ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠮᠢᠷᠴᠢᠨ ᠤᠷᠢᠨ ᠬᠡᠷᠡᠭᠯᠡᠬᠦ ᠳᠦᠷ ᠬᠡᠷᠡᠭᠵᠢᠭᠦᠯᠬᠦ ᠠᠷᠭ᠎ᠠ
ᠨᠡᠶ᠋ᠢᠲᠡᠯᠡᠭᠰᠡᠨ ᠴᠠᠭ᠄ 2018-12-27

                ᠨᠢᠭᠡᠳᠦᠭᠡᠷ ᠪᠦᠯᠦᠭ    ᠶᠡᠷᠦᠩᠬᠡᠶ ᠲᠤᠢ᠍ᠷᠢᠮ

    ᠨᠢᠭᠡᠳᠦᠭᠡᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠠ᠋ᠷᠡᠭᠦᠯ ᠪᠥᠭᠡᠳ ᠦᠷᠭᠦᠯᠵᠢᠯᠡᠨ ᠬᠥᠭᠵᠢᠬᠦ ᠵᠢ ᠠᠬᠢᠭᠤᠯᠬᠤ᠂ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠲᠠᠮᠢᠷ ᠎ᠤᠨ ᠠ᠋ᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠠᠮᠢᠷᠴᠢᠳ ᠎ᠤᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠢ ᠰᠢᠨᠵᠢᠯᠡᠬᠦ ᠤᠬᠠᠭ᠋ᠠᠨᠴᠢᠯᠠᠬᠤ᠂ ᠳᠦᠷᠢᠮᠵᠢᠭᠦᠯᠬᠦ᠂ ᠬᠠᠤᠯᠢᠵᠢᠭᠤᠯᠬᠤ᠂ ᠲᠠᠮᠢᠷᠴᠢᠨ᠎ᠤ ᠬᠠᠤᠯᠢ ᠶᠣᠰᠣᠨ᠎ᠤ ᠠ᠋ᠷᠬᠡ ᠠᠰᠢᠭ᠎ᠢ ᠪᠠᠲᠤᠯᠠᠬᠤ᠂ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠲᠠᠮᠢᠷᠴᠢᠨ᠎ᠤ ᠠᠩᠬᠢ ᠵᠢᠨ ᠲᠠᠮᠢᠷᠴᠢᠨ ᠤᠷᠢᠬᠤ᠂ ᠬᠥᠮᠦᠵᠢᠭᠦᠯᠬᠦ ᠪᠠ ᠠᠵᠢᠯ á Žá  á ´á   ᠠᠮᠠᠷᠠᠬᠤ ᠠᠵᠢᠯ᠎ᠢ ᠵᠢᠷᠤᠮᠵᠢᠭᠤᠯᠬᠤ ᠵᠢᠨ ᠲᠦᠯᠦᠭᠡ᠂ ᠤᠯᠤᠰ᠎ᠤᠨ ᠵᠢᠷᠭᠤᠭ᠋ᠠᠨ ᠶᠠᠮᠤᠨ ᠬᠣᠷᠢᠶ᠎ᠠ ᠵᠢᠨ 《ᠲᠠᠮᠢᠷᠴᠢᠨ ᠤᠷᠢᠵᠤ ᠬᠡᠷᠡᠭᠯᠡᠬᠦ ᠲᠦᠷ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠣᠰ á  á ·á ­á Žá   ᠵᠢ ᠲᠣᠭᠲᠠᠭ᠋ᠠᠪᠠ᠃
    ᠬᠣᠶᠠᠳᠤᠭ᠋ᠠᠷ ᠵᠦᠢ᠍ᠯ     ᠲᠣᠰ ᠠᠷᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠪᠡᠶ᠎ᠡ ᠵᠢᠨ ᠲᠠᠮᠢᠷᠴᠢᠨ᠎ᠤ ᠠᠩᠬᠢ ᠵᠢᠨ ᠲᠠᠮᠢᠷᠴᠢᠨ ᠎ᠳᠤ ᠲᠣᠬᠢᠷᠠᠨ᠎ᠠ᠃
    ᠭᠤᠷᠪᠠᠳᠤᠭ᠋ᠠᠷ ᠵᠦᠢ᠍ᠯ     ᠲᠤᠰ ᠠᠷᠭ᠎ᠠ᠎ᠳᠤ ᠬᠡᠯᠡᠵᠦ ᠪᠠᠶ᠋ᠢᠭ᠎ᠠ ᠲᠠᠮᠢᠷᠴᠢᠨ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠲᠠᠮᠢᠷᠴᠢᠨ᠎ᠤ ᠠ᠋ᠩᠨᠡᠭᠡ ᠵᠢᠨ ᠳᠣᠲᠣᠷᠠᠬᠢ ᠶᠠᠮᠠᠷ ᠨᠢᠭᠡᠨ ᠵᠦᠢ᠍ᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠪᠣᠯᠪᠠᠰᠤᠷᠠᠯ ᠪᠠ ᠤᠷᠤᠯᠳᠤᠭ᠋ᠠᠨ᠎ᠳᠤ ᠣᠷᠣᠯᠴᠠᠬᠤ ᠪᠥᠭᠡᠳ ᠲᠤᠷᠰᠢᠨ ᠪᠣᠯᠪᠠᠰᠤᠷᠠᠭᠤᠯᠬᠤ   ᠪᠡᠶ᠎ᠡ ᠵᠢᠨ ᠲᠠᠮᠢᠷ᠎ᠤᠨ ᠨᠡᠮᠡᠭᠦᠷᠢ ᠮᠥᠩᠭᠥ ᠪᠤᠶᠤ ᠪᠡᠶ᠎ᠡ ᠵᠢᠨ ᠲᠠᠮᠢᠷ᠎ᠤᠨ ᠨᠡᠮᠡᠭᠦᠷᠢ ᠬᠥᠷᠳᠡᠬᠥ ᠬᠥᠮᠦᠰ á Žá ¢ ᠵᠢᠭ᠋ᠠᠵᠤ ᠪᠠᠢ᠌ᠨ᠎ᠠ᠃
    ᠳᠥᠷᠪᠡᠳᠦᠭᠡᠷ ᠵᠦᠢ᠍ᠯ   ᠲᠠᠮᠢᠷᠴᠢᠨ ᠎ᠳᠤ ᠲᠤᠷᠰᠢᠨ ᠪᠣᠯᠪᠠᠰᠤᠷᠠᠭᠤᠯᠬᠤ᠂ ᠤᠷᠢᠨ ᠬᠡᠷᠡᠭᠯᠡᠬᠦ ᠪᠠ ᠠᠯᠪᠠ᠎ᠠᠴᠠ ᠪᠠᠭᠤᠬᠤ ᠲᠤᠢ᠍ᠷᠢᠮ á Žá ¢ ᠬᠡᠷᠡᠭᠵᠢᠬᠦᠯᠵᠦ᠂ ᠰᠢᠯᠢᠳᠡᠭ ᠲᠠᠮᠢᠷᠴᠢᠨ ᠎ᠳᠤ ᠠᠵᠢᠯ ᠮᠡᠷᠭᠡᠵᠢᠯ ᠵᠶ᠋ᠡᠨ ᠬᠤᠪᠢᠷᠠᠭᠤᠯᠬᠤ ᠰᠢᠯᠵᠢᠯᠲᠡ ᠵᠢᠨ ᠬᠤᠭᠤᠴᠠᠭ᠎ᠠ ᠵᠢᠨ ᠳᠦᠷᠢᠮ á Žá ¢ ᠬᠡᠷᠡᠭᠵᠢᠬᠦᠯᠦᠨ᠎ᠡ᠃
    ᠲᠠᠪᠤᠳᠤᠭ᠋ᠠᠷ ᠵᠦᠢ᠍ᠯ     ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠠ᠋ᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠣᠯ ᠲᠠᠮᠢᠷᠴᠢᠨ ᠤᠷᠢᠨ ᠬᠡᠷᠡᠭᠯᠡᠬᠦ ᠪᠠ ᠨᠡᠶ᠋ᠢᠭᠡᠮ᠎ᠤᠨ ᠳᠠᠭ᠋ᠠᠳᠬᠠᠯ᠎ᠤᠨ ᠠᠵᠢᠯ᠎ᠢ ᠶᠡᠷᠦᠩᠬᠡᠶ᠋ᠢᠯᠡᠨ ᠬᠠᠮᠢᠶᠠᠷᠬᠤ ᠰᠠᠯᠠᠭ᠎ᠠ ᠮᠥᠴᠢᠷ ᠶᠤᠮ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠣᠷᠣᠨ ᠲᠣᠭ᠎ᠠ᠂ ᠰᠤᠷᠭ᠋ᠠᠨ ᠬᠦᠮᠦᠵᠢᠯ᠂ ᠳᠣᠲᠣᠭ᠋ᠠᠳᠤ ᠵᠢ ᠬᠠᠮᠠᠭ᠋ᠠᠯᠠᠬᠤ᠂ ᠠ᠋ᠳ᠋᠎ᠤᠨ ᠵᠠᠰᠠᠭ᠂ ᠬᠥᠮᠦᠨ᠎ᠤ ᠬᠦᠴᠦᠨ᠎ᠤ ᠠ᠋ᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠯᠴᠠᠨ᠂ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠲᠠᠮᠢᠷᠴᠢᠨ ᠤᠷᠢᠬᠤ᠂ ᠬᠥᠮᠦᠵᠢᠭᠦᠯᠬᠦ ᠪᠠ ᠠᠯᠪᠠ᠎ᠠᠴᠠ ᠪᠠᠭᠤᠬᠤ ᠵᠡᠷᠭᠡ ᠵᠢᠨ ᠠᠵᠢᠯ á Žá ¢ ᠬᠠᠷᠢᠭᠤᠴᠠᠨ᠎ᠠ᠃

              ᠬᠣᠶᠠᠳᠤᠭ᠋ᠠᠷ ᠪᠦᠯᠦᠭ   ᠲᠠᠮᠢᠷᠴᠢᠨ á Žá ¢ ᠲᠤᠷᠰᠢᠨ ᠪᠣᠯᠪᠠᠰᠤᠷᠠᠭᠤᠯᠬᠤ

    ᠵᠢᠷᠭᠤᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠥᠪᠡᠷᠮᠢᠴᠡ ᠴᠢᠨᠠᠷ á Žá ¢ ᠦᠨᠳᠦᠰᠦᠯᠡᠨ᠂ ᠡᠯ᠎ᠡ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠨᠢᠭᠡᠴᠡ᠎ᠨᠢ ᠣᠷᠣᠨ ᠲᠣᠭ᠎ᠠ ᠲᠥᠯᠥᠪᠯᠡᠭᠡ ᠵᠢᠨ ᠳᠣᠲᠣᠷᠠᠬᠢ ᠰᠢᠯᠢᠳᠡᠭ ᠲᠠᠮᠢᠷᠴᠢᠨ᠎ᠢ ᠤᠷᠢᠵᠤ ᠬᠡᠷᠡᠭᠯᠡᠬᠦ á ­á  á · ᠭᠦᠢ᠍ᠴᠡᠳᠬᠡᠯ ᠬᠢᠬᠦ᠎ᠠᠴᠠ ᠠ᠋ᠮᠦᠨ᠎ᠡ᠂ ᠵᠣᠬᠢᠬᠤ ᠬᠡᠪᠴᠢᠶᠡᠨ᠎ᠤ ᠬᠥᠮᠦᠰ á Žá ¢ ᠵᠣᠬᠢᠶᠠᠨ ᠪᠠᠢ᠌ᠭᠤᠯᠵᠤ ᠲᠤᠷᠰᠢᠨ ᠪᠣᠯᠪᠠᠰᠤᠷᠡᠯ ᠬᠢᠨ᠎ᠡ᠃
    ᠳᠣᠯᠣᠳᠤᠭ᠋ᠠᠷ ᠵᠦᠢ᠍ᠯ   ᠲᠤᠷᠰᠢᠨ ᠪᠣᠯᠪᠠᠰᠤᠷᠠᠭᠤᠯᠬᠤ ᠪᠠᠷᠢᠮᠵᠢᠶ᠎ᠠ ᠵᠢ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠲᠣᠭᠲᠠᠭ᠋ᠠᠨ᠎ᠠ᠃ ᠲᠤᠷᠰᠢᠨ ᠪᠣᠯᠪᠠᠰᠤᠷᠠᠭᠤᠯᠬᠤ ᠲᠠᠮᠢᠷᠴᠢᠨ á Žá ¢ ᠬᠠᠨᠳᠤᠯᠭ᠎ᠠ᠎ᠲᠠᠢ᠎ᠪᠠᠷ ᠰᠢᠯᠢᠨ ᠰᠣᠩᠭᠣᠵᠤ᠂ ᠲᠠᠨᠢᠯᠴᠠᠭᠤᠯᠬᠤ ᠪᠤᠶᠤ ᠨᠡᠶ᠋ᠢᠭᠡᠮ ᠳᠡᠭᠡᠷ᠎ᠡ᠎ᠠᠴᠠ ᠢᠯᠡ᠎ᠪᠠᠷ ᠠ᠋ᠯᠰᠡᠵᠦ ᠠᠪᠬᠤ ᠵᠡᠷᠭᠡ á  á ·á ­á Žá   ᠮᠠᠶᠢᠭ ᠵᠶ᠋ᠠᠷ ᠳᠠᠮᠵᠢᠭᠤᠯᠤᠨ᠂ ᠵᠠᠷᠴᠢᠮ ᠳᠡᠭᠡᠷ᠎ᠡ᠎ᠪᠠᠨ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠲᠡᠭᠦᠰᠦᠭᠰᠡᠨ ᠲᠠᠮᠢᠷᠴᠢᠨ ᠪᠤᠶᠤ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠷᠤᠯᠳᠤᠭ᠋ᠠᠨ᠎ᠤ ᠲᠠᠮᠢᠷ᠎ᠤᠨ ᠰᠤᠷᠭ᠋ᠠᠭᠤᠯᠢ᠎ᠳᠤ ᠣᠷᠣᠵᠤ ᠳᠤᠮᠳᠠᠳᠤ ᠵᠡᠷᠭᠡ ᠵᠢᠨ ᠲᠤᠰᠬᠠᠶ ᠮᠡᠷᠭᠡᠵᠢᠯ᠎ᠤᠨ ᠠᠨᠭ᠌ᠬᠢ᠎ᠳᠤ ᠰᠤᠷᠤᠯᠴᠠᠵᠤ ᠪᠠᠢ᠌ᠭ᠎ᠠ ᠬᠥᠮᠦᠰ᠎ᠤᠨ ᠳᠣᠲᠣᠷ᠎ᠠ᠎ᠠᠴᠠ ᠰᠢᠯᠢᠳᠡᠭ᠎ᠢ᠎ᠨᠢ ᠰᠣᠩᠭᠣᠨ ᠤᠷᠢᠬᠤ ᠬᠡᠷᠡᠭᠲᠡᠢ᠂ ᠣᠨᠴᠠᠭ᠋ᠠᠶ ᠴᠢᠳᠠᠪᠤᠷᠢᠲᠠᠨ ᠪᠠ ᠣᠨᠴᠠ ᠵᠠᠷᠢᠮ ᠵᠦᠢ᠍ᠯᠡᠰ᠎ᠢ ᠵᠣᠬᠢᠰᠲᠠᠶ᠎ᠪᠠᠷ ᠠᠭᠤᠵᠢᠭᠤ ᠲᠠᠯᠪᠢᠵᠤ ᠪᠣᠯᠤᠨ᠎ᠠ᠃
    ᠨᠠᠢ᠍ᠮᠠᠳᠤᠭ᠋ᠠᠷ ᠵᠦᠢ᠍ᠯ   ᠲᠤᠷᠰᠢᠨ ᠪᠣᠯᠪᠠᠰᠤᠷᠠᠭᠤᠯᠬᠤ á ´á  á ­ ᠬᠤᠭᠤᠴᠠᠭ᠎ᠠ᠎ᠨᠢ ᠵᠠᠷᠴᠢᠮ ᠳᠡᠭᠡᠷ᠎ᠡ᠎ᠪᠠᠨ ᠨᠢᠭᠡ ᠵᠢᠯ᠎ᠠᠴᠠ ᠬᠡᠲᠦᠷᠡᠬᠦ ᠦᠭᠡᠢ᠃ ᠲᠤᠷᠰᠢᠨ ᠪᠣᠯᠪᠠᠰᠤᠷᠠᠭᠤᠯᠬᠤ ᠲᠠᠮᠢᠷᠴᠢᠨ ᠣᠷᠣᠨ ᠲᠣᠭ᠎ᠠ ᠡᠵᠡᠯᠡᠬᠦ ᠦᠭᠡᠶ᠂ ᠰᠢᠯᠢᠳᠡᠭ ᠲᠠᠮᠢᠷᠴᠢᠨ á Žá ¤ ᠣᠷᠣᠨ ᠲᠣᠭ᠋ᠠᠨ᠎ᠠᠴᠠ ᠭᠠᠳᠠᠨ᠎ᠠ ᠠᠰ᠎ᠲᠤᠨᠢ ᠵᠢᠭᠰᠠᠭ᠋ᠠᠨ᠎ᠠ᠂ ᠵᠢᠯ ᠪᠦᠷᠢ ᠵᠢᠨ ᠲᠤᠷᠰᠢᠨ ᠪᠣᠯᠪᠠᠰᠤᠷᠠᠭᠤᠯᠬᠤ ᠲᠠᠮᠢᠷᠴᠢᠨ á Žá ¤ ᠬᠥᠮᠦᠨ᠎ᠤ ᠲᠣᠭ᠎ᠠ ᠵᠢ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠲᠣᠭ᠎ᠠ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠬᠦᠮᠦᠨ á Žá ¤ ᠲᠣᠭ᠎ᠠ ᠵᠢ ᠶᠡᠷᠦ᠎ᠳᠡᠭᠡᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠲᠠᠮᠢᠷᠴᠢᠨ᠎ᠤ ᠠᠩᠬᠢ ᠵᠢᠨ ᠲᠠᠮᠢᠷᠴᠢᠨ á Žá ¤ ᠣᠷᠣᠨ ᠲᠣᠭ᠎ᠠ ᠵᠢᠨ ᠲᠣᠭ᠋ᠠᠨ᠎ᠤ 20 ï¼… ᠵᠢᠨ ᠳᠣᠲᠣᠷ᠎ᠠ ᠬᠢᠵᠠᠭ᠋ᠠᠷᠯᠠᠵᠤ ᠪᠠᠶ᠋ᠢᠬᠤ ᠬᠡᠷᠡᠭᠲᠡᠢ᠃ ᠲᠤᠷᠰᠢᠨ ᠪᠣᠯᠪᠠᠰᠤᠷᠠᠭᠤᠯᠬᠤ ᠲᠠᠮᠢᠷᠴᠢᠨ ᠲᠤᠷᠰᠢᠨ ᠪᠣᠯᠪᠠᠰᠤᠷᠠᠭᠤᠯᠬᠤ ᠬᠤᠭᠤᠴᠠᠭ᠋ᠠᠨ᠎ᠳᠤ᠂ ᠡᠯ᠎ᠡ ᠪᠣᠯᠪᠠᠰᠤᠷᠠᠯ᠎ᠤᠨ ᠨᠢᠭᠡᠴᠢ᠎ᠨᠢ ᠲᠤᠰ ᠬᠥᠮᠦᠨ ᠪᠤᠶᠤ ᠲᠡᠭᠦᠨ᠎ᠤ ᠬᠢᠨᠠᠨ ᠬᠠᠮᠠᠭ᠋ᠠᠯᠠᠭᠴᠢ     (ᠪᠦᠬᠦᠯᠢ 16 ᠨᠠᠰᠤ ᠬᠦᠷᠦᠭᠡᠳᠦᠢ ᠵᠢᠭ᠋ᠠᠨ ᠲᠣᠭᠲᠠᠭ᠋ᠠᠭᠰᠠᠨ ᠬᠠᠤᠯᠢ᠎ᠪᠠᠷ ᠲᠣᠭᠲᠠᠭ᠋ᠠᠭᠰᠠᠨ ᠬᠢᠨᠠᠨ ᠬᠠᠮᠠᠭ᠋ᠠᠯᠠᠭᠴᠢ)᠎ᠲᠠᠢ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠲᠣᠭᠲᠠᠭ᠋ᠠᠭᠰᠠᠨ ᠲᠤᠷᠰᠢᠨ ᠪᠣᠯᠪᠠᠰᠤᠷᠠᠭᠤᠯᠬᠤ á ­á ¡á ·á Žá ¡ ᠵᠢᠨ ᠪᠢᠴᠢᠭ᠎ᠲᠤ á ­á  á · ᠎ᠤᠨ ᠦᠰᠦᠭ ᠵᠢᠷᠤᠨ᠎ᠠ᠃
    ᠶᠢᠰᠦᠳᠦᠭᠡᠷ ᠵᠦᠢ᠍ᠯ   ᠲᠤᠷᠰᠢᠨ ᠪᠣᠯᠪᠠᠰᠤᠷᠠᠭᠤᠯᠬᠤ ᠲᠠᠮᠢᠷᠴᠢᠨ ᠲᠤᠷᠰᠢᠨ ᠪᠣᠯᠪᠠᠰᠤᠷᠠᠭᠤᠯᠬᠤ ᠬᠤᠭᠤᠴᠠᠭ᠋ᠠᠨ᠎ᠳᠤ ᠤᠯᠤᠰ᠎ᠠᠴᠠ ᠲᠣᠭᠲᠠᠭ᠋ᠠᠭᠰᠠᠨ ᠲᠤᠷᠰᠢᠨ ᠪᠣᠯᠪᠠᠰᠤᠷᠠᠭᠤᠯᠬᠤ ᠲᠠᠮᠢᠷ᠎ᠤᠨ ᠨᠡᠮᠡᠬᠦᠷᠢ ᠮᠥᠩᠭᠥ᠂ ᠠᠮᠵᠢᠯᠲᠠ ᠵᠢᠨ ᠨᠥᠬᠥᠪᠥᠷᠢ ᠮᠥᠩᠭᠥ ᠠᠪᠬᠤ ᠨᠥᠬᠥᠴᠡᠯ ᠎ᠳᠤ ᠬᠦᠷᠦᠭᠰᠡᠨ ᠪᠠᠶ᠋ᠢᠪᠠᠯ᠂ ᠬᠠᠷᠠᠭ᠋ᠠᠯᠵᠠᠭᠰᠠᠨ   ᠠᠮᠵᠢᠯᠲᠠ ᠵᠢᠨ ᠨᠥᠬᠥᠪᠥᠷᠢ ᠮᠥᠩᠭᠥ ᠠᠪᠴᠤ ᠪᠣᠯᠤᠨ᠎ᠠ᠃ ᠲᠤᠷᠰᠢᠨ ᠪᠣᠯᠪᠠᠰᠤᠷᠠᠭᠤᠯᠬᠤ ᠬᠤᠭᠤᠴᠠᠭ᠋ᠠᠨ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠨᠡᠶ᠋ᠢᠭᠡᠮ᠎ᠤᠨ ᠳᠠᠭ᠋ᠠᠳᠬᠠᠯ᠎ᠳᠤ ᠣᠷᠣᠯᠴᠠᠵᠤ᠂ ᠨᠡᠶ᠋ᠢᠭᠡᠮ᠎ᠤᠨ ᠳᠠᠭ᠋ᠠᠳᠬᠠᠯ᠎ᠤᠨ ᠣᠯᠭᠣᠮᠵᠢ ᠬᠠᠷᠠᠭ᠋ᠠᠯᠵᠠᠯ᠎ᠢ ᠡᠳ᠋ᠯᠡᠨ᠎ᠡ᠃
    ᠠᠷᠪᠠᠳᠤᠭ᠋ᠠᠷ ᠵᠦᠢ᠍ᠯ   ᠲᠤᠷᠰᠢᠨ ᠪᠣᠯᠪᠠᠰᠤᠷᠠᠭᠤᠯᠬᠤ ᠲᠠᠮᠢᠷᠴᠢᠨ ᠬᠠᠷᠠᠭ᠋ᠠᠯᠵᠠᠭᠰᠠᠨ ᠰᠣᠶᠣᠯ ᠰᠤᠷᠭ᠋ᠠᠨ ᠬᠥᠮᠦᠵᠢᠯ᠎ᠢ ᠬᠦᠯᠢᠶᠡᠠ ᠠᠪᠬᠤ ᠬᠡᠷᠡᠭᠲᠡᠶ᠂ ᠲᠤᠷᠰᠢᠨ ᠪᠣᠯᠪᠠᠰᠤᠷᠠᠭᠤᠯᠬᠤ ᠲᠠᠮᠢᠷᠴᠢᠨ᠎ᠤ ᠨᠢᠭᠡᠴᠢ ᠪᠡᠶ᠎ᠡ ᠵᠢᠨ ᠲᠠᠮᠢᠷ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ á Žá ¢ ᠬᠠᠪᠰᠤᠷᠤᠨ ᠵᠢᠭ᠋ᠠᠨ ᠰᠤᠷᠭ᠋ᠠᠯᠲᠠ ᠵᠢᠨ ᠵᠣᠬᠢᠶᠠᠨ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃

                ᠭᠤᠷᠪᠠᠳᠤᠭ᠋ᠠᠷ ᠪᠦᠯᠦᠭ     ᠰᠢᠯᠢᠳᠡᠭ ᠲᠠᠮᠢᠷᠴᠢᠨ᠎ᠢ ᠠ᠋ᠯᠰᠡᠨ ᠤᠷᠢᠬᠤ

    ᠠᠷᠪᠠᠨ ᠨᠢᠭᠡᠳᠦᠭᠡᠷ ᠵᠦᠢ᠍ᠯ   ᠰᠢᠯᠢᠳᠡᠭ ᠲᠠᠮᠢᠷᠴᠢᠨ᠎ᠢ ᠤᠷᠢᠵᠤ ᠬᠡᠷᠡᠭᠯᠡᠬᠦ ᠵᠢ ᠲᠠᠮᠢᠷᠴᠢᠳ ᠎ᠤᠨ ᠣᠷᠣᠨ ᠲᠣᠭ᠎ᠠ ᠵᠢᠨ ᠳᠣᠲᠣᠷ᠎ᠠ ᠬᠢᠵᠦ᠂ ᠠ᠋ᠯᠰᠡᠬᠦ ᠠᠵᠢᠯ᠎ᠨᠢ ᠢᠯᠡ ᠲᠣᠳᠣ᠂ ᠠ᠋ᠷᠬᠡ ᠲᠡᠭᠰᠢ᠂ ᠦᠷᠦᠰᠦᠯᠳᠦᠬᠦ᠂ ᠰᠢᠯᠢᠳᠡᠭ᠎ᠢ᠎ᠨᠢ ᠰᠣᠩᠭᠣᠬᠤ᠂ ᠰᠢᠨᠵᠢᠯᠡᠬᠦ ᠤᠬᠠᠭ᠋ᠠᠨᠴᠢ᠂ ᠵᠢᠷᠤᠮᠵᠢᠭᠰᠠᠨ ᠵᠠᠷᠴᠢᠮ᠎ᠢ ᠵᠢᠷᠤᠮᠯᠠᠵᠤ᠂ ᠠᠵᠢᠯ   ᠦᠢ᠍ᠯᠡᠰ᠎ᠤᠨ ᠨᠢᠭᠡᠴᠡ ᠵᠢᠨ ᠢᠯᠡ᠎ᠪᠠᠷ ᠠᠵᠢᠯᠲᠠᠨ ᠠ᠋ᠯᠰᠡᠬᠦ ᠬᠣᠯᠪᠣᠭᠳᠠᠯ ᠪᠦᠬᠦᠢ ᠲᠣᠭᠲᠠᠭ᠋ᠠᠯ á Žá ¢ ᠦᠨᠳᠦᠰᠦᠯᠡᠨ ᠭᠦᠢ᠍ᠴᠡᠳᠬᠡᠨ᠎ᠡ᠃
    ᠠᠷᠪᠠᠨ ᠬᠣᠶᠠᠳᠤᠭ᠋ᠠᠷ ᠵᠦᠢ᠍ᠯ   ᠡᠯ᠎ᠡ ᠱᠠᠲᠤᠨ᠎ᠤ ᠬᠥᠮᠦᠨ᠎ᠤ ᠬᠦᠴᠦᠨ᠎ᠤ ᠠ᠋ᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠲᠠᠮᠢᠷᠴᠢᠨ ᠠ᠋ᠯᠰᠡᠬᠦ ᠠᠵᠢᠯ á Žá ¢ ᠵᠢᠯᠤᠭᠤᠳᠤᠨ ᠬᠢᠨᠠᠯᠲᠠ ᠲᠠᠯᠪᠢᠨ᠎ᠠ; ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠢ ᠦᠨᠳᠦᠰᠦᠯᠡᠨ᠂ ᠰᠢᠯᠢᠳᠡᠭ ᠲᠠᠮᠢᠷᠴᠢᠨ᠎ᠤ ᠠ᠋ᠩᠨᠡᠭᠡ ᠵᠢᠨ ᠲᠠᠮᠢᠷᠴᠢᠨ᠎ᠤ ᠤᠷᠢᠵᠤ ᠬᠡᠷᠡᠭᠯᠡᠬᠦ ᠪᠠᠷᠢᠮᠵᠢᠶ᠎ᠠ ᠵᠢ ᠲᠣᠭᠲᠠᠭ᠋ᠠᠨ᠎ᠠ᠃ ᠪᠣᠳᠠᠲᠠᠶ ᠪᠠᠷᠢᠮᠵᠢᠶ᠎ᠠ᠎ᠨᠢ ᠲᠥᠷᠥᠯ ᠵᠦᠢ᠍ᠯ᠎ᠤᠨ ᠣᠨᠴᠠᠯᠢᠭ ᠪᠣᠯᠤᠨ ᠲᠠᠮᠢᠷᠴᠢᠨ á Žá ¤ ᠴᠢᠳᠠᠪᠤᠷᠢᠲᠠᠨ ᠪᠣᠯᠬᠤ ᠵᠢᠮ᠎ᠡ ᠬᠠᠤᠯᠢ ᠵᠢ ᠢᠯᠡᠷᠡᠭᠦᠯᠵᠦ᠂ ᠠ᠋ᠷᠡᠭᠦᠯ ᠮᠡᠨᠳᠦ ᠵᠢᠨ ᠪᠠᠶ᠋ᠢᠳᠠᠯ᠂ ᠪᠡᠶ᠎ᠡ ᠵᠢᠨ ᠬᠡᠯᠪᠡᠷᠢ   ᠪᠠᠶ᠋ᠢᠳᠠᠯ᠂ ᠲᠤᠰᠬᠠᠶ ᠮᠡᠷᠭᠡᠵᠢᠯ ᠎ᠤᠨ ᠴᠢᠳᠠᠪᠤᠷᠢ᠂ ᠰᠣᠶᠣᠯ᠎ᠤᠨ ᠬᠢᠷᠢ ᠬᠡᠮᠵᠢᠶ᠎ᠡ ᠵᠡᠷᠭᠡ ᠠᠭᠤᠯᠭ᠎ᠠ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠯᠢᠳᠡᠭ ᠲᠠᠮᠢᠷᠴᠢᠨ ᠠ᠋ᠯᠰᠡᠬᠦ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠠ᠋ᠯᠰᠡᠨ ᠬᠡᠷᠡᠭᠯᠡᠬᠦ ᠨᠥᠬᠥᠴᠡᠯ᠎ᠢ ᠦᠨᠳᠦᠰᠦᠯᠡᠨ᠂ ᠪᠠᠷᠢᠮᠵᠢᠶ᠎ᠠ ᠪᠣᠯᠤᠨ ᠱᠠᠭ᠋ᠠᠷᠳᠠᠯᠭ᠎ᠠ ᠶᠣᠰᠣᠭ᠋ᠠᠷ᠂ ᠰᠢᠯᠭ᠋ᠠᠯᠲᠠ ᠬᠢᠬᠦ᠂ ᠬᠢᠨᠠᠨ ᠰᠢᠯᠭ᠋ᠠᠬᠤ ᠠᠷᠭ᠎ᠠ᠎ᠪᠠᠷ ᠶᠠᠪᠤᠭᠳᠠᠭᠤᠯᠤᠨ᠎ᠠ᠃
    ᠠᠷᠪᠠᠨ ᠭᠤᠷᠪᠠᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠨᠢᠭᠡᠴᠡ ᠵᠢᠯ ᠪᠦᠷᠢ ᠵᠢᠨ 11 ᠳ᠋ᠤᠭᠡᠷ á °á  á ·á Žá   ᠵᠢᠨ ᠰᠡᠭᠦᠯᠴᠢ᠎ᠠᠴᠠ ᠠ᠋ᠮᠦᠨ᠎ᠡ᠂ ᠪᠡᠶ᠎ᠡ ᠵᠢᠨ ᠲᠠᠮᠢᠷ᠎ᠤᠨ ᠳᠦᠷᠦᠯ ᠵᠦᠢ᠍ᠯ ᠎ᠤᠨ ᠬᠥᠭᠵᠢᠯᠲᠡ ᠵᠢᠨ ᠣᠳᠣᠬᠢ ᠪᠠᠶ᠋ᠢᠳᠠᠯ᠂ ᠪᠣᠳᠠᠲᠤ ᠬᠡᠷᠡᠭᠴᠡᠭᠡ᠂ ᠲᠠᠮᠢᠷᠴᠢᠨ á Žá ¤ ᠣᠷᠣᠨ ᠲᠤᠭ᠎ᠠ ᠵᠢᠨ ᠪᠠᠶ᠋ᠢᠳᠠᠯ᠎ᠢ ᠦᠨᠳᠦᠰᠦᠯᠡᠨ᠂ ᠳᠠᠷᠠᠭ᠎ᠠ ᠵᠢᠯ᠎ᠤᠨ ᠰᠢᠯᠢᠳᠡᠭ ᠲᠠᠮᠢᠷᠴᠢᠨ ᠤᠷᠢᠬᠤ ᠲᠥᠯᠥᠪᠯᠡᠭᠡ ᠵᠢ ᠨᠠᠶ᠋ᠢᠷᠠᠭᠤᠯᠤᠨ ᠮᠡᠳᠡᠭᠦᠯᠬᠦ ᠬᠡᠷᠡᠭᠲᠡᠶ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠪᠠᠷ ᠬᠢᠨᠠᠨ ᠵᠦᠪᠰᠢᠶᠡᠷᠡᠭᠦᠯᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠠ᠋ᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠣᠷᠣᠨ ᠲᠣᠭ᠎ᠠ ᠵᠢᠨ ᠠᠯᠪᠠᠨ ᠬᠡᠷ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠠᠵᠢᠯ ᠦᠢ᠍ᠯᠡᠰ᠎ᠤᠨ ᠨᠢᠭᠡᠴᠡ ᠵᠢᠨ ᠢᠯᠡ᠎ᠪᠠᠷ ᠠᠵᠢᠯᠲᠠᠨ ᠠ᠋ᠯᠰᠡᠬᠦ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠣᠨ᠎ᠤ ᠠ᠋ᠯᠰᠡᠬᠦ ᠠᠵᠢᠯ ᠎ᠤᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂   ᠲᠣᠭᠲᠠᠭ᠋ᠠᠭᠰᠠᠨ ᠵᠢᠷᠤᠮ ᠶᠣᠰᠣᠭ᠋ᠠᠷ ᠬᠢᠨᠠᠨ ᠵᠥᠪᠰᠢᠶᠡᠷᠡᠭᠰᠡᠨ᠎ᠤ ᠳᠠᠷᠠᠭ᠎ᠠ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠠ᠋ᠭᠦᠨ᠎ᠳᠤ᠂ ᠪᠦᠬᠦᠯᠢ 16 ᠨᠠᠰᠤ ᠬᠦᠷᠦᠭᠡᠳᠦᠢ ᠰᠢᠯᠢᠳᠡᠭ ᠲᠠᠮᠢᠷᠴᠢᠨ᠎ᠢ ᠤᠷᠢᠵᠤ ᠬᠡᠷᠡᠭᠯᠡᠬᠦ ᠎ᠳᠤ᠂ ᠲᠡᠭᠦᠨ᠎ᠤ ᠬᠢᠨᠠᠨ ᠬᠠᠮᠠᠭ᠋ᠠᠯᠠᠭᠴᠢ ᠵᠢᠨ ᠵᠥᠪᠰᠢᠶᠡᠷᠡᠯ᠎ᠢ ᠤᠯᠬᠤ ᠴᠢᠬᠤᠯᠠᠲᠠᠶ᠂ ᠲᠣᠭᠲᠠᠭ᠋ᠠᠯ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠠ᠋ᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠎ᠳᠤ ᠮᠡᠳᠡᠭᠦᠯᠵᠦ ᠵᠦᠪᠰᠢᠶᠡᠷᠡᠬᠦᠯᠦᠨ᠎ᠡ᠃  
    ᠠᠷᠪᠠᠨ ᠳᠥᠷᠪᠡᠳᠦᠭᠡᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠤᠷᠢᠨ ᠬᠡᠷᠡᠭᠯᠡᠬᠦ ᠠᠵᠢᠯ᠎ᠤᠨ ᠵᠢᠷᠤᠮ᠎ᠢ ᠵᠢᠷᠤᠮᠵᠢᠭᠤᠯᠵᠤ᠂ ᠲᠠᠮᠢᠷᠴᠢᠨ á Žá ¢ ᠤᠷᠢᠨ ᠬᠡᠷᠡᠭᠯᠡᠬᠦ ᠠᠵᠢᠯ ᠎ᠤᠨ ᠢᠯᠡ ᠨᠡᠶ᠋ᠢᠲᠡᠯᠡᠬᠦ ᠲᠦᠷᠢᠮ᠎ᠢ ᠲᠡᠭᠦᠯᠳᠡᠷᠵᠢᠬᠦᠯᠦᠨ᠎ᠡ᠃   ᠣᠯᠠᠨ ᠨᠡᠶ᠋ᠢᠳᠡ᠎ᠳᠤ ᠵᠠᠷᠯᠠᠨ ᠳᠠᠭᠤᠰᠤᠭᠰᠠᠨ᠎ᠤ ᠳᠠᠷᠠᠭ᠎ᠠ᠂ ᠺᠠᠳ᠋ᠷ ᠠᠵᠢᠯᠳᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠠ᠋ᠷᠬᠡ ᠮᠡᠳᠡᠯ᠎ᠤᠨ ᠬᠡᠪᠴᠢᠶ᠎ᠡ ᠪᠣᠯᠤᠨ ᠲᠣᠭᠲᠠᠭ᠋ᠠᠯ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠠ᠋ᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠵᠥᠪᠰᠢᠶᠡᠷᠡᠯ á Žá ¢ ᠣᠯᠤᠭᠰᠠᠨ á Žá ¤ ᠳᠠᠷᠭ᠎ᠠ᠂ ᠡᠯ᠎ᠡ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠨᠢᠭᠡᠴᠢ ᠪᠣᠯᠤᠨ ᠰᠢᠯᠢᠳᠡᠭ ᠲᠠᠮᠢᠷᠴᠢᠨ ᠤᠷᠢᠨ ᠬᠡᠷᠡᠭᠯᠡᠬᠦ á ­á ¡á ·á Žá ¡ ᠲᠣᠭᠲᠠᠵᠤ᠂ ᠬᠣᠶᠠᠷ ᠠ᠋ᠲᠡᠭᠡᠳ᠎ᠤᠨ ᠠ᠋ᠷᠬᠡ᠂ ᠠ᠋ᠭᠦᠷᠭᠡ ᠵᠢᠴᠢ ᠪᠤᠰᠤᠳ ᠬᠣᠯᠪᠣᠭᠳᠠᠯ ᠪᠦᠬᠦᠢ ᠵᠦᠢ᠍ᠯᠡᠰ᠎ᠢ   ᠲᠣᠳᠣᠷᠬᠠᠢ ᠪᠣᠯᠭ᠋ᠠᠬᠤ ᠬᠡᠷᠡᠭᠲᠡᠶ᠃
    ᠠᠷᠪᠠᠨ ᠲᠠᠪᠤᠳᠤᠭ᠋ᠠᠷ ᠵᠦᠢ᠍ᠯ   ᠲᠤᠷᠰᠢᠨ ᠪᠣᠯᠪᠠᠰᠤᠷᠠᠭᠤᠯᠬᠤ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠤᠷᠢᠵᠤ ᠬᠡᠷᠡᠭᠯᠡᠬᠦ ᠪᠠᠷᠢᠮᠵᠢᠶ᠎ᠠ᠎ᠳᠤ ᠨᠡᠶ᠋ᠢᠴᠡᠭᠰᠡᠨ ᠲᠠᠮᠢᠷᠴᠢᠨ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠯᠢᠳᠡᠭ ᠲᠠᠮᠢᠷᠴᠢᠨ᠎ᠢ ᠤᠷᠢᠵᠤ ᠬᠡᠷᠡᠭᠯᠡᠬᠦ á ­á  á · ᠭᠦᠢ᠍ᠴᠡᠳᠬᠡᠯ ᠬᠢᠬᠦ ᠬᠡᠷᠡᠭᠲᠡᠶ᠂ ᠲᠡᠭᠦᠨ᠎ᠤ ᠬᠠᠮᠤᠭ ᠰᠡᠭᠦᠯ᠎ᠤᠨ ᠤᠳᠠᠭ᠋ᠠᠨ᠎ᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠨᠢᠭᠡᠴᠢ ᠎ᠳᠤ ᠲᠤᠷᠰᠢᠨ ᠪᠣᠯᠪᠠᠰᠤᠷᠠᠯ ᠬᠢᠭᠰᠡᠨ á ´á  á ­ á Žá ¢ ᠦᠷᠭᠦᠯᠵᠢᠯᠡᠭᠰᠡᠨ ᠠᠵᠢᠯᠯᠠᠭᠰᠠᠨ ᠵᠢᠯ ᠬᠤᠭᠤᠴᠠᠭ᠎ᠠ᠎ᠪᠠᠷ ᠪᠣᠳᠣᠵᠤ ᠪᠣᠯᠣᠨ᠎ᠠ; ᠲᠤᠷᠰᠢᠨ ᠪᠣᠯᠪᠠᠰᠤᠷᠠᠭᠤᠯᠬᠤ ᠬᠤᠭᠤᠴᠠᠭ᠎ᠠ ᠳᠠᠭᠤᠰᠴᠤ ᠪᠠᠷᠢᠮᠵᠢᠶ᠎ᠠ ᠎ᠳᠤ ᠬᠦᠷᠦᠭᠰᠡᠨ ᠦᠭᠡᠢ ᠲᠠᠮᠢᠷᠴᠢᠨ᠎ᠨᠢ ᠤᠷᠢᠨ ᠬᠡᠷᠡᠭᠯᠡᠬᠦ á ­á  á · ᠭᠦᠢ᠍ᠴᠡᠳᠬᠡᠯ ᠬᠢᠵᠦ ᠪᠣᠯᠬᠤ ᠦᠭᠡᠢ᠂ ᠪᠣᠯᠪᠠᠰᠤᠷᠠᠯ᠎ᠤᠨ ᠪᠠᠶ᠋ᠢᠭᠤᠯᠤᠯᠭ᠎ᠠ᠎ᠨᠢ ᠪᠢᠴᠢᠭ᠎ᠤᠨ ᠬᠡᠯᠪᠡᠷᠢ᠎ᠪᠠᠷ   ᠲᠤᠷᠰᠢᠨ ᠪᠣᠯᠪᠠᠰᠤᠷᠠᠭᠤᠯᠬᠤ ᠲᠠᠮᠢᠷᠴᠢᠨ á Žá ¤ ᠲᠣᠰ ᠬᠥᠮᠦᠨ ᠵᠢᠴᠢ ᠤᠤᠯ᠎ᠤᠨ ᠨᠢᠭᠡᠴᠢ ᠎ᠳᠤ ᠮᠡᠳᠡᠭᠳᠡᠨ᠎ᠡ᠂ ᠲᠤᠷᠰᠢᠨ ᠪᠣᠯᠪᠠᠰᠤᠷᠠᠭᠤᠯᠬᠤ ᠬᠢᠭᠡᠳ ᠬᠠᠮᠢᠶ᠎ᠠ ᠪᠥᠬᠦᠢ ᠣᠯᠭᠣᠮᠵᠢ ᠳᠠᠭᠤᠰᠪᠠᠯ᠂ ᠲᠤᠷᠰᠢᠨ ᠪᠣᠯᠪᠠᠰᠤᠷᠠᠭᠤᠯᠬᠤ ᠲᠠᠮᠢᠷᠴᠢᠨ ᠤᠤᠯ᠎ᠤᠨ ᠨᠢᠭᠡᠴᠢ ᠪᠤᠶᠤ ᠰᠠᠭᠤᠵᠤ ᠪᠠᠶ᠋ᠢᠭ᠎ᠠ ᠭᠠᠵᠠᠷ ᠎ᠲᠤ ᠪᠤᠴᠠᠨ᠎ᠠ᠃

