ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ ᠵᠢᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷ᠎ᠤᠨ ᠠᠵᠢᠯ᠎ᠤᠨ ᠬᠠᠮᠢᠶᠠᠷᠤᠯᠳᠠ ᠵᠢᠨ ᠠᠷᠭ᠎ᠠ
ᠨᠡᠶ᠋ᠢᠲᠡᠯᠡᠭᠰᠡᠨ ᠴᠠᠭ᠄ 2018-12-27

    ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ ᠵᠢ ᠭᠦᠨᠵᠡᠭᠡᠶ ᠲᠤᠤᠱᠯᠠᠭᠤᠯᠤᠨ᠂ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ ᠎ᠤᠨ ᠬᠣᠯᠪᠣᠭᠳᠠᠯ ᠪᠦᠬᠦᠢ ᠡᠯ᠎ᠡ ᠵᠦᠢ᠍ᠯ᠎ᠤᠨ ᠴᠢᠭᠯᠡᠯᠲᠡ ᠲᠦᠷᠦ ᠵᠢᠨ ᠪᠤᠳᠤᠯᠭ᠎ᠠ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ  á ‚ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠦᠰ ᠎ᠤᠨ ᠬᠠᠮᠢᠶᠠᠷᠤᠯᠲᠠ ᠵᠢᠨ ᠦᠢ᠍ᠯᠡᠴᠢᠯᠡᠬᠡᠨ᠎ᠤ ᠠᠵᠢᠯ᠎ᠢ ᠤᠯᠠᠮ ᠴᠢᠨᠠᠭᠰᠢᠳᠠ ᠵᠢᠷᠤᠮᠵᠢᠭᠤᠯᠤᠨ ᠲᠡᠭᠦᠯᠳᠡᠷᠵᠢᠭᠦᠯᠵᠦ᠂   ᠠᠬᠠᠮᠠᠳ ᠺᠠᠳ᠋ᠷ᠎ᠤᠨ ᠬᠣᠶᠠᠷ á Žá ¢ ᠪᠠᠲᠤᠯᠠᠬᠤ ᠬᠠᠷᠠᠭ᠋ᠠᠯᠵᠠᠯ᠎ᠢ ᠨᠠᠢ᠌ᠳᠠᠪᠤᠷᠢᠵᠢᠭᠤᠯᠬᠤ ᠵᠢᠨ ᠲᠦᠯᠦᠭᠡ 《ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠲᠤᠬᠠᠢ ᠵᠠᠳᠠᠯᠤᠨ ᠪᠠᠶ᠋ᠢᠴᠠᠭ᠋ᠠᠵᠤ᠂ ᠣᠷᠣᠰᠢᠵᠤ ᠪᠠᠶ᠋ᠢᠭ᠎ᠠ ᠠᠰᠠᠭᠤᠳᠠᠯ᠎ᠢ ᠵᠠᠳᠠᠯᠬᠤ ᠵᠢᠴᠢ ᠴᠡᠭᠴᠡᠯᠡᠨ ᠰᠠᠶ᠋ᠢᠵᠢᠷᠠᠭᠤᠯᠬᠤ ᠲᠥᠰᠦᠯ ᠲᠣᠭᠲᠠᠭ᠋ᠠᠬᠤ ᠠᠵᠢᠯ᠎ᠤᠨ ᠲᠤᠬᠠᠶ ᠮᠡᠳᠡᠭᠳᠡᠯ》᠎ᠳᠤ ᠱᠠᠭ᠋ᠠᠷᠳᠠᠯᠭ᠎ᠠ ᠵᠢ ᠦᠨᠳᠦᠰᠦᠯᠡᠵᠦ᠂ ᠮᠠᠨ᠎ᠤ ᠲᠣᠪᠴᠢᠶ᠎ᠠ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠳᠤᠰ á  á ·á ­á Žá  á Žá ¶á ¢ ᠲᠣᠭᠲᠠᠭ᠋ᠠᠪᠠ᠄
    ᠨᠢᠭᠡ᠂ ᠪᠦᠬᠦ ᠵᠢᠯ᠎ᠳᠤ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠠᠵᠢᠯ᠎ᠤᠨ ᠲᠥᠯᠥᠪᠯᠡᠭᠡ ᠪᠠ ᠪᠣᠳᠠᠲᠠᠢ ᠠᠵᠢᠯ᠎ᠤᠨ ᠲᠤᠬᠢᠷᠠᠭᠤᠯᠤᠯᠳᠠ ᠵᠢ ᠲᠣᠭᠲᠠᠭ᠋ᠠᠬᠤ᠂ á ´á  á ­ ᠲᠤᠬᠠᠶ᠎ᠳᠤᠨᠢ ᠲᠣᠪᠴᠢᠶ᠎ᠠ ᠵᠢᠨ ᠭᠣᠣᠯᠯᠠᠨ ᠬᠠᠮᠢᠶᠠᠷᠬᠤ ᠤᠳᠤᠷᠢᠳᠤᠯᠭ᠎ᠠ᠎ᠳᠤ ᠠᠵᠢᠯ᠎ᠤᠨ ᠠᠬᠢᠴᠠ ᠵᠢᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠠᠬᠠᠮᠠᠳ ᠺᠠᠳ᠋ᠷᠴᠤᠳ᠎ᠤᠨ ᠠᠵᠢᠯ᠎ᠤᠨ ᠪᠠᠶ᠋ᠢᠳᠠᠯ᠎ᠢ ᠮᠡᠳᠡᠭᠳᠡᠬᠦ ᠬᠡᠷᠡᠭᠲᠡᠶ᠃
    ᠬᠣᠶᠠᠷ᠂ ᠠᠵᠢᠯ᠎ᠠᠴᠠ᠎ᠪᠠᠨ ᠪᠠᠭᠤᠵᠤ ᠠᠮᠠᠷᠠᠭᠰᠠᠨ ᠺᠠᠳ᠋ᠷ᠎ᠤᠨ ᠤᠯᠤᠰ ᠲᠤᠢ᠍ᠷᠦ ᠵᠢᠨ ᠬᠠᠷᠠᠭ᠋ᠠᠯᠵᠠᠯ᠎ᠢ ᠰᠠᠶ᠋ᠢᠲᠤᠷ ᠨᠠᠢ᠌ᠳᠠᠪᠤᠷᠢᠵᠢᠭᠤᠯᠬᠤ ᠬᠡᠷᠡᠭᠲᠡᠢ
    1á ‚ ᠵᠢᠯ ᠪᠦᠷᠢ ᠭᠠᠳᠠᠨ᠎ᠠ᠂ ᠰᠢᠨ᠎ᠡ ᠵᠢᠯ á ´á  á ­á ‹á  á ¨ á °á  á ·á Žá   ᠵᠢᠨ ᠬᠤᠭᠤᠴᠠᠭ᠋ᠠᠨ á Žá  á ´á   ᠪᠤᠰᠤᠳ á ´á  á ­ ᠎ᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ ᠎ᠤᠨ ᠱᠠᠭ᠋ᠠᠷᠳᠠᠯᠭ᠎ᠠ᠎ᠪᠠᠷ ᠠᠶ᠋ᠢᠯᠴᠢᠯᠠᠨ ᠲᠣᠬᠣᠨᠢᠭᠤᠯᠬᠤ ᠠᠵᠢᠯᠯᠠᠭ᠎ᠠ ᠥᠷᠨᠢᠭᠦᠯᠬᠦ ᠠᠵᠢᠯ᠎ᠢ ᠰᠠᠶ᠋ᠢᠲᠤᠷ ᠬᠢᠬᠦ᠎ᠠᠴᠠ ᠭᠠᠳᠠᠨ᠎ᠠ᠂ ᠠᠬᠠᠮᠠᠳ ᠺᠠᠳ᠋ᠷ ᠪᠠ ᠡᠪᠡᠳᠴᠢᠯᠡᠭᠡᠳ ᠠ᠋ᠮᠨᠡᠯᠭᠡ᠎ᠳᠤ ᠰᠠᠭᠤᠭᠰᠠᠨ᠂ ᠠᠮᠢᠳᠤᠷᠠᠯ᠎ᠨᠢ ᠬᠦᠴᠢᠷᠳᠡᠯᠲᠡᠶ ᠠᠬᠠᠮᠠᠳ ᠨᠥᠬᠥᠳ á Žá ¢ ᠵᠢᠯ ᠪᠦᠷᠢ ᠲᠣᠭᠲᠠᠮᠠᠯ ᠬᠤᠭᠤᠴᠠᠭ᠎ᠠ᠎ᠲᠠᠢ᠎ᠪᠠᠷ ᠠᠶ᠋ᠢᠯᠠᠴᠢᠯᠠᠨ ᠰᠤᠷᠪᠤᠯᠵᠢᠯᠠᠵᠤ᠂ ᠲᠡᠳᠡᠨ᠎ᠤ ᠪᠡᠶ᠎ᠡ ᠮᠠᠬᠠᠪᠣᠳ᠂ ᠠᠮᠢᠳᠤᠷᠠᠯ ᠵᠡᠷᠭᠡ ᠲᠠᠯ᠎ᠠ ᠵᠢᠨ ᠪᠠᠶ᠋ᠢᠳᠠᠯ á Žá ¢ á ´á  á ­ ᠲᠤᠬᠠᠶ᠎ᠳᠤᠨᠢ ᠣᠶ᠋ᠢᠯᠠᠭ᠋ᠠᠵᠤ᠂ ᠲᠣᠪᠴᠢᠶ᠎ᠠ᠂ ᠡᠯ᠎ᠡ ᠵᠦᠢ᠍ᠯ᠎ᠤᠨ ᠠᠵᠢᠯ᠎ᠤᠨ ᠲᠤᠬᠠᠶ ᠰᠠᠨᠠᠯ ᠬᠤᠷᠢᠶᠠᠨ᠂ ᠪᠣᠳᠠᠲᠠᠶ ᠬᠦᠴᠢᠷᠳᠡᠯ᠎ᠢ᠎ᠨᠢ ᠬᠠᠪᠰᠤᠷᠴᠤ ᠰᠢᠢ᠍ᠳᠪᠦᠷᠢᠯᠡᠵᠦ ᠥᠭᠬᠦ ᠬᠡᠷᠡᠭᠲᠡᠶ᠃
