ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠨᠳᠦᠰᠦᠲᠡᠨ᠎ᠤ ᠪᠡᠶ᠎ᠡ ᠲᠠᠮᠢᠷ   -   ᠦᠨᠳᠦᠰᠦᠲᠡᠨ᠎ᠤ ᠪᠡᠶ᠎ᠡ ᠲᠠᠮᠢᠷ᠎ᠤᠨ ᠪᠠᠶ᠋ᠢᠳᠠᠯ
ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠪᠢᠴᠢᠭᠯᠡᠭᠰᠡᠨ ᠦᠪᠡᠳᠡᠭᠰᠢ ᠴᠤᠭᠯᠠᠭ᠋ᠠᠨ
ᠨᠡᠶ᠋ᠢᠲᠡᠯᠡᠭᠰᠡᠨ ᠴᠠᠭ᠄ 2023-07-17

    ᠦᠩᠭᠡ ᠵᠢᠨ á ´á ¡á ´á ¡á ­á ¡á ° ᠢᠯᠭ᠋ᠠᠷᠠᠨ ᠲᠡᠯᠭᠡᠷᠡᠭᠰᠡᠨ ᠦᠨᠭᠰᠢᠭ ᠰᠠᠢ᠌ᠬᠠᠨ ᠵᠤᠨ᠎ᠤ ᠳᠤᠯᠤᠭ᠋ᠠᠨ ᠰᠠᠷ᠎ᠠ᠎ᠳᠤ ᠥᠪᠡᠷᠲᠡᠭᠡᠨ ᠵᠠᠰᠠᠬᠤ ᠤᠷᠤᠨ᠎ᠤ ᠠᠷᠪᠠᠳᠤᠭ᠋ᠠᠷ ᠬᠤᠭᠤᠴᠠᠭ᠋ᠠᠨ᠎ᠤ ᠴᠦᠬᠡᠨ ᠲᠣᠭ᠋ᠠᠲᠤ ᠦᠨᠳᠦᠰᠦᠳᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠦᠨᠢᠷ ᠪᠠᠶᠠᠯᠢᠭ   ᠤᠯᠠᠭ᠋ᠠᠨᠴᠠᠪ᠎ᠲᠤ ᠤᠳᠬ᠎ᠠ ᠲᠡᠭᠦᠯᠳᠡᠷ ᠶᠠᠪᠤᠭᠳᠠᠵᠤ᠂ ᠦᠷᠨᠢᠭᠦᠨ ᠬᠦᠭᠵᠢᠯᠲᠡ ᠵᠢ ᠬᠤᠷᠤᠢ᠌ᠯᠠᠨ᠂ á ¡á ­á ¡ ᠤᠯᠤᠰ᠎ᠤᠨ ᠤᠮᠠᠷᠠᠳᠤ ᠬᠢᠯᠢ ᠵᠢᠨ   ᠦᠨᠳᠦᠰᠦᠳᠡᠨ᠎ᠤ ᠪᠦᠯᠬᠦᠮᠳᠡᠯ ᠲᠠᠪᠰᠢᠯᠳᠠ ᠴᠡᠴᠡᠭᠯᠡᠯ ᠬᠦᠭᠵᠢᠯ᠎ᠢ ᠵᠢᠷᠤᠭᠯᠠᠯ᠎ᠠ᠃


    ᠪᠦᠬᠦ ᠤᠷᠤᠨ᠎ᠤ ᠴᠥᠭᠡᠨ ᠲᠣᠭ᠋ᠠᠲᠤ ᠦᠨᠳᠦᠰᠦᠳᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ 4 ᠵᠢᠯ᠎ᠳᠤ ᠨᠢᠭᠡ ᠤᠳᠠᠭ᠎ᠠ ᠶᠠᠪᠤᠭᠳᠠᠭᠤᠯᠳᠠᠭ᠃ 1985 ᠣᠨ᠋᠎ᠳᠤ ᠦᠪᠡᠷᠳᠡᠭᠡᠨ ᠵᠠᠰᠠᠬᠤ ᠤᠷᠤᠨ᠎ᠤ ᠠᠩᠬᠠᠳᠤᠭ᠋ᠠᠷ ᠬᠤᠭᠤᠴᠠᠭ᠋ᠠᠨ᠎ᠤ ᠴᠦᠭᠡᠨ ᠲᠤᠭ᠋ᠠᠳᠤ   ᠦᠨᠳᠦᠰᠦᠳᠡᠨ᠎ᠤ ᠤᠯᠠᠮᠵᠢᠯᠠᠯᠳᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠡᠷᠬᠢᠯᠡᠭᠰᠡᠨ᠎ᠠᠴᠠ ᠨᠠᠭ᠋ᠠᠰᠢ ᠠᠷᠪᠠᠳᠤᠭ᠋ᠠᠷ ᠬᠤᠭᠤᠴᠠᠭ᠎ᠠ᠎ᠪᠠᠨ ᠠᠮᠵᠢᠯᠳᠠ᠎ᠲᠠᠢ ᠡᠷᠬᠢᠯᠡᠭᠰᠡᠨ᠎ᠨᠢ ᠡᠨᠡ ᠪᠢᠯᠡ᠃ ᠪᠦᠬᠦ ᠤᠷᠤᠨ᠎ᠤ ᠴᠢᠨᠠᠷᠲᠠᠶ᠂ ᠶᠡᠷᠦᠩᠬᠡᠢ᠌ᠯᠡᠭᠰᠡᠨ ᠴᠢᠨᠠᠷᠲᠠᠶ᠂ ᠣᠯᠠᠨ ᠲᠦᠮᠡᠨᠴᠢ ᠴᠢᠨᠠᠷᠳᠠᠢ ᠤᠯᠠᠮᠵᠢᠯᠠᠯᠳᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ ᠦᠨᠳᠦᠰᠦᠳᠡᠨ᠎ᠤ ᠪᠦᠯᠬᠦᠮᠳᠡᠯ᠎ᠢ ᠨᠢᠭᠲᠠᠷᠠᠭᠤᠯᠬᠤ᠂ ᠦᠨᠳᠦᠰᠤᠳᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠨᠡᠮᠡᠭᠳᠡᠬᠦᠯᠬᠦ ᠪᠠ ᠲᠤᠮᠳᠠᠳᠦ ᠵᠢᠨ ᠦᠨᠳᠦᠰᠤᠳᠡᠨ᠎ᠤ ᠬᠠᠮᠳᠦ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠬᠤ ᠪᠦᠲᠦᠮᠵᠢᠲᠡᠶ ᠨᠢᠭᠡᠨ ᠲᠠᠪᠴᠠᠩ ᠪᠤᠯᠤᠨ᠎ᠠ᠃


    《ᠦᠵᠡᠰᠭᠦᠯᠡᠡᠭᠳᠦ ᠰᠠᠢ᠌ᠬᠠᠨ ᠦᠨᠢᠷ ᠪᠠᠶᠠᠯᠢᠭ ᠤᠯᠠᠭ᠋ᠠᠨᠴᠠᠪ á ¡á ¶á Žá ¡ ᠵᠣᠬᠢᠴᠠᠯᠳᠦ   ᠦᠨᠳᠦᠰᠦᠳᠡᠨ᠎ᠤ ᠦᠪᠡᠳᠡᠭᠰᠢ ᠴᠤᠭᠯᠠᠭ᠋ᠠᠨ》 ᠵᠶ᠋ᠠᠷ ᠭᠤᠤᠯ ᠰᠡᠳᠤᠪ ᠪᠤᠯᠭ᠋ᠠᠭᠰᠠᠨ ᠲᠤᠰ ᠤᠳᠠᠭ᠋ᠠᠨ᠎ᠤ ᠴᠤᠭᠯᠠᠭ᠋ᠠᠨ᠎ᠳᠤ ᠮᠤᠨᠭ᠌ᠭᠤᠯ ᠦᠨᠳᠦᠰᠦᠳᠡᠨ᠎ᠤ ᠤᠯᠠᠮᠵᠢᠯᠠᠯᠳᠦ ᠪᠡᠶ᠎ᠡ ᠵᠢᠨ ᠲᠠᠮᠢᠷ᠎ᠤᠨ ᠵᠤᠭ᠎ᠠ ᠴᠡᠨᠭᠭᠡᠯ᠎ᠤᠨ ᠲᠦᠷᠦᠯ ᠪᠤᠯᠬᠤ á ¡á ·á Žá ¡ ᠵᠢᠨ ᠭᠤᠷᠪᠠᠨ ᠨᠠᠭ᠋ᠠᠳᠤᠮ — ᠪᠦᠭᠡ ᠪᠠᠷᠢᠯᠳᠤᠬᠤ᠂ ᠮᠤᠷᠢ ᠤᠷᠤᠯᠳᠤᠬᠤ᠂ ᠰᠤᠷ ᠬᠠᠷᠪᠤᠬᠤ ᠵᠡᠷᠭᠡ ᠤᠷᠤᠯᠳᠤᠭ᠋ᠠᠨ᠎ᠠᠴᠠ ᠭᠠᠳᠠᠨ᠎ᠠ᠂ ᠲᠡᠮᠡᠭᠡ ᠤᠷᠤᠯᠳᠤᠬᠤ᠂ ᠪᠢᠯᠠᠭᠤ ᠰᠢᠳᠡᠬᠦ᠂ ᠬᠣᠯᠬᠣᠪᠴᠢ ᠨᠤᠮᠤ ᠬᠠᠷᠪᠤᠬᠤ᠂ ᠦᠨᠳᠦᠰᠦᠳᠡᠨ᠎ᠤ ᠪᠡᠶ᠎ᠡ ᠴᠢᠬᠢᠷᠠᠭᠵᠢᠭᠤᠯᠬᠤ ᠲᠠᠮᠢᠷ᠎ᠤᠨ ᠤᠷᠤᠯᠳᠤᠭ᠋ᠠᠨ ᠵᠡᠷᠭᠡ 15 ᠤᠷᠤᠯᠳᠤᠭ᠋ᠠᠨ᠎ᠤ ᠲᠥᠷᠥᠯ ᠵᠦᠢ᠍ᠯ ᠪᠠ ᠮᠤᠨᠭ᠌ᠭᠤᠯ á ­á ¡á · ᠪᠤᠰᠬᠠᠬᠤ᠂ ᠱᠠᠭ᠎ᠠ᠂ ᠪᠦᠬᠡ ᠵᠡᠷᠭᠡ 4 ᠦᠵᠡᠬᠦᠯᠭᠡ ᠵᠢᠨ ᠤᠷᠤᠯᠳᠤᠭ᠋ᠠᠨ᠎ᠤ ᠲᠥᠷᠥᠯ ᠵᠦᠢ᠍ᠯ᠎ᠢ ᠲᠤᠬᠢᠷᠠᠭᠤᠯᠵᠦ᠂ ᠪᠦᠬᠦ ᠤᠷᠤᠨ᠎ᠤ ᠲᠠᠮᠢᠷᠴᠢᠨ ᠵᠢᠴᠢ ᠲᠠᠰᠬᠠᠯᠵᠢᠭᠤᠯᠤᠭᠴᠢ᠂   ᠬᠢᠨᠠᠭᠴᠢ ᠨᠠᠢ᠌ᠳᠡ 2200 ᠭᠠᠷᠤᠶ ᠬᠥᠮᠦᠨ ᠣᠷᠣᠯᠴᠠᠭᠰᠠᠨ ᠶᠤᠮ᠃


    ᠦᠪᠡᠷᠳᠡᠭᠡᠨ ᠵᠠᠰᠠᠬᠤ ᠤᠷᠤᠨ᠎ᠤ ᠠᠷᠪᠠᠳᠤᠭ᠋ᠠᠷ ᠬᠤᠭᠤᠴᠠᠭ᠋ᠠᠨ᠎ᠤ ᠴᠦᠭᠡᠨ ᠲᠤᠭ᠋ᠠᠲᠤ ᠦᠨᠳᠦᠰᠦᠳᠡᠨ᠎ᠤ ᠤᠯᠠᠮᠵᠢᠯᠠᠯᠲᠤ ᠪᠠᠶ᠎ᠠ ᠵᠢᠨ ᠲᠠᠮᠢᠷ  á Žá ¤á ¨ ᠴᠤᠭᠯᠠᠭ᠋ᠠᠨ᠎ᠤ ᠬᠤᠪᠢᠶᠡᠷᠢ ᠲᠠᠯᠠᠪᠠᠢ ᠵᠢᠨ ᠤᠷᠤᠯᠳᠤᠭ᠋ᠠᠨ 7 á °á  á ·á Žá   ᠵᠢᠨ 6 — 8  á Žá ¤ ᠡᠳᠦᠷ ᠪᠤᠯᠳᠠᠯ᠎ᠠ ᠲᠦᠷᠪᠡᠳ ᠬᠤᠰᠢᠭᠤᠨ᠎ᠳᠤ 3 ᠡᠳᠦᠷ᠎ᠤᠨ ᠬᠤᠭᠤᠴᠠᠭ᠎ᠠ᠎ᠲᠠᠢ ᠶᠠᠪᠤᠭᠳᠠᠵᠤ᠂ 4 ᠲᠦᠮᠡ ᠭᠠᠷᠤᠶ ᠬᠥᠮᠦᠨ ᠤᠳᠠᠭ᠎ᠠ ᠲᠤᠬᠠᠶ ᠵᠢᠨ ᠲᠠᠯᠠᠪᠠᠢ᠎ᠳᠤ ᠤᠷᠤᠯᠳᠤᠭ᠋ᠠᠨ᠎ᠢ ᠰᠣᠨᠢᠷᠬᠠᠭᠰᠠᠨ ᠪᠠᠢ᠍ᠨ᠎ᠠ᠃ ᠬᠤᠪᠢᠶᠠᠷᠢ ᠤᠷᠤᠯᠳᠤᠭ᠋ᠠᠨ᠎ᠤ ᠲᠠᠯᠠᠪᠠᠶ᠎ᠳᠤ ᠲᠡᠮᠡᠭᠡᠨ ᠤᠷᠤᠯᠳᠤᠭ᠋ᠠᠨ᠂ ᠬᠤᠷᠳᠤᠨ ᠮᠤᠷᠢᠨ᠎ᠤ ᠤᠷᠤᠯᠳᠤᠭ᠋ᠠᠨ᠂ ᠵᠢᠷᠤᠭ᠎ᠠ   ᠮᠤᠷᠢᠨ᠎ᠤ ᠤᠷᠤᠯᠳᠤᠭ᠋ᠠᠨ᠂ á ¡á ·á Žá ¡ ᠵᠢᠨ ᠭᠤᠷᠪᠠᠨ ᠨᠠᠭ᠋ᠠᠳᠤᠮ᠎ᠤᠨ ᠤᠷᠤᠯᠳᠤᠭ᠋ᠠᠨ ᠪᠠ ᠲᠡᠮᠡᠭᠡᠨ ᠪᠦᠮᠪᠦᠭᠡ ᠵᠢᠨ ᠦᠵᠡᠭᠦᠯᠭᠡ ᠵᠢᠨ ᠲᠥᠷᠥᠯ ᠵᠦᠢ᠍ᠯ᠎ᠢ ᠲᠤᠬᠢᠷᠠᠭᠤᠯᠵᠤ᠂ ᠲᠡᠮᠡᠭᠡ ᠤᠷᠤᠯᠳᠤᠬᠤ᠂ ᠮᠣᠷᠢ ᠤᠷᠤᠯᠳᠤᠬᠤ᠂ á ¡á ·á Žá ¡ ᠵᠢᠨ ᠭᠤᠷᠪᠠᠨ ᠨᠠᠭ᠋ᠠᠳᠤᠮ ᠵᠡᠷᠭᠡ ᠤᠷᠤᠯᠳᠤᠭ᠋ᠠᠨ᠎ᠤ ᠵᠦᠢ᠍ᠯ᠎ᠳᠤ ᠨᠢᠭᠡᠳᠦᠭᠡᠷ ᠳᠡᠰ᠎ᠤᠨ ᠱᠠᠩᠨᠠᠯ᠎ᠢ ᠨᠡᠢ᠌ᠳᠡ 14á ‚ ᠬᠣᠶᠠᠳᠤᠭ᠋ᠠᠷ ᠳᠡᠰ᠎ᠤᠨ ᠱᠠᠩᠨᠠᠯ  á Žá ¢ ᠨᠡᠢ᠌ᠳᠡ 40á ‚ ᠭᠤᠷᠪᠠᠳᠤᠭ᠋ᠠᠷ ᠳᠡᠰ᠎ᠤᠨ ᠱᠠᠩᠨᠠᠯ᠎ᠢ ᠨᠡᠢ᠌ᠳᠡ 53 ᠰᠢᠯᠭ᠋ᠠᠷᠠᠭᠤᠯᠵᠠᠢ᠃ ᠡᠭᠦᠨ᠎ᠳᠤ᠂ ᠤᠯᠠᠭ᠋ᠠᠨᠴᠠᠪ ᠬᠣᠲᠠ᠂ ᠲᠦᠩᠯᠢᠶᠣᠤ ᠬᠣᠲᠠ᠂ ᠪᠠᠶᠠᠨᠨᠠᠭᠤᠷ ᠬᠤᠳᠠ ᠵᠢᠨ   ᠲᠦᠯᠦᠭᠡᠯᠡᠭᠴᠢᠳ᠎ᠤᠨ á  á ©á ­á ¢ ᠵᠢᠨ ᠨᠢᠭᠡᠳᠦᠭᠡᠷ ᠲᠡᠰ᠎ᠲᠤ ᠤᠷᠤᠭᠰᠠᠨ ᠲᠤᠭ᠎ᠠ᠎ᠨᠢ ᠵᠡᠷᠭᠡ᠎ᠪᠠᠷ ᠬᠠᠮᠤᠭ᠎ᠤᠨ ᠤᠯᠠᠨ ᠪᠠᠢ᠌ᠵᠦ᠂ ᠪᠠᠶᠠᠨᠨᠠᠭᠤᠷ ᠬᠣᠲᠠ   ᠲᠡᠮᠡᠭᠡᠨ ᠪᠦᠮᠪᠦᠭᠡ ᠵᠢᠨ ᠲᠤᠭᠯᠠᠯᠳᠠ ᠵᠢᠨ ᠵᠦᠢ᠍ᠯᠡᠰ᠎ᠤᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ᠃


    7 á °á  á ·á Žá   ᠶᠢᠨ 8á Žá ¤ ᠤᠷᠤᠢ᠂ ᠦᠪᠡᠷᠳᠡᠭᠡᠨ ᠵᠠᠰᠠᠬᠤ ᠤᠷᠤᠨ᠎ᠤ ᠠᠷᠪᠠᠳᠤᠭ᠋ᠠᠷ ᠬᠤᠭᠤᠴᠭ᠋ᠠᠨ᠎ᠤ ᠴᠦᠭᠡᠨ ᠲᠤᠭ᠋ᠠᠲᠤ ᠦᠨᠳᠦᠰᠦᠳᠡᠨ᠎ᠤ ᠤᠯᠠᠮᠵᠢᠯᠠᠯᠲᠤ ᠪᠠᠶ᠎ᠠ ᠵᠢᠨ ᠲᠠᠮᠢᠷ᠎ᠤᠨ ᠴᠤᠭᠯᠠᠭ᠋ᠠᠨ ᠤᠯᠠᠭ᠋ᠠᠨᠴᠠᠪ ᠬᠤᠳᠠ ᠵᠢᠨ ᠵᠢᠨᠢᠩ᠎ᠳᠤ ᠵᠢᠨᠭᠭᠢᠨᠢ᠎ᠪᠠᠷ ᠡᠬᠢᠯᠡᠪᠡ᠃ ᠡᠬᠢᠯᠡᠯᠳᠡ ᠵᠢᠨ ᠶᠤᠰᠤᠯᠠᠯ᠎ᠳᠤ᠂ ᠪᠥᠬᠥ ᠤᠯᠤᠰ᠎ᠤᠨ ᠦᠨᠳᠦᠰᠦᠳᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠵᠠᠭᠪᠤᠷ ᠶᠣᠰᠣᠭ᠋ᠠᠷ ᠭᠤᠢ᠌ᠳᠠ ᠰᠠᠢ᠌ᠬᠠᠨ ᠪᠡᠶ᠎ᠡ   ᠵᠢᠨ ᠲᠠᠮᠢᠷ ᠳᠠᠭᠤᠤ ᠪᠦᠵᠢᠭ᠎ᠤᠨ ᠲᠤᠭᠯᠠᠯᠳᠠ ᠲᠤᠬᠢᠷᠠᠭᠤᠯᠤᠭᠰᠠᠨ᠎ᠨᠢ ᠮᠠᠨ᠎ᠤ ᠤᠷᠤᠨ᠎ᠤ ᠦᠨᠳᠦᠰᠦᠳᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠡᠢ᠌ᠳᠡᠪᠤᠷᠢᠵᠢᠭᠤᠯᠵᠦ᠂ ᠦᠨᠳᠦᠰᠦᠳᠡᠨ᠎ᠨᠦᠭᠦᠳ᠎ᠤᠨ ᠤᠯᠤᠰ ᠵᠶ᠋ᠠᠨ ᠬᠦᠴᠦᠷᠭᠡᠭᠵᠢᠭᠦᠯᠬᠦ ᠪᠥᠲᠥᠭᠡᠨ ᠪᠠᠢ᠌ᠭᠤᠯᠤᠯᠳᠠ᠎ᠳᠤ ᠡᠷᠡᠮᠡᠬᠡᠢ᠌ᠯᠡᠨ ᠣᠷᠣᠯᠴᠠᠬᠤ ᠰᠢᠨ᠎ᠡ á ´á  á ­ ᠦᠶ᠎ᠡ ᠵᠢᠨ ᠳᠦᠷᠰᠦ   ᠪᠠᠢ᠌ᠳᠠᠯ᠎ᠢ ᠭᠦᠢ᠍ᠴᠡᠳ ᠢᠯᠡᠷᠡᠭᠦᠯᠪᠡ᠃


    ᠤᠷᠤᠯᠳᠤᠭ᠋ᠠᠨ᠎ᠨᠢ ᠪᠥᠬᠡ ᠪᠠᠷᠢᠯᠳᠤᠬᠤ᠂ ᠮᠣᠷᠢ ᠤᠷᠤᠯᠳᠤᠬᠤ᠂ ᠲᠡᠮᠡᠭᠡ ᠤᠷᠤᠯᠳᠤᠬᠤ᠂ ᠰᠤᠷ ᠬᠠᠷᠪᠤᠬᠤ᠂ ᠪᠢᠯᠠᠭᠤ ᠰᠢᠳᠡᠬᠦ ᠵᠡᠷᠭᠡ 14 ᠤᠷᠤᠯᠳᠤᠭ᠋ᠠᠨ᠎ᠤ ᠲᠦᠷᠦᠯ ᠵᠦᠢ᠍ᠯ ᠪᠠ ᠮᠤᠨᠭ᠌ᠭᠤᠯ á ­á ¡á · ᠪᠤᠰᠬᠠᠬᠤ᠂ ᠲᠡᠮᠡᠭᠡᠨ ᠪᠦᠮᠪᠦᠭᠡ᠂ ᠱᠠᠭ᠎ᠠ᠂ ᠪᠦᠬᠡ ᠵᠡᠷᠭᠡ ᠦᠵᠡᠬᠦᠯᠭᠡ ᠵᠢᠨ ᠤᠷᠤᠯᠳᠤᠭ᠋ᠠᠨ ᠵᠶ᠋ᠠᠷ ᠪᠠᠶᠠᠯᠢᠭ ᠰᠠᠢ᠌ᠬᠠᠨ ᠶᠠᠪᠤᠭᠳᠠᠯ᠎ᠠ᠃ ᠡᠭᠦᠨ᠎ᠳᠤ ᠱᠠᠭ᠎ᠠ ᠵᠢᠨ ᠤᠷᠤᠯᠳᠤᠭ᠋ᠠᠨ᠎ᠨᠢ ᠠᠨᠭ᠌ᠬ᠎ᠠ ᠤᠳᠠᠭ᠎ᠠ ᠦᠪᠡᠷᠳᠡᠭᠡᠨ ᠵᠠᠰᠠᠬᠤ   ᠤᠷᠤᠨ᠎ᠤ ᠴᠦᠭᠡᠨ ᠲᠤᠭ᠋ᠠᠲᠤ ᠦᠨᠳᠦᠰᠦᠳᠡᠨ᠎ᠤ ᠤᠯᠠᠮᠵᠢᠯᠠᠯᠲᠤ ᠪᠠᠶ᠎ᠠ ᠵᠢᠨ ᠲᠠᠮᠢᠷ᠎ᠤᠨ ᠴᠤᠭᠯᠠᠭ᠋ᠠᠨ᠎ᠤ ᠤᠷᠤᠯᠳᠤᠭ᠋ᠠᠨ᠎ᠤ ᠬᠡᠯᠪᠡᠷᠢ᠎ᠪᠠᠷ ᠤᠷᠤᠭᠰᠠᠨ᠎ᠨᠢ ᠨᠢᠭᠡᠨ ᠬᠢᠯᠠᠰ ᠴᠢᠭ ᠪᠤᠯᠵᠦ᠂ ᠬᠤᠷᠠᠭᠰᠠᠨ ᠤᠯᠠᠨ᠎ᠤ ᠪᠠᠬᠠᠷᠬᠠᠯ᠎ᠢ ᠲᠠᠲᠠᠯ᠎ᠠ᠃ ᠤᠷᠤᠯᠳᠤᠭ᠋ᠠᠨ᠎ᠤ ᠪᠦᠬᠦ ᠶᠠᠪᠤᠴᠠ᠎ᠳᠤ ᠲᠠᠮᠢᠷᠴᠢᠳ ᠵᠢᠪᠬᠤᠭ᠎ᠠ ᠲᠡᠭᠦᠯᠳᠡᠷ᠂ ᠡᠷᠡᠯᠭᠡᠭᠯᠡᠨ ᠲᠡᠮᠡᠴᠡᠵᠦ᠂ ᠥᠨᠳᠥᠷ ᠲᠦᠪᠰᠢᠨ ᠵᠶ᠋ᠠᠷ ᠤᠷᠤᠯᠳᠤᠨ᠂ ᠨᠥᠬᠥᠷᠯᠡᠯ ᠵᠶ᠋ᠠᠨ ᠵᠤᠵᠠᠭ᠋ᠠᠳᠬᠠᠵᠦ᠂   ᠠᠨᠠᠷ᠎ᠤᠨ ᠦᠷ᠎ᠡ ᠰᠢᠭ ᠨᠢᠠᠠᠳᠠᠷᠠᠨ ᠪᠦᠯᠬᠦᠮᠳᠡᠵᠦ᠂ ᠲᠠᠯ᠎ᠠ   ᠨᠤᠳᠤᠭ᠎ᠤᠨ ᠬᠦᠪᠡᠭᠦᠳ ᠦᠬᠢᠳ᠎ᠤᠨ ᠴᠣᠭ ᠵᠢᠪᠬᠤᠭ᠎ᠠ ᠵᠢ ᠢᠯᠡᠷᠡᠭᠦᠯᠦᠯ᠎ᠡ᠃