                ᠳᠥᠷᠪᠡᠳᠦᠭᠡᠷ ᠪᠦᠯᠦᠭ     ᠰᠢᠯᠢᠳᠡᠭ ᠲᠠᠮᠢᠷᠴᠢᠨ á Žá ¤   ᠪᠣᠯᠪᠠᠰᠤᠷᠠᠯ

    ᠠᠷᠪᠠᠨ ᠵᠢᠷᠭᠤᠳᠤᠭ᠋ᠠᠷ ᠵᠦᠢ᠍ᠯ   ᠰᠢᠯᠢᠳᠡᠭ ᠲᠠᠮᠢᠷᠴᠢᠨ á Žá ¤ ᠠᠵᠢᠯ᠎ᠤᠨ ᠪᠠᠶ᠋ᠢᠷᠢ ᠵᠢᠨ ᠬᠠᠮᠢᠶᠠᠷᠤᠯᠲᠠ᠃ ᠰᠢᠯᠢᠳᠡᠭ ᠲᠠᠮᠢᠷᠴᠢᠨ á Žá ¤ ᠠᠵᠢᠯ ᠎ᠤᠨ ᠪᠠᠶ᠋ᠢᠷᠢ᠂ ᠠᠵᠢᠯ ᠦᠢ᠍ᠯᠡᠰ᠎ᠤᠨ ᠨᠢᠭᠡᠴᠡ ᠵᠢᠨ ᠲᠤᠰᠬᠠᠶ ᠮᠡᠷᠭᠡᠵᠢᠯ᠎ᠤᠨ ᠠᠵᠢᠯ᠎ᠤᠨ ᠪᠠᠶ᠋ᠢᠷᠢ᠂ ᠬᠠᠮᠢᠶᠠᠷᠤᠯᠲᠠ ᠵᠢᠨ ᠠᠵᠢᠯ᠎ᠤᠨ ᠪᠠᠶ᠋ᠢᠷᠢ᠂ ᠠᠵᠢᠯ ᠮᠡᠷᠭᠡᠵᠢᠯ ᠴᠢᠳᠠᠪᠤᠷᠢ ᠵᠢᠨ ᠠᠵᠢᠯ᠎ᠤᠨ ᠪᠠᠶ᠋ᠢᠷᠢ ᠵᠢ ᠵᠡᠷᠭᠡ᠎ᠪᠠᠷ ᠬᠠᠮᠢᠶᠠᠷᠴᠤ᠂ ᠠᠵᠢᠯ᠎ᠤᠨ ᠪᠠᠶ᠋ᠢᠷᠢ ᠵᠢᠨ ᠵᠡᠷᠭᠡ ᠳᠡᠰ᠎ᠢ ᠢᠯᠭ᠋ᠠᠬᠤ ᠦᠭᠡᠢ᠂ ᠳᠣᠲᠣᠭ᠋ᠠᠳᠤ ᠪᠦᠲᠦᠴᠡ ᠵᠢᠨ ᠬᠠᠷᠢᠴᠠᠯ᠎ᠢ ᠬᠢᠵᠠᠭ᠋ᠠᠷᠯᠠᠬᠤ ᠦᠭᠡᠢ᠃ ᠡᠯ᠎ᠡ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠨᠢᠭᠡᠴᠢ᠎ᠨᠢ ᠠᠵᠢᠯ᠎ᠤᠨ ᠪᠠᠶ᠋ᠢᠷᠢ ᠵᠢᠨ ᠠ᠋ᠭᠦᠷᠭᠡ ᠬᠠᠷᠢᠭᠤᠴᠠᠯᠭ᠎ᠠ ᠶᠤᠰᠤᠭ᠋ᠠᠷ ᠰᠢᠯᠢᠳᠡᠭ ᠲᠠᠮᠢᠷᠴᠢᠨ᠎ᠤ ᠬᠠᠮᠢᠶᠠᠷᠤᠯᠲᠠ᠂ ᠰᠢᠯᠭ᠋ᠠᠨ ᠬᠢᠨᠠᠬᠤ á  á ·á ­á Žá   ᠵᠢ ᠪᠠᠶ᠋ᠢᠭᠤᠯᠤᠨ ᠲᠡᠭᠦᠯᠳᠡᠷᠵᠢᠭᠦᠯᠵᠦ᠂   ᠰᠢᠯᠢᠳᠡᠭ ᠲᠠᠮᠢᠷᠴᠢᠳ᠎ᠤᠨ ᠬᠢᠨᠠᠮᠠᠭ᠋ᠠᠶ ᠰᠤᠷᠤᠯᠴᠠᠵᠤ᠂ ᠰᠢᠨᠵᠢᠯᠡᠬᠦ ᠤᠬᠠᠭ᠋ᠠᠨᠴᠢ᠎ᠪᠠᠷ ᠪᠣᠯᠪᠠᠰᠤᠷᠠᠵᠤ᠂ ᠠᠵᠢᠯ᠎ᠤᠨ ᠪᠠᠶ᠋ᠢᠷᠢ ᠵᠢᠨ ᠲᠤᠰᠢᠶᠠᠯ ᠬᠠᠷᠢᠭᠤᠴᠠᠯᠭ᠎ᠠ ᠵᠢᠨ ᠱᠠᠭ᠋ᠠᠷᠳᠠᠯᠭ᠎ᠠ᠎ᠳᠤ ᠲᠣᠭᠲᠠᠭᠰᠠᠨ ᠶᠣᠰᠣᠭ᠋ᠠᠷ ᠪᠣᠯᠪᠠᠰᠤᠷᠠᠯ᠎ᠤᠨ ᠪᠠ ᠤᠷᠤᠯᠳᠤᠭ᠋ᠠᠨ᠎ᠤ ᠠ᠋ᠭᠦᠷᠭᠡ᠎ᠪᠠᠨ ᠪᠡᠶᠡᠯᠡᠬᠦᠯᠬᠦ ᠵᠢ ᠱᠠᠭ᠋ᠠᠷᠳᠠᠨ᠎ᠠ᠃
    ᠠᠷᠪᠠᠨ ᠳᠣᠯᠣᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠪᠣᠯᠪᠠᠰᠤᠷᠠᠯ ᠎ᠤᠨ ᠨᠢᠭᠡᠴᠢ᠎ᠨᠢ ᠰᠢᠨ᠎ᠡ᠎ᠪᠠᠷ ᠤᠷᠢᠵᠤ ᠬᠡᠷᠡᠭᠯᠡᠬᠦ ᠰᠢᠯᠢᠳᠡᠭ ᠲᠠᠮᠢᠷᠴᠢᠳ᠎ᠤᠨ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠠ᠋ᠮᠦᠨᠡᠬᠢ ᠪᠣᠯᠪᠠᠰᠤᠷᠠᠭᠤᠯᠤᠯ ᠪᠠ ᠡᠨᠭᠨᠡᠭᠡᠨ ᠎ᠳᠤ ᠣᠷᠣᠬᠤ ᠰᠤᠷᠭ᠋ᠠᠨ ᠬᠥᠮᠦᠵᠢᠯ á Žá ¢ ᠬᠠᠷᠢᠭᠤᠴᠠᠨ ᠵᠣᠬᠢᠶᠠᠨ ᠪᠠᠢ᠌ᠭᠤᠯᠤᠨ᠎ᠠ᠂ ᠠᠭᠤᠯᠭ᠎ᠠ᠎ᠳᠤ ᠳᠣᠣᠷᠠᠬᠢ ᠵᠦᠢ᠍ᠯᠡᠰ ᠪᠠᠭᠲᠠᠨ᠎ᠠ᠄ ᠬᠦᠰᠡᠯᠡᠩ ᠪᠠ ᠢᠲᠡᠭᠡᠯ ᠵᠣᠷᠢᠭ᠂ ᠬᠠᠤᠯᠢ ᠲᠣᠭᠲᠠᠭ᠋ᠠᠯ᠂ ᠠᠵᠢᠯ᠎ᠤᠨ ᠮᠣᠷᠠᠯ᠂ ᠠᠵᠢᠯ ᠮᠡᠷᠭᠡᠵᠢᠯ᠎ᠤᠨ ᠵᠢᠷᠤᠮᠵᠢᠯ᠂ ᠲᠥᠷᠥᠯ ᠵᠦᠢ᠍ᠯ᠎ᠤᠨ ᠣᠨᠴᠠᠯᠢᠭ᠂ ᠤᠷᠤᠯᠳᠤᠭ᠋ᠠᠨ᠎ᠤ ᠲᠦᠷᠢᠮ᠂ ᠳᠦᠷᠢᠮ ᠲᠣᠭᠲᠠᠭ᠋ᠠᠯ᠂ ᠴᠠᠯᠢᠩ ᠠᠰᠠᠷᠠᠮᠵᠢ᠂ ᠨᠡᠶ᠋ᠢᠭᠡᠮ᠎ᠤᠨ ᠪᠠᠲᠤᠯᠠᠭ᠎ᠠ ᠵᠢᠨ ᠲᠦᠷᠦ ᠵᠢᠨ ᠪᠤᠳᠤᠯᠭ᠎ᠠ᠂ ᠠᠮᠤᠷ ᠲᠦᠪᠰᠢᠨ᠎ᠤ ᠮᠡᠳᠡᠯᠭᠡ᠂ ᠬᠥᠭᠡᠷᠦᠭᠦᠯᠦᠭᠴᠢ á ¡á ® ᠬᠡᠷᠡᠭᠯᠡᠬᠦ ᠵᠢ ᠠ᠋ᠰᠡᠷᠭᠦᠴᠡᠬᠦ ᠵᠡᠷᠭᠡ᠂ ᠰᠢᠯᠢᠳᠡᠭ ᠲᠠᠮᠢᠷᠴᠢᠨ á Žá ¤ ᠥᠪᠡᠷ᠎ᠤᠨ ᠠ᠋ᠷᠬᠡ ᠪᠠ ᠠ᠋ᠭᠦᠷᠭᠡ᠎ᠪᠠᠨ ᠲᠣᠳᠣᠷᠬᠠᠶ ᠪᠣᠯᠭ᠋ᠠᠨ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠢᠷᠠᠭᠤ ᠠᠯᠳᠠᠷ᠎ᠤᠨ ᠲᠥᠯᠥᠭᠡ ᠲᠡᠮᠡᠴᠡᠬᠦ ᠬᠦᠰᠡᠯᠡᠩ ᠪᠠ ᠢᠲᠡᠭᠡᠯ ᠵᠣᠷᠢᠭ ᠎ᠢ᠎ᠨᠢ ᠪᠠᠲᠤ ᠪᠡᠬᠢ ᠪᠣᠢ ᠪᠣᠯᠭ᠋ᠠᠨ ᠪᠠᠲᠤᠳᠬᠠᠬᠤ ᠬᠡᠷᠡᠭᠲᠡᠶ᠃
    ᠠᠷᠪᠠᠨ ᠨᠠᠢ᠍ᠮᠠᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠨᠢᠭᠡᠴᠢ ᠰᠢᠨᠵᠢᠯᠡᠬᠦ ᠤᠬᠠᠭ᠋ᠠᠨᠴᠢ᠎ᠪᠠᠷ ᠪᠣᠯᠪᠠᠰᠤᠷᠠᠬᠤ ᠵᠠᠷᠴᠢᠮ᠎ᠢ ᠪᠠᠷᠢᠮᠲᠠᠯᠠᠬᠤ ᠬᠡᠷᠡᠭᠲᠡᠶ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ᠎ᠲᠠᠢ ᠬᠠᠮᠲᠤᠷᠠᠨ᠂ ᠲᠤᠰ ᠲᠦᠷᠦᠯ ᠵᠦᠢ᠍ᠯ᠎ᠤᠨ ᠬᠥᠭᠵᠢᠯᠲᠡ ᠵᠢᠮ᠎ᠡ ᠶᠣᠰᠣ á ‚ ᠤᠷᠤᠯᠳᠤᠭ᠋ᠠᠨ᠎ᠤ ᠲᠦᠷᠢᠮ á Žá ¢ ᠦᠨᠳᠦᠰᠦᠯᠡᠨ᠂ ᠰᠢᠯᠢᠳᠡᠭ ᠲᠠᠮᠢᠷᠴᠢᠨ᠎ᠤ ᠪᠣᠯᠪᠠᠰᠤᠷᠠᠯ᠂ ᠤᠷᠤᠯᠳᠤᠭ᠋ᠠᠨ á Žá ¢ ᠵᠦᠢ ᠵᠣᠬᠢᠰᠲᠠᠶ ᠲᠣᠬᠢᠷᠠᠭᠤᠯᠵᠤ᠂ ᠲᠣᠭᠲᠠᠭ᠋ᠠᠯ ᠶᠤᠰᠤᠭ᠋ᠠᠷ ᠪᠣᠯᠪᠠᠰᠤᠷᠠᠯ᠎ᠤᠨ ᠪᠠ ᠤᠷᠤᠯᠳᠤᠭ᠋ᠠᠨ᠎ᠤ ᠡᠬᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠶ ᠭᠦᠢ᠍ᠴᠡᠳᠬᠡᠬᠦ ᠬᠡᠷᠡᠭᠲᠡᠶ᠃
    ᠠᠷᠪᠠ ᠶᠢᠰᠦᠳᠦᠭᠡᠷ ᠵᠦᠢ᠍ᠯ   ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠨᠢᠭᠡᠴᠢ ᠰᠢᠯᠢᠳᠡᠭ ᠲᠠᠮᠢᠷᠴᠢᠨ᠎ᠤ ᠳᠠᠩᠰᠠ ᠡᠪᠬᠡᠮᠡᠯ á Žá ¢ ᠪᠠᠶ᠋ᠢᠭᠤᠯᠤᠨ   ᠲᠡᠭᠦᠯᠳᠡᠷᠵᠢᠬᠦᠯᠦᠨ᠎ᠡ᠃ ᠠ᠋ᠭᠦᠨ᠎ᠳᠤ᠄ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠂ ᠬᠥᠳᠡᠯᠭᠡᠭᠡᠨ᠎ᠤ ᠮᠡᠷᠭᠡᠵᠢᠯ᠎ᠤᠨ ᠳᠠᠩᠰᠠ ᠡᠪᠬᠡᠮᠡᠯ᠂ ᠨᠡᠶ᠋ᠢᠭᠡᠮ᠎ᠤᠨ ᠳᠠᠭ᠋ᠠᠳᠬᠠᠯ᠎ᠤᠨ ᠰᠠᠭᠤᠷᠢ ᠳᠠᠩᠰᠠ ᠡᠪᠬᠡᠮᠡᠯ᠂ ᠰᠣᠶᠣᠯ᠎ᠤᠨ ᠰᠤᠷᠤᠯᠴᠠᠯᠭ᠎ᠠ ᠵᠢᠨ ᠨᠠᠮᠲᠠᠷ᠎ᠤᠨ ᠲᠠᠩᠰᠠ ᠡᠪᠬᠡᠮᠡᠯ᠂ ᠠ᠋ᠷᠡᠭᠦᠯ ᠮᠡᠨᠳᠦ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠳᠠᠩᠰᠠ ᠡᠪᠬᠡᠮᠡᠯ ᠵᠡᠷᠭᠡ ᠪᠠᠭᠲᠠᠨ᠎ᠠ᠃
    ᠬᠣᠷᠢᠳᠤᠭ᠋ᠠᠷ ᠵᠦᠢ᠍ᠯ   ᠰᠢᠯᠢᠳᠡᠭ ᠲᠠᠮᠢᠷᠴᠢᠨ á Žá ¤ ᠰᠣᠶᠣᠯ ᠰᠤᠷᠭ᠋ᠠᠨ ᠬᠥᠮᠦᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠰᠢᠯᠢᠳᠡᠭ ᠲᠠᠮᠢᠷᠴᠢᠨ  á Žá ¤ ᠰᠣᠶᠣᠯ ᠰᠤᠷᠭ᠋ᠠᠨ ᠬᠥᠮᠦᠵᠢᠯ ᠬᠦᠷᠲᠡᠬᠦ ᠠ᠋ᠷᠬᠡ ᠵᠢ ᠪᠠᠲᠤᠯᠠᠨ᠎ᠠ᠃ ᠰᠢᠯᠢᠳᠡᠭ ᠲᠠᠮᠢᠷᠴᠢᠨ á Žá ¤ ᠪᠣᠯᠪᠠᠰᠤᠷᠠᠯ᠎ᠤᠨ ᠬᠤᠭᠤᠴᠠᠭ᠋ᠠᠨ᠎ᠳᠤ ᠪᠣᠯᠪᠠᠰᠤᠷᠠᠯ᠎ᠤᠨ ᠰᠠᠭᠤᠷᠢ ᠳᠡᠭᠡᠷ᠎ᠡ   ᠶᠡᠬᠡ ᠰᠤᠷᠭ᠋ᠠᠭᠤᠯᠢ ᠳᠡᠭᠡᠳᠦ ᠰᠤᠷᠭ᠋ᠠᠭᠤᠯᠢ ᠎ᠳᠤ ᠣᠷᠣᠵᠤ ᠰᠤᠷᠤᠯᠴᠠᠬᠤ ᠵᠢ ᠵᠣᠷᠢᠭᠵᠢᠭᠤᠯᠵᠤ᠂ ᠢᠳᠡᠪᠬᠢᠲᠡᠶ᠎ᠪᠠᠷ ᠨᠥᠬᠥᠴᠡᠯ ᠪᠦᠷᠢᠯᠳᠦᠭᠦᠯᠵᠦ ᠥᠭᠬᠦ ᠬᠡᠷᠡᠭᠲᠡᠶ᠃ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶᠠᠨ᠎ᠤ ᠰᠢᠯᠭ᠋ᠠᠯᠲᠠ ᠬᠢᠬᠦ ᠦᠭᠡᠶ᠎ᠪᠠᠷ ᠳᠡᠭᠡᠳᠦ ᠵᠡᠷᠭᠡ ᠵᠢᠨ ᠰᠤᠷᠭ᠋ᠠᠭᠤᠯᠢ᠎ᠳᠤ ᠣᠷᠤᠬᠤ ᠨᠦᠬᠦᠴᠡᠯ ᠪᠦᠷᠢᠯᠳᠦᠭᠰᠡᠨ ᠲᠠᠮᠢᠷᠴᠢᠨ á Žá ¢ ᠢᠳᠡᠪᠬᠢᠲᠡᠶ ᠲᠠᠨᠢᠯᠴᠠᠭᠤᠯᠬᠤ ᠪᠥᠭᠡᠳ ᠬᠣᠯᠪᠣᠭᠳᠠᠯ ᠪᠦᠬᠦᠢ á ­á  á · ᠭᠦᠢ᠍ᠴᠡᠳᠬᠡᠯ᠎ᠢ ᠭᠦᠢ᠍ᠴᠡᠳᠬᠡᠬᠦ (ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶᠠᠨ᠎ᠤ 《ᠰᠢᠯᠢᠳᠡᠭ ᠲᠠᠮᠢᠷᠴᠢᠨ ᠰᠢᠯᠭ᠋ᠠᠬᠤ ᠥᠬᠡᠶ᠎ᠪᠠᠷ ᠳᠡᠭᠡᠳᠦ ᠵᠡᠷᠭᠡ ᠵᠢᠨ ᠰᠤᠷᠭ᠋ᠠᠭᠤᠯᠢ᠎ᠳᠤ ᠣᠷᠣᠵᠤ ᠰᠤᠷᠤᠯᠴᠠᠬᠤ ᠵᠢ ᠵᠢᠷᠤᠮᠵᠢᠭᠤᠯᠬᠤ ᠲᠤᠬᠠᠶ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠶ ᠮᠡᠳᠡᠭᠳᠡᠯ》 ᠪᠡᠶ᠎ᠡ ᠰᠠᠯᠠᠭ᠎ᠠ ᠦᠰᠦᠭ[2007 ï¼½ 25 ᠳ᠋ᠤᠭ᠋ᠠᠷ ᠲᠣᠭ᠋ᠠᠲᠤ)᠃
    ᠬᠣᠷᠢᠨ ᠨᠢᠭᠡᠳᠦᠭᠡᠷ ᠵᠦᠢ᠍ᠯ   ᠰᠢᠯᠢᠳᠡᠭ ᠲᠠᠮᠢᠷᠴᠢᠨ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠴᠠᠯᠢᠩ᠎ᠤᠨ ᠬᠠᠷᠠᠭ᠋ᠠᠯᠵᠠᠯ á Žá ¢ ᠬᠦᠷᠲᠡᠬᠦ ᠡᠷᠭᠡ᠎ᠲᠠᠢ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠨᠡᠶ᠋ᠢᠭᠡᠮ᠎ᠤᠨ ᠳᠠᠭ᠋ᠠᠳᠬᠠᠯ᠎ᠳᠤ ᠣᠷᠣᠯᠴᠠᠵᠤ᠂   ᠨᠡᠶ᠋ᠢᠭᠡᠮ᠎ᠤᠨ ᠳᠠᠭ᠋ᠠᠳᠬᠠᠯ᠎ᠤᠨ ᠣᠯᠭᠣᠮᠵᠢ ᠬᠠᠷᠠᠭ᠋ᠠᠯᠵᠠᠯ᠎ᠢ ᠠ᠋ᠳ᠋ᠯᠡᠬᠦ ᠵᠢᠨ ᠬᠠᠮᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠶᠣᠰᠣᠭ᠋ᠠᠷ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠤᠯ᠎ᠤᠨ ᠮᠥᠩᠭᠥ ᠵᠡᠷᠭᠡ ᠨᠡᠶ᠋ᠢᠭᠡᠮ᠎ᠤᠨ ᠪᠠᠲᠤᠯᠠᠭ᠎ᠠ ᠵᠢᠨ ᠬᠠᠷᠠᠭ᠋ᠠᠯᠵᠠᠯ᠎ᠢ ᠬᠦᠷᠳᠡᠨ᠎ᠠ᠃

              ᠲᠠᠪᠤᠳᠤᠭ᠋ᠠᠷ ᠪᠦᠯᠦᠭ     ᠰᠢᠯᠢᠳᠡᠭ ᠲᠠᠮᠢᠷᠴᠢᠨ᠎ᠤ ᠪᠣᠯᠪᠠᠰᠤᠷᠠᠯ ᠬᠢᠬᠦ᠎ᠪᠠᠨ ᠵᠣᠭᠰᠣᠬᠤ

    ᠬᠣᠷᠢᠨ ᠬᠣᠶᠠᠳᠤᠭ᠋ᠠᠷ ᠵᠦᠢ᠍ᠯ   ᠰᠢᠯᠢᠳᠡᠭ ᠲᠠᠮᠢᠷᠴᠢᠨ ᠪᠣᠯᠵᠤ ᠪᠡᠶ᠎ᠡ᠂ ᠮᠡᠷᠭᠡᠵᠢᠯ᠂ ᠨᠠᠰᠤ ᠠᠬᠢᠭᠰᠠᠨ ᠵᠡᠷᠭᠡ ᠰᠢᠯᠲᠠᠭ᠋ᠠᠨ᠎ᠠᠴᠠ ᠪᠤᠯᠵᠤ᠂ ᠦᠷᠭᠦᠯᠵᠢᠯᠡᠨ ᠲᠤᠰᠬᠠᠶ ᠪᠣᠯᠪᠠᠰᠤᠷᠠᠯ ᠬᠢᠵᠦ ᠪᠣᠯᠬᠤ ᠦᠭᠡᠢ ᠦᠶ᠎ᠡ ᠎ᠳᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠨᠢᠭᠡᠴᠢ ᠪᠠ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠪᠣᠯᠪᠠᠰᠤᠷᠠᠯ ᠬᠢᠬᠦ᠎ᠪᠠᠨ ᠵᠣᠭᠰᠣᠨ᠎ᠠ᠃ ᠤᠷᠢᠨ ᠬᠡᠷᠡᠭᠯᠡᠬᠦ ᠬᠤᠭᠤᠴᠠᠭ᠎ᠠ᠎ᠨᠢ ᠪᠦᠬᠦᠯᠢ 2 ᠵᠢᠯ   ᠪᠣᠯᠤᠭ᠎ᠠ ᠦᠭᠡᠢ ᠰᠢᠯᠢᠳᠡᠭ ᠲᠠᠮᠢᠷᠴᠢᠨ ᠤᠴᠢᠷ ᠰᠢᠯᠲᠠᠭ᠋ᠠᠨ ᠦᠭᠡᠢ᠎ᠪᠠᠷ ᠪᠣᠯᠪᠠᠰᠤᠷᠠᠯ ᠬᠢᠬᠦ᠂ ᠠᠵᠢᠯ᠎ᠠᠴᠠ ᠪᠠᠭᠤᠵᠤ ᠪᠣᠯᠬᠤ ᠦᠭᠡᠢ᠂ ᠣᠨᠴᠠᠭ᠋ᠠᠶ ᠪᠠᠶ᠋ᠢᠳᠠᠯ᠎ᠲᠠᠢ ᠪᠣᠯᠵᠤ ᠤᠷᠢᠳᠠᠪᠠᠷ ᠪᠣᠯᠪᠠᠰᠤᠷᠠᠯ ᠬᠢᠬᠦ᠎ᠪᠠᠨ ᠵᠣᠭᠰᠣᠬᠤ᠂ ᠠᠵᠢᠯ á Žá  á ´á   ᠪᠠᠭᠤᠬᠤ ᠎ᠳᠤ ᠬᠦᠷᠪᠡᠯ᠂ ᠠ᠋ᠷᠬᠡᠪᠰᠢ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ ᠎ᠲᠤ   ᠪᠢᠴᠢᠭ᠎ᠤᠨ ᠬᠡᠯᠪᠡᠷᠢ᠎ᠪᠠᠷ ᠬᠡᠷᠡᠴᠢᠯᠡᠵᠦ᠂ᠭᠤᠶᠤᠴᠢᠯᠠᠨ ᠵᠥᠪᠰᠢᠶᠡᠷᠡᠭᠦᠯᠬᠦ ᠬᠡᠷᠡᠭᠲᠡᠶ᠃
    ᠬᠣᠷᠢᠨ ᠭᠤᠷᠪᠠᠳᠤᠭ᠋ᠠᠷ ᠵᠦᠢ᠍ᠯ   ᠰᠢᠯᠢᠳᠡᠭ ᠲᠠᠮᠢᠷᠴᠢᠨ ᠳᠤᠷ᠎ᠠ᠎ᠪᠠᠷ ᠵᠶ᠋ᠠᠨ ᠡᠨᠭᠨᠡᠭᠡᠨ᠎ᠠᠴᠠ ᠰᠠᠯᠬᠤ᠂ ᠳᠤᠷ᠎ᠠ᠎ᠪᠠᠷ ᠵᠶ᠋ᠠᠨ ᠪᠣᠯᠪᠠᠰᠤᠷᠠᠯ ᠬᠢᠬᠦ᠎ᠪᠠᠨ ᠵᠣᠭᠰᠣᠵᠤ ᠳᠠᠷᠠᠭ᠋ᠠᠯᠠᠨ 15 ᠠᠵᠢᠯ᠎ᠤᠨ ᠠ᠋ᠳᠦᠷ ᠪᠣᠯᠣᠭᠰᠠᠨ᠂ ᠠ᠋ᠰᠡᠬᠦᠯ᠎ᠡ ᠨᠢᠭᠡ ᠵᠢᠯ᠎ᠤᠨ ᠳᠣᠲᠣᠷ᠎ᠠ ᠨᠡᠢ᠍ᠢ᠍ᠳᠠ 30 ᠠᠵᠢᠯ᠎ᠤᠨ ᠠ᠋ᠳᠦᠷ ᠪᠣᠯᠤᠭᠰᠠᠨ ᠪᠣᠯ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠨᠢᠭᠡᠴᠢ᠎ᠨᠢ ᠭᠤᠴᠢᠨ ᠠ᠋ᠳᠦᠷ᠎ᠤᠨ ᠠ᠋ᠮᠦᠨ᠎ᠡ ᠲᠤᠰ ᠬᠥᠮᠦᠨ᠎ᠳᠤ ᠮᠡᠳᠡᠭᠳᠡᠬᠦ ᠵᠢᠨ ᠪᠠᠶ᠋ᠢᠳᠠᠯ ᠳᠣᠣᠷ᠎ᠠ ᠤᠷᠢᠨ ᠬᠡᠷᠡᠭᠯᠡᠬᠦ á ­á ¡á ·á Žá ¡ ᠵᠢ ᠴᠤᠴᠠᠯᠵᠤ ᠪᠣᠯᠤᠨ᠎ᠠ᠂   ᠬᠠᠷᠠᠭ᠋ᠠᠯᠵᠠᠭᠰᠠᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃
    ᠬᠣᠷᠢᠨ ᠳᠥᠷᠪᠡᠳᠦᠭᠡᠷ ᠵᠦᠢ᠍ᠯ   ᠰᠢᠯᠢᠳᠡᠭ ᠲᠠᠮᠢᠷᠴᠢᠨ ᠪᠣᠯᠪᠠᠰᠤᠷᠠᠯ ᠬᠢᠬᠦ᠎ᠪᠠᠨ ᠵᠣᠭᠰᠣᠭᠰᠠᠨ á Žá ¤ ᠳᠠᠷᠠᠭ᠎ᠠ᠂ ᠨᠢᠭᠡ ᠵᠢᠯ᠎ᠠᠴᠠ ᠬᠡᠲᠦᠷᠡᠬᠦ ᠦᠭᠡᠢ ᠬᠤᠭᠤᠴᠠᠭ᠋ᠠᠨ ᠎ᠳᠤ ᠲᠤᠬᠠᠶ᠋ᠢᠯᠠᠭᠰᠠᠨ ᠠᠵᠢᠯ ᠵᠶ᠋ᠠᠨ ᠰᠣᠯᠢᠬᠤ ᠰᠢᠯᠵᠢᠯᠲᠡ ᠵᠢᠨ ᠬᠤᠭᠤᠴᠠᠭ᠎ᠠ ᠬᠠᠨᠭ᠌ᠭ᠋ᠠᠨ᠎ᠠ (ᠵᠠᠷᠴᠢᠮ ᠳᠡᠭᠡᠷ᠎ᠡ᠎ᠪᠠᠨ ᠲᠠᠮᠢᠷᠴᠢᠨ ᠠᠯᠪᠠᠨ᠎ᠠᠴᠠ   ᠪᠠᠭᠤᠬᠤ ᠵᠢ ᠵᠦᠪᠰᠢᠶᠡᠷᠡᠭᠰᠡᠨ ᠳᠠᠷᠠᠭ᠎ᠠ á °á  á ·á Žá  á Žá  á ´á   ᠠ᠋ᠬᠢᠯᠡᠨ᠂ ᠨᠢᠭᠡ ᠵᠢᠯ á Žá ¢ ᠠᠵᠢᠯ ᠮᠡᠷᠭᠡᠵᠢᠯ ᠵᠶ᠋ᠡᠨ ᠬᠤᠪᠢᠷᠠᠭᠤᠯᠬᠤ ᠰᠢᠯᠵᠢᠯᠲᠡ ᠵᠢᠨ ᠬᠤᠭᠤᠴᠠᠭ᠎ᠠ ᠪᠣᠯᠭ᠋ᠠᠨ᠎ᠠ)᠃ ᠪᠣᠳᠠᠲᠠᠶ ᠬᠤᠭᠤᠴᠠᠭ᠎ᠠ ᠵᠢ᠎ᠨᠢ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠨᠢᠭᠡᠴᠢ ᠪᠣᠯᠤᠨ ᠰᠢᠯᠢᠳᠡᠭ ᠲᠠᠮᠢᠷᠴᠢᠨ ᠵᠥᠪᠳᠡᠯᠴᠡᠨ ᠲᠣᠭᠲᠠᠭ᠋ᠠᠬᠤ ᠬᠡᠷᠡᠭᠲᠡᠶ᠃ ᠲᠤᠬᠠᠶ᠋ᠢᠯᠠᠭᠰᠠᠨ ᠠᠵᠢᠯ ᠵᠶ᠋ᠠᠨ ᠰᠣᠯᠢᠬᠤ ᠰᠢᠯᠵᠢᠯᠲᠡ ᠵᠢᠨ ᠬᠤᠭᠤᠴᠠᠭ᠎ᠠ᠎ᠨᠢ ᠤᠷᠢᠵᠤ ᠬᠡᠷᠡᠭᠯᠡᠭᠰᠡᠨ á ­á ¡á ·á Žá ¡ ᠵᠢᠨ ᠬᠤᠭᠤᠴᠠᠭ᠋ᠠᠨ᠎ᠤ ᠳᠣᠲᠣᠷ᠎ᠠ ᠪᠠᠭᠲᠠᠨ᠎ᠠ᠂ ᠠᠵᠢᠯ ᠮᠡᠷᠭᠡᠵᠢᠯ ᠵᠶ᠋ᠡᠨ ᠬᠤᠪᠢᠷᠠᠭᠤᠯᠬᠤ ᠰᠢᠯᠵᠢᠯᠲᠡ ᠵᠢᠨ ᠬᠤᠭᠤᠴᠠᠭ᠋ᠠᠨ᠎ᠳᠤ ᠠᠵᠢᠯ ᠎ᠤᠨ ᠨᠠᠰᠣ ᠵᠢ ᠣᠷᠣᠭᠤᠯᠵᠤ ᠪᠤᠳᠦᠬᠤ ᠤᠢ᠍ᠭᠡᠢ᠂ ᠪᠡᠶ᠎ᠡ ᠵᠢᠨ ᠲᠠᠮᠢᠷ᠎ᠤᠨ ᠨᠡᠮᠡᠭᠦᠷᠢ ᠮᠦᠨᠭᠭᠦ ᠵᠡᠷᠭᠡ ᠵᠢ ᠤᠬ ᠶᠣᠰᠣᠭ᠋ᠠᠷ᠎ᠨᠢ ᠥᠭᠭᠦᠨ᠎ᠡ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠨᠡᠶ᠋ᠢᠭᠡᠮ᠎ᠤᠨ ᠳᠠᠭ᠋ᠠᠳᠬᠠᠯ᠎ᠳᠤ ᠣᠷᠣᠯᠴᠠᠬᠤ ᠪᠥᠭᠡᠳ ᠨᠡᠶ᠋ᠢᠭᠡᠮ᠎ᠤᠨ ᠳᠠᠭ᠋ᠠᠳᠬᠠᠯ ᠵᠡᠷᠭᠡ ᠬᠦᠷᠲᠡᠮᠵᠢ ᠣᠯᠭᠣᠨ᠎ᠠ᠃ ᠲᠤᠬᠠᠶ᠋ᠢᠯᠠᠭᠰᠠᠨ ᠠᠵᠢᠯ ᠵᠶ᠋ᠠᠨ ᠰᠣᠯᠢᠬᠤ ᠰᠢᠯᠵᠢᠯᠲᠡ ᠵᠢᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠪᠣᠯᠪᠠᠰᠤᠷᠠᠯ ᠬᠢᠬᠦ᠎ᠪᠠᠨ ᠵᠤᠭᠰᠤᠭᠰᠠᠨ ᠲᠠᠮᠢᠷᠴᠢᠨ ᠳᠠᠬᠢᠨ ᠰᠢᠯᠢᠳᠡᠭ ᠲᠠᠮᠢᠷᠴᠢᠨ á Žá ¤ ᠣᠷᠣᠨ ᠲᠤᠭ᠎ᠠ ᠵᠢ ᠬᠡᠷᠡᠭᠯᠡᠬᠦ ᠦᠭᠡᠢ᠂ ᠠᠵᠢᠯᠯᠠᠵᠤ ᠪᠠᠶ᠋ᠢᠭ᠎ᠠ ᠨᠢᠭᠡᠴᠡ ᠵᠢᠨ᠎ᠬᠢᠨ ᠠᠵᠢᠯᠳᠠᠨ᠎ᠤ ᠶᠠᠪᠤᠳᠠᠯ ᠬᠥᠳᠡᠯᠮᠦᠷᠢ ᠵᠢᠨ ᠬᠠᠷᠢᠴᠠᠭ᠎ᠠ ᠵᠢ á ´á  á ­ ᠲᠤᠬᠠᠶ᠎ᠳᠤᠨᠢ ᠬᠦᠴᠦᠨ ᠦᠭᠡᠢ ᠪᠣᠯᠭ᠋ᠠᠬᠤ ᠬᠡᠷᠡᠭᠲᠡᠢ᠃
    ᠬᠣᠷᠢᠨ ᠲᠠᠪᠤᠳᠤᠭ᠋ᠠᠷ ᠵᠦᠢ᠍ᠯ   ᠵᠥᠪᠰᠢᠶᠡᠷᠡᠭᠦᠯᠦᠭᠰᠡᠨ ᠦᠭᠡᠢ᠎ᠪᠠᠷ ᠳᠤᠷ᠎ᠠ᠎ᠪᠠᠷ ᠵᠶ᠋ᠠᠨ ᠪᠣᠯᠪᠠᠰᠤᠷᠠᠯ ᠬᠢᠬᠦ᠎ᠪᠠᠨ ᠵᠣᠭᠰᠣᠬᠤ ᠪᠤᠶᠤ ᠬᠠᠤᠯᠢ ᠵᠢ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠠᠴᠠ ᠪᠤᠯᠵᠤ ᠪᠣᠯᠪᠠᠰᠤᠷᠠᠯ ᠬᠢᠬᠦ᠎ᠪᠠᠨ ᠵᠤᠭᠰᠤᠭᠰᠠᠨ ᠲᠠᠮᠢᠷᠴᠢᠨ ᠠᠵᠢᠯ á Žá  á ´á   ᠪᠠᠭᠤᠭᠰᠠᠨ ᠨᠦᠬᠦᠪᠦᠷᠢ᠂ ᠪᠡᠶ᠎ᠡ᠎ᠪᠠᠨ ᠳᠠᠭ᠋ᠠᠭ᠋ᠠᠵᠤ ᠠᠵᠢᠯ ᠰᠣᠩᠭᠣᠬᠤ ᠠᠵᠤ ᠠᠬᠤᠶ ᠵᠢᠨ ᠲᠥᠯᠥᠪᠦᠷᠢ ᠵᠢᠨ ᠰᠦᠢ᠍ᠳᠬᠡᠯ ᠪᠠ ᠠᠵᠢᠯ ᠮᠡᠷᠭᠡᠵᠢᠯ ᠵᠶ᠋ᠡᠨ ᠬᠤᠪᠢᠷᠠᠭᠤᠯᠬᠤ ᠰᠢᠯᠵᠢᠯᠲᠡ ᠵᠢᠨ ᠦᠶ᠎ᠡ ᠵᠢᠨ ᠨᠦᠬᠦᠪᠦᠷᠢ ᠵᠢ ᠬᠦᠷᠲᠡᠵᠦ ᠪᠣᠯᠬᠤ ᠦᠭᠡᠢ᠃
    ᠬᠣᠷᠢᠨ ᠵᠢᠷᠭᠤᠳᠤᠭ᠋ᠠᠷ ᠵᠦᠢ᠍ᠯ   ᠰᠢᠯᠢᠳᠡᠭ ᠲᠠᠮᠢᠷᠴᠢᠳ᠎ᠤᠨ ᠠᠵᠢᠯ ᠮᠡᠷᠭᠡᠵᠢᠯ ᠵᠶ᠋ᠡᠨ ᠬᠤᠪᠢᠷᠠᠭᠤᠯᠬᠤ ᠰᠢᠯᠵᠢᠯᠲᠡ ᠵᠢᠨ ᠦᠶ᠎ᠡ ᠵᠢᠨ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ ᠵᠣᠬᠢᠶᠠᠨ ᠪᠠᠢ᠌ᠭᠤᠯᠬᠤ᠂ ᠨᠠᠢ᠌ᠳᠠᠬᠤ᠂ ᠰᠢᠯᠵᠢᠯᠲᠡ ᠵᠢᠨ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠰᠢᠯᠢᠳᠡᠭ ᠲᠠᠮᠢᠷᠴᠢᠳ᠎ᠤᠨ ᠠᠵᠢᠯ ᠮᠡᠷᠭᠡᠵᠢᠯ ᠵᠶ᠋ᠡᠨ ᠬᠤᠪᠢᠷᠠᠭᠤᠯᠬᠤ ᠲᠤᠰᠬᠠᠶ ᠤᠨᠤᠯ᠎ᠤᠨ ᠮᠡᠳᠡᠯᠭᠡ᠂ ᠠᠵᠢᠯ ᠮᠡᠷᠭᠡᠵᠢᠯ᠎ᠤᠨ ᠤᠷ᠎ᠠ ᠳᠡᠮ᠎ᠤᠨ ᠪᠣᠯᠪᠠᠰᠤᠷᠠᠯ᠂ ᠠᠵᠢᠯ ᠲᠠᠨᠢᠯᠴᠠᠭᠤᠯᠬᠤ ᠵᠢᠯᠤᠭᠤᠳᠬᠤ ᠠᠵᠢᠯ á Žá ¢ ᠬᠠᠷᠢᠭᠤᠴᠠᠨ ᠵᠣᠬᠢᠶᠠᠨ ᠪᠠᠢ᠌ᠭᠤᠯᠤᠨ᠎ᠠ᠃ ᠰᠤᠷᠭ᠋ᠠᠨ ᠬᠦᠮᠦᠵᠢᠯ᠂ ᠬᠥᠮᠦᠨ᠎ᠤ ᠬᠦᠴᠦᠨ᠎ᠤ ᠠ᠋ᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠠ᠋ᠭᠦᠨ᠎ᠳᠤ ᠢᠳᠡᠪᠬᠢᠲᠡᠶ᠎ᠪᠠᠷ ᠳᠡᠮᠵᠢᠵᠦ᠂ ᠨᠢᠭᠲᠠ ᠬᠠᠮᠵᠢᠯᠴᠠᠬᠤ ᠬᠡᠷᠡᠭᠲᠡᠢ᠃   ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠪᠣᠯᠪᠠᠰᠤᠷᠠᠭᠤᠯᠤᠯ᠎ᠤᠨ ᠠᠭᠤᠯᠭ᠎ᠠ ᠵᠢ ᠰᠢᠯᠢᠳᠡᠭ ᠲᠠᠮᠢᠷᠴᠢᠨ᠎ᠤ ᠰᠣᠶᠣᠯ ᠰᠤᠷᠭ᠋ᠠᠨ ᠬᠥᠮᠦᠵᠢᠯ᠎ᠤᠨ ᠵᠠᠪᠠᠯ ᠰᠤᠷᠬᠤ ᠬᠢᠴᠢᠶᠡᠯ ᠎ᠳᠤ ᠢᠳᠡᠭ ᠢᠳᠡᠭ ᠵᠶ᠋ᠡᠷ ᠣᠷᠤᠭᠤᠯᠤᠨ᠎ᠠ᠃ ᠰᠢᠯᠵᠢᠯᠲᠡ ᠵᠢᠨ ᠬᠤᠭᠤᠴᠠᠭ᠋ᠠᠨ᠎ᠳᠤ ᠪᠠᠢ᠌ᠭ᠎ᠠ ᠠᠯᠪᠠᠨ᠎ᠠᠴᠠ ᠪᠠᠭᠤᠭᠰᠠᠨ ᠰᠢᠯᠢᠳᠡᠭ ᠲᠠᠮᠢᠷᠴᠢᠨ á Žá ¤ ᠲᠤᠰ ᠬᠥᠮᠦᠨ᠎ᠨᠢ ᠭᠤᠶᠤᠴᠢᠯᠠᠯ ᠭᠠᠷᠭ᠋ᠠᠵᠤ᠂ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠤᠨ ᠠ᠋ᠷᠬᠢᠯᠡᠭᠰᠡᠨ ᠰᠢᠯᠢᠳᠡᠭ ᠲᠠᠮᠢᠷᠴᠢᠳ᠎ᠤᠨ ᠠᠵᠢᠯ ᠮᠡᠷᠭᠡᠵᠢᠯ ᠵᠶ᠋ᠡᠨ ᠬᠤᠪᠢᠷᠠᠭᠤᠯᠬᠤ ᠪᠣᠯᠪᠠᠰᠤᠷᠠᠯ᠎ᠤᠨ á  á ©á ­á ¢ á ‚ ᠪᠡᠶ᠎ᠡ ᠵᠢᠨ ᠲᠠᠮᠢᠷ᠎ᠤᠨ ᠠᠵᠢᠯ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠬᠢᠨᠠᠨ ᠲᠣᠭᠲᠠᠭ᠋ᠠᠬᠤ ᠲᠥᠪ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠡᠯ᠎ᠡ ᠲᠦᠷᠦᠯ᠎ᠤᠨ ᠪᠣᠯᠪᠠᠰᠤᠷᠠᠯ ᠎ᠳᠤ ᠣᠷᠤᠯᠴᠠᠵᠤ ᠪᠣᠯᠬᠣ ᠪᠦᠭᠡᠳ ᠳᠠᠬᠢᠨ ᠠᠵᠢᠯ ᠣᠯᠭᠣᠬᠤ ᠴᠢᠳᠠᠪᠤᠷᠢ ᠵᠢ ᠴᠢᠷᠮᠠᠶ᠋ᠢᠨ ᠳᠡᠭᠡᠭᠰᠢᠯᠡᠭᠦᠯᠬᠦ ᠬᠡᠷᠡᠭᠲᠡᠶ᠃

              ᠵᠢᠷᠭᠤᠳᠤᠭ᠋ᠠᠷ ᠪᠦᠯᠦᠭ     ᠰᠢᠯᠢᠳᠡᠭ ᠲᠠᠮᠢᠷᠴᠢᠨ ᠠᠵᠢᠯ ᠎ᠠᠴᠠ᠎ᠪᠠᠨ ᠪᠠᠭᠤᠬᠤ
   

    ᠬᠣᠷᠢᠨ ᠳᠣᠯᠣᠳᠤᠭ᠋ᠠᠷ ᠵᠦᠢ᠍ᠯ     ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠥᠮᠦᠨ᠎ᠤ ᠬᠦᠴᠦᠨ᠎ᠤ ᠠ᠋ᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠣᠷᠣᠨ ᠲᠣᠭ᠎ᠠ᠂ ᠠ᠋ᠳ᠋᠎ᠤᠨ ᠵᠠᠰᠠᠭ᠂ ᠰᠤᠷᠭ᠋ᠠᠨ ᠬᠥᠮᠦᠵᠢᠯ ᠵᠡᠷᠭᠡ ᠰᠠᠯᠠᠭ᠎ᠠ ᠮᠥᠴᠢᠷ᠎ᠲᠠᠢ ᠢᠳᠡᠪᠬᠢᠲᠡᠶ ᠵᠣᠬᠢᠴᠠᠭᠤᠯᠤᠨ ᠨᠥᠬᠥᠴᠡᠯ ᠪᠦᠷᠢᠯᠳᠦᠭᠦᠯᠵᠦ ᠥᠭᠬᠦ ᠬᠡᠷᠡᠭᠲᠡᠶ᠂ ᠠᠵᠢᠯ ᠣᠯᠭᠣᠬᠤ á  á ·á ­á Žá   ᠵᠠᠮ᠎ᠢ ᠴᠢᠷᠮᠠᠶ᠋ᠢᠨ ᠥᠷᠭᠡᠳᠬᠡᠵᠦ᠂ ᠠᠵᠢᠯ᠎ᠠᠴᠠ ᠪᠠᠭᠤᠭᠰᠠᠨ ᠰᠢᠯᠢᠳᠡᠭ ᠲᠠᠮᠢᠷᠴᠢᠨ á Žá ¤ ᠠᠵᠢᠯ᠂ ᠠᠮᠢᠳᠤᠷᠠᠯ á Žá ¢ ᠬᠠᠯᠠᠮᠵᠢᠯᠠᠬᠤ ᠭᠡᠷᠡᠭᠲᠡᠢ᠃
    ᠬᠣᠷᠢᠨ ᠨᠠᠢ᠍ᠮᠠᠳᠤᠭ᠋ᠠᠷ ᠵᠦᠢ᠍ᠯ   ᠰᠢᠯᠢᠳᠡᠭ ᠲᠠᠮᠢᠷᠴᠢᠨ ᠪᠠ ᠲᠠᠮᠢᠷ᠎ᠤᠨ ᠪᠣᠯᠪᠠᠰᠤᠷᠠᠯ᠎ᠤᠨ ᠨᠢᠭᠡᠴᠢ ᠤᠷᠢᠵᠤ ᠬᠡᠷᠡᠭᠯᠡᠬᠦ ᠭᠡᠷ᠎ᠡ᠎ᠪᠠᠨ ᠴᠤᠴᠠᠯᠠᠭᠰᠠᠨ á Žá ¤ ᠳᠠᠷᠠᠭ᠎ᠠ᠂ ᠳᠣᠲᠣᠭ᠋ᠠᠳᠤ ᠵᠢ ᠬᠠᠮᠠᠭ᠋ᠠᠯᠠᠬᠤ᠂ ᠬᠥᠮᠦᠨ᠎ᠤ ᠬᠦᠴᠦᠨ᠎ᠤ ᠠ᠋ᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠨᠢ   ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ á Žá ¢ ᠬᠠᠪᠰᠤᠷᠴᠤ᠂ ᠠᠵᠢᠯ᠎ᠠᠴᠠ ᠪᠠᠭᠤᠭᠰᠠᠨ ᠲᠠᠮᠢᠷᠴᠢᠨ ᠎ᠳᠤ ᠠ᠋ᠷᠦᠬᠡ ᠠᠮᠠ ᠣᠷᠣᠭᠤᠯᠬᠤ᠂ ᠠᠵᠢᠯᠲᠠᠨ᠎ᠤ ᠶᠠᠪᠤᠳᠠᠯ᠎ᠤᠨ ᠳᠠᠩᠰᠠ ᠡᠪᠬᠡᠮᠡᠯ ᠪᠠ ᠨᠡᠶ᠋ᠢᠭᠡᠮ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠵᠣᠯᠭ᠋ᠠᠭᠤᠯᠬᠤ á ­á  á · ᠭᠦᠢ᠍ᠴᠡᠳᠬᠡᠯ ᠬᠢᠬᠦ ᠬᠡᠷᠡᠭᠲᠡᠶ᠃
    ᠬᠣᠷᠢ ᠶᠢᠰᠦᠳᠦᠭᠡᠷ ᠵᠦᠢ᠍ᠯ   ᠰᠢᠯᠢᠳᠡᠭ ᠲᠠᠮᠢᠷᠴᠢᠨ ᠠᠵᠢᠯ á Žá  á ´á   ᠪᠠᠭᠤᠵᠤ ᠪᠡᠶ᠎ᠡ᠎ᠪᠠᠨ ᠳᠠᠭ᠋ᠠᠭ᠋ᠠᠵᠤ ᠠᠵᠢᠯ ᠰᠣᠩᠭᠣᠬᠤ ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠲᠠᠮᠢᠷᠴᠢᠨ᠎ᠤ ᠠᠩᠬᠢ ᠵᠢᠨ ᠪᠡᠶ᠎ᠡ᠎ᠪᠠᠨ ᠳᠠᠭ᠋ᠠᠭ᠋ᠠᠵᠤ ᠠᠵᠢᠯ ᠰᠣᠩᠭᠣᠬᠤ ᠠᠵᠢᠯ᠎ᠠᠴᠠ ᠪᠠᠭᠤᠭᠰᠠᠨ ᠲᠠᠮᠢᠷᠴᠢᠳ᠎ᠤᠨ ᠠᠵᠤ ᠠᠬᠤᠶ ᠵᠢᠨ ᠨᠥᠬᠥᠪᠥᠷᠢ ᠥᠭᠬᠦ ᠠᠷᠭ᠎ᠠ》 ᠵᠢᠨ ᠶᠤᠰᠤᠭ᠋ᠠᠷ᠂ ᠠᠵᠢᠯ᠎ᠠᠴᠠ ᠪᠠᠭᠤᠭᠰᠠᠳ᠎ᠤᠨ ᠵᠠᠷᠤᠳᠠᠯ ᠠᠪᠬᠤ ᠪᠠ ᠨᠢᠭᠡ ᠯᠡ ᠤᠳᠠᠭ᠋ᠠᠨ᠎ᠤ ᠴᠢᠨᠠᠷᠲᠠᠶ ᠪᠡᠶ᠎ᠡ᠎ᠪᠠᠨ ᠳᠠᠭ᠋ᠠᠭ᠋ᠠᠵᠤ ᠠᠵᠢᠯ ᠰᠣᠩᠭᠣᠬᠤ ᠠᠵᠤ ᠠᠬᠤᠶ ᠵᠢᠨ ᠨᠥᠬᠥᠪᠥᠷᠢ ᠮᠥᠩᠭᠥ ᠥᠭᠬᠦ ᠬᠡᠷᠡᠭᠲᠡᠶ᠃ ᠨᠢᠭᠡ ᠯᠡ ᠤᠳᠠᠭ᠎ᠠ ᠵᠢᠨ ᠴᠢᠨᠠᠷᠲᠠᠶ ᠪᠡᠶ᠎ᠡ᠎ᠪᠠᠨ ᠳᠠᠭ᠋ᠠᠭ᠋ᠠᠵᠤ ᠠᠵᠢᠯ ᠰᠣᠩᠭᠣᠬᠤ ᠠᠵᠤ ᠠᠬᠤᠶ ᠵᠢᠨ ᠨᠥᠬᠥᠪᠥᠷᠢ ᠮᠥᠩᠭᠥ ᠥᠭᠬᠦ ᠵᠢᠷᠤᠮ᠂ á ­á  á · ᠭᠦᠢ᠍ᠴᠡᠳᠬᠡᠯ á Žá ¢ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠬᠠᠮᠢᠶ᠎ᠠ ᠪᠥᠬᠥᠢ ᠲᠣᠭᠲᠠᠭ᠋ᠠᠯ ᠶᠣᠰᠣᠭ᠋ᠠᠷ ᠵᠢᠷᠤᠮᠵᠢᠭᠤᠯᠤᠨ ᠬᠢᠬᠦ ᠬᠡᠷᠡᠭᠲᠡᠶ᠃ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠭᠰᠡᠨ ᠪᠠᠶ᠋ᠢᠪᠠᠯ᠂ ᠳᠡᠭᠡᠳᠦ ᠵᠡᠷᠭᠡ ᠵᠢᠨ ᠰᠤᠷᠭ᠋ᠠᠭᠤᠯᠢ᠎ᠳᠤ ᠣᠷᠣᠵᠤ ᠰᠤᠷᠤᠯᠴᠠᠵᠤ ᠪᠣᠯᠤᠨ᠎ᠠ᠃
    ᠭᠤᠴᠢᠳᠤᠭ᠋ᠠᠷ ᠵᠦᠢ᠍ᠯ   ᠲᠠᠮᠢᠷᠴᠢᠨ ᠠᠵᠢᠯ᠎ᠠᠴᠠ ᠬᠠᠯᠠᠭᠳᠠᠭᠰᠠᠨ᠎ᠤ ᠳᠠᠷᠠᠭ᠎ᠠ᠂ ᠰᠢᠨ᠎ᠡ᠎ᠪᠠᠷ ᠣᠷᠣᠵᠤ ᠪᠠᠶ᠋ᠢᠭ᠎ᠠ ᠨᠢᠭᠡᠴᠡ᠎ᠠᠴᠠ᠎ᠨᠢ ᠴᠠᠯᠢᠩ ᠪᠠ ᠨᠡᠶ᠋ᠢᠭᠡᠮ᠎ᠤᠨ ᠳᠠᠭ᠋ᠠᠳᠬᠠᠯ᠎ᠤᠨ ᠳᠦᠷᠢᠮ á Žá ¢ ᠬᠡᠷᠡᠭᠵᠢᠬᠦᠯᠦᠨ᠎ᠡ᠃ ᠪᠦᠬᠦᠯᠢ ᠠ᠋ᠳᠦᠷ᠎ᠤᠨ ᠳᠦᠷᠢᠮᠲᠦ ᠰᠤᠷᠭ᠋ᠠᠭᠤᠯᠢ᠎ᠳᠤ ᠣᠷᠣᠵᠤ ᠰᠤᠷᠤᠯᠴᠠᠭᠰᠠᠨ ᠪᠣᠯ᠂ ᠨᠡᠶ᠋ᠢᠭᠡᠮ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
    ᠭᠤᠴᠢᠨ ᠨᠢᠭᠡᠳᠦᠭᠡᠷ ᠵᠦᠢ᠍ᠯ   ᠬᠥᠮᠦᠨ᠎ᠤ ᠬᠦᠴᠦᠨ᠎ᠤ ᠠ᠋ᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠠᠵᠢᠯ᠎ᠠᠴᠠ ᠪᠣᠯᠤᠭᠰᠠᠨ ᠭᠡᠮᠲᠦᠯ  á Žá ¤á ¨ ᠳᠡᠰ᠎ᠢ ᠬᠢᠨᠠᠨ ᠲᠣᠭᠲᠠᠭ᠋ᠠᠭᠰᠠᠨ᠎ᠤ ᠳᠠᠷᠠᠭ᠎ᠠ ᠠᠵᠢᠯ᠎ᠠᠴᠠ ᠪᠠᠭᠤᠭᠰᠠᠨ ᠲᠠᠮᠢᠷᠴᠢᠳ᠎ᠤᠨ ᠭᠡᠮᠲᠦᠯ ᠰᠢᠷᠬᠠᠲᠤᠯ᠎ᠤᠨ ᠬᠠᠷᠠᠭ᠋ᠠᠯᠵᠠᠯ á Žá ¢ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠪᠣᠯᠪᠠᠰᠤᠷᠠᠯ᠎ᠤᠨ ᠨᠢᠭᠡᠴᠢ ᠠᠵᠢᠯ᠎ᠠᠴᠠ ᠪᠣᠯᠤᠭᠰᠠᠨ ᠭᠡᠮᠲᠦᠯ ᠎ᠤᠨ ᠳᠡᠰ ᠪᠠ ᠪᠣᠳᠠᠲᠤ ᠪᠠᠶ᠋ᠢᠳᠠᠯ᠎ᠢ ᠦᠨᠳᠦᠰᠦᠯᠡᠨ᠂ ᠠᠮᠢᠳᠤᠷᠠᠯ᠂ ᠠᠵᠢᠯ ᠵᠡᠷᠭᠡ ᠠᠰᠠᠭᠤᠳᠠᠯ á Žá ¢ ᠲᠣᠬᠢᠲᠠᠶ ᠰᠢᠢ᠍ᠳᠪᠦᠷᠢᠯᠡᠬᠦ ᠬᠡᠷᠡᠭᠲᠡᠶ᠃
    ᠭᠤᠴᠢᠨ ᠬᠣᠶᠠᠳᠤᠭ᠋ᠠᠷ ᠵᠦᠢ᠍ᠯ   ᠡᠯ᠎ᠡ ᠱᠠᠲᠤᠨ᠎ᠤ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠠᠵᠢᠯ ᠦᠢ᠍ᠯᠡᠰ᠎ᠤᠨ ᠨᠢᠭᠡᠴᠡ ᠪᠡᠶ᠎ᠡ ᠵᠢᠨ ᠲᠠᠮᠢᠷ᠎ᠤᠨ ᠠᠵᠢᠯᠲᠠᠨ ᠠ᠋ᠯᠰᠡᠬᠦ ᠦᠶ᠎ᠡ ᠎ᠳᠤ᠂ ᠰᠢᠯᠢᠳᠡᠭ ᠬᠢᠷᠢ ᠪᠦᠲᠦᠮᠵᠢ ᠣᠯᠤᠭᠰᠠᠨ ᠠᠵᠢᠯ᠎ᠠᠴᠠ ᠪᠠᠭᠤᠭᠰᠠᠨ ᠲᠠᠮᠢᠷᠴᠢᠨ (ᠰᠢᠯᠢᠳᠡᠭ ᠬᠢᠷᠢ ᠪᠦᠲᠦᠮᠵᠢ ᠵᠢᠨ ᠪᠠᠷᠢᠮᠵᠢᠶ᠎ᠠ ᠵᠢ ᠬᠣᠶ᠋ᠢᠨ᠎ᠠ ᠳᠠᠭ᠋ᠠᠯᠳᠤᠭᠤᠯᠪᠠ) ᠪᠠ ᠤᠯᠤᠰ᠎ᠤᠨ ᠵᠦᠪᠰᠢᠶᠡᠷᠡᠭᠰᠡᠨ ᠰᠤᠳᠤᠯᠬᠤ ᠰᠤᠷᠤᠭᠴᠢ ᠵᠢᠴᠢ ᠲᠡᠭᠦᠨ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠠᠵᠢᠯ᠎ᠠᠴᠠ ᠪᠠᠭᠤᠭᠰᠠᠨ ᠲᠠᠮᠢᠷᠴᠢᠳ ᠎ᠲᠤ ᠰᠢᠭᠤᠳ ᠰᠢᠯᠭ᠋ᠠᠨ ᠬᠢᠨᠠᠬᠤ á  á ·á ­á Žá   ᠵᠢ ᠠᠪᠴᠤ ᠤᠷᠢᠵᠤ ᠬᠡᠷᠡᠭᠯᠡᠵᠦ ᠪᠣᠯᠣᠨ᠎ᠠ; ᠪᠤᠰᠤᠳ ᠠᠵᠢᠯ᠎ᠠᠴᠠ ᠪᠠᠭᠤᠭᠰᠠᠨ ᠲᠠᠮᠢᠷᠴᠢᠳ á Žá ¢ ᠠᠳᠠᠯᠢ ᠨᠥᠬᠥᠴᠡᠯ᠎ᠤᠨ ᠳᠣᠣᠷ᠎ᠠ ᠰᠢᠯᠢᠳᠡᠭ ᠎ᠢ᠎ᠨᠢ ᠤᠷᠢᠳ ᠵᠶ᠋ᠠᠷ ᠤᠷᠢᠵᠤ ᠬᠡᠷᠡᠭᠯᠡᠬᠦ ᠬᠡᠷᠡᠭᠲᠡᠶ᠃
    ᠭᠤᠴᠢᠨ ᠭᠤᠷᠪᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠠ᠋ᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠵᠥᠪᠰᠢᠶᠡᠷᠡᠯ ᠵᠶ᠋ᠡᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠡ᠎ᠨᠢ 4 ᠵᠢᠯ ᠪᠣᠯᠬᠤ ᠪᠦᠷᠢ (ᠪᠦᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠠᠨᠭ᠌ᠬᠠᠨ á Žá ¤ ᠵᠢᠯ) ᠠᠵᠢᠯᠲᠠᠨ ᠡᠯᠰᠡᠯᠲᠡ ᠵᠣᠬᠢᠶᠠᠨ ᠪᠠᠢ᠌ᠭᠤᠯᠵᠤ ᠠᠵᠢᠯᠲᠠᠨ ᠡᠯᠰᠡᠵᠦ ᠪᠣᠯᠣᠨ᠎ᠠ᠂ ᠠᠵᠢᠯᠲᠠᠨ ᠠ᠋ᠯᠰᠡᠬᠦ ᠠᠵᠢᠯ᠎ᠤᠨ ᠪᠠᠶ᠋ᠢᠷᠢ᠂ ᠠ᠋ᠯᠰᠡᠬᠦ ᠨᠥᠬᠥᠴᠡᠯ᠂ ᠠ᠋ᠯᠰᠡᠬᠦ ᠳᠡᠰ ᠳᠠᠷᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ  á ‚ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠠ᠋ᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠲᠣᠭᠲᠠᠭ᠋ᠠᠨ᠎ᠠ᠃
    ᠭᠤᠴᠢᠨ ᠳᠥᠷᠪᠡᠳᠦᠭᠡᠷ ᠵᠦᠢ᠍ᠯ     ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠰᠢᠯᠢᠳᠡᠭ ᠲᠠᠮᠢᠷᠴᠢᠨ ᠠᠵᠢᠯ á Žá  á ´á   ᠪᠠᠭᠤᠭᠰᠠᠨ á Žá ¤ ᠳᠠᠷᠠᠭ᠎ᠠ ᠲᠠᠮᠢᠷ᠎ᠤᠨ ᠪᠠᠭᠰᠢ ᠵᠢᠨ ᠬᠢᠷᠢ ᠬᠡᠮ ᠤᠯᠬᠤ ᠎ᠳᠤ᠎ᠨᠢ ᠨᠥᠬᠥᠴᠡᠯ ᠪᠦᠷᠢᠯᠳᠦᠭᠦᠯᠵᠦ ᠥᠭᠬᠦ ᠬᠡᠷᠡᠭᠲᠡᠶ᠃ ᠰᠢᠯᠢᠳᠡᠭ ᠲᠠᠮᠢᠷᠴᠢᠳ     《ᠪᠠᠭᠰᠢ ᠵᠢᠨ ᠬᠠᠤᠯᠢ》 ᠎ᠳᠤ ᠲᠣᠭᠲᠠᠭ᠋ᠠᠭᠰᠠᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠮᠡᠳᠡᠷᠡᠭᠰᠡᠨ   ᠬᠠᠷᠠᠭ᠋ᠠᠯᠵᠠᠭᠰᠠᠨ ᠰᠤᠷᠤᠯᠭ᠎ᠠ ᠵᠢᠨ ᠨᠠᠮᠲᠠᠷ᠎ᠲᠠᠢ᠂ ᠪᠠᠭᠰᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠨᠥᠬᠥᠴᠡᠯ᠎ᠳᠤ ᠨᠡᠢ᠌ᠴᠡᠭᠰᠡᠨ ᠪᠣᠯ  ã€Šá ªá  á ­á °á ¢ ᠵᠢᠨ ᠬᠢᠷᠢ ᠬᠡᠮ᠎ᠤᠨ ᠲᠦᠷᠢᠮ》 ᠪᠣᠯᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭ᠎ᠠ ᠶᠣᠰᠣᠭ᠋ᠠᠷ᠂ ᠬᠠᠷᠠᠭ᠋ᠠᠯᠵᠠᠭᠰᠠᠨ ᠪᠠᠭᠰᠢ ᠵᠢᠨ ᠬᠢᠷᠢ ᠬᠡᠮ á Žá ¢ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ᠎ᠳᠤ ᠭᠤᠶᠤᠴᠢᠯᠠᠯ ᠭᠠᠷᠭ᠋ᠠᠵᠤ᠂ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠷᠠᠭ᠋ᠠᠯᠵᠠᠭᠰᠠᠨ ᠪᠠᠭᠰᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠬᠡᠷᠡᠭᠲᠡᠶ᠃ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠠᠵᠢᠯ ᠦᠢ᠍ᠯᠡᠰ᠎ᠤᠨ ᠨᠢᠭᠡᠴᠡ᠎ᠨᠢ ᠪᠡᠶ᠎ᠡ ᠵᠢᠨ ᠲᠠᠮᠢᠷ᠎ᠤᠨ ᠪᠠᠭᠰᠢ᠂ ᠳᠠᠰᠬᠠᠯᠵᠢᠭᠤᠯᠤᠭᠴᠢ ᠪᠣᠯᠤᠨ ᠪᠡᠶ᠎ᠡ ᠵᠢᠨ ᠲᠠᠮᠢᠷ᠎ᠤᠨ ᠲᠥᠷᠥᠯ᠎ᠤᠨ ᠲᠤᠰᠬᠠᠶ ᠮᠡᠷᠭᠡᠵᠢᠯ᠎ᠤᠨ ᠠᠵᠢᠯᠲᠠᠨ ᠡᠯᠰᠡᠬᠦ ᠦᠶ᠎ᠡ᠎ᠳᠤ᠂ ᠰᠢᠯᠢᠳᠡᠭ ᠬᠢᠷᠢ ᠪᠦᠲᠦᠮᠵᠢ ᠣᠯᠤᠭᠰᠠᠨ (ᠳᠡᠭᠡᠷᠡᠬᠢ᠎ᠲᠠᠢ ᠠᠳᠠᠯᠢ) ᠪᠥᠭᠡᠳ ᠪᠠᠭᠰᠢ ᠵᠢᠨ ᠬᠢᠷᠢ ᠬᠡᠮ᠎ᠲᠠᠢ ᠠᠵᠢᠯ á Žá  á ´á   ᠪᠠᠭᠤᠭᠰᠠᠨ ᠲᠠᠮᠢᠷᠴᠢᠨ ᠎ᠳᠤ ᠠᠵᠢᠯᠲᠠᠨ ᠠ᠋ᠯᠰᠡᠬᠦ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ ᠦᠵᠡᠭᠦᠯᠵᠦ ᠪᠣᠯᠤᠨ᠎ᠠ; ᠪᠤᠰᠤᠳ   ᠪᠦᠬᠦᠢ ᠪᠠᠭᠰᠢ ᠵᠢᠨ ᠬᠢᠷᠢ ᠬᠡᠮ᠎ᠲᠠᠢ ᠠᠵᠢᠯ᠎ᠠᠴᠠ ᠪᠠᠭᠤᠭᠰᠠᠨ ᠲᠠᠮᠢᠷᠴᠢᠳ á Žá ¢ ᠠᠳᠠᠯᠢ ᠨᠥᠬᠥᠴᠡᠯ᠎ᠤᠨ ᠳᠣᠣᠷ᠎ᠠ á  á ‹á © ᠲᠡᠷᠢᠭᠦᠨ᠎ᠳᠤ ᠤᠷᠢᠨ ᠬᠡᠷᠡᠭᠯᠡᠵᠦ ᠪᠣᠯᠤᠨ᠎ᠠ᠃
    ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ᠎ᠪᠠᠷ ᠲᠤᠰᠠᠯᠠᠵᠤ ᠪᠠᠶ᠋ᠢᠭᠤᠯᠤᠭᠰᠠᠨ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢ ᠬᠡᠷᠡᠭᠯᠡᠵᠦ ᠪᠠᠶ᠋ᠢᠭ᠎ᠠ ᠨᠢᠭᠡᠴᠢ᠂ ᠠ᠋ᠷᠬᠡᠪᠰᠢ ᠵᠣᠬᠢᠬᠤ ᠬᠠᠷᠢᠴᠠᠯ ᠵᠶ᠋ᠠᠷ ᠰᠢᠯᠢᠳᠡᠭ ᠲᠠᠮᠢᠷᠴᠢᠨ á Žá ¤ ᠠ᠋ᠩᠨᠡᠭᠡ á Žá  á ´á   ᠬᠠᠯᠠᠭᠳᠠᠭᠰᠠᠨ ᠲᠠᠮᠢᠷᠴᠢᠨ á Žá ¢ ᠤᠷᠢᠨ ᠬᠡᠷᠡᠭᠯᠡᠨ᠎ᠡ᠃
    ᠭᠤᠴᠢᠨ ᠲᠠᠪᠤᠳᠤᠭ᠋ᠠᠷ ᠵᠦᠢ᠍ᠯ     ᠠᠵᠢᠯ᠎ᠠᠴᠠ ᠪᠠᠭᠤᠭᠰᠠᠨ ᠰᠢᠯᠢᠳᠡᠭ ᠲᠠᠮᠢᠷᠴᠢᠳ᠎ᠤᠨ ᠠᠵᠢᠯ ᠮᠡᠷᠭᠡᠵᠢᠯ ᠵᠶ᠋ᠡᠨ ᠬᠤᠪᠢᠷᠠᠭᠤᠯᠬᠤ ᠰᠢᠯᠵᠢᠯᠲᠡ ᠵᠢᠨ ᠬᠤᠭᠤᠴᠠᠭ᠎ᠠ᠎ᠨᠢ ᠳᠦᠭᠦᠷᠦᠭᠰᠡᠨ ᠦᠶ᠎ᠡ ᠎ᠳᠤ ᠬᠤᠪᠢ ᠬᠥᠮᠦᠨ᠎ᠨᠢ ᠤᠷᠢᠨ ᠬᠡᠷᠡᠭᠯᠡᠬᠦ ᠨᠢᠭᠡᠴᠢ ᠵᠢ ᠪᠣᠳᠠᠲᠠᠶ ᠨᠠᠢ᠌ᠳᠠᠪᠤᠷᠢᠵᠢᠭᠤᠯᠤᠭᠰᠠᠨ ᠦᠭᠡᠢ᠂ ᠪᠠᠰᠠ ᠪᠡᠶ᠎ᠡ᠎ᠪᠠᠨ ᠳᠠᠭ᠋ᠠᠭ᠋ᠠᠵᠤ ᠠᠵᠢᠯ ᠰᠣᠩᠭᠣᠬᠤ á ­á  á · ᠭᠦᠢ᠍ᠴᠡᠳᠬᠡᠯ᠎ᠢ ᠬᠢᠬᠦ ᠤᠢ᠍ᠭᠡᠢ᠂ ᠠ᠋ᠭᠦᠨ᠎ᠳᠤ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ ᠳᠡᠭᠡᠳᠦ ᠵᠡᠷᠭᠡ ᠵᠢᠨ ᠰᠤᠷᠭ᠋ᠠᠭᠤᠯᠢ᠎ᠳᠤ ᠣᠷᠣᠵᠤ ᠰᠤᠷᠤᠯᠴᠠᠬᠤ ᠪᠠᠭᠲᠠᠨ᠎ᠠ᠂ ᠠᠵᠢᠯᠯᠠᠵᠤ ᠪᠠᠶ᠋ᠢᠭ᠎ᠠ ᠨᠢᠭᠡᠴᠢ᠎ᠨᠢ ᠠᠵᠢᠯᠲᠠᠨ᠎ᠤ ᠶᠠᠪᠤᠳᠠᠯ ᠬᠥᠳᠡᠯᠮᠦᠷᠢ ᠵᠢᠨ ᠬᠠᠷᠢᠴᠠᠭ᠎ᠠ ᠵᠢ ᠬᠦᠴᠦᠨ ᠦᠭᠡᠢ ᠪᠣᠯᠭ᠋ᠠᠬᠤ ᠪᠥᠭᠡᠳ ᠲᠡᠭᠦᠨ᠎ᠤ ᠠᠵᠢᠯᠲᠠᠨ᠎ᠤ ᠶᠠᠪᠤᠳᠠᠯ᠎ᠤᠨ ᠲᠠᠨᠭ᠌ᠰᠠ ᠡᠪᠬᠡᠮᠡᠯ᠎ᠢ ᠤᠤᠯ ᠎ᠤᠨ ᠭᠠᠵᠠᠷ ᠣᠷᠣᠨ᠎ᠤ ᠴᠢᠳᠠᠪᠤᠷᠢᠲᠠᠨ᠎ᠤ ᠰᠣᠯᠢᠯᠴᠠᠭ᠋ᠠᠨ᠎ᠤ ᠦᠢ᠍ᠯᠡᠴᠢᠯᠡᠭᠡᠨ᠎ᠤ ᠪᠠᠶ᠋ᠢᠭᠤᠯᠤᠮᠵᠢ ᠪᠤᠶᠤ ᠰᠤᠷᠤᠯᠴᠠᠵᠤ ᠪᠠᠶ᠋ᠢᠭ᠎ᠠ ᠰᠤᠷᠭ᠋ᠠᠭᠤᠯᠢ ᠎ᠳᠤ᠎ᠨᠢ ᠬᠦᠷᠭᠡᠨ᠎ᠡ᠃

