ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠪᠠᠢᠭᠤᠯᠤᠭ᠍ᠳᠠᠵᠡᠢ
ᠨᠡᠶ᠋ᠢᠲᠡᠯᠡᠭᠰᠡᠨ ᠴᠠᠭ᠄ 2025-09-11

     9 ᠰᠠᠷ᠎ᠠ᠎ᠶ᠋ᠢᠨ 9 ᠎ᠤ᠋ ᠡᠳᠦᠷ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠠᠯᠠᠭ᠎ᠠ ᠲᠠᠱᠢᠯᠳᠠ᠎ᠶ᠋ᠢᠨ ᠲᠠᠭᠤᠨ ᠨᠢᠵᠢᠭᠢᠨᠡᠨ᠂ ᠲᠠᠩᠭᠠᠷᠢᠭᠯᠠᠬᠤ ᠲᠠᠭᠤᠨ ᠴᠤᠤᠷᠢᠶᠠᠳᠤᠵᠤ᠂ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭ᠌ᠴᠢᠳ᠎ᠦᠨ ᠪᠦᠯᠬᠦᠮ ᠪᠠᠢᠭᠤᠯᠤᠭ᠍ᠳᠠᠬᠤ ᠵᠢᠴᠢ ᠲᠠᠩᠭᠠᠷᠢᠭ᠍ᠯᠠᠬᠤ ᠶᠡᠬᠡ ᠬᠤᠷᠠᠯ ᠡᠨᠳᠡ ᠶᠠᠪᠤᠭ᠍ᠳᠠᠪᠠ᠃

     á  á ·á ªá  á ¨ ᠲᠠᠪᠤᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠲᠠᠮᠢᠷ᠎ᠤᠨ ᠴᠤᠭ᠍ᠯᠠᠭᠠᠨ 11 ᠰᠠᠷ᠎ᠠ᠎ᠶ᠋ᠢᠨ 9 — 21 ᠤ᠋ ᠡᠳᠦᠷ ᠪᠣᠯᠲᠠᠯ᠎ᠠ ᠭᠤᠸᠠᠩᠳᠦ᠋ᠩ᠂ ᠱᠢᠶᠠᠩᠭᠠᠩ᠂ ᠣᠣᠮᠧᠨ ᠭᠤᠷᠪᠠᠨ ᠭᠠᠵᠠᠷ᠎ᠲᠤ ᠶᠠᠪᠤᠭ᠍ᠳᠠᠨ᠎ᠠ᠂ ᠤᠷᠤᠯᠳᠤᠭᠠᠨ᠎ᠳᠤ ᠨᠡᠢᠲᠡ 34 ᠶᠡᠬᠡ ᠤᠷᠤᠯᠳᠤᠭᠠᠨ᠎ᠤ ᠲᠦᠷᠦᠯ᠂ 419 ᠪᠠᠭ᠎ᠠ ᠤᠷᠤᠯᠳᠤᠭᠠᠨ᠎ᠤ ᠵᠦᠢᠯ ᠲᠤᠬᠢᠷᠠᠭᠤᠯᠪᠠ᠃ ᠣᠳᠣᠬᠠᠨ᠎ᠳᠤ᠂ ᠲᠤᠰ ᠲᠠᠮᠢᠷ᠎ᠤᠨ ᠴᠤᠭ᠍ᠯᠠᠭᠠᠨ᠎ᠤ ᠡᠯ᠎ᠡ ᠵᠦᠢᠯ᠎ᠦᠨ ᠬᠢᠷᠢ ᠬᠡᠮ᠎ᠦᠨ ᠤᠷᠤᠯᠳᠤᠭᠠᠨ á ¶á  á ­ ᠶᠠᠪᠤᠭ᠍ᠳᠠᠵᠤ ᠪᠤᠢ᠂ ᠣᠳᠣᠬᠠᠨ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭ᠌ᠴᠢᠳ᠎ᠦᠨ ᠪᠦᠯᠬᠦᠮ ᠨᠢᠭᠡᠨᠲᠡ 18 ᠶᠡᠬᠡ ᠲᠦᠷᠦᠯ᠂ 84 ᠪᠠᠭ᠎ᠠ ᠤᠷᠤᠯᠳᠤᠭᠠᠨ᠎ᠤ ᠵᠦᠢᠯ᠎ᠤᠨ 198 ᠱᠢᠶ᠋ᠳᠪᠦᠷᠢᠲᠦ ᠤᠷᠤᠯᠳᠤᠭᠠᠨ᠎ᠤ ᠬᠢᠷᠢ ᠬᠡᠮ᠎ᠢ ᠣᠯᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭ᠌ᠴᠢᠳ᠎ᠦᠨ ᠪᠦᠯᠬᠦᠮ᠎ᠦᠨ ᠳᠣᠲᠣᠷ᠎ᠠ ᠨᠠᠰᠤ᠎ᠪᠠᠷ ᠬᠠᠮᠤᠭ᠎ᠤᠨ ᠶᠡᠬᠡ ᠲᠠᠮᠢᠷᠴᠢᠨ ᠨᠢ  58 ᠨᠠᠰᠤᠲᠠᠶ᠂ ᠨᠠᠰᠤ᠎ᠪᠠᠷ ᠬᠠᠮᠤᠭ᠎ᠤᠨ ᠪᠠᠭ᠎ᠠ ᠲᠠᠮᠢᠷᠴᠢᠨ ᠨᠢ  15 ᠨᠠᠰᠤᠲᠠᠶ᠃