    ᠤᠷᠤᠯᠳᠤᠭ᠋ᠠᠨ᠎ᠠᠴᠠ ᠭᠠᠳᠠᠨ᠎ᠠ ᠪᠠᠰᠠ ᠦᠨᠳᠦᠰᠦᠳᠡᠨ᠎ᠤ ᠬᠠᠮᠳᠦ ᠵᠢᠨ ᠨᠠᠢ᠌ᠷ᠎ᠤᠨ ᠦᠳᠡᠰᠢᠯᠡᠭᠡ ᠪᠠ ᠲᠣᠭᠣᠷᠢᠨ ᠦᠵᠡᠵᠦ ᠪᠡᠶᠡᠴᠢᠯᠡᠨ   ᠤᠢ᠌ᠯᠠᠭ᠋ᠠᠬᠤ ᠠᠵᠢᠯᠯᠠᠭ᠎ᠠ ᠡᠷᠬᠢᠯᠡᠪᠡ᠃ 7 á °á  á ·á Žá   ᠵᠢᠨ 11á Žá ¤ ᠡᠳᠦᠷ᠂ 12 ᠠᠢ᠌ᠮᠠᠭ ᠬᠤᠳᠠ ᠵᠢᠨ ᠲᠦᠯᠦᠭᠡᠯᠡᠭᠴᠢᠳ᠎ᠤᠨ ᠪᠦᠯᠬᠦᠮ᠎ᠤᠨ ᠲᠠᠮᠢᠷᠴᠢᠨ᠂ ᠲᠠᠰᠬᠠᠯᠵᠢᠭᠤᠯᠤᠭᠴᠢ ᠪᠠ ᠡᠯ᠎ᠡ ᠵᠠᠭᠤᠴᠢᠯᠠᠭᠤᠷ᠎ᠤᠨ ᠰᠤᠷᠪᠤᠯᠵᠢᠯᠠᠭᠴᠢᠳ ᠴᠠᠬᠠᠷ ᠪᠠᠷᠠᠭᠤᠨ ᠭᠠᠷᠤᠨ   ᠬᠤᠢ᠌ᠳᠦ ᠬᠤᠰᠢᠭᠤᠨ᠎ᠤ ᠭᠠᠯᠲᠤ ᠠᠭᠤᠯᠠ ᠵᠢᠨ ᠭᠠᠵᠠᠷ ᠰᠢᠨᠵᠢᠯᠡᠭᠡᠨ᠎ᠤ ᠴᠡᠴᠡᠷᠯᠢᠭ ᠪᠠ ᠵᠢᠨᠢᠩ᠎ᠤᠨ ᠣᠯᠠᠨ ᠤᠯᠤᠰ᠎ᠤᠨ á  á ·á  á °á ¤ ᠰᠢᠷᠢ ᠵᠢᠨ ᠬᠤᠳᠠᠯᠳᠤᠭ᠋ᠠᠨ᠎ᠤ   ᠲᠦᠪ᠎ᠲᠤ ᠬᠦᠷᠴᠦ ᠲᠣᠭᠣᠷᠢᠨ ᠰᠤᠨᠢᠷᠬᠠᠪᠠ᠃ ᠤᠯᠠᠭ᠋ᠠᠨᠴᠠᠪ᠎ᠤᠨ ᠭᠤᠢ᠌ᠳᠠ ᠰᠠᠢ᠌ᠬᠠᠨ ᠪᠠᠢ᠌ᠭ᠋ᠠᠯᠢ ᠵᠢᠨ ᠦᠨᠭᠭᠡ ᠦᠵᠡᠮᠵᠢ᠂ ᠰᠡᠷᠢᠭᠦᠨ ᠲᠠᠭ᠋ᠠᠯᠠᠮᠵᠢᠲᠠᠢ ᠠᠭᠤᠷ ᠠᠮᠢᠰᠬᠤᠯ ᠪᠠ ᠬᠦᠮᠦᠨ ᠰᠤᠶᠤᠯ ᠤᠨᠴᠠᠯᠢᠬᠳᠤ ᠠᠵᠤ ᠦᠢ᠍ᠯᠡᠰ᠎ᠨᠢ ᠤᠯᠠᠨ᠎ᠤ ᠬᠠᠷᠠᠭ᠎ᠠ ᠵᠢ ᠰᠡᠷᠭᠦᠭᠡᠵᠦ᠂ ᠰᠡᠳᠬᠢᠯ᠎ᠢ ᠰᠤᠭᠳᠤᠭᠤᠷᠠᠭᠤᠯᠤᠨ᠎ᠠ᠃ 11á Žá ¤ ᠤᠷᠤᠢ ᠵᠢᠨ 8 ᠴᠠᠭ᠎ᠲᠤ᠂ ᠦᠪᠡᠷᠳᠡᠭᠡᠨ ᠵᠠᠰᠠᠬᠤ ᠤᠷᠤᠨ᠎ᠤ ᠠᠷᠪᠠᠳᠤᠭ᠋ᠠᠷ ᠬᠤᠭᠤᠴᠠᠭ᠋ᠠᠨ᠎ᠤ ᠴᠥᠭᠡᠨ ᠲᠣᠭ᠋ᠠᠲᠤ ᠦᠨᠳᠦᠰᠦᠳᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠦᠨᠳᠦᠰᠦᠳᠡᠨ᠎ᠤ ᠬᠠᠮᠳᠦ ᠵᠢᠨ ᠨᠠᠢ᠌ᠷ ᠤᠯᠠᠭ᠋ᠠᠨᠴᠠᠪ᠎ᠤᠨ ᠲᠦᠷᠭᠡᠨ᠎ᠤ ᠲᠡᠮᠦᠷ ᠵᠠᠮ᠎ᠤᠨ ᠦᠷᠳᠡᠭᠡᠨ᠎ᠤ ᠡᠮᠦᠨ᠎ᠡ ᠲᠠᠯ᠎ᠠ᠎ᠲᠠᠬᠢ 《ᠤᠯᠠᠭ᠋ᠠᠨᠴᠠᠪ᠎ᠤᠨ ᠦᠳᠡᠰᠢ》 ᠵᠡᠭᠡᠯᠢ ᠲᠤᠭᠤᠷᠢᠭ᠎ᠲᠤ ᠬᠦᠰᠢᠭᠡ ᠢᠷᠠᠪᠠ᠃ ᠦᠳᠡᠰᠢᠯᠡᠭᠡ᠎ᠳᠤ᠂ 《ᠪᠠᠶᠠᠰᠬᠤᠯᠠᠩᠳᠤ ᠬᠥᠯᠥᠨ ᠪᠤᠢ᠌ᠷ》᠂      ã€Šá ªá ¤á ­á ¤á ³á ¦ ᠬᠤᠳᠠ ᠵᠢᠨ ᠮᠠᠭᠲᠠᠭ᠋ᠠᠯ ᠳᠠᠭᠤᠤ》᠂ 《ᠦᠵᠡᠰᠭᠦᠯᠡᠩᠲᠦ   ᠰᠠᠢ᠌ᠬᠠᠨ ᠤᠯᠠᠭ᠋ᠠᠨᠬᠠᠳᠠ》᠂ 《ᠦᠨᠭ ᠦᠷᠭᠡᠨ ᠠᠯᠠᠱ᠌ᠠ》 ᠭᠡᠬᠦᠴᠢᠯᠡᠨ ᠪᠦᠬᠦ ᠤᠷᠤᠨ᠎ᠤ 12   ᠠᠢ᠌ᠮᠠᠭ ᠬᠤᠳᠠ ᠵᠢᠨ   ᠲᠦᠯᠦᠭᠡᠯᠡᠭᠴᠢᠳ᠎ᠤᠨ ᠪᠦᠯᠬᠦᠮ ᠡᠭᠡᠯᠵᠢᠯᠡᠨ ᠭᠤᠢ᠌ᠳᠠ ᠰᠠᠢ᠌ᠬᠠᠨ ᠲᠤᠭᠯᠠᠯᠳᠠ ᠭᠠᠷᠭ᠋ᠠᠵᠤ᠂ ᠰᠤᠯᠢᠯᠴᠠᠭ᠎ᠠ᠎ᠪᠠᠨ ᠴᠢᠩᠭ᠋ᠠᠳᠬᠠᠵᠤ᠂ ᠬᠠᠮᠳᠤ ᠵᠢᠨ ᠲᠠᠨᠢᠯᠳᠠ᠎ᠪᠠᠨ ᠨᠢᠭᠳᠠᠷᠠᠭᠤᠯᠵᠤ᠂ ᠨᠦᠬᠦᠷᠯᠡᠯ ᠵᠶ᠋ᠠᠨ ᠪᠠᠳᠤᠳᠬᠠᠪᠠ᠃ ᠤᠷᠠᠨ   ᠰᠠᠢ᠌ᠬᠠᠨ᠎ᠤ ᠦᠳᠡᠰᠢᠯᠡᠭᠡ ᠵᠢᠨ ᠳᠠᠷᠠᠭ᠎ᠠ᠂ ᠬᠤᠸᠠᠷ ᠫᠤᠤᠵᠢᠩ᠎ᠤᠨ ᠦᠵᠡᠭᠦᠯᠭᠡ ᠵᠢᠨ ᠭᠤᠢ᠌ᠳᠠ ᠰᠠᠢ᠌ᠬᠠᠨ   ᠲᠤᠭᠯᠠᠯᠳᠠ᠎ᠨᠢ ᠨᠠᠩ   ᠴᠦ᠍ ᠦᠨᠳᠦᠰᠦᠳᠡᠨ᠎ᠤ ᠬᠠᠮᠳᠦ ᠵᠢᠨ ᠨᠠᠢ᠌ᠷ᠎ᠲᠤ ᠭᠦᠭ ᠨᠠᠮᠠᠪᠠ᠃ ᠦᠨᠳᠦᠰᠦᠳᠡᠨ᠎ᠤ ᠬᠠᠮᠳᠦ ᠵᠢᠨ ᠨᠠᠢ᠌ᠷ ᠪᠤᠯ ᠲᠤᠰ ᠤᠳᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠭᠤᠤᠯ ᠠᠭᠤᠯᠭ᠎ᠠ ᠵᠢᠨ ᠨᠢᠭᠡ ᠪᠠᠢ᠍ᠵᠤ᠂ ᠪᠤᠰᠤᠳ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠠᠴᠠ ᠢᠯᠭ᠋ᠠᠭᠳᠠᠬᠤ ᠢᠯᠡᠷᠬᠡᠶ ᠣᠨᠴᠠᠯᠢᠭ ᠮᠥᠨ᠃