                ᠳᠣᠯᠣᠳᠤᠭ᠋ᠠᠷ ᠪᠦᠯᠦᠭ     ᠲᠠᠮᠢᠷᠴᠢᠨ á Žá ¤ ᠨᠡᠶ᠋ᠢᠭᠡᠮ᠎ᠤᠨ ᠳᠠᠭ᠋ᠠᠳᠬᠠᠯ

    ᠭᠤᠴᠢᠨ ᠵᠢᠷᠭᠤᠳᠤᠭ᠋ᠠᠷ ᠵᠦᠢ᠍ᠯ   ᠳᠣᠣᠷ᠎ᠠ ᠵᠢᠭᠰᠠᠭ᠋ᠠᠭᠰᠠᠨ ᠪᠠᠶ᠋ᠢᠳᠠᠯ ᠎ᠳᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠨᠢᠭᠡᠴᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠯ᠎ᠡ ᠲᠥᠷᠥᠯ᠎ᠤᠨ ᠨᠡᠶ᠋ᠢᠭᠡᠮ᠎ᠤᠨ ᠳᠠᠭ᠋ᠠᠳᠬᠠᠯ᠎ᠳᠤ ᠲᠤᠰᠴᠤ ᠰᠢᠯᠵᠢᠭᠦᠯᠬᠦ á ­á  á · ᠭᠦᠢ᠍ᠴᠡᠳᠬᠡᠯ ᠬᠢᠬᠦ ᠬᠡᠷᠡᠭᠲᠡᠶ᠄ (ᠨᠢᠭᠡ) ᠲᠤᠷᠰᠢᠨ ᠪᠣᠯᠪᠠᠰᠤᠷᠠᠭᠤᠯᠬᠤ ᠲᠠᠮᠢᠷᠴᠢᠨ ᠰᠢᠯᠢᠳᠡᠭ ᠲᠠᠮᠢᠷᠴᠢᠨ ᠎ᠳᠤ ᠡᠯᠰᠡᠭᠳᠡᠭᠰᠡᠨ ᠦᠭᠡᠢ ᠪᠥᠭᠡᠳ ᠲᠤᠷᠰᠢᠨ ᠪᠣᠯᠪᠠᠰᠤᠷᠠᠭᠤᠯᠬᠤ á ­á ¡á ·á Žá ¡ ᠵᠢ ᠳᠠᠭᠤᠰᠬᠠᠭᠰᠠᠨ ᠪᠤᠶᠤ ᠬᠦᠴᠦᠨ ᠦᠭᠡᠢ ᠪᠣᠯᠭ᠋ᠠᠭᠰᠠᠨ; (ᠬᠣᠶᠠᠷ) ᠪᠡᠶ᠎ᠡ ᠵᠢᠨ ᠲᠠᠮᠢᠷ᠎ᠤᠨ ᠠᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠡᠷ ᠵᠦᠪᠰᠢᠶᠡᠷᠡᠬᠦᠯᠦᠭᠰᠡᠨ ᠪᠣᠯᠪᠠᠰᠤᠷᠠᠯ ᠬᠢᠬᠦ᠎ᠪᠠᠨ   ᠵᠤᠭᠰᠤᠭᠰᠠᠨ ᠰᠢᠯᠢᠳᠡᠭ ᠲᠠᠮᠢᠷᠴᠢᠨ á Žá ¤ ᠠᠵᠢᠯ ᠮᠡᠷᠭᠡᠵᠢᠯ ᠵᠶ᠋ᠡᠨ ᠬᠤᠪᠢᠷᠠᠭᠤᠯᠬᠤ ᠬᠤᠭᠤᠴᠠᠭ᠎ᠠ ᠬᠡᠲᠦᠷᠡᠵᠦ᠂ ᠤᠷᠢᠨ ᠬᠡᠷᠡᠭᠯᠡᠬᠦ á ­á ¡á ·á Žá ¡ ᠵᠢ ᠴᠤᠴᠠᠯᠬᠤ ᠪᠤᠶᠤ   ᠳᠠᠭᠤᠰᠬᠠᠭᠰᠠᠨ; (ᠭᠤᠷᠪᠠ) ᠰᠢᠯᠢᠳᠡᠭ ᠲᠠᠮᠢᠷᠴᠢᠨ ᠠᠵᠢᠯ᠎ᠠᠴᠠ ᠪᠠᠭᠤᠭᠰᠠᠨ᠂ ᠤᠷᠢᠨ ᠬᠡᠷᠡᠭᠯᠡᠬᠦ ᠭᠡᠷ᠎ᠡ᠎ᠨᠢ ᠬᠦᠴᠦᠨ ᠦᠭᠡᠶ ᠪᠣᠯᠤᠭᠰᠠᠨ ᠪᠠ ᠳᠠᠭᠤᠰᠤᠭᠰᠠᠨ᠃
   