    2á ‚ ᠪᠦᠬᠦ ᠠᠵᠢᠯ᠎ᠠᠴᠠ ᠠᠮᠠᠷᠠᠭᠰᠠᠨ ᠠᠵᠢᠯ᠎ᠠᠴᠠ ᠪᠠᠭᠤᠭᠰᠠᠨ ᠬᠥᠮᠦᠰ᠎ᠤᠨ ᠬᠤᠷᠠᠯᠳᠤᠭ᠋ᠠᠨ᠎ᠢ ᠤᠯᠠᠷᠢᠯ ᠪᠦᠷᠢ ᠨᠢᠭᠡ ᠤᠳᠠᠭ᠎ᠠ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠯᠳᠤᠭᠤᠯᠵᠤ᠂ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠤᠯᠠᠮᠵᠢᠯᠠᠨ ᠰᠤᠷᠤᠯᠴᠠᠵᠤ᠂ ᠲᠣᠪᠴᠢᠶ᠎ᠠ ᠵᠢᠨ ᠭᠣᠣᠯ ᠠᠵᠢᠯ᠎ᠤᠨ ᠪᠠᠶ᠋ᠢᠳᠠᠯ á Žá ¢ ᠮᠡᠳᠡᠭᠳᠡᠬᠦ ᠬᠡᠷᠡᠭᠲᠡᠶ᠂ ᠠᠬᠠᠮᠠᠳ ᠨᠥᠬᠥᠳ᠎ᠤᠨ ᠰᠠᠨᠠᠯ᠂ᠰᠠᠨᠠᠭᠤᠯᠭ᠎ᠠ ᠵᠢ ᠰᠣᠨᠤᠰᠬᠤ ᠬᠡᠷᠡᠭᠲᠡᠢ᠂   ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠨᠥᠬᠥᠳ ᠎ᠤᠨ ᠲᠣᠪᠴᠢᠶ᠎ᠠ ᠵᠢᠨ ᠴᠢᠬᠤᠯᠠ ᠬᠤᠷᠠᠯ ᠎ᠳᠤ ᠣᠷᠤᠯᠴᠠᠬᠤ ᠵᠢ á ´á  á ­ ᠲᠤᠬᠠᠶ᠎ᠳᠤᠨᠢ ᠵᠣᠬᠢᠶᠠᠨ ᠪᠠᠢ᠌ᠭᠤᠯᠤᠨ᠎ᠠ᠂ ᠴᠢᠬᠤᠯᠠ   ᠮᠡᠳᠡᠬᠦᠯᠦᠯᠲᠡ ᠵᠢ ᠰᠣᠨᠣᠰᠴᠤ᠂ ᠠᠬᠠᠮᠠᠳ ᠨᠥᠬᠥᠳ᠎ᠤᠨ ᠬᠣᠯᠪᠣᠭᠳᠠᠯ ᠪᠦᠬᠦᠢ ᠤᠯᠤᠰ ᠲᠦᠷᠦ ᠵᠢᠨ ᠠᠵᠢᠯᠯᠠᠭ᠎ᠠ ᠎ᠳᠤ ᠣᠷᠣᠯᠴᠠᠵᠤ᠂ ᠲᠣᠪᠴᠢᠶ᠎ᠠ ᠵᠢᠨ ᠰᠢᠰᠲ᠋ᠧᠮ᠎ᠤᠨ ᠲᠢᠩᠬᠢᠮ ᠲᠣᠪᠴᠢᠶ᠎ᠠ ᠵᠢᠨ ᠲᠡᠰ᠎ᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠲᠤ ᠠᠵᠢᠯ᠎ᠤᠨ ᠲᠣᠪᠴᠢ ᠮᠡᠳᠡᠭᠡ ᠪᠣᠯᠣᠨ ᠪᠡᠶ᠎ᠡ ᠵᠢᠨ ᠲᠠᠮᠢᠷ᠎ᠤᠨ ᠴᠢᠮᠡᠬᠡᠯᠡᠯ ᠵᠡᠷᠭᠡ ᠵᠢ ᠬᠤᠭᠤᠴᠠᠭ᠎ᠠ ᠶᠣᠰᠣᠭ᠋ᠠᠷ ᠲᠠᠷᠬᠠᠭ᠋ᠠᠬᠤ ᠬᠡᠷᠡᠭᠲᠡᠢ᠃
    3á ‚ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠨᠠᠮ᠎ᠤᠨ ᠠ᠋ᠭᠦᠷ á Žá ¢ ᠬᠠᠮᠵᠢᠨ ᠪᠠᠶ᠋ᠢᠭᠤᠯᠤᠨ ᠵᠣᠬᠢᠶᠠᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠦ᠂ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠨᠠᠮ᠎ᠤᠨ ᠠ᠋ᠭᠦᠷ ᠎ᠤᠨ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠢ ᠵᠣᠬᠢᠴᠠᠭᠤᠯᠤᠨ᠎ᠠ᠃ ᠲᠣᠪᠴᠢᠶ᠎ᠠ ᠰᠢᠰᠲ᠋ᠧᠮ᠎ᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠨᠥᠬᠥᠳ ᠎ᠤᠨ ᠣᠷᠣᠰᠢᠨ ᠰᠠᠭᠤᠵᠤ ᠪᠠᠶ᠋ᠢᠭ᠎ᠠ ᠭᠠᠵᠠᠷ ᠣᠷᠣᠨ᠎ᠳᠤ ᠦᠨᠳᠦᠰᠦᠯᠡᠨ᠂ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ   ᠠᠵᠢᠯᠯᠠᠭ᠎ᠠ ᠵᠢᠨ ᠪᠠᠭ᠎ᠠ ᠳᠤᠭᠤᠶ᠋ᠢᠯᠠᠩ ᠪᠠᠢ᠌ᠭᠤᠯᠵᠤ᠂ ᠬᠣᠶᠠᠷ ᠰᠠᠷ᠎ᠠ᠎ᠳᠤ ᠨᠢᠭᠡ ᠤᠳᠠᠭ᠎ᠠ ᠠᠵᠢᠯᠯᠠᠭ᠎ᠠ ᠬᠢᠬᠦ ᠵᠢ ᠪᠠᠲᠤᠯᠠᠬᠤ ᠬᠡᠷᠡᠭᠳᠡᠢ᠃

    4á ‚ ᠨᠠᠰᠤᠲᠠᠶ᠋ᠢᠴᠤᠳ᠎ᠤᠨ ᠠᠵᠢᠯᠯᠠᠭ᠋ᠠᠨ᠎ᠤ ᠲᠥᠪ ᠎ᠤᠨ ᠬᠥᠳᠡᠯᠭᠡᠭᠡᠨ ᠬᠢᠬᠦ ᠲᠥᠬᠥᠭᠡᠷᠦᠮᠵᠢ ᠵᠢ ᠲᠥᠯᠥᠪᠯᠡᠭᠡ᠎ᠲᠠᠢ᠎ᠪᠠᠷ ᠨᠡᠮᠡᠭᠳᠡᠭᠦᠯᠬᠦ ᠪᠥᠭᠡᠳ ᠰᠠᠶ᠋ᠢᠵᠢᠷᠠᠭᠤᠯᠵᠤ᠂   ᠨᠠᠰᠤᠲᠠᠶ᠋ᠢᠴᠤᠳ᠎ᠤᠨ ᠠᠵᠢᠯᠯᠠᠭ᠋ᠠᠨ᠎ᠤ ᠲᠠᠯᠠᠪᠤᠷ á Žá ¢ ᠭᠦᠢ᠍ᠴᠡᠳ ᠠᠰᠢᠭᠯᠠᠵᠤ᠂ ᠠᠵᠢᠯ᠎ᠠᠴᠠ ᠠᠮᠠᠷᠠᠭᠰᠠᠨ ᠠᠵᠢᠯ᠎ᠠᠴᠠ ᠪᠠᠭᠤᠭᠰᠠᠨ ᠬᠥᠮᠦᠰ᠎ᠤᠨ ᠪᠡᠶ᠎ᠡ ᠰᠡᠳᠬᠢᠯ᠎ᠤᠨ ᠠ᠋ᠷᠡᠭᠦᠯ ᠮᠡᠨᠳᠦ᠎ᠳᠤ ᠲᠤᠰᠠᠲᠠᠶ ᠤᠳᠬ᠎ᠠ ᠤᠷᠠᠯᠢᠭ ᠪᠡᠶ᠎ᠡ ᠲᠠᠮᠢᠷ᠎ᠤᠨ ᠵᠤᠭ᠎ᠠ ᠴᠡᠩᠭᠡᠯ᠎ᠤᠨ ᠠᠵᠢᠯᠯᠠᠭ᠎ᠠ ᠵᠢ ᠥᠷᠨᠢᠭᠦᠯᠬᠦ ᠵᠣᠬᠢᠶᠠᠨ ᠪᠠᠶ᠋ᠢᠭᠤᠯᠵᠤ᠂ ᠤᠬᠠᠮᠰᠠᠷ᠎ᠠᠴᠠ᠎ᠪᠠᠨ ᠹᠸᠤᠳᠠᠯ᠎ᠤᠨ ᠮᠤᠬᠤᠷ ᠪᠢᠰᠢᠷᠡᠯ᠂ ᠡᠯ᠎ᠡ ᠵᠦᠢ᠍ᠯ᠎ᠤᠨ ᠭᠠᠵᠢᠭᠤ ᠨᠣᠮᠯᠠᠯ ᠪᠠ ᠠ᠋ᠷᠡᠭᠦᠯ ᠪᠤᠰᠤ ᠦᠵᠡᠯ ᠰᠠᠨᠠᠭ᠋ᠠᠨ᠎ᠤ ᠬᠣᠣᠷᠳᠠᠭᠤᠯᠤᠯ᠎ᠳᠤ   ᠨᠡᠷᠪᠡᠭᠳᠡᠬᠦ ᠵᠢ ᠠ᠋ᠰᠡᠷᠭᠦᠴᠡᠨ ᠬᠣᠷᠢᠭᠯᠠᠬᠤ  á ‚ á  á ‹á ¶á Žá ¡ ᠨᠠᠶ᠋ᠢᠷᠠᠮᠳᠠᠭᠤ᠂ ᠪᠠᠶᠠᠷᠲᠠᠶ᠂ ᠠ᠋ᠷᠡᠭᠦᠯ ᠨᠠᠰᠤᠲᠠᠶ᠋ᠢᠴᠤᠳ᠎ᠤᠨ ᠠᠵᠢᠯᠯᠠᠭ᠋ᠠᠨ᠎ᠤ ᠣᠷᠴᠢᠨ ᠨᠥᠬᠥᠴᠡᠯ᠎ᠢ ᠪᠤᠢ ᠪᠣᠯᠭ᠋ᠠᠨ᠎ᠠ᠃
    5á ‚ ᠠᠵᠢᠯ᠎ᠠᠴᠠ ᠠᠮᠠᠷᠠᠭᠰᠠᠨ ᠠᠵᠢᠯ᠎ᠠᠴᠠ ᠪᠠᠭᠤᠭᠰᠠᠨ ᠬᠥᠮᠦᠰ᠎ᠤᠨ ᠬᠠᠷᠠᠭ᠎ᠠ ᠵᠢ ᠥᠷᠭᠡᠳᠬᠡᠬᠦ᠂ ᠨᠡᠶ᠋ᠢᠭᠡᠮ᠎ᠤᠨ ᠬᠥᠭᠵᠢᠯᠲᠡ ᠪᠠ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠪᠠᠶ᠋ᠢᠳᠠᠯ á Žá ¢   á ´á  á ­ ᠲᠤᠬᠠᠶ᠎ᠳᠤᠨᠢ ᠣᠢ᠌ᠯᠠᠭ᠋ᠠᠭᠤᠯᠬᠤ ᠵᠢᠨ ᠲᠥᠯᠥᠭᠡ  á ‚ ᠵᠠᠷᠤᠳᠠᠯ᠎ᠤᠨ ᠪᠠᠶ᠋ᠢᠳᠠᠯ᠎ᠢ ᠦᠨᠳᠦᠰᠦᠯᠡᠨ᠂ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷ᠂ ᠣᠷᠣᠨ᠎ᠤ ᠳᠣᠲᠣᠷ᠎ᠠ ᠭᠠᠳᠠᠨᠠᠬᠢ ᠵᠣᠬᠢᠶᠠᠨ ᠪᠠᠶ᠋ᠢᠭᠤᠯᠵᠤ ᠲᠣᠭᠣᠷᠢᠨ ᠦᠵᠡᠵᠦ ᠰᠢᠨᠵᠢᠯᠡᠨ ᠪᠠᠶ᠋ᠢᠴᠠᠭ᠋ᠠᠬᠤ ᠠᠵᠢᠯᠯᠠᠭ᠎ᠠ   ᠵᠢ ᠵᠢᠯ ᠪᠦᠷᠢ ᠨᠢᠭᠡ ᠤᠳᠠᠭ᠎ᠠ á Žá  á ´á   ᠳᠤᠲᠠᠭᠤ ᠦᠭᠡᠢ ᠵᠣᠬᠢᠶᠠᠨ ᠪᠠᠢ᠌ᠭᠤᠯᠬᠤ ᠬᠡᠷᠡᠭᠲᠡᠶ᠃
    ᠭᠤᠷᠪᠠ᠂ ᠠᠵᠢᠯ᠎ᠠᠴᠠ᠎ᠪᠠᠨ ᠪᠠᠭᠤᠵᠤ ᠠᠮᠠᠷᠠᠭᠰᠠᠨ ᠠᠬᠠᠮᠠᠳ ᠨᠥᠬᠥᠳ ᠎ᠤᠨ ᠠᠮᠢᠳᠤᠷᠠᠯ᠎ᠤᠨ ᠣᠯᠭᠣᠮᠵᠢ ᠵᠢ ᠨᠠᠶ᠋ᠢᠳᠠᠪᠤᠷᠢᠵᠢᠭᠤᠯᠵᠤ᠂ ᠦᠢ᠍ᠯᠡᠴᠢᠯᠡᠬᠦ ᠠᠵᠢᠯ᠎ᠢ ᠰᠠᠶ᠋ᠢᠲᠤᠷ ᠬᠢᠨ᠎ᠡ
    1á ‚   ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠲᠣᠭᠲᠠᠭ᠋ᠠᠯ ᠶᠣᠰᠣᠭ᠋ᠠᠷ   ᠨᠡᠮᠡᠭᠳᠡᠯ ᠴᠠᠯᠢᠩ  á Žá ³á ¤ á ´á  á ­ ᠲᠤᠬᠠᠶ᠎ᠳᠤᠨᠢ ᠳᠤᠬᠢᠷᠠᠭᠤᠯᠤᠯᠳᠠ ᠬᠢᠬᠦ ᠬᠡᠷᠡᠭᠲᠡᠶ᠂   ᠠᠬᠠᠮᠠᠳ ᠺᠠᠳ᠋ᠷ ᠎ᠤᠨ ᠨᠣᠮ ᠰᠡᠳᠬᠦᠯ᠎ᠤᠨ ᠵᠠᠷᠤᠳᠠᠯ᠂ ᠬᠦᠴᠢᠷᠳᠡᠯ᠎ᠤᠨ ᠨᠥᠬᠥᠪᠥᠷᠢ ᠵᠠᠷᠤᠳᠠᠯ ᠵᠡᠷᠭᠡ ᠵᠢ ᠲᠣᠭᠲᠠᠭ᠋ᠠᠯ ᠶᠣᠰᠣᠭ᠋ᠠᠷ ᠣᠯᠭᠣᠵᠤ᠂ ᠠᠵᠢᠯ᠎ᠠᠴᠠ᠎ᠪᠠᠨ ᠠᠮᠠᠷᠠᠭᠰᠠᠨ ᠪᠠᠭᠤᠭᠰᠠᠨ ᠬᠥᠮᠦᠰ᠎ᠤᠨ ᠠᠯᠪᠠᠨ ᠬᠡᠷᠡᠭᠯᠡᠭᠡᠨ᠎ᠤ ᠵᠠᠷᠤᠳᠠᠯ á Žá ¢ ᠰᠠᠶ᠋ᠢᠲᠤᠷ ᠬᠠᠮᠢᠶᠠᠷᠴᠤ ᠰᠠᠶ᠋ᠢᠲᠤᠷ ᠬᠡᠷᠡᠭᠯᠡᠨ᠂ ᠲᠤᠰᠬᠠᠶ ᠵᠣᠭᠣᠰ᠎ᠢ ᠲᠤᠰᠬᠠᠶ ᠬᠡᠷᠡᠭᠯᠡᠬᠦ ᠬᠡᠷᠡᠭᠲᠡᠶ᠂ ᠴᠢᠬᠤᠯᠠ ᠶᠡᠬᠡ ᠪᠠᠶᠠᠷ ᠳᠤᠷᠠᠰᠬᠠᠯ᠎ᠤᠨ ᠠ᠋ᠳᠦᠷ᠎ᠤᠨ ᠬᠤᠭᠤᠴᠠᠭ᠋ᠠᠨ᠎ᠳᠤ᠂ ᠪᠠᠶᠠᠷ᠎ᠤᠨ ᠠ᠋ᠳᠦᠷ᠎ᠤᠨ ᠲᠣᠬᠣᠨᠢᠭᠤᠯᠬᠤ ᠰᠦᠢ᠍ᠳᠬᠡᠯ ᠪᠠ ᠠᠰᠠᠷᠠᠮᠵᠢ ᠵᠢᠨ ᠰᠦᠢ᠍ᠳᠬᠡᠯ᠎ᠢ á ´á  á ­ ᠲᠤᠬᠠᠶ᠎ᠳᠤᠨᠢ ᠲᠠᠷᠬᠠᠭ᠋ᠠᠬᠤ ᠬᠡᠷᠡᠭᠲᠡᠶ᠃
    2á ‚ ᠠᠵᠢᠯ᠎ᠠᠴᠠ᠎ᠪᠠᠨ ᠪᠠᠭᠤᠵᠤ ᠠᠮᠠᠷᠠᠭᠰᠠᠨ ᠠᠬᠠᠮᠠᠳ ᠨᠥᠬᠥᠳ᠎ᠤᠨ á ¡á ® ᠠ᠋ᠮᠨᠡᠯᠭᠡ ᠠ᠋ᠷᠡᠭᠦᠯ ᠬᠠᠮᠠᠭ᠋ᠠᠯᠠᠯ᠎ᠤᠨ ᠠᠵᠢᠯ᠎ᠢ ᠰᠠᠶ᠋ᠢᠲᠤᠷ ᠬᠢᠵᠦ᠂ ᠺᠠᠳ᠋ᠷ ᠪᠠ ᠪᠡᠶ᠎ᠡ ᠮᠠᠬᠠᠪᠣᠳ᠎ᠤᠨ ᠡᠪᠡᠳᠴᠢᠨ ᠠᠷᠪᠢᠨ ᠠᠬᠠᠮᠠᠳ ᠨᠥᠬᠥᠳ ᠎ᠤᠨ ᠠ᠋ᠷᠡᠭᠦᠯ ᠮᠡᠨᠳᠦ ᠵᠢᠨ ᠣᠳᠣᠬᠠᠨ᠎ᠤ ᠪᠠᠶ᠋ᠢᠳᠠᠯ á Žá ¢ á ´á  á ­ ᠲᠤᠬᠠᠢ᠎ᠳᠤᠨᠢ ᠤᠢ᠌ᠯᠠᠭ᠋ᠠᠵᠤ᠂ ᠲᠢᠩᠬᠢᠮ ᠲᠣᠪᠴᠢᠶ᠎ᠠ ᠵᠢᠨ ᠲᠡᠰ᠎ᠤᠨ ᠺᠠᠳ᠋ᠷ ᠎ᠤᠨ ᠪᠡᠶ᠎ᠡ ᠪᠠᠢ᠌ᠴᠠᠭ᠋ᠠᠬᠤ ᠠᠵᠢᠯ á Žá ¢ ᠲᠣᠭᠲᠠᠮᠠᠯ ᠢᠳᠡᠪᠬᠢᠲᠡᠶ ᠰᠠᠢ᠍ᠢ᠍ᠨ ᠵᠣᠬᠢᠶᠠᠨ ᠪᠠᠶ᠋ᠢᠭᠤᠯᠵᠤ᠂ ᠵᠠᠷᠤᠳᠠᠯ᠎ᠤᠨ ᠪᠠᠶ᠋ᠢᠳᠠᠯ᠎ᠢ ᠦᠨᠳᠦᠰᠦᠯᠡᠨ᠂ ᠬᠣᠶᠠᠷ ᠵᠢᠯ ᠪᠦᠷᠢ ᠎ᠳᠤ ᠨᠢᠭᠡ ᠤᠳᠠᠭ᠎ᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠠᠬᠠᠮᠠᠳ ᠨᠥᠬᠥᠳ ᠎ᠲᠤ ᠠ᠋ᠷᠡᠭᠦᠯ ᠮᠡᠨᠳᠦ ᠵᠢᠨ ᠪᠠᠶ᠋ᠢᠴᠠᠭ᠋ᠠᠯᠲᠠ ᠬᠢᠬᠦ ᠬᠡᠷᠡᠭᠲᠡᠶ᠃
    3á ‚ ᠠᠵᠢᠯ᠎ᠠᠴᠠ᠎ᠪᠠᠨ ᠪᠠᠭᠤᠵᠤ ᠠᠮᠠᠷᠠᠭᠰᠠᠨ ᠠᠬᠠᠮᠠᠳ ᠨᠥᠬᠥᠳ ᠡᠪᠡᠳᠴᠢᠨ ᠣᠯᠵᠤ᠂ ᠠ᠋ᠮᠨᠡᠯᠭᠡ ᠳ᠋᠊᠎ᠤ ᠰᠠᠭᠤᠬᠤ᠎ᠳᠤ ᠬᠦᠷᠪᠡᠯ᠂ ᠠ᠋ᠷᠭᠢᠵᠦ ᠦᠵᠡᠬᠦ᠂ ᠲᠣᠬᠣᠨᠢᠭᠤᠯᠬᠤ ᠠᠵᠢᠯ á Žá ¢ ᠢᠳᠡᠪᠬᠢᠲᠡᠶ᠎ᠪᠠᠷ ᠵᠣᠬᠢᠶᠠᠨ ᠪᠠᠶ᠋ᠢᠭᠤᠯᠵᠤ᠂ ᠠᠬᠠᠮᠠᠳ ᠨᠥᠬᠥᠳ ᠠ᠋ᠮᠨᠡᠯᠭᠡ᠎ᠳᠤ ᠰᠠᠭᠤᠵᠤ ᠠ᠋ᠮᠨᠡᠭᠦᠯᠬᠦ᠎ᠳᠤ ᠤᠷᠢᠳ ᠬᠣᠵᠢᠳ ᠬᠡᠷᠡᠭᠰᠡᠬᠦ ᠲᠡᠷᠭᠡ ᠵᠢ ᠪᠠᠲᠤᠯᠠᠵᠤ᠂ ᠵᠣᠬᠢᠶᠠᠨ ᠪᠠᠶ᠋ᠢᠭᠤᠯᠤᠯᠲᠠ ᠵᠢᠨ ᠬᠠᠯᠠᠮᠵᠢ ᠵᠢ ᠢᠯᠡᠳᠭᠡᠨ᠎ᠡ᠃
    4á ‚ ᠠᠬᠠᠮᠠᠳ ᠨᠥᠬᠥᠳ ᠨᠠᠰᠤ ᠪᠠᠷᠠᠭᠰᠠᠨ᠎ᠤ ᠳᠠᠷᠠᠭ᠎ᠠ᠂ ᠲᠡᠭᠦᠨ᠎ᠤ ᠣᠶ᠋ᠢᠷ᠎ᠠ ᠲᠥᠷᠥᠯ ᠰᠠᠳᠤᠨ ᠎ᠳᠤ ᠬᠠᠪᠰᠤᠷᠤᠨ á ´á  á ­ ᠲᠤᠬᠠᠶ᠎ᠳᠤᠨᠢ ᠰᠡᠭᠦᠯᠴᠢ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ ᠪᠥᠭᠡᠳ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢᠨ ᠲᠣᠭᠲᠠᠭ᠋ᠠᠯ ᠶᠣᠰᠣᠭ᠋ᠠᠷ ᠲᠡᠭᠦᠨ᠎ᠤ á ­á ¡á · ᠪᠦᠯᠢ ᠎ᠳᠤ ᠬᠠᠮᠵᠢᠨ ᠡᠯ᠎ᠡ ᠲᠠᠯ᠎ᠠ ᠵᠢᠨ ᠬᠠᠷᠠᠭ᠋ᠠᠯᠵᠠᠵᠤ   ᠲᠥᠪᠬᠢᠨᠡᠭᠦᠯᠬᠦ   ᠪᠠ   ᠣᠷᠣᠰᠢᠭᠤᠯᠭ᠎ᠠ ᠵᠢᠨ   ᠵᠠᠷᠤᠳᠠᠯ  á Žá ¢   ᠮᠡᠳᠡᠭᠦᠯᠦᠨ   ᠵᠥᠪᠰᠢᠶᠡᠷᠡᠭᠦᠯᠬᠦ   ᠠᠵᠢᠯ᠎ᠢ ᠬᠢᠨ᠎ᠡ᠃
    5á ‚ ᠠᠬᠠᠮᠠᠳ ᠺᠠᠳ᠋ᠷ᠎ᠤᠨ ᠬᠠᠮᠢᠶᠠᠷᠤᠯᠲᠠ ᠵᠢᠨ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠤᠨ á ´á  á ­ ᠲᠤᠬᠠᠢ᠍ᠢ᠍ᠴᠢ ᠴᠢᠨᠠᠷ ᠪᠠ ᠪᠦᠲᠦᠮᠵᠢᠲᠦ ᠴᠢᠨᠠᠷ᠎ᠢ ᠴᠢᠩᠭ᠋ᠠᠳᠬᠠᠵᠤ᠂ ᠰᠠᠯᠠᠭ᠎ᠠ ᠵᠢᠨ ᠦᠷᠭᠦᠯᠵᠢ ᠬᠡᠷᠡᠭᠯᠡᠬᠦ ᠳ᠋ᠢᠶᠠᠩᠬᠤᠸᠠ ᠵᠢᠨ ᠨᠣᠮᠧᠷ ᠪᠣᠯᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠬᠠᠮᠢᠶᠠᠷᠤᠯᠲᠠ ᠵᠢᠨ ᠠᠵᠢᠯᠳᠠᠨ᠎ᠲᠠᠢ ᠬᠠᠷᠢᠯᠴᠠᠬᠤ á  á ·á ­á Žá   ᠮᠠᠶᠢᠭ᠎ᠢ ᠪᠦᠬᠦ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠦᠰ ᠎ᠲᠤ ᠮᠡᠳᠡᠭᠳᠡᠵᠦ᠂ ᠠᠬᠠᠮᠠᠳ ᠨᠥᠬᠥᠳ ᠎ᠤᠨ ᠠᠮᠢᠳᠤᠷᠠᠯ᠎ᠤᠨ ᠳᠤᠮᠳᠠ ᠲᠣᠬᠢᠶᠠᠯᠳᠤᠭᠰᠠᠨ ᠡᠯ᠎ᠡ ᠵᠦᠢ᠍ᠯ᠎ᠤᠨ ᠠᠰᠠᠭᠤᠳᠠᠯ᠎ᠢ á ´á  á ­ ᠲᠤᠬᠠᠶ᠎ᠳᠤᠨᠢ ᠬᠠᠪᠰᠤᠷᠤᠨ ᠵᠣᠬᠢᠴᠠᠭᠤᠯᠬᠤ ᠪᠠ ᠰᠢᠢ᠍ᠳᠪᠦᠷᠢᠯᠡᠬᠦ ᠵᠢ ᠪᠠᠲᠤᠯᠠᠨ᠎ᠠ᠃
    6á ‚ ᠤᠯᠠᠷᠢᠯ ᠪᠦᠷᠢ᠎ᠳᠤ ᠨᠢᠭᠡ ᠤᠳᠠᠭ᠎ᠠ ᠲᠣᠪᠴᠢᠶ᠎ᠠ ᠵᠢᠨ ᠰᠢᠰᠲ᠋ᠧᠮ᠎ᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠬᠠᠮᠢᠶᠠᠷᠤᠯᠲᠠ ᠵᠢᠨ ᠠᠵᠢᠯᠳᠠᠨ᠎ᠤ ᠬᠤᠷᠠᠯ᠎ᠢ ᠬᠢᠵᠦ᠂ ᠠᠵᠢᠯ᠎ᠠᠴᠠ᠎ᠪᠠᠨ ᠪᠠᠭᠤᠵᠤ ᠠᠮᠠᠷᠠᠭᠰᠠᠨ ᠠᠵᠢᠯ᠎ᠢ ᠰᠤᠳᠤᠯᠠᠨ᠂ ᠪᠠᠶ᠋ᠢᠷᠢᠯᠠᠭᠤᠯᠤᠯᠲᠠ ᠬᠢᠨ᠎ᠡ᠂ ᠬᠠᠷᠢᠭᠤ ᠮᠡᠳᠡᠭᠦᠯᠬᠦ᠂ ᠠᠵᠢᠯ᠎ᠤᠨ ᠰᠣᠯᠢᠯᠴᠠᠭ᠎ᠠ ᠵᠢᠨ ᠪᠠᠶ᠋ᠢᠳᠠᠯ᠂ ᠳ᠋ᠦᠩᠨᠡᠯᠲᠡ᠂ ᠡᠯ᠎ᠡ ᠵᠦᠢ᠍ᠯ᠎ᠤᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠪᠠᠶ᠋ᠢᠴᠠᠭ᠋ᠠᠬᠤ ᠵᠡᠷᠭᠡ ᠵᠢ ᠬᠢᠨ᠎ᠡ᠃
    ᠳᠦᠷᠪᠡ᠂ ᠲᠣᠪᠴᠢᠶ᠎ᠠ ᠵᠢᠨ ᠰᠢᠭᠤᠳ ᠬᠠᠷᠢᠶ᠎ᠠ ᠨᠢᠭᠡᠴᠡ ᠲᠣᠰ ᠠᠷᠭ᠎ᠠ᠎ᠪᠠᠷ ᠯᠠᠪᠯᠠᠯᠲᠠ ᠪᠣᠯᠭ᠋ᠠᠵᠤ᠂ ᠳᠤᠰ ᠨᠢᠭᠡᠴᠡ᠎ᠨᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃
    ᠲᠠᠪᠤ᠂ ᠲᠤᠰ ᠠᠷᠭ᠎ᠠ᠎ᠳᠤ ᠭᠦᠢ᠍ᠴᠡᠭᠡ ᠦᠬᠡᠢ ᠵᠦᠢ᠍ᠯ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃


              ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠠᠵᠢᠯᠳᠠᠨ᠎ᠤ ᠶᠠᠪᠤᠳᠠᠯ᠎ᠤᠨ ᠭᠠᠵᠠᠷ
                             2009 ᠣᠨ á Žá ¤ 2 á °á  á ·á Žá   ᠵᠢᠨ 5 á Žá ¤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠴᠦᠬᠡᠨ ᠲᠤᠭ᠋ᠠᠲᠤ ᠦᠨᠳᠦᠰᠦᠲᠡᠨ᠎ᠤ ᠤᠯᠠᠮᠵᠢᠯᠠᠯᠲᠤ ᠲᠠᠮᠢᠷ᠎ᠤᠨ ᠠᠵᠢᠯ᠎ᠢ ᠤᠯᠠᠮ ᠨᠢᠭᠡ ᠠᠯᠬᠤᠮ ᠴᠢᠨᠭ᠌ᠭ᠋ᠠᠳᠬᠠᠬᠤ ᠲᠤᠬᠠᠢ ᠵᠢᠯᠤᠭᠤᠳᠤᠮᠵᠢ ᠵᠢᠨ ᠰᠠᠨᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠮᠢᠷᠴᠢᠨ ᠤᠷᠢᠨ ᠬᠡᠷᠡᠭᠯᠡᠬᠦ ᠳᠦᠷ ᠬᠡᠷᠡᠭᠵᠢᠭᠦᠯᠬᠦ ᠠᠷᠭ᠎ᠠ
ᠰᠢᠨ᠎ᠡ ᠪᠠᠶ᠋ᠢᠳᠠᠯ᠎ᠤᠨ ᠳᠣᠣᠷᠠᠬᠢ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠢ ᠤᠯᠠᠮ ᠨᠢᠭᠡ ᠠᠯᠬᠤᠮ ᠴᠢᠨᠭ᠌ᠭ᠋ᠠᠳᠬᠠᠬᠤ ᠲᠤᠬᠠᠢ ᠰᠠᠨᠠᠯ
ᠴᠦᠬᠡᠨ ᠲᠤᠭ᠋ᠠᠲᠤ ᠦᠨᠳᠦᠰᠦᠲᠡᠨ᠎ᠤ ᠤᠯᠠᠮᠵᠢᠯᠠᠯᠲᠤ ᠲᠠᠮᠢᠷ᠎ᠤᠨ ᠠᠵᠢᠯ᠎ᠢ ᠤᠯᠠᠮ ᠨᠢᠭᠡ ᠠᠯᠬᠤᠮ ᠴᠢᠨᠭ᠌ᠭ᠋ᠠᠳᠬᠠᠬᠤ ᠲᠤᠬᠠᠢ ᠵᠢᠯᠤᠭᠤᠳᠤᠮᠵᠢ ᠵᠢᠨ ᠰᠠᠨᠠᠯ
ᠦᠪᠦᠷ ᠮᠤᠩᠭᠤᠯ᠎ᠤᠨ ᠦᠪᠡᠷᠳᠡᠭᠡᠨ ᠵᠠᠰᠠᠬᠣ ᠤᠷᠤᠨ᠎ᠤ ᠨᠠᠮ᠎ᠤᠨ ᠬᠣᠷᠢᠶ᠎ᠠ ᠵᠠᠰᠠᠭ᠎ᠤᠨ ᠤᠷᠳᠤᠨ ᠎ᠤ ᠪᠡᠶ᠎ᠡ ᠲᠠᠮᠢᠷ᠎ᠤᠨ ᠦᠢ᠍ᠯᠡᠰ᠎ᠤᠨ ᠭᠦᠭᠵᠢᠯᠲᠡ ᠵᠢ ᠠᠬᠢᠭᠣᠯᠬᠣ ᠰᠢᠢ᠍ᠳᠪᠦᠷᠢ
 
            