ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠨᠳᠦᠰᠦᠲᠡᠨ᠎ᠤ ᠪᠡᠶ᠎ᠡ ᠲᠠᠮᠢᠷ   -   ᠦᠨᠳᠦᠰᠦᠲᠡᠨ᠎ᠤ ᠪᠡᠶ᠎ᠡ ᠲᠠᠮᠢᠷ᠎ᠤᠨ ᠪᠠᠶ᠋ᠢᠳᠠᠯ
ᠠᠷᠪᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠳᠥᠷᠪᠡᠳ ᠬᠣᠰᠢᠭᠤᠨ᠎ᠤ ᠬᠤᠪᠢᠶᠠᠷᠢ ᠲᠠᠯᠠᠪᠠᠢ ᠵᠢᠨ ᠤᠷᠤᠯᠳᠤᠭ᠋ᠠᠨ ᠡᠬᠢᠯᠡᠪᠡ
ᠨᠡᠶ᠋ᠢᠲᠡᠯᠡᠭᠰᠡᠨ ᠴᠠᠭ᠄ 2023-07-06

    7 á °á  á ·á Žá   ᠵᠢᠨ 5á Žá ¤ ᠡᠳᠦᠷ᠂ ᠠᠷᠪᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠮᠣᠷᠢ ᠤᠷᠤᠯᠳᠤᠬᠤ᠂ ᠲᠡᠮᠡᠭᠡ ᠤᠷᠤᠯᠳᠤᠬᠤ᠂ á ¡á ·á Žá ¡ ᠵᠢᠨ ᠭᠤᠷᠪᠠᠨ ᠨᠠᠭ᠋ᠠᠳᠤᠮ᠂ ᠲᠡᠮᠡᠭᠡᠨ ᠪᠥᠮᠪᠥᠭᠡ ᠵᠢᠨ ᠤᠷᠤᠯᠳᠤᠭ᠋ᠠᠨ ᠤᠯᠠᠭ᠋ᠠᠨᠴᠠᠪ ᠬᠣᠲᠠ ᠵᠢᠨ ᠳᠥᠷᠪᠡᠳ ᠬᠣᠰᠢᠭᠤᠨ᠎ᠤ ᠬᠤᠪᠢᠶᠠᠷᠢ ᠲᠠᠯᠠᠪᠠᠢ᠎ᠳᠤ ᠡᠬᠢᠯᠡᠪᠡ᠃ ᠳᠥᠷᠪᠡᠳ ᠬᠣᠰᠢᠭᠤᠨ᠎ᠤ ᠬᠤᠪᠢᠶᠠᠷᠢ ᠲᠠᠯᠠᠪᠠᠢ᠎ᠳᠤ ᠲᠣᠰ ᠬᠤᠭᠤᠴᠠᠭ᠋ᠠᠨ᠎ᠤ ᠴᠥᠭᠡᠨ ᠲᠣᠭ᠋ᠠᠲᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ 3 ᠤᠷᠤᠯᠳᠤᠭ᠋ᠠᠨ᠎ᠤ 14 ᠵᠦᠢ᠍ᠯ᠂ 1 ᠲᠣᠭᠯᠠᠯᠲᠠ ᠵᠢᠨ ᠵᠦᠢ᠍ᠯ᠎ᠤᠨ ᠤᠷᠤᠯᠳᠤᠭ᠋ᠠᠨ ᠶᠠᠪᠤᠭᠳᠠᠬᠤ ᠪᠤᠯᠤᠨ᠎ᠡ᠃
    ᠮᠤᠷᠢᠨ ᠤᠷᠤᠯᠳᠤᠭ᠋ᠠᠨ᠎ᠳᠤ ᠬᠤᠷᠳᠤᠨ ᠮᠤᠷᠢᠨ᠎ᠤ 1000 ᠮᠧᠲᠷ᠂ 1700 ᠮᠧᠲᠷ᠂ 3000 ᠮᠧᠲᠷ᠂ 5000 ᠮᠧᠲᠷ᠂ 7750 ᠮᠧᠲᠷ᠎ᠤᠨ ᠤᠷᠤᠯᠳᠤᠭ᠋ᠠᠨ᠂ ᠵᠢᠷᠣᠭ᠎ᠠ ᠮᠣᠷᠢ᠎ᠤ 1000 ᠮᠧᠲᠷ᠂ 2600 ᠮᠧᠲᠷ᠎ᠤᠨ ᠤᠷᠤᠯᠳᠤᠭ᠋ᠠᠨ᠂ ᠦᠨᠳᠦᠰᠦᠲᠡᠨ᠎ᠤ ᠤᠯᠠᠮᠵᠢᠯᠠᠯᠲᠤ ᠵᠢᠷᠣᠭ᠎ᠠ ᠮᠤᠷᠢᠨ᠎ᠤ 3000 ᠮᠧᠲᠷ᠂ 5000 ᠮᠧᠲᠷ᠎ᠤᠨ ᠤᠷᠤᠯᠳᠤᠭ᠋ᠠᠨ ᠭᠡᠬᠦ 9 ᠪᠠᠭ᠎ᠠ ᠲᠦᠷᠦᠯ᠎ᠤᠨ ᠤᠷᠤᠯᠳᠤᠭ᠋ᠠᠨ ᠲᠤᠬᠢᠷᠠᠭᠤᠯᠪᠠ᠃ 9 ᠠᠢ᠌ᠮᠠᠭ ᠬᠣᠲᠠ ᠵᠢᠨ ᠲᠥᠯᠥᠭᠡᠯᠡᠭᠴᠢᠳ᠎ᠤᠨ ᠪᠦᠯᠬᠦᠮ ᠣᠷᠣᠯᠴᠠᠵᠠᠢ᠃


    ᠲᠡᠮᠡᠭᠡᠨ ᠤᠷᠤᠯᠳᠤᠭ᠋ᠠᠨ᠎ᠳᠤ 1000 ᠮᠧᠲᠷ᠂ 3600 ᠮᠧᠲᠷ᠂ 5400 ᠮᠧᠲᠷ᠂ 10000 ᠮᠧᠲᠷ ᠭᠡᠬᠦ 4   ᠤᠷᠤᠯᠳᠤᠭ᠋ᠠᠨ᠎ᠤ ᠵᠦᠢ᠍ᠯ᠎ᠢ ᠲᠣᠬᠢᠷᠠᠭᠤᠯᠵᠤ᠂ 9 ᠠᠢ᠌ᠮᠠᠭ ᠬᠣᠲᠠ ᠵᠢᠨ ᠲᠥᠯᠥᠭᠡᠯᠡᠭᠴᠢᠳ᠎ᠤᠨ ᠪᠦᠯᠬᠦᠮ ᠣᠷᠣᠯᠴᠠᠵᠠᠢ᠃


      á ¡á ·á Žá ¡` ᠵᠢᠨ ᠭᠤᠷᠪᠠᠨ ᠨᠠᠭ᠋ᠠᠳᠤᠮ᠎ᠳᠤ ᠶᠡᠷᠦᠩᠬᠡᠢ ᠬᠢᠷᠢ ᠪᠦᠲᠦᠮᠵᠢ ᠵᠢ ᠦᠨᠳᠦᠰᠦᠯᠡᠨ ᠤᠷᠤᠯᠳᠤᠭ᠋ᠠᠨ᠎ᠤ ᠬᠢᠷᠢ ᠪᠦᠲᠦᠮᠵᠢ ᠵᠢ ᠲᠣᠭᠲᠠᠭ᠋ᠠᠵᠤ᠂ ᠨᠡᠶ᠋ᠢᠲᠡ 8 ᠠᠢ᠌ᠮᠠᠭ ᠬᠣᠲᠠ ᠵᠢᠨ ᠲᠥᠯᠥᠭᠡᠯᠡᠭᠴᠢᠳ᠎ᠤᠨ ᠪᠦᠯᠬᠦᠮ᠎ᠤᠨ 79 ᠳᠠᠭ᠋ᠠᠭᠤᠯᠤᠭᠴᠢ᠂ ᠳᠠᠰᠬᠠᠯᠵᠢᠭᠤᠯᠤᠭᠴᠢ ᠲᠠᠮᠢᠷᠴᠢᠨ ᠤᠷᠤᠯᠴᠠᠪᠠ᠃


    ᠲᠡᠮᠡᠭᠡᠨ ᠪᠥᠮᠪᠥᠭᠡ ᠵᠢᠨ ᠲᠣᠭᠯᠠᠯᠲᠠ ᠵᠢᠨ ᠵᠦᠢ᠍ᠯ᠎ᠳᠤ 5 ᠠᠢ᠌ᠮᠠᠭ ᠬᠣᠲᠠ ᠵᠢᠨ ᠲᠥᠯᠥᠭᠡᠯᠡᠭᠴᠢᠳ᠎ᠤᠨ ᠪᠦᠯᠬᠦᠮ   ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠳᠤᠭ᠋ᠠᠷ ᠬᠤᠭᠤᠴᠠᠭ᠋ᠠᠨ᠎ᠤ ᠴᠦᠭᠡᠨ ᠲᠤᠭ᠋ᠠᠳᠤ ᠦᠨᠳᠦᠰᠦᠳᠡᠨ᠎ᠤ ᠤᠯᠠᠮᠵᠢᠯᠠᠯᠳᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠠᠮᠵᠢᠯᠳᠠ᠎ᠲᠠᠢ ᠲᠡᠭᠦᠰᠪᠡ
ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠪᠢᠴᠢᠭᠯᠡᠭᠰᠡᠨ ᠦᠪᠡᠳᠡᠭᠰᠢ ᠴᠤᠭᠯᠠᠭ᠋ᠠᠨ
ᠪᠥᠭᠦ ᠤᠯᠣᠰ᠎ᠤᠨ ᠭᠡᠪᠴᠢᠶᠠᠨ᠎ᠤ ᠡᠪᠡᠷ ᠨᠤᠮᠤ ᠵᠢᠨ ᠤᠷᠤᠯᠳᠤᠭ᠋ᠠᠨ ᠠᠮᠵᠢᠯᠳᠠᠳᠠᠢ ᠦᠨᠳᠤᠷᠯᠠᠯ᠎ᠠ
2023 ᠣᠨ᠎ᠤ 《ᠪᠡᠯᠭᠦᠳᠡᠢ》 ᠬᠤᠨᠳᠠᠭ᠋ᠠᠲᠤ ᠮᠤᠩᠭᠤᠯ ᠪᠦᠬᠡ ᠵᠢᠨ ᠪᠠᠭ ᠨᠢᠭᠡᠴᠢ ᠵᠢᠨ ᠪᠠᠷᠢᠯᠳᠤᠭ᠋ᠠᠨ ᠵᠢᠴᠢ ᠮᠤᠩᠭᠤᠯ ᠪᠦᠬᠡ ᠵᠢᠨ ᠠᠪᠠᠭ᠎ᠠ ᠮᠠᠶᠢᠭ᠎ᠤᠨ ᠤᠷᠤᠯᠳᠤᠭ᠋ᠠᠨ ᠶᠠᠪᠤᠭᠳᠠᠪᠠ
 
            