ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠨᠢᠭᠡ ᠤᠳᠠᠭ᠎ᠠ ᠵᠢᠨ ᠤᠷᠤᠯᠳᠤᠭ᠋ᠠᠨ ᠨᠢᠭᠡ ᠬᠤᠳᠠ ᠵᠢ ᠬᠦᠭᠵᠢᠭᠡᠮᠦᠢ᠄ ᠬᠥᠯ ᠪᠥᠮᠪᠥᠭᠡ ᠵᠢᠨ ᠦᠪᠡᠳᠡᠭᠰᠢ ᠳᠠᠶ᠋ᠢᠯᠠᠯᠭ᠎ᠠ ᠬᠥᠬᠡᠬᠣᠲᠠ ᠵᠢᠨ ᠰᠢᠨ᠎ᠡ ᠠᠮᠢᠵᠢᠷᠠᠯ᠎ᠤᠨ ᠬᠦᠴᠦᠨ᠎ᠢ ᠬᠥᠭᠵᠢᠭᠡᠪᠡ
ᠨᠡᠶ᠋ᠢᠲᠡᠯᠡᠭᠰᠡᠨ ᠴᠠᠭ᠄ 2025-06-04

      6 á °á  á ·á Žá   ᠵᠢᠨ 1á Žá ¤  ᠡᠳᠦᠷ᠎ᠤᠨ  ᠣᠷᠣᠢ᠂ ᠬᠥᠬᠡᠬᠣᠲᠠ᠎ᠳᠤ ᠪᠠᠢ᠌ᠭ᠎ᠠ ᠤᠯᠤᠰ᠎ᠤᠨ ᠤᠮᠠᠷᠠᠲᠤ ᠵᠢᠨ ᠬᠥᠯ ᠪᠥᠮᠪᠥᠭᠡ ᠵᠢᠨ ᠪᠣᠯᠪᠠᠰᠤᠷᠠᠯ᠎ᠤᠨ ᠰᠠᠭᠤᠷᠢᠨ  ᠭᠠᠵᠠᠷ᠎ᠲᠤ  ᠬᠥᠮᠥᠰ ᠳᠦᠭᠦᠷᠴᠦ᠂  ᠡᠨᠡ  ᠣᠷᠣᠢ ᠵᠢᠨ ᠲᠤᠬᠠᠢ ᠵᠢᠨ ᠲᠠᠯᠠᠪᠠᠢ ᠵᠢᠨ 17511 ᠦᠵᠡᠭᠴᠢᠳ ᠡᠨᠡᠬᠦ ᠰᠡᠳᠬᠢᠯ ᠳᠣᠭᠳᠣᠯᠤᠭᠤᠯᠤᠮ᠎ᠠ á ´á  á ­ ᠮᠥᠴᠡ ᠵᠢ ᠭᠡᠷᠡᠴᠢᠯᠡᠵᠡᠢ᠃ ᠪᠠᠢ᠌ᠯᠳᠤᠭ᠋ᠠᠨ᠎ᠤ ᠲᠤᠭ  ᠬᠤᠤ ᠬᠤᠤ᠂ ᠲᠠᠭᠤᠨ ᠳᠣᠯᠭᠢᠶᠠᠨ ᠵᠶ᠋ᠠᠷ  ᠪᠢᠯᠬᠠᠵᠤ᠂ 《ᠳᠤᠮᠳᠠᠳᠤ ᠤᠯᠤᠰ᠎ᠤᠨ á  á ©á ­á ¢

ᠴᠢᠷᠮᠠᠢ!》  ᠭᠡᠬᠦ  ᠬᠠᠰᠬᠢᠷᠤᠯ ᠣᠭᠲᠠᠷᠭᠤᠢ᠎ᠳᠤ ᠴᠤᠤᠷᠢᠶᠠᠲᠤᠵᠤ᠂ 2025CFA ᠳᠤᠮᠳᠠᠳᠤ ᠤᠯᠤᠰ᠎ᠤᠨ ᠠᠩᠭᠢ· ã€Šá °á ¢á ©á Žá ²á  á ¢  ᠬᠤᠨᠳᠠᠭ᠋ᠠᠲᠤ》  ᠬᠥᠬᠡᠬᠣᠲᠠ ᠵᠢᠨ ᠤᠯᠠᠨ ᠤᠯᠤᠰ᠎ᠤᠨ ᠬᠥᠯ ᠪᠥᠮᠪᠥᠭᠡ ᠵᠢᠨ  ᠮᠠᠩᠯᠠᠢ  ᠰᠢᠯᠭ᠋ᠠᠷᠠᠭᠤᠯᠬᠤ ᠤᠷᠤᠯᠳᠤᠭ᠋ᠠᠨ ᠤᠷᠬᠢᠯ᠎ᠳᠠᠭᠠᠨ ᠲᠤᠯᠪᠠ᠃ ᠳᠤᠮᠳᠠᠳᠤ ᠤᠯᠤᠰ᠎ᠤᠨ U-16 ᠳ᠋ᠤᠭ᠋ᠠᠷ á  á ©á ­á ¢ ᠵᠢᠨ ᠪᠢᠴᠢᠬᠠᠨ ᠭᠧᠨᠧᠷᠠᠯ ᠢᠯᠠᠯᠲᠠ ᠵᠢᠨ ᠪᠠᠢ᠌ᠳᠠᠯ᠎ᠢ ᠨᠢᠭᠡ ᠤᠳᠠᠭ᠎ᠠ ᠬᠠᠷᠪᠤᠨ ᠲᠣᠭᠲᠠᠭ᠋ᠠᠬᠤ ᠵᠢ ᠳᠠᠭ᠋ᠠᠯᠳᠤᠨ᠂ ᠳᠤᠮᠳᠠᠳᠤ ᠤᠯᠤᠰ᠎ᠤᠨ á  á ©á ­á ¢ 5-2 ᠬᠦᠴᠦ᠎ᠪᠠᠷ ᠠᠦ᠋ᠰᠲᠷᠠᠯᠢᠶ᠎ᠠ ᠵᠢᠨ á  á ©á ­á ¢ ᠵᠢ ᠢᠯᠠᠵᠤ᠂ ᠭᠡᠷ᠎ᠤᠨ ᠡᠭᠦᠳᠡᠨ᠎ᠳᠡᠭᠡᠨ ᠡᠨᠡ ᠬᠦ᠌ ᠳᠡᠯᠡᠬᠡᠢ ᠵᠢᠨ B ᠳᠡᠰ᠎ᠤᠨ ᠤᠷᠤᠯᠳᠤᠭ᠋ᠠᠨ᠎ᠤ ᠮᠠᠩᠯᠠᠢ ᠱᠠᠩᠨᠠᠯ᠎ᠤᠨ ᠬᠤᠨᠳᠠᠭ᠎ᠠ ᠵᠢ ᠡᠷᠭᠦᠪᠡ᠃ U-16 ᠵᠢᠨ ᠪᠢᠴᠢᠬᠠᠨ ᠨᠠᠢ᠌ᠵᠠ ᠨᠠᠷ ᠭᠠᠢ᠌ᠬᠠᠯᠲᠠᠢ ᠰᠠᠢ᠌ᠬᠠᠨ ᠢᠯᠡᠷᠡᠯ ᠵᠶ᠋ᠡᠷ ᠵᠶ᠋ᠡᠨ ᠰᠢᠯᠢᠳᠡᠭ ᠬᠢᠷᠢ ᠪᠦᠲᠦᠮᠵᠢ ᠵᠢᠨ ᠬᠠᠭᠤᠳᠠᠰᠤ᠎ᠪᠠᠨ  ᠲᠤᠰᠢᠶᠠᠵᠤ᠂ ᠭᠤᠷᠪᠠᠨ ᠡᠳᠦᠷ᠎ᠤᠨ ᠬᠤᠭᠤᠴᠠᠭ᠎ᠠ᠎ᠲᠠᠢ ᠬᠥᠯ ᠪᠥᠮᠪᠥᠭᠡ ᠵᠢᠨ ᠦᠪᠡᠳᠡᠭᠰᠢ ᠨᠠᠢ᠌ᠷ᠎ᠨᠢ á ¶á  á ­ ᠯᠠ ᠨᠠᠭᠤᠷ᠎ᠤᠨ ᠲᠥᠪ᠎ᠲᠤ ᠣᠷᠣᠭᠰᠠᠨ ᠠᠪᠤᠷᠭᠤ ᠴᠢᠯᠠᠭᠤ ᠰᠢᠭ᠋ ᠵᠶ᠋ᠡᠷ ᠭᠣᠣᠯᠯᠠᠨ ᠡᠷᠭᠢᠯᠡᠭᠰᠡᠨ ᠬᠣᠲᠠ ᠬᠥᠬᠡᠬᠣᠲᠠ᠎ᠳᠤ ᠳᠠᠪᠬᠤᠷ ᠳᠠᠪᠬᠤᠷ ᠢᠷᠠᠯᠵᠢ ᠲᠠᠲᠠᠵᠤ᠂ ᠪᠥᠬᠥ ᠬᠣᠲᠠ᠎ᠪᠠᠷ ᠵᠶ᠋ᠠᠨ ᠬᠥᠷ ᠬᠥᠭᠵᠢᠶᠡᠨ᠎ᠲᠠᠢ ᠪᠠᠢ᠌ᠯ᠎ᠠ᠃