    7 á °á  á ·á Žá   ᠵᠢᠨ 13á Žá ¤ ᠦᠳᠡ ᠵᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ᠎ᠤ ᠠᠷᠪᠠᠳᠤᠭ᠋ᠠᠷ ᠬᠤᠭᠤᠴᠠᠭ᠋ᠠᠨ᠎ᠤ ᠴᠥᠭᠡᠨ ᠲᠣᠭ᠋ᠠᠲᠤ   ᠦᠨᠳᠦᠰᠦᠳᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠡᠭᠦᠰᠭᠦ ᠶᠣᠰᠣᠯᠠᠯ ᠶᠠᠪᠤᠭᠳᠠᠵᠤ᠂ ᠲᠤᠰ ᠬᠤᠭᠤᠴᠠᠭ᠋ᠠᠨ᠎ᠤ ᠦᠪᠡᠳᠡᠭᠰᠢ ᠴᠤᠭᠯᠠᠭ᠋ᠠᠨ ᠦᠯᠵᠡᠢ᠌ᠳᠡᠢ ᠰᠠᠢ᠌ᠬᠠᠨ ᠦᠨᠳᠦᠷᠯᠡᠭᠰᠡᠨ ᠪᠢᠯᠡ᠃ ᠲᠠᠷᠠᠭ᠋ᠠᠴᠢ ᠵᠢᠨ ᠬᠤᠭᠤᠴᠠᠭ᠋ᠠᠨ᠎ᠤ ᠪᠦᠬᠦ ᠤᠷᠤᠨ᠎ᠤ ᠴᠥᠭᠡᠨ ᠲᠣᠭ᠋ᠠᠲᠤ   ᠦᠨᠳᠦᠰᠦᠳᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠶ᠋ᠠᠨ ᠬᠦᠰᠡᠨ ᠬᠦᠯᠢᠶᠡᠶ᠎ᠡ!

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠪᠥᠭᠦ ᠤᠯᠣᠰ᠎ᠤᠨ ᠭᠡᠪᠴᠢᠶᠠᠨ᠎ᠤ ᠡᠪᠡᠷ ᠨᠤᠮᠤ ᠵᠢᠨ ᠤᠷᠤᠯᠳᠤᠭ᠋ᠠᠨ ᠠᠮᠵᠢᠯᠳᠠᠳᠠᠢ ᠦᠨᠳᠤᠷᠯᠠᠯ᠎ᠠ
2023 ᠣᠨ᠎ᠤ 《ᠪᠡᠯᠭᠦᠳᠡᠢ》 ᠬᠤᠨᠳᠠᠭ᠋ᠠᠲᠤ ᠮᠤᠩᠭᠤᠯ ᠪᠦᠬᠡ ᠵᠢᠨ ᠪᠠᠭ ᠨᠢᠭᠡᠴᠢ ᠵᠢᠨ ᠪᠠᠷᠢᠯᠳᠤᠭ᠋ᠠᠨ ᠵᠢᠴᠢ ᠮᠤᠩᠭᠤᠯ ᠪᠦᠬᠡ ᠵᠢᠨ ᠠᠪᠠᠭ᠎ᠠ ᠮᠠᠶᠢᠭ᠎ᠤᠨ ᠤᠷᠤᠯᠳᠤᠭ᠋ᠠᠨ ᠶᠠᠪᠤᠭᠳᠠᠪᠠ
2023 ᠣᠨ᠎ᠤ ᠪᠥᠬᠥ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ U25 ᠵᠠᠯᠠᠭᠤᠴᠤᠳ᠎ᠤᠨ ᠪᠥᠬᠡ ᠵᠢᠨ ᠤᠷᠤᠯᠳᠤᠭ᠋ᠠᠨ ᠶᠠᠪᠤᠭᠳᠠᠪᠠ
ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠥᠷᠥᠯ ᠵᠦᠢ᠍ᠯ᠎ᠢ ᠬᠦᠭᠵᠢᠭᠦᠯᠬᠦ ᠵᠢᠨ ᠤᠴᠢᠷ
 
            