ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠰᠤᠷᠪᠤᠯᠵᠢᠯᠠᠭ᠎ᠠ
ᠳ᠋ᠢᠩ ᠶᠠ ᠯᠢᠨ ᠭᠡᠰᠢᠭᠦᠨ᠄ ᠨᠡᠶ᠋ᠢᠭᠡᠮ᠎ᠤᠨ ᠬᠦᠴᠦᠨ᠎ᠠᠴᠠ ᠪᠠᠯᠠ ᠣᠷᠣᠭᠤᠯᠤᠨ ᠪᠡᠶ᠎ᠡ ᠵᠢᠨ ᠲᠠᠮᠢᠷ᠎ᠤᠨ ᠲᠠᠯᠠᠪᠠᠶ ᠵᠢᠨ ᠲᠥᠬᠦᠭᠡᠷᠦᠮᠵᠢ ᠪᠠᠶ᠋ᠢᠭᠤᠯᠬᠤ ᠵᠢ ᠵᠣᠷᠢᠭᠵᠢᠭᠤᠯᠤᠨ᠎ᠠ
ᠨᠡᠶ᠋ᠢᠲᠡᠯᠡᠭᠰᠡᠨ ᠴᠠᠭ᠄ 2024-08-18

    ᠨᠡᠶ᠋ᠢᠭᠡᠮ᠎ᠤᠨ ᠬᠦᠴᠦᠨ᠎ᠤ᠎ᠬᠢᠨ ᠪᠡᠯᠡ ᠣᠷᠣᠭᠤᠯᠵᠤ ᠪᠡᠶ᠎ᠡ ᠵᠢᠨ ᠲᠠᠮᠢᠷ᠎ᠤᠨ ᠲᠠᠯᠠᠪᠠᠢ ᠵᠢᠨ ᠲᠥᠬᠦᠭᠡᠷᠦᠮᠵᠢ ᠵᠢ ᠪᠦᠳᠦᠭᠡᠨ ᠪᠠᠶ᠋ᠢᠭᠤᠯᠬᠤ ᠪᠣᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ ᠬᠠᠩᠭ᠋ᠠᠯᠭ᠎ᠠ ᠵᠢ ᠥᠷᠭᠡᠳᠬᠡᠬᠦ ᠶᠠᠪᠤᠳᠠᠯ ᠪᠣᠯᠤᠨ᠎ᠠ᠂ ᠤᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠲᠠᠯᠠᠪᠤᠷ᠎ᠤᠨ ᠲᠥᠬᠦᠭᠡᠷᠦᠮᠵᠢ ᠵᠢᠨ ᠬᠠᠩᠭ᠋ᠠᠯᠭ᠎ᠠ ᠬᠦᠷᠦᠯᠴᠡᠬᠦ ᠦᠭᠡᠢ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠ á  á ·á ­á Žá   ᠬᠡᠮᠵᠢᠶ᠎ᠡ ᠪᠣᠯᠤᠨ᠎ᠠ᠃ ᠣᠶ᠋ᠢᠷ᠎ᠠ ᠵᠢᠨ ᠵᠢᠯ᠎ᠤᠳ᠎ᠲᠤ ᠲᠥᠷᠥ ᠵᠢᠨ ᠶᠠᠪᠤᠳᠠᠯ᠎ᠤᠨ ᠬᠤᠷᠢᠶ᠎ᠠ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢ ᠣᠯᠠᠨ ᠤᠳᠠᠭ᠎ᠠ ᠨᠡᠶ᠋ᠢᠲᠡᠯᠡᠵᠦ᠂ ᠨᠡᠶ᠋ᠢᠭᠡᠮ᠎ᠤᠨ ᠬᠥᠷᠥᠩᠭᠡ ᠵᠢᠨ ᠪᠡᠶ᠎ᠡ ᠵᠢᠨ ᠲᠠᠮᠢᠷ᠎ᠤᠨ ᠲᠠᠯᠠᠪᠤᠷ ᠭᠠᠵᠠᠷ᠎ᠤᠨ ᠲᠦᠬᠦᠬᠡᠷᠦᠮᠵᠢ ᠵᠢ ᠪᠠᠯᠠ ᠣᠷᠣᠭᠤᠯᠤᠨ ᠪᠥᠲᠥᠭᠡᠨ ᠪᠠᠶ᠋ᠢᠭᠤᠯᠬᠤ ᠵᠢ ᠵᠣᠷᠢᠭᠵᠢᠭᠤᠯᠤᠨ ᠳᠡᠮᠵᠢᠪᠡ᠂ ᠭᠡᠪᠡᠴᠦ ᠦᠢ᠍ᠯᠡᠳᠦᠯᠭᠡ ᠳᠤᠮᠳᠠ ᠪᠠᠰᠠ ᠳᠣᠤᠷᠠᠬᠢ ᠠᠰᠠᠭᠤᠳᠠᠯ ᠣᠷᠣᠰᠢᠵᠤ ᠪᠠᠶ᠋ᠢᠨ᠎ᠠ᠄ ᠨᠢᠭᠡ᠎ᠳᠤ ᠥᠪᠡᠷ᠎ᠤᠨ ᠥᠷᠲᠡᠭ᠂ ᠭᠠᠵᠠᠷ ᠰᠢᠷᠣᠶ ᠵᠢᠨ ᠬᠠᠩᠭ᠋ᠠᠯᠭ᠎ᠠ ᠬᠦᠷᠦᠯᠴᠡᠬᠦ ᠥᠬᠡᠶ᠎ᠠᠴᠠ ᠪᠤᠯᠵᠦ᠂ ᠨᠡᠶ᠋ᠢᠭᠡᠮ᠎ᠤᠨ ᠬᠦᠴᠦᠨ᠎ᠤ ᠪᠠᠯᠠ ᠣᠷᠣᠭᠤᠯᠵᠤ ᠪᠡᠶ᠎ᠡ ᠵᠢᠨ ᠲᠠᠮᠢᠷ᠎ᠤᠨ ᠲᠠᠯᠠᠪᠤᠷ ᠭᠠᠵᠠᠷ᠎ᠢ ᠪᠥᠲᠥᠭᠡᠨ ᠪᠠᠶ᠋ᠢᠭᠤᠯᠬᠤ᠎ᠳᠤ ᠭᠠᠵᠠᠷ ᠰᠢᠷᠣᠶ ᠵᠢᠨ ᠬᠡᠷᠡᠭᠯᠡᠬᠦ ᠡᠷᠬᠡ ᠣᠯᠬᠤ᠎ᠳᠤ ᠬᠦᠴᠢᠷᠲᠡᠶ ᠪᠠᠶ᠋ᠢᠨ᠎ᠠ; ᠬᠤᠶᠠᠷ᠎ᠲᠤ ᠪᠡᠶ᠎ᠡ ᠵᠢᠨ ᠲᠠᠮᠢᠷ᠎ᠤᠨ ᠪᠤᠰᠤ ᠬᠡᠷᠡᠭᠯᠡᠬᠦ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠪᠡᠶ᠎ᠡ ᠵᠢᠨ ᠲᠠᠮᠢᠷ᠎ᠤᠨ ᠪᠡᠯᠡᠳᠬᠡᠮᠵᠢ ᠵᠢ ᠠᠰᠢᠭᠯᠠᠵᠦ᠂ ᠲᠥᠷᠥᠯ ᠵᠦᠢ᠍ᠯ᠎ᠤᠨ ᠵᠥᠪᠰᠢᠶᠡᠷᠡᠯ᠎ᠤᠨ ᠭᠠᠷᠳᠠᠮ᠎ᠢ ᠭᠦᠢ᠍ᠴᠡᠳᠬᠡᠬᠦ᠎ᠳᠤ ᠬᠦᠴᠢᠷᠲᠡᠶ ᠪᠠᠶ᠋ᠢᠨ᠎ᠠ; ᠭᠤᠷᠪᠠ᠎ᠳᠤ᠂ ᠨᠡᠶ᠋ᠢᠭᠡᠮ᠎ᠤᠨ ᠬᠦᠴᠦᠨ᠎ᠠᠴᠠ ᠲᠦᠷ ᠴᠠᠭ᠎ᠤᠨ ᠪᠡᠶ᠎ᠡ ᠵᠢᠨ ᠲᠠᠮᠢᠷ᠎ᠤᠨ ᠪᠡᠯᠡᠳᠬᠡᠮᠵᠢ᠎ᠳᠤ ᠪᠠᠯᠠ ᠣᠷᠣᠭᠤᠯᠤᠨ ᠡᠵᠡᠩᠨᠡᠬᠦ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ᠎ᠨᠢ ᠲᠣᠳᠣᠷᠬᠠᠶ ᠥᠬᠡᠶ; ᠳᠥᠷᠪᠡ᠎ᠳᠤ ᠵᠠᠰᠠᠭ᠎ᠤᠨ ᠣᠷᠳᠣᠨ᠎ᠠᠴᠠ ᠨᠡᠶ᠋ᠢᠭᠡᠮ᠎ᠤᠨ ᠬᠦᠴᠦᠨ᠎ᠤ ᠪᠠᠯᠠ ᠣᠷᠣᠭᠤᠯᠤᠨ ᠡᠵᠡᠩᠨᠡᠬᠦ ᠲᠠᠯᠠᠪᠤᠷ ᠣᠷᠳᠣᠨ᠎ᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠬᠦᠷᠦᠯᠴᠡᠬᠦ ᠥᠬᠡᠶ ᠪᠠᠶ᠋ᠢᠨ᠎ᠠ᠃
    ᠰᠠᠨᠠᠭᠤᠯᠬᠤ᠎ᠨᠢ᠄
    ᠨᠢᠭᠡ᠂ ᠲᠦᠷᠢᠶᠡᠰᠦᠯᠡᠬᠦ ᠪᠤᠶᠤ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ᠎ᠨᠢ ᠥᠭᠬᠦ᠂ ᠬᠡᠰᠡᠭᠯᠡᠯ ᠬᠡᠯᠪᠡᠷᠢ᠎ᠪᠠᠷ ᠭᠠᠵᠠᠷ ᠬᠠᠩᠭ᠋ᠠᠬᠤ ᠵᠡᠷᠭᠡ á  á ·á ­á Žá   ᠮᠠᠶᠢᠭ᠎ᠢ ᠬᠡᠷᠡᠭᠯᠡᠨ ᠨᠡᠶ᠋ᠢᠭᠡᠮ᠎ᠤᠨ ᠬᠦᠴᠦᠨ᠎ᠳᠤ ᠪᠡᠶ᠎ᠡ ᠵᠢᠨ ᠲᠠᠮᠢᠷ᠎ᠤᠨ ᠲᠠᠯᠠᠪᠤᠷ ᠭᠠᠵᠠᠷ᠎ᠤᠨ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠠᠩᠭ᠋ᠠᠬᠤ ᠪᠣᠳᠠᠲᠠᠶ ᠱᠠᠭ᠋ᠠᠷᠳᠠᠯᠭ᠎ᠠ ᠵᠢᠨ ᠠᠵᠢᠯᠯᠠᠭ᠋ᠠᠨ᠎ᠤ ᠶᠠᠪᠤᠴᠠ ᠵᠡᠷᠭᠡ ᠬᠡᠷᠡᠭᠵᠢᠭᠦᠯᠬᠦ ᠨᠠᠷᠢᠨ ᠲᠦᠷᠢᠮ᠎ᠢ ᠲᠣᠭᠲᠠᠭ᠋ᠠᠵᠤ᠂ ᠰᠢᠨ᠎ᠡ ᠵᠢ ᠡᠭᠦᠳᠬᠦ á  á ·á ­á Žá   ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠵᠠᠰᠠᠭ᠎ᠤᠨ ᠣᠷᠳᠣᠨ᠎ᠠᠴᠠ ᠬᠣᠲᠠ ᠵᠢᠨ ᠲᠥᠯᠥᠪᠵᠢᠭᠦᠯᠭᠡ᠎ᠳᠤ ᠪᠡᠶ᠎ᠡ ᠵᠢᠨ ᠲᠠᠮᠢᠷ᠎ᠤᠨ ᠬᠡᠷᠡᠭᠯᠡᠬᠦ ᠭᠠᠵᠠᠷ᠎ᠤᠨ ᠲᠤᠬᠠᠶ ᠤᠯᠤᠰ᠎ᠤᠨ ᠱᠠᠭ᠋ᠠᠷᠳᠠᠯᠭ᠎ᠠ ᠶᠣᠰᠣᠭ᠋ᠠᠷ ᠤᠷᠢᠳᠴᠢᠯᠠᠨ ᠦᠯᠡᠳᠡᠭᠡᠭᠰᠡᠨ ᠪᠡᠶ᠎ᠡ ᠵᠢᠨ ᠲᠠᠮᠢᠷ᠎ᠤᠨ ᠬᠡᠷᠡᠭᠯᠡᠬᠦ ᠭᠠᠵᠠᠷ᠎ᠢ ᠲᠦᠷᠢᠶᠡᠰᠦᠯᠡᠬᠦ᠂ ᠬᠡᠷᠡᠭᠯᠡᠬᠦ ᠡᠷᠬᠡ᠎ᠪᠠᠷ ᠵᠶ᠋ᠠᠨ ᠬᠤᠪᠢ ᠣᠷᠣᠭᠤᠯᠬᠤ ᠵᠡᠷᠭᠡ á  á ·á ­á Žá   ᠮᠠᠶᠢᠭ᠎ᠢ ᠠᠪᠴᠤ ᠨᠡᠶ᠋ᠢᠭᠡᠮ᠎ᠤᠨ ᠬᠦᠴᠦᠨ᠎ᠳᠤ ᠭᠠᠵᠠᠷ ᠬᠠᠩᠭ᠋ᠠᠬᠤ á  á ·á ­á Žá   ᠵᠢ ᠰᠦᠪᠡᠭᠴᠢᠯᠡᠨ ᠬᠡᠷᠡᠭᠯᠡᠵᠦ᠂ ᠨᠡᠶ᠋ᠢᠭᠡᠮ᠎ᠤᠨ ᠬᠦᠴᠦᠨ᠎ᠢ ᠲᠠᠲᠠᠨ ᠣᠷᠣᠭᠤᠯᠵᠤ ᠪᠠᠶ᠋ᠢᠭ᠋ᠠᠳ ᠪᠡᠶ᠎ᠡ ᠵᠢᠨ ᠲᠠᠮᠢᠷ᠎ᠤᠨ ᠲᠠᠯᠠᠪᠠᠶ ᠵᠢᠨ ᠪᠡᠯᠡᠳᠬᠡᠮᠵᠢ ᠵᠢ ᠪᠦᠲᠦᠭᠡᠨ ᠪᠠᠶ᠋ᠢᠭᠤᠯᠬᠤ ᠬᠡᠷᠡᠭᠲᠡᠶ᠃
    ᠬᠤᠶᠠᠷ᠂ ᠨᠡᠶ᠋ᠢᠭᠡᠮ᠎ᠤᠨ ᠬᠦᠴᠦᠨ᠎ᠤ᠎ᠬᠢᠨ᠎ᠤ ᠣᠳᠣ ᠵᠢᠨ ᠪᠠᠶ᠋ᠢᠭ᠎ᠠ ᠭᠡᠷ᠎ᠤᠨ ᠭᠠᠳᠠᠨᠠᠬᠢ ᠪᠡᠶ᠎ᠡ ᠵᠢᠨ ᠲᠠᠮᠢᠷ᠎ᠤᠨ ᠲᠠᠯᠠᠪᠤᠷ ᠵᠶ᠋ᠠᠨ ᠠᠰᠢᠭᠯᠠᠨ ᠤᠭᠰᠠᠷᠠᠮᠠᠯ ᠮᠠᠶᠢᠭ᠎ᠤᠨ ᠪᠠᠷᠢᠯᠭ᠎ᠠ᠂ ᠪᠣᠷᠣᠭ᠋ᠠᠨ᠎ᠤ á «á §á © ᠪᠤᠶᠤ ᠬᠡᠢ ᠵᠢᠨ ᠪᠦᠷᠬᠦᠭᠦᠯ ᠵᠡᠷᠭᠡ᠎ᠪᠠᠨ ᠥᠭᠡᠷᠡᠴᠢᠯᠡᠨ ᠳᠡᠰ ᠳᠡᠪᠰᠢᠭᠦᠯᠬᠦ ᠵᠢ ᠵᠣᠷᠢᠭᠵᠢᠭᠤᠯᠵᠤ᠂ ᠬᠠᠮᠢᠶ᠎ᠠ ᠪᠦᠬᠦᠢ ᠬᠡᠷᠡᠭᠵᠢᠭᠦᠯᠬᠦ ᠨᠠᠷᠢᠨ ᠳᠦᠷᠢᠮ᠎ᠢ ᠰᠢᠯᠢᠳᠡᠭᠵᠢᠭᠦᠯᠦᠨ ᠪᠦᠲᠦᠭᠡᠨ ᠪᠠᠶ᠋ᠢᠭᠤᠯᠬᠤ ᠳᠡᠰ ᠳᠠᠷᠠᠭ᠋ᠠᠯᠠᠯ᠎ᠢ ᠲᠣᠭᠲᠠᠭ᠋ᠠᠵᠤ᠂ ᠠᠮᠤᠷ ᠲᠦᠪᠰᠢᠨ᠎ᠤ ᠪᠠᠷᠢᠮᠵᠢᠶ᠎ᠠ ᠵᠢ ᠲᠣᠳᠣᠷᠬᠠᠶ᠋ᠢᠯᠠᠵᠤ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠰᠢᠯᠵᠢᠮᠡᠯ ᠤᠭᠰᠠᠷᠠᠮᠠᠯ ᠬᠡᠯᠪᠡᠷᠢ᠂ ᠬᠡᠢ ᠵᠢᠨ ᠪᠦᠷᠬᠦᠭᠦᠯ᠎ᠤᠨ ᠲᠠᠯᠠᠪᠠᠢ ᠣᠷᠳᠣᠨ ᠵᠡᠷᠭᠡ ᠰᠢᠨ᠎ᠡ ᠮᠠᠶᠢᠭ᠎ᠤᠨ ᠪᠦᠲᠦᠭᠡᠨ ᠪᠠᠶ᠋ᠢᠭᠤᠯᠤᠯᠲᠠ ᠵᠢᠨ ᠮᠡᠷᠭᠡᠵᠢᠯ᠎ᠤᠨ ᠪᠦᠲᠦᠭᠡᠨ ᠪᠠᠶ᠋ᠢᠭᠤᠯᠤᠯᠲᠠ ᠵᠢ ᠬᠡᠷᠡᠭᠯᠡᠬᠦ ᠲᠦᠷ ᠴᠠᠭ᠎ᠤᠨ ᠴᠢᠨᠠᠷᠲᠠᠶ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠎ᠢ ᠵᠠᠷᠴᠢᠮ ᠳᠡᠭᠡᠷ᠎ᠡ᠎ᠪᠠᠨ ᠲᠥᠬᠦᠭᠡᠷᠦᠮᠵᠢ ᠪᠤᠶᠤ ᠲᠦᠷ ᠴᠠᠭ᠎ᠤᠨ ᠪᠠᠷᠢᠯᠭ᠎ᠠ ᠵᠢᠨ ᠶᠣᠰᠣᠭ᠋ᠠᠷ ᠮᠡᠳᠡᠭᠦᠯᠦᠨ ᠳᠠᠩᠰᠠᠯᠠᠭᠤᠯᠵᠤ ᠮᠡᠳᠡᠭᠦᠯᠦᠨ ᠵᠥᠪᠰᠢᠶᠡᠷᠡᠭᠦᠯᠬᠦ ᠵᠢ ᠲᠣᠳᠣᠷᠬᠠᠶ᠋ᠢᠯᠠᠵᠤ᠂ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠣᠷ᠎ᠠ ᠭᠦᠢ᠍ᠴᠡᠳᠬᠡᠬᠦ ᠳᠡᠰ ᠳᠠᠷᠠᠭ᠋ᠠᠯᠠᠯ᠎ᠢ ᠳᠥᠭᠦᠮᠴᠢᠯᠡᠨ᠎ᠡ᠃
    ᠭᠤᠷᠪᠠ᠂ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠨᠡᠶ᠋ᠢᠭᠡᠮ᠎ᠤᠨ ᠬᠦᠴᠦᠨ ᠲᠣᠭᠲᠠᠭ᠋ᠠᠯ ᠶᠣᠰᠣᠭ᠋ᠠᠷ ᠴᠡᠴᠡᠷᠯᠢᠭ᠎ᠤᠨ ᠨᠣᠭᠤᠭ᠋ᠠᠨ ᠭᠠᠵᠠᠷ᠂ ᠬᠠᠶᠠᠭᠳᠠᠮᠠᠯ ᠬᠠᠭᠤᠴᠢᠨ ᠦᠢ᠍ᠯᠡᠳᠪᠦᠷᠢ ᠵᠢᠨ ᠬᠡᠷ ᠪᠠᠶ᠋ᠢᠰᠢᠩ᠂ ᠥᠨᠴᠥᠭ ᠪᠤᠯᠤᠩ ᠭᠠᠵᠠᠷ᠂ ᠠᠰᠢᠭᠯᠠᠬᠤ᠎ᠪᠠᠷ ᠪᠠᠶ᠋ᠢᠭ᠎ᠠ ᠭᠠᠵᠠᠷ ᠰᠢᠷᠣᠶ ᠵᠡᠷᠭᠡ ᠪᠡᠶ᠎ᠡ ᠵᠢᠨ ᠲᠠᠮᠢᠷ᠎ᠤᠨ ᠪᠤᠰᠤ ᠬᠡᠷᠡᠭᠯᠡᠬᠦ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠪᠡᠶ᠎ᠡ ᠵᠢᠨ ᠲᠠᠮᠢᠷ᠎ᠤᠨ ᠲᠠᠯᠠᠪᠤᠷ ᠭᠠᠵᠠᠷ᠎ᠤᠨ ᠪᠡᠯᠡᠳᠬᠡᠮᠵᠢ ᠵᠢᠨ ᠲᠥᠯᠥᠪᠵᠢᠭᠦᠯᠭᠡ ᠪᠥᠲᠥᠭᠡᠨ ᠪᠠᠶ᠋ᠢᠭᠤᠯᠤᠯᠲᠠ ᠵᠢᠨ ᠵᠢᠯᠣᠭᠤᠳᠣᠯᠭ᠎ᠠ ᠵᠢᠴᠢ ᠬᠠᠮᠢᠶ᠎ᠠ ᠪᠥᠬᠦᠶ ᠠᠵᠢᠯᠯᠠᠭ᠋ᠠᠨ᠎ᠤ ᠵᠦᠭᠯᠡᠭᠦᠷ᠎ᠢ ᠰᠤᠳᠤᠯᠤᠨ ᠨᠡᠶ᠋ᠢᠲᠡᠯᠡᠵᠦ᠂ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠵᠠᠯᠭ᠋ᠠᠮᠵᠢ ᠡᠵᠡᠩᠨᠡᠯᠲᠡ ᠵᠢᠨ ᠵᠥᠪᠰᠢᠶᠡᠷᠡᠯ᠂ á ­á  á ¯ ᠤᠨᠲᠠᠷᠠᠭ᠋ᠠᠬᠤ ᠵᠢ ᠰᠢᠯᠭ᠋ᠠᠨ ᠠᠪᠬᠤ᠂ ᠠᠷᠠᠯᠵᠢᠶᠠᠯᠠᠨ ᠰᠢᠢ᠍ᠳᠪᠦᠷᠢᠯᠡᠬᠦ ᠵᠡᠷᠭᠡ ᠢᠵᠢ ᠪᠥᠷᠢᠳᠦᠭᠦᠯᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠪᠠᠯᠠ ᠣᠷᠣᠭᠤᠯᠤᠭᠴᠢ ᠵᠢᠨ ᠬᠤᠶ᠋ᠢᠰᠢᠳᠠ ᠵᠢᠨ ᠵᠣᠪᠠᠨᠢᠯ᠎ᠢ ᠠᠷᠢᠯᠭ᠋ᠠᠨ᠎ᠠ᠃ ᠨᠡᠶ᠋ᠢᠭᠡᠮ᠎ᠤᠨ ᠬᠦᠴᠦᠨ᠎ᠨᠢ ᠨᠣᠭᠣᠭ᠋ᠠᠷᠠᠭᠤᠯᠬᠤ᠎ᠳᠤ ᠬᠡᠷᠡᠭᠯᠡᠬᠦ ᠭᠠᠵᠠᠷ᠂ ᠰᠤᠯᠠ ᠲᠠᠯᠪᠢᠵᠤ ᠪᠠᠶ᠋ᠢᠭ᠎ᠠ ᠭᠠᠵᠠᠷ ᠰᠢᠷᠣᠶ ᠪᠣᠯᠤᠨ 《ᠭᠤᠷᠪᠠᠨ ᠠᠲᠠᠷ ᠭᠠᠵᠠᠷ》 ᠵᠡᠷᠭᠡ ᠵᠢ ᠠᠰᠢᠭᠯᠠᠨ ᠪᠡᠶ᠎ᠡ ᠵᠢᠨ ᠲᠠᠮᠢᠷ᠎ᠤᠨ ᠲᠠᠯᠠᠪᠠᠶ (ᠣᠷᠳᠣᠨ) ᠵᠢ ᠪᠦᠲᠦᠭᠡᠨ ᠪᠠᠶ᠋ᠢᠭᠤᠯᠵᠤ᠂ ᠬᠣᠲᠠ ᠵᠢᠨ ᠶᠡᠷᠦᠩᠬᠡᠶ ᠠᠰᠢᠭᠯᠠᠬᠤ ᠲᠥᠯᠥᠪᠵᠢᠭᠦᠯᠭᠡ ᠵᠢ ᠵᠥᠷᠢᠴᠡᠬᠦ ᠦᠭᠡᠶ ᠪᠠᠶ᠋ᠢᠬᠤ ᠤᠷᠢᠲᠠᠯ᠎ᠤᠨ ᠳᠣᠤᠷ᠎ᠠ᠂ ᠵᠣᠬᠢᠴᠠᠭᠤᠯᠤᠭᠰᠠᠨ ᠭᠠᠵᠠᠷ ᠰᠢᠷᠣᠶ ᠶᠣᠰᠣᠭ᠋ᠠᠷ ᠭᠠᠵᠠᠷ ᠬᠡᠷᠡᠭᠯᠡᠬᠦ ᠲᠥᠯᠥᠪᠵᠢᠭᠦᠯᠭᠡ ᠵᠢᠨ ᠭᠠᠷᠳᠠᠮ ᠭᠦᠢ᠍ᠴᠡᠳᠬᠡᠵᠦ ᠪᠣᠯᠤᠨ᠎ᠠ᠃ ᠭᠡᠷ᠎ᠤᠨ ᠭᠠᠳᠠᠨᠠᠬᠢ ᠪᠡᠶ᠎ᠡ ᠵᠢᠨ ᠲᠠᠮᠢᠷ᠎ᠤᠨ ᠲᠠᠯᠠᠪᠤᠷ ᠭᠠᠵᠠᠷ᠎ᠤᠨ ᠪᠡᠯᠡᠳᠬᠡᠮᠵᠢ ᠵᠢᠨ ᠬᠡᠷᠡᠭᠯᠡᠯᠲᠡ ᠵᠢᠨ ᠪᠠᠲᠤᠯᠠᠬᠤ ᠵᠢᠯ ᠬᠤᠭᠤᠴᠠᠭ᠎ᠠ ᠵᠢ ᠵᠠᠷᠴᠢᠮ ᠳᠡᠭᠡᠷ᠎ᠡ᠎ᠪᠠᠨ 5 ᠵᠢᠯ᠎ᠠᠴᠠ ᠳᠤᠲᠠᠭᠤ ᠪᠠᠶ᠋ᠢᠯᠭ᠋ᠠᠵᠤ ᠪᠣᠯᠬᠤ ᠥᠬᠡᠶ᠂ 5 ᠵᠢᠯ᠎ᠤᠨ ᠳᠣᠲᠣᠷ᠎ᠠ ᠲᠡᠭᠦᠨ᠎ᠤ ᠴᠢᠳᠠᠮᠵᠢ ᠵᠢᠨ ᠬᠡᠷᠡᠭᠴᠡᠭᠡ ᠵᠢ ᠬᠤᠪᠢᠷᠠᠭᠤᠯᠵᠤ ᠪᠣᠯᠬᠤ ᠥᠬᠡᠶ᠃
    ᠳᠥᠷᠪᠡ᠂ ᠨᠡᠶ᠋ᠢᠭᠡᠮ᠎ᠤᠨ ᠬᠦᠴᠦᠨ᠎ᠤ ᠪᠠᠯᠠ ᠣᠷᠣᠭᠤᠯᠤᠨ ᠪᠡᠶ᠎ᠡ ᠵᠢᠨ ᠲᠠᠮᠢᠷ᠎ᠤᠨ ᠲᠠᠯᠠᠪᠠᠶ ᠵᠢᠨ ᠪᠡᠯᠡᠳᠬᠡᠮᠵᠢ ᠵᠢ ᠪᠥᠲᠥᠭᠡᠨ ᠪᠠᠶ᠋ᠢᠭᠤᠯᠬᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠷᠠᠭᠤᠯᠤᠨ᠎ᠠ᠃ ᠦᠨ᠎ᠡ ᠲᠥᠯᠥᠪᠦᠷᠢ ᠦᠭᠡᠶ ᠰᠦᠢ᠍ᠳᠬᠡᠯ ᠪᠠᠭ᠎ᠠ ᠬᠤᠷᠢᠶᠠᠵᠤ ᠴᠢᠯᠥᠭᠡᠲᠡᠶ ᠲᠠᠯᠪᠢᠬᠤ ᠦᠢ᠍ᠯᠡᠴᠢᠯᠡᠭᠡ ᠬᠠᠩᠭ᠋ᠠᠬᠤ ᠨᠡᠶ᠋ᠢᠭᠡᠮ᠎ᠤᠨ ᠬᠦᠴᠦᠨ (ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠢ ᠪᠠᠭᠲᠠᠭ᠋ᠠᠨ᠎ᠠ) ᠪᠡᠯᠡ ᠣᠷᠣᠭᠤᠯᠵᠤ ᠪᠦᠲᠦᠭᠡᠨ ᠪᠠᠶ᠋ᠢᠭᠤᠯᠤᠭᠰᠠᠨ ᠪᠡᠶ᠎ᠡ ᠵᠢᠨ ᠲᠠᠮᠢᠷ᠎ᠤᠨ ᠣᠷᠳᠣᠨ ᠲᠠᠯᠠᠪᠠᠶ ᠵᠢ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠣᠷᠳᠣᠨ ᠲᠠᠯᠠᠪᠠᠶ ᠵᠢᠨ ᠰᠦᠢ᠍ᠳᠬᠡᠯ ᠬᠤᠷᠢᠶᠠᠬᠤ ᠦᠭᠡᠶ᠎ᠪᠠᠷ ᠪᠠᠭ᠎ᠠ ᠰᠦᠢ᠍ᠳᠬᠡᠯ ᠬᠤᠷᠢᠶᠠᠵᠤ ᠴᠢᠯᠥᠭᠡᠲᠡᠶ ᠲᠠᠯᠪᠢᠬᠤ ᠪᠡᠯᠡ ᠮᠥᠩᠭᠥ ᠵᠢᠨ ᠨᠥᠬᠥᠪᠥᠷᠢᠯᠡᠬᠦ ᠬᠡᠪᠴᠢᠶᠡᠨ᠎ᠳᠤ ᠣᠷᠣᠭᠤᠯᠬᠤ ᠬᠡᠷᠡᠭᠲᠡᠶ᠃ ᠪᠡᠭᠡᠵᠢᠩ᠂ ᠴᠧᠩᠳᠦ᠋ ᠵᠡᠷᠭᠡ ᠭᠠᠵᠠᠷ᠎ᠤᠨ᠎ᠬᠢᠨ᠎ᠤ ᠨᠡᠶ᠋ᠢᠭᠡᠮ᠎ᠤᠨ ᠬᠦᠴᠦᠨ᠎ᠤ᠎ᠬᠢᠨ᠎ᠤ ᠪᠡᠯᠡ ᠣᠷᠤᠭᠤᠯᠤᠨ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠪᠡᠯᠡᠳᠭᠡᠮᠵᠢ ᠪᠠᠶ᠋ᠢᠭᠤᠯᠬᠤ ᠵᠢ ᠵᠣᠷᠢᠬ᠍ᠵᠢᠭᠤᠯᠬᠤ ᠱᠠᠩᠨᠠᠨ ᠬᠦᠬᠢᠭᠦᠯᠬᠦ ᠲᠥᠷᠥ ᠵᠢᠨ ᠪᠣᠳᠣᠯᠭ᠎ᠠ᠎ᠪᠠᠷ ᠲᠣᠯᠢ ᠪᠣᠯᠭ᠋ᠠᠵᠤ᠂ ᠨᠡᠶ᠋ᠢᠭᠡᠮ᠎ᠤᠨ ᠬᠦᠴᠦᠨ᠎ᠠᠴᠠ ᠪᠡᠯᠡ ᠣᠷᠤᠭᠤᠯᠤᠨ ᠪᠡᠶ᠎ᠡ ᠵᠢᠨ ᠲᠠᠮᠢᠷ᠎ᠤᠨ ᠲᠠᠯᠠᠪᠠᠢ ᠭᠠᠵᠠᠷ᠎ᠤᠨ ᠪᠡᠯᠡᠳᠭᠡᠮᠵᠢ ᠵᠢ ᠪᠦᠲᠦᠭᠡᠨ ᠪᠠᠶ᠋ᠢᠭᠤᠯᠬᠤ ᠵᠢᠨ ᠬᠠᠮᠲᠤ᠂ ᠱᠠᠭ᠋ᠠᠷᠳᠠᠯᠭ᠎ᠠ ᠶᠣᠰᠤᠭ᠋ᠠᠷ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ ᠬᠠᠩᠭ᠋ᠠᠭᠰᠠᠨ ᠪᠣᠯ᠂ ᠲᠠᠯᠠᠪᠠᠢ ᠭᠠᠵᠠᠷ᠎ᠤᠨ ᠲᠦᠷᠦᠯ ᠬᠡᠯᠪᠡᠷᠢ ᠪᠣᠯᠣᠨ ᠪᠡᠯᠡ ᠣᠷᠤᠭᠤᠯᠤᠯᠲᠠ ᠵᠢᠨ ᠲᠤᠭ᠎ᠠ ᠶᠣᠰᠤᠭ᠋ᠠᠷ ᠵᠣᠬᠢᠬᠤ ᠱᠠᠩᠨᠠᠯ ᠣᠯᠭᠤᠨ᠎ᠠ᠃ 《ᠪᠡᠶ᠎ᠡ ᠵᠢᠨ ᠲᠠᠮᠢᠷ᠎ᠤᠨ ᠣᠷᠳᠣᠨ ᠲᠠᠯᠠᠪᠠᠶ ᠵᠢᠨ á ­á ¡á · ᠬᠥᠷᠥᠩᠭᠡ ᠵᠢᠨ ᠭᠠᠶ᠋ᠢᠯᠢ ᠪᠠ ᠭᠠᠵᠠᠷ ᠰᠢᠷᠣᠶ ᠬᠡᠷᠡᠭᠯᠡᠬᠦ ᠭᠠᠶ᠋ᠢᠯᠢ ᠵᠢᠨ ᠲᠥᠷᠥ ᠵᠢᠨ ᠪᠣᠳᠣᠯᠭ᠎ᠠ》᠎ᠳᠤ ᠵᠠᠰᠠᠪᠤᠷᠢ ᠣᠷᠣᠭᠤᠯᠵᠤ᠂ ᠤᠯᠤᠰ᠎ᠤᠨ ᠬᠣᠯᠪᠣᠭᠳᠠᠯ ᠪᠦᠬᠦᠢ ᠪᠠᠷᠢᠮᠵᠢᠶ᠎ᠠ ᠶᠣᠰᠣᠭ᠋ᠠᠷ ᠰᠦᠢ᠍ᠳᠬᠡᠯ ᠬᠤᠷᠢᠶᠠᠬᠤ ᠦᠭᠡᠶ᠎ᠪᠠᠷ ᠴᠢᠯᠥᠭᠡᠲᠡᠶ ᠨᠡᠭᠡᠭᠡᠬᠦ ᠦᠢ᠍ᠯᠡᠴᠢᠯᠡᠭᠡᠨ ᠬᠠᠩᠭ᠋ᠠᠬᠤ ᠨᠡᠶ᠋ᠢᠭᠡᠮ᠎ᠤᠨ ᠬᠦᠴᠦᠨ᠎ᠤ ᠪᠡᠯᠡ ᠣᠷᠣᠭᠤᠯᠵᠤ ᠪᠦᠲᠦᠭᠡᠨ ᠪᠠᠶ᠋ᠢᠭᠤᠯᠤᠭᠰᠠᠨ ᠪᠡᠶ᠎ᠡ ᠵᠢᠨ ᠲᠠᠮᠢᠷ᠎ᠤᠨ ᠣᠷᠳᠣᠨ ᠲᠠᠯᠠᠪᠠᠶ ᠵᠢ á ­á ¡á · ᠬᠥᠷᠥᠩᠭᠡ ᠵᠢᠨ ᠭᠠᠶ᠋ᠢᠯᠢ ᠪᠠ ᠬᠣᠲᠠ ᠪᠠᠯᠭ᠋ᠠᠰᠤ ᠵᠢᠨ ᠭᠠᠵᠠᠷ ᠰᠢᠷᠣᠶ ᠬᠡᠷᠡᠭᠯᠡᠬᠦ ᠭᠠᠶ᠋ᠢᠯᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠬᠡᠷᠡᠭᠯᠡᠬᠦ ᠬᠡᠪᠴᠢᠶᠡᠨ᠎ᠳᠤ ᠣᠷᠣᠭᠤᠯᠵᠤ᠂ á ­á ¡á · ᠬᠥᠷᠥᠩᠭᠡ ᠵᠢᠨ ᠭᠠᠶ᠋ᠢᠯᠢ ᠪᠠ ᠬᠣᠲᠠ ᠪᠠᠯᠭ᠋ᠠᠰᠤ ᠵᠢᠨ ᠭᠠᠵᠠᠷ ᠰᠢᠷᠣᠶ ᠬᠡᠷᠡᠭᠯᠡᠬᠦ ᠭᠠᠶ᠋ᠢᠯᠢ ᠵᠢ ᠬᠡᠯᠲᠦᠷᠢᠭᠦᠯᠬᠦ ᠪᠤᠶᠤ ᠬᠠᠭ᠋ᠠᠰ ᠵᠶ᠋ᠠᠷ ᠬᠠᠰᠤᠵᠤ ᠲᠠᠲᠠᠪᠤᠷᠢᠯᠠᠬᠤ ᠵᠡᠷᠭᠡ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠷᠲᠡᠭᠡᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠳ᠋ᠢᠩ ᠱ᠌ᠢ ᠵᠥᠩ ᠭᠡᠰᠢᠭᠦᠨ᠄ ᠳᠤᠮᠳᠠᠳᠤ ᠤᠯᠤᠰ᠎ᠤᠨ ᠣᠨᠴᠠᠯᠢᠭ ᠪᠥᠬᠦᠶ ᠣᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠨᠠᠷᠠᠲᠤ ᠲᠡᠮᠳᠡᠭ IP᠎ᠢ ᠪᠤᠢ ᠪᠤᠯᠭ᠋ᠠᠨ᠎ᠠ
ᠪᠥᠬᠡ ᠵᠢᠨ ᠲᠡᠪᠵᠢᠶᠠᠨ᠎ᠳᠤ ᠬᠢᠯᠠᠷᠠᠭᠤᠯᠵᠦ ᠶᠠᠪᠤᠭ᠎ᠠ ᠠᠮᠠᠷᠠᠭ ᠬᠤᠤᠰ
ᠤᠯᠤᠰ᠎ᠤᠨ ᠠᠪᠤᠷᠭᠤ ᠴᠠᠭ᠋ᠠᠨᠵᠠᠭ᠋ᠠᠨ᠄ 《ᠮᠤᠩᠭᠤᠯ ᠪᠦᠬᠡ ᠶᠡᠬᠡ ᠬᠥᠭᠵᠢᠵᠠᠢ ᠤᠳᠤ ᠳᠦᠷᠢᠮᠵᠢᠯ ᠱᠠᠭ᠋ᠠᠷᠳᠠᠵᠤ ᠪᠠᠢ᠌ᠨ᠎ᠠ》
ᠦᠪᠦᠷ ᠮᠤᠩᠭᠤᠯ᠎ᠤᠨ ᠠᠩᠬᠠᠳᠠᠭᠴᠢ ᠤᠯᠢᠮᠫᠢᠺ᠎ᠤᠨ ᠠᠪᠤᠷᠭᠤ — ᠵᠠᠩ ᠰᠢᠶᠤᠤ ᠫᠢᠩ
ᠲᠡᠯᠡᠬᠡᠢ ᠵᠢᠨ ᠠᠪᠤᠷᠭᠤ ᠵᠢᠨ ᠱᠠᠩᠨᠠᠯ᠎ᠢ ᠬᠦᠷᠳᠡᠭᠴᠢ ᠬᠠᠳᠠᠨᠪᠠᠭ᠋ᠠᠳᠤᠷ
 
            