ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠰᠤᠷᠪᠤᠯᠵᠢᠯᠠᠭ᠎ᠠ
ᠶᠠᠩ ᠱᠠᠨ ᠬᠤᠩ ᠲᠦᠯᠦᠭᠡᠯᠡᠭᠴᠢ᠄ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠢ ᠪᠤᠶ᠋ᠢᠵᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠡᠶ᠎ᠡ ᠵᠢᠨ ᠲᠠᠮᠢᠷ᠎ᠤᠨ ᠬᠡᠷᠡᠭᠯᠡᠭᠡ ᠵᠢ ᠠᠬᠢᠭᠤᠯᠬᠤ ᠬᠡᠷᠡᠭᠳᠡᠢ
ᠨᠡᠶ᠋ᠢᠲᠡᠯᠡᠭᠰᠡᠨ ᠴᠠᠭ᠄ 2024-03-11

    ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ á ¶á ¡á ­á ¡ ᠬᠤᠷᠠᠯ᠎ᠤᠨ ᠲᠥᠯᠥᠭᠡᠯᠡᠭᠴᠢ᠂ ᠠᠨᠾᠦ᠋ᠢ ᠮᠤᠵᠢ ᠵᠢᠨ ᠹᠦ᠋ á ¶á  á © ᠬᠤᠲᠠ ᠵᠢᠨ ᠳᠡᠳ᠋ ᠳᠠᠷᠤᠭ᠎ᠠ á ¶á  á © ᠱᠠᠨ ᠬᠤᠩ 2024 ᠤᠨ᠎ᠤ   ᠬᠤᠶᠠᠷ   ᠬᠤᠷᠠᠯ᠎ᠳᠤ    ã€Šá ªá ¡á ¶á Žá ¡ ᠵᠢᠨ ᠲᠠᠮᠢᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠰᠠᠨᠠᠭᠤᠯᠭ᠎ᠠ》 ᠵᠢ ᠳᠤᠷᠠᠳᠤᠨ ᠭᠠᠷᠭ᠋ᠠᠵᠠᠶ᠃
    á ¶á  á © ᠱᠠᠨ ᠬᠤᠩ᠎ᠤᠨ ᠲᠠᠨᠢᠯᠴᠠᠭᠤᠯᠤᠭᠰᠠᠨ ᠵᠶ᠋ᠠᠷ᠂ 《ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠬᠥᠲᠥᠯᠪᠦᠷᠢ》᠎ᠳᠤ᠄ 《2035᠎ᠤᠨ ᠪᠣᠯᠬᠤ᠎ᠳᠤ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠢ ᠤᠯᠤᠰ ᠠᠷᠠᠳ᠎ᠤᠨ ᠠᠵᠤ ᠠᠬᠤᠢ ᠵᠢᠨ ᠲᠤᠯᠭ᠋ᠠᠭᠤᠷᠢᠯᠠᠬᠤ ᠴᠢᠨᠠᠷᠲᠠᠢ ᠠᠵᠤ ᠦᠢ᠍ᠯᠡᠰ ᠪᠤᠯᠭ᠋ᠠᠵᠦ᠂ 2035 ᠣᠨ᠎ᠳᠤ ᠮᠠᠨ᠎ᠤ ᠤᠯᠤᠰ᠎ᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠶᠡᠷᠦᠩᠬᠡᠶ ᠬᠡᠮᠵᠢᠶ᠎ᠡ ᠵᠢᠨ GDP᠎ᠳᠤ ᠡᠵᠡᠯᠡᠬᠦ ᠬᠤᠪᠢ ᠪᠠᠷᠤᠭ 3%᠎ᠳᠤ ᠬᠦᠷᠭᠡᠨ᠎ᠡ》᠃ 2023 ᠣᠨ᠎ᠤ 12 ᠰᠠᠷ᠎ᠠ᠎ᠳᠤ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠨᠡᠶ᠋ᠢᠲᠡᠯᠡᠭᠰᠡᠨ ᠲᠤᠭ᠎ᠠ ᠪᠠᠷᠢᠮᠲᠠ ᠵᠢ ᠦᠨᠳᠦᠰᠦᠯᠡᠪᠡᠯ᠂ 2022 ᠣᠨ᠎ᠤ ᠪᠥᠬᠦ ᠤᠯᠤᠰ᠎ᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠶᠡᠷᠦᠩᠬᠡᠶ ᠬᠡᠪᠴᠢᠶ᠎ᠡ (ᠶᠡᠷᠦᠩᠬᠡᠶ ᠭᠠᠷᠭ᠋ᠠᠯᠲᠠ) 33008 ᠳ᠋ᠦᠩᠰᠢᠭᠤᠷ ᠲᠥᠭᠦᠷᠢᠭ᠎ᠲᠤ ᠬᠦᠷᠴᠦ᠂ ᠨᠡᠮᠡᠭᠳᠡᠯ ᠥᠷᠲᠡᠭ᠎ᠨᠢ 13092 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 5.9%á ‚ 6.9%᠎ᠪᠠᠷ ᠨᠡᠮᠡᠭᠳᠡᠪᠡ᠃
    á ¶á  á © ᠱᠠᠨ   ᠬᠤᠩ᠎ᠤᠨ ᠦᠵᠡᠬᠦ᠎ᠪᠠᠷ᠂ 《ᠣᠳᠣᠬᠠᠨ᠎ᠳᠤ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ᠎ᠳᠤ ᠴᠢᠬᠤᠯᠠ á ¶á ¡á ­á ¡ ᠠᠵᠠ ᠲᠣᠬᠢᠶᠠᠯ ᠠᠪᠴᠢᠷᠠᠭᠰᠠᠨ ᠪᠣᠯᠪᠠᠴᠤ ᠲᠥᠷᠥ ᠵᠢᠨ ᠪᠣᠳᠣᠯᠭ᠎ᠠ ᠵᠢᠨ ᠬᠦᠴᠦᠨ ᠵᠦᠢ᠍ᠯ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠢᠷᠢ ᠲᠦᠪᠰᠢᠨ᠂ ᠬᠡᠷᠡᠭᠯᠡᠭᠡᠨ᠎ᠤ ᠳᠠᠳᠬᠠᠯ ᠵᠡᠷᠭᠡ ᠨᠥᠯᠥᠭᠡ᠎ᠪᠠᠷ ᠬᠢᠵᠠᠭ᠋ᠠᠷᠯᠠᠭᠳᠠᠵᠤ᠂ ᠣᠳᠣᠬᠢ ᠱᠠᠲᠤᠨ᠎ᠤ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ᠎ᠨᠢ ᠰᠢᠨ᠎ᠡ á ´á  á ­ ᠦᠶ᠎ᠡ ᠵᠢᠨ ᠠᠵᠤ ᠠᠬᠤᠶ ᠵᠢᠨ ᠬᠡᠯᠪᠡᠷᠢ᠎ᠪᠠᠨ ᠬᠤᠪᠢᠷᠠᠭᠤᠯᠬᠤ᠂ ᠬᠡᠷᠡᠭᠯᠡᠭᠡᠨ᠎ᠤ ᠲᠠᠰ ᠳᠡᠪᠰᠢᠬᠦ ᠪᠠ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠪᠠᠰᠠ ᠵᠣᠬᠢᠬᠤ ᠵᠥᠷᠢᠶ᠎ᠡ᠎ᠲᠠᠢ ᠪᠠᠶ᠋ᠢᠭᠰᠠᠭ᠋ᠠᠷ》 ᠭᠡᠵᠡᠶ᠃ á ¶á  á © ᠱᠠᠨ ᠬᠤᠩ ᠭᠤᠷᠪᠠᠨ ᠲᠠᠯ᠎ᠠ ᠵᠢᠨ ᠠᠰᠠᠭᠤᠳᠠᠯ᠎ᠢ ᠲᠤᠷᠠᠳᠤᠭᠰᠠᠨ ᠪᠠᠢ᠌ᠨ᠎ᠡ᠄ ᠨᠢᠭᠡ᠎ᠳᠤ ᠠᠵᠤ ᠦᠢ᠍ᠯᠡᠰ᠎ᠤᠨ ᠪᠦᠲᠦᠴᠡ ᠵᠦᠶ ᠵᠣᠬᠢᠰ ᠥᠬᠡᠶ᠃ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠬᠡᠪᠴᠢᠶ᠎ᠡ ᠪᠣᠯᠤᠨ ᠬᠥᠭᠵᠢᠯᠲᠡ ᠵᠢᠨ ᠬᠢᠷᠢ ᠬᠡᠮᠵᠢᠶ᠎ᠡ ᠬᠠᠷᠢᠴᠠᠩᠭᠤᠶ ᠳᠣᠤᠷ᠎ᠠ ᠪᠠᠶ᠋ᠢᠵᠤ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ᠎ᠤᠨ ᠦᠢ᠍ᠯᠡᠰ ᠪᠣᠯᠤᠨ ᠤᠷᠤᠯᠳᠤᠭ᠋ᠠᠨ ᠲᠣᠭᠯᠠᠯᠲᠠ ᠭᠠᠷᠭ᠋ᠠᠬᠤ ᠦᠢ᠍ᠯᠡᠰ᠎ᠤᠨ ᠬᠡᠪᠴᠢᠶ᠎ᠡ᠎ᠨᠢ ᠶᠡᠬᠡ   ᠪᠢᠰᠢ ᠪᠠᠶ᠋ᠢᠨ᠎ᠠ᠃ ᠬᠤᠶᠠᠷ᠎ᠲᠤ ᠠᠵᠤ ᠦᠢ᠍ᠯᠡᠰ᠎ᠤᠨ ᠬᠡᠪᠴᠢᠶ᠎ᠡ ᠶᠡᠬᠡ ᠪᠢᠰᠢ᠃ ᠰᠣᠶᠣᠯ᠎ᠤᠨ ᠠᠵᠤ ᠦᠢ᠍ᠯᠡᠰ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠨᠡᠮᠡᠭᠳᠡᠯ ᠥᠷᠲᠡᠭ᠎ᠨᠢ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠨᠡᠮᠡᠭᠳᠡᠯ ᠥᠷᠲᠡᠭ᠎ᠠᠴᠠ ᠬᠤᠯᠠ ᠥᠨᠳᠥᠷ ᠪᠠᠶ᠋ᠢᠳᠠᠭ᠃ ᠭᠤᠷᠪᠠ᠎ᠳᠤ ᠬᠡᠷᠡᠭᠯᠡᠭᠡᠨ᠎ᠤ ᠰᠠᠭᠤᠷᠢ ᠪᠠᠳᠦ ᠪᠢᠰᠢ᠃ ᠮᠠᠨ᠎ᠤ ᠤᠯᠤᠰ᠎ᠤᠨ ᠬᠥᠮᠦᠨ ᠪᠦᠷᠢ ᠵᠢᠨ ᠳᠤᠮᠳᠠᠴᠢ ᠪᠡᠶ᠎ᠡ ᠵᠢᠨ ᠲᠠᠮᠢᠷ᠎ᠤᠨ ᠬᠡᠷᠡᠭᠯᠡᠭᠡ ᠬᠡᠳᠦ ᠳᠣᠤᠷ᠎ᠠ ᠮᠥᠷᠲᠡᠭᠡᠨ ᠣᠷᠣᠨ ᠪᠦᠰᠡ ᠵᠢᠨ ᠴᠢᠨᠠᠷᠲᠠᠶ ᠵᠥᠷᠢᠶ᠎ᠡ ᠨᠡᠯᠢᠶᠡᠳ ᠶᠡᠬᠡ᠂ ᠬᠥᠮᠦᠨ ᠪᠦᠷᠢ ᠵᠢᠨ ᠳᠤᠮᠳᠠᠴᠢ ᠪᠡᠶ᠎ᠡ ᠵᠢᠨ ᠲᠠᠮᠢᠷ᠎ᠤᠨ ᠬᠡᠷᠡᠭᠯᠡᠭᠡ ᠭᠠᠳᠠᠭ᠋ᠠᠳᠤ ᠵᠢᠨ ᠲᠡᠷᠢᠭᠦᠨ᠎ᠤ ᠭᠠᠵᠠᠷ ᠣᠷᠣᠨ᠎ᠯᠤᠭ᠎ᠠ ᠵᠢᠨ ᠵᠥᠷᠢᠶ᠎ᠡ ᠨᠡᠯᠢᠶᠡᠳ ᠶᠡᠬᠡ ᠪᠠᠶ᠋ᠢᠨ᠎ᠠ᠃
    á ¶á  á © ᠱᠠᠨ ᠬᠤᠩ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ᠎ᠠᠴᠠ 《ᠪᠡᠶ᠎ᠡ ᠵᠢᠨ ᠲᠠᠮᠢᠷ᠎ᠤᠨ ᠠᠵᠤ   ᠦᠢ᠍ᠯᠡᠰ᠎ᠢ   ᠲᠦᠷᠭᠡᠳᠬᠡᠨ   ᠬᠥᠭᠵᠢᠭᠦᠯᠵᠦ   ᠪᠡᠶ᠎ᠡ ᠵᠢᠨ   ᠲᠠᠮᠢᠷ ᠎ᠤᠨ   ᠬᠡᠷᠡᠭᠯᠡᠭᠡ ᠵᠢ   ᠠᠬᠢᠭᠤᠯᠬᠤ   ᠲᠤᠬᠠᠶ   ᠰᠠᠨᠠᠯ ᠎ᠤᠳ》 (ᠲᠥᠷᠥ ᠲᠠᠷᠬᠠᠭ᠋ᠠᠭᠰᠠᠨ ï¼»2014ï¼½ 46 ᠳ᠋ᠤᠭ᠋ᠠᠷ ᠲᠣᠭ᠋ᠠᠲᠤ)᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠰᠠᠭᠤᠷᠢᠨ ᠳᠡᠭᠡᠷ᠎ᠡ᠂ ᠣᠳᠣᠬᠠᠨ᠎ᠤ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠪᠠᠶ᠋ᠢᠳᠠᠯ᠎ᠳᠤ ᠤᠯᠠᠮ ᠨᠢᠭᠡ ᠠᠯᠬᠤᠮ ᠵᠣᠬᠢᠴᠠᠵᠤ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠢ ᠪᠤᠶ᠋ᠢᠵᠢᠭᠤᠯᠬᠤ ᠡᠷᠴᠢᠮ᠎ᠢ ᠴᠢᠩᠭ᠋ᠠᠷᠠᠭᠤᠯᠬᠤ ᠵᠢ ᠰᠠᠨᠠᠭᠤᠯᠪᠠ᠃