W020250603634239503259.jpg


      ᠲᠣᠰ ᠤᠳᠠᠭ᠋ᠠᠨ᠎ᠤ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠢ ᠳᠤᠮᠳᠠᠳᠤ ᠤᠯᠤᠰ᠎ᠤᠨ ᠬᠥᠯ ᠪᠥᠮᠪᠥᠭᠡ ᠵᠢᠨ ᠨᠡᠢ᠌ᠭᠡᠮᠯᠢᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠠᠯᠠᠪᠠᠶ ᠣᠷᠳᠣᠨ᠎ᠤ ᠦᠢ᠍ᠯᠡᠴᠢᠯᠡᠭᠡᠨ᠎ᠤ ᠲᠥᠪ᠂ ᠥᠪᠥᠷ ᠮᠣᠩᠭᠣᠯ᠎ᠤᠨ ᠬᠥᠯ ᠪᠥᠮᠪᠥᠭᠡ ᠵᠢᠨ ᠨᠡᠢ᠌ᠭᠡᠮᠯᠢᠭ᠂  ᠬᠥᠬᠡᠬᠣᠲᠠ ᠵᠢᠨ  ᠪᠡᠶ᠎ᠡ ᠵᠢᠨ ᠲᠠᠮᠢᠷ᠎ᠤᠨ ᠲᠣᠪᠴᠢᠶ᠎ᠠ  ᠬᠠᠮᠲᠤᠷᠠᠨ ᠳᠠᠭ᠋ᠠᠭ᠋ᠠᠴᠢᠯᠠᠨ ᠡᠷᠬᠢᠯᠡᠪᠡ᠃ ᠡᠨᠡ᠎ᠨᠢ ᠳᠤᠮᠳᠠᠳᠤ ᠤᠯᠤᠰ᠎ᠤᠨ U-16 ᠡᠷᠡᠭᠲᠡᠢ ᠵᠢᠨ ᠬᠥᠯ ᠪᠥᠮᠪᠥᠭᠡ ᠵᠢᠨ á  á ©á ­á ¢ ᠵᠢᠨ ᠤᠯᠤᠰ᠎ᠤᠨ ᠳᠣᠲᠣᠭ᠋ᠠᠳᠤ᠎ᠳᠤ ᠠᠩᠬ᠎ᠠ ᠤᠳᠠᠭ᠎ᠠ ᠭᠣᠣᠯ ᠲᠠᠯᠠᠪᠤᠷ᠎ᠲᠤ  ᠤᠷᠤᠯᠳᠤᠵᠤ᠂ ᠮᠥᠨ ᠴᠦ᠍ ᠥᠪᠥᠷ ᠮᠣᠩᠭᠣᠯ᠎ᠤᠨ ᠣᠢ᠌ᠷ᠎ᠠ ᠵᠢᠨ ᠵᠢᠯ᠎ᠳᠤ ᠳᠠᠭ᠋ᠠᠭ᠋ᠠᠴᠢᠯᠠᠨ ᠡᠷᠭᠢᠯᠡᠭᠰᠡᠨ ᠬᠠᠮᠤᠭ᠎ᠤᠨ ᠥᠨᠳᠥᠷ ᠲᠠᠰ᠎ᠤᠨ 11 ᠬᠥᠮᠥᠨ᠎ᠤ ᠳᠦᠷᠢᠮᠲᠦ ᠣᠯᠠᠨ ᠤᠯᠤᠰ᠎ᠤᠨ ᠬᠥᠯ ᠪᠥᠮᠪᠥᠭᠡ ᠵᠢᠨ ᠤᠷᠤᠯᠳᠤᠭ᠋ᠠᠨ ᠪᠣᠯᠣᠨ᠎ᠠ᠂ ᠳᠤᠮᠳᠠᠳᠤ ᠤᠯᠤᠰ᠂ ᠠᠦ᠋ᠰᠲᠷᠠᠯᠢᠶ᠎ᠠ᠂ ᠸᠢᠶᠧᠲᠨᠠᠮ᠂ ᠰᠠᠦ᠋ᠳ᠋᠎ᠤᠨ ᠠᠷᠠᠪ᠎ᠤᠨ U-16 ᠡᠷᠡᠭᠲᠡᠢ ᠵᠢᠨ ᠬᠥᠯ ᠪᠥᠮᠪᠥᠭᠡ ᠵᠢᠨ ᠳᠥᠷᠪᠡᠨ ᠰᠢᠯᠢᠳᠡᠭ á  á ©á ­á ¢ ᠵᠢᠨ ᠠᠩᠬᠠᠷᠤᠯ᠎ᠢ ᠲᠠᠲᠠᠵᠤ᠂ 5 á °á  á ·á Žá   ᠵᠢᠨ 28á Žá ¤ ᠡᠳᠦᠷ᠂ 5 á °á  á ·á Žá   ᠵᠢᠨ 30á Žá ¤ ᠡᠳᠦᠷ ᠪᠠ 6 á °á  á ·á Žá   ᠵᠢᠨ 1á Žá ¤ ᠡᠳᠦᠷ 6 ᠲᠠᠯᠠᠪᠤᠷ ᠭᠣᠢ᠌ᠳᠠ ᠰᠠᠢ᠌ᠬᠠᠨ ᠦᠵᠡᠯᠴᠡᠭᠡᠨ ᠶᠠᠪᠤᠭᠤᠯᠵᠤ᠂ á ¶á ¡á ·á ¦ ᠪᠤᠰᠤ ᠵᠢᠨ á  á ´á ¢ ᠬᠣᠯᠪᠣᠭᠳᠠᠯ᠎ᠲᠠᠢ ᠶᠤᠮ᠃

