ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠰᠤᠷᠪᠤᠯᠵᠢᠯᠠᠭ᠎ᠠ
《ᠡᠵᠢ ᠡ᠂ ᠪᠦᠬᠡ ᠪᠠᠷᠢᠯᠳᠤᠶ᠎ᠡ!》
ᠨᠡᠶ᠋ᠢᠲᠡᠯᠡᠭᠰᠡᠨ ᠴᠠᠭ᠄ 2023-06-13

    ᠭᠠᠨᠰᠤ ᠮᠤᠵᠢ ᠵᠢᠨ ᠵᠢᠦᠴᠢᠦᠸᠠᠨ ᠬᠣᠲᠠ ᠵᠢᠨ ᠰᠦᠪᠧᠢ ᠵᠢᠨ ᠮᠣᠩᠭᠣᠯ ᠦᠨᠳᠦᠰᠦᠲᠡᠨ᠎ᠤ ᠥᠪᠡᠷᠲᠡᠭᠡᠨ ᠵᠠᠰᠠᠬᠤ ᠰᠢᠶᠠᠨ᠎ᠤ ᠡᠳ᠋᠎ᠤᠨ ᠵᠠᠰᠠᠭ᠎ᠤᠨ ᠲᠣᠪᠴᠢᠶᠠᠨ᠎ᠤ ᠠᠵᠢᠯᠲᠠᠨ ᠤᠷᠠᠩᠭᠤᠸ᠎ᠠ᠎ᠠᠴᠠ 《ᠥᠩᠭᠡᠷᠡᠭᠰᠡᠨ᠎ᠳᠤ ᠪᠢ ᠡᠵᠢ᠎ᠲᠠᠢ᠎ᠪᠠᠨ ᠪᠦᠬᠡ ᠪᠠᠷᠢᠯᠳᠤᠳᠠᠭ ᠪᠠᠢ᠌ᠭᠰᠠᠨ᠂ ᠤᠳᠤ ᠬᠡᠦᠬᠡᠳ ᠮᠢᠨᠢ ᠨᠠᠳᠠ᠎ᠲᠠᠢ ᠬᠠᠮᠲᠤ ᠪᠥᠬᠡ ᠪᠠᠷᠢᠯᠳᠤᠬᠤ ᠪᠤᠯᠤᠭᠰᠠᠨ》 ᠭᠡᠵᠦ ᠪᠠᠢ᠌ᠯ᠎ᠠ᠃ ᠪᠥᠬᠡ ᠪᠠᠷᠢᠯᠳᠤᠬᠤ᠎ᠨᠢ ᠬᠡᠳᠦᠢ᠌ᠪᠡᠷ ᠲᠡᠭᠦᠨ᠎ᠤ ᠠᠵᠢᠯ᠎ᠤᠨ ᠴᠢᠯᠦᠭᠡᠨ᠎ᠤ ᠳᠤᠷ᠎ᠠ ᠪᠠᠬ᠎ᠠ ᠪᠣᠯᠬᠤ ᠪᠣᠯᠪᠠᠴᠤ ᠮᠥᠨ ᠴᠦ᠍ ᠲᠡᠭᠦᠨ᠎ᠤ ᠨᠠᠰᠤᠨ ᠲᠤᠷᠰᠢᠲᠠ᠎ᠪᠠᠨ ᠪᠠᠷᠢᠮᠲᠠᠯᠠᠬᠤ ᠲᠠᠮᠢᠷ᠎ᠤᠨ ᠬᠥᠳᠡᠯᠭᠡᠭᠡᠨ ᠪᠤᠯᠤᠨ᠎ᠡ᠃

   1993 ᠣᠨ᠎ᠳᠤ ᠮᠠᠯᠵᠢᠬᠤ ᠤᠷᠤᠨ᠎ᠳᠤ ᠲᠦᠷᠦᠭᠰᠡᠨ ᠤᠷᠠᠩᠭᠤᠸ᠎ᠠ ᠬᠠᠷᠠᠬᠠᠨ ᠪᠠᠭ᠎ᠠ᠎ᠠᠴᠠ᠎ᠪᠠᠨ ᠭᠡᠷ᠎ᠤᠨ ᠬᠥᠮᠥᠰ ᠵᠶ᠋ᠡᠨ ᠬᠠᠪᠰᠤᠷᠴᠤ ᠠᠵᠢᠯ ᠠᠮᠢᠳᠤᠷᠠᠯ᠎ᠳᠤ᠎ᠨᠢ ᠲᠤᠰᠠ ᠪᠤᠯᠳᠠᠭ᠃ ᠲᠡᠷᠡ᠄ 《ᠦᠷᠭᠦᠯᠵᠢ ᠠᠵᠢᠯ ᠬᠢᠭᠰᠡᠨ᠎ᠤ ᠰᠢᠯᠳᠠᠭ᠋ᠠᠨ ᠪᠠᠢ᠌ᠵᠦ ᠮᠡᠳᠡᠨ᠎ᠡ᠂ ᠮᠢᠨᠤ ᠬᠦᠴᠦ ᠴᠢᠳᠠᠯ ᠶᠡᠬᠡ》 ᠭᠡᠵᠦ ᠪᠠᠢ᠌ᠯ᠎ᠠ᠃

   2012 ᠣᠨ᠎ᠳᠤ ᠠᠩᠬ᠎ᠠ ᠲᠤᠮᠳᠠᠳᠦ ᠵᠢᠨ ᠰᠤᠷᠤᠭᠴᠢ ᠪᠠᠢ᠌ᠭᠰᠠᠨ ᠤᠷᠠᠩᠭᠤᠸ᠎ᠠ ᠡᠮᠡᠭᠲᠡᠢ ᠪᠦᠬᠡ ᠵᠢᠨ ᠪᠠᠷᠢᠯᠳᠤᠭ᠋ᠠᠨ᠎ᠲᠠᠢ ᠠᠩᠬ᠎ᠠ ᠡᠬᠢᠯᠡᠨ ᠤᠢ᠌ᠷᠠᠳᠤᠭᠰᠠᠨ ᠪᠠᠢ᠌ᠪᠡ᠃ ᠬᠦᠴᠦ ᠳᠣᠷᠪᠢᠲᠠᠢ᠂ ᠮᠠᠳᠠᠷᠠᠮᠵᠢ ᠰᠠᠢ᠌ᠳᠠᠢ ᠤᠷᠠᠩᠭᠤᠸ᠎ᠠ ᠤᠷᠤᠯᠳᠤᠭ᠋ᠠᠨ᠎ᠳᠤ ᠨᠡᠯᠢᠶᠡᠳ ᠰᠠᠢ᠌ᠨ ᠬᠢᠷᠢ ᠪᠦᠳᠦᠮᠵᠢ ᠤᠯᠤᠭᠰᠠᠨ ᠪᠥᠭᠡᠳ ᠪᠥᠬᠡ ᠪᠠᠷᠢᠯᠳᠤᠬᠤ ᠵᠢᠨ ᠬᠠᠪᠤ ᠴᠡᠩᠭᠡᠯ᠎ᠢ ᠴᠦ᠍ ᠣᠯᠵᠤ ᠮᠡᠳᠡᠭᠰᠡᠨ ᠪᠠᠢ᠌ᠨ᠎ᠠ᠃ ᠲᠡᠭᠦᠨ᠎ᠠᠴᠠ ᠬᠤᠢ᠌ᠰᠢ   ᠲᠡᠷᠡ ᠡᠮᠡᠭᠲᠡᠢ ᠪᠥᠬᠡ ᠵᠢᠨ ᠪᠠᠷᠢᠯᠳᠤᠭ᠋ᠠᠨ᠎ᠳᠤ ᠦᠷᠭᠦᠯᠵᠢ ᠤᠷᠤᠯᠴᠠᠬᠤ ᠪᠤᠯᠵᠠᠢ᠃

    ᠶᠡᠬᠡ ᠰᠤᠷᠭ᠋ᠠᠭᠤᠯᠢ᠎ᠳᠤ ᠣᠷᠣᠬᠤ᠎ᠠᠴᠠ ᠡᠮᠦᠨ᠎ᠡ᠂ ᠤᠷᠠᠩᠭᠤᠸ᠎ᠠ ᠶᠠᠮᠠᠷ ᠴᠤ᠌ ᠪᠦᠬᠡ ᠵᠢᠨ ᠮᠡᠷᠭᠡᠵᠢᠯ ᠰᠣᠷᠣᠭᠰᠠᠨ ᠦᠭᠡᠢ᠂ ᠲᠡᠭᠦᠨ᠎ᠤ   ᠡᠵᠢ᠎ᠨᠢ ᠪᠠᠰᠠ ᠪᠦᠬᠡᠴᠢᠨ ᠪᠤᠯᠬᠤᠷ ᠬᠠᠶᠠ ᠡᠵᠢ᠎ᠲᠠᠢ᠎ᠪᠠᠨ ᠬᠠᠮᠲᠤ ᠪᠣᠯᠪᠠᠰᠤᠷᠠᠳᠠᠭ ᠪᠠᠢ᠌ᠪᠠ᠃ 2000 ᠣᠨ᠎ᠳᠤ᠂ ᠰᠦᠪᠧᠢ ᠰᠢᠶᠠᠨ ᠪᠠᠢ᠌ᠭᠤᠯᠤᠭᠳᠠᠭᠰᠠᠨ 50 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ᠎ᠤᠨ ᠪᠦᠬᠡ ᠵᠢᠨ ᠤᠷᠤᠯᠳᠤᠭ᠋ᠠᠨ᠎ᠳᠤ᠂ ᠤᠷᠠᠩᠭᠤᠸ᠎ᠠ ᠵᠢᠨ ᠡᠵᠢ᠎ᠨᠢ ᠡᠮᠡᠭᠲᠡᠢ ᠵᠢᠨ ᠪᠦᠬᠡ ᠵᠢᠨ ᠭᠤᠷᠪᠠᠳᠤᠭ᠋ᠠᠷ᠎ᠲᠤ ᠣᠷᠣᠪᠠ᠃ 2010 ᠣᠨ᠎ᠳᠤ᠂ 17 ᠨᠠᠰᠤᠲᠠᠢ ᠤᠷᠠᠩᠭᠤᠸ᠎ᠠ ᠰᠦᠪᠧᠢ ᠰᠢᠶᠠᠨ ᠪᠠᠢ᠌ᠭᠤᠯᠤᠭᠳᠠᠭᠰᠠᠨ 60 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ᠎ᠤᠨ ᠪᠦᠬᠡ ᠵᠢᠨ ᠤᠷᠤᠯᠳᠤᠭ᠋ᠠᠨ᠎ᠤ ᠡᠮᠡᠭᠲᠡᠢ ᠵᠢᠨ ᠪᠥᠬᠡ ᠵᠢᠨ   ᠤᠷᠤᠯᠳᠤᠭ᠋ᠠᠨ᠎ᠳᠤ ᠳᠥᠷᠪᠡᠳᠦᠭᠡᠷ᠎ᠲᠤ ᠣᠷᠣᠵᠠᠢ᠃ ᠤᠷᠠᠩᠭᠤᠸ᠎ᠠ ᠶᠡᠬᠡ ᠰᠤᠷᠭ᠋ᠠᠭᠤᠯᠢ᠎ᠪᠠᠨ ᠲᠡᠭᠦᠰᠦᠭᠰᠡᠨ᠎ᠤ ᠳᠠᠷᠠᠭ᠎ᠠ᠂ ᠰᠦᠪᠧᠢ ᠰᠢᠶᠠᠨ᠎ᠤ ᠡᠳ᠋᠎ᠤᠨ ᠵᠠᠰᠠᠭ᠎ᠤᠨ ᠲᠣᠪᠴᠢᠶ᠎ᠠ᠎ᠳᠤ ᠰᠢᠯᠭ᠋ᠠᠨ ᠣᠷᠣᠪᠠ᠃ ᠭᠡᠪᠡᠴᠦ ᠲᠡᠷᠡ ᠪᠥᠬᠡ ᠪᠠᠷᠢᠯᠳᠤᠬᠤ᠎ᠪᠠᠨ ᠤᠷᠬᠢᠭᠰᠠᠨ ᠦᠭᠡᠢ᠃

 ᠰᠦᠪᠧᠢ ᠰᠢᠶᠠᠨ᠎ᠤ ᠪᠠᠶᠠᠷ᠎ᠤᠨ ᠡᠳᠦᠷ ᠴᠦ᠍ ᠲᠡᠷᠡ᠂ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠴᠤ᠌ ᠲᠡᠷᠡ᠂ ᠤᠷᠠᠩᠭᠤᠸ᠎ᠠ ᠶᠡᠷᠦᠨᠢ ᠢᠳᠡᠪᠬᠢᠲᠡᠢ᠎ᠪᠠᠷ ᠨᠡᠷ᠎ᠡ ᠮᠡᠳᠡᠭᠦᠯᠵᠦ ᠣᠷᠣᠯᠴᠠᠳᠠᠭ᠃ ᠤᠷᠠᠩᠭᠤᠸ᠎ᠠ 《ᠪᠢ ᠪᠥᠬᠡ᠎ᠳᠤ ᠳᠤᠷᠠᠲᠠᠢ᠂ ᠤᠴᠢᠷ᠎ᠨᠢ ᠪᠥᠬᠡ᠎ᠨᠢ ᠲᠠᠮᠢᠷ ᠲᠡᠩᠬᠡᠭᠡ ᠵᠢ ᠪᠣᠯᠪᠠᠰᠤᠷᠠᠭᠤᠯᠬᠤ᠎ᠪᠠᠷ ᠪᠠᠷᠠᠬᠤ ᠦᠭᠡᠢ᠂ ᠪᠠᠰᠠ ᠬᠠᠷᠢᠭᠤ ᠲᠤᠰᠬᠠᠯ ᠪᠠ ᠮᠠᠭ᠋ᠠᠳᠯᠠᠬᠤ ᠴᠢᠳᠠᠪᠤᠷᠢ ᠵᠢ ᠪᠣᠯᠪᠠᠰᠤᠷᠠᠭᠤᠯᠳᠠᠭ》   ᠭᠡᠵᠦ ᠪᠠᠢ᠌ᠪᠠ᠃

    ᠤᠷᠠᠩᠭᠤᠸ᠎ᠠ ᠵᠢᠨ ᠨᠥᠬᠥᠷ᠎ᠨᠢ ᠴᠦ᠍ ᠪᠥᠬᠡ᠎ᠳᠤ ᠪᠠᠬᠠᠲᠠᠢ᠂ ᠲᠡᠳᠡ ᠦᠷᠭᠦᠯᠵᠢ ᠪᠦᠬᠡ ᠵᠢᠨ ᠮᠡᠬᠡ ᠮᠠᠷᠭᠡᠵᠢᠯ᠎ᠤᠨ ᠲᠤᠬᠠᠢ ᠶᠠᠷᠢᠯᠴᠠᠳᠠᠭ᠃ ᠬᠡᠷᠯᠡᠭᠰᠡᠨ᠎ᠠᠴᠠ᠎ᠪᠠᠨ ᠰᠡᠭᠦᠯᠡᠷ᠂ ᠨᠦᠬᠦᠷ᠎ᠨᠢ ᠡᠵᠢ ᠵᠢ᠎ᠨᠢ ᠤᠷᠤᠯᠠᠵᠦ᠂ ᠬᠠᠮᠳᠦ ᠪᠦᠬᠡ ᠪᠠᠷᠢᠯᠳᠤᠬᠤ ᠪᠤᠯᠵᠠᠢ᠃ ᠤᠷᠠᠩᠭᠤᠸ᠎ᠠ ᠥᠪᠡᠷ ᠵᠶ᠋ᠠᠨ ᠬᠡᠦᠬᠡᠳ᠎ᠲᠠᠢ ᠪᠤᠯᠤᠭᠰᠠᠨ᠎ᠤ ᠲᠠᠷᠠᠭ᠎ᠠ᠂ á ­á ¡á · ᠪᠦᠯᠢ ᠵᠢᠨ ᠨᠥᠯᠥᠭᠡ᠎ᠠᠴᠠ ᠪᠤᠯᠵᠦ᠂ ᠬᠣᠶᠠᠷ ᠬᠡᠦᠬᠡᠳ᠎ᠨᠢ ᠴᠦ᠍ ᠪᠥᠬᠡ ᠪᠠᠷᠢᠯᠳᠤᠬᠤ᠎ᠳᠤ ᠮᠠᠰᠢ ᠳᠤᠷᠠᠲᠠᠢ᠂ ᠦᠷᠭᠦᠯᠵᠢ 《ᠡᠵᠢ á ¡á ‚ ᠪᠥᠬᠡ ᠪᠠᠷᠢᠯᠳᠤᠶ᠎ᠠ》   ᠭᠡᠬᠦ ᠪᠤᠯᠪᠠ᠃

    ᠤᠷᠠᠩᠭᠤᠸ᠎ᠠ ᠵᠢᠨ ᠠᠵᠢᠯ á ¶á  á ­á ‹á  á ·á  á ¦ ᠪᠦᠭᠡᠳ ᠬᠣᠶᠠᠷ ᠬᠡᠦᠬᠡᠳ ᠵᠶ᠋ᠠᠨ ᠬᠠᠷᠠᠭ᠋ᠠᠯᠵᠠᠬᠤ ᠬᠡᠷᠡᠭᠲᠡᠢ ᠪᠣᠯᠪᠠᠴᠤ ᠪᠥᠬᠡ ᠪᠠᠷᠢᠯᠳᠤᠬᠤ᠎ᠪᠠᠨ ᠢᠮᠠᠭᠲᠠ ᠪᠠᠷᠢᠮᠲᠠᠯᠠᠭᠰᠠᠭ᠋ᠠᠷ ᠢᠷᠡᠵᠡᠢ᠂ ᠣᠢ᠌ᠷ᠎ᠠ᠎ᠳᠤ᠂ ᠲᠡᠷᠡ 8 ᠰᠠᠷ᠎ᠠ᠎ᠳᠤ ᠶᠠᠪᠤᠭᠳᠠᠬᠤ ᠰᠦᠪᠧᠢ ᠰᠢᠶᠠᠨ᠎ᠤ 2023 ᠣᠨ᠎ᠤ ᠨᠠᠭ᠋ᠠᠳᠤᠮ᠎ᠤᠨ ᠶᠡᠬᠡ ᠬᠤᠷᠠᠯ᠎ᠤᠨ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠪᠥᠬᠡ ᠵᠢᠨ ᠤᠷᠤᠯᠳᠤᠭ᠋ᠠᠨ᠎ᠳᠤ ᠪᠡᠯᠡᠳᠬᠡᠯ ᠬᠢᠵᠦ ᠪᠤᠢ᠂ ᠲᠡᠷᠡ ᠤᠷᠤᠯᠳᠤᠭ᠋ᠠᠨ᠎ᠤ ᠳᠤᠮᠳᠠ ᠨᠡᠩ ᠤᠯᠠᠨ ᠰᠢᠯᠢᠳᠡᠭ ᠲᠠᠮᠢᠷᠴᠢᠨ᠎ᠲᠠᠢ ᠬᠠᠮᠲᠤ ᠪᠥᠬᠡ ᠵᠢᠨ ᠤᠷ᠎ᠠ ᠮᠡᠷᠭᠡᠵᠢᠯ ᠵᠶ᠋ᠡᠨ ᠰᠣᠯᠢᠯᠴᠠᠬᠤ ᠵᠢ ᠬᠦᠰᠡᠵᠦ ᠪᠠᠢ᠌ᠨ᠎ᠠ ᠭᠡᠵᠦ ᠪᠠᠢ᠌ᠪᠠ᠃

    ᠪᠦᠬᠡ ᠪᠠᠷᠢᠯᠳᠤᠬᠤ ᠪᠤᠯ ᠮᠤᠩᠭᠤᠯ ᠦᠨᠳᠦᠰᠦᠳᠡᠨ᠎ᠤ ᠭᠤᠷᠪᠠᠨ ᠶᠡᠬᠡ ᠲᠠᠮᠢᠷ᠎ᠤᠨ (ᠪᠥᠬᠡ ᠪᠠᠷᠢᠯᠳᠤᠬᠤ᠂ ᠮᠣᠷᠢ ᠤᠷᠤᠯᠳᠤᠬᠤ᠂ ᠰᠤᠷ ᠬᠠᠷᠪᠤᠬᠤ) ᠨᠢᠭᠡ ᠪᠣᠯᠣᠨ᠎ᠠ᠃ 2006 ᠣᠨ᠎ᠤ 5 á °á  á ·á Žá   ᠵᠢᠨ 23á Žá ¤ ᠡᠳᠦᠷ᠂ ᠮᠣᠩᠭᠣᠯ ᠦᠨᠳᠦᠰᠤᠳᠠᠨ᠎ᠤ ᠪᠦᠬᠡ᠎ᠨᠢ ᠠᠩᠬᠠᠨ᠎ᠤ ᠪᠦᠯᠦᠭ᠎ᠤᠨ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠷᠡᠰ᠎ᠲᠤ ᠵᠢᠭᠰᠠᠭ᠋ᠠᠭᠳᠠᠪᠠ᠃

ᠢᠷᠡᠯᠲᠡ᠄ ᠲᠤᠮᠳᠠᠳᠦ ᠤᠯᠤᠰ᠎ᠤᠨ ᠰᠤᠨᠢᠨ ᠮᠡᠳᠡᠭᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠤᠷᠤᠯᠳᠤᠭ᠋ᠠᠨ᠎ᠳᠤ ᠤᠷᠤᠯᠴᠠᠭ᠋ᠠᠳ ᠤᠯᠠᠮ ᠢᠳᠡᠭᠡᠯ᠎ᠲᠠᠢ ᠪᠤᠯᠤᠯ᠎ᠠ!》
ᠲᠠᠪᠬᠢᠯᠠᠭᠤᠯᠤᠭ᠋ᠠᠷᠠᠢ᠂ ᠤᠨᠤᠭ᠋ᠠᠴᠢ ᠬᠦᠦ!
ᠡᠮᠴᠢ ᠨᠡᠷ᠎ᠠᠴᠠ ᠦᠨᠳᠦᠷ ᠳᠤᠮᠳᠠᠳᠤ ᠰᠤᠷᠭ᠋ᠠᠭᠤᠯᠢ᠎ᠳᠤ ᠰᠢᠯᠭ᠋ᠠᠭᠤᠯᠬᠤ ᠪᠡᠶ᠎ᠡ ᠵᠢᠨ ᠲᠠᠮᠢᠷ᠎ᠤᠨ ᠰᠢᠯᠭ᠋ᠠᠯᠲᠠ᠎ᠳᠤ ᠰᠢᠨᠵᠢᠯᠡᠬᠦ ᠤᠬᠠᠭ᠋ᠠᠨᠴᠢ᠎ᠪᠠᠷ ᠪᠡᠯᠡᠳᠬᠡᠬᠦ ᠲᠤᠬᠠᠢ ᠦᠭᠭᠦᠭᠰᠡᠨ ᠰᠠᠨᠠᠭᠤᠯᠭ᠎ᠠ
ᠡᠩᠬᠡᠪᠤᠯᠠᠭ — ᠠᠭᠳᠠ ᠵᠢᠨ ᠨᠢᠷᠤᠭᠤᠨ᠎ᠳᠤ ᠠᠮᠵᠢᠯᠳᠠ ᠬᠠᠷᠢᠭᠤᠴᠠᠯᠭ᠎ᠠ ᠵᠢ ᠮᠠᠨᠳᠤᠭᠤᠯᠤᠨ ᠶᠠᠪᠤᠨ᠎ᠡ
 
            