ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠰᠤᠷᠪᠤᠯᠵᠢᠯᠠᠭ᠎ᠠ
ᠳ᠋ᠢᠩ ᠱ᠌ᠢ ᠵᠥᠩ ᠭᠡᠰᠢᠭᠦᠨ᠄ ᠳᠤᠮᠳᠠᠳᠤ ᠤᠯᠤᠰ᠎ᠤᠨ ᠣᠨᠴᠠᠯᠢᠭ ᠪᠥᠬᠦᠶ ᠣᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠨᠠᠷᠠᠲᠤ ᠲᠡᠮᠳᠡᠭ IP᠎ᠢ ᠪᠤᠢ ᠪᠤᠯᠭ᠋ᠠᠨ᠎ᠠ
ᠨᠡᠶ᠋ᠢᠲᠡᠯᠡᠭᠰᠡᠨ ᠴᠠᠭ᠄ 2024-03-11

    ᠪᠥᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠶᠠᠳᠤᠭ᠋ᠠᠷ ᠬᠤᠷᠠᠯᠳᠤᠭ᠋ᠠᠨ᠎ᠤ ᠬᠤᠭᠤᠴᠠᠭ᠋ᠠᠨ᠎ᠳᠤ᠂ ᠪᠥᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠪᠥᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠵᠢᠨ ᠳᠡᠳ᠋ ᠲᠡᠷᠢᠭᠦᠯᠡᠭᠴᠢ᠂ á  á ¨ ᠲᠠ ᠪᠦᠯᠦᠭᠯᠡᠯ᠎ᠤᠨ ᠬᠡᠷᠡᠭ ᠮᠡᠳᠡᠭᠴᠢᠳ᠎ᠤᠨ ᠲᠣᠪᠴᠢᠶ᠎ᠠ ᠵᠢᠨ ᠲᠡᠷᠢᠭᠦᠯᠡᠭᠴᠢ ᠳ᠋ᠢᠩ ᠱ᠌ᠢ ᠵᠥᠩ  á Žá  á ´á   ᠳᠤᠮᠳᠠᠳᠤ ᠤᠯᠤᠰ᠎ᠤᠨ ᠣᠨᠴᠠᠯᠢᠭ ᠪᠥᠬᠦᠶ ᠣᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠨᠠᠷᠠᠲᠤ ᠲᠡᠮᠳᠡᠭ IP ᠵᠢ ᠡᠭᠦᠳᠦᠨ ᠪᠠᠶ᠋ᠢᠭᠤᠯᠬᠤ ᠪᠠ ᠡᠵᠡᠩᠨᠡᠬᠦ ᠵᠢ ᠰᠠᠨᠠᠭᠤᠯᠪᠠ᠃
    ᠪᠠᠶ᠋ᠢᠴᠠᠭ᠋ᠠᠨ ᠰᠤᠳᠤᠯᠤᠯᠲᠠ ᠵᠢᠨ ᠳᠤᠮᠳᠠ᠂ ᠳ᠋ᠢᠩ ᠱ᠌ᠢ ᠵᠦᠩ᠂ ᠮᠠᠨ᠎ᠤ ᠤᠯᠤᠰ᠎ᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠡᠪᠴᠢᠶ᠎ᠡ ᠰᠢᠨ᠎ᠡ ᠳᠠᠪᠠᠯᠲᠠ ᠵᠢ ᠪᠡᠶᠡᠯᠡᠭᠦᠯᠵᠦ᠂ ᠠᠵᠤ ᠦᠢ᠍ᠯᠡᠰ᠎ᠤᠨ ᠪᠦᠲᠦᠴᠡ ᠵᠢᠨ ᠰᠢᠯᠢᠳᠡᠭᠵᠢᠯ ᠰᠢᠨ᠎ᠡ ᠠᠬᠢᠴᠠ᠎ᠲᠠᠢ ᠪᠤᠯᠵᠤ᠂ ᠠᠵᠤ ᠦᠢ᠍ᠯᠡᠰ᠎ᠤᠨ ᠰᠠᠭᠤᠷᠢ ᠰᠢᠨ᠎ᠡ ᠳᠡᠭᠲᠡᠷ᠎ᠲᠤ ᠭᠠᠷᠴᠤ᠂ ᠠᠵᠤ ᠦᠢ᠍ᠯᠡᠰ᠎ᠤᠨ ᠵᠠᠰᠠᠯᠲᠠ ᠰᠢᠨ᠎ᠡ ᠦᠷ᠎ᠡ ᠪᠦᠲᠦᠮᠵᠢ ᠵᠢ ᠪᠠᠳᠠᠷᠠᠭᠤᠯᠪᠠ᠃ ᠭᠡᠪᠡᠴᠦ ᠪᠡᠶ᠎ᠡ ᠵᠢᠨ ᠲᠠᠮᠢᠷ᠎ᠤᠨ ᠦᠢ᠍ᠯᠡᠰ ᠪᠣᠯᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠲᠤ ᠳᠠᠭ᠋ᠠᠭᠤᠯᠤᠭᠴᠢ ᠪᠠᠶ᠋ᠢᠷᠢ ᠰᠠᠭᠤᠷᠢ ᠪᠣᠯᠤᠨ ᠵᠢᠯᠣᠭᠣᠳᠤᠮᠵᠢ ᠵᠢᠨ ᠦᠢ᠍ᠯᠡᠳᠦᠯ᠎ᠲᠠᠢ ᠤᠷᠤᠯᠳᠤᠭ᠋ᠠᠨ᠎ᠤ ᠲᠣᠭᠯᠠᠯᠲᠠ᠎ᠨᠢ ᠮᠥᠨ ᠬᠦ᠌ ᠬᠥᠭᠵᠢᠯᠲᠡ ᠵᠢᠨ ᠣᠷᠣᠨ ᠵᠠᠶ᠎ᠲᠠᠢ ᠪᠠᠶ᠋ᠢᠭᠰᠠᠭ᠋ᠠᠷ ᠪᠠᠢ᠌ᠬᠤ ᠵᠢ ᠤᠯᠵᠦ ᠮᠡᠳᠡᠪᠡ᠃
    ᠳ᠋ᠢᠩ ᠱ᠌ᠢ ᠵᠦᠩ ᠰᠠᠨᠠᠭᠤᠯᠬᠤ᠎ᠳᠤ᠎ᠪᠠᠨ᠂ ᠨᠢᠭᠡ᠎ᠳᠤ᠂ ᠤᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠪᠠᠶ᠋ᠢᠷᠢᠰᠢᠯ᠎ᠢ ᠲᠠᠬᠢᠨ ᠪᠠᠶ᠋ᠢᠭᠤᠯᠬᠤ ᠪᠠ ᠡᠮᠬᠢ ᠳᠢᠭᠯᠢᠮ᠎ᠤᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠪᠠᠶ᠋ᠢᠯᠳᠤᠬᠤ ᠪᠤᠳᠤᠯᠭ᠎ᠠ ᠵᠢᠨ ᠲᠠᠯ᠎ᠠ᠎ᠠᠴᠠ ᠳᠤᠮᠳᠠᠳᠤ ᠤᠯᠤᠰ᠎ᠤᠨ ᠡᠯᠧᠮᠧᠨ᠋ᠲ᠎ᠲᠠᠢ ᠤᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠲᠦᠷᠦᠯ ᠲᠡᠮᠳᠡᠭ᠎ᠤᠨ ᠤᠷᠤᠯᠳᠤᠭ᠋ᠠᠨ᠎ᠢ ᠪᠠᠶ᠋ᠢᠭᠤᠯᠤᠨ᠎ᠠ᠃
    ᠬᠤᠶᠠᠷ᠎ᠲᠤ᠂ ᠤᠯᠠᠨ ᠤᠯᠤᠰ᠎ᠤᠨ ᠲᠦᠷᠦᠯ ᠲᠡᠮᠳᠡᠭ᠎ᠤᠨ ᠤᠷᠤᠯᠳᠤᠭ᠋ᠠᠨ᠎ᠤ ᠡᠵᠡᠩᠨᠡᠯᠲᠡ ᠵᠢᠨ ᠰᠢᠨᠵᠢᠯᠡᠬᠦ ᠤᠬᠠᠭ᠋ᠠᠨ᠎ᠤ ᠰᠢᠰᠲ᠋ᠧᠮ᠎ᠢ ᠴᠢᠷᠮᠠᠶ᠋ᠢᠨ ᠪᠠᠶ᠋ᠢᠭᠤᠯᠬᠤ ᠬᠡᠷᠡᠭᠲᠡᠢ᠃ ᠳᠤᠮᠳᠠᠳᠤ ᠤᠯᠤᠰ᠎ᠤᠨ ᠵᠡᠪᠰᠡᠭ᠎ᠤᠨ ᠡᠷᠳᠡᠮ᠂ ᠯᠤᠤᠲᠤ ᠣᠩᠭᠤᠴᠠ᠂ ᠳᠤᠮᠳᠠᠳᠤ ᠤᠯᠤᠰ᠎ᠤᠨ ᠮᠠᠶᠢᠭ᠎ᠤᠨ ᠪᠥᠬᠡ ᠪᠠᠷᠢᠯᠳᠤᠬᠤ ᠵᠡᠷᠭᠡ ᠤᠷᠤᠯᠳᠤᠭ᠋ᠠᠨ᠎ᠢ ᠰᠣᠩᠭᠤᠨ ᠲᠤᠰᠬᠠᠶ᠋ᠢᠵᠢᠭᠤᠯᠤᠭᠰᠠᠨ ᠠᠵᠢᠯᠯᠠᠭ᠋ᠠᠨ᠎ᠤ ᠰᠢᠨ᠎ᠡ ᠵᠢ ᠡᠭᠦᠳᠦᠨ᠎ᠡ; ᠥᠷᠢᠰᠥᠯᠳᠦᠭᠡᠨ᠎ᠢ ᠲᠡᠩᠴᠡᠭᠦᠷᠢᠲᠡᠢ ᠵᠢᠷᠤᠵᠤ ᠲᠥᠯᠥᠪᠯᠡᠬᠦ᠂ ᠲᠤᠰᠠᠯᠠᠬᠤ ᠰᠢᠰᠲ᠋ᠧᠮ᠎ᠢ ᠪᠠᠶ᠋ᠢᠭᠤᠯᠬᠤ᠂ ᠵᠠᠭᠤᠴᠢᠯᠠᠭᠤᠷ᠎ᠤᠨ ᠤᠯᠠᠨ ᠨᠡᠶ᠋ᠢᠲᠡ ᠵᠢᠨ ᠬᠠᠷᠢᠴᠠᠭ᠋ᠠᠨ᠎ᠤ ᠲᠥᠰᠦᠪᠯᠡᠯ᠂ ᠡᠳ᠋᠎ᠤᠨ ᠵᠠᠰᠠᠭ᠎ᠤᠨ ᠲᠥᠪ ᠭᠤᠣᠯᠴᠢ ᠳᠦᠷᠢᠮ᠎ᠤᠨ ᠵᠢᠷᠤᠮᠵᠢᠯ ᠵᠡᠷᠭᠡ ᠲᠠᠯ᠎ᠠ᠎ᠪᠠᠷ ᠦᠵᠦ ᠲᠥᠯᠥᠪᠯᠡᠭᠡ ᠵᠢ ᠴᠢᠩᠭ᠋ᠠᠳᠬᠠᠵᠤ᠂ ᠳᠣᠬᠢᠶ᠎ᠠ ᠦᠢ᠍ᠯᠡᠳᠬᠦ᠂ ᠬᠡᠪᠯᠡᠯ᠎ᠤᠨ ᠡᠷᠬᠡ ᠵᠢᠨ ᠬᠤᠪᠢᠶᠠᠷᠢᠯᠠᠨ ᠪᠣᠷᠣᠯᠠᠭᠤᠯᠬᠤ᠂ ᠤᠷᠤᠯᠳᠤᠭ᠋ᠠᠨ᠎ᠤ ᠡᠳᠦᠷ᠎ᠤᠨ ᠦᠢ᠍ᠯᠡᠳᠬᠦᠨ᠎ᠤ ᠵᠢᠷᠤᠭ ᠲᠥᠯᠥᠪᠯᠡᠭᠡ᠂ ᠬᠡᠪᠯᠡᠯ᠎ᠤᠨ ᠡᠷᠬᠡ ᠵᠢᠨ ᠲᠠᠯ᠎ᠠ ᠬᠢᠭᠡᠳ ᠤᠷᠤᠯᠳᠤᠭ᠋ᠠᠨ᠎ᠤ ᠲᠠᠯ᠎ᠠ ᠵᠢᠨ ᠡᠷᠬᠡ ᠠᠰᠢᠭ᠎ᠤᠨ ᠬᠠᠮᠲᠤᠷᠠᠯ ᠵᠡᠷᠭᠡ ᠲᠠᠯ᠎ᠠ᠎ᠪᠠᠷ ᠪᠢᠴᠢᠯ ᠵᠢᠷᠤᠭ ᠲᠥᠯᠥᠪᠯᠡᠭᠡ ᠵᠢ ᠰᠠᠶ᠋ᠢᠲᠤᠷ ᠬᠢᠨ᠎ᠡ᠃
    ᠭᠤᠷᠪᠠ᠎ᠳᠤ᠂ ᠭᠤᠷᠪᠠᠨ á ¶á ¡á ­á ¡ ᠪᠥᠮᠪᠦᠭᠡ ᠵᠡᠷᠭᠡ ᠠᠵᠢᠯ ᠮᠡᠷᠭᠡᠵᠢᠯ᠎ᠤᠨ ᠬᠤᠯᠪᠣᠭ᠋ᠠᠲᠤ ᠤᠷᠤᠯᠳᠤᠭ᠋ᠠᠨ᠎ᠤ ᠲᠤᠰᠬᠠᠶ ᠮᠡᠷᠭᠡᠵᠢᠯ᠎ᠤᠨ ᠥᠭᠡᠷᠡᠴᠢᠯᠡᠯᠲᠡ ᠵᠢ ᠢᠳᠡᠪᠬᠢᠲᠡᠶ ᠬᠢᠵᠦ᠂ ᠳᠡᠯᠡᠬᠡᠶ ᠵᠢᠨ ᠠᠵᠢᠯ ᠮᠡᠷᠭᠡᠵᠢᠯ᠎ᠤᠨ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠵᠢᠮ᠎ᠡ ᠶᠣᠰᠣ ᠪᠠ ᠪᠡᠶ᠎ᠡ ᠵᠢᠨ ᠲᠠᠮᠢᠷ᠎ᠤᠨ ᠬᠤᠯᠪᠣᠭ᠋ᠠᠲᠤ ᠤᠷᠤᠯᠳᠤᠭ᠋ᠠᠨ᠎ᠤ ᠬᠠᠮᠢᠶᠠᠷᠴᠤ ᠡᠵᠡᠩᠨᠡᠬᠦ á  á ·á ­á Žá   ᠵᠢ ᠰᠤᠷᠤᠯᠴᠠᠨ᠎ᠠ᠃
    ᠳᠥᠷᠪᠡ᠎ᠳᠤ ᠪᠥᠬᠦ ᠤᠯᠤᠰ᠎ᠤᠨ ᠡᠯ᠎ᠡ ᠱᠠᠲᠤᠨ᠎ᠤ ᠬᠤᠲᠠ ᠵᠢᠨ ᠪᠡᠶ᠎ᠡ ᠵᠢᠨ ᠲᠠᠮᠢᠷ᠎ᠤᠨ ᠡᠬᠢ ᠪᠠᠶᠠᠯᠢᠭ᠎ᠢ ᠠᠭᠤᠳᠠᠯᠬᠤ ᠵᠢ ᠵᠣᠷᠢᠭᠵᠢᠭᠤᠯᠵᠤ᠂ 《ᠪᠡᠶ᠎ᠡ ᠵᠢᠨ ᠲᠠᠮᠢᠷ ᠰᠣᠶᠣᠯ ᠵᠢᠭᠤᠯᠴᠢᠯᠠᠯ》᠎ᠢ ᠭᠦᠨᠵᠡᠭᠡᠶ ᠠᠭᠤᠰᠤᠯᠴᠠᠭᠤᠯᠬᠤ ᠰᠢᠨ᠎ᠡ á  á ·á ­á Žá   ᠵᠠᠮ᠎ᠢ ᠪᠣᠶ ᠪᠣᠯᠭ᠋ᠠᠨ᠎ᠠ᠃ ᠡᠯ᠎ᠡ ᠱᠠᠲᠤᠨ᠎ᠤ ᠬᠤᠲᠠ᠎ᠨᠤᠭᠤᠳ ᠲᠣᠰ ᠪᠡᠶ᠎ᠡ ᠵᠢᠨ ᠡᠬᠢ ᠪᠠᠶᠠᠯᠢᠭ ᠵᠢᠴᠢ ᠰᠣᠶᠣᠯ᠎ᠤᠨ ᠳᠠᠪᠠᠭᠤᠯᠢᠭ᠎ᠲᠠᠢ᠎ᠪᠠᠨ ᠤᠶᠠᠯᠳᠤᠭᠤᠯᠤᠨ᠂ ᠲᠤᠬᠠᠶ ᠵᠢᠨ ᠭᠠᠵᠠᠷ᠎ᠤᠨ ᠳᠠᠪᠠᠭᠤᠯᠢᠭ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠢ ᠨᠡᠭᠡᠭᠡᠨ ᠬᠥᠭᠵᠢᠭᠦᠯᠵᠦ᠂ ᠪᠡᠶ᠎ᠡ ᠵᠢᠨ ᠲᠠᠮᠢᠷ᠎ᠤᠨ ᠬᠥᠳᠡᠯᠭᠡᠭᠡᠨ ᠵᠢᠴᠢ ᠬᠤᠲᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠰᠠᠭᠤᠷᠢ ᠪᠡᠯᠡᠳᠬᠡᠮᠵᠢ ᠵᠢ ᠳᠡᠭᠡᠭᠰᠢᠯᠡᠭᠦᠯᠬᠦ ᠮᠥᠷᠲᠡᠭᠡᠨ ᠪᠠᠰᠠ ᠤᠷᠤᠯᠳᠤᠭ᠋ᠠᠨ᠎ᠤ ᠶᠠᠪᠤᠳᠠᠯ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠴᠢ ᠦᠢ᠍ᠯᠡᠴᠢᠯᠡᠭᠡᠨ᠎ᠤ ᠴᠢᠳᠠᠪᠤᠷᠢ ᠵᠢ ᠴᠢᠩᠭ᠎ᠠ ᠠᠳᠬᠤᠬᠤ ᠬᠡᠷᠡᠭᠲᠡᠶ; ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠦᠵᠢᠭᠦᠯᠵᠦ᠂ ᠲᠤᠰᠬᠠᠶ ᠮᠡᠷᠭᠡᠵᠢᠯ᠎ᠤᠨ ᠤᠷᠤᠯᠳᠤᠭ᠋ᠠᠨ᠎ᠤ ᠶᠠᠪᠤᠳᠠᠯ᠎ᠤᠨ ᠬᠠᠮᠢᠶᠠᠷᠤᠯᠲᠠ ᠵᠢᠴᠢ ᠡᠵᠡᠩᠨᠡᠨ ᠪᠣᠷᠣᠯᠠᠭᠤᠯᠬᠤ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠶ; ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠠᠮᠢᠳᠤᠷᠠᠯ᠎ᠤᠨ ᠪᠠᠶᠠᠷ᠂ ᠪᠡᠶ᠎ᠡ ᠵᠢᠨ ᠲᠠᠮᠢᠷ᠎ᠤᠨ ᠴᠤᠭᠯᠠᠭ᠋ᠠᠨ ᠦᠵᠡᠰᠬᠦᠯᠡᠩ᠂ ᠪᠡᠶ᠎ᠡ ᠵᠢᠨ ᠲᠠᠮᠢᠷ ᠵᠢᠭᠤᠯᠴᠢᠯᠠᠯ᠎ᠤᠨ ᠠᠭᠤᠰᠤᠯᠴᠠᠯ ᠵᠡᠷᠭᠡ ᠣᠯᠠᠨ ᠶᠠᠩᠵᠤ ᠬᠡᠯᠪᠡᠷᠢ ᠵᠢᠨ á  á ·á ­á Žá   ᠮᠠᠶᠢᠭ ᠪᠠ ᠠᠭᠤᠯᠭ᠎ᠠ ᠵᠢ ᠡᠷᠬᠢᠯᠡᠬᠦ᠎ᠪᠠᠷ ᠳᠠᠮᠵᠢᠭᠤᠯᠤᠨ᠂ ᠪᠡᠶ᠎ᠡ ᠵᠢᠨ ᠲᠠᠮᠢᠷ᠎ᠤᠨ ᠵᠢᠭᠤᠯᠴᠢᠯᠠᠯ᠎ᠤᠨ ᠰᠣᠶᠣᠯ᠎ᠤᠨ ᠬᠡᠷᠡᠭᠯᠡᠭᠡᠨ᠎ᠤ ᠰᠢᠨ᠎ᠡ ᠪᠠᠶ᠋ᠢᠳᠠᠯ᠎ᠢ ᠠᠬᠢᠭᠤᠯᠤᠨ᠎ᠠ᠃
    ᠳ᠋ᠢᠩ ᠱ᠌ᠢ ᠵᠦᠩ᠎ᠠᠴᠠ᠄ 《ᠮᠠᠨ᠎ᠤ ᠤᠯᠤᠰ ᠰᠠᠨᠠᠭ᠋ᠠᠴᠢᠯᠠᠭ᠎ᠠ᠎ᠠᠴᠠ᠎ᠪᠠᠨ ᠤᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠡᠮᠬᠢ ᠵᠢᠷᠤᠮ᠎ᠢ ᠲᠠᠬᠢᠨ ᠴᠣᠭᠴᠠᠯᠠᠬᠤ ᠪᠠ ᠪᠠᠶ᠋ᠢᠷᠢᠰᠢᠯ᠎ᠢ ᠲᠠᠬᠢᠨ ᠴᠣᠭᠴᠠᠯᠠᠬᠤ᠎ᠳᠤ ᠣᠷᠣᠯᠴᠠᠵᠤ᠂ ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠤᠯᠠᠨ ᠤᠯᠤᠰ᠎ᠤᠨ ᠦᠭᠡ ᠬᠡᠯᠡᠬᠦ ᠡᠷᠬᠡ᠂ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠡᠷᠬᠡ ᠪᠠ ᠬᠢᠨᠠᠯᠲᠠ ᠲᠠᠯᠪᠢᠬᠤ ᠡᠷᠬᠡ ᠵᠢ ᠴᠢᠩᠭ᠋ᠠᠳᠬᠠᠬᠤ ᠬᠡᠷᠡᠭᠲᠡᠢ》 ᠭᠡᠵᠦ ᠪᠠᠢ᠌ᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠪᠥᠬᠡ ᠵᠢᠨ ᠲᠡᠪᠵᠢᠶᠠᠨ᠎ᠳᠤ ᠬᠢᠯᠠᠷᠠᠭᠤᠯᠵᠦ ᠶᠠᠪᠤᠭ᠎ᠠ ᠠᠮᠠᠷᠠᠭ ᠬᠤᠤᠰ
ᠤᠯᠤᠰ᠎ᠤᠨ ᠠᠪᠤᠷᠭᠤ ᠴᠠᠭ᠋ᠠᠨᠵᠠᠭ᠋ᠠᠨ᠄ 《ᠮᠤᠩᠭᠤᠯ ᠪᠦᠬᠡ ᠶᠡᠬᠡ ᠬᠥᠭᠵᠢᠵᠠᠢ ᠤᠳᠤ ᠳᠦᠷᠢᠮᠵᠢᠯ ᠱᠠᠭ᠋ᠠᠷᠳᠠᠵᠤ ᠪᠠᠢ᠌ᠨ᠎ᠠ》
ᠦᠪᠦᠷ ᠮᠤᠩᠭᠤᠯ᠎ᠤᠨ ᠠᠩᠬᠠᠳᠠᠭᠴᠢ ᠤᠯᠢᠮᠫᠢᠺ᠎ᠤᠨ ᠠᠪᠤᠷᠭᠤ — ᠵᠠᠩ ᠰᠢᠶᠤᠤ ᠫᠢᠩ
ᠲᠡᠯᠡᠬᠡᠢ ᠵᠢᠨ ᠠᠪᠤᠷᠭᠤ ᠵᠢᠨ ᠱᠠᠩᠨᠠᠯ᠎ᠢ ᠬᠦᠷᠳᠡᠭᠴᠢ ᠬᠠᠳᠠᠨᠪᠠᠭ᠋ᠠᠳᠤᠷ
ᠠᠯᠳᠠᠨ ᠮᠸᠳᠠᠯ᠎ᠤᠨ ᠡᠵᠡᠨ — ᠴᠢᠨᠳᠠᠭ᠎ᠠ
 
            