ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠨᠳᠦᠰᠦᠲᠡᠨ᠎ᠤ ᠪᠡᠶ᠎ᠡ ᠲᠠᠮᠢᠷ   -   ᠦᠨᠳᠦᠰᠦᠲᠡᠨ᠎ᠤ ᠪᠡᠶ᠎ᠡ ᠲᠠᠮᠢᠷ᠎ᠤᠨ ᠪᠠᠶ᠋ᠢᠳᠠᠯ
ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠡᠬᠢᠯᠡᠪᠡ
ᠨᠡᠶ᠋ᠢᠲᠡᠯᠡᠭᠰᠡᠨ ᠴᠠᠭ᠄ 2024-11-25

    11 á °á  á ·á Žá   ᠵᠢᠨ 22᠎ᠤᠨ ᠤᠷᠤᠢ᠂ ᠠᠷᠪᠡᠨ ᠬᠤᠶᠠᠲᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠴᠦᠭᠡᠨ ᠲᠤᠭ᠋ᠠᠲᠤ ᠦᠨᠲᠦᠰᠦᠲᠡᠨ᠎ᠤ ᠤᠯᠠᠮᠵᠢᠯᠠᠯᠲᠦ ᠪᠡᠶ᠎ᠡ ᠵᠢᠨ ᠲᠠᠮᠢᠷ᠎ᠤᠨ ᠴᠤᠭᠯᠠᠭ᠋ᠠᠨ ᠬᠠᠶ᠋ᠢᠨᠠᠨ᠎ᠤ ᠰᠠᠨᠶᠠ ᠬᠤᠲᠠ ᠵᠢᠨ ᠪᠡᠶ᠎ᠡ ᠵᠢᠨ ᠲᠠᠮᠢᠷ᠎ᠤᠨ ᠳᠦᠪ᠎ᠲᠤ ᠡᠭᠢᠯᠡᠪᠡ᠃
    ᠲᠦᠷᠪᠡᠨ ᠵᠢᠯ᠎ᠳᠤ ᠨᠢᠭᠡ ᠬᠤᠭᠤᠴᠠᠭ᠎ᠠ ᠶᠠᠪᠤᠭᠳᠠᠳᠠᠭ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠣᠯ ᠮᠠᠨ᠎ᠤ ᠤᠯᠤᠰ᠎ᠤᠨ ᠬᠡᠪ ᠪᠠᠷᠢᠮᠵᠢᠶ᠎ᠠ᠎ᠪᠠᠷ ᠬᠠᠮᠤᠭ᠎ᠤᠨ ᠥᠨᠳᠥᠷ᠂ ᠬᠡᠪᠴᠢᠶ᠎ᠡ᠎ᠪᠠᠷ ᠬᠠᠮᠤᠭ᠎ᠤᠨ á ¶á ¡á ­á ¡ ᠶᠡᠷᠦᠩᠬᠡᠶ᠋ᠢᠯᠡᠭᠰᠡᠨ ᠴᠢᠨᠠᠷᠲᠠᠶ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠦᠪᠡᠳᠡᠭᠰᠢ ᠴᠤᠭᠯᠠᠭ᠋ᠠᠨ ᠪᠠᠶ᠋ᠢᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠡᠯᠭᠡᠯᠡᠵᠦ ᠬᠠᠮᠲᠤ᠎ᠪᠠᠷ ᠡᠳ᠋ᠯᠡᠬᠦ ᠦᠪᠡᠳᠡᠭᠰᠢ á ¶á ¡á ­á ¡ ᠪᠠᠶᠠᠷ᠎ᠤᠨ ᠡᠳᠦᠷ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ᠂ ᠴᠡᠴᠡᠭᠯᠡᠨ ᠬᠥᠭᠵᠢᠬᠦ ᠵᠢ ᠠᠬᠢᠭᠤᠯᠬᠤ ᠴᠢᠬᠤᠯᠠ ᠲᠠᠪᠴᠠᠩ ᠪᠣᠯᠤᠭᠰᠠᠨ ᠪᠠᠶ᠋ᠢᠨ᠎ᠠ᠃ ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠣᠯ ᠮᠥᠨ ᠴᠦ᠍ ᠨᠠᠮ᠎ᠤᠨ ᠬᠤᠷᠢᠳᠤᠭ᠋ᠠᠷ á ¶á ¡á ­á ¡ ᠬᠤᠷᠠᠯ᠎ᠤᠨ ᠳᠠᠷᠠᠭ᠎ᠠ ᠶᠠᠪᠤᠭᠳᠠᠭᠰᠠᠨ ᠠᠩᠬᠠᠳᠤᠭ᠋ᠠᠷ ᠤᠳᠠᠭ᠋ᠠᠨ᠎ᠤ ᠪᠥᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠠᠢ᠌ᠵᠦ᠂ ᠪᠥᠬᠦ ᠤᠯᠤᠰ᠎ᠤᠨ ᠲᠦᠮᠡ ᠰᠢᠬᠠᠮ ᠲᠠᠮᠢᠷᠴᠢᠳ ᠪᠠ ᠬᠦᠨᠳᠦᠲᠦ ᠵᠣᠴᠢᠳ ᠬᠠᠢ᠌ᠨᠠᠨ᠎ᠳᠤ ᠴᠤᠭᠯᠠᠷᠠᠵᠦ᠂ ᠦᠨᠳᠦᠰᠦᠲᠡᠨ᠎ᠤ ᠪᠦᠯᠬᠦᠮᠳᠡᠯ᠎ᠤᠨ á ¶á ¡á ­á ¡ ᠨᠠᠶ᠋ᠢᠷ᠎ᠢ ᠪᠢᠴᠢᠭᠯᠡᠭᠰᠡᠨ ᠪᠠᠢ᠌ᠨ᠎ᠡ᠃
    ᠲᠤᠰ ᠤᠳᠠᠭ᠋ᠠᠨ᠎ᠤ ᠡᠬᠢᠯᠡᠯᠲᠡ ᠵᠢᠨ ᠶᠣᠰᠣᠯᠠᠯ᠎ᠳᠤ ᠡᠬᠢᠯᠡᠯᠲᠡ ᠵᠢᠨ ᠶᠣᠰᠣᠯᠠᠯ ᠪᠠ ᠰᠣᠶᠣᠯ ᠲᠠᠮᠢᠷ᠎ᠤᠨ ᠦᠵᠡᠭᠦᠯᠦᠯᠭᠡ ᠵᠢᠨ ᠲᠣᠭᠯᠠᠯᠲᠠ ᠭᠡᠬᠦ ᠬᠤᠶᠠᠷ ᠭᠤᠭᠴᠤᠭ᠎ᠠ ᠵᠢ ᠪᠠᠭᠳᠠᠭ᠋ᠠᠵᠤ᠂ ᠬᠤᠶᠠᠷ á ´á  á ­ ᠰᠢᠬᠠᠮ ᠦᠷᠭᠦᠯᠵᠢᠯᠡᠪᠡ᠃ ᠲᠠᠯᠠᠪᠠᠢ᠎ᠳᠤ ᠣᠷᠣᠬᠤ ᠶᠣᠰᠣᠯᠠᠯ ᠳᠡᠭᠡᠷ᠎ᠡ᠂ ᠡᠯ᠎ᠡ ᠲᠥᠯᠥᠭᠡᠯᠡᠭᠴᠢᠳ᠎ᠤᠨ ᠪᠦᠯᠬᠦᠮ ᠵᠢᠴᠢ ᠲᠣᠭᠯᠠᠯᠲᠠ ᠵᠢᠨ ᠡᠩᠨᠡᠭᠡ ᠡᠯ᠎ᠡ ᠭᠠᠵᠠᠷ᠎ᠤᠨ ᠬᠠᠮᠤᠭ᠎ᠤᠨ ᠭᠤᠶ᠋ᠢᠳᠠ ᠰᠠᠶ᠋ᠢᠬᠠᠨ ᠦᠨᠳᠦᠰᠦᠲᠡᠨ᠎ᠤ ᠤᠷᠠᠨ ᠰᠠᠶ᠋ᠢᠬᠠᠨ᠎ᠤ ᠲᠣᠭᠯᠠᠯᠲᠠ ᠵᠢ ᠲᠤᠭᠯᠠᠭᠰᠠᠨ ᠪᠠᠶ᠋ᠢᠨ᠎ᠠ᠃