     á £á ¢á ¯á  á ­á  á ­á á °á  á ¨á Žá ¢á ¶á  á ·á ‚ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠡᠴᠡ ᠡᠮᠦᠨ᠎ᠡ 4 ᠶᠡᠬᠡ ᠲᠥᠷᠥᠯ᠂ 21 ᠪᠠᠭ᠎ᠠ ᠤᠷᠤᠯᠳᠤᠭᠠᠨ᠎ᠤ ᠵᠦᠢᠯ᠎ᠦᠨ ᠱᠢᠶ᠋ᠳᠪᠦᠷᠢᠲᠦ ᠤᠷᠤᠯᠳᠤᠭᠠᠨ᠎ᠢ ᠶᠠᠪᠤᠬᠳᠠᠭᠤᠯᠤᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭ᠌ᠴᠢᠳ᠎ᠦᠨ ᠪᠦᠯᠬᠦᠮ᠎ᠦᠨ ᠠᠩᠬᠠᠳᠠᠭ᠍ᠴᠢ ᠤᠷᠤᠯᠳᠤᠭᠠᠨ᠎ᠤ ᠲᠥᠷᠥᠯ ᠪᠣᠯᠬᠤ ᠣᠲᠣ ᠦᠶ᠎ᠡ᠎ᠶ᠋ᠢᠨ ᠲᠠᠪᠤᠨ ᠲᠥᠷᠥᠯ ᠤ᠋ᠨ ᠤᠷᠤᠯᠳᠤᠭᠠᠨ 9 ᠰᠠᠷ᠎ᠠ᠎ᠶ᠋ᠢᠨ 20 ᠎ᠤ᠋ ᠡᠳᠦᠷ ᠶᠠᠪᠤᠭ᠍ᠳᠠᠨ᠂ ᠯᠢᠦ ᠵᠧᠨ ᠹᠸᠩ᠂ ᠯᠢᠦ ᠵᠢᠶᠠ ᠢ᠂ ᠵᠠᠩ ᠵᠢᠩ᠂ ᠦ᠋ ᠪᠥᠸᠧ á ´á §á ¨ ᠵᠡᠷᠭᠡ 8 ᠲᠠᠮᠢᠷᠴᠢᠨ ᠤᠷᠤᠯᠳᠤᠭᠠᠨ᠎ᠳᠤ ᠣᠷᠣᠯᠴᠠᠨ᠎ᠠ᠃

ᠢᠷᠡᠯᠲᠡ᠄ ᠱᠢᠨᠬᠤᠸᠠ ᠬᠤᠷᠢᠶ᠎ᠠ
          
ᠬᠠᠮᠢᠶ᠎ᠡ ᠪᠦᠬᠦᠢ ᠰᠣᠨᠢᠨ
 
            