ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠨᠳᠦᠰᠦᠲᠡᠨ᠎ᠤ ᠪᠡᠶ᠎ᠡ ᠲᠠᠮᠢᠷ   -   ᠦᠨᠳᠦᠰᠦᠲᠡᠨ᠎ᠤ ᠪᠡᠶ᠎ᠡ ᠲᠠᠮᠢᠷ᠎ᠤᠨ ᠪᠠᠶ᠋ᠢᠳᠠᠯ
ᠪᠦᠬᠦ ᠤᠯᠤᠰ᠎ᠤᠨ ᠦᠨᠳᠦᠰᠦᠲᠡᠨ᠎ᠤ ᠲᠠᠮᠢᠷ᠎ᠤᠨ ᠴᠤᠭᠯᠠᠭ᠋ᠠᠨ 11 ᠰᠠᠷ᠎ᠠ᠎ᠳᠤ ᠡᠬᠢᠯᠡᠨ᠎ᠡ
ᠨᠡᠶ᠋ᠢᠲᠡᠯᠡᠭᠰᠡᠨ ᠴᠠᠭ᠄ 2024-04-05

   3 á °á  á ·á Žá   ᠵᠢᠨ 27á Žá  á ´á   28á Žá ¤ ᠡᠳᠦᠷ ᠪᠣᠯᠲᠠᠯ᠎ᠠ᠂ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠤᠶᠠᠳᠤᠭ᠋ᠠᠷ ᠤᠳᠠᠭ᠋ᠠᠨ᠎ᠤ ᠪᠡᠯᠡᠳᠬᠡᠯ ᠠᠵᠢᠯ᠎ᠤᠨ ᠬᠤᠷᠠᠯ ᠬᠠᠶ᠋ᠢᠨᠠᠨ ᠮᠤᠵᠢ ᠵᠢᠨ ᠰᠠᠨᠶᠠ ᠬᠤᠲᠠ᠎ᠳᠤ ᠬᠤᠷᠠᠯᠳᠤᠪᠠ᠃
    ᠣᠶ᠋ᠢᠯᠠᠭ᠋ᠠᠭᠰᠠᠨ ᠵᠶ᠋ᠠᠷ᠂ ᠲᠣᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠬᠠᠶ᠋ᠢᠨᠠᠨ ᠰᠢᠨᠵᠢᠶᠠᠩ ᠭᠡᠬᠦ 2 ᠤᠷᠤᠯᠳᠤᠭ᠋ᠠᠨ᠎ᠤ ᠲᠣᠭᠤᠷᠢᠭ᠎ᠤᠨ 19 ᠤᠷᠤᠯᠳᠤᠭ᠋ᠠᠨ᠎ᠤ ᠲᠥᠷᠥᠯ ᠵᠦᠢ᠍ᠯ᠎ᠤᠨ ᠲᠠᠯᠠᠪᠤᠷ ᠣᠷᠳᠣᠨ ᠭᠠᠷᠭ᠋ᠠᠪᠠ᠃ ᠡᠭᠦᠨ᠎ᠳᠤ ᠮᠣᠷᠢᠨ ᠮᠡᠷᠭᠡᠵᠢᠯ᠎ᠤᠨ ᠤᠷᠤᠯᠳᠤᠭ᠋ᠠᠨ ᠰᠢᠨᠵᠢᠶᠠᠩ᠎ᠳᠤ᠂ ᠬᠤᠸᠠᠷ ᠫᠤᠤᠵᠢᠩ᠎ᠤᠨ ᠤᠷᠤᠯᠳᠤᠭ᠋ᠠᠨ ᠬᠠᠶ᠋ᠢᠨᠠᠨ᠎ᠤ ᠯᠢᠩ ᠱᠦᠢ ᠯᠢ ᠦᠨᠳᠦᠰᠦᠲᠡᠨ᠎ᠤ ᠥᠪᠡᠷᠲᠡᠭᠡᠨ ᠵᠠᠰᠠᠬᠤ ᠰᠢᠶᠠᠨ᠎ᠳᠤ ᠶᠠᠪᠤᠭᠳᠠᠵᠤ᠂ ᠪᠤᠰᠤᠳ ᠲᠥᠷᠥᠯ ᠵᠦᠢ᠍ᠯ᠎ᠨᠢ ᠴᠥᠮ ᠰᠠᠨᠶᠠ ᠬᠤᠲᠠ᠎ᠳᠤ ᠶᠠᠪᠤᠭᠳᠠᠨ᠎ᠠ᠃ ᠪᠦᠬᠦ ᠲᠠᠯᠠᠪᠠᠢ ᠣᠷᠳᠣᠨ᠎ᠢ 4 á °á  á ·á Žá   ᠵᠢᠨ ᠡᠴᠦᠰ᠎ᠠᠴᠠ ᠡᠮᠦᠨ᠎ᠡ ᠲᠤᠰᠢᠶᠠᠵᠤ ᠬᠡᠷᠡᠭᠯᠡᠭᠦᠯᠦᠨ᠎ᠡ᠃
    ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ 2024 ᠣᠨ᠎ᠤ 11 á °á  á ·á Žá   ᠵᠢᠨ 22᠎ᠤᠨ ᠡᠳᠦᠷ᠎ᠠᠴᠠ 30á Žá ¤ ᠡᠳᠦᠷ ᠪᠣᠯᠲᠠᠯ᠎ᠠ ᠬᠠᠶ᠋ᠢᠨᠠᠨ᠎ᠤ ᠰᠠᠨᠶᠠ᠎ᠳᠤ   ᠶᠠᠪᠤᠭᠳᠠᠨ᠎ᠠ᠃
   ã€Šá ¦á ¨á ³á ¦á °á ¦á ²á ¡á ¨á Žá ¤ ᠪᠦᠯᠬᠦᠮᠳᠡᠯ᠎ᠤᠨ ᠦᠪᠡᠳᠡᠭᠰᠢ á ¶á ¡á ­á ¡ ᠴᠤᠭᠯᠠᠭ᠋ᠠᠨ   ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠦᠪᠡᠳᠡᠭᠰᠢ ᠴᠤᠭᠯᠠᠭ᠋ᠠᠨ》᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ á ­á ¡á · ᠣᠷᠣᠨ᠎ᠢ ᠴᠣᠭᠴᠠᠯᠠᠬᠤ》 ᠵᠡᠷᠭᠡ ᠤᠷᠢᠶ᠎ᠠ ᠯᠣᠽᠦ᠋ᠩ᠎ᠨᠢ ᠤᠷᠤᠯᠳᠤᠭ᠋ᠠᠨ᠎ᠤ ᠲᠠᠯᠠᠪᠤᠷ ᠣᠷᠳᠣᠨ᠎ᠳᠤ ᠡᠯᠭᠦᠵᠦ᠂ ᠬᠡᠰᠡᠭ ᠲᠠᠯᠠᠪᠠᠶ ᠣᠷᠳᠣᠨ᠎ᠤ ᠲᠠᠯᠠᠪᠤᠷ ᠭᠠᠵᠠᠷ᠎ᠢ ᠲᠡᠭᠰᠢᠯᠡᠬᠦ᠂ á ­á ¡á · ᠳᠣᠲᠣᠷᠠᠬᠢ ᠴᠢᠮᠡᠭᠯᠡᠯ᠎ᠢ ᠵᠠᠰᠠᠬᠤ᠂ LED ᠲᠣᠮᠣ ᠳᠡᠯᠭᠡᠴᠡ ᠵᠢ ᠨᠡᠮᠡᠬᠦ ᠵᠡᠷᠭᠡ ᠥᠭᠡᠷᠡᠴᠢᠯᠡᠬᠦ ᠠᠵᠢᠯ᠎ᠢ á ¶á  á ­ ᠬᠢᠵᠦ ᠪᠠᠶ᠋ᠢᠨ᠎ᠠ᠃
    ᠭᠦᠢ᠍ᠴᠡᠳᠬᠡᠬᠦ ᠵᠥᠪᠯᠡᠯ᠎ᠤᠨ ᠲᠠᠯᠠᠪᠠᠢ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠬᠡᠯᠲᠡᠰ᠎ᠲᠤ ᠠᠵᠢᠯᠯᠠᠵᠤ ᠪᠠᠶ᠋ᠢᠭ᠎ᠠ ᠬᠤᠸᠠᠩ ᠴᠦᠢ ᠴᠢᠨ ᠬᠡᠯᠡᠬᠦ᠎ᠳᠡᠭᠡᠨ᠂ ᠠᠷᠪᠢᠴᠢ ᠭᠠᠮᠲᠠᠢ᠎ᠪᠠᠷ ᠴᠤᠭᠯᠠᠭ᠋ᠠᠨ ᠡᠷᠬᠢᠯᠡᠬᠦ ᠵᠠᠷᠴᠢᠮ ᠶᠣᠰᠣᠭ᠋ᠠᠷ᠂ ᠲᠣᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ ᠰᠠᠨᠶᠠ ᠬᠤᠲᠠ ᠵᠢᠨ ᠣᠳᠣ ᠪᠠᠶ᠋ᠢᠭ᠎ᠠ ᠲᠠᠯᠠᠪᠤᠷ ᠣᠷᠳᠣᠨ ᠭᠠᠵᠠᠷ ᠵᠶ᠋ᠠᠷ ᠭᠤᠣᠯ ᠪᠣᠯᠭ᠋ᠠᠵᠤ᠂ ᠬᠥᠮᠦᠨ ᠰᠣᠶᠣᠯ ᠪᠠ ᠰᠢᠨᠵᠢᠯᠡᠬᠦ ᠤᠬᠠᠭ᠋ᠠᠨ ᠮᠡᠷᠭᠡᠵᠢᠯ᠎ᠢ ᠠᠭᠤᠰᠤᠯᠴᠠᠭᠤᠯᠵᠤ᠂ ᠦᠨᠳᠦᠰᠦᠲᠡᠨ᠎ᠤ ᠪᠡᠶ᠎ᠡ ᠵᠢᠨ ᠲᠠᠮᠢᠷ᠂ ᠦᠨᠳᠦᠰᠦᠲᠡᠨ᠎ᠤ ᠰᠣᠶᠣᠯ᠎ᠤᠨ ᠣᠨᠴᠠᠯᠢᠭ᠎ᠢ ᠳᠡᠯᠭᠡᠨ ᠦᠵᠡᠭᠦᠯᠵᠦ᠂ ᠭᠤᠶ᠋ᠢᠳᠠ ᠰᠠᠶ᠋ᠢᠬᠠᠨ ᠮᠥᠷᠲᠡᠭᠡᠨ ᠳᠥᠭᠦᠮ ᠳᠥᠲᠡ ᠡᠷᠬᠢᠯᠡᠬᠦ ᠬᠠᠷᠠᠯᠲᠠ ᠵᠢ ᠴᠢᠷᠮᠠᠶ᠋ᠢᠨ ᠪᠠᠶᠡᠯᠡᠭᠦᠯᠬᠦ᠎ᠪᠠᠷ ᠪᠤᠢ᠃
    ᠡᠭᠦᠨ᠎ᠠᠴᠠ ᠭᠠᠳᠠᠨ᠎ᠠ᠂ ᠲᠣᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ ᠪᠠᠷᠤᠭ 1 ᠲᠦᠮᠡᠨ ᠨᠡᠷᠡᠰ ᠤᠷᠤᠯᠳᠤᠭ᠋ᠠᠨ ᠪᠠ ᠬᠤᠲᠠ ᠵᠢᠨ ᠰᠠᠶ᠋ᠢᠨ ᠳᠤᠷ᠎ᠠ ᠵᠢᠨ ᠠᠵᠢᠯᠯᠠᠭᠴᠢ ᠵᠢ ᠡᠯᠰᠡᠬᠦ᠎ᠪᠠᠷ ᠲᠥᠯᠥᠪᠯᠡᠵᠦ᠂ ᠲᠠᠯᠠᠪᠤᠷ ᠣᠷᠳᠣᠨ᠎ᠤ ᠳᠣᠲᠣᠨ᠎ᠠ ᠭᠠᠳᠠᠨ᠎ᠠ᠂ ᠵᠠᠮ ᠬᠠᠷᠢᠯᠴᠠᠭ᠋ᠠᠨ᠎ᠤ ᠥᠷᠲᠡᠭᠡ á ´á ¡á ­ ᠵᠡᠷᠭᠡ᠎ᠳᠤ ᠦᠢ᠍ᠯᠡᠴᠢᠯᠡᠭᠡ ᠬᠠᠩᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠰᠦᠯᠳᠡ ᠪᠤᠯᠤᠨ ᠦᠯᠵᠡᠢ᠌ᠳᠦ ᠠᠮᠢᠳᠠᠨ᠎ᠢ ᠨᠡᠢ᠌ᠳᠡᠯᠡᠪᠡ
ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠡᠬᠢᠯᠡᠪᠡ
ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠭᠦᠮ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠭᠢᠯᠡᠯᠲᠡ ᠵᠢᠨ ᠶᠣᠰᠣᠯᠠᠯ᠎ᠳᠤ ᠣᠷᠣᠯᠴᠠᠪᠠ
ᠳᠡᠭᠦᠵᠢᠩ᠄ ᠨᠢᠭᠡ ᠤᠳᠠᠭ᠋ᠠᠨ᠎ᠤ ᠥᠨᠳᠥᠷ ᠣᠭᠲᠠᠷᠭᠤᠢ᠎ᠳᠠᠬᠢ 《ᠪᠠᠯᠧᠲ ᠪᠥᠵᠢᠭ》 ᠰᠠᠨᠶᠠ᠎ᠳᠤ ᠲᠣᠭᠯᠠᠪᠠ
ᠦᠨᠳᠦᠰᠦᠲᠡᠨ᠎ᠤ ᠮᠠᠶᠢᠭ᠎ᠤᠨ ᠪᠠᠷᠢᠯᠳᠤᠭ᠋ᠠᠨ᠄ ᠪᠢᠳᠡ ᠰᠠᠨᠶᠠ᠎ᠳᠤ ᠨᠠᠢ᠌ᠵᠠ ᠨᠠᠷ᠎ᠲᠠᠢ᠎ᠪᠠᠨ 《ᠪᠠᠷᠢᠯᠳᠤᠪᠠ》
 
            