    ᠣᠶ᠋ᠢᠯᠠᠭ᠋ᠠᠭᠰᠠᠨ ᠵᠶ᠋ᠠᠷ᠂ ᠲᠣᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ 18 ᠲᠦᠷᠦᠯ᠎ᠤᠨ ᠤᠷᠤᠯᠳᠤᠭ᠋ᠠᠨ ᠪᠠ   ᠤᠷᠤᠯᠳᠤᠭ᠋ᠠᠨ᠎ᠤ ᠲᠥᠷᠥᠯ᠂ ᠤᠷ᠎ᠠ ᠮᠡᠷᠭᠡᠵᠢᠯ᠎ᠤᠨ ᠲᠥᠷᠥᠯ᠂ ᠶᠡᠷᠦᠩᠬᠡᠶ᠋ᠢᠯᠡᠭᠰᠡᠨ ᠲᠥᠷᠥᠯ᠎ᠤᠨ ᠭᠡᠬᠦ ᠭᠤᠷᠪᠠᠨ ᠲᠥᠷᠥᠯ᠎ᠤᠨ ᠲᠣᠭᠯᠠᠯᠲᠠ ᠵᠢᠨ   ᠲᠦᠷᠦᠯ᠎ᠢ ᠳᠣᠭᠢᠷᠠᠭᠤᠯᠵᠤ᠂ ᠦᠨᠳᠦᠰᠦᠲᠡᠨ᠎ᠨᠦᠭᠦᠳ᠎ᠤᠨ ᠤᠯᠠᠮᠵᠢᠯᠠᠯᠲᠤ ᠵᠠᠩ ᠵᠠᠩᠰᠢᠯ᠎ᠢ ᠢᠯᠡᠷᠡᠭᠦᠯᠵᠦ᠂ ᠳᠤᠮᠳᠠᠳᠤ ᠵᠢᠨ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠤᠨ᠂ ᠳᠤᠮᠳᠠᠳᠤ ᠵᠢᠨ ᠰᠣᠶᠣᠯ᠎ᠤᠨ ᠮᠡᠳᠡᠷᠡᠮᠵᠢ ᠵᠢ ᠨᠡᠮᠡᠭᠳᠡᠭᠦᠯᠬᠦ ᠪᠣᠯᠤᠨ᠎ᠠ᠃

ᠢᠷᠡᠯᠲᠡ᠄ ᠰᠢᠨᠬᠤᠸᠠ ᠬᠤᠷᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠭᠦᠮ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠭᠢᠯᠡᠯᠲᠡ ᠵᠢᠨ ᠶᠣᠰᠣᠯᠠᠯ᠎ᠳᠤ ᠣᠷᠣᠯᠴᠠᠪᠠ
ᠳᠡᠭᠦᠵᠢᠩ᠄ ᠨᠢᠭᠡ ᠤᠳᠠᠭ᠋ᠠᠨ᠎ᠤ ᠥᠨᠳᠥᠷ ᠣᠭᠲᠠᠷᠭᠤᠢ᠎ᠳᠠᠬᠢ 《ᠪᠠᠯᠧᠲ ᠪᠥᠵᠢᠭ》 ᠰᠠᠨᠶᠠ᠎ᠳᠤ ᠲᠣᠭᠯᠠᠪᠠ
ᠦᠨᠳᠦᠰᠦᠲᠡᠨ᠎ᠤ ᠮᠠᠶᠢᠭ᠎ᠤᠨ ᠪᠠᠷᠢᠯᠳᠤᠭ᠋ᠠᠨ᠄ ᠪᠢᠳᠡ ᠰᠠᠨᠶᠠ᠎ᠳᠤ ᠨᠠᠢ᠌ᠵᠠ ᠨᠠᠷ᠎ᠲᠠᠢ᠎ᠪᠠᠨ 《ᠪᠠᠷᠢᠯᠳᠤᠪᠠ》
ᠦᠨᠳᠦᠰᠦᠲᠡᠨ᠎ᠤ ᠪᠡᠶ᠎ᠡ ᠴᠢᠭᠢᠷᠠᠭᠵᠢᠭᠤᠯᠬᠤ ᠲᠠᠮᠢᠷ᠄ ᠠᠮᠢᠵᠢᠷᠠᠯ᠎ᠤᠨ ᠬᠦᠴᠦᠨ ᠪᠢᠯᠬᠠᠭᠰᠠᠨ ᠬᠠᠮᠤᠭ᠎ᠤᠨ ᠭᠣᠶᠣ ᠦᠨᠳᠦᠰᠦᠲᠡᠨ᠎ᠤ ᠬᠡᠪ ᠨᠠᠮᠪᠠ ᠵᠢ ᠭᠠᠢ᠌ᠬᠠᠭᠤᠯᠤᠯ᠎ᠠ
ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠭᠦᠮ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠭᠢᠯᠡᠯᠲᠡ ᠵᠢᠨ ᠶᠣᠰᠣᠯᠠᠯ᠎ᠳᠤ ᠣᠷᠣᠯᠴᠠᠪᠠ
 
            