 

图片1.png

 

      ᠬᠣᠲᠠ ᠵᠢᠨ ᠬᠠᠯᠠᠭᠤᠨ ᠰᠡᠳᠬᠢᠯᠭᠡ ᠵᠢ ᠬᠥᠭᠵᠢᠭᠡᠵᠦ᠂ ᠪᠦᠬᠦ á  á ·á  á ³ ᠵᠶ᠋ᠠᠷ ᠵᠶ᠋ᠠᠨ 《ᠨᠣᠭᠣᠭ᠋ᠠᠨ ᠵᠦᠯᠭᠡᠨ᠎ᠤ  ᠵᠣᠴᠢᠳ᠎ᠤᠨ ᠲᠢᠩᠬᠢᠮ》 ᠵᠢ  ᠡᠳ᠋ᠯᠡᠮᠦᠢ

      ᠭᠤᠷᠪᠠᠨ ᠤᠷᠤᠯᠳᠤᠭ᠋ᠠᠨ᠎ᠤ ᠡᠳᠦᠷ᠂ ᠤᠯᠤᠰ᠎ᠤᠨ ᠤᠮᠠᠷᠠᠲᠤ ᠵᠢᠨ ᠬᠥᠯ ᠪᠥᠮᠪᠥᠭᠡ ᠵᠢᠨ ᠪᠣᠯᠪᠠᠰᠤᠷᠠᠯ᠎ᠤᠨ ᠰᠠᠭᠤᠷᠢᠨ ᠭᠠᠵᠠᠷ á Žá ¨á ¢  ᠬᠥᠬᠡᠬᠣᠲᠠ ᠵᠢᠨ ᠬᠠᠮᠤᠭ᠎ᠤᠨ ᠬᠥᠭᠵᠢᠶᠡᠨ᠎ᠲᠠᠢ 《ᠬᠣᠲᠠ ᠵᠢᠨ ᠵᠣᠴᠢᠳ᠎ᠤᠨ  ᠲᠢᠩᠬᠢᠮ》 ᠪᠣᠯᠵᠤ ᠬᠤᠪᠢᠷᠠᠪᠠ᠃  ᠲᠤᠬᠠᠢ ᠵᠢᠨ  ᠲᠠᠯᠠᠪᠠᠢ᠎ᠳᠤ᠂ ᠳᠤᠮᠳᠠᠳᠤ ᠤᠯᠤᠰ᠎ᠤᠨ U-16 ᠪᠢᠴᠢᠬᠠᠨ ᠵᠠᠩᠵᠤᠨ ᠨᠠᠷ ᠣᠮᠣᠭ ᠰᠦᠷ ᠲᠡᠭᠦᠯᠳᠡᠷ ᠪᠠᠢ᠌ᠵᠤ᠂ ᠵᠣᠷᠢᠭᠲᠠᠢ᠎ᠪᠠᠷ ᠲᠡᠮᠡᠴᠡᠵᠡᠢ; ᠲᠠᠯᠠᠪᠠᠢ ᠵᠢᠨ ᠳᠣᠣᠷ᠎ᠠ᠂ ᠬᠣᠶᠠᠷ ᠲᠦᠮᠡ ᠰᠢᠬᠠᠮ ᠰᠠᠭᠤᠳᠠᠯ᠎ᠤᠨ ᠭᠠᠵᠠᠷ ᠨᠡᠢ᠌ᠯᠡᠯᠳᠦᠭᠡᠳ ᠨᠢᠭᠡᠨ ᠬᠡᠰᠡᠭ ᠤᠯᠠᠭ᠋ᠠᠨ ᠳᠠᠯᠠᠢ ᠪᠣᠯᠪᠠ᠃  ᠴᠢᠩ ᠰᠡᠳᠬᠢᠯ᠎ᠤᠨ ᠭᠦᠨ᠎ᠠᠴᠠ ã€Šá ³á ¤á ®á ³á  á ³á ¤ ᠤᠯᠤᠰ᠎ᠤᠨ á  á ©á ­á ¢  ᠴᠢᠷᠮᠠᠢ》  ᠭᠡᠬᠦ᠎ᠨᠢ  ᠬᠥᠬᠡᠬᠣᠲᠠ ᠵᠢᠨ á  á ·á  á ³ ᠲᠦᠮᠡᠨ᠎ᠤ ᠬᠥᠯ ᠪᠥᠮᠪᠥᠭᠡ᠎ᠳᠤ ᠬᠠᠨᠳᠤᠭᠤᠯᠤᠭᠰᠠᠨ ᠬᠠᠮᠤᠭ᠎ᠤᠨ ᠴᠡᠪᠡᠷ ᠬᠠᠢ᠌ᠷ᠎ᠠ ᠪᠠ ᠲᠡᠪᠡᠷᠢᠯᠲᠡ ᠵᠢᠨ ᠠᠵᠢᠯᠯᠠᠭ᠎ᠠ ᠪᠣᠯᠣᠨ᠎ᠠ᠃  ᠤᠷᠤᠯᠳᠤᠭ᠋ᠠᠨ᠎ᠨᠢ ᠪᠦᠬᠦ ᠤᠯᠤᠰ᠎ᠤᠨ  ᠪᠦᠮᠪᠦᠭᠡ ᠵᠢᠨ  ᠬᠤᠷᠤᠬᠠᠢ᠍ᠢ᠍ᠳᠠᠨ᠎ᠤ ᠠᠩᠬᠠᠷᠤᠯ᠎ᠢ ᠲᠠᠲᠠᠵᠤ᠂ 5 ᠲᠦᠮᠡ ᠰᠢᠬᠠᠮ ᠬᠥᠯ ᠪᠥᠮᠪᠥᠭᠡᠨ᠎ᠳᠤ ᠪᠠᠬᠠᠲᠠᠢ ᠬᠥᠮᠥᠰ ᠪᠡᠶ᠎ᠡ᠎ᠪᠠᠷ ᠵᠶ᠋ᠡᠨ ᠲᠤᠬᠠᠢ ᠵᠢᠨ ᠲᠠᠯᠠᠪᠠᠢ᠎ᠳᠤ ᠢᠷᠡᠵᠤ᠂ ᠣᠷᠭᠢᠯᠤᠮ᠎ᠠ ᠬᠠᠯᠠᠭᠤᠨ ᠰᠡᠳᠬᠢᠯᠭᠡ ᠵᠢ ᠮᠡᠳᠡᠷᠡᠪᠡ᠃ CCTV5á ‚ ᠲᠥᠪ᠎ᠤᠨ  ᠲᠧᠯᠸᠢᠰ᠎ᠤᠨ ᠪᠡᠶ᠎ᠡ ᠵᠢᠨ ᠲᠠᠮᠢᠷ᠎ᠤᠨ ᠬᠡᠷᠡᠭᠯᠡᠭᠴᠢ ᠵᠢᠨ ᠦᠵᠦᠭᠦᠷ᠂ ᠲᠥᠪ᠎ᠤᠨ ᠸᠢᠳᠢᠤ᠋᠂ ᠪᠡᠭᠡᠵᠢᠩ᠎ᠤᠨ ᠷᠠᠳᠢᠣ᠋ ᠲᠧᠯᠸᠢᠰ ᠬᠣᠷᠢᠶ᠎ᠠ ᠵᠢᠨ ᠪᠡᠶ᠎ᠡ ᠵᠢᠨ ᠲᠠᠮᠢᠷ ᠰᠡᠯᠡᠭᠦᠴᠡᠯ᠎ᠤᠨ ᠰᠤᠪᠠᠭ᠂ ᠬᠥᠯ ᠪᠥᠮᠪᠥᠭᠡ ᠵᠢᠨ ᠳᠤᠮᠳᠠᠳᠤ ᠤᠯᠤᠰ᠂ ᠬᠥᠯ ᠪᠥᠮᠪᠥᠭᠡ ᠵᠢᠨ ᠰᠤᠪᠠᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠠᠯᠠᠪᠠᠶ ᠣᠷᠳᠣᠨ᠎ᠤ ᠦᠢ᠍ᠯᠡᠴᠢᠯᠡᠭᠡᠨ᠎ᠤ ᠲᠥᠪ᠂ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ  ᠲᠢᠭ᠋ ᠲᠣᠭ  ᠵᠡᠷᠭᠡ ᠣᠯᠠᠨ ᠲᠠᠪᠴᠠᠩ ᠵᠶ᠋ᠠᠷ ᠪᠥᠬᠥ ᠶᠠᠪᠤᠴᠠ ᠵᠢ ᠰᠢᠭᠤᠳ ᠨᠠᠪᠲᠠᠷᠡᠭᠦᠯᠵᠦ᠂ ᠲᠠᠯᠠᠪᠠᠶ᠎ᠳᠤ ᠦᠵᠡᠭᠰᠡᠨ ᠬᠥᠮᠥᠨ᠎ᠤ ᠲᠣᠭ᠎ᠠ ᠵᠠᠭᠤᠨ ᠲᠦᠮᠡ ᠵᠢ ᠳᠠᠪᠠᠪᠠ᠃

      ᠬᠥᠯ ᠪᠥᠮᠪᠥᠭᠡ᠎ᠨᠢ ᠬᠣᠲᠠ ᠪᠣᠯᠣᠨ ᠬᠣᠲᠠ ᠵᠢᠨ ᠠᠷᠠᠳ᠎ᠢ ᠬᠣᠯᠪᠣᠵᠤ᠂ ᠬᠥᠮᠥᠰ᠎ᠤᠨ ᠰᠡᠳᠬᠢᠯ᠎ᠢ ᠨᠢᠭᠲᠠᠷᠠᠭᠤᠯᠬᠤ ᠬᠠᠮᠤᠭ᠎ᠤᠨ ᠬᠦᠴᠦᠲᠡᠢ ᠬᠣᠯᠪᠣᠭ᠋ᠠᠰᠤ ᠪᠣᠯᠤᠭᠰᠠᠨ ᠪᠠᠢ᠌ᠨ᠎ᠠ᠃

 

图片2.png

 

      ᠠᠵᠤ ᠠᠬᠤᠢ ᠵᠢᠨ ᠰᠤᠳᠠᠰᠤ ᠵᠢ ᠬᠥᠭᠵᠢᠭᠡᠵᠦ᠂ ᠤᠷᠤᠯᠳᠤᠭ᠋ᠠᠨ᠎ᠨᠢ ᠬᠡᠷᠡᠭᠯᠡᠭᠡᠨ᠎ᠤ ᠰᠢᠨ᠎ᠡ ᠬᠥᠳᠡᠯᠭᠡᠭᠦᠷ᠎ᠢ  ᠳᠠᠢ᠌ᠴᠢᠯᠠᠮᠤᠢ

      ᠡᠨᠡ ᠤᠳᠠᠭ᠎ᠠ ᠵᠢᠨ ᠤᠯᠠᠨ ᠤᠯᠤᠰ᠎ᠤᠨ ᠤᠷᠤᠯᠳᠤᠭ᠋ᠠᠨ᠎ᠨᠢ ᠬᠥᠬᠡᠬᠣᠲᠠ ᠵᠢᠨ ᠠᠵᠤ ᠠᠬᠤᠢ ᠵᠢᠨ ᠪᠤᠯᠴᠢᠩ᠎ᠢ ᠬᠦᠴᠦᠲᠡᠢ ᠱᠤᠭᠤᠵᠤ᠂ ᠬᠤᠳᠠ᠎ᠳᠤ ᠥᠷᠨᠢᠭᠦᠨ ᠬᠥᠭᠵᠢᠩᠭᠦᠢ ᠬᠡᠷᠡᠭᠯᠡᠭᠡᠨ᠎ᠤ ᠠᠮᠢᠵᠢᠷᠠᠯ᠎ᠤᠨ ᠬᠦᠴᠦᠨ᠎ᠢ  ᠨᠡᠮᠡᠷᠢᠯᠡᠭᠰᠡᠨ ᠪᠠᠢ᠌ᠨ᠎ᠠ᠃

