ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠰᠤᠷᠪᠤᠯᠵᠢᠯᠠᠭ᠎ᠠ
ᠡᠩᠬᠡᠪᠤᠯᠠᠭ — ᠠᠭᠳᠠ ᠵᠢᠨ ᠨᠢᠷᠤᠭᠤᠨ᠎ᠳᠤ ᠠᠮᠵᠢᠯᠳᠠ ᠬᠠᠷᠢᠭᠤᠴᠠᠯᠭ᠎ᠠ ᠵᠢ ᠮᠠᠨᠳᠤᠭᠤᠯᠤᠨ ᠶᠠᠪᠤᠨ᠎ᠡ
ᠨᠡᠶ᠋ᠢᠲᠡᠯᠡᠭᠰᠡᠨ ᠴᠠᠭ᠄ 2024-06-04

    ᠡᠩᠬᠡᠪᠤᠯᠠᠭ ᠪᠣᠯ ᠥᠪᠥᠷ ᠮᠣᠩᠭᠣᠯ᠎ᠤᠨ ᠮᠣᠷᠢᠨ ᠮᠡᠷᠭᠡᠵᠢᠯ᠎ᠤᠨ á  á ©á ­á ¢ ᠵᠢᠨ ᠲᠣᠭᠯᠠᠯᠲᠠ ᠵᠢᠨ ᠮᠤᠷᠢᠨ ᠮᠡᠷᠭᠡᠵᠢᠯ᠎ᠤᠨ ᠲᠠᠮᠢᠷᠴᠢᠨ ᠪᠣᠯᠣᠨ᠎ᠠ᠂ ᠮᠣᠷᠢᠨ ᠮᠡᠷᠭᠡᠵᠢᠯ᠎ᠤᠨ ᠦᠢ᠍ᠯᠡᠰ᠎ᠲᠠᠢ ᠬᠠᠨᠢᠯᠠᠭ᠋ᠠᠳ ᠠᠷᠪᠠᠨ ᠲᠠᠪᠤᠨ ᠵᠢᠯ᠎ᠤᠨ ᠨᠢᠭᠤᠷ᠎ᠢ ᠦᠵᠡᠨ᠂ ᠥᠪᠡᠷ᠎ᠤᠨ ᠵᠠᠯᠠᠭᠤ ᠨᠠᠰᠤ ᠪᠣᠯᠣᠨ ᠬᠦᠴᠦ ᠬᠥᠯᠥᠰᠦ᠎ᠪᠠᠨ ᠮᠣᠷᠢᠨ ᠮᠡᠷᠭᠡᠵᠢᠯ᠎ᠳᠤ ᠵᠤᠷᠢᠭᠤᠯᠤᠭᠰᠠᠨ ᠨᠢᠭᠡᠨ ᠪᠢᠯᠡ᠃


    ᠡᠨᠡ ᠵᠢᠯ 34 ᠨᠠᠰᠤᠲᠠᠢ ᠡᠩᠬᠡᠪᠤᠯᠠᠭ ᠪᠣᠯ á  á ©á ­á ¢ ᠵᠢᠨ ᠵᠶ᠋ᠠᠨ ᠠᠬᠠᠮᠠᠳ ᠲᠠᠮᠢᠷᠴᠢᠨ ᠪᠣᠯᠣᠨ᠎ᠠ᠂ ᠲᠡᠭᠦᠨ᠎ᠤ ᠮᠣᠷᠢᠨ ᠮᠡᠷᠭᠡᠵᠢᠯ᠎ᠤᠨ ᠲᠣᠭᠯᠠᠯᠲᠠ ᠵᠢᠨ ᠲᠠᠯ᠎ᠠ᠎ᠪᠠᠷ᠎ᠬᠢ ᠠᠮᠵᠢᠯᠳᠠ᠎ᠨᠢ ᠬᠥᠮᠥᠰ᠎ᠤᠨ ᠠᠩᠬᠠᠷᠤᠯ᠎ᠢ ᠲᠠᠲᠠᠭᠰᠠᠭ᠋ᠠᠷ ᠢᠷᠡᠵᠠᠢ᠃ ᠲᠠᠮᠢᠷᠴᠢᠨ ᠪᠤᠯᠤᠭᠰᠠᠨ᠎ᠠᠴᠠ ᠡᠬᠢᠯᠡᠨ᠂ ᠲᠡᠷᠡ ᠲᠠᠰᠤᠷᠠᠯᠲᠠ ᠦᠭᠡᠢ ᠤᠷ᠎ᠠ ᠮᠡᠷᠭᠡᠵᠢᠯ ᠵᠶ᠋ᠡᠨ ᠳᠡᠭᠡᠭᠰᠢᠯᠡᠭᠦᠯᠵᠦ᠂ ᠮᠠᠰᠢ ᠤᠯᠠᠨ ᠢᠷᠠᠭᠤ ᠠᠯᠳᠠᠷ᠎ᠢ ᠬᠦᠷᠳᠡᠭᠰᠡᠨ ᠶᠤᠮ᠃ 2015 ᠣᠨ᠎ᠤ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠳᠡᠭᠡᠷ᠎ᠡ ᠡᠩᠬᠡᠪᠤᠯᠠᠭ ᠬᠠᠳᠠᠭ ᠰᠢᠭᠦᠷᠬᠦ ᠪᠠ ᠰᠤᠷ ᠬᠠᠷᠪᠤᠬᠤ ᠬᠣᠶᠠᠷ ᠵᠦᠢ᠍ᠯ᠎ᠤᠨ ᠤᠷᠤᠯᠳᠤᠭ᠋ᠠᠨ᠎ᠳᠤ ᠠᠯᠲᠠᠨ ᠮᠧᠳᠠᠯ ᠭᠠᠷᠳᠠᠪᠠ᠃ 2018 ᠣᠨ᠎ᠤ ᠳᠣᠯᠣᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠮᠣᠷᠢᠨ ᠮᠡᠷᠭᠡᠵᠢᠯ᠎ᠤᠨ ᠶᠡᠬᠡ ᠤᠷᠤᠯᠳᠤᠭ᠋ᠠᠨ᠎ᠳᠤ᠂ ᠡᠩᠬᠡᠪᠤᠯᠠᠭ 7 ᠰᠧᠺᠦ᠋ᠨ᠋ᠳ᠋ 29᠎ᠤᠨ ᠬᠢᠷᠢ ᠪᠦᠳᠦᠮᠵᠢ᠎ᠪᠠᠷ ᠠᠷᠪᠠᠨ ᠬᠠᠳᠠᠭ᠎ᠢ ᠪᠦᠬᠦᠨ᠎ᠢ ᠰᠢᠭᠦᠷᠴᠦ ᠨᠢᠭᠡᠳᠦᠭᠡᠷ᠎ᠲᠤ ᠣᠷᠣᠵᠠᠢ᠃
    ᠲᠠᠮᠢᠷᠴᠢᠨ᠎ᠤ ᠠᠮᠵᠢᠯᠳᠠ ᠬᠢᠮᠳᠠᠬᠠᠨ ᠤᠯᠳᠠᠬᠤ ᠦᠭᠡᠢ᠃ ᠡᠩᠬᠡᠪᠤᠯᠠᠭ ᠡᠳᠦᠷ ᠪᠤᠯᠭ᠋ᠠᠨ ᠪᠤᠯᠪᠠᠰᠤᠷᠠᠯ ᠵᠶ᠋ᠠᠨ ᠪᠠᠷᠢᠮᠳᠠᠯᠠᠨ᠂ ᠦᠨᠳᠦᠰᠦᠨ ᠮᠣᠷᠢᠨ ᠮᠡᠷᠭᠡᠵᠢᠯ᠎ᠠᠴᠠ ᠬᠦᠴᠢᠷᠳᠡᠢ ᠲᠣᠭᠯᠠᠯᠲᠠ ᠵᠢᠨ ᠮᠡᠷᠭᠡᠵᠢᠯ᠎ᠢ ᠨᠢᠭᠡᠳ ᠨᠢᠭᠡ᠎ᠪᠠᠷ ᠡᠵᠡᠮᠰᠢᠵᠦ ᠴᠢᠳᠠᠭᠰᠠᠨ᠎ᠨᠢ ᠲᠡᠭᠦᠨ᠎ᠤ ᠲᠡᠰᠪᠦᠷᠢ ᠲᠡᠪᠴᠢᠶᠡᠷᠢ ᠪᠠ ᠰᠥᠰᠥ ᠵᠣᠷᠢᠭ᠎ᠲᠠᠢ ᠰᠠᠯᠤᠰᠢ ᠦᠭᠡᠢ ᠬᠤᠯᠪᠤᠭ᠎ᠠ᠎ᠲᠠᠢ ᠶᠤᠮ᠃


    ᠡᠩᠬᠡᠪᠤᠯᠠᠭ ᠲᠠᠮᠢᠷᠴᠢᠨ ᠪᠦᠭᠡᠳ ᠥᠪᠥᠷ ᠮᠣᠩᠭᠣᠯ᠎ᠤᠨ ᠮᠣᠷᠢᠨ ᠮᠡᠷᠭᠡᠵᠢᠯ᠎ᠤᠨ ᠲᠣᠭᠯᠠᠯᠲᠠ ᠵᠢᠨ á  á ©á ­á ¢ ᠵᠢᠨ ᠳᠠᠰᠬᠠᠯᠵᠢᠭᠤᠯᠤᠭᠴᠢ ᠪᠠ ᠳᠠᠭ᠋ᠠᠭᠤᠯᠤᠭᠴᠢ ᠪᠣᠯᠣᠨ᠎ᠠ᠃ ᠣᠯᠠᠨ ᠲᠤᠰᠢᠶᠠᠯ᠎ᠢ ᠬᠠᠪᠰᠤᠷᠭ᠋ᠠᠨ ᠬᠠᠷᠢᠭᠤᠴᠠᠭᠰᠠᠨ᠎ᠠᠴᠠ ᠲᠡᠭᠦᠨ᠎ᠤ ᠬᠠᠷᠢᠭᠤᠴᠠᠯᠭ᠎ᠠ ᠨᠡᠩ ᠬᠦᠨᠳᠦ ᠪᠤᠯᠵᠠᠢ᠃ ᠥᠪᠡᠷ᠎ᠤᠨ ᠮᠣᠷᠢᠨ ᠮᠡᠷᠭᠡᠵᠢᠯ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠬᠦ᠎ᠠᠴᠠ ᠭᠠᠳᠠᠨ᠎ᠠ᠂ á  á ·á ¤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠬᠠᠮᠢᠷᠤᠨ᠎ᠡ᠃ ᠠᠬᠠᠮᠠᠳ ᠲᠠᠮᠢᠷᠴᠢᠨ᠎ᠤ ᠬᠤᠪᠢ᠎ᠳᠤ᠂ ᠡᠩᠬᠡᠪᠤᠯᠠᠭ á ´á  á ­ ᠢᠮᠠᠭᠲᠠ ᠳᠠᠷᠤᠤ ᠬᠢᠴᠢᠶᠡᠩᠭᠦᠢ ᠪᠠᠢ᠌ᠳᠠᠭ᠎ᠨᠢ ᠮᠣᠷᠢᠨ ᠮᠡᠷᠭᠡᠵᠢᠯ᠎ᠤᠨ ᠲᠠᠮᠢᠷ᠎ᠤᠨ ᠬᠥᠳᠡᠯᠭᠡᠭᠡᠨ᠎ᠳᠤ ᠤᠷ᠎ᠠ ᠮᠡᠷᠭᠡᠵᠢᠯ ᠪᠠ ᠲᠤᠷᠰᠢᠯᠭ᠎ᠠ ᠱᠠᠭ᠋ᠠᠷᠳᠠᠭᠳᠠᠬᠤ᠎ᠪᠠᠷ ᠪᠠᠷᠠᠬᠤ ᠦᠭᠡᠢ᠂ ᠨᠡᠩ ᠴᠤ᠌ ᠡᠷᠡᠭᠦᠯ ᠰᠠᠢ᠌ᠨ ᠰᠡᠳᠬᠢᠯ ᠰᠠᠨᠠᠭ᠎ᠠ᠎ᠲᠠᠢ ᠪᠠᠢ᠌ᠬᠤ ᠵᠢ ᠱᠠᠭ᠋ᠠᠷᠳᠠᠳᠠᠭ ᠭᠡᠰᠡᠨ᠎ᠢ ᠭᠦᠨ ᠤᠬᠠᠭ᠋ᠠᠷᠠᠭᠰᠠᠨ᠎ᠲᠠᠢ ᠬᠤᠯᠪᠤᠭ᠎ᠠ᠎ᠲᠠᠢ᠃ ᠲᠡᠷᠡ ᠪᠠᠰᠠ ᠵᠠᠯᠠᠭᠤ ᠲᠠᠮᠢᠷᠴᠢᠳ᠎ᠲᠠᠢ ᠤᠢ᠌ᠷᠠᠳᠤᠨ᠂ ᠥᠪᠡᠷ᠎ᠤᠨ ᠲᠤᠷᠰᠢᠯᠭ᠎ᠠ ᠪᠠ ᠣᠯᠣᠯᠲᠠ ᠲᠥᠷᠥᠭᠳᠡᠯ ᠵᠶ᠋ᠡᠨ ᠬᠤᠪᠢᠶᠠᠯᠴᠠᠵᠤ᠂ ᠲᠡᠳᠡᠨᠤᠰ᠎ᠤᠨ ᠳᠠᠪᠰᠢᠯᠳᠠ᠎ᠳᠤ ᠲᠤᠰᠠᠯᠠᠬᠤ ᠵᠢ ᠬᠢᠴᠢᠶᠡᠳᠡᠭ᠃


    ᠣᠳᠣᠬᠠᠨ᠎ᠳᠤ᠂ ᠡᠩᠬᠡᠪᠤᠯᠠᠭ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠪᠡᠯᠡᠳᠬᠡᠯ ᠬᠢᠵᠦ᠂ ᠰᠠᠢ᠌ᠨ ᠬᠢᠷᠢ ᠪᠦᠲᠦᠮᠵᠢ ᠤᠯᠬᠤ᠎ᠪᠠᠷ ᠮᠠᠷᠡᠢ᠌ᠵᠦ ᠪᠤᠢ᠃
    ᠡᠩᠬᠡᠪᠤᠯᠠᠭ ᠵᠢᠨ ᠪᠡᠶ᠎ᠡ ᠳᠡᠭᠡᠷ᠎ᠡ᠎ᠠᠴᠠ ᠰᠢᠯᠢᠳᠡᠭ ᠮᠣᠷᠢᠨ ᠮᠡᠷᠭᠡᠵᠢᠯ᠎ᠤᠨ ᠲᠠᠮᠢᠷᠴᠢᠨ᠎ᠤ ᠴᠤᠭ ᠵᠢᠪᠬᠤᠭ᠎ᠠ ᠪᠣᠯᠣᠨ ᠬᠠᠷᠢᠭᠤᠴᠠᠯᠭ᠎ᠠ ᠮᠡᠳᠡᠷᠡᠭᠳᠡᠵᠦ ᠪᠠᠢ᠌ᠯ᠎ᠠ᠃ ᠢᠷᠡᠭᠡᠳᠦᠢ᠎ᠳᠤ᠂ ᠲᠡᠷᠡ ᠨᠠᠩ ᠣᠯᠠᠨ ᠬᠥᠮᠥᠰ᠎ᠲᠤ ᠮᠣᠷᠢᠨ ᠮᠡᠷᠭᠡᠵᠢᠯ᠎ᠤᠨ ᠲᠠᠮᠢᠷ᠎ᠤᠨ ᠬᠥᠳᠡᠯᠭᠡᠭᠡᠨ᠎ᠢ   ᠤᠢ᠌ᠯᠠᠭ᠋ᠠᠭᠤᠯᠵᠦ᠂ ᠨᠠᠩ ᠣᠯᠠᠨ ᠰᠢᠯᠢᠳᠡᠭ ᠮᠣᠷᠢᠨ ᠮᠡᠷᠭᠡᠵᠢᠯ᠎ᠤᠨ ᠲᠠᠮᠢᠷᠴᠢᠨ᠎ᠢ ᠬᠥᠮᠥᠵᠢᠭᠦᠯᠦᠨ ᠭᠠᠷᠭ᠋ᠠᠵᠤ᠂ ᠥᠪᠥᠷ ᠮᠣᠩᠭᠣᠯ᠎ᠤᠨ ᠮᠣᠷᠢᠨ ᠮᠡᠷᠭᠡᠵᠢᠯ᠎ᠤᠨ ᠦᠢ᠍ᠯᠡᠰ᠎ᠲᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠬᠦ᠎ᠨᠢ ᠯᠡᠪᠳᠡᠢ ᠶᠤᠮ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠡᠮᠴᠢ ᠨᠡᠷ᠎ᠠᠴᠠ ᠦᠨᠳᠦᠷ ᠳᠤᠮᠳᠠᠳᠤ ᠰᠤᠷᠭ᠋ᠠᠭᠤᠯᠢ᠎ᠳᠤ ᠰᠢᠯᠭ᠋ᠠᠭᠤᠯᠬᠤ ᠪᠡᠶ᠎ᠡ ᠵᠢᠨ ᠲᠠᠮᠢᠷ᠎ᠤᠨ ᠰᠢᠯᠭ᠋ᠠᠯᠲᠠ᠎ᠳᠤ ᠰᠢᠨᠵᠢᠯᠡᠬᠦ ᠤᠬᠠᠭ᠋ᠠᠨᠴᠢ᠎ᠪᠠᠷ ᠪᠡᠯᠡᠳᠬᠡᠬᠦ ᠲᠤᠬᠠᠢ ᠦᠭᠭᠦᠭᠰᠡᠨ ᠰᠠᠨᠠᠭᠤᠯᠭ᠎ᠠ
ᠲᠠᠪᠬᠢᠯᠠᠭᠤᠯᠤᠭ᠋ᠠᠷᠠᠢ᠂ ᠤᠨᠤᠭ᠋ᠠᠴᠢ ᠬᠦᠦ!
《ᠤᠷᠤᠯᠳᠤᠭ᠋ᠠᠨ᠎ᠳᠤ ᠤᠷᠤᠯᠴᠠᠭ᠋ᠠᠳ ᠤᠯᠠᠮ ᠢᠳᠡᠭᠡᠯ᠎ᠲᠠᠢ ᠪᠤᠯᠤᠯ᠎ᠠ!》
《ᠡᠵᠢ ᠡ᠂ ᠪᠦᠬᠡ ᠪᠠᠷᠢᠯᠳᠤᠶ᠎ᠡ!》
ᠲᠠᠯ᠎ᠠ ᠵᠢᠨ ᠭᠦᠨ᠎ᠳᠠᠬᠢ ᠬᠥᠯ ᠪᠥᠮᠪᠥᠭᠡ ᠵᠢᠨ ᠤᠷᠤᠯᠳᠤᠭ᠋ᠠᠨ
 
            