                ᠨᠠᠢ᠍ᠮᠠᠳᠤᠭ᠋ᠠᠷ ᠪᠦᠯᠦᠭ   ᠬᠣᠯᠪᠣᠭᠳᠠᠯ ᠪᠦᠬᠦᠢ ᠵᠠᠷᠤᠳᠠᠯ

    ᠭᠤᠴᠢᠨ ᠳᠣᠯᠣᠳᠤᠭ᠋ᠠᠷ ᠵᠦᠢ᠍ᠯ   ᠲᠠᠮᠢᠷᠴᠢᠨ ᠲᠤᠷᠰᠢᠨ ᠪᠣᠯᠪᠠᠰᠤᠷᠠᠭᠤᠯᠬᠤ ᠬᠤᠭᠤᠴᠠᠭ᠋ᠠᠨ᠎ᠳᠤ ᠬᠡᠷᠡᠭᠰᠡᠬᠦ ᠵᠠᠷᠤᠳᠠᠯ᠎ᠢ ᠠᠳᠠᠯᠢ ᠱᠠᠲᠤᠨ᠎ᠤ ᠠ᠋ᠳ᠋᠎ᠤᠨ ᠵᠠᠰᠠᠭ᠎ᠠᠴᠠ ᠠ᠋ᠭᠦᠷᠭᠡᠯᠡᠨ᠎ᠡ᠃
    ᠭᠤᠴᠢᠨ ᠨᠠᠢ᠍ᠮᠠᠳᠤᠭ᠋ᠠᠷ ᠵᠦᠢ᠍ᠯ   ᠠᠵᠢᠯ ᠮᠡᠷᠭᠡᠵᠢᠯ ᠵᠶ᠋ᠡᠨ ᠬᠤᠪᠢᠷᠠᠭᠤᠯᠬᠤ ᠰᠢᠯᠵᠢᠯᠲᠡ ᠵᠢᠨ ᠬᠤᠭᠤᠴᠠᠭ᠋ᠠᠨ᠎ᠳᠤ᠂ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ ᠥᠷᠨᠢᠭᠦᠯᠬᠦ᠂ ᠠᠵᠢᠯ ᠣᠯᠭᠣᠯᠲᠠ ᠵᠢᠨ ᠬᠠᠪᠰᠤᠷᠤᠨ ᠵᠢᠯᠣᠭᠣᠳᠬᠤ ᠵᠡᠷᠭᠡ ᠬᠣᠯᠪᠣᠭᠳᠠᠯ ᠪᠦᠬᠦᠢ ᠠᠵᠢᠯ᠎ᠳᠤ ᠬᠡᠷᠡᠭᠰᠡᠬᠦ ᠵᠠᠷᠤᠳᠠᠯ᠎ᠢ ᠠ᠋ᠳ᠋᠎ᠤᠨ ᠵᠠᠰᠠᠭ᠎ᠤᠨ ᠣᠷᠣᠭᠤᠯᠤᠯᠲᠠ᠎ᠪᠠᠷ ᠭᠣᠣᠯ ᠪᠣᠯᠭ᠋ᠠᠵᠤ᠂ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠲᠤ ᠬᠡᠷᠡᠭᠯᠡᠬᠦ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ᠂ ᠨᠡᠶ᠋ᠢᠭᠡᠮ᠎ᠤᠨ ᠲᠤᠰᠠᠯᠠᠵᠤ ᠳᠡᠮᠵᠢᠭᠰᠡᠨ ᠪᠡᠯᠡ ᠮᠥᠩᠭᠥ ᠵᠡᠷᠭᠡ᠎ᠪᠠᠷ ᠬᠠᠪᠰᠤᠷᠤᠮᠵᠢ ᠪᠣᠯᠭ᠋ᠠᠬᠤ ᠬᠡᠷᠡᠭᠲᠡᠶ᠃

              ᠶᠢᠰᠦᠳᠦᠭᠡᠷ ᠪᠦᠯᠦᠭ     ᠰᠠᠬᠢᠯᠭ᠎ᠠ ᠪᠠᠲᠤ ᠬᠢᠭᠡᠳ ᠬᠢᠨᠠᠯᠲᠠ ᠲᠠᠯᠪᠢᠬᠤ

    ᠭᠤᠴᠢ ᠶᠢᠰᠦᠳᠦᠭᠡᠷ ᠵᠦᠢ᠍ᠯ   ᠲᠠᠮᠢᠷᠴᠢᠨ ᠤᠷᠢᠨ ᠬᠡᠷᠡᠭᠯᠡᠬᠦ ᠠᠵᠢᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠪᠡᠶᠡᠯᠡᠭᠦᠯᠬᠦ ᠬᠡᠷᠡᠭᠲᠡᠶ᠂ ᠶᠠᠪᠤᠴᠠ ᠵᠢ ᠢᠯᠡ ᠪᠣᠯᠭ᠋ᠠᠬᠤ᠂ ᠦᠷ᠎ᠡ ᠳ᠋ᠦᠩ᠎ᠢ ᠢᠯᠡ ᠪᠣᠯᠭ᠋ᠠᠬᠤ ᠵᠢ ᠬᠡᠷᠡᠭᠵᠢᠭᠦᠯᠵᠦ᠂ ᠨᠡᠶ᠋ᠢᠭᠡᠮ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠢᠨᠠᠯᠲᠠ ᠵᠢ ᠬᠦᠯᠢᠶᠡᠬᠦ ᠬᠡᠷᠡᠭᠲᠡᠶ᠃
    ᠳᠥᠴᠢᠳᠦᠭᠡᠷ ᠵᠦᠢ᠍ᠯ   ᠵᠠᠰᠠᠭ᠎ᠤᠨ ᠣᠷᠳᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠠ᠋ᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠲᠤᠰ á  á ·á ­á Žá   ᠵᠢᠨ ᠬᠣᠯᠪᠣᠭᠳᠠᠯ ᠪᠥᠬᠥᠢ ᠲᠣᠭᠲᠠᠭ᠋ᠠᠯ á Žá ¢ ᠵᠥᠷᠢᠴᠡᠭᠰᠡᠨ   ᠤᠢ᠍ᠢ᠍ᠯᠠ   ᠠᠵᠢᠯᠯᠠᠭ᠎ᠠ ᠵᠢ   ᠬᠣᠷᠢᠭᠯᠠᠨ   ᠵᠣᠭᠰᠣᠭ᠋ᠠᠬᠤ   ᠪᠠ   ᠵᠠᠯᠠᠷᠠᠭᠤᠯᠬᠤ ᠬᠡᠷᠡᠭᠲᠡᠶ᠃
    ᠳᠥᠴᠢᠨ ᠨᠢᠭᠡᠳᠦᠭᠡᠷ ᠵᠦᠢ᠍ᠯ   ᠤᠷᠢᠵᠤ ᠬᠡᠷᠡᠭᠯᠡᠬᠦ ᠰᠠᠬᠢᠯᠭ᠎ᠠ ᠪᠠᠲᠤ ᠵᠢ ᠴᠢᠨᠭ᠌ᠭ᠋ᠠᠳᠬᠠᠵᠤ  á ‚ ᠬᠤᠳᠠᠯ ᠬᠡᠯᠡᠵᠦ ᠬᠠᠭᠤᠷᠮᠠᠭᠯᠠᠬᠤ ᠵᠢ ᠴᠢᠨᠭᠭ᠎ᠠ ᠴᠠᠭ᠋ᠠᠵᠠᠯᠠᠬᠤ᠂ ᠠᠰᠢᠭ ᠬᠥᠭᠡᠭᠡᠴᠡᠯᠳᠦᠨ á ­á ¡á ® ᠦᠢ᠍ᠯᠡᠳᠬᠦ ᠵᠢ ᠴᠠᠭ᠋ᠠᠵᠢᠯᠠᠨ᠎ᠠ᠃ ᠲᠣᠭᠲᠠᠭ᠋ᠠᠯ᠎ᠠᠴᠠ ᠵᠥᠷᠢᠴᠡᠭᠰᠡᠳ᠎ᠢ ᠴᠢᠩᠭ᠎ᠠ ᠰᠢᠳᠬᠡᠨ᠎ᠡ᠃ ᠬᠠᠤᠯᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ ᠪᠠᠶ᠋ᠢᠪᠠᠯ᠂ ᠬᠠᠤᠯᠢ ᠶᠣᠰᠣᠭ᠋ᠠᠷ ᠬᠣᠯᠪᠣᠭᠳᠠᠯ ᠪᠦᠬᠦᠢ ᠪᠠᠶ᠋ᠢᠭᠤᠯᠭ᠎ᠠ᠎ᠳᠤ ᠰᠢᠯᠵᠢᠭᠦᠯᠦᠨ ᠥᠭᠴᠦ ᠪᠣᠯᠤᠨ᠎ᠠ᠃
    ᠳᠥᠴᠢᠨ ᠬᠣᠶᠠᠳᠤᠭ᠋ᠠᠷ ᠵᠦᠢ᠍ᠯ     ᠤᠷᠢᠨ ᠬᠡᠷᠡᠭᠯᠡᠬᠦ ᠰᠠᠬᠢᠯᠭ᠎ᠠ ᠪᠠᠲᠤ ᠵᠢ ᠵᠥᠷᠢᠴᠡᠭᠰᠡᠨ ᠲᠠᠮᠢᠷᠴᠢᠨ á Žá ¢ ᠤᠷᠢᠵᠤ ᠬᠡᠷᠡᠭᠯᠡᠬᠦ ᠬᠢᠷᠢ ᠬᠡᠮ᠎ᠢ᠎ᠨᠢ ᠬᠦᠴᠦᠨ ᠦᠭᠡᠢ   ᠪᠣᠯᠭ᠋ᠠᠨ᠎ᠠ; ᠬᠣᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠭᠰᠡᠨ ᠪᠥᠭᠡᠳ ᠤᠷᠢᠨ ᠬᠡᠷᠡᠭᠯᠡᠬᠦ á ­á  á · ᠭᠦᠢ᠍ᠴᠡᠳᠭᠡᠯ á Žá ¢ ᠨᠢᠭᠡᠨᠲᠡ ᠬᠢᠭᠰᠡᠨ ᠲᠠᠮᠢᠷᠴᠢᠨ á Žá ¢ ᠪᠠᠶ᠋ᠢᠴᠠᠭ᠋ᠠᠨ ᠲᠣᠳᠣᠷᠬᠠᠶ᠋ᠢᠯᠠᠭᠰᠠᠨ᠎ᠤ ᠳᠠᠷᠠᠭ᠎ᠠ᠂ ᠤᠷᠢᠵᠤ ᠬᠡᠷᠡᠭᠯᠡᠬᠦ á ­á ¡á ·á Žá ¡ ᠵᠢ ᠬᠦᠴᠦᠨ ᠦᠭᠡᠢ ᠪᠣᠯᠭ᠋ᠠᠵᠤ᠂ ᠢᠯᠭ᠋ᠠᠷᠠᠭᠤᠯᠤᠨ ᠪᠤᠴᠠᠭ᠋ᠠᠬᠤ ᠬᠡᠷᠡᠭᠲᠡᠶ᠃
    ᠳᠥᠴᠢᠨ ᠭᠤᠷᠪᠠᠳᠤᠭ᠋ᠠᠷ ᠵᠦᠢ᠍ᠯ   ᠰᠠᠬᠢᠯᠭ᠎ᠠ ᠪᠠᠲᠤ ᠵᠢ ᠵᠥᠷᠢᠴᠡᠭᠰᠡᠨ ᠠᠵᠢᠯᠲᠠᠨ ᠎ᠳᠤ ᠦᠢ᠍ᠯᠡ ᠪᠠᠶ᠋ᠢᠳᠠᠯ᠎ᠤᠨ ᠬᠦᠨᠳᠦ ᠬᠥᠩᠭᠡᠨ᠎ᠢ ᠦᠵᠡᠵᠦ᠂ ᠠᠵᠢᠯ᠎ᠤᠨ ᠪᠠᠶ᠋ᠢᠷᠢ᠎ᠠᠴᠠ᠎ᠨᠢ ᠰᠢᠯᠵᠢᠭᠦᠯᠬᠦ ᠪᠤᠶᠤ ᠰᠢᠳᠬᠡᠯ ᠥᠭᠭᠦᠨ᠎ᠡ; ᠤᠷᠢᠨ ᠬᠡᠷᠡᠭᠯᠡᠬᠦ ᠰᠠᠬᠢᠯᠭ᠎ᠠ ᠪᠠᠲᠤ ᠵᠢ ᠵᠥᠷᠢᠴᠡᠭᠰᠡᠨ ᠪᠤᠰᠤᠳ ᠬᠣᠯᠪᠣᠭᠳᠠᠯ ᠪᠦᠬᠦᠢ ᠠᠵᠢᠯᠲᠠᠨ á Žá ¢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃

              ᠠᠷᠪᠠᠳᠤᠭ᠋ᠠᠷ ᠪᠦᠯᠦᠭ   ᠳᠠᠭ᠋ᠠᠯᠳᠤᠭᠤᠯᠤᠭᠰᠠᠨ ᠲᠦᠷᠢᠮ

    ᠳᠥᠴᠢᠨ ᠳᠥᠷᠪᠡᠳᠦᠭᠡᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠳᠤᠲᠤᠷ᠎ᠠ ᠡᠯ᠎ᠡ ᠠᠶ᠋ᠢᠮᠠᠭ ᠬᠣᠲᠠ᠎ᠨᠢ ᠰᠢᠯᠢᠳᠡᠭ ᠪᠡᠶ᠎ᠡ ᠵᠢᠨ ᠲᠠᠮᠢᠷᠴᠢᠨ᠎ᠤ ᠠᠩᠬᠢ ᠵᠢᠨ ᠪᠠᠶ᠋ᠢᠭᠤᠯᠤᠮᠵᠢ ᠪᠠᠶ᠋ᠢᠭᠤᠯᠤᠭᠰᠠᠨ ᠪᠠᠶ᠋ᠢᠪᠠᠯ᠂ ᠰᠢᠯᠢᠳᠡᠭ ᠲᠠᠮᠢᠷᠴᠢᠨ᠎ᠢ ᠤᠷᠢᠵᠤ ᠬᠡᠷᠡᠭᠯᠡᠬᠦ ᠬᠠᠮᠢᠶᠠᠷᠤᠯᠲᠠ ᠵᠢᠨ ᠠᠵᠢᠯ á Žá ¢ ᠲᠣᠰ ᠠᠷᠭ᠎ᠠ᠎ᠪᠠᠷ ᠯᠠᠪᠯᠠᠯᠲᠠ ᠪᠣᠯᠭ᠋ᠠᠵᠤ ᠭᠦᠢ᠍ᠴᠡᠳᠬᠡᠨ᠎ᠡ᠃
    ᠳᠥᠴᠢᠨ ᠲᠠᠪᠤᠳᠤᠭ᠋ᠠᠷ ᠵᠦᠢ᠍ᠯ     ᠲᠤᠰ á  á ·á ­á Žá  á Žá ¶á ¢ ᠨᠡᠶ᠋ᠢᠲᠡᠯᠡᠭᠰᠡᠨ ᠠ᠋ᠳᠦᠷ᠎ᠠᠴᠠ ᠠ᠋ᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠨ᠎ᠡ ᠪᠠᠶ᠋ᠢᠳᠠᠯ᠎ᠤᠨ ᠳᠣᠣᠷᠠᠬᠢ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠢ ᠤᠯᠠᠮ ᠨᠢᠭᠡ ᠠᠯᠬᠤᠮ ᠴᠢᠨᠭ᠌ᠭ᠋ᠠᠳᠬᠠᠬᠤ ᠲᠤᠬᠠᠢ ᠰᠠᠨᠠᠯ
ᠴᠦᠬᠡᠨ ᠲᠤᠭ᠋ᠠᠲᠤ ᠦᠨᠳᠦᠰᠦᠲᠡᠨ᠎ᠤ ᠤᠯᠠᠮᠵᠢᠯᠠᠯᠲᠤ ᠲᠠᠮᠢᠷ᠎ᠤᠨ ᠠᠵᠢᠯ᠎ᠢ ᠤᠯᠠᠮ ᠨᠢᠭᠡ ᠠᠯᠬᠤᠮ ᠴᠢᠨᠭ᠌ᠭ᠋ᠠᠳᠬᠠᠬᠤ ᠲᠤᠬᠠᠢ ᠵᠢᠯᠤᠭᠤᠳᠤᠮᠵᠢ ᠵᠢᠨ ᠰᠠᠨᠠᠯ
ᠦᠪᠦᠷ ᠮᠤᠩᠭᠤᠯ᠎ᠤᠨ ᠦᠪᠡᠷᠳᠡᠭᠡᠨ ᠵᠠᠰᠠᠬᠣ ᠤᠷᠤᠨ᠎ᠤ ᠨᠠᠮ᠎ᠤᠨ ᠬᠣᠷᠢᠶ᠎ᠠ ᠵᠠᠰᠠᠭ᠎ᠤᠨ ᠤᠷᠳᠤᠨ ᠎ᠤ ᠪᠡᠶ᠎ᠡ ᠲᠠᠮᠢᠷ᠎ᠤᠨ ᠦᠢ᠍ᠯᠡᠰ᠎ᠤᠨ ᠭᠦᠭᠵᠢᠯᠲᠡ ᠵᠢ ᠠᠬᠢᠭᠣᠯᠬᠣ ᠰᠢᠢ᠍ᠳᠪᠦᠷᠢ
2025                 
ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠠᠢ᠍ᠮᠠᠳᠤᠭ᠋ᠠᠷ ᠤᠳᠠᠭ᠋ᠠᠨ᠎ᠤ ᠶᠡᠬᠡ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠭᠠᠶ᠋ᠢᠯᠢ ᠵᠢ ᠪᠠᠭ᠋ᠠᠰᠬᠠᠵᠤ ᠰᠦᠢ᠍ᠳᠬᠡᠯ᠎ᠢ ᠪᠠᠭᠤᠷᠠᠭᠤᠯᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠲᠠᠮᠵᠢᠬᠦ ᠳᠣᠲᠣᠭ᠋ᠠᠳᠤ ᠬᠡᠷᠡᠭᠴᠡᠭᠡ ᠵᠢ ᠥᠷᠭᠡᠳᠬᠡᠨ ᠠᠵᠢᠯ ᠣᠯᠭᠣᠯᠲᠠ ᠵᠢ ᠪᠠᠲᠤᠯᠠᠵᠤ ᠠᠷᠠᠳ᠎ᠤᠨ ᠠᠮᠢᠳᠤᠷᠠᠯ᠎ᠢ ᠪᠠᠲᠤᠯᠠᠬᠤ ᠵᠡᠷᠭᠡ ᠠᠵᠢᠯ᠎ᠤᠨ ᠲᠤᠭᠤᠷᠢᠨ᠎ᠳᠤ ᠠᠰᠠᠭᠤᠳᠠᠯ᠎ᠤᠨ ᠰᠦᠪᠡᠭᠴᠢ ᠴᠤᠭᠯᠠᠭᠤᠯᠬᠤ ᠲᠤᠬᠠᠶ ᠠᠯᠪᠠᠨ ᠵᠠᠷᠯᠠᠯ
 
            