      ᠤᠷᠤᠯᠳᠤᠭ᠋ᠠᠨ᠎ᠤ ᠤᠷᠤᠭᠰᠢᠲᠠᠢ ᠶᠠᠪᠤᠭᠳᠠᠬᠤ ᠪᠠ  ᠪᠦᠮᠪᠦᠭᠡ ᠵᠢᠨ  ᠬᠤᠷᠤᠬᠠᠢ᠍ᠢ᠍ᠲᠠᠨ᠎ᠤ ᠳᠥᠭᠥᠮ ᠳᠥᠲᠡ᠎ᠪᠠᠷ ᠤᠷᠤᠯᠳᠤᠭ᠋ᠠᠨ ᠦᠵᠡᠬᠦ ᠵᠢ ᠪᠠᠲᠤᠯᠠᠬᠤ ᠵᠢᠨ ᠲᠥᠯᠥᠭᠡ᠂ ᠬᠥᠬᠡᠬᠣᠲᠠ ᠵᠢᠨ᠎ᠬᠢᠨ ᠦᠢ᠍ᠯᠡᠴᠢᠯᠡᠭᠡᠨ᠎ᠤ ᠴᠢᠳᠠᠪᠤᠷᠢ ᠵᠢᠨ ᠲᠠᠰ ᠵᠶ᠋ᠠᠨ ᠪᠥᠬᠥ ᠲᠠᠯ᠎ᠠ᠎ᠪᠠᠷ ᠳᠡᠭᠡᠭᠰᠢᠯᠡᠭᠦᠯᠪᠡ᠃ ᠵᠠᠮ ᠬᠠᠷᠢᠯᠴᠠᠭ᠋ᠠᠨ᠎ᠤ ᠪᠠᠲᠤᠯᠠᠭ᠎ᠠ ᠵᠢᠨ ᠲᠠᠯ᠎ᠠ᠎ᠪᠠᠷ᠂ 3 ᠵᠤᠷᠪᠤᠰ ᠲᠦᠷ ᠴᠠᠭ᠎ᠤᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠤᠰᠬᠠᠢ ᠱᠤᠭᠤᠮ᠎ᠢ ᠰᠢᠨ᠎ᠡ᠎ᠪᠠᠷ ᠨᠡᠮᠡᠵᠦ᠂ ᠲᠡᠷᠭᠡ ᠬᠥᠳᠡᠯᠬᠦ ᠵᠠᠢ ᠵᠢ  ᠪᠠᠭ᠋ᠠᠰᠬᠠᠵᠤ᠂ ᠲᠠᠯᠠᠪᠤᠷ ᠲᠠᠷᠬᠠᠬᠤ á ´á  á ­á Žá ¢ ᠲᠠᠰᠤᠯᠳᠠᠭᠤᠯᠬᠤ ᠦᠭᠡᠢ᠎ᠪᠠᠷ ᠲᠡᠷᠭᠡ  ᠬᠦᠳᠡᠯᠦᠭᠰᠡᠨ ᠪᠠᠢ᠌ᠨ᠎ᠠ; ᠭᠠᠵᠠᠷ ᠳᠣᠣᠷᠠᠬᠢ ᠲᠡᠮᠦᠷ ᠵᠠᠮ᠎ᠤᠨ 2 ᠳ᠋ᠤᠭ᠋ᠠᠷ ᠱᠤᠭᠤᠮ᠎ᠤᠨ  ᠬᠤᠤ ᠴᠢᠨ  ᠶᠢᠩ ᠥᠷᠲᠡᠭᠡ ᠵᠢᠨ ᠭᠠᠷᠬᠤ ᠡᠭᠦᠳᠡᠨ᠎ᠳᠤ ᠬᠠᠮᠲᠤ᠎ᠪᠠᠷ ᠡᠳ᠋ᠯᠡᠬᠦ ᠴᠠᠬᠢᠯᠭ᠋ᠠᠨ ᠬᠥᠳᠡᠯᠭᠡᠭᠦᠷᠲᠦ ᠲᠡᠷᠭᠡ ᠵᠢ ᠭᠦᠢ᠍ᠴᠡᠳ ᠲᠣᠬᠢᠷᠠᠭᠤᠯᠬᠤ ᠵᠢᠨ ᠬᠠᠮᠲᠤ᠂ ᠤᠯᠤᠰ᠎ᠤᠨ ᠤᠮᠠᠷᠠᠲᠤ ᠵᠢᠨ ᠬᠥᠯ ᠪᠥᠮᠪᠥᠭᠡ ᠵᠢᠨ ᠪᠣᠯᠪᠠᠰᠤᠷᠠᠯ᠎ᠤᠨ ᠰᠠᠭᠤᠷᠢᠨ ᠭᠠᠵᠠᠷ᠎ᠲᠤ ᠡᠴᠦᠰ᠎ᠤᠨ ᠴᠡᠭ᠎ᠤᠨ ᠵᠣᠭᠰᠤᠭ᠋ᠠᠬᠤ á ´á ¡á ­ ᠲᠣᠬᠢᠷᠠᠭᠤᠯᠵᠤ᠂ 《ᠡᠴᠦᠰ᠎ᠤᠨ ᠨᠢᠭᠡ ᠺᠢᠯᠣᠮᠧᠲᠷ》᠎ᠤᠨ á °á  á ­á ‹á  á ³ ᠦᠭᠡᠢ ᠨᠡᠪᠲᠡᠷᠡᠬᠦ ᠵᠢ ᠦᠨᠡᠨ ᠬᠦ᠌  ᠪᠠᠲᠤᠯᠠᠪᠠ᠃


图片3.png


      ᠬᠥᠮᠥᠰ᠎ᠲᠤ  ᠭᠡᠨᠡᠳᠲᠡ ᠵᠢᠨ ᠪᠠᠶᠠᠷ  ᠭᠡᠪᠡᠯ᠂ ᠤᠷᠤᠯᠳᠤᠭ᠋ᠠᠨ᠎ᠤ ᠡᠭᠦᠳᠡᠨ ᠪᠢᠯᠧᠲ᠎ᠤᠨ ᠲᠥᠷᠥ ᠵᠢᠨ ᠪᠣᠳᠣᠯᠭ᠎ᠠ᠎ᠨᠢ ᠠᠷᠠᠳ᠎ᠲᠤ ᠲᠤᠢ᠌ᠯ᠎ᠤᠨ ᠳᠣᠲᠣᠨᠣ ᠪᠠᠢ᠌ᠵᠤ᠂ ᠪᠢᠯᠧᠲ᠎ᠤᠨ ᠦᠨ᠎ᠡ ᠵᠢ ᠵᠥᠪᠬᠡᠨ 39 ᠲᠥᠭᠥᠷᠢᠭ ᠬᠤᠳᠠᠯᠳᠤᠬᠤ ᠵᠢᠨ ᠬᠠᠮᠲᠤ 18 ᠪᠦᠬᠦᠯᠢ ᠨᠠᠰᠤᠨ᠎ᠠᠴᠠ ᠳᠣᠷᠣᠭᠰᠢᠬᠢ ᠵᠠᠯᠠᠭᠤᠴᠤᠳ ᠪᠠᠭ᠋ᠠᠴᠤᠳ ᠪᠠ 60 ᠪᠦᠬᠦᠯᠢ ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠪᠢᠯᠧᠲ ᠠᠪᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠤᠷᠤᠯᠳᠤᠭ᠋ᠠᠨ ᠦᠵᠡᠬᠦ ᠪᠣᠱ᠌ᠣᠭ᠎ᠠ ᠵᠢ ᠲᠤᠢ᠌ᠯ᠎ᠤᠨ ᠶᠡᠬᠡ᠎ᠪᠠᠷ ᠪᠠᠭᠤᠷᠠᠭᠤᠯᠵᠤ᠂ ᠣᠯᠠᠨ ᠲᠦᠮᠡᠨ᠎ᠤ ᠣᠷᠣᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠭᠰᠡᠨ ᠪᠠᠢ᠌ᠨ᠎ᠠ᠃

      ᠥᠷᠨᠢᠭᠦᠨ ᠬᠥᠭᠵᠢᠩᠭᠦᠢ ᠬᠥᠮᠥᠰ᠎ᠤᠨ ᠤᠷᠤᠰᠬᠠᠯ᠎ᠨᠢ ᠤᠷᠤᠯᠳᠤᠭ᠋ᠠᠨ᠎ᠤ ᠲᠠᠯᠠᠪᠤᠷ᠎ᠤᠨ ᠡᠷᠬᠢᠨ ᠲᠣᠭᠣᠷᠢᠨ᠎ᠤ ᠬᠣᠭᠣᠯᠠ ᠤᠮᠳᠠ᠂ ᠬᠣᠨᠣᠭ ᠪᠠᠭᠤᠳᠠᠯ᠂ ᠵᠠᠮ ᠬᠠᠷᠢᠯᠴᠠᠭ᠎ᠠ᠂ ᠵᠢᠵᠢᠭᠯᠡᠨ ᠬᠤᠳᠠᠯᠳᠤᠬᠤ ᠵᠡᠷᠭᠡ ᠠᠵᠢᠯ ᠲᠥᠷᠥᠯ᠎ᠤᠨ ᠬᠡᠷᠡᠭᠯᠡᠭᠡᠨ᠎ᠤ ᠬᠦᠴᠦᠨ᠎ᠢ ᠢᠯᠡᠳᠲᠡ ᠨᠡᠮᠡᠭᠳᠡᠭᠦᠯᠵᠦ᠂ 《ᠤᠷᠤᠯᠳᠤᠭ᠋ᠠᠨ᠎ᠤ ᠠᠵᠤ ᠠᠬᠤᠢ》 ᠵᠢᠨ ᠦᠢ᠍ᠯᠡᠳᠦᠯ ᠲᠣᠪᠣᠢ᠌ᠮ᠎ᠠ ᠪᠣᠯᠵᠤ᠂ ᠬᠣᠲᠠ ᠵᠢᠨ ᠬᠡᠷᠡᠭᠯᠡᠭᠡ ᠵᠢ ᠳᠠᠢ᠌ᠴᠢᠯᠠᠬᠤ᠂ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠰᠢᠨ᠎ᠡ ᠬᠥᠳᠡᠯᠭᠡᠭᠦᠷ ᠪᠣᠯᠤᠭᠰᠠᠨ ᠪᠠᠢ᠌ᠨ᠎ᠠ᠃

 

图片4.png

 

      ᠬᠣᠲᠠ ᠵᠢᠨ ᠳᠤᠯᠠᠭ᠋ᠠᠨ᠎ᠤ ᠬᠡᠮᠵᠢᠶ᠎ᠡ ᠵᠢ ᠳᠡᠭᠡᠭᠰᠢᠯᠡᠭᠦᠯᠵᠦ᠂ ᠭᠢᠯᠠᠯᠵᠠᠭᠰᠠᠨ ᠰᠣᠶᠣᠯ᠎ᠤᠨ ᠨᠡᠷ᠎ᠡ ᠵᠢᠨ ᠬᠠᠭᠤᠳᠠᠰᠤ ᠵᠢ  ᠴᠣᠭᠴᠠᠯᠠᠮᠤᠢ

      ᠤᠷᠤᠯᠳᠤᠭ᠋ᠠᠨ᠎ᠨᠢ ᠤᠷᠤᠯᠳᠤᠭ᠋ᠠᠨ᠎ᠤ ᠲᠠᠪᠴᠠᠩ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠬᠥᠬᠡᠬᠣᠲᠠ ᠵᠢᠨ  ᠪᠦᠬᠦ ᠤᠯᠤᠰ ᠴᠢᠨᠠᠭᠰᠢᠯᠠᠪᠠᠯ ᠳᠡᠯᠡᠬᠡᠢ ᠳ᠋ᠠᠬᠢᠨ᠎ᠳᠤ ᠬᠤᠳᠠ ᠵᠢᠨ ᠷᠢᠳᠢ ᠰᠢᠳᠢ ᠵᠢ ᠦᠵᠡᠭᠦᠯᠬᠦ᠂  ᠰᠣᠶᠣᠯ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ ᠬᠠᠮᠤᠭ᠎ᠤᠨ ᠰᠠᠢ᠌ᠨ ᠴᠣᠩᠬᠣ ᠪᠣᠯᠬᠤ ᠶᠤᠮ᠃ ᠭᠣᠣᠯᠯᠠᠨ ᠡᠷᠭᠢᠯᠡᠭᠰᠡᠨ ᠲᠠᠯ᠎ᠠ ᠵᠢᠨ᠎ᠬᠢᠨ ᠡᠨᠡ ᠬᠦ᠌ ᠣᠯᠠᠨ ᠤᠯᠤᠰ᠎ᠤᠨ ᠲᠠᠪᠴᠠᠩ᠎ᠢ ᠤᠷᠠᠨ ᠵᠶ᠋ᠠᠷ ᠠᠰᠢᠭᠯᠠᠵᠤ᠂ ᠬᠣᠲᠠ ᠵᠢᠨ ᠴᠣᠭ ᠵᠢᠪᠬᠤᠭ᠎ᠠ ᠵᠢ ᠪᠥᠬᠥ ᠲᠠᠯ᠎ᠠ᠎ᠪᠠᠷ ᠢᠯᠡᠷᠡᠭᠦᠯᠪᠡ᠃

      ᠥᠷᠭᠡᠨ ᠳᠡᠯᠭᠡᠷ ᠵᠠᠭᠤᠴᠢᠯᠠᠭᠤᠷ᠎ᠤᠨ ᠳᠠᠮᠵᠢᠭᠤᠯᠭ᠎ᠠ ᠵᠢᠨ ᠰᠦᠯᠵᠢᠶ᠎ᠡ᠎ᠪᠠᠷ ᠳᠠᠮᠵᠢᠭᠤᠯᠤᠨ᠂ ᠬᠥᠬᠡᠬᠣᠲᠠ ᠵᠢᠨ ᠥᠪᠡᠷᠮᠢᠴᠡ ᠣᠨᠴᠠᠯᠢᠭ ᠪᠦᠬᠦᠢ ᠬᠣᠲᠠ ᠵᠢᠨ ᠰᠣᠶᠣᠯ᠂ ᠭᠣᠢ᠌ᠳᠠ ᠰᠠᠢ᠌ᠬᠠᠨ ᠦᠵᠡᠮᠵᠢ ᠪᠠ ᠬᠥᠮᠥᠨ ᠰᠣᠶᠣᠯ᠎ᠤᠨ ᠥᠩᠭᠡ ᠦᠵᠡᠮᠵᠢ ᠵᠢ ᠡᠯ᠎ᠡ ᠭᠠᠵᠠᠷ᠎ᠤᠨ ᠦᠵᠡᠭᠴᠢᠳ᠎ᠲᠤ  ᠳᠠᠮᠵᠢᠭᠤᠯᠤᠭᠰᠠᠨ ᠪᠠᠢ᠌ᠨ᠎ᠠ᠃ ᠤᠷᠤᠯᠳᠤᠭ᠋ᠠᠨ᠎ᠤ ᠲᠠᠯᠠᠪᠠᠢ᠎ᠳᠤ ᠣᠷᠣᠬᠤ  ᠡᠭᠦᠳᠡᠨ᠎ᠤ  ᠨᠠᠷᠢᠨ ᠨᠢᠮᠪᠠᠢ ᠪᠠᠢ᠌ᠷᠢᠯᠠᠭᠤᠯᠤᠭᠰᠠᠨ ã€Šá ³á  á ­á ¤á ¤ ᠠᠶᠠᠯᠭᠤ ᠥᠪᠥᠷ ᠮᠣᠩᠭᠣᠯ·ᠬᠥᠬᠡᠬᠣᠲᠠ ᠵᠢᠨ  ᠠᠩᠬᠠᠳᠤᠭ᠋ᠠᠷ  ᠪᠦᠯᠦᠭ᠎ᠤᠨ 32 ᠰᠢᠨ᠎ᠡ ᠤᠷᠤᠰᠬᠠᠯ᠎ᠤᠨ ᠭᠠᠵᠠᠷ》  ᠪᠣᠯᠣᠨ ã€Šá ¬á ¥á ¬á ¡á ¬á £á ²á  Â·á ¨á ¢á ­á ¡ ᠬᠣᠩᠭᠢᠯ ᠬᠣᠶᠠᠷ ᠲᠡᠩᠭᠡᠯᠢᠭ ᠲᠠᠪᠤᠨ ᠪᠦᠰᠡ》  ᠵᠡᠷᠭᠡ ᠭᠣᠣᠯ ᠰᠡᠳᠦᠪᠲᠦ ᠦᠵᠡᠭᠦᠯᠭᠡ ᠵᠢᠨ ᠲᠣᠭᠣᠷᠢᠭ᠎ᠨᠢ ᠬᠤᠳᠠ ᠵᠢᠨ ᠬᠥᠭᠵᠢᠯᠲᠡ ᠵᠢᠨ ᠵᠢᠷᠤᠭ ᠲᠥᠯᠥᠪᠯᠡᠭᠡ ᠪᠣᠯᠣᠨ ᠰᠣᠶᠣᠯ ᠵᠤᠭ᠋ᠠᠴᠠᠯ᠎ᠤᠨ ᠡᠬᠢ ᠪᠠᠶᠠᠯᠢᠭ᠎ᠢ ᠠᠮᠢᠳᠤᠯᠢᠭ ᠵᠶ᠋ᠠᠷ ᠢᠯᠡᠷᠡᠭᠦᠯᠵᠦ᠂ ᠬᠤᠳᠠ ᠵᠢᠨ ᠠᠯᠳᠠᠷᠰᠢᠯ᠎ᠢ ᠪᠦᠲᠦᠮᠵᠢᠲᠡᠢ ᠳᠡᠭᠡᠭᠰᠢᠯᠡᠭᠦᠯᠵᠡᠢ᠃

      ᠡᠨᠡ  ᠤᠳᠠᠭ᠋ᠠᠨ᠎ᠤ  ᠥᠨᠳᠥᠷ  ᠬᠢᠷᠢ  ᠲᠦᠪᠰᠢᠨ᠎ᠲᠠᠢ ᠤᠯᠠᠨ ᠤᠯᠤᠰ᠎ᠤᠨ ᠤᠷᠤᠯᠳᠤᠭ᠋ᠠᠨ᠎ᠨᠢ ᠨᠠᠷᠢᠨ ᠨᠢᠮᠪᠠᠢ ᠵᠢᠷᠤᠵᠤ ᠲᠥᠯᠥᠪᠯᠡᠭᠰᠡᠨ ᠬᠤᠳᠠ ᠵᠢᠨ ᠨᠡᠷ᠎ᠡ ᠵᠢᠨ ᠬᠠᠭᠤᠳᠠᠰᠤ ᠰᠢᠭ᠋ ᠵᠶ᠋ᠡᠷ ᠬᠤᠳᠠ ᠵᠢᠨ ᠠᠷᠠᠳ᠎ᠤᠨ ᠣᠮᠣᠭ ᠪᠠᠬᠠᠳᠤᠯᠲᠤ ᠰᠡᠳᠬᠢᠯᠭᠡ ᠪᠣᠯᠣᠨ ᠬᠤᠳᠠ ᠵᠢᠨ ᠨᠢᠭᠲᠠᠷᠠᠯ᠎ᠤᠨ ᠬᠦᠴᠦᠨ᠎ᠢ ᠲᠤᠢ᠌ᠯ᠎ᠤᠨ ᠶᠡᠬᠡᠪᠡᠷ ᠬᠥᠭᠵᠢᠭᠡᠵᠦ᠂ ᠬᠥᠬᠡᠬᠣᠲᠠ ᠵᠢ ᠨᠡᠩ ᠢᠲᠡᠭᠡᠯ᠎ᠲᠠᠢ᠂ ᠨᠡᠩ ᠨᠡᠭᠡᠭᠡᠯᠲᠡᠲᠡᠢ ᠳᠦᠷᠰᠦ ᠪᠠᠢ᠌ᠳᠠᠯ ᠵᠶ᠋ᠠᠷ ᠳᠡᠯᠡᠬᠡᠢ ᠳ᠋ᠠᠬᠢᠨ᠎ᠤ ᠡᠮᠦᠨ᠎ᠡ ᠢᠯᠡᠷᠡᠭᠦᠯᠬᠦ ᠪᠣᠯᠭ᠋ᠠᠵᠠᠢ᠃


图片5.png


      ᠤᠷᠤᠯᠳᠤᠭ᠋ᠠᠨ᠎ᠤ ᠶᠠᠪᠤᠳᠠᠯ á Žá ¨á ¢ ᠬᠦᠴᠦᠨ  ᠣᠯᠭᠣᠵᠤ᠂ ᠬᠥᠬᠡᠬᠣᠲᠠ ᠵᠢᠨ ᠰᠢᠨ᠎ᠡ ᠬᠠᠭᠤᠳᠠᠰᠤ ᠵᠢ  ᠰᠡᠬᠦᠮᠦᠢ 

      2025CFA ᠳᠤᠮᠳᠠᠳᠤ ᠤᠯᠤᠰ᠎ᠤᠨ ᠠᠩᠭᠢ· 《ᠰᠢᠩ᠎ᠲᠠᠢ  ᠬᠤᠨᠳᠠᠭ᠋ᠠᠲᠤ》 ᠬᠥᠬᠡᠬᠣᠲᠠ ᠵᠢᠨ ᠣᠯᠠᠨ ᠤᠯᠤᠰ᠎ᠤᠨ ᠬᠥᠯ ᠪᠥᠮᠪᠥᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠨᠢ ᠲᠠᠩ á ­á  á ­á ´á   ᠬᠥᠯ ᠪᠥᠮᠪᠥᠭᠡ ᠵᠢᠨ ᠦᠪᠡᠳᠡᠭᠰᠢ ᠳᠠᠶ᠋ᠢᠯᠠᠯᠭ᠎ᠠ᠎ᠠᠴᠠ ᠬᠣᠯᠠ ᠳᠠᠪᠠᠭᠰᠠᠨ ᠪᠠᠢ᠌ᠨ᠎ᠠ᠃ ᠲᠡᠷᠡ ᠪᠣᠯ ᠬᠥᠯ ᠪᠥᠮᠪᠥᠭᠡ᠎ᠪᠠᠷ ᠵᠠᠭᠤᠴᠢ ᠪᠣᠯᠭ᠋ᠠᠵᠤ᠂ ᠬᠥᠬᠡᠬᠣᠲᠠ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ᠎ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠬᠦ ᠲᠦᠷᠭᠡᠳᠬᠡᠭᠦᠷ ᠮᠥᠨ᠃ ᠠᠵᠤ ᠠᠬᠤᠢ ᠵᠢᠨ ᠲᠣᠭ᠎ᠠ ᠪᠠᠷᠢᠮᠲᠠ ᠵᠢᠨ ᠳᠡᠭᠡᠭᠰᠢᠯᠡᠯᠲᠡ᠎ᠠᠴᠠ ᠬᠤᠳᠠ ᠵᠢᠨ ᠳᠤᠯᠠᠭ᠋ᠠᠨ᠎ᠤ ᠬᠡᠮᠵᠢᠶ᠎ᠡ ᠵᠢᠨ ᠳᠡᠭᠡᠭᠰᠢᠯᠡᠯᠲᠡ ᠬᠦᠷᠲᠡᠯ᠎ᠡ᠂ ᠰᠠᠭᠤᠷᠢ ᠲᠥᠬᠦᠭᠡᠷᠦᠮᠵᠢ ᠵᠢ ᠰᠢᠯᠢᠳᠡᠭᠵᠢᠭᠦᠯᠦᠨ ᠲᠡᠭᠦᠯᠳᠡᠷᠵᠢᠭᠦᠯᠬᠦ᠎ᠠᠴᠠ ᠬᠤᠳᠠ ᠵᠢᠨ ᠠᠷᠠᠳ᠎ᠤᠨ ᠵᠣᠷᠢᠭ ᠰᠠᠨᠠᠭ᠎ᠠ ᠵᠢ ᠬᠥᠭᠵᠢᠭᠡᠬᠦ ᠬᠦᠷᠲᠡᠯ᠎ᠡ᠂ ᠤᠷᠤᠯᠳᠤᠭ᠋ᠠᠨ᠎ᠨᠢ ᠬᠥᠬᠡᠬᠣᠲᠠ ᠵᠢᠨ ᠠᠮᠢᠵᠢᠷᠠᠯ᠎ᠤᠨ ᠬᠦᠴᠦᠨ᠎ᠢ ᠪᠦᠬᠦ ᠲᠠᠯ᠎ᠠ᠎ᠪᠠᠷ ᠬᠥᠭᠵᠢᠭᠡᠵᠡᠢ᠃ ᠡᠨᠡ  ᠤᠳᠠᠭ᠋ᠠᠨ᠎ᠤ  ᠤᠷᠤᠯᠳᠤᠭ᠋ᠠᠨ᠎ᠢ ᠠᠮᠵᠢᠯᠲᠠ᠎ᠲᠠᠢ ᠡᠷᠬᠢᠯᠡᠭᠰᠡᠡ᠎ᠨᠢ ᠳᠤᠮᠳᠠᠳᠤ ᠤᠯᠤᠰ᠎ᠤᠨ ᠬᠥᠯ ᠪᠥᠮᠪᠥᠭᠡ ᠵᠢᠨ ᠵᠠᠯᠠᠭᠤᠴᠤᠳ᠎ᠤᠨ ᠪᠣᠯᠪᠠᠰᠤᠷᠠᠯ᠎ᠳᠤ ᠡᠷᠬᠢᠮ ᠨᠠᠨᠳᠢᠨ ᠥᠪ ᠬᠥᠷᠥᠩᠭᠡ ᠵᠢ ᠦᠯᠡᠳᠡᠭᠡᠵᠦ ᠥᠭᠭᠦᠭᠰᠡᠨ ᠵᠶ᠋ᠡᠷ ᠪᠠᠷᠠᠬᠤ ᠦᠭᠡᠢ᠂ ᠨᠡᠩ ᠴᠤ᠌ ᠥᠪᠥᠷ ᠮᠣᠩᠭᠣᠯ᠎ᠤᠨ ã€Šá ªá ¡á ¶á Žá ¡ ᠵᠢᠨ ᠲᠠᠮᠢᠷ +》᠎ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠬᠠᠭᠤᠳᠠᠰᠤ ᠵᠢ ᠨᠡᠭᠡᠭᠡᠭᠰᠡᠨ ᠪᠠᠢ᠌ᠨ᠎ᠠ᠃


图片6.png


      ᠢᠷᠡᠭᠡᠳᠦᠢ᠎ᠳᠤ᠂ ᠤᠷᠤᠯᠳᠤᠭ᠋ᠠᠨ᠎ᠤ IP ᠦᠷᠭᠦᠯᠵᠢᠯᠡᠨ ᠡᠵᠡᠩᠨᠡᠬᠦ ᠪᠠ ᠬᠥᠯ ᠪᠥᠮᠪᠥᠭᠡ ᠵᠢᠨ ᠰᠣᠶᠣᠯ᠎ᠢ ᠭᠦᠨᠵᠡᠭᠡᠢ ᠪᠣᠢ᠌ᠵᠢᠭᠤᠯᠬᠤ ᠵᠢ ᠳᠠᠭ᠋ᠠᠯᠳᠤᠨ᠂ ᠬᠥᠬᠡᠬᠣᠲᠠ ᠯᠠᠪᠳᠠᠶ᠎ᠠ ᠨᠠᠩ ᠴᠣᠭ ᠪᠠᠳᠠᠷᠠᠩᠭᠤᠢ ᠳᠦᠷᠢ ᠲᠥᠷᠬᠦ᠎ᠪᠠᠷ 《ᠨᠢᠭᠡ ᠤᠳᠠᠭ᠋ᠠᠨ᠎ᠤ ᠤᠷᠤᠯᠳᠤᠭ᠋ᠠᠨ ᠵᠶ᠋ᠠᠷ ᠨᠢᠭᠡ ᠬᠣᠲᠠ ᠵᠢ  ᠬᠦᠭᠵᠢᠭᠡᠮᠦᠢ》 ᠭᠡᠬᠦ ᠭᠣᠢ᠌ᠳᠠ ᠰᠠᠢ᠌ᠬᠠᠨ ᠥᠯᠢᠭᠡᠷ᠎ᠢ ᠦᠷᠭᠦᠯᠵᠢᠯᠡᠨ ᠪᠢᠴᠢᠭᠯᠡᠵᠦ᠂ ᠨᠠᠩ ᠴᠡᠴᠡᠭᠯᠡᠨ ᠬᠥᠭᠵᠢᠭᠰᠡᠨ ᠠᠮᠢᠵᠢᠷᠠᠯ᠎ᠤᠨ ᠬᠦᠴᠦᠨ᠎ᠲᠠᠢ ᠢᠷᠡᠭᠡᠳᠦᠢ  ᠲᠡᠢ᠌ᠰᠢ  ᠤᠷᠤᠭᠰᠢᠯᠠᠬᠤ ᠪᠣᠯᠣᠨ᠎ᠠ᠃

      ᠮᠡᠳᠡᠭᠡ ᠵᠠᠩᠭᠢ ᠵᠢᠨ ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠮᠦᠩᠭᠦᠨ ᠲᠡᠯᠡᠬᠡᠢ ᠵᠢ ᠪᠠᠶᠠᠰᠬᠠᠭᠰᠠᠨ ᠦᠪᠡᠳᠡᠭᠰᠢ ᠴᠤᠭᠯᠠᠭ᠋ᠠᠨ
ᠶᠠᠪᠠᠭ᠋ᠠᠨ ᠠᠯᠬᠤᠵᠤ ᠰᠢᠨ᠎ᠡ ᠵᠢᠯ ᠵᠶ᠋ᠠᠨ ᠤᠬᠲᠤᠬᠤ ᠠᠵᠢᠯᠯᠠᠭ᠎ᠠ ᠬᠦᠬᠡᠬᠤᠲᠠ ᠵᠢᠨ ᠿᠦ᠍ ᠢ ᠠᠭᠤᠳᠠᠮ ᠲᠠᠯᠠᠪᠠᠢ᠎ᠳᠤ ᠡᠬᠢᠯᠡᠪᠡ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠩᠬᠠᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠰᠦᠮ᠎ᠡ ᠵᠢᠨ ᠴᠤᠭᠯᠠᠭ᠋ᠠᠨ ᠦᠪᠡᠳᠡᠭᠰᠢ ᠶᠡᠬᠡ᠎ᠪᠠᠷ ᠶᠠᠪᠤᠭᠳᠠᠪᠠ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠶᠠᠳᠤᠭ᠋ᠠᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠦᠪᠡᠳᠡᠭᠰᠢ ᠶᠡᠬᠡ᠎ᠪᠠᠷ ᠡᠬᠢᠯᠡᠪᠡ
2019 ᠤᠨ᠎ᠤ ᠪᠦᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠡᠶ᠎ᠠ ᠵᠢᠨ ᠲᠠᠮᠢᠷ᠎ᠤᠨ ᠴᠤᠭᠯᠠᠭ᠋ᠠᠨ᠎ᠤ ᠦᠪᠦᠷ ᠮᠤᠩᠭᠤᠯ᠎ᠤᠨ ᠦᠷᠳᠡᠭᠡ ᠵᠢᠴᠢ ᠲᠧᠺᠸᠤᠨᠳᠤᠤ ᠵᠢᠨ ᠵᠠᠯᠠᠭᠤᠴᠤᠳ ᠪᠠᠭ᠋ᠠᠴᠤᠳ᠎ᠤᠨ ᠺᠯᠦ᠋ᠹ᠎ᠤᠨ ᠬᠠᠮᠳᠤᠷᠠᠭᠰᠠᠨ ᠤᠷᠤᠯᠳᠤᠭ᠋ᠠᠨ ᠬᠦᠬᠡᠬᠤᠳᠠ᠎ᠳᠤ ᠶᠠᠪᠤᠭᠳᠠᠪᠠ
 
            