᠬᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠢ ᠴᠢᠩᠭ᠋ᠠᠳᠬᠠᠬᠤ ᠵᠡᠷᠭᠡ ᠨᠡᠢ᠌ᠭᠡᠮ᠎ᠤᠨ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ᠎ᠤᠨ ᠲᠣᠭᠣᠷᠢᠨ᠎ᠳᠤ ᠰᠣᠷᠪᠣᠯᠵᠢᠯᠠᠭᠴᠢᠳ᠎ᠤᠨ ᠠᠰᠠᠭᠤᠯᠲᠠ ᠵᠢ ᠬᠠᠷᠢᠭᠤᠯᠪᠠ᠃
    《ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠨᠢ ᠤᠯᠤᠰ ᠤᠷᠤᠨ᠎ᠳᠠᠭᠠᠨ ᠥᠩᠭᠡ á ­á ¡á ·á ¡á ¯ ᠨᠡᠮᠡᠷᠢᠯᠡᠬᠦ᠎ᠪᠠᠷ ᠪᠠᠷᠠᠬᠤ ᠦᠭᠡᠢ ᠪᠠᠰᠠ á  á ·á  á ³ ᠲᠦᠮᠡᠨ᠎ᠳᠤ ᠠᠰᠢᠭ ᠲᠤᠰᠠ ᠬᠦᠷᠳᠡᠭᠡᠬᠦ ᠬᠡᠷᠡᠭᠲᠡᠢ》
    ᠪᠡᠭᠡᠵᠢᠩ᠎ᠤᠨ ᠡᠪᠦᠯ᠎ᠤᠨ ᠤᠯᠢᠮᠫᠢᠺ᠎ᠤᠨ ᠴᠤᠭᠯᠠᠭ᠋ᠠᠨ᠂ ᠡᠪᠦᠯ᠎ᠤᠨ ᠵᠡᠮᠳᠡᠭᠴᠦᠳ᠎ᠤᠨ ᠤᠯᠢᠮᠫᠢᠺ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠭᠢᠯᠡᠭᠰᠡᠨ ᠵᠢᠯ ᠭᠠᠷᠤᠢ ᠵᠢᠨ ᠲᠤᠷᠰᠢ᠂ ᠪᠡᠭᠡᠵᠢᠩ᠎ᠤᠨ ᠡᠪᠦᠯ᠎ᠤᠨ ᠣᠯᠢᠮᠫᠢᠺ᠎ᠤᠨ ᠴᠤᠭᠯᠠᠭ᠋ᠠᠨ᠎ᠤ ᠠᠰᠢᠭ ᠦᠷᠭᠦᠯᠵᠢᠯᠡᠨ ᠭᠠᠷᠴᠤ᠂ ᠪᠡᠭᠡᠵᠢᠩ᠎ᠤᠨ ᠡᠪᠦᠯ᠎ᠤᠨ ᠣᠯᠢᠮᠫᠢᠺ᠎ᠤᠨ ᠴᠤᠭᠯᠠᠭ᠋ᠠᠨ᠎ᠤ ᠥᠪ ᠬᠥᠷᠥᠩᠭᠡ ᠵᠢ ᠭᠦᠢ᠍ᠴᠡᠳ ᠠᠰᠢᠭᠯᠠᠭᠰᠠᠨ ᠪᠠᠢ᠌ᠨ᠎ᠠ᠃ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠠᠮᠤᠷᠬᠤ ᠬᠥᠮᠥᠰ ᠨᠠᠩ ᠥᠷᠭᠡᠨ ᠳᠡᠯᠭᠡᠷ ᠪᠣᠯᠵᠤ᠂ ᠠᠵᠢᠯᠯᠠᠭ᠋ᠠᠨ᠎ᠤ ᠠᠭᠤᠯᠭ᠎ᠠ ᠨᠠᠩ ᠪᠠᠶᠠᠯᠢᠭ ᠪᠣᠯᠵᠤ᠂ ᠣᠷᠤᠯᠴᠠᠬᠤ á  á ·á ­á Žá   ᠬᠡᠯᠪᠡᠷᠢ ᠨᠠᠩ ᠲᠥᠬᠥᠮ ᠪᠣᠯᠵᠠᠢ᠃ ᠡᠨᠡ ᠵᠢᠯ᠎ᠤᠨ á ´á  á ­á ‹á  á ¨ ᠰᠠᠷ᠎ᠠ᠎ᠳᠤ᠂ ᠪᠦᠬᠦ ᠤᠯᠤᠰ᠎ᠤᠨ ᠡᠯ᠎ᠡ ᠶᠡᠬᠡ ᠮᠥᠰᠥᠨ ᠲᠠᠯᠠᠪᠠᠢ᠂ ᠴᠠᠰᠤᠨ᠎ᠤ ᠲᠠᠯᠠᠪᠠᠢ ᠬᠣᠢ᠌ᠨ᠎ᠠ ᠬᠣᠢ᠌ᠨ᠎ᠠ᠎ᠠᠴᠠ᠎ᠪᠠᠨ ᠤᠯᠠᠨ᠎ᠤ ᠠᠩᠬᠠᠷᠤᠯ᠎ᠢ ᠲᠠᠲᠠᠵᠤ᠂ ᠬᠦᠷ ᠬᠥᠭᠵᠢᠶᠡᠨ ᠵᠶ᠋ᠡᠷ ᠪᠢᠯᠬᠠᠪᠠ᠃
      ᠭᠣᠸ᠋ ᡁᠢ ᠳ᠋ᠠᠨ᠎ᠠᠴᠠ ᠡᠨᠡ ᠲᠤᠬᠠᠢ ᠶᠠᠷᠢᠬᠤ᠎ᠳᠠᠭᠠᠨ᠂ ᠡᠪᠦᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠰᠡᠭᠦᠯᠴᠢ ᠵᠢᠨ ᠬᠤᠭᠤᠴᠠᠭ᠋ᠠᠨ᠎ᠳᠤ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ 《ᠡᠮᠦᠨᠡᠰᠢ ᠲᠠᠯᠠᠵᠦ ᠪᠠᠷᠠᠭᠤᠨᠰᠢ ᠥᠷᠭᠡᠳᠬᠡᠨ ᠵᠡᠭᠦᠨᠰᠢ ᠤᠷᠤᠭᠰᠢᠯᠠᠬᠤ》 ᠪᠠᠢ᠌ᠯᠳᠤᠬᠤ ᠪᠣᠳᠣᠯᠭ᠎ᠠ ᠵᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ 《ᠭᠤᠷᠪᠠᠨ ᠳ᠋ᠦᠩᠰᠢᠭᠤᠷ ᠬᠥᠮᠥᠨ᠎ᠢ ᠳᠠᠶ᠋ᠢᠴᠢᠯᠠᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠭᠤᠯᠬᠤ》 ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠬᠦ ᠬᠡᠷᠡᠭᠲᠡᠢ᠃ á ¡á © ᠲᠡᠷᠢᠭᠦᠨ᠎ᠳᠤ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠵᠦ᠂ ᠳᠥᠷᠪᠡᠨ ᠶᠠᠮᠤᠨ ᠬᠣᠷᠢᠶ᠎ᠠ ᠵᠢᠨ 《ᠰᠤᠷᠭ᠋ᠠᠭᠤᠯᠢ᠎ᠳᠤ ᠰᠤᠷᠭ᠋ᠠᠭᠴᠢ ᠵᠢᠨ ᠠᠵᠢᠯ᠎ᠤᠨ ᠪᠠᠢ᠌ᠷᠢ ᠲᠣᠬᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ》᠎ᠢ ᠭᠦᠨᠵᠡᠭᠡᠢ ᠬᠡᠷᠡᠭᠵᠢᠭᠦᠯᠵᠦ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠰᠢᠨ᠎ᠡ ᠬᠡᠪ ᠵᠠᠭᠪᠤᠷ᠂ ᠰᠢᠨ᠎ᠡ á  á ·á ­á Žá   ᠵᠠᠮ᠎ᠢ ᠬᠠᠢ᠌ᠨ ᠰᠦᠪᠡᠭᠴᠢᠯᠡᠨ᠎ᠡ᠃ ᠳᠠᠷᠠᠭ᠋ᠠᠯᠠᠪᠠᠯ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠵᠦ᠂ ᠤᠯᠠᠨ ᠲᠦᠮᠡᠨᠴᠢ ᠮᠥᠰᠥ ᠴᠠᠰᠤᠨ᠎ᠤ ᠤᠯᠠᠷᠢᠯ ᠵᠡᠷᠭᠡ ᠤᠯᠠᠨ ᠲᠦᠮᠡᠨ᠎ᠤ ᠳᠡᠷᠭᠡᠳᠡᠬᠢ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠰᠠᠢ᠌ᠲᠤᠷ ᠡᠷᠬᠢᠯᠡᠵᠦ᠂ ᠤᠯᠠᠨ ᠲᠦᠮᠡᠨ᠎ᠤ ᠳᠡᠷᠭᠡᠳᠡᠬᠢ ᠮᠥᠰᠥ ᠴᠠᠰᠤᠨ᠎ᠤ ᠲᠠᠯᠠᠪᠠᠢ ᠵᠢᠨ ᠲᠥᠬᠦᠭᠡᠷᠦᠮᠵᠢ ᠵᠢ ᠰᠠᠢ᠌ᠲᠤᠷ ᠪᠠᠢ᠌ᠭᠤᠯᠤᠨ᠎ᠠ᠃ ᠭᠤᠷᠪᠠᠳᠤᠭ᠋ᠠᠷ᠎ᠲᠤ᠂ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠵᠤ᠂ á  á ·á  á ³ ᠤᠯᠠᠨ᠎ᠤ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠣᠷᠤᠯᠴᠠᠬᠤ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠪᠡ᠃
    ᠭᠣᠸ᠋ ᡁᠢ ᠳ᠋ᠠᠨ ᠲᠠᠨᠢᠯᠴᠠᠭᠤᠯᠬᠤ᠎ᠳᠠᠭᠠᠨ᠂ ᠲᠣᠰ ᠤᠷᠤᠯᠳᠤᠭ᠋ᠠᠨ᠎ᠤ ᠤᠯᠠᠷᠢᠯ᠎ᠠᠴᠠ ᠨᠠᠰᠢ᠂ ᠪᠢᠳᠡ ᠥᠩᠭᠡᠷᠡᠭᠰᠡᠨ᠎ᠳᠤ ᠴᠥᠭᠡᠨ ᠣᠷᠣᠯᠴᠠᠵᠤ ᠪᠠᠢ᠌ᠭᠰᠠᠨ ᠮᠥᠰᠥ ᠴᠠᠰᠤᠨ᠎ᠤ ᠣᠯᠠᠨ ᠤᠯᠤᠰ᠎ᠤᠨ ᠤᠷᠤᠯᠳᠤᠭ᠋ᠠᠨ᠎ᠳᠤ ᠴᠦ᠍ ᠡᠳᠦᠢ ᠲᠡᠳᠦᠢ ᠰᠠᠢ᠌ᠨ ᠬᠢᠷᠢ ᠪᠦᠲᠦᠮᠵᠢ ᠣᠯᠵᠤ᠂ ᠨᠢᠭᠡ ᠪᠦᠯᠦᠭ ᠵᠠᠯᠠᠭᠤ ᠲᠠᠮᠢᠷᠴᠢᠳ ᠣᠯᠠᠨ ᠤᠯᠤᠰ᠎ᠤᠨ ᠤᠷᠤᠯᠳᠤᠭ᠋ᠠᠨ᠎ᠳᠤ ᠠᠪᠢᠶᠠᠰ ᠴᠢᠳᠠᠪᠤᠷᠢ᠎ᠪᠠᠨ ᠭᠠᠢ᠌ᠬᠠᠭᠤᠯᠵᠤ᠂ 《ᠮᠢᠯᠠᠨ᠎ᠤ ᠦᠶᠡᠯᠡᠯ᠎ᠤᠨ ᠬᠤᠭᠤᠴᠠᠭ᠎ᠠ》 ᠵᠢᠨ ᠡᠪᠦᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠪᠠ ᠥᠷᠢᠰᠦᠯᠳᠦᠭᠡᠨ᠎ᠳᠤ ᠣᠷᠤᠯᠴᠠᠬᠤ᠎ᠳᠤ ᠮᠠᠰᠢ ᠰᠠᠢ᠌ᠨ ᠰᠠᠭᠤᠷᠢ ᠲᠠᠯᠪᠢᠵᠤ ᠥᠭᠭᠦᠭᠰᠡᠨ ᠪᠠᠢ᠌ᠨ᠎ᠠ᠃ ᠪᠡᠭᠡᠵᠢᠩ᠎ᠤᠨ ᠡᠪᠦᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠲᠠᠯᠠᠪᠠᠶ ᠣᠷᠳᠣᠨ᠎ᠢ ᠦᠷᠭᠦᠯᠵᠢᠯᠡᠨ ᠳᠠᠬᠢᠨ ᠠᠰᠢᠭᠯᠠᠬᠤ ᠵᠢ ᠢᠳᠡᠪᠬᠢᠲᠡᠢ ᠠᠬᠢᠭᠤᠯᠵᠤ᠂ ᠥᠨᠳᠥᠷ ᠲᠦᠪᠰᠢᠨ ᠪᠦᠬᠦᠢ ᠤᠯᠠᠨ ᠤᠯᠤᠰ᠎ᠤᠨ ᠮᠥᠰᠥ ᠴᠠᠰᠤᠨ᠎ᠤ ᠤᠷᠤᠯᠳᠤᠭ᠋ᠠᠨ᠎ᠢ ᠢᠳᠡᠪᠬᠢᠲᠡᠢ᠎ᠪᠠᠷ ᠡᠷᠡᠮᠡᠯᠵᠡᠯᠡᠨ ᠡᠷᠬᠢᠯᠡᠬᠦ ᠪᠠ ᠪᠡᠯᠡᠳᠬᠡᠨ ᠡᠷᠬᠢᠯᠡᠵᠦ᠂ ᠤᠯᠠᠨ ᠤᠯᠤᠰ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠮᠥᠰᠥ ᠴᠠᠰᠤᠨ᠎ᠤ ᠲᠠᠮᠢᠷ᠎ᠤᠨ ᠤᠷᠤᠯᠳᠤᠭ᠋ᠠᠨ᠎ᠤ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠳᠤᠮᠳᠠᠳᠤ ᠤᠯᠤᠰ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠦᠯᠢᠭᠡᠷ᠎ᠢ ᠨᠡᠩ ᠰᠠᠢ᠌ᠲᠤᠷ ᠶᠠᠷᠢᠵᠤ᠂ ᠳᠤᠮᠳᠠᠳᠤ ᠤᠯᠤᠰ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠳᠠᠭᠤᠨ᠎ᠢ ᠳᠠᠮᠵᠢᠭᠤᠯᠵᠤ᠂ ᠳᠡᠯᠡᠬᠡᠢ ᠵᠢᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠲᠠᠪᠴᠠᠩ᠎ᠳᠠᠬᠢ ᠪᠢᠳᠡᠨ᠎ᠤ ᠨᠥᠯᠥᠭᠡᠯᠡᠬᠦ ᠬᠦᠴᠦᠨ ᠪᠠ ᠦᠭᠡ ᠬᠡᠯᠡᠬᠦ ᠡᠷᠬᠡ ᠵᠢ ᠪᠡᠬᠢᠵᠢᠭᠦᠯᠦᠨ ᠥᠷᠭᠡᠳᠬᠡᠨ᠎ᠡ ᠭᠡᠪᠡ᠃
    《ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠨᠢ ᠤᠯᠤᠰ ᠣᠷᠣᠨ᠎ᠳᠠᠭᠠᠨ ᠥᠩᠭᠡ á ­á ¡á ·á ¡á ¯ ᠨᠡᠮᠡᠷᠢᠯᠡᠬᠦ᠎ᠪᠠᠷ ᠪᠠᠷᠠᠬᠤ ᠦᠭᠡᠢ ᠪᠠᠰᠠ á  á ·á  á ³ ᠲᠦᠮᠡᠨ᠎ᠳᠤ ᠠᠰᠢᠭ ᠲᠤᠰᠠ ᠬᠦᠷᠳᠡᠭᠡᠬᠦ ᠬᠡᠷᠡᠭᠲᠡᠢ》᠃ ᠭᠣᠸ᠋ ᡁᠢ ᠳ᠋ᠠᠨ ᠢᠯᠡᠷᠬᠡᠢ᠌ᠯᠡᠬᠦ᠎ᠳᠡᠭᠡᠨ᠂ ᠣᠳᠣᠬᠠᠨ᠎ᠳᠤ ᠣᠯᠠᠨ ᠲᠦᠮᠡᠨ᠎ᠤ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠤᠯᠴᠠᠬᠤ ᠬᠠᠯᠠᠭᠤᠨ ᠰᠡᠳᠬᠢᠯᠭᠡ ᠤᠯᠠᠮ᠎ᠠᠴᠠ ᠤᠯᠠᠮ ᠥᠨᠳᠥᠷ ᠪᠣᠯᠵᠤ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠥᠪᠡᠷ ᠵᠶ᠋ᠡᠨ ᠪᠡᠯᠡᠳᠬᠡᠬᠦ ᠬᠥᠮᠥᠨ᠎ᠤ ᠲᠣᠭ᠎ᠠ ᠴᠤ᠌ ᠤᠯᠠᠮ᠎ᠠᠴᠠ ᠤᠯᠠᠮ ᠣᠯᠠᠰᠢᠷᠠᠵᠤ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠣᠢ᠌ᠯᠠᠭ᠋ᠠᠬᠤ ᠱᠠᠭ᠋ᠠᠷᠳᠠᠯᠭ᠎ᠠ ᠴᠤ᠌ ᠲᠠᠰᠤᠷᠠᠯᠲᠠ ᠦᠭᠡᠢ ᠲᠠᠰ ᠳᠠᠪᠰᠢᠵᠤ ᠪᠠᠢ᠌ᠨ᠎ᠠ᠃ 《ᠮᠥᠰᠥ ᠴᠠᠰᠤᠨ᠎ᠳᠤ ᠬᠤᠴᠢᠭᠳᠠᠭᠰᠠᠨ ᠮᠦᠩᠭᠦᠨ á ´á  á ­á ‹á  á ¨ ᠲᠡᠯᠡᠬᠡᠢ ᠴᠦ᠍ ᠠᠯᠲᠠ ᠮᠥᠩᠭᠥᠨ ᠠᠭᠤᠯᠠ》 ᠭᠡᠬᠦ ᠣᠢ᠌ᠯᠠᠭ᠋ᠠᠭᠳᠠᠬᠤᠨ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠬᠠᠩᠭ᠋ᠠᠯᠭ᠎ᠠ ᠬᠡᠷᠡᠭᠴᠡᠭᠡᠨ᠎ᠤ ᠬᠣᠶᠠᠷ ᠲᠠᠯ᠎ᠠ᠎ᠳᠤ ᠬᠦᠴᠦᠯᠡᠬᠦ ᠵᠢ ᠪᠠᠷᠢᠮᠲᠠᠯᠠᠵᠤ᠂ ᠡᠯ᠎ᠡ ᠭᠠᠵᠠᠷ᠎ᠤᠨ ᠵᠠᠰᠠᠭ᠎ᠤᠨ ᠣᠷᠳᠣᠨ᠎ᠤ ᠮᠥᠰᠥ ᠴᠠᠰᠤᠨ᠎ᠤ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠪᠠ ᠮᠥᠰᠥ ᠴᠠᠰᠤᠨ᠎ᠤ ᠬᠡᠷᠡᠭᠯᠡᠭᠡ ᠵᠢ ᠠᠬᠢᠭᠤᠯᠬᠤ ᠲᠥᠷᠥ ᠵᠢᠨ ᠪᠣᠳᠣᠯᠭ᠎ᠠ ᠪᠠ á  á ·á ­á Žá   ᠬᠡᠮᠵᠢᠶ᠎ᠡ ᠵᠢ ᠦᠷᠭᠦᠯᠵᠢᠯᠡᠨ ᠨᠡᠢ᠌ᠲᠡᠯᠡᠨ ᠬᠡᠷᠡᠭᠵᠢᠭᠦᠯᠬᠦ ᠵᠢ ᠵᠣᠬᠢᠴᠠᠭᠤᠯᠤᠨ ᠠᠬᠢᠭᠤᠯᠵᠤ᠂ ᠤᠯᠤᠰ᠎ᠤᠨ ᠮᠥᠰᠥ ᠴᠠᠰᠤᠨ᠎ᠤ ᠲᠣᠨᠣᠭ ᠲᠥᠬᠦᠭᠡᠷᠦᠮᠵᠢ ᠦᠢᠯᠡᠳᠬᠦ ᠦᠢ᠍ᠯᠡᠰ᠎ᠤᠨ ᠬᠥᠭᠵᠢᠯᠲᠡ ᠵᠢ ᠲᠡᠳᠬᠦᠨ ᠬᠥᠲᠥᠯᠥᠨ ᠵᠢᠯᠤᠭᠣᠳᠴᠤ᠂ ᠮᠥᠰᠥ ᠴᠠᠰᠤᠨ᠎ᠤ ᠤᠷᠤᠯᠳᠤᠭ᠋ᠠᠨ᠎ᠤ ᠲᠣᠭᠯᠠᠯᠲᠠ᠂ ᠮᠥᠰᠥ ᠴᠠᠰᠤᠨ᠎ᠤ ᠦᠢ᠍ᠯᠡᠴᠢᠯᠡᠭᠡᠨ᠎ᠤ ᠠᠵᠢᠯ ᠲᠥᠷᠥᠯ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠠᠬᠢᠭᠤᠯᠤᠨ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠳᠣᠲᠣᠭ᠋ᠠᠳᠤ ᠬᠡᠷᠡᠭᠴᠡᠭᠡ ᠵᠢ ᠥᠷᠭᠡᠳᠬᠡᠵᠦ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠥᠭᠵᠢᠯᠲᠡ ᠵᠢᠨ ᠦᠷ᠎ᠡ ᠪᠦᠲᠦᠭᠡᠯ᠎ᠢ ᠥᠷᠭᠡᠨ ᠣᠯᠠᠨ á  á ·á  á ³ ᠲᠦᠮᠡᠨ᠎ᠳᠤ ᠨᠠᠩ ᠰᠠᠢ᠌ᠨ ᠬᠦᠷᠲᠡᠭᠡᠵᠦ᠂ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠨᠠᠩ ᠢᠯᠡᠭᠦᠦ ᠬᠦᠴᠦᠨ ᠨᠡᠮᠡᠷᠢᠯᠡᠨ᠎ᠡ   ᠭᠡᠪᠡ᠃
    《ᠤᠷᠳᠤ ᠵᠠᠮ᠎ᠤᠨ á  á ¶á  á ¨ ᠲᠠᠢ᠍ᠢ᠍ᠨ᠎ᠤ ᠵᠠᠮ ᠵᠶ᠋ᠠᠷ ᠲᠠᠬᠢᠨ ᠵᠠᠮᠨᠠᠬᠤ ᠵᠣᠷᠢᠭ ᠰᠠᠨᠠᠭ᠎ᠠ᠎ᠪᠠᠷ 〈ᠭᠤᠷᠪᠠᠨ ᠶᠡᠬᠡ ᠪᠥᠮᠪᠥᠭᠡ〉 ᠵᠢᠨ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ》
    ᠬᠥᠯ ᠪᠥᠮᠪᠥᠭᠡ᠂ ᠰᠠᠭᠰᠤᠨ ᠪᠥᠮᠪᠥᠭᠡ᠂ ᠠᠯᠠᠭ᠋ᠠᠳᠠᠬᠤ ᠪᠥᠮᠪᠥᠭᠡ ᠵᠡᠷᠭᠡ ᠭᠤᠷᠪᠠᠨ ᠪᠥᠮᠪᠥᠭᠡ ᠵᠢᠨ   ᠤᠷᠤᠯᠳᠤᠭ᠋ᠠᠨ᠎ᠳᠤ ᠤᠷᠤᠯᠴᠠᠬᠤ ᠬᠥᠮᠥᠨ ᠠᠮᠠ ᠣᠯᠠᠨ᠂ ᠨᠡᠢ᠌ᠭᠡᠮ᠎ᠤᠨ ᠨᠥᠯᠥᠭᠡ ᠶᠡᠬᠡ ᠪᠠᠢ᠌ᠵᠤ᠂ ᠥᠷᠭᠡᠨ ᠣᠯᠠᠨ á  á ·á  á ³ ᠲᠦᠮᠡᠨ ᠢᠯᠠᠩᠭᠤᠶ᠎ᠠ ᠵᠠᠯᠠᠭᠤᠴᠤᠳ ᠪᠠᠭ᠋ᠠᠴᠤᠳ᠎ᠤᠨ ᠳᠤᠷ᠎ᠠ ᠪᠠᠬ᠎ᠠ ᠵᠢ ᠶᠡᠬᠡᠳᠡ ᠲᠠᠲᠠᠵᠤ ᠪᠠᠢ᠌ᠨ᠎ᠠ᠃ ᠭᠣᠸ᠋ ᡁᠢ ᠳ᠋ᠠᠨ ᠢᠯᠡᠷᠬᠡᠢ᠌ᠯᠡᠬᠦ᠎ᠳᠡᠭᠡᠨ᠂ ᠲᠡᠦᠬᠡᠨ ᠳᠡᠭᠡᠷ᠎ᠡ᠂ ᠮᠠᠨ᠎ᠤ ᠤᠯᠤᠰ᠎ᠤᠨ 《ᠭᠤᠷᠪᠠᠨ ᠲᠣᠮᠣ ᠪᠥᠮᠪᠥᠭᠡ》᠂ ᠢᠯᠠᠩᠭᠤᠶ᠎ᠠ ᠡᠮᠡᠭᠲᠡᠢ ᠵᠢᠨ ᠤᠷᠤᠯᠳᠤᠭ᠋ᠠᠨ ᠴᠥᠮ ᠰᠠᠢ᠌ᠨ ᠬᠢᠷᠢ ᠪᠦᠲᠦᠮᠵᠢ ᠣᠯᠵᠤ ᠥᠩᠭᠡᠷᠡᠭᠰᠡᠨ ᠶᠤᠮ᠃ ᠳᠤᠮᠳᠠᠳᠤ ᠤᠯᠤᠰ᠎ᠤᠨ ᠡᠮᠡᠭᠲᠡᠢ ᠵᠢᠨ ᠬᠥᠯ ᠪᠥᠮᠪᠥᠭᠡ ᠵᠢᠨ á  á ©á ­á ¢ ᠤᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠳᠡᠯᠡᠬᠡᠢ ᠵᠢᠨ ᠬᠤᠨᠳᠠᠭ᠋ᠠᠲᠤ ᠤᠷᠤᠯᠳᠤᠭ᠋ᠠᠨ᠎ᠳᠤ ᠲᠡᠳ᠋ᠯᠡᠪᠡ᠃ ᠳᠤᠮᠳᠠᠳᠤ ᠤᠯᠤᠰ᠎ᠤᠨ ᠡᠮᠡᠭᠲᠡᠢ ᠵᠢᠨ ᠰᠠᠭᠰᠤᠨ ᠪᠥᠮᠪᠥᠭᠡ ᠵᠢᠨ á  á ©á ­á ¢ ᠲᠡᠭᠡᠷ᠎ᠡ ᠵᠠᠭᠤᠨ᠎ᠤ ᠨᠠᠶᠠᠭ᠋ᠠᠳ ᠣᠨ᠂ á ¶á ¡á ·á ¡á ­á ¡á ³ ᠣᠨ᠎ᠤ ᠦᠶ᠎ᠡ᠎ᠳᠤ ᠤᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠳᠡᠯᠡᠬᠡᠢ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠳᠤ ᠱᠠᠩᠨᠠᠯ᠎ᠤᠨ ᠮᠧᠳᠠᠯ᠎ᠢ ᠣᠯᠵᠤ᠂ ᠨᠢᠳᠤᠨᠤᠨ ᠪᠠᠰᠠ ᠳᠡᠯᠡᠬᠡᠢ ᠵᠢᠨ ᠬᠤᠨᠳᠠᠭ᠋ᠠᠲᠤ ᠤᠷᠤᠯᠳᠤᠭ᠋ᠠᠨ᠎ᠤ ᠳᠡᠳ᠋᠎ᠲᠤ ᠰᠢᠯᠭ᠋ᠠᠷᠠᠪᠠ᠃ ᠳᠤᠮᠳᠠᠳᠤ ᠤᠯᠤᠰ᠎ᠤᠨ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ á  á ©á ­á ¢ ᠳᠡᠯᠡᠬᠡᠢ ᠵᠢᠨ ᠭᠤᠷᠪᠠᠨ ᠶᠡᠬᠡ ᠤᠷᠤᠯᠳᠤᠭ᠋ᠠᠨ᠎ᠳᠤ ᠠᠷᠪᠠ ᠤᠳᠠᠭ᠎ᠠ ᠳᠡᠯᠡᠬᠡᠢ ᠵᠢᠨ ᠮᠠᠩᠯᠠᠢ᠎ᠳᠤ ᠰᠢᠯᠭ᠋ᠠᠷᠠᠵᠤ᠂ ᠡᠬᠡ ᠣᠷᠣᠨ᠎ᠳᠠᠭᠠᠨ ᠢᠷᠠᠭᠤ ᠠᠯᠳᠠᠷ ᠠᠪᠴᠢᠷᠠᠪᠠ᠃ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ ᠵᠣᠷᠢᠭ ᠰᠠᠨᠠᠭ᠎ᠠ᠎ᠨᠢ ᠨᠡᠩ ᠴᠤ᠌ ᠦᠶ᠎ᠡ ᠦᠶ᠎ᠡ ᠵᠢᠨ ᠳᠤᠮᠳᠠᠳᠤᠴᠤᠳ᠎ᠢ ᠵᠣᠷᠢᠭᠵᠢᠭᠤᠯᠤᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠵᠢᠨ ᠲᠥᠯᠥᠭᠡ ᠴᠥᠬᠥᠷᠡᠰᠢ ᠦᠭᠡᠢ ᠲᠡᠮᠡᠴᠡᠭᠦᠯᠵᠡᠢ᠃ ᠭᠡᠪᠡᠴᠦ ᠨᠡᠯᠢᠶᠡᠳ ᠣᠷᠳᠣ ᠬᠤᠭᠤᠴᠠᠭ᠋ᠠᠨ᠎ᠤ ᠲᠤᠷᠰᠢ᠂ ᠮᠠᠨ᠎ᠤ ᠤᠯᠤᠰ᠎ᠤᠨ 《ᠭᠤᠷᠪᠠᠨ ᠲᠣᠮᠣ ᠪᠥᠮᠪᠥᠭᠡ》᠂ ᠢᠯᠠᠩᠭᠤᠶ᠎ᠠ ᠡᠷᠡᠭᠲᠡᠢ ᠵᠢᠨ ᠤᠷᠤᠯᠳᠤᠭ᠋ᠠᠨ᠎ᠤ ᠬᠥᠭᠵᠢᠯᠲᠡ ᠰᠠᠨᠠᠭ᠋ᠠᠨ᠎ᠳᠤ ᠬᠦᠷᠬᠦ ᠦᠭᠡᠢ ᠪᠠᠢ᠌ᠵᠤ᠂ ᠡᠷᠡᠭᠲᠡᠢ ᠵᠢᠨ ᠬᠥᠯ ᠪᠥᠮᠪᠥᠭᠡ ᠵᠢᠨ ᠬᠢᠷᠢ ᠲᠦᠪᠰᠢᠨ ᠨᠠᠩ ᠴᠤ᠌ ᠲᠤᠷᠤᠭᠰᠢᠯᠠᠵᠦ᠂ ᠬᠥᠯ ᠪᠥᠮᠪᠥᠭᠡ ᠵᠢᠨ ᠦᠢ᠍ᠯᠡᠰ᠎ᠤᠨ ᠳᠣᠲᠣᠷ᠎ᠠ ᠮᠠᠰᠢ ᠣᠯᠠᠨ ᠰᠠᠮᠠᠭᠤᠷᠠᠯ᠎ᠤᠨ ᠪᠠᠢ᠌ᠳᠠᠯ ᠢᠯᠡᠷᠡᠭᠰᠡᠨ ᠪᠠᠢ᠌ᠨ᠎ᠠ᠂ ᠡᠨᠡ᠎ᠨᠢ ᠨᠠᠮ᠎ᠤᠨ ᠲᠥᠪ ᠬᠣᠷᠢᠶ᠎ᠠ᠂ ᠪᠥᠬᠥ ᠤᠯᠤᠰ᠎ᠤᠨ á  á ·á  á ³ ᠲᠦᠮᠡᠨ᠎ᠤ ᠪᠢᠳᠡᠨ᠎ᠳᠤ ᠲᠠᠯᠪᠢᠵᠤ ᠪᠠᠢ᠌ᠭ᠎ᠠ ᠱᠠᠭ᠋ᠠᠷᠳᠠᠯᠭ᠎ᠠ ᠪᠠ ᠬᠦᠰᠡᠯ ᠡᠷᠡᠮᠡᠯᠵᠡᠯ᠎ᠲᠠᠢ ᠮᠠᠰᠢ ᠶᠡᠬᠡ ᠵᠥᠷᠢᠶ᠎ᠡ᠎ᠲᠠᠢ ᠪᠣᠯᠵᠠᠢ᠃ 《ᠭᠤᠷᠪᠠᠨ ᠲᠣᠮᠣ ᠪᠥᠮᠪᠥᠭᠡ》 ᠵᠢ ᠰᠠᠢ᠌ᠲᠤᠷ ᠬᠥᠭᠵᠢᠭᠦᠯᠬᠦ ᠪᠣᠯ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠡᠯᠭᠡ ᠲᠡᠮᠳᠡᠭ ᠮᠥᠨ᠂ ᠪᠠᠰᠠᠴᠤ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠢ ᠲᠦᠷᠭᠡᠨ ᠪᠦᠲᠦᠭᠡᠨ ᠪᠠᠶ᠋ᠢᠭᠤᠯᠬᠤ᠎ᠳᠤ ᠡᠷᠬᠡᠪᠰᠢ ᠨᠥᠬᠥᠪᠦᠷᠢᠯᠡᠬᠦ ᠴᠢᠬᠤᠯᠠᠲᠠᠢ ᠳᠤᠲᠠᠭᠤᠳᠠᠯ ᠮᠥᠨ᠃
    ᠣᠢ᠌ᠷ᠎ᠠ ᠵᠢᠨ ᠬᠤᠭᠤᠴᠠᠭ᠋ᠠᠨ᠎ᠤ ᠬᠥᠯ ᠪᠥᠮᠪᠥᠭᠡ ᠵᠢᠨ ᠬᠦᠷᠢᠶᠡᠨ᠎ᠳᠤ ᠢᠯᠡᠷᠡᠭᠰᠡᠨ ᠬᠦᠨᠳᠦ ᠨᠣᠴᠢᠲᠠᠢ ᠠᠰᠠᠭᠤᠳᠠᠯ᠎ᠳᠤ ᠴᠢᠭᠯᠡᠭᠦᠯᠦᠨ᠂ ᠭᠣᠸ᠋ ᡁᠢ ᠳ᠋ᠠᠨ ᠢᠯᠡᠷᠬᠡᠢ᠌ᠯᠡᠬᠦ᠎ᠳᠡᠭᠡᠨ᠂ ᠪᠢᠳᠡ ᠦᠵᠡᠯ ᠰᠠᠨᠠᠭ᠋ᠠᠨ᠎ᠤ ᠬᠥᠮᠦᠵᠢᠯ᠂ ᠰᠤᠷᠲᠠᠯ᠎ᠤᠨ ᠪᠠᠢ᠌ᠭᠤᠯᠤᠯᠲᠠ᠂ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠣᠳᠣᠬᠠᠨ᠎ᠤ ᠠᠵᠢᠯ᠎ᠢ ᠰᠠᠢ᠌ᠲᠤᠷ ᠠᠳᠬᠤᠬᠤ ᠵᠡᠷᠭᠡ ᠲᠠᠯ᠎ᠠ᠎ᠪᠠᠷ ᠰᠢᠰᠲ᠋ᠧᠮ᠎ᠲᠠᠢ ᠵᠠᠰᠠᠯᠲᠠ ᠬᠢᠵᠦ᠂ ᠣᠷᠳᠣ ᠵᠠᠮ᠎ᠤᠨ á  á ¶á  á ¨ ᠲᠡᠶ᠋ᠢᠨ᠎ᠤ ᠵᠠᠮ ᠵᠶ᠋ᠠᠷ ᠲᠠᠬᠢᠨ ᠵᠠᠮᠨᠠᠬᠤ ᠵᠣᠷᠢᠭ ᠰᠠᠨᠠᠭ᠎ᠠ᠎ᠪᠠᠷ 《ᠭᠤᠷᠪᠠᠨ ᠲᠣᠮᠣ ᠪᠥᠮᠪᠥᠭᠡ》 ᠵᠢᠨ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ᠎ᠪᠠᠷ ᠴᠢᠷᠮᠠᠢ᠌ᠭᠰᠠᠭ᠋ᠠᠷ ᠢᠷᠡᠵᠡᠶ᠃ ᠳᠣᠭᠰᠢᠨ á ¡á ® ᠵᠶ᠋ᠡᠷ ᠡᠪᠡᠳᠴᠢᠨ ᠵᠠᠰᠠᠬᠤ᠂ ᠬᠦᠨᠳᠦ ᠡᠷᠡᠭᠦᠦ᠎ᠪᠠᠷ ᠰᠠᠮᠠᠭᠤᠷᠠᠯ᠎ᠢ ᠵᠠᠰᠠᠬᠤ á ¡á ·á ¡á ° ᠵᠣᠷᠢᠭ ᠵᠶ᠋ᠠᠷ ᠣᠳᠣᠬᠠᠨ᠎ᠤ 《ᠭᠤᠷᠪᠠᠨ ᠲᠣᠮᠣ ᠪᠥᠮᠪᠥᠭᠡ》 ᠵᠢᠨ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠴᠣᠭ ᠰᠦᠯᠳᠡ ᠦᠭᠡᠢ᠂ ᠲᠥᠪ ᠰᠤᠷᠲᠠᠯ ᠳᠤᠲᠠᠮᠠᠭ᠂ ᠰᠤᠷᠲᠠᠯ ᠴᠢᠩᠭ᠎ᠠ ᠪᠤᠰᠤ ᠵᠡᠷᠭᠡ ᠲᠣᠪᠣᠢ᠌ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠤᠷᠲᠠᠯ ᠵᠶ᠋ᠠᠨ ᠬᠤᠪᠢᠷᠠᠭᠤᠯᠬᠤ ᠵᠢ ᠤᠷᠲᠤ ᠬᠤᠭᠤᠴᠠᠭ᠎ᠠ ᠎ᠪᠠᠷ ᠪᠠᠷᠢᠮᠲᠠᠯᠠᠨ᠂ ᠬᠠᠷᠢᠭᠤᠴᠠᠯᠭ᠎ᠠ ᠵᠢ ᠴᠢᠩᠭ᠋ᠠᠳᠬᠠᠵᠤ᠂ ᠨᠠᠢ᠌ᠳᠠᠪᠤᠷᠢᠵᠢᠭᠤᠯᠬᠤ ᠵᠢ ᠠᠳᠬᠤᠬᠤ ᠬᠡᠷᠡᠭᠲᠡᠢ᠃ ᠬᠥᠯ ᠪᠥᠮᠪᠥᠭᠡ ᠪᠠ ᠪᠤᠰᠤᠳ ᠬᠦᠷᠢᠶᠡᠨ᠎ᠳᠠᠬᠢ ᠢᠯᠵᠢᠷᠡᠯ ᠪᠠ ᠬᠠᠭᠤᠷᠮᠠᠭ ᠲᠤᠭᠯᠠᠬᠤ ᠵᠣᠭᠣᠰ ᠮᠥᠷᠥᠢ᠌ᠴᠡᠬᠦ ᠬᠠᠷ᠎ᠠ ᠪᠦᠯᠦᠭᠲᠡᠨ᠎ᠤ ᠠᠰᠠᠭᠤᠳᠠᠯ᠎ᠳᠤ á ¡á ·á ¡á ° ᠴᠣᠬᠢᠯᠲᠠ ᠥᠭᠬᠦ ᠪᠠ ᠴᠢᠩᠭ᠎ᠠ ᠵᠠᠯᠬᠠᠭ᠋ᠠᠨ ᠰᠢᠳᠭᠡᠵᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ᠂ ᠰᠠᠬᠢᠯᠭ᠎ᠠ ᠪᠠᠲᠤ ᠵᠢ ᠴᠢᠩᠳᠠᠯᠠᠵᠤ᠂ ᠳᠦᠷᠢᠮ᠎ᠢ ᠲᠡᠭᠦᠯᠳᠡᠷᠵᠢᠭᠦᠯᠦᠨ᠂ ᠳᠦᠷᠢᠮ ᠲᠣᠭᠲᠠᠭ᠋ᠠᠯ᠎ᠢ ᠴᠢᠩᠭ᠋ᠠᠳᠬᠠᠵᠤ᠂ 《ᠭᠤᠷᠪᠠᠨ ᠲᠣᠮᠣ ᠪᠥᠮᠪᠥᠭᠡ》 ᠵᠢᠨ ᠡᠷᠡᠭᠦᠯ ᠵᠶ᠋ᠡᠷ ᠦᠷᠭᠦᠯᠵᠢᠯᠡᠨ ᠬᠥᠭᠵᠢᠬᠦ ᠰᠠᠢ᠌ᠨ ᠰᠠᠢ᠌ᠬᠠᠨ ᠠᠮᠢ ᠠᠬᠤᠢ ᠵᠢ ᠪᠥᠬᠥ ᠲᠠᠯ᠎ᠠ᠎ᠪᠠᠷ ᠰᠡᠷᠭᠦᠭᠡᠨ ᠳᠠᠬᠢᠨ ᠪᠠᠢ᠌ᠭᠤᠯᠤᠨ᠎ᠠ᠃  
    ᠭᠣᠸ᠋ ᡁᠢ ᠳ᠋ᠠᠨ᠎ᠠᠴᠠ᠂ ᠣᠳᠣᠬᠠᠨ᠎ᠳᠤ ᠬᠥᠯ ᠪᠥᠮᠪᠥᠭᠡ᠂ ᠰᠠᠭᠰᠤᠨ ᠪᠥᠮᠪᠥᠭᠡ ᠵᠢᠨ ᠥᠭᠡᠷᠡᠴᠢᠯᠡᠯᠲᠡ ᠨᠢᠭᠡᠨᠲᠡ ᠲᠦᠭᠰᠢᠭᠦᠷᠢ ᠵᠢ ᠲᠤᠭᠤᠯᠬᠤ ᠱᠠᠲᠤᠨ᠎ᠳᠤ ᠣᠷᠣᠵᠤ᠂ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠰᠢᠪᠲᠤᠯᠤᠯᠲᠠ ᠵᠢ ᠪᠡᠶᠡᠯᠡᠭᠦᠯᠬᠦ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠢ᠌ᠨ᠎ᠠ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠬᠥᠭᠵᠢᠯᠲᠡ ᠵᠢᠨ ᠵᠠᠮ ᠵᠶ᠋ᠠᠷ ᠭᠤᠢ᠌ᠪᠢᠰᠢ ᠦᠭᠡᠢ ᠵᠠᠮᠨᠠᠵᠤ᠂ ᠬᠠᠮᠢᠶᠠᠷᠤᠯᠲᠠ ᠵᠢᠨ ᠰᠢᠰᠲ᠋ᠧᠮ᠂ ᠴᠢᠳᠠᠪᠤᠷᠢᠲᠠᠨ᠎ᠤ ᠰᠢᠰᠲ᠋ᠧᠮ᠂ ᠪᠣᠯᠪᠠᠰᠤᠷᠠᠯ᠎ᠤᠨ ᠰᠢᠰᠲ᠋ᠧᠮ᠂ ᠤᠷᠤᠯᠳᠤᠭ᠋ᠠᠨ᠎ᠤ ᠰᠢᠰᠲ᠋ᠧᠮ᠂ ᠪᠠᠲᠤᠯᠠᠭ᠎ᠠ   ᠵᠢᠨ   ᠰᠢᠰᠲ᠋ᠧᠮ á Žá ¢   ᠪᠠᠶ᠋ᠢᠭᠤᠯᠬᠤ á Žá  á ´á     ᠭᠠᠷᠳᠠᠵᠤ᠂ ᠳᠤᠮᠳᠠᠳᠤ   ᠤᠯᠤᠰ ᠎ᠤᠨ   ᠣᠨᠴᠠᠯᠢᠭ   ᠪᠦᠬᠦᠢ      ã€Šá ­á ¤á ·á ªá  á ¨ ᠲᠣᠮᠣ ᠪᠥᠮᠪᠥᠭᠡ》 ᠵᠢᠨ ᠬᠥᠭᠵᠢᠯᠲᠡ ᠵᠢᠨ á  á ·á ­á Žá   ᠵᠠᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠠᠰᠠᠭᠤᠳᠠᠯ᠎ᠳᠤ ᠵᠥᠪ ᠵᠶ᠋ᠡᠷ ᠬᠠᠨᠳᠤᠵᠤ᠂ ᠢᠲᠡᠭᠡᠯ ᠵᠣᠷᠢᠭ ᠵᠶ᠋ᠠᠨ ᠪᠠᠲᠤᠳᠬᠠᠨ᠂ ᠬᠦᠴᠢᠷ᠎ᠢ ᠰᠥᠷᠦᠨ ᠤᠷᠤᠭᠰᠢᠯᠠᠵᠤ᠂ 《ᠳᠤᠮᠳᠠᠳᠤ ᠤᠯᠤᠰ᠎ᠤᠨ ᠬᠥᠯ ᠪᠥᠮᠪᠥᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠲᠥᠰᠥᠯ》 ᠵᠡᠷᠭᠡ ᠲᠥᠷᠥ ᠵᠢᠨ ᠪᠣᠳᠣᠯᠭ᠎ᠠ ᠵᠢᠨ á  á ·á ­á Žá   ᠬᠡᠮᠵᠢᠶ᠎ᠡ ᠵᠢ ᠣᠨᠣᠪᠴᠢᠲᠠᠶ ᠣᠢ᠌ᠯᠠᠭ᠋ᠠᠨ ᠰᠠᠢ᠌ᠲᠤᠷ ᠨᠠᠢ᠌ᠳᠠᠪᠤᠷᠢᠵᠢᠭᠤᠯᠵᠤ᠂ 《ᠭᠤᠷᠪᠠᠨ ᠲᠣᠮᠣ ᠪᠥᠮᠪᠥᠭᠡ》 ᠵᠢᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠲᠦᠯᠬᠢᠨ ᠠᠬᠢᠭᠤᠯᠵᠤ᠂ ᠬᠣᠯᠪᠣᠭ᠋ᠠᠲᠤ ᠤᠷᠤᠯᠳᠤᠭ᠋ᠠᠨ᠎ᠤ ᠵᠠᠰᠠᠯᠲᠠ ᠵᠢᠨ ᠰᠢᠰᠲ᠋ᠧᠮ᠎ᠤᠨ ᠵᠢᠷᠤᠮᠵᠢᠭᠤᠨ ᠬᠥᠭᠵᠢᠯᠲᠡ ᠵᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠭᠣᠸ᠋ ᡁᠢ ᠳ᠋ᠠᠨ᠎ᠠᠴᠠ᠂ ᠪᠢᠳᠡ ᠰᠡᠳᠬᠢᠯ ᠰᠢᠭᠤᠳᠤᠨ᠂ ᠬᠡᠦᠬᠡᠳ᠎ᠠᠴᠠ ᠡᠬᠢᠯᠡᠨ ᠠᠳᠬᠤᠵᠤ᠂ ᠪᠥᠬᠥ ᠤᠯᠤᠰ᠎ᠤᠨ ᠪᠠᠢ᠌ᠭᠤᠯᠤᠯ᠎ᠤᠨ ᠳᠠᠪᠠᠭᠤᠯᠢᠭ᠎ᠢ ᠪᠠᠳᠠᠷᠠᠭᠤᠯᠤᠨ᠂ ᠵᠠᠬ᠎ᠠ ᠳᠡᠯᠭᠡᠭᠦᠷ᠎ᠤᠨ ᠲᠣᠭᠲᠠᠴᠠ ᠵᠢᠨ ᠠᠮᠢᠵᠢᠷᠠᠯ᠎ᠤᠨ ᠬᠦᠴᠦᠨ᠎ᠢ ᠰᠠᠢ᠌ᠲᠤᠷ ᠠᠰᠢᠭᠯᠠᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠡᠷᠡᠭᠦᠯ ᠬᠥᠭᠵᠢᠯᠲᠡ ᠵᠢ ᠲᠦᠯᠬᠢᠨ ᠠᠬᠢᠭᠤᠯᠵᠤ᠂ ᠵᠠᠯᠠᠭᠤᠴᠤᠳ ᠪᠠᠭ᠋ᠠᠴᠤᠳ᠎ᠤᠨ ᠬᠥᠯ ᠪᠥᠮᠪᠥᠭᠡ ᠵᠢᠨ ᠴᠢᠳᠠᠪᠤᠷᠢᠲᠠᠨ᠎ᠤ ᠬᠡᠪᠴᠢᠶᠡᠵᠢᠨ ᠪᠣᠢ᠌ᠵᠢᠬᠤ ᠵᠢ ᠠᠬᠢᠭᠤᠯᠤᠨ᠂ ᠪᠡᠯᠡᠳᠬᠡᠯ ᠴᠢᠳᠠᠪᠤᠷᠢᠲᠠᠨ᠎ᠤ ᠰᠠᠭᠤᠷᠢ ᠵᠢ ᠪᠠᠲᠤᠳᠬᠠᠬᠤ ᠬᠡᠷᠡᠭᠲᠡᠢ᠃ ᠦᠨᠳᠦᠰᠦᠨ ᠱᠠᠲᠤᠨ᠎ᠠᠴᠠ ᠡᠬᠢᠯᠡᠨ ᠠᠳᠬᠤᠵᠤ᠂ ᠵᠠᠯᠠᠭᠤᠴᠤᠳ ᠪᠠᠭ᠋ᠠᠴᠤᠳ᠎ᠤᠨ ᠬᠥᠯ ᠪᠥᠮᠪᠥᠭᠡ ᠵᠢᠨ ᠺᠯᠦ᠋ᠪ᠎ᠤᠨ ᠬᠥᠭᠵᠢᠯᠲᠡ ᠵᠢ ᠢᠳᠡᠪᠬᠢᠲᠡᠢ ᠳᠡᠮᠵᠢᠵᠦ᠂ ᠲᠥᠷᠥ ᠵᠢᠨ ᠪᠣᠳᠣᠯᠭ᠎ᠠ᠂ ᠵᠠᠷᠤᠳᠠᠯ᠂ ᠴᠢᠳᠠᠪᠤᠷᠢᠲᠠᠨ ᠵᠡᠷᠭᠡ ᠲᠠᠯ᠎ᠠ᠎ᠪᠠᠷ ᠨᠡᠢ᠌ᠭᠡᠮ᠎ᠤᠨ ᠬᠥᠯ ᠪᠥᠮᠪᠥᠭᠡ᠎ᠳᠤ ᠨᠠᠩ ᠣᠯᠠᠨ ᠳᠡᠮᠵᠢᠯᠭᠡ ᠪᠠ ᠪᠠᠲᠤᠯᠠᠭ᠎ᠠ ᠣᠯᠭᠣᠵᠤ᠂ ᠨᠡᠢ᠌ᠭᠡᠮ᠎ᠤᠨ ᠬᠥᠯ ᠪᠥᠮᠪᠥᠭᠡ ᠪᠠ ᠠᠵᠢᠯ ᠮᠡᠷᠭᠡᠵᠢᠯ᠎ᠤᠨ ᠬᠥᠯ ᠪᠥᠮᠪᠥᠭᠡ ᠵᠢᠨ ᠰᠠᠢ᠌ᠨ ᠨᠥᠬᠥᠴᠡᠯᠳᠦᠯ᠎ᠢ ᠠᠬᠢᠭᠤᠯᠬᠤ ᠬᠡᠷᠡᠭᠲᠡᠢ᠃ ᠰᠠᠭᠤᠷᠢ᠎ᠠᠴᠠ ᠡᠬᠢᠯᠡᠨ ᠠᠳᠬᠤᠵᠤ᠂ ᠬᠥᠯ ᠪᠥᠮᠪᠥᠭᠡ ᠵᠢᠨ ᠤᠷᠤᠯᠳᠤᠭ᠋ᠠᠨ᠎ᠤ ᠰᠢᠰᠲ᠋ᠧᠮ ᠪᠠ ᠠᠵᠢᠯ ᠮᠡᠷᠭᠡᠵᠢᠯ᠎ᠤᠨ ᠬᠣᠯᠪᠣᠭ᠋ᠠᠲᠤ ᠤᠷᠤᠯᠳᠤᠭ᠋ᠠᠨ᠎ᠤ ᠪᠠᠢ᠌ᠭᠤᠯᠤᠯ᠎ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠰᠢᠯᠢᠳᠡᠭ ᠬᠡᠦᠬᠡᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ᠂ ᠨᠡᠢ᠌ᠭᠡᠮ᠎ᠤᠨ ᠬᠥᠯ ᠪᠥᠮᠪᠥᠭᠡ᠎ᠠᠴᠠ ᠠᠵᠢᠯ ᠮᠡᠷᠭᠡᠵᠢᠯ᠎ᠤᠨ ᠬᠥᠯ ᠪᠥᠮᠪᠥᠭᠡ ᠬᠦᠷᠲᠡᠯᠡᠬᠢ ᠪᠣᠶ᠋ᠢᠵᠢᠯᠲᠠ ᠵᠢᠨ ᠵᠠᠮ᠎ᠢ á °á  á ­á ‹á  á ³ ᠦᠭᠡᠢ ᠨᠠᠪᠲᠠᠷᠡᠭᠦᠯᠵᠦ᠂ ᠨᠠᠩ ᠣᠯᠠᠨ ᠰᠢᠯᠢᠳᠡᠭ ᠪᠡᠯᠡᠳᠬᠡᠯ ᠬᠡᠦᠬᠡᠳ᠎ᠢ ᠬᠥᠮᠥᠵᠢᠭᠦᠯᠦᠨ ᠭᠠᠷᠭ᠋ᠠᠵᠤ᠂ ᠳᠠᠮᠵᠢᠭᠤᠯᠤᠨ ᠬᠦᠷᠭᠡᠬᠦ ᠬᠡᠷᠡᠭᠲᠡᠢ᠃ ᠠᠪᠤᠨ ᠳᠣᠣᠷ᠎ᠠ᠎ᠪᠠᠨ ᠠᠰᠢᠭ ᠣᠯᠬᠤ᠎ᠪᠠᠷ ᠶᠠᠭ᠋ᠠᠷᠠᠬᠤ ᠪᠤᠳᠤᠯ ᠰᠡᠳᠬᠢᠯᠭᠡ ᠵᠢ á ¡á ·á ¡á ° ᠲᠠᠶᠠᠭᠳᠠᠵᠤ᠂ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠪᠠ ᠦᠰᠦᠨ ᠪᠣᠢ᠌ᠵᠢᠬᠤ á  á ·á ­á Žá   ᠵᠠᠮ ᠪᠣᠯᠣᠨ ᠵᠠᠮ᠎ᠢ ᠠᠯᠬᠤᠮ ᠠᠯᠬᠤᠮ ᠵᠶ᠋ᠠᠷ ᠡᠭᠦᠳᠴᠦ᠂ ᠤᠷᠳᠤ ᠬᠤᠭᠤᠴᠠᠭ᠎ᠠ᠎ᠪᠠᠷ ᠴᠢᠷᠮᠠᠢ᠌ᠨ ᠠᠵᠢᠯᠯᠠᠵᠤ᠂ ᠳᠤᠮᠳᠠᠳᠤ ᠤᠯᠤᠰ᠎ᠤᠨ ᠬᠥᠯ ᠪᠥᠮᠪᠥᠭᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠬᠡᠷᠡᠭᠲᠡᠢ ᠭᠡᠵᠦ ᠢᠯᠡᠷᠬᠡᠢ᠌ᠯᠡᠪᠡ᠃
    《ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠨᠢ ᠬᠥᠮᠥᠨ ᠪᠦᠬᠦᠨ᠎ᠲᠠᠢ ᠨᠢᠭᠲᠠ ᠬᠣᠯᠪᠣᠭ᠎ᠠ᠎ᠲᠠᠢ ᠪᠥᠭᠡᠳ ᠪᠦᠬᠦ ᠦᠨᠳᠦᠰᠦᠲᠡᠨ᠎ᠤ ᠪᠡᠶ᠎ᠡ ᠮᠠᠬᠠᠪᠤᠳ᠎ᠤᠨ ᠬᠡᠪ ᠴᠢᠨᠠᠷ ᠪᠣᠯᠣᠨ ᠡᠷᠡᠭᠦᠯ ᠮᠡᠨᠳᠦ ᠵᠢᠨ ᠲᠦᠪᠰᠢᠨ᠎ᠲᠠᠢ ᠬᠣᠯᠪᠣᠭᠳᠠᠨ᠎ᠠ》
    ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ á °á ¢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ á  á ·á  á ³ ᠲᠦᠮᠡᠨ᠎ᠤ ᠪᠡᠶ᠎ᠡ ᠮᠠᠬᠠᠪᠤᠳ ᠪᠣᠯᠣᠨ ᠡᠷᠡᠭᠦᠯ ᠮᠡᠨᠳᠤ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢ ᠤᠯᠤᠰ᠎ᠤᠨ ᠪᠠᠢ᠌ᠯᠳᠤᠬᠤ ᠪᠣᠳᠣᠯᠭ᠎ᠠ ᠪᠣᠯᠭ᠋ᠠᠨ ᠳᠡᠭᠡᠭᠰᠢᠯᠡᠭᠦᠯᠵᠦ᠂ ᠪᠦᠬᠦ ᠠᠷᠠᠳ᠎ᠤᠨ ᠪᠡᠶ᠎ᠡ   ᠴᠢᠬᠢᠷᠠᠭᠵᠢᠭᠤᠯᠬᠤ ᠪᠣᠯᠣᠨ ᠪᠦᠬᠦ ᠠᠷᠠᠳ᠎ᠤᠨ ᠡᠷᠡᠭᠦᠯ ᠮᠡᠨᠳᠤ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠥᠷᠭᠡᠨ ᠤᠯᠠᠨ á  á ·á  á ³ ᠲᠦᠮᠡᠨ᠎ᠳᠤ ᠨᠡᠩ ᠤᠯᠠᠨ ᠬᠦᠷᠲᠡᠮᠵᠢ ᠵᠢᠨ ᠲᠥᠷᠥᠭᠳᠡᠯ ᠪᠠ ᠬᠠᠨᠤᠮᠵᠢᠲᠠᠢ ᠲᠥᠷᠥᠭᠳᠡᠯ ᠣᠯᠭᠣᠵᠠᠢ᠃ ᠭᠣᠸ᠋ ᡁᠢ ᠳ᠋ᠠᠨ ᠢᠯᠡᠷᠬᠡᠢ᠌ᠯᠡᠬᠦ᠎ᠳᠡᠭᠡᠨ᠂ ᠪᠥᠬᠥ ᠠᠷᠠᠳ᠎ᠤᠨ ᠪᠡᠶ᠎ᠡ ᠴᠢᠬᠢᠷᠠᠭᠵᠢᠭᠤᠯᠬᠤ᠎ᠨᠢ ᠬᠥᠮᠥᠨ ᠪᠦᠬᠦᠨ᠎ᠲᠠᠢ ᠨᠢᠭᠲᠠ ᠬᠣᠯᠪᠣᠭ᠎ᠠ᠎ᠲᠠᠢ ᠪᠥᠭᠡᠳ ᠪᠥᠬᠥ ᠦᠨᠳᠦᠰᠦᠲᠡᠨ᠎ᠤ ᠪᠡᠶ᠎ᠡ ᠮᠠᠬᠠᠪᠤᠳ᠎ᠤᠨ ᠬᠡᠪ ᠴᠢᠨᠠᠷ ᠪᠠ ᠡᠷᠡᠭᠦᠯ ᠮᠡᠨᠳᠦ ᠵᠢᠨ ᠬᠢᠷᠢ ᠲᠦᠪᠰᠢᠨ᠎ᠲᠠᠢ ᠬᠣᠯᠪᠣᠭᠳᠠᠵᠤ ᠪᠠᠢ᠌ᠳᠠᠭ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠵᠤ᠂ ᠡᠷᠡᠭᠦᠯ ᠮᠡᠨᠳᠦ ᠵᠢ ᠠᠬᠢᠭᠤᠯᠬᠤ᠎ᠨᠢ ᠨᠢᠭᠡᠨᠲᠡ ᠥᠷᠭᠡᠨ ᠣᠯᠠᠨ á  á ·á  á ³ ᠲᠦᠮᠡᠨ᠎ᠤ ᠤᠬᠠᠮᠰᠠᠷᠲᠤ ᠠᠵᠢᠯᠯᠠᠭ᠎ᠠ ᠪᠣᠯᠤᠭᠰᠠᠨ ᠪᠠᠢ᠌ᠨ᠎ᠠ᠃
    ᠭᠣᠸ᠋ ᡁᠢ ᠳ᠋ᠠᠨ᠎ᠠᠴᠠ ᠣᠯᠠᠨ ᠲᠦᠮᠡᠨ᠎ᠤ 《ᠬᠠᠮᠢᠭ᠎ᠠ ᠤᠴᠢᠵᠦ ᠪᠡᠶ᠎ᠡ ᠴᠢᠭᠢᠷᠠᠭᠵᠢᠭᠤᠯᠬᠤ》 ᠠᠰᠠᠭᠤᠳᠠᠯ᠎ᠳᠤ ᠴᠢᠭᠯᠡᠭᠦᠯᠦᠨ ᠲᠠᠨᠢᠯᠴᠠᠭᠤᠯᠬᠤ᠎ᠳᠠᠭᠠᠨ᠂ ᠣᠳᠣᠬᠠᠨ᠎ᠳᠤ᠂ ᠣᠯᠠᠨ ᠲᠦᠮᠡᠨ᠎ᠤ ᠪᠡᠶ᠎ᠡ ᠴᠢᠭᠢᠷᠠᠭᠵᠢᠭᠤᠯᠬᠤ ᠲᠠᠯᠠᠪᠤᠷ᠎ᠤᠨ 《ᠪᠠᠢ᠌ᠬᠤ ᠡᠰᠡᠬᠦ》 ᠠᠰᠠᠭᠤᠳᠠᠯ᠎ᠢ ᠠᠯᠬᠤᠮ ᠠᠯᠬᠤᠮ ᠵᠶ᠋ᠠᠷ ᠰᠢᠢ᠍ᠳᠪᠦᠷᠢᠯᠡᠵᠦ᠂ ᠪᠡᠶ᠎ᠡ ᠴᠢᠭᠢᠷᠠᠭᠵᠢᠭᠤᠯᠬᠤ ᠲᠠᠯᠠᠪᠤᠷ᠎ᠤᠨ ᠲᠣᠭ᠎ᠠ ᠬᠡᠮᠵᠢᠶ᠎ᠡ ᠶᠡᠬᠡ᠎ᠪᠠᠷ ᠨᠡᠮᠡᠭᠳᠡᠵᠡᠢ᠃2022 ᠣᠨ᠎ᠤ ᠡᠴᠦᠰ ᠪᠣᠯᠲᠠᠯ᠎ᠠ᠂ ᠬᠥᠮᠥᠨ ᠳᠤᠮᠳᠠᠴᠢ ᠵᠢᠨ ᠪᠡᠶ᠎ᠡ ᠵᠢᠨ ᠲᠠᠮᠢᠷ᠎ᠤᠨ ᠲᠠᠯᠠᠪᠠᠶ 2.62 ᠲᠡᠭᠰᠢ ᠳᠥᠷᠪᠡᠯᠵᠢᠨ ᠮᠧᠲᠷ᠎ᠲᠤ ᠬᠦᠷᠴᠦ᠂ 10 ᠵᠢᠯ᠎ᠤᠨ ᠡᠮᠦᠨᠡᠬᠢ᠎ᠠᠴᠠ ᠶᠡᠬᠡ ᠬᠡᠮᠵᠢᠶ᠎ᠡ᠎ᠪᠠᠷ ᠨᠡᠮᠡᠭᠳᠡᠵᠡᠢ᠃ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠵᠢᠨ 《ᠰᠠᠢ᠌ᠨ ᠡᠰᠡᠬᠦ》 ᠠᠰᠠᠭᠤᠳᠠᠯ᠎ᠢ ᠲᠠᠰᠤᠷᠠᠯᠲᠠ ᠦᠭᠡᠢ ᠰᠠᠢ᠌ᠵᠢᠷᠠᠭᠤᠯᠵᠤ᠂ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠵᠢᠨ á ¶á  á °á ¤ ᠴᠢᠨᠠᠷ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠂ ᠬᠣᠲᠠ ᠬᠥᠳᠡᠭᠡ ᠵᠢᠨ ᠦᠨᠳᠦᠰᠦᠨ ᠱᠠᠲᠤᠨ᠎ᠳᠤ ᠨᠢᠭᠡ ᠪᠦᠯᠦᠭ ᠴᠢᠨᠠᠷ ᠰᠠᠢ᠌ᠲᠠᠢ ᠪᠥᠭᠡᠳ ᠬᠡᠷᠡᠭᠯᠡᠭᠡᠨ᠎ᠤ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠪᠠ ᠲᠠᠯᠠᠪᠤᠷ ᠭᠠᠵᠠᠷ ᠪᠠᠢ᠌ᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠵᠢᠨ ᠣᠶᠤᠨᠴᠢᠯᠠᠬᠤ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠎ᠢ 《ᠨᠡᠭᠡᠭᠡᠵᠦ ᠳᠡᠶ᠋ᠢᠯᠬᠦ ᠦᠭᠡᠢ》 ᠪᠠᠢ᠌ᠬᠤ ᠬᠦᠴᠢᠷ ᠠᠰᠠᠭᠤᠳᠠᠯ᠎ᠢ ᠪᠦᠲᠦᠮᠵᠢᠲᠡᠶ ᠠᠷᠭ᠋ᠠᠴᠠᠵᠤ᠂ 2023 ᠣᠨ᠎ᠳᠤ ᠲᠥᠪ᠎ᠠᠴᠠ ᠪᠠᠷᠤᠭ 2500 ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠎ᠳᠤ ᠨᠥᠬᠥᠪᠦᠷᠢ ᠥᠭᠴᠦ᠂ ᠪᠥᠬᠥ ᠤᠯᠤᠰ᠎ᠤᠨ 1400 ᠭᠠᠷᠤᠢ ᠰᠢᠶᠠᠨ(ᠬᠣᠲᠠ᠂ ᠲᠣᠭᠣᠷᠢᠭ)᠎ᠳᠤ ᠪᠠᠭᠤᠯᠭ᠋ᠠᠵᠦ᠂ ᠪᠦᠬᠦᠨ᠎ᠢ ᠰᠦᠢ᠍ᠳᠬᠡᠯ ᠬᠤᠷᠢᠶᠠᠬᠤ ᠦᠭᠡᠢ ᠪᠤᠶᠤ ᠳᠣᠣᠷ᠎ᠠ ᠰᠦᠢ᠍ᠳᠬᠡᠯ ᠬᠤᠷᠢᠶᠠᠯᠲᠠ᠎ᠪᠠᠷ ᠨᠡᠢ᠌ᠭᠡᠮ ᠨᠡᠶ᠋ᠢᠲᠡ᠎ᠳᠤ ᠨᠡᠭᠡᠭᠡᠨ ᠥᠭᠴᠦ᠂ ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠢ᠌ᠬᠤ ᠬᠡᠮᠵᠢᠶ᠎ᠡ ᠲᠣᠭᠲᠠᠭᠤᠨ ᠵᠶ᠋ᠠᠷ ᠲᠡᠭᠡᠭᠰᠢᠯᠡᠬᠦᠯᠦᠨ᠎ᠡ᠃ ᠡᠨᠡ ᠵᠢᠯ᠂ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ 《ᠰᠢᠨ᠎ᠡ á ´á  á ­ ᠦᠶ᠎ᠡ ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠯᠠᠪᠤᠷ᠎ᠤᠨ ᠲᠥᠬᠦᠭᠡᠷᠦᠮᠵᠢ ᠵᠢ ᠳᠡᠭᠡᠭᠰᠢᠯᠡᠭᠦᠯᠬᠦ ᠢᠨᠵᠧᠨᠧᠷᠢᠩ》᠎ᠢ ᠡᠬᠢᠯᠡᠭᠦᠯᠬᠦ᠎ᠪᠠᠷ ᠲᠥᠯᠥᠪᠯᠡᠵᠦ᠂ ᠥᠷᠭᠡᠨ ᠣᠯᠠᠨ á  á ·á  á ³ ᠲᠦᠮᠡᠨ᠎ᠳᠤ ᠨᠠᠩ ᠣᠯᠠᠨ ᠨᠠᠩ ᠰᠠᠢ᠌ᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠠᠢ᠌ᠨ ᠭᠠᠵᠠᠷ ᠬᠠᠩᠭ᠋ᠠᠬᠤ᠎ᠪᠠᠷ ᠴᠢᠷᠮᠠᠢ᠌ᠨ᠎ᠠ᠃
    ᠭᠣᠣ ᡁᠢ ᠳ᠋ᠠᠨ᠎ᠠᠴᠠ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠢ ᠴᠢᠩᠭ᠋ᠠᠳᠬᠠᠬᠤ ᠲᠤᠬᠠᠢ ᠢᠯᠡᠷᠬᠡᠢ᠌ᠯᠡᠬᠦ᠎ᠳᠡᠭᠡᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠢ ᠴᠢᠩᠭ᠋ᠠᠳᠬᠠᠬᠤ ᠱᠠᠭ᠋ᠠᠷᠳᠠᠯᠭ᠎ᠠ ᠲᠤᠷᠠᠳᠪᠠ᠃ ᠪᠢᠳᠡ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠲᠡᠭᠡᠳᠦ ᠳᠠᠪᠬᠤᠷᠭ᠎ᠠ ᠵᠢᠨ ᠲᠦᠰᠦᠪᠯᠡᠯ᠎ᠢ ᠴᠢᠩᠭ᠋ᠠᠳᠬᠠᠵᠦ᠂ ᠪᠡᠶ᠎ᠡ ᠲᠠᠮᠢᠷ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠵᠦ᠂ ᠬᠡᠦᠬᠡᠳ ᠪᠠᠭ᠋ᠠᠴᠤᠳ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢ ᠲᠦᠭᠡᠮᠡᠯᠵᠢᠭᠦᠯᠬᠦ ᠪᠠ ᠪᠡᠶ᠎ᠡ ᠮᠠᠬᠠᠪᠤᠳ᠎ᠤᠨ ᠡᠷᠡᠭᠦᠯ ᠮᠡᠨᠳᠦ᠎ᠳᠤ á ­á  á · ᠲᠦᠷᠦᠭᠦ ᠵᠢ ᠦᠷᠬᠡᠨ ᠬᠡᠪᠴᠢᠶ᠎ᠡ᠎ᠪᠠᠷ ᠦᠷᠨᠢᠭᠦᠯᠦᠨ᠎ᠡ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠪᠠ ᠭᠣᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢ ᠰᠠᠢ᠌ᠲᠤᠷ ᠵᠣᠬᠢᠶᠠᠨ ᠪᠠᠢ᠌ᠭᠤᠯᠵᠤ᠂ ᠨᠡᠩ ᠤᠯᠠᠨ ᠬᠡᠦᠬᠡᠳ᠎ᠢ ᠭᠦᠶᠦᠯᠭᠡᠵᠦ᠂ ᠬᠥᠳᠡᠯᠭᠡᠵᠦ᠂ ᠦᠰᠦᠷᠦᠭᠦᠯᠵᠦ᠂ ᠬᠡᠦᠬᠡᠳ᠎ᠤᠨ ᠮᠠᠷᠢᠶᠠᠯᠠᠬᠤ ᠪᠠ ᠬᠠᠷᠠᠭ᠎ᠠ ᠮᠠᠭᠤᠳᠠᠬᠤ ᠵᠡᠷᠭᠡ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠦ ᠨᠡᠮᠡᠷᠢᠯᠡᠵᠦ᠂ ᠵᠠᠯᠠᠭᠤᠴᠤᠳ ᠪᠠᠭ᠋ᠠᠴᠤᠳ᠎ᠢ ᠰᠠᠢ᠌ᠨ ᠰᠠᠢ᠌ᠬᠠᠨ ᠠᠮᠢᠳᠤᠷᠠᠯ᠎ᠤᠨ ᠳᠠᠳᠬᠠᠯ ᠪᠠ ᠠᠮᠢᠳᠤᠷᠠᠯ᠎ᠤᠨ ᠣᠪᠣᠷ᠎ᠲᠠᠢ ᠪᠣᠯᠭ᠋ᠠᠵᠤ᠂ ᠵᠠᠯᠠᠭᠤᠴᠤᠳ ᠪᠠᠭ᠋ᠠᠴᠤᠳ᠎ᠤᠨ ᠪᠦᠬᠦ ᠲᠠᠯ᠎ᠠ᠎ᠪᠠᠷ ᠬᠥᠭᠵᠢᠬᠦ᠂ ᠡᠷᠡᠭᠦᠯ ᠵᠶ᠋ᠡᠷ ᠦᠰᠦᠨ ᠪᠣᠢ᠌ᠵᠢᠬᠤ ᠵᠢ ᠠᠬᠢᠭᠤᠯᠬᠤ ᠬᠡᠷᠡᠭᠲᠡᠢ ᠭᠡᠪᠡ᠃

ᠢᠷᠡᠯᠲᠡ᠄ ᠲᠤᠮᠳᠠᠳᠦ ᠤᠯᠤᠰ᠎ᠤᠨ ᠪᠡᠶ᠎ᠡ ᠵᠢᠨ ᠲᠠᠮᠢᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠲᠠᠯ᠎ᠠ ᠵᠢᠨ ᠭᠦᠨ᠎ᠳᠠᠬᠢ ᠬᠥᠯ ᠪᠥᠮᠪᠥᠭᠡ ᠵᠢᠨ ᠤᠷᠤᠯᠳᠤᠭ᠋ᠠᠨ
《ᠡᠵᠢ ᠡ᠂ ᠪᠦᠬᠡ ᠪᠠᠷᠢᠯᠳᠤᠶ᠎ᠡ!》
《ᠤᠷᠤᠯᠳᠤᠭ᠋ᠠᠨ᠎ᠳᠤ ᠤᠷᠤᠯᠴᠠᠭ᠋ᠠᠳ ᠤᠯᠠᠮ ᠢᠳᠡᠭᠡᠯ᠎ᠲᠠᠢ ᠪᠤᠯᠤᠯ᠎ᠠ!》
ᠲᠠᠪᠬᠢᠯᠠᠭᠤᠯᠤᠭ᠋ᠠᠷᠠᠢ᠂ ᠤᠨᠤᠭ᠋ᠠᠴᠢ ᠬᠦᠦ!
ᠡᠮᠴᠢ ᠨᠡᠷ᠎ᠠᠴᠠ ᠦᠨᠳᠦᠷ ᠳᠤᠮᠳᠠᠳᠤ ᠰᠤᠷᠭ᠋ᠠᠭᠤᠯᠢ᠎ᠳᠤ ᠰᠢᠯᠭ᠋ᠠᠭᠤᠯᠬᠤ ᠪᠡᠶ᠎ᠡ ᠵᠢᠨ ᠲᠠᠮᠢᠷ᠎ᠤᠨ ᠰᠢᠯᠭ᠋ᠠᠯᠲᠠ᠎ᠳᠤ ᠰᠢᠨᠵᠢᠯᠡᠬᠦ ᠤᠬᠠᠭ᠋ᠠᠨᠴᠢ᠎ᠪᠠᠷ ᠪᠡᠯᠡᠳᠬᠡᠬᠦ ᠲᠤᠬᠠᠢ ᠦᠭᠭᠦᠭᠰᠡᠨ ᠰᠠᠨᠠᠭᠤᠯᠭ᠎ᠠ
 
            