    ᠨᠢᠭᠡ᠎ᠳᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠪᠠᠶᠠᠯᠢᠭᠵᠢᠭᠤᠯᠤᠨ᠎ᠠ᠃ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠲᠣᠭᠯᠠᠯᠲᠠ ᠵᠢᠨ ᠠᠵᠤ ᠦᠢ᠍ᠯᠡᠰ᠎ᠤᠨ ᠬᠥᠭᠵᠢᠯᠲᠡ ᠵᠢ ᠶᠡᠬᠡᠪᠡᠷ ᠠᠬᠢᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ ᠤᠷᠤᠯᠳᠤᠭ᠋ᠠᠨ᠎ᠤ ᠡᠵᠡᠩᠨᠡᠯᠲᠡ ᠵᠢᠨ ᠲᠤᠰᠬᠠᠶ᠋ᠢᠵᠢᠭᠰᠠᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠎ᠤ ᠦᠢ᠍ᠯᠡᠴᠢᠯᠡᠭᠡᠨ᠎ᠤ á ¶á  á °á ¤ ᠴᠢᠨᠠᠷ ᠪᠠ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠤᠷᠤᠯᠳᠤᠭ᠋ᠠᠨ᠎ᠤ ᠬᠡᠷᠡᠭᠯᠡᠭᠡᠨ᠎ᠤ ᠬᠡᠯᠬᠢᠶ᠎ᠡ ᠵᠢᠨ ᠠᠵᠤ ᠠᠬᠤᠶ ᠵᠢᠨ ᠬᠡᠯᠬᠢᠶ᠎ᠡ ᠵᠢ ᠪᠦᠷᠢᠯᠳᠦᠭᠦᠯᠵᠦ᠂ ᠣᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠬᠠᠯᠠᠭᠤᠨ ᠰᠡᠳᠬᠢᠯᠭᠡ ᠵᠢ ᠬᠥᠭᠵᠢᠭᠡᠨ᠎ᠡ᠃ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠡᠯ᠎ᠡ ᠭᠠᠵᠠᠷ᠎ᠤᠨ ᠲᠤᠰᠬᠠᠶ ᠮᠡᠷᠭᠡᠵᠢᠯ᠎ᠤᠨ ᠤᠷᠤᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠺᠣᠮᠫᠠᠨᠢ ᠵᠢ ᠲᠦᠷᠭᠡᠳᠬᠡᠨ ᠪᠤᠶ᠋ᠢᠵᠢᠭᠤᠯᠬᠤ ᠵᠢ ᠳᠡᠮᠵᠢᠵᠦ᠂ ᠡᠯᠸᠺᠲᠷᠤᠨ ᠤᠷᠤᠯᠳᠤᠭ᠋ᠠᠨ ᠵᠡᠷᠭᠡ ᠣᠷᠣᠨ ᠨᠤᠲᠤᠭ᠎ᠤᠨ ᠤᠷᠤᠯᠳᠤᠭ᠋ᠠᠨ᠎ᠢ ᠪᠣᠶ ᠪᠣᠯᠭ᠋ᠠᠵᠤ᠂ ᠬᠤᠲᠠ ᠵᠢᠨ ᠤᠷᠤᠯᠳᠤᠭ᠋ᠠᠨ᠎ᠤ ᠣᠷᠴᠢᠨ ᠠᠬᠤᠶ ᠵᠢ ᠪᠣᠶ ᠪᠣᠯᠭ᠋ᠠᠵᠤ᠂ ᠬᠤᠲᠠ ᠵᠢᠨ ᠪᠡᠶ᠎ᠡ ᠵᠢᠨ ᠲᠠᠮᠢᠷ᠎ᠤᠨ ᠨᠡᠷ᠎ᠡ ᠵᠢᠨ ᠬᠠᠭᠤᠳᠠᠰᠤ ᠵᠢ ᠪᠣᠶ ᠪᠣᠯᠭ᠋ᠠᠨ᠎ᠠ᠃
    ᠬᠤᠶᠠᠷ᠎ᠲᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠪᠠ᠃ ᠤᠶᠤᠨᠲᠤ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠢ ᠬᠥᠭᠵᠢᠭᠦᠯᠬᠦ ᠵᠢ ᠤᠯᠤᠰ᠎ᠤᠨ ᠲᠣᠭ᠋ᠠᠴᠢᠯᠠᠭᠰᠠᠨ ᠠᠵᠤ ᠠᠬᠤᠶ ᠵᠢᠨ ᠬᠥᠭᠵᠢᠯᠲᠡ ᠵᠢᠨ ᠪᠣᠷᠣ ᠲᠥᠯᠥᠪ᠎ᠲᠤ ᠣᠷᠣᠭᠤᠯᠵᠤ᠂ ᠡᠯ᠎ᠡ ᠭᠠᠵᠠᠷ᠎ᠤᠨ ᠣᠶᠤᠨᠴᠢ ᠪᠡᠶ᠎ᠡ ᠵᠢᠨ ᠲᠠᠮᠢᠷ᠎ᠤᠨ ᠲᠣᠨᠤᠭ ᠲᠥᠬᠦᠭᠡᠷᠦᠮᠵᠢ ᠵᠢ ᠶᠡᠬᠡᠪᠡᠷ ᠬᠥᠭᠵᠢᠭᠦᠯᠬᠦ ᠵᠢ ᠳᠡᠮᠵᠢᠵᠦ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠨ ᠤᠶᠤᠨᠴᠢᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠲᠥᠷᠥᠯ ᠵᠦᠢ᠍ᠯ᠎ᠤᠨ ᠬᠥᠮᠥᠷᠭᠡ ᠵᠢ ᠪᠠᠶ᠋ᠢᠭᠤᠯᠵᠤ᠂ ᠲᠥᠪ᠎ᠤᠨ ᠰᠢᠯᠵᠢᠭᠦᠯᠦᠨ ᠥᠭᠬᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠤᠶᠤᠨᠲᠤ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠂ ᠤᠶᠤᠨᠲᠤ ᠪᠡᠶ᠎ᠡ ᠵᠢᠨ ᠲᠠᠮᠢᠷ᠎ᠤᠨ ᠴᠡᠴᠡᠷᠯᠢᠭ ᠵᠡᠷᠭᠡ ᠣᠶᠤᠨᠴᠢᠯᠠᠭᠰᠠᠨ ᠪᠡᠶ᠎ᠡ ᠵᠢᠨ ᠲᠠᠮᠢᠷ᠎ᠤᠨ ᠲᠠᠯᠠᠪᠤᠷ ᠭᠠᠵᠠᠷ᠎ᠤᠨ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠵᠢᠪᠦᠮᠡᠯ ᠮᠠᠶᠢᠭ᠎ᠤᠨ᠂ ᠪᠡᠶᠡᠴᠢᠯᠡᠨ ᠣᠶ᠋ᠢᠯᠠᠭ᠋ᠠᠬᠤ ᠮᠠᠶᠢᠭ᠎ᠤᠨ᠂ ᠬᠠᠷᠢᠯᠴᠠᠨ ᠬᠥᠳᠡᠯᠦᠯᠴᠡᠬᠦ ᠮᠠᠶᠢᠭ᠎ᠤᠨ   ᠲᠣᠭ᠋ᠠᠴᠢᠯᠠᠭᠰᠠᠨ   ᠪᠡᠶ᠎ᠡ ᠵᠢᠨ   ᠲᠠᠮᠢᠷ ᠎ᠤᠨ   ᠬᠡᠷᠡᠭᠯᠡᠭᠡᠨ á Žá ¤   ᠰᠢᠨ᠎ᠡ   ᠪᠠᠶ᠋ᠢᠳᠠᠯ᠎ᠢ ᠪᠣᠶ ᠪᠣᠯᠭ᠋ᠠᠨ᠎ᠠ᠃
    ᠭᠤᠷᠪᠠ᠎ᠳᠤ᠂ ᠳᠡᠯᠭᠡᠨ ᠦᠵᠡᠭᠦᠯᠬᠦ ᠲᠠᠪᠴᠠᠩ᠎ᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ᠎ᠤᠨ ᠪᠡᠶ᠎ᠡ ᠵᠢᠨ ᠲᠠᠮᠢᠷ᠎ᠤᠨ ᠬᠡᠷᠡᠭᠰᠡᠯ᠎ᠤᠨ ᠦᠵᠡᠰᠬᠦᠯᠡᠩ ᠡᠷᠬᠢᠯᠡᠬᠦ ᠵᠢ ᠳᠡᠮᠵᠢᠵᠦ᠂ ᠲᠦᠷᠦᠭᠦᠴᠦᠳ᠎ᠤᠨ ᠶᠠᠷᠢᠶᠠᠨ᠎ᠤ ᠲᠠᠪᠴᠠᠩ᠂ ᠠᠵᠤ ᠦᠢ᠍ᠯᠡᠰ᠎ᠤᠨ ᠦᠵᠡᠰᠬᠦᠯᠡᠩ᠂ ᠲᠠᠨᠢᠯᠴᠠᠭᠤᠯᠭ᠎ᠠ ᠵᠢᠨ ᠵᠥᠪᠳᠡᠯᠴᠡᠭᠡ ᠵᠢᠨ ᠠᠵᠢᠯᠯᠠᠭ᠎ᠠ᠂ ᠪᠡᠶᠡᠴᠢᠯᠡᠨ ᠣᠶ᠋ᠢᠯᠠᠭ᠋ᠠᠬᠤ ᠦᠵᠡᠭᠦᠯᠦᠯᠭᠡ᠎ᠪᠠᠷ ᠭᠤᠣᠯ ᠠᠭᠤᠯᠭ᠎ᠠ ᠪᠣᠯᠭ᠋ᠠᠵᠤ᠂ ᠲᠦᠷᠦᠯ ᠵᠦᠢ᠍ᠯ᠎ᠢ ᠣᠷᠣᠭᠤᠯᠤᠨ ᠠᠪᠴᠢᠷᠠᠬᠤ ᠵᠢ ᠴᠢᠩᠭ᠋ᠠᠳᠬᠠᠵᠤ᠂ ᠪᠡᠶ᠎ᠡ ᠵᠢᠨ ᠲᠠᠮᠢᠷ᠎ᠤᠨ ᠬᠡᠷᠡᠭᠰᠡᠯ᠎ᠤᠨ ᠳᠡᠯᠭᠡᠨ ᠪᠣᠷᠣᠯᠠᠭᠤᠯᠭ᠎ᠠ ᠵᠢ ᠥᠷᠭᠡᠳᠬᠡᠨ᠎ᠡ᠃ ᠡᠯ᠎ᠡ ᠭᠠᠵᠠᠷ᠎ᠤᠨ ᠪᠡᠶ᠎ᠡ ᠵᠢᠨ ᠲᠠᠮᠢᠷ᠎ᠤᠨ ᠵᠢᠭᠤᠯᠴᠢᠯᠠᠯ᠎ᠤᠨ ᠦᠵᠡᠰᠬᠦᠯᠡᠩ ᠡᠷᠬᠢᠯᠡᠬᠦ ᠵᠢ ᠳᠠᠮᠵᠢᠵᠤ᠂   ᠲᠤᠭᠤᠢ ᠤᠨᠤᠬᠤ ᠵᠠᠮ ᠱᠤᠭᠤᠮ᠂ ᠶᠠᠪᠠᠭ᠋ᠠᠨ ᠵᠠᠮ ᠱᠤᠭᠤᠮ᠂ ᠬᠤᠪᠢ ᠵᠢᠨ ᠲᠡᠷᠭᠡ᠎ᠪᠠᠷ ᠠᠶᠠᠯᠠᠬᠤ ᠵᠢᠭᠤᠯᠴᠢᠯᠠᠯ᠎ᠤᠨ ᠵᠠᠮ ᠱᠤᠭᠤᠮ ᠵᠡᠷᠭᠡ ᠵᠢ ᠲᠣᠭᠲᠠᠭ᠋ᠠᠵᠤ᠂ ᠥᠨᠳᠥᠷ ᠬᠢᠷᠢ ᠲᠦᠪᠰᠢᠨ᠂ ᠲᠤᠰᠬᠠᠶ ᠮᠡᠷᠭᠡᠵᠢᠯ᠎ᠤᠨ ᠴᠢᠨᠠᠷ᠂ ᠵᠠᠬ᠎ᠠ ᠳᠡᠯᠭᠡᠭᠦᠷᠴᠢᠯᠡᠭᠰᠡᠨ ᠨᠠᠷᠠᠲᠤ ᠲᠡᠮᠳᠡᠭᠲᠦ ᠵᠢᠨ ᠦᠵᠡᠰᠬᠦᠯᠡᠩ᠎ᠢ ᠪᠣᠶ ᠪᠣᠯᠭ᠋ᠠᠵᠤ᠂ ᠬᠡᠷ᠎ᠤᠨ ᠭᠠᠳᠠᠨᠠᠬᠢ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠲᠠᠰᠤᠷᠠᠯᠲᠠ ᠥᠬᠡᠶ ᠪᠠᠳᠠᠷᠠᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠳ᠋ᠢᠩ ᠶᠠ ᠯᠢᠨ ᠭᠡᠰᠢᠭᠦᠨ᠄ ᠨᠡᠶ᠋ᠢᠭᠡᠮ᠎ᠤᠨ ᠬᠦᠴᠦᠨ᠎ᠠᠴᠠ ᠪᠠᠯᠠ ᠣᠷᠣᠭᠤᠯᠤᠨ ᠪᠡᠶ᠎ᠡ ᠵᠢᠨ ᠲᠠᠮᠢᠷ᠎ᠤᠨ ᠲᠠᠯᠠᠪᠠᠶ ᠵᠢᠨ ᠲᠥᠬᠦᠭᠡᠷᠦᠮᠵᠢ ᠪᠠᠶ᠋ᠢᠭᠤᠯᠬᠤ ᠵᠢ ᠵᠣᠷᠢᠭᠵᠢᠭᠤᠯᠤᠨ᠎ᠠ
ᠳ᠋ᠢᠩ ᠱ᠌ᠢ ᠵᠥᠩ ᠭᠡᠰᠢᠭᠦᠨ᠄ ᠳᠤᠮᠳᠠᠳᠤ ᠤᠯᠤᠰ᠎ᠤᠨ ᠣᠨᠴᠠᠯᠢᠭ ᠪᠥᠬᠦᠶ ᠣᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠨᠠᠷᠠᠲᠤ ᠲᠡᠮᠳᠡᠭ IP᠎ᠢ ᠪᠤᠢ ᠪᠤᠯᠭ᠋ᠠᠨ᠎ᠠ
ᠪᠥᠬᠡ ᠵᠢᠨ ᠲᠡᠪᠵᠢᠶᠠᠨ᠎ᠳᠤ ᠬᠢᠯᠠᠷᠠᠭᠤᠯᠵᠦ ᠶᠠᠪᠤᠭ᠎ᠠ ᠠᠮᠠᠷᠠᠭ ᠬᠤᠤᠰ
ᠤᠯᠤᠰ᠎ᠤᠨ ᠠᠪᠤᠷᠭᠤ ᠴᠠᠭ᠋ᠠᠨᠵᠠᠭ᠋ᠠᠨ᠄ 《ᠮᠤᠩᠭᠤᠯ ᠪᠦᠬᠡ ᠶᠡᠬᠡ ᠬᠥᠭᠵᠢᠵᠠᠢ ᠤᠳᠤ ᠳᠦᠷᠢᠮᠵᠢᠯ ᠱᠠᠭ᠋ᠠᠷᠳᠠᠵᠤ ᠪᠠᠢ᠌ᠨ᠎ᠠ》
ᠦᠪᠦᠷ ᠮᠤᠩᠭᠤᠯ᠎ᠤᠨ ᠠᠩᠬᠠᠳᠠᠭᠴᠢ ᠤᠯᠢᠮᠫᠢᠺ᠎ᠤᠨ ᠠᠪᠤᠷᠭᠤ — ᠵᠠᠩ ᠰᠢᠶᠤᠤ ᠫᠢᠩ
 
            