ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠰᠤᠷᠪᠤᠯᠵᠢᠯᠠᠭ᠎ᠠ
17 ᠨᠠᠰᠤᠲᠠᠢ ᠲᠡᠷᠡ ᠳᠡᠯᠡᠬᠡᠢ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠬᠣᠣᠰ ᠮᠠᠩᠯᠠᠢ ᠪᠣᠯᠪᠠ
ᠨᠡᠶ᠋ᠢᠲᠡᠯᠡᠭᠰᠡᠨ ᠴᠠᠭ᠄ 2024-10-30

    — ᠬᠦᠷᠳᠦᠳᠦ ᠭᠤᠯᠭᠤᠭᠤᠷ ᠪᠣᠯ ᠮᠢᠨᠦ ᠠᠮᠢ ᠨᠠᠰᠤᠨ᠎ᠤ ᠳᠤᠲᠠᠭᠳᠠᠵᠤ ᠪᠣᠯᠤᠰᠢ ᠦᠭᠡᠢ ᠨᠢᠭᠡ ᠬᠡᠰᠡᠭ ᠮᠥᠨ᠂ ᠪᠢ ᠭᠤᠯᠭᠤᠭᠤᠷ ᠬᠥᠷᠳᠤᠳᠤ ᠬᠥᠳᠡᠯᠭᠡᠭᠡᠨ᠎ᠳᠤ ᠮᠠᠰᠢ ᠪᠠᠬ᠎ᠠ᠎ᠲᠠᠢ᠂ ᠬᠦᠷᠳᠦᠲᠦ ᠭᠤᠯᠭᠤᠭᠤᠷ᠎ᠤᠨ ᠱᠠᠬᠠᠢ ᠡᠮᠦᠰᠬᠦ᠎ᠪᠠᠷ ᠣᠷᠭᠢᠯᠤᠮ᠎ᠠ ᠬᠠᠯᠠᠭᠤᠨ ᠰᠡᠳᠬᠢᠯᠭᠡ ᠪᠠ ᠠᠮᠢᠵᠢᠷᠠᠯ᠎ᠤᠨ ᠬᠦᠴᠦᠨ ᠪᠢᠯᠬᠠᠵᠤ᠂ ᠢᠲᠡᠭᠡᠯ ᠳᠦᠭᠦᠷᠡᠩ ᠪᠤᠯᠳᠠᠭ᠃
    ᠬᠦᠷᠳᠦᠳᠦ ᠭᠤᠯᠭᠤᠭᠤᠷ᠎ᠢ ᠶᠠᠷᠢᠬᠤ᠎ᠲᠠᠢ ᠵᠡᠷᠭᠡ ᠯᠢ ᠷᠠᠨ᠎ᠤ ᠨᠢᠳᠦ᠎ᠨᠢ ᠬᠢᠯᠠᠯᠵᠠᠵᠦ ᠪᠠᠢ᠌ᠯ᠎ᠠ᠃ ᠯᠢ á ·á  á ¨ ᠪᠣᠯ ᠪᠤᠭᠤᠲᠤ ᠬᠣᠲᠠ ᠵᠢᠨ ᠬᠣᠷᠢᠨ ᠳᠣᠯᠣᠳᠤᠭ᠋ᠠᠷ ᠳᠤᠮᠳᠠᠳᠤ ᠰᠤᠷᠭ᠋ᠠᠭᠤᠯᠢ ᠵᠢᠨ ᠥᠨᠳᠥᠷ ᠳᠤᠮᠳᠠᠳᠤ ᠵᠢᠨ ᠬᠣᠶᠠᠳᠤᠭ᠋ᠠᠷ ᠣᠨ᠎ᠤ 2 ᠳ᠋ᠤᠭ᠋ᠠᠷ á  á ©á ­á ¢ ᠵᠢᠨ ᠰᠤᠷᠤᠭᠴᠢ᠂ ᠮᠦᠨ ᠴᠦ᠍ ᠳᠡᠯᠡᠬᠡᠢ ᠵᠢᠨ ᠪᠦᠬᠦ ᠲᠥᠷᠥᠯ ᠵᠦᠢ᠍ᠯ᠎ᠤᠨ ᠬᠦᠷᠳᠦᠲᠦ ᠭᠤᠯᠭᠤᠭᠤᠷ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠬᠣᠣᠰ ᠮᠠᠩᠯᠠᠢ ᠪᠣᠯᠤᠨ᠎ᠠ᠃
    9 á °á  á ·á Žá   ᠵᠢᠨ 15á Žá ¤ ᠡᠳᠦᠷ ᠦᠨᠳᠦᠷᠯᠡᠭᠰᠡᠨ 2024 ᠤᠨ᠎ᠤ ᠲᠡᠯᠡᠬᠡᠢ ᠵᠢᠨ ᠪᠦᠬᠦ ᠲᠦᠷᠦᠯ ᠵᠦᠢ᠍ᠯ᠎ᠤᠨ ᠬᠦᠷᠳᠦᠳᠦ ᠭᠤᠯᠭᠤᠭᠤᠷ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠳᠤ ᠠᠩᠬ᠎ᠠ ᠤᠷᠤᠯᠴᠠᠵᠦ ᠪᠠᠢ᠌ᠭ᠎ᠠ ᠯᠢ ᠷᠡᠨ᠂ ᠵᠠᠯᠠᠭᠤᠴᠤᠳ᠎ᠤᠨ ᠡᠷᠡᠭᠲᠡᠶ ᠵᠢᠨ ᠳᠤᠭᠤᠶ᠋ᠢᠯᠠᠩ᠎ᠤᠨ ᠪᠠᠭ᠋ᠠᠨ᠎ᠠ ᠤᠷᠠᠨ ᠤᠷᠢᠶᠠᠬᠤ ᠤᠷᠤᠯᠳᠤᠭ᠋ᠠᠨ ᠪᠤᠯᠤᠨ ᠤᠷᠠᠨ ᠬᠡᠯᠪᠡᠷᠢ ᠵᠢᠨ ᠬᠠᠯᠵᠠ ᠤᠷᠤᠯᠳᠤᠭ᠋ᠠᠨ᠎ᠳᠤ ᠬᠤᠶᠠᠷ ᠠᠯᠳᠠᠨ ᠮᠸᠳᠡᠯ ᠬᠦᠷᠳᠡᠪᠡ᠃
      ᠢᠲ᠋ᠠᠯᠢ ᠵᠢᠨ ᠷᠤᠮᠠ᠎ᠳᠤ ᠶᠠᠪᠤᠭᠳᠠᠭᠰᠠᠨ ᠰᠢᠢ᠍ᠳᠪᠦᠷᠢᠲᠦ ᠤᠷᠤᠯᠳᠤᠭ᠋ᠠᠨ᠎ᠳᠤ᠂ ᠯᠢ á ·á  á ¨ ᠦᠨᠳᠦᠰᠦᠲᠡᠨ᠎ᠤ ᠬᠤᠪᠴᠠᠰᠤ᠎ᠪᠠᠨ ᠡᠮᠦᠰᠴᠦ᠂ ᠰᠦᠷ ᠵᠢᠪᠬᠤᠯᠠᠩ᠎ᠲᠠᠢ ᠪᠥᠭᠡᠳ ᠢᠳᠡ ᠬᠦᠴᠦᠲᠡᠢ ᠳᠠᠭᠤᠤ ᠵᠢᠨ ᠠᠶᠠᠰ᠎ᠤᠨ ᠳᠤᠮᠳᠠ ᠥᠪᠥᠷ ᠮᠣᠩᠭᠤᠯ᠎ᠤᠨ ᠣᠨᠴᠠᠯᠢᠭᠲᠤ ᠪᠥᠵᠢᠭ᠎ᠢ ᠬᠦᠷᠳᠦᠲᠦ ᠲᠡᠰᠢᠯᠲᠡ᠎ᠳᠤ ᠠᠭᠤᠰᠤᠯᠴᠠᠭᠤᠯᠵᠤ ᠤᠷᠤᠯᠳᠤᠭ᠋ᠠᠳ᠂ ᠥᠪᠥᠷ ᠮᠣᠩᠭᠤᠯ ᠵᠶ᠋ᠠᠨ ᠭᠠᠢ᠌ᠬᠠᠭᠤᠯᠵᠠᠢ᠃ ᠤᠷᠤᠯᠳᠤᠭ᠋ᠠᠨ᠎ᠤ ᠲᠠᠯᠠᠪᠠᠢ᠎ᠳᠤ ᠲᠡᠷᠡ ᠪᠣᠯ ᠤᠷ᠎ᠠ ᠮᠡᠷᠭᠡᠵᠢᠯ᠎ᠨᠢ ᠣᠯᠠᠨ᠎ᠠᠴᠠ ᠳᠠᠪᠠᠭᠰᠠᠨ ᠬᠦᠷᠳᠦᠲᠦ ᠭᠤᠯᠭᠤᠭᠤᠷ᠎ᠤᠨ ᠲᠠᠮᠢᠷᠴᠢᠨ ᠵᠶ᠋ᠠᠷ ᠪᠠᠷᠠᠬᠤ ᠥᠬᠡᠶ᠂ ᠨᠠᠩ ᠴᠤ᠌ ᠰᠣᠶᠣᠯ᠎ᠤᠨ ᠤᠯᠠᠮᠵᠢᠯᠠᠯ᠎ᠤᠨ ᠡᠯᠴᠢ ᠪᠤᠯᠵᠦ ᠪᠠᠢ᠌ᠯ᠎ᠠ᠃
    ᠯᠢ ᠷᠠᠨ᠄ 《ᠪᠢ ᠨᠢᠭᠡᠳᠦᠭᠡᠷ ᠣᠨ ᠪᠠᠢ᠌ᠬᠤ᠎ᠳᠤ᠎ᠪᠠᠨ ᠨᠢᠭᠡ ᠤᠳᠠᠭ᠎ᠠ ᠲᠣᠬᠢᠶᠠᠯ ᠵᠶ᠋ᠠᠷ ᠴᠡᠴᠡᠷᠯᠢᠭ᠎ᠲᠤ ᠬᠦᠷᠳᠦᠳᠦ ᠭᠤᠯᠭᠤᠭᠤᠷ᠎ᠤᠨ ᠬᠥᠳᠡᠯᠭᠡᠭᠡᠨ᠎ᠲᠠᠢ ᠣᠶ᠋ᠢᠷᠠᠲᠤᠵᠤ᠂ ᠠᠩᠬᠠᠨ᠎ᠤ ᠪᠠᠭᠰᠢ ᠵᠢᠨ ᠵᠢᠯᠣᠭᠤᠳᠣᠯᠭ᠎ᠠ ᠳᠣᠤᠷ᠎ᠠ ᠬᠦᠷᠳᠦᠳᠦ ᠭᠤᠯᠭᠤᠭᠤᠷ᠎ᠲᠤ ᠲᠤᠷ᠎ᠠ ᠪᠠᠬ᠎ᠠ᠎ᠲᠠᠢ ᠪᠤᠯᠵᠦ ᠡᠬᠢᠯᠡᠪᠡ᠂ ᠰᠡᠭᠦᠯᠡᠷ᠎ᠨᠢ ᠪᠠᠭᠰᠢ ᠯᠢ ᠽᠦᠩ ᠶᠠᠩ᠎ᠤᠨ ᠵᠢᠯᠣᠭᠤᠳᠣᠯᠭ᠎ᠠ ᠳᠣᠤᠷ᠎ᠠ ᠮᠢᠨᠦ ᠬᠦᠷᠳᠦᠲᠦ ᠲᠡᠰᠢᠯᠲᠡ ᠵᠢᠨ ᠤᠷᠤᠯᠳᠤᠭ᠋ᠠᠨ᠎ᠤ á  á ¶á  á ¨ ᠵᠢᠩᠬᠢᠨᠢ᠎ᠪᠠᠷ ᠡᠬᠢᠯᠡᠭᠰᠡᠨ ᠶᠤᠮ》 ᠭᠡᠵᠦ ᠬᠡᠯᠡᠵᠦ ᠪᠠᠢ᠌ᠪᠠ᠃
    ᠬᠦᠷᠳᠦᠲᠦ ᠭᠤᠯᠭᠤᠭᠤᠷ᠎ᠤᠨ ᠬᠦᠳᠡᠯᠭᠡᠭᠡᠨ᠎ᠨᠢ ᠪᠠᠬ᠎ᠠ ᠬᠡᠪᠴᠢᠶᠡᠨ᠎ᠤ ᠲᠠᠮᠢᠷ᠎ᠤᠨ ᠬᠦᠳᠡᠯᠭᠡᠭᠡᠨ ᠪᠠᠢ᠌ᠭᠰᠠᠨ᠎ᠠᠴᠠ᠎ᠪᠠᠨ ᠤᠳᠤ   ᠠᠭ᠋ᠠᠵᠢᠮ ᠵᠶ᠋ᠠᠷ ᠳᠡᠯᠭᠡᠷᠡᠵᠡᠢ᠃ ᠨᠢᠳᠤᠨᠤᠨ ᠬᠦᠷᠳᠦᠳᠦ ᠭᠤᠯᠭᠤᠭᠤᠷ ᠭᠤᠷᠪᠠᠳᠤᠭ᠋ᠠᠷ ᠤᠳᠠᠭ᠎ᠠ ᠠᠽᠢᠶ᠎ᠠ ᠲᠢᠪ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠥᠷᠥᠯ ᠵᠦᠢ᠍ᠯ᠎ᠳᠤ ᠣᠷᠣᠵᠠᠢ᠂ ᠡᠭᠦᠨ᠎ᠳᠤ ᠴᠢᠯᠥᠭᠡᠲᠦ ᠮᠠᠶᠢᠭ᠎ᠤᠨ ᠬᠦᠷᠳᠦᠲᠦ ᠭᠤᠯᠭᠤᠭᠤᠷ᠎ᠤᠨ ᠲᠥᠷᠥᠯ ᠵᠦᠢ᠍ᠯ᠎ᠨᠢ ᠠᠩᠬ᠎ᠠ ᠤᠳᠠᠭ᠎ᠠ ᠠᠽᠢᠶ᠎ᠠ ᠲᠢᠪ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠤᠷᠤᠯᠳᠤᠭ᠋ᠠᠨ ᠪᠤᠯᠵᠠᠢ᠃ 2018 ᠣᠨ᠎ᠳᠤ᠂ ᠯᠢ á ·á  á ¨ ᠪᠠᠭᠰᠢ ᠯᠢ ᠽᠦᠩ ᠶᠠᠩ᠎ᠤᠨ ᠲᠠᠨᠢᠯᠴᠠᠭᠤᠯᠭ᠎ᠠ᠎ᠪᠠᠷ ᠣᠯᠠᠨ ᠤᠯᠤᠰ᠎ᠤᠨ ᠳᠡᠰ᠎ᠤᠨ ᠬᠢᠨᠠᠭᠴᠢ ᠱᠧ ᠮᠧᠩ ᠵᠢᠶᠧ᠎ᠲᠠᠢ ᠲᠠᠨᠢᠯᠴᠠᠨ᠂ 2019 ᠣᠨ᠎ᠳᠤ MST ᠴᠢᠯᠥᠭᠡᠲᠦ ᠬᠦᠷᠳᠦᠲᠦ ᠭᠤᠯᠭᠤᠭᠤᠷ᠎ᠤᠨ ᠤᠯᠤᠰ᠎ᠤᠨ ᠠᠩᠭᠢ᠎ᠳᠤ ᠣᠷᠣᠵᠠᠢ᠃ ᠤᠯᠤᠰ᠎ᠤᠨ ᠳᠣᠲᠣᠭ᠋ᠠᠳᠤ ᠵᠢᠨ ᠣᠷᠣᠶ᠋ᠢᠯᠠᠭᠰᠠᠨ ᠴᠢᠯᠥᠭᠡᠲᠦ ᠬᠦᠷᠳᠦᠲᠦ ᠭᠤᠯᠭᠤᠭᠤᠷ᠎ᠤᠨ ᠡᠩᠨᠡᠭᠡ᠎ᠳᠤ ᠤᠷᠤᠭᠰᠠᠨ ᠵᠶ᠋ᠠᠷ᠂ ᠯᠢ á ·á  á ¨ ᠨᠡᠩ ᠤᠯᠠᠨ ᠤᠷᠤᠯᠳᠤᠭ᠋ᠠᠨ᠎ᠤ ᠲᠣᠬᠢᠶᠠᠯ ᠣᠯᠣᠭᠰᠠᠨ ᠪᠠᠢ᠌ᠨ᠎ᠡ᠃
    2024 ᠣᠨ᠎ᠤ ᠳᠡᠯᠡᠬᠡᠢ ᠵᠢᠨ ᠬᠦᠷᠳᠦᠲᠦ ᠭᠤᠯᠭᠤᠭᠤᠷ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠴᠢᠯᠥᠭᠡᠲᠦ ᠮᠠᠶᠢᠭ᠎ᠤᠨ ᠬᠦᠷᠳᠦᠳᠦ ᠭᠤᠯᠭᠤᠭᠤᠷ᠎ᠤᠨ ᠤᠯᠤᠰ᠎ᠤᠨ á  á ©á ­á ¢ ᠵᠢᠨ ᠲᠠᠮᠢᠷᠴᠢᠨ ᠰᠢᠯᠭ᠋ᠠᠷᠠᠭᠤᠯᠬᠤ ᠤᠷᠤᠯᠳᠤᠭ᠋ᠠᠨ᠎ᠳᠤ᠂ ᠯᠢ á ·á  á ¨ ᠵᠠᠯᠠᠭᠤᠴᠤᠳ᠎ᠤᠨ ᠡᠷᠡᠭᠲᠡᠢ ᠵᠢᠨ ᠲᠤᠭᠤᠢ᠌ᠯᠠᠩ᠎ᠤᠨ ᠪᠠᠭ᠋ᠠᠨ᠎ᠠ ᠤᠷᠠᠨ ᠤᠷᠢᠶᠠᠬᠤ ᠤᠷᠤᠯᠳᠤᠭ᠋ᠠᠨ᠎ᠤ ᠮᠠᠩᠯᠠᠢ᠎ᠪᠠᠷ ᠲᠤᠳᠤᠷᠠᠵᠦ᠂ ᠳᠡᠯᠡᠬᠡᠢ ᠵᠢᠨ ᠮᠠᠩᠯᠠᠢ   ᠰᠢᠯᠭ᠋ᠠᠷᠠᠭᠤᠯᠬᠤ ᠤᠷᠤᠯᠳᠤᠭ᠋ᠠᠨ᠎ᠤ ᠲᠠᠢ᠌ᠰᠠᠨ᠎ᠳᠤ ᠭᠠᠷᠬᠤ ᠲᠣᠬᠢᠶᠠᠯ᠎ᠢ ᠣᠯᠵᠠᠢ᠃
      ᠡᠩ᠎ᠤᠨ ᠬᠦᠮᠦᠰ᠂ ᠬᠦᠷᠳᠦᠳᠦ ᠭᠤᠯᠭᠤᠭᠤᠷ᠎ᠤᠨ ᠪᠣᠯᠪᠠᠰᠤᠷᠠᠯ ᠪᠠ ᠰᠤᠷᠤᠯᠭ᠎ᠠ ᠬᠣᠭᠣᠷᠣᠨᠳᠣ᠎ᠪᠠᠨ ᠬᠠᠷᠰᠢᠯᠳᠤᠨ᠎ᠡ ᠭᠡᠵᠦ ᠦᠵᠡᠳᠡᠭ ᠮᠠᠭ᠋ᠠᠳ ᠦᠭᠡᠢ᠃ ᠯᠢ á ·á  á ¨ ᠬᠠᠷᠢᠨ᠄ 《ᠤᠷᠤᠯᠳᠤᠭ᠋ᠠᠨ᠎ᠳᠤ ᠤᠷᠤᠯᠴᠠᠬᠤ ᠦᠶ᠎ᠡ ᠵᠢᠨ ᠯᠠᠪᠳᠠᠭᠤᠨ ᠲᠤᠭᠳᠠᠭᠤᠨ᠎ᠨᠢ ᠨᠠᠮᠠᠶ᠋ᠢ ᠰᠢᠯᠭ᠋ᠠᠯᠲᠠ ᠵᠢᠨ ᠦᠶ᠎ᠡ᠎ᠳᠤ ᠪᠠᠴᠢᠮᠳᠠᠭᠤᠯᠬᠤ ᠥᠬᠡᠶ ᠪᠤᠯᠭ᠋ᠠᠳᠠᠭ᠃ ᠵᠠᠷᠢᠮ᠎ᠳᠠᠭᠠᠨ ᠪᠢ ᠵᠢᠭ᠋ᠠᠬᠠᠨ ᠳᠠᠷᠤᠯᠲᠠ᠎ᠲᠠᠢ ᠰᠠᠨᠠᠭᠳᠠᠳᠠᠭ ᠴᠦ᠍᠂ ᠪᠢ ᠬᠦᠴᠢᠷ ᠪᠡᠷᠬᠡᠰᠢᠶᠡᠯ᠎ᠢ ᠢᠯᠠᠨ ᠲᠠᠪᠠᠵᠦ᠂ ᠬᠠᠮᠲᠤ᠎ᠳᠤ᠎ᠨᠢ ᠬᠠᠷᠠᠭ᠋ᠠᠯᠵᠠᠵᠤ ᠴᠢᠳᠠᠨ᠎ᠠ ᠭᠡᠳᠡᠭ᠎ᠲᠤ ᠪᠠᠲᠤ ᠢᠲᠡᠭᠡᠵᠦ ᠪᠠᠶ᠋ᠢᠨ᠎ᠠ᠃ ᠡᠢ᠌ᠮᠦ ᠴᠢᠷᠮᠠᠢ᠌ᠯᠭ᠎ᠠ ᠪᠣᠯᠣᠨ ᠪᠠᠷᠢᠮᠳᠠᠯᠠᠯ᠎ᠨᠢ ᠨᠠᠮ᠎ᠠ ᠵᠢ ᠬᠦᠷᠳᠦᠳᠦ ᠭᠤᠯᠭᠤᠭᠤᠷ᠎ᠤᠨ ᠲᠠᠯ᠎ᠠ᠎ᠪᠠᠷ ᠠᠮᠵᠢᠯᠳᠠ᠎ᠳᠤ ᠬᠦᠷᠭᠡᠭᠰᠡᠨ᠂ ᠮᠦᠨ ᠴᠦ᠍ ᠮᠢᠨᠤ ᠢᠷᠡᠭᠡᠳᠦᠢ ᠵᠢᠨ ᠲᠠᠪᠠᠭᠤᠯᠢᠭ ᠲᠠᠯ᠎ᠠ ᠪᠤᠯᠬᠤ ᠪᠤᠯᠤᠨ᠎ᠡ》 ᠭᠡᠵᠦ ᠪᠠᠢ᠌ᠯ᠎ᠠ᠃
      ᠯᠢ á ·á ¡á ¨ ᠦᠪᠡᠷ᠎ᠢ᠎ᠪᠠᠨ 《ᠪᠦᠬᠦᠳᠡᠭᠡᠷ ᠰᠠᠢ᠌ᠨ ᠤᠤ? ᠪᠢ ᠪᠣᠯ ᠯᠢ ᠷᠠᠨ᠂ ᠦᠵᠡᠰᠬᠦᠯᠡᠩᠲᠦ ᠰᠠᠶ᠋ᠢᠬᠠᠨ ᠪᠤᠭᠤᠲᠤ᠎ᠠᠴᠠ ᠢᠷᠡᠭᠰᠡᠨ》 ᠭᠡᠵᠦ ᠲᠠᠨᠢᠯᠴᠠᠭᠤᠯᠬᠤ ᠲᠤᠷᠠᠳᠠᠢ᠃ ᠲᠡᠯᠡᠬᠡᠢ ᠵᠢᠨ ᠮᠠᠩᠯᠠᠢ ᠪᠤᠯᠤᠭᠰᠠᠨ ᠵᠶ᠋ᠠᠷ ᠲᠡᠷᠡ á ­á ¡á · ᠪᠦᠯᠢ᠂ ᠪᠠᠭᠰᠢ ᠰᠤᠷᠤᠭᠴᠢᠳ᠎ᠤᠨ ᠵᠶ᠋ᠠᠨ ᠤᠮᠤᠭᠰᠢᠯ ᠪᠤᠯᠵᠦ ᠪᠠᠢ᠌ᠯ᠎ᠠ᠃ ᠯᠢ á ·á ¡á ¨ 《ᠪᠢ   ᠲᠠᠰᠬᠠᠯᠵᠢᠭᠤᠯᠤᠭᠴᠢ ᠪᠤᠯᠤᠨ ᠭᠡᠷ᠎ᠤᠨ ᠬᠦᠮᠦᠰ᠎ᠤᠨ ᠵᠢᠯᠤᠭᠤᠳᠤᠯᠭ᠎ᠠ ᠲᠡᠮᠵᠢᠯᠭᠡ ᠲᠤᠤᠷ᠎ᠠ᠂ ᠨᠡᠩ ᠰᠠᠢ᠌ᠨ ᠴᠢᠷᠮᠠᠢ᠌ᠵᠦ  á ‚ ᠨᠡᠩ ᠤᠯᠠᠨ ᠠᠮᠵᠢᠯᠳᠠ᠎ᠳᠤ ᠬᠦᠷᠬᠦ᠎ᠪᠠᠨ ᠴᠢᠷᠮᠡᠢ᠌ᠨ᠎ᠡ》 ᠭᠡᠵᠦ ᠬᠡᠯᠡᠵᠦ ᠪᠠᠢ᠌ᠯ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠶᠠᠩ ᠱᠠᠨ ᠬᠤᠩ ᠲᠦᠯᠦᠭᠡᠯᠡᠭᠴᠢ᠄ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠢ ᠪᠤᠶ᠋ᠢᠵᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠡᠶ᠎ᠡ ᠵᠢᠨ ᠲᠠᠮᠢᠷ᠎ᠤᠨ ᠬᠡᠷᠡᠭᠯᠡᠭᠡ ᠵᠢ ᠠᠬᠢᠭᠤᠯᠬᠤ ᠬᠡᠷᠡᠭᠳᠡᠢ
ᠳ᠋ᠢᠩ ᠶᠠ ᠯᠢᠨ ᠭᠡᠰᠢᠭᠦᠨ᠄ ᠨᠡᠶ᠋ᠢᠭᠡᠮ᠎ᠤᠨ ᠬᠦᠴᠦᠨ᠎ᠠᠴᠠ ᠪᠠᠯᠠ ᠣᠷᠣᠭᠤᠯᠤᠨ ᠪᠡᠶ᠎ᠡ ᠵᠢᠨ ᠲᠠᠮᠢᠷ᠎ᠤᠨ ᠲᠠᠯᠠᠪᠠᠶ ᠵᠢᠨ ᠲᠥᠬᠦᠭᠡᠷᠦᠮᠵᠢ ᠪᠠᠶ᠋ᠢᠭᠤᠯᠬᠤ ᠵᠢ ᠵᠣᠷᠢᠭᠵᠢᠭᠤᠯᠤᠨ᠎ᠠ
ᠳ᠋ᠢᠩ ᠱ᠌ᠢ ᠵᠥᠩ ᠭᠡᠰᠢᠭᠦᠨ᠄ ᠳᠤᠮᠳᠠᠳᠤ ᠤᠯᠤᠰ᠎ᠤᠨ ᠣᠨᠴᠠᠯᠢᠭ ᠪᠥᠬᠦᠶ ᠣᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠨᠠᠷᠠᠲᠤ ᠲᠡᠮᠳᠡᠭ IP᠎ᠢ ᠪᠤᠢ ᠪᠤᠯᠭ᠋ᠠᠨ᠎ᠠ
ᠪᠥᠬᠡ ᠵᠢᠨ ᠲᠡᠪᠵᠢᠶᠠᠨ᠎ᠳᠤ ᠬᠢᠯᠠᠷᠠᠭᠤᠯᠵᠦ ᠶᠠᠪᠤᠭ᠎ᠠ ᠠᠮᠠᠷᠠᠭ ᠬᠤᠤᠰ
ᠤᠯᠤᠰ᠎ᠤᠨ ᠠᠪᠤᠷᠭᠤ ᠴᠠᠭ᠋ᠠᠨᠵᠠᠭ᠋ᠠᠨ᠄ 《ᠮᠤᠩᠭᠤᠯ ᠪᠦᠬᠡ ᠶᠡᠬᠡ ᠬᠥᠭᠵᠢᠵᠠᠢ ᠤᠳᠤ ᠳᠦᠷᠢᠮᠵᠢᠯ ᠱᠠᠭ᠋ᠠᠷᠳᠠᠵᠤ ᠪᠠᠢ᠌ᠨ᠎ᠠ